11 ᠰᠠᠷᠠᠶ᠋ᠢᠨ 10ᠤ᠋ ᠡᠳᠦᠷ᠂ ᠪᠦᠬᠦ᠌ ᠣᠷᠣᠨ ᠤ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶ᠋ᠢ ᠴᠢᠩᠭᠠᠳᠭᠠᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ᠃ ᠬᠤᠷᠠᠯᠠᠴᠠ ᠶᠡᠷᠦᠩᠬᠡᠢ ᠱᠦᠵᠢ ᠰᠢᠶ᠋ᠢᠨ ᠫᠢᠩᠦᠨ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶ᠋ᠢ ᠴᠢᠩᠳᠠᠯᠠᠬᠤ ᠲᠤᠬᠠᠢ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠲᠥᠪ ᠦᠨ ᠵᠣᠬᠢᠶᠠᠨ ᠪᠠᠢᠭᠤᠯᠬᠤ ᠬᠡᠯᠲᠡᠰᠦᠨ ᠲᠧᠯᠸᠢᠰ ᠤᠲᠠᠰᠤ ᠬᠤᠷᠠᠯ ᠤᠨ ᠪᠠᠢᠷᠢᠯᠠᠭᠤᠯᠤᠯᠲᠠ ᠱᠠᠭᠠᠷᠳᠠᠯᠭ᠎ᠠ ᠶ᠋ᠢ ᠨᠠᠢᠳᠠᠪᠤᠷᠢᠵᠢᠭᠤᠯᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶ᠋ᠢ ᠴᠢᠨᠠᠭ᠍ᠰᠢᠳᠠ ᠲᠥᠪ ᠴᠢᠩᠭ᠎ᠠ ᠪᠣᠯᠭᠠᠬᠤ᠂ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶ᠋ᠢ ᠴᠢᠩᠭᠠᠳᠭᠠᠬᠤ ᠲᠤᠬᠠᠢ ᠲᠠᠬᠢᠨ ᠪᠠᠢᠷᠢᠯᠠᠭᠤᠯᠵᠤ ᠲᠠᠬᠢᠨ ᠠᠬᠢᠭᠤᠯᠵᠤ ᠲᠠᠬᠢᠨ ᠨᠠᠢᠳᠠᠪᠤᠷᠢᠵᠢᠭᠤᠯᠪᠠ᠃
ᠥᠪᠡᠷᠲᠡᠭᠡᠨ ᠵᠠᠰᠠᠬᠤ ᠣᠷᠣᠨᠤ ᠨᠠᠮ ᠤᠨ ᠬᠣᠷᠢᠶᠠᠨ ᠤ ᠪᠠᠢᠩᠭᠤ ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ ᠦᠨ ᠳᠠᠷᠤᠭ᠎ᠠ ᠶᠠᠩ ᠸᠧᠢ ᠳ᠋ᠦᠩ ᠬᠤᠷᠠᠯᠳᠤ ᠣᠷᠣᠯᠴᠠᠵᠤ ᠶᠠᠷᠢᠶ᠎ᠠ ᠲᠠᠯᠪᠢᠵᠠᠢ᠃
ᠶᠠᠩ ᠸᠧᠢ ᠳ᠋ᠦᠩ᠂ ᠪᠦᠬᠦ᠌ ᠣᠷᠣᠨ ᠤ ᠬᠣᠲᠠ ᠱᠢᠶᠠᠨ ᠱᠢᠶᠠᠩ ᠤᠨ ᠤᠳᠤᠷᠢᠳᠭᠤ ᠪᠠᠭ ᠤᠨ ᠬᠤᠭᠤᠴᠠᠭ᠎ᠠ ᠰᠣᠯᠢᠬᠤ ᠠᠵᠢᠯ ᠡᠬᠢᠯᠡᠭ᠌ᠰᠡᠨᠡᠴᠡ ᠨᠠᠭᠠᠰᠢ᠂ ᠪᠦᠬᠦᠯᠢ ᠴᠣᠭ᠍ᠴᠠ ᠶ᠋ᠢᠨ ᠠᠵᠢᠯ ᠲᠣᠭ᠍ᠲᠠᠭᠤᠨ ᠵᠢᠷᠤᠮᠵᠢᠯᠲᠠᠶ᠂ ᠡᠷᠡᠭᠦᠯ ᠪᠦᠭᠡᠳ ᠡᠮᠬᠢ ᠳᠢᠭ᠌ᠯᠢᠮᠲᠡᠶ ᠪᠠᠢᠵᠤ᠂ ᠱᠠᠳᠤᠴᠢ ᠴᠢᠨᠠᠷᠲᠠᠢ ᠦᠷ᠎ᠡ ᠪᠦᠲᠦᠮᠵᠢ ᠤᠯᠪᠠ᠃ ᠣᠳᠣᠬᠠᠨᠳᠤ᠂ ᠬᠤᠭᠤᠴᠠᠭ᠎ᠠ ᠰᠣᠯᠢᠬᠤ ᠠᠵᠢᠯ ᠪᠣᠭᠣᠮᠲᠠ ᠱᠢᠪᠲᠤᠯᠬᠤ ᠡᠴᠦᠰ ᠦᠨ ᠵᠠᠩᠭᠢᠯᠠᠭ᠎ᠠ ᠶ᠋ᠢᠨ ᠦᠶ᠎ᠡ ᠳᠦ ᠣᠷᠣᠭᠠᠳ ᠪᠠᠢᠨ᠎ᠠ᠂ ᠰᠠᠢ᠌ᠳᠤᠷ ᠡᠬᠢᠯᠡᠭᠦᠯᠵᠦ᠍ ᠰᠠᠢ᠌ᠲᠤᠷ ᠲᠡᠭᠦᠰᠭᠡᠵᠦ᠍᠂ ᠰᠠᠢ᠌ᠲᠤᠷ ᠠᠵᠢᠯᠯᠠᠨ ᠦᠷ᠎ᠡ ᠪᠦᠲᠦᠮᠵᠢ ᠤᠯᠵᠦ᠂ ᠴᠢᠩᠭᠠᠠᠴᠠ ᠴᠢᠩᠭ᠎ᠠ᠂ ᠪᠣᠯᠭᠣᠮᠵᠢᠲᠠᠢᠠᠴᠠ ᠪᠣᠯᠭᠣᠮᠵᠢᠲᠠᠢᠪᠠᠷ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶ᠋ᠢ ᠰᠠᠢᠲᠤᠷ ᠠᠳᠭᠤᠬᠤ ᠬᠡᠷᠡᠭ᠌ᠲᠡᠢ᠃ ᠦᠵᠡᠯ ᠰᠠᠨᠠᠭ᠎ᠠ ᠲᠠᠨᠢᠯᠲᠠᠪᠠᠨ ᠴᠢᠨᠠᠭ᠍ᠰᠢᠳᠠ ᠭᠦᠨᠵᠡᠭᠡᠢᠷᠡᠭᠦᠯᠵᠦ᠍᠂ ᠬᠠᠷᠢᠭᠤᠴᠠᠯᠭᠠᠲᠤ ᠰᠡᠳᠭᠢᠯᠭᠡ ᠡᠭᠦᠷᠭᠡᠲᠦ ᠪᠤᠳᠤᠯ ᠢᠶᠠᠨ ᠴᠢᠩᠭᠠᠳᠭᠠᠵᠤ᠂ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠡᠯ᠎ᠡ ᠵᠦᠢᠯᠦᠨ ᠠᠵᠢᠯ ᠢ ᠴᠢᠩᠭ᠎ᠠ ᠪᠣᠳᠠᠲᠠᠢ᠂ ᠢᠮᠠᠭ᠍ᠲᠠ ᠰᠠᠢᠲᠤᠷ ᠠᠳᠭᠤᠬᠤ ᠬᠡᠷᠡᠭ᠌ᠲᠡᠢ᠃ ᠦᠵᠡᠯ ᠰᠠᠨᠠᠭᠠᠨᠤ ᠰᠡᠷᠭᠡᠢᠯᠡᠯᠲᠡᠶ᠋ᠢᠨ ᠱᠤᠭᠤᠮ ᠢ ᠤᠯᠠᠮ ᠴᠢᠨᠠᠭ᠍ᠰᠢᠳᠠ ᠪᠡᠬᠢᠵᠢᠭᠦᠯᠵᠦ᠍᠂ ᠥᠷᠭᠡᠨ ᠤᠯᠠᠨ ᠨᠠᠮ ᠤᠨ ᠭᠡᠱᠢᠭᠦᠨ ᠺᠠᠳ᠋ᠷ ᠢ ᠬᠦᠳᠦᠯᠥᠨ ᠳᠠᠭᠠᠭᠤᠯᠵᠤ ᠪᠠᠢᠭᠠᠳ ᠪᠢᠱᠢᠷᠡᠨ ᠵᠢᠷᠦᠬᠡᠱᠢᠶᠡᠬᠦ᠌ ᠶ᠋ᠢ ᠮᠡᠳᠡᠭᠦᠯᠵᠦ᠍᠂ ᠬᠣᠷᠢᠭ᠎ᠠ ᠱᠤᠭᠤᠮ ᠢ ᠲᠣᠳᠣᠷᠬᠠᠢᠯᠠᠵᠤ᠂ ᠶᠣᠰᠣ ᠲᠦᠷᠢᠮ ᠢ ᠡᠷᠬᠢᠮᠯᠡᠵᠦ᠍᠂ ᠰᠠᠬᠢᠯᠭ᠎ᠠ ᠪᠠᠲᠤ ᠶ᠋ᠢ ᠰᠠᠬᠢᠬᠤ ᠪᠣᠯᠭᠠᠬᠤ ᠬᠡᠷᠡᠭ᠌ᠲᠡᠢ᠃ ᠬᠢᠨᠠᠯᠲᠠ ᠲᠠᠯᠪᠢᠵᠤ ᠪᠠᠢᠴᠠᠭᠠᠬᠤ ᠪᠠᠨ ᠤᠯᠠᠮ ᠴᠢᠨᠠᠭ᠍ᠰᠢᠳᠠ ᠴᠢᠩᠭᠠᠳᠭᠠᠵᠤ᠂ 《ᠤᠬ᠍ᠳᠤ ᠠᠭᠤᠴᠢᠯᠠᠬᠤ ᠦᠭᠡᠢ》 ᠰᠦᠷ ᠬᠦᠴᠦᠲᠦ ᠪᠠᠢᠳᠠᠯ ᠢ ᠢᠮᠠᠭ᠍ᠲᠠ ᠪᠠᠲᠤᠯᠠᠬᠤ ᠬᠡᠷᠡᠭ᠌ᠲᠡᠢ᠃ ᠪᠠᠷᠢᠮᠵᠢᠶ᠎ᠠ ᠲᠡᠰ ᠳᠠᠷᠠᠭᠠᠯᠠᠯ ᠢ ᠴᠢᠨᠠᠭ᠍ᠰᠢᠳᠠ ᠴᠢᠩᠳᠠᠯᠠᠵᠤ᠂ ᠬᠤᠭᠤᠴᠠᠭ᠎ᠠ ᠰᠣᠯᠢᠬᠤ ᠭᠣᠭ᠍ᠴᠣᠭᠠ ᠨᠢᠭᠡ ᠪᠦᠷᠢ᠂ ᠠᠵᠢᠯ ᠨᠢᠭᠡ ᠪᠦᠷᠢ᠂ ᠲᠡᠰ ᠳᠠᠷᠠᠭᠠᠯᠠᠯ ᠨᠢᠭᠡ ᠪᠦᠷᠢ ᠴᠥᠮ ᠱᠢᠯᠭᠠᠯᠲᠠ ᠶ᠋ᠢ ᠳᠠᠭᠠᠭᠠᠵᠤ ᠳᠡᠢᠯᠬᠦ᠌ᠶ᠋ᠢ ᠪᠠᠲᠤᠯᠠᠬᠤ ᠬᠡᠷᠡᠭ᠌ᠲᠡᠢ᠃ ᠠᠵᠢᠯᠤᠨ ᠬᠠᠷᠢᠭᠤᠴᠠᠯᠭᠠᠶ᠋ᠢ ᠤᠯᠠᠮ ᠴᠢᠨᠠᠭ᠍ᠰᠢᠳᠠ ᠪᠣᠳᠠᠲᠠᠢᠵᠢᠭᠤᠯᠵᠤ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠦᠨᠬᠢᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠭᠡᠵᠦ᠍᠂ ᠰᠤᠷᠲᠠᠯ ᠴᠢᠬᠡᠴᠢ ᠣᠪᠣᠷ ᠲᠥᠪ ᠬᠤᠭᠤᠴᠠᠭ᠎ᠠ ᠰᠣᠯᠢᠬᠤ ᠣᠷᠴᠢᠨ ᠨᠦᠭᠦᠴᠡᠯ ᠢ ᠦᠨᠡᠨ ᠬᠦ᠌ ᠪᠣᠶ ᠪᠣᠯᠭᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃
2008-2023 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号