ᠮᠠᠨ᠎ᠤ ᠣᠷᠣᠨ ᠱᠢᠨ᠎ᠡ ᠲᠢᠲᠢᠮᠯᠢᠭ᠎ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠸᠢᠳᠢᠣ᠋ ᠲᠤᠬᠢᠷᠠᠭᠤᠯᠤᠯᠲᠠ ᠵᠢᠨ ᠬᠤᠷᠠᠯ ᠬᠢᠪᠡ
2021-11-12 10:00:30
ᠵᠣᠬᠢᠶᠠᠭ᠍ᠴᠢ᠄
​ᠹᠸᠩ ᠱᠢᠤᠸᠠᠢ ᠢᠦᠢ
ᠣᠩᠱᠢᠭ᠍ᠰᠠᠨ ᠣᠳᠠᠭ᠎ᠠ᠄
★★★☆☆

11 ᠰᠠᠷ᠎ᠠ ᠎ᠶ᠋ᠢᠨ10᠎ᠤ᠋ ᠡᠳᠦᠷ᠂ ᠥᠪᠡᠷᠲᠡᠭᠡᠨ ᠵᠠᠰᠠᠬᠤ ᠣᠷᠣᠨ ᠎ᠤ ᠰᠢᠨ᠎ᠡ ᠲᠢᠳ᠋ᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ ᠎ᠤᠨ ᠸᠢᠳᠢᠣ᠋  ᠳᠤᠬᠢᠷᠠᠭᠤᠯᠤᠯᠲᠠ  ᠵᠢᠨ ᠬᠤᠷᠠᠯ ᠬᠤᠷᠠᠯᠳᠤᠭᠤᠯᠪᠠ᠃

ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠤᠷᠢᠶᠠᠨ᠎ᠤ ᠪᠠᠢᠩᠭᠤ ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ ᠎ᠤ ᠪᠠᠢᠩᠭᠤ ᠎ᠶ᠋ᠢᠨ ᠳᠡᠳ᠋ ᠲᠡᠷᠢᠭᠦᠯᠡᠭ᠌ᠴᠢ᠂ ᠥᠪᠡᠷᠲᠡᠭᠡᠨ ᠵᠠᠰᠠᠬᠤ ᠣᠷᠣᠨ ᠎ᠤ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ ᠎ᠤᠨ ᠵᠢᠯᠣᠭᠣᠳᠭᠤ ᠭᠠᠵᠠᠷ᠎ᠤᠨ ᠳᠡᠳ᠋ ᠶᠡᠷᠦᠩᠬᠡᠶ ᠵᠢᠯᠣᠭᠣᠳᠣᠭ᠍ᠴᠢ ᠵᠠᠩ ᠱᠣᠸ᠋ ᠴᠦᠨ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠶ᠃

ᠬᠤᠷᠠᠯ ᠳᠡᠭᠡᠷ᠎ᠡ᠂  ᠬᠥᠯᠥᠨ ᠪᠤᠢ᠌ᠷ ᠬᠤᠳᠠ᠂  ᠬᠢᠩᠭᠠᠨ ᠠᠢᠮᠠᠭ ᠎ᠤᠨ ᠣᠳᠣᠬᠠᠨ ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ ᠎ᠤᠨ ᠲᠤᠰᠭᠠᠢ ᠲᠦᠷᠦᠯ᠎ᠵᠢᠡᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠠᠯᠠᠪᠳᠠᠭᠤᠯᠤᠨ ᠪᠠᠢᠴᠠᠭᠠᠭ᠍ᠰᠠᠨ ᠪᠠᠢᠳᠠᠯ ᠎ᠤᠨ ᠬᠠᠷᠢᠭᠤ  ᠮᠡᠳᠡᠭᠦᠯᠦᠯᠲᠡ ᠎ᠶ᠋ᠢ ᠰᠣᠨᠣᠰᠴᠠᠢ᠃

ᠬᠤᠷᠠᠯ ᠎ᠠᠴᠠ᠂ ᠣᠳᠣᠬᠠᠨ ᠎ᠤ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ ᠠᠵᠢᠯ ᠎ᠤᠨ ᠪᠠᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠢᠨ᠎ᠠ᠂ ᠤᠯᠤᠰ ᠲᠦᠷᠦ᠍᠎ᠶ᠋ᠢᠨ ᠵᠣᠭ᠍ᠰᠣᠴᠠ ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ ᠬᠢᠵᠢᠭ ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ ᠎ᠢ ᠰᠠᠢᠲᠤᠷ ᠬᠢᠬᠦ᠌ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠰᠡᠳᠭᠢᠯᠭᠡ ᠎ᠪᠡᠨ ᠴᠢᠩᠭᠠᠳᠭᠠᠬᠤ ᠬᠡᠷᠡᠭ᠌ᠲᠡᠢ; ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠪᠠᠨ ᠴᠢᠩᠭᠠᠳᠭᠠᠵᠤ᠂ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠬᠠᠷᠢᠭᠤᠴᠠᠯᠭ᠎ᠠ ᠎ᠶ᠋ᠢ ᠪᠣᠳᠠᠲᠠᠢᠵᠢᠭᠤᠯᠬᠤ ᠎ᠶ᠋ᠢ  ᠪᠥᠬᠥ᠌  ᠬᠦᠴᠦᠨ ᠎ᠢᠶᠡᠷ ᠎ᠢᠶᠡᠨ ᠠᠬᠢᠭᠤᠯᠬᠤ ᠬᠡᠷᠡᠭᠲᠡᠢ; ᠠᠰᠠᠭᠤᠳᠠᠯ ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠡᠯ᠎ᠡ ᠵᠦᠢᠯ ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠴᠢᠩᠭ᠎ᠠ ᠣᠨᠣᠪᠴᠢᠲᠠᠢ ᠨᠠᠢᠳᠠᠪᠤᠷᠢᠵᠢᠭᠤᠯᠬᠤ ᠬᠡᠷᠡᠭ᠌ᠲᠡᠢ; ᠦᠨᠳᠦᠰᠦ ᠎ᠪᠡᠨ ᠪᠡᠬᠢᠵᠢᠭᠦᠯᠵᠦ᠍ ᠰᠠᠭᠤᠷᠢ ᠎ᠪᠠᠨ ᠪᠠᠲᠤᠳᠭᠠᠬᠤ ᠎ᠶ᠋ᠢ ᠪᠠᠷᠢᠮᠲᠠᠯᠠᠵᠤ᠂ ᠰᠡᠷᠭᠡᠢᠯᠡᠨ ᠡᠵᠡᠮᠳᠡᠬᠦ᠌ ᠴᠢᠳᠠᠪᠤᠷᠢ ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠬᠡᠷᠡᠭ᠌ᠲᠡᠶ; ᠠᠵᠢᠯ ᠎ᠤᠨ ᠰᠤᠷᠲᠠᠯ ᠎ᠢᠶᠠᠨ ᠴᠢᠩᠭᠠᠳᠭᠠᠵᠤ᠂ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ ᠬᠤᠷᠢᠬᠯᠠᠯᠲᠠ ᠵᠢᠨ ᠳᠠᠢᠯᠠᠯᠳᠤᠭᠠᠨ᠎ᠤ ᠢᠯᠠᠯᠲᠠ᠎ᠶ᠋ᠢ ᠵᠠᠪᠠᠯ ᠤᠯᠬᠤ ᠬᠡᠷᠡᠭ᠌ᠲᠡᠶ ᠬᠡᠵᠦ ᠴᠢᠩᠭᠠᠳᠬᠠᠵᠠᠢ᠃

ᠬᠤᠷᠠᠯ ᠎ᠠᠴᠠ᠂  ᠬᠥᠯᠥᠨ ᠪᠤᠢ᠌ᠷ ᠬᠤᠳᠠ᠂ ᠬᠢᠩᠭᠠᠨ ᠠᠢᠮᠠᠭ ᠎ᠤᠨ ᠬᠢᠨ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌  ᠪᠠ ᠠᠵᠤ ᠠᠬᠤᠢ ᠨᠡᠢᠭᠡᠮ ᠎ᠦᠨ  ᠬᠥᠭ᠌ᠵᠢᠯᠲᠡ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠵᠦᠢᠯ ᠎ᠦᠨ ᠠᠵᠢᠯ ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠬᠣᠶᠠᠷ ᠲᠠᠯ᠎ᠠ᠎ᠶ᠋ᠢ ᠠᠳᠭᠤᠬᠤ᠂ ᠬᠣᠶᠠᠷ᠎ᠢ ᠰᠠᠭᠠᠲᠠᠭᠠᠬᠤ ᠦᠭᠡᠢ᠂ ᠬᠣᠶᠠᠷ᠎ᠢ ᠠᠬᠢᠭᠤᠯᠬᠤ᠎ᠶ᠋ᠢ  ᠪᠠᠲᠤᠯᠠᠬᠤ ᠬᠡᠷᠡᠭ᠌ᠲᠡᠢ ᠬᠡᠵᠦ ᠱᠠᠭᠠᠷᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号