ᠤᠢ᠍ᠢᠷ᠎ᠠ ᠳ᠋ᠤ
ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ
ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠨᠡᠢᠲᠡᠯᠡᠪᠡ᠃ ᠡᠬᠦᠨ
ᠳ᠋ᠤ ᠡᠵᠡᠨ᠎ᠡ ᠬᠣᠱᠢᠭᠤᠨ᠎ᠤ ᠪᠠᠢᠴᠠᠭᠠᠬᠤ ᠬᠣᠷᠢᠶ᠎ᠠ ᠵᠢᠨ ᠸᠠᠩ ᠣᠪᠣᠭ᠍ᠲᠤ᠎ᠶ᠋ᠢᠨ ᠭᠠᠯ ᠠᠯᠳᠠᠭ᠍ᠰᠠᠨ
ᠡᠷᠡᠭᠦᠦ᠍᠎ᠶ᠋ᠢᠨ ᠬᠡᠷᠡᠭ᠎ᠦᠨ ᠳᠠᠭᠠᠯᠳᠤᠭᠤᠯᠤᠯ ᠢᠷᠭᠡᠨ᠎ᠦ ᠬᠡᠷᠡᠭ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ
ᠬᠡᠷᠡᠭ ᠪᠤᠢ᠃
2020 ᠣᠨ᠎ᠤ 4 ᠰᠠᠷ᠎ᠠ᠎ᠳᠤ᠂ ᠸᠠᠩ ᠣᠪᠣᠭ᠍ᠲᠤ ᠡᠵᠡᠨ᠎ᠡ᠎ᠶ᠋ᠢᠨ ᠲᠤᠤᠷᠠᠶ᠎ᠶ᠋ᠢᠨ ᠣᠶ᠎ᠶ᠋ᠢᠨ ᠤᠯᠤᠰ᠎ᠤᠨ ᠲᠠᠰ᠎ᠤᠨ
ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠪᠤᠵᠠᠷ ᠡᠪᠡᠰᠦ᠎ᠶ᠋ᠢ ᠱᠢᠲᠠᠭᠠᠵᠤ᠂ ᠭᠠᠯ ᠠᠯᠳᠠᠵᠤ ᠰᠤᠬᠠᠢ
ᠵᠢᠨ ᠤᠢ ᠲᠤᠳᠤᠷ᠎ᠠ ᠲᠦᠶ᠋ᠮᠡᠷ ᠭᠠᠷᠭᠠᠪᠠ᠃ 2020 ᠣᠨ᠎ᠤ 6 ᠰᠠᠷ᠎ᠠ᠎ᠶ᠋ᠢᠨ 9 ᠤ ᠡᠳᠦᠷ ᠂ ᠡᠵᠡᠨ᠎ᠡ ᠬᠣᠱᠢᠭᠤᠨ᠎ᠤ ᠣᠶ ᠱᠢᠭᠤᠶ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ
ᠸᠠᠩ ᠣᠪᠣᠭ᠍ᠲᠤ ᠵᠢ ᠭᠠᠯ ᠠᠯᠳᠠᠭ᠍ᠰᠠᠨ ᠶᠠᠯ᠎ᠠ᠎ᠪᠠᠷ ᠡᠵᠡᠨ᠎ᠡ ᠬᠣᠱᠢᠭᠤᠨ᠎ᠤ ᠪᠠᠢᠴᠠᠭᠠᠬᠤ ᠬᠣᠷᠢᠶᠠᠳ᠋ᠤ ᠱᠢᠯᠵᠢᠭᠦᠯᠦᠨ ᠬᠢᠨᠠᠨ ᠪᠠᠢᠴᠠᠭᠠᠵᠤ
ᠵᠠᠭᠠᠯᠳᠤᠪᠠ᠃ ᠸᠠᠩ ᠣᠪᠣᠭ᠍ᠲᠤ ᠭᠠᠯ ᠠᠯᠳᠠᠵᠤ ᠡᠵᠡᠨ᠎ᠡ᠎ᠶ᠋ᠢᠨ ᠲᠤᠤᠷᠠᠶ᠎ᠶ᠋ᠢᠨ ᠣᠶ᠎ᠶ᠋ᠢᠨ ᠤᠯᠤᠰ᠎ᠤᠨ ᠲᠠᠰ᠎ᠤᠨ
ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ 73 . 9 ᠮᠥ᠍ ᠤᠯᠤᠰ᠎ᠤᠨ ᠥᠮᠴᠢᠯᠡᠯ᠎ᠦᠨ ᠣᠢᠲᠤ ᠭᠠᠵᠠᠷ᠎ᠢ ᠱᠢᠲᠠᠭᠠᠵᠤ᠂ ᠬᠡᠷᠡᠭ᠎ᠲᠦ
ᠬᠣᠯᠪᠣᠭ᠍ᠳᠠᠭ᠍ᠰᠠᠨ ᠤᠷᠭᠤᠮᠠᠯ᠎ᠤᠨ ᠬᠤᠴᠢᠯᠭ᠎ᠠ᠎ᠨᠢ ᠰᠤᠬᠠᠶᠪᠠᠢᠵᠤ᠂ ᠠᠮᠢ ᠠᠬᠤᠶ᠎ᠶ᠋ᠢᠨ ᠣᠷᠴᠢᠨ ᠲᠣᠭᠣᠷᠢᠨ᠎ᠢ
ᠵᠠᠰᠠᠨ ᠰᠡᠷᠭᠦᠭᠡᠬᠦ᠌ ᠵᠠᠷᠤᠳᠠᠯ᠎ᠨᠢ 14 . 8 ᠲᠦᠮᠡᠨ ᠲᠥᠭᠥᠷᠢᠭ᠎ᠲᠦ
ᠬᠦᠷᠬᠦ᠌ ᠪᠣᠯᠤᠨ᠎ᠠ᠃ ᠡᠵᠡᠨ᠎ᠡ ᠬᠣᠱᠢᠭᠤᠨ᠎ᠤ ᠪᠠᠢᠴᠠᠭᠠᠬᠤ ᠬᠣᠷᠢᠶ᠎ᠠ ᠡᠷᠡᠭᠦᠦ᠍᠎ᠶ᠋ᠢᠨ ᠬᠡᠷᠡᠭ᠎ᠢ ᠱᠢᠶ᠋ᠳᠪᠦᠷᠢᠯᠡᠬᠦ᠌᠎ᠳᠡᠭᠡᠨ
ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠎ᠦᠨ ᠰᠦᠪᠡᠭ᠌ᠴᠢ᠎ᠶ᠋ᠢ ᠢᠯᠡᠷᠡᠭᠦᠯᠪᠡ᠃ ᠲᠣᠰ ᠰᠠᠷ᠎ᠠ᠎ᠶ᠋ᠢᠨ
15 ᠤ ᠡᠳᠦᠷ ᠂ ᠡᠵᠡᠨ᠎ᠡ ᠬᠣᠱᠢᠭᠤᠨ᠎ᠤ ᠪᠠᠢ᠌ᠴᠠᠭᠠᠬᠤ ᠬᠣᠷᠢᠶ᠎ᠠ ᠡᠷᠡᠭᠦᠦ᠍᠎ᠶ᠋ᠢᠨ
ᠬᠡᠷᠡᠭ᠎ᠦᠨ ᠳᠠᠭᠠᠯᠳᠤᠭᠤᠯᠤᠯ ᠢᠷᠭᠡᠨ᠎ᠦ ᠬᠡᠷᠡᠭ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠪᠠᠷ ᠬᠡᠷᠡᠭ
ᠪᠣᠯᠭᠠᠨ ᠳᠠᠩᠰᠠᠯᠠᠭ᠍ᠰᠠᠨ ᠪᠥᠭᠡᠳ ᠲᠣᠰ ᠡᠳᠦᠷ᠎ᠲᠡᠬᠡᠨ ᠵᠠᠭᠠᠯᠳᠤᠬᠤ ᠡᠴᠨ ᠡᠮᠦᠨᠡᠬᠢ ᠠᠯᠪᠠᠨ ᠵᠠᠷ᠎ᠤᠨ ᠵᠢᠷᠤᠮ᠎ᠢ ᠭᠦᠶ᠋ᠴᠡᠳᠭᠡᠪᠡ᠃
ᠬᠡᠷᠡᠭ᠎ᠢ ᠱᠢᠶ᠋ᠳᠪᠦᠷᠢᠯᠡᠬᠦ᠌ ᠶᠠᠪᠤᠴᠠ᠎ᠳᠤ᠂ ᠡᠵᠡᠨ᠎ᠡ ᠬᠣᠱᠢᠭᠤᠨ᠎ᠤ
ᠪᠠᠢᠴᠠᠭᠠᠬᠤ ᠬᠣᠷᠢᠶ᠎ᠠ ᠸᠠᠩ ᠣᠪᠣᠭ᠍ᠲᠤ ᠪᠣᠯ ᠲᠤᠬᠠᠶ᠎ᠶ᠋ᠢᠨ ᠭᠠᠵᠠᠷ᠎ᠤᠨ ᠶᠠᠳᠠᠭᠤ ᠬᠦᠴᠢᠷᠳᠡᠯᠲᠡᠶ ᠡᠷᠦᠬᠡ ᠪᠠᠢᠵᠤ᠂
ᠭᠠᠯ ᠠᠯᠳᠠᠭ᠍ᠰᠠᠨ ᠬᠡᠷᠡᠭ ᠭᠠᠷᠤᠭ᠍ᠰᠠᠨ᠎ᠤ ᠳᠠᠷᠠᠭ᠎ᠠ᠂ ᠸᠠᠩ ᠣᠪᠣᠭ᠍ᠲᠤ ᠰᠠᠨᠠᠭᠠᠴᠢᠯᠠᠭ᠎ᠠ ᠡᠴᠨ ᠪᠠᠨ ᠱᠢᠭᠦᠬᠦ᠌ ᠬᠣᠷᠢᠶᠠᠨ᠎ᠳᠤ ᠣᠷᠣᠯᠠᠨ ᠨᠥᠬᠥᠵᠦ᠍ ᠳᠠᠷᠢᠬᠤ
ᠪᠠᠲᠤᠯᠠᠭ᠎ᠠ᠎ᠶ᠋ᠢᠨ ᠮᠥᠩᠭᠥ᠌ 3 ᠲᠦᠮᠡᠨ ᠲᠥᠭᠥᠷᠢᠭ
ᠲᠤᠱᠢᠶᠠᠵᠤ ᠂ ᠪᠠᠢᠴᠠᠭᠠᠬᠤ ᠪᠠᠢᠭᠤᠯᠭ᠎ᠠ᠎ᠲᠠᠶ ᠶᠠᠯ᠎ᠠ ᠱᠢᠢᠳᠭᠡᠯ᠎ᠢ ᠮᠡᠳᠡᠷᠡᠬᠦ᠌ ᠪᠠᠲᠤᠯᠠᠭ᠎ᠠ᠎ᠶ᠋ᠢᠨ ᠪᠢᠴᠢᠭ
ᠳᠡᠭᠡᠷ᠎ᠡ ᠭᠠᠷᠤᠨ ᠥᠰᠥᠭ ᠵᠢᠷᠤᠪᠠ᠃
2020 ᠣᠨ᠎ᠤ 7 ᠰᠠᠷ᠎ᠠ᠎ᠶ᠋ᠢᠨ 23 ᠤ ᠡᠳᠦᠷ ᠂ ᠡᠵᠡᠨ᠎ᠡ
ᠬᠣᠱᠢᠭᠤᠨ᠎ᠤ ᠪᠠᠢ᠌ᠴᠠᠭᠠᠬᠤ ᠬᠣᠷᠢᠶ᠎ᠠ ᠸᠠᠩ ᠣᠪᠣᠭ᠍ᠲᠤ
ᠵᠢ ᠭᠠᠯ ᠠᠯᠳᠠᠭ᠍ᠰᠠᠨ ᠶᠠᠯ᠎ᠠ᠎ᠪᠠᠷ ᠡᠵᠡᠨ᠎ᠡ ᠬᠣᠱᠢᠭᠤᠨ᠎ᠤ ᠱᠢᠭᠦᠬᠦ᠌ ᠬᠣᠷᠢᠶᠠᠨ᠎ᠳᠤ ᠵᠠᠭᠠᠯᠳᠤᠭ᠍ᠰᠠᠨ
ᠪᠥᠭᠡᠳ ᠲᠣᠰ ᠡᠳᠦᠷ ᠸᠠᠩ ᠣᠪᠣᠭ᠍ᠲᠤ᠎ᠳᠤ ᠡᠷᠡᠭᠦᠦ᠍᠎ᠶ᠋ᠢᠨ ᠬᠡᠷᠡᠭ᠎ᠦᠨ ᠳᠠᠭᠠᠯᠳᠤᠭᠤᠯᠤᠯ ᠢᠷᠭᠡᠨ᠎ᠦ ᠬᠡᠷᠡᠭ᠎ᠦᠨ
ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ ᠬᠢᠪᠠ ᠃ 2020 ᠣᠨ᠎ᠤ 10 ᠰᠠᠷ᠎ᠠ᠎ᠶ᠋ᠢᠨ 12 ᠤᠨ ᠡᠳᠦᠷ ᠂ ᠡᠵᠡᠨ᠎ᠡ
ᠬᠣᠱᠢᠭᠤᠨ᠎ᠤ ᠱᠢᠭᠦᠬᠦ᠌ ᠬᠣᠷᠢᠶ᠎ᠠ ᠵᠠᠭᠠᠯᠳᠤᠭ᠍ᠳᠠᠭ᠍ᠴᠢ
ᠸᠠᠩ ᠣᠪᠣᠭ᠍ᠲᠤ᠎ᠶ᠋ᠢ ᠭᠠᠯ ᠠᠯᠳᠠᠭ᠍ᠰᠠᠨ ᠶᠠᠯ᠎ᠠ᠎ᠪᠠᠷ ᠱᠢᠭᠦᠨ ᠲᠡᠰᠦᠯᠵᠦ᠍᠂ ᠨᠢᠭᠡ ᠵᠢᠯ᠎ᠦᠨ ᠬᠤᠭᠤᠴᠠᠭ᠎ᠠ᠎ᠲᠠᠶ
ᠬᠣᠷᠢᠬᠤ ᠡᠷᠡᠭᠦᠦ᠍᠎ᠶ᠋ᠢ ᠬᠣᠶᠠᠷ ᠵᠢᠯ ᠬᠣᠢᠱᠢᠯᠠᠭᠤᠯᠤᠨ ᠭᠦᠶ᠋ᠴᠡᠳᠭᠡᠬᠦ᠌᠎ᠪᠡᠷ ᠱᠢᠢᠳᠭᠡᠪᠡ᠃ ᠪᠠᠰᠠ ᠲᠡᠭᠦᠨ᠎ᠢ
ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠵᠢᠭᠠᠨ ᠲᠣᠭ᠍ᠲᠠᠭᠠᠭ᠍ᠰᠠᠨ ᠭᠠᠵᠠᠷ᠎ᠲᠤ 150 ᠮᠦ᠍ ᠵᠠᠭᠤᠨ ᠤᠢ ᠨᠥᠬᠥᠵᠦ᠍ ᠲᠠᠷᠢᠬᠤ ᠬᠡᠷᠡᠭ᠌ᠲᠡᠶ ᠭᠡᠵᠦ᠍ ᠵᠠᠷᠯᠢᠭ᠍ᠳᠠᠪᠠ᠃
ᠤᠢ᠍ᠢᠯᠠᠭᠠᠬ᠍ᠰᠠᠨᠵᠢᠡᠷ ᠂ ᠲᠤᠰ ᠤᠳᠠᠭ᠎ᠠ ᠠᠷᠠᠳ᠎ᠤᠨ ᠲᠡᠭᠡᠳᠦ ᠪᠠᠢ᠌ᠴᠠᠭᠠᠬᠤ
ᠬᠤᠷᠢᠶ᠎ᠠ ᠡᠴᠨ ᠵᠠᠷᠯᠠᠨ ᠨᠡᠢ᠌ᠳᠡᠯᠡᠭ᠌ᠰᠡᠨ ᠨᠡᠢ᠌ᠳᠡᠯᠢᠭ ᠬᠡᠷᠡᠭ ᠤᠨ ᠵᠢᠱ᠌ᠢᠶ᠎ᠡ ᠳ᠋ᠤ ᠨᠡᠢ᠌ᠳᠡ
14 ᠬᠡᠷᠡᠭ ᠪᠠᠢ᠌ᠵᠤ᠂
8 ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ ᠶ᠋ᠢᠨ ᠵᠠᠷᠭᠤ᠎ᠶ᠋ᠢᠨ
ᠬᠡᠷᠡᠭ᠂ 3 ᠢᠷᠭᠡᠨ᠎ᠦ ᠬᠡᠷᠡᠭ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ
ᠬᠡᠷᠡᠭ᠂ 3 ᠡᠷᠡᠭᠦᠦ᠍᠎ᠶ᠋ᠢᠨ ᠬᠡᠷᠡᠭ᠎ᠦᠨ ᠲᠠᠭᠠᠯᠳᠤᠭᠤᠯᠤᠯ ᠢᠷᠭᠡᠨ᠎ᠦ ᠬᠡᠷᠡᠭ᠎ᠦᠨ
ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ ᠪᠣᠶ᠃