ᠡᠪᠦᠯ᠎ᠦᠨ ᠤᠯᠠᠷᠢᠯ᠎ᠤᠨ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ ᠬᠤᠭᠤᠴᠠᠭᠠᠨ᠎ᠳᠤ ᠣᠷᠣᠭ᠍ᠰᠠᠨ᠎ᠠᠴᠠ ᠨᠠᠭᠠᠰᠢ ᠂ ᠤᠯᠠᠭᠠᠨᠬᠠᠳᠠ ᠬᠣᠲᠠ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ᠎ᠶ᠋ᠢ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠢᠳᠡᠪᠬᠢᠲᠡᠶ ᠨᠠᠢᠳᠠᠪᠤᠷᠢᠵᠢᠭᠤᠯᠵᠤ᠂ ᠢᠯᠴᠢ ᠬᠠᠩᠭᠠᠵᠤ ᠪᠠᠢ᠌ᠭ᠎ᠠ ᠭᠠᠵᠠᠷ ᠣᠷᠣᠨ᠎ᠤ ᠠᠵᠤ ᠠᠬᠤᠶ᠎ᠶ᠋ᠢᠨ ᠬᠥᠭ᠌ᠵᠢᠯᠲᠡ ᠬᠢᠵᠠᠭᠠᠷᠯᠠᠭ᠍ᠳᠠᠬᠤ ᠥᠬᠡᠶ ᠂ ᠠᠷᠠᠳ ᠣᠯᠠᠨ ᠳᠤᠯᠠᠭᠠᠨ ᠡᠪᠦᠯᠵᠢᠬᠦ᠌᠎ᠶ᠋ᠢ ᠪᠠᠲᠤᠯᠠᠵᠥ ᠪᠠᠢᠨ᠎ᠠ᠃
ᠰᠤᠷᠪᠤᠯᠵᠢᠯᠠᠭ᠍ᠴᠢ ᠤᠯᠤᠰᠤᠨᠡᠨᠧᠷᠭᠢᠶ᠋ᠢᠨ ᠪᠦᠯᠦᠭ᠌ᠯᠡᠯ᠎ᠦᠨ ᠫᠢᠩᠵᠤᠸᠠᠩ ᠨᠡᠭᠦᠷᠡᠰᠦᠨ᠎ᠦ ᠦᠢᠯᠡᠰ᠎ᠦᠨ ᠺᠣᠮᠫᠠᠨᠢ᠎ᠶ᠋ᠢᠨ ᠶᠤᠸᠠᠨ ᠪᠦᠦ ᠱᠠᠨ ᠵᠠᠳᠠᠭᠠᠢ ᠨᠡᠭᠦᠷᠡᠰᠦᠨ ᠠᠭᠤᠷᠬᠠᠢᠳ᠋ᠤ ᠬᠦᠷᠬᠦ᠌ ᠳ᠋ᠤ ᠲᠦᠷᠭᠡᠨ ᠤᠭ᠍ᠰᠠᠷᠠᠬᠤ ᠱᠢᠰᠲ᠋ᠧᠮ ᠨᠢ ᠶᠠᠭ ᠰᠠᠢᠬᠠᠨ ᠨᠡᠭᠦᠷᠡᠰᠦ ᠵᠢ ᠳᠡᠮᠤᠷ ᠵᠠᠮ᠎ᠤᠨ ᠸᠠᠭᠣᠨ ᠳ᠋ᠤ ᠠᠴᠢᠶᠠᠯᠠᠨ᠎ᠠ᠃ ᠦᠨᠳᠦᠰᠦᠨ᠎ᠳᠡᠭᠡᠨ ᠡᠳᠦᠷ ᠪᠦᠷᠢ ᠨᠢᠭᠡ ᠴᠤᠪᠤᠭ᠎ᠠ ᠨᠡᠭᠦᠷᠡᠰᠦ ᠳᠦᠭᠦᠷᠲᠡᠯ᠎ᠡ ᠠᠴᠢᠭ᠍ᠰᠠᠨ ᠸᠠᠭᠣᠨ᠎ᠢ ᠯᠢᠶᠣᠤᠨᠢᠩ ᠮᠤᠵᠢ᠎ᠳᠤ ᠶᠠᠪᠤᠭᠤᠯᠵᠤ᠂ ᠭᠣᠣᠯᠳᠠᠭᠤ ᠴᠤᠤ ᠶᠠᠩ ᠢᠯᠴᠢ ᠴᠠᠬᠢᠯᠭᠠᠨ᠂ ᠳ᠋ᠠ ᠺᠠᠢ᠂ ᠵᠢᠨᠵᠧᠦ᠍ᠶ᠋ᠢᠨ ᠵᠢᠨ ᠨᠸᠩ᠂ ᠵᠢᠨᠵᠧᠦ᠍ᠶ᠋ᠢᠨ ᠳ᠋ᠠ ᠲᠠᠩ᠂ ᠬ᠍ᠦ ᠯᠦ᠍ ᠳ᠋ᠤᠤ ᠶ᠋ᠢᠨ ᠳ᠋ᠠ ᠲᠠᠩ ᠵᠡᠷᠭᠡ ᠴᠢᠬᠤᠯᠠ ᠬᠡᠷᠡᠭ᠌ᠯᠡᠭ᠌ᠴᠢᠳ᠎ᠲᠦ ᠨᠡᠭᠦᠷᠡᠰᠦ ᠬᠠᠩᠭᠠᠵᠤ ᠪᠤᠢ᠃ ᠣᠢᠯᠠᠭᠠᠭ᠍ᠰᠠᠨ᠎ᠢᠶᠠᠷ᠂ ᠣᠢᠷ᠎ᠠ᠎ᠳᠤ ᠤᠯᠠᠭᠠᠨᠬᠠᠳᠠ ᠬᠣᠲᠠ᠎ᠶ᠋ᠢᠨ ᠵᠠᠰᠠᠭ᠎ᠤᠨ ᠣᠷᠳᠣᠨ ᠲᠤᠰᠭᠠᠢᠯᠠᠨ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ ᠤᠳᠤᠷᠢᠳᠭᠤ ᠳᠤᠭᠤᠢᠯᠠᠩ ᠪᠠᠢᠭᠤᠯᠵᠤ᠂ ᠬᠠᠮᠢᠶ᠎ᠠ ᠪᠥᠬᠥᠶ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ ᠠᠵᠢᠯ᠎ᠢ ᠵᠣᠬᠢᠴᠠᠭᠤᠯᠤᠨ ᠱᠢᠶ᠋ᠳᠪᠦᠷᠢᠯᠡᠵᠦ᠍᠂ ᠢᠯᠠᠩᠭᠤᠶ᠎ᠠ ᠫᠢᠩᠵᠤᠸᠠᠩ ᠨᠡᠭᠦᠷᠡᠰᠦᠨ᠎ᠤ ᠦᠢᠯᠡᠰ᠎ᠤᠨ(ᠪᠦᠯᠦᠭ᠌ᠯᠡᠯ) ᠺᠣᠮᠫᠠᠨᠢ᠎ᠳᠤ ᠬᠣᠶᠠᠷ ᠤᠳᠠᠭ᠎ᠠ ᠠᠯᠪᠠᠨ ᠵᠠᠬᠢᠳᠠᠯ ᠶᠠᠪᠤᠭᠤᠯᠵᠤ᠂ ᠲᠣᠰ ᠺᠣᠮᠫᠠᠨᠢ ᠤᠯᠠᠭᠠᠨᠬᠠᠳᠠ ᠬᠣᠲᠠ᠎ᠶ᠋ᠢᠨ ᠢᠯᠴᠢ ᠬᠠᠩᠭᠠᠬᠤ ᠠᠵᠤ ᠠᠬᠤᠢᠯᠠᠯ᠎ᠤᠨ 2021— 2022 ᠣᠨ᠎ᠤ ᠢᠯᠴᠢ ᠬᠠᠩᠭᠠᠬᠤ ᠬᠤᠭᠤᠴᠠᠭᠠᠨ᠎ᠳᠠᠬᠢ ᠢᠯᠴᠢ ᠬᠠᠩᠭᠠᠬᠤ᠎ᠳᠤ ᠬᠡᠷᠡᠭ᠌ᠯᠡᠬᠦ᠌ ᠨᠡᠭᠦᠷᠡᠰᠦᠨ᠎ᠦ ᠳᠤᠲᠠᠭᠤᠳᠠᠯ᠎ᠢ 520 ᠲᠦᠮᠡᠨ ᠲᠣᠨ ᠬᠠᠪᠰᠤᠷᠤᠨ ᠱᠢᠶ᠋ᠳᠪᠦᠷᠢᠯᠡᠬᠦ᠌᠎ᠶ᠋ᠢ ᠭᠤᠶᠤᠴᠢᠯᠠᠵᠠᠶ᠃ ᠡᠭᠦᠨ᠎ᠦ ᠬᠠᠮᠲᠤ᠌ ᠂ ᠤᠯᠠᠭᠠᠨᠬᠠᠳᠠ ᠬᠣᠲᠠ᠎ᠶ᠋ᠢᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ ᠡᠳᠦᠷ ᠪᠦᠷᠢ ᠨᠡᠭᠦᠷᠡᠰᠦᠨ᠎ᠦ ᠦᠶ᠋ᠯᠡᠳᠪᠦᠷᠢᠯᠡᠯ᠂ ᠪᠣᠷᠣᠯᠠᠭᠤᠯᠭ᠎ᠠ ᠵᠡᠷᠭᠡ ᠬᠠᠮᠢᠶ᠎ᠠ ᠪᠥᠬᠥᠶ ᠮᠡᠳᠡᠭᠡ ᠵᠠᠩᠭᠢ᠎ᠳᠤ ᠲᠣᠬᠢᠷᠠᠭᠤᠯᠤᠯᠲᠠ ᠬᠢᠵᠦ᠍ ᠪᠣᠶ᠃
ᠨᠡᠭᠦᠷᠡᠰᠦᠨᠦᠬᠠᠩᠭᠠᠯᠭᠠᠬᠡᠷᠡᠭ᠌ᠴᠡᠭᠡᠶ᠋ᠢᠨ ᠳᠠᠷᠤᠯᠲᠠ᠎ᠶ᠋ᠢ ᠨᠠᠮᠳᠠᠭᠤᠯᠬᠤ᠎ᠶ᠋ᠢᠨ ᠲᠥᠯᠥᠭᠡ ᠤᠯᠠᠭᠠᠨᠬᠠᠳᠠ ᠬᠣᠲᠠ᠎ᠶ᠋ᠢᠨ ᠮᠠᠰᠢ ᠣᠯᠠᠨ ᠨᠡᠭᠦᠷᠡᠰᠦᠨ᠎ᠦ ᠦᠶ᠋ᠯᠡᠳᠪᠦᠷᠢᠯᠡᠯ᠎ᠦᠨ ᠠᠵᠤ ᠠᠬᠤᠢᠯᠠᠯ ᠬᠢᠨᠠᠨᠲᠣᠭ᠍ᠲᠠᠭᠠᠭ᠍ᠰᠠᠨᠦᠶ᠋ᠯᠡᠳᠪᠦᠷᠢᠯᠡᠯᠤᠨ ᠴᠢᠳᠠᠪᠤᠷᠢ ᠵᠢᠨ ᠪᠠᠷᠢᠮᠵᠢᠶ᠎ᠠ ᠪᠡᠷ ᠦᠶ᠋ᠯᠡᠳᠪᠦᠷᠢᠯᠡᠨ ᠡᠵᠡᠩᠨᠡᠬᠦ᠌ ᠵᠢ ᠴᠢᠩᠭ᠎ᠠ ᠵᠢᠷᠤᠮᠯᠠᠵᠤ᠂ ᠠᠷᠭ᠎ᠠ ᠪᠦᠬᠦᠨ᠎ᠢ ᠰᠦᠪᠡᠭ᠌ᠴᠢᠯᠡᠨ ᠨᠡᠭᠦᠷᠡᠰᠦᠨ᠎ᠦ ᠭᠠᠷᠤᠯᠲᠠᠶ᠋ᠢᠨᠡᠮᠡᠭ᠌ᠳᠡᠭᠦᠯᠵᠦ᠍᠂ ᠦᠶ᠋ᠯᠡᠳᠪᠦᠷᠢᠯᠡᠯ᠎ᠦᠨ ᠠᠮᠤᠷ ᠲᠦᠪᠱᠢᠨ᠎ᠢ ᠦᠨᠡᠨᠬᠦ᠌ ᠪᠠᠲᠤᠯᠠᠭ᠍ᠰᠠᠨᠤᠷᠢᠲᠠᠯ ᠳᠤᠤᠷ᠎ᠠ ᠦᠶ᠋ᠯᠡᠳᠪᠦᠷᠢᠯᠡᠯ᠎ᠤᠨ ᠴᠢᠳᠠᠪᠤᠷᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠵᠦ᠍ ᠂ ᠴᠠᠬᠢᠯᠭᠠᠨ ᠭᠠᠷᠭᠠᠵᠤ ᠢᠯᠴᠢ ᠬᠠᠩᠭᠠᠬᠤ ᠪᠠ ᠠᠷᠠᠳ᠎ᠤᠨ ᠠᠮᠢᠳᠤᠷᠠᠯ᠎ᠳᠤ ᠬᠡᠷᠡᠭ᠌ᠯᠡᠬᠦ᠌ ᠨᠡᠭᠦᠷᠡᠰᠦ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠪᠠᠲᠤᠯᠠᠵᠤ᠂ ᠵᠥᠪᠬᠡᠨ 1 — 9 ᠰᠠᠷ᠎ᠠ᠎ᠳᠤ 1247 ᠲᠦᠮᠡᠨᠲᠣᠨ ᠲᠦᠭᠦᠬᠡᠶ ᠨᠡᠭᠦᠷᠡᠰᠦᠦᠶ᠋ᠯᠡᠳᠪᠦᠷᠢᠯᠡᠵᠡᠶ᠃ ᠤᠯᠠᠭᠠᠨᠬᠠᠳᠠ ᠬᠤᠲᠠ ᠨᠢᠬᠡᠡᠳᠠ 11 ᠨᠡᠭᠦᠷᠡᠰᠦᠨ ᠠᠭᠤᠷᠬᠠᠢ ᠪᠠᠢᠭᠤᠯᠵᠡᠢ᠂ ᠡᠭᠦᠨ᠎ᠳᠦ 6 ᠨᠡᠭᠦᠷᠡᠰᠦᠨ ᠠᠭᠤᠷᠬᠠᠢ᠎ᠨᠢ ᠬᠡᠪ᠎ᠦᠨ ᠪᠠᠢᠳᠠᠯ᠎ᠢᠶᠠᠷ ᠦᠢᠯᠡᠳᠪᠦᠷᠢᠯᠡᠵᠦ᠍᠂ ᠨᠡᠭᠦᠷᠡᠰᠦ ᠦᠢᠯᠡᠳᠪᠦᠷᠢᠯᠡᠬᠦ᠌ ᠴᠢᠳᠠᠪᠤᠷᠢ ᠨᠢ 1845 ᠲᠦᠮᠡᠨ ᠲᠣᠨ ᠬᠦᠷᠴᠦ᠍ ᠪᠠᠢᠨ᠎ᠠ᠃