ᠪᠦᠬᠦ ᠤᠯᠤᠰ ᠤ᠋ᠨ ᠬᠠᠷ᠎ᠠ ᠪᠦᠯᠦᠭᠳᠡᠨ ᠬᠠᠷᠬᠢᠰ ᠬᠦᠴᠦᠨ ᠢ᠋ ᠠᠷᠢᠯᠭᠠᠬᠤ ᠠᠯᠪᠠᠨ ᠬᠡᠷ ᠤ᠋ᠨ 5 ᠳ᠋ᠤᠭᠠᠷ ᠤᠨᠴᠠ ᠲᠤᠮᠢᠯᠠᠬᠰᠠᠨ ᠱᠠᠯᠠᠪᠳᠠᠭᠤᠯᠤᠨ ᠵᠢᠯᠤᠭᠤᠳᠬᠤ ᠲᠤᠭᠤᠢᠯᠠᠩ ᠦᠪᠡᠷᠳᠡᠬᠡᠨ ᠵᠠᠰᠠᠬᠤ ᠤᠷᠤᠨ ᠤ᠋ ᠠᠵᠢᠯ ᠢ᠋ ᠱᠠᠯᠠᠪᠳᠠᠭᠤᠯᠤᠨ ᠵᠢᠯᠤᠭᠤᠳᠬᠤ ᠬᠠᠷᠢᠭᠤ ᠮᠡᠳᠡᠬᠦᠯᠦᠯᠳᠡ ᠵᠢᠨ ᠬᠤᠷᠠᠯ ᠬᠤᠷᠠᠯᠳᠤᠭᠤᠯᠪᠠ
2021-11-12 10:09:14
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

11 ᠰᠠᠷ᠎ᠠ ᠵᠢᠨ 10 ᠤ᠋ ᠡᠳᠦᠷ᠂ ᠪᠦᠬᠦ ᠤᠯᠤᠰ ᠤ᠋ᠨ ᠬᠠᠷ᠎ᠠ ᠪᠦᠯᠦᠭᠳᠡᠨ ᠬᠠᠷᠬᠢᠰ ᠬᠦᠴᠦᠨ ᠢ᠋ ᠠᠷᠢᠯᠭᠠᠬᠤ ᠠᠯᠪᠠᠨ ᠬᠡᠷ ᠤ᠋ᠨ 5 ᠳ᠋ᠤᠭᠠᠷ ᠤᠨᠴᠠ ᠲᠤᠮᠢᠯᠠᠬᠰᠠᠨ ᠱᠠᠯᠠᠪᠳᠠᠭᠤᠯᠤᠨ ᠵᠢᠯᠤᠭᠤᠳᠬᠤ ᠲᠤᠭᠤᠢᠯᠠᠩ ᠤ᠋ᠨ ᠬᠢᠨ ᠦᠪᠦᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠳ᠋ᠤ ᠤᠷᠤᠨ ᠰᠠᠭᠤᠵᠤ᠂ ᠦᠪᠡᠷᠳᠡᠬᠡᠨ ᠵᠠᠰᠠᠬᠤ ᠤᠷᠤᠨ ᠤ᠋ ᠬᠠᠷ᠎ᠠ ᠪᠦᠯᠦᠭᠳᠡᠨ ᠬᠠᠷᠬᠢᠰ ᠬᠦᠴᠦᠨ᠎ᠢ ᠠᠷᠢᠯᠭᠠᠬᠤ ᠠᠵᠢᠯ ᠢ᠋ ᠦᠷᠨᠢᠬᠦᠯᠵᠦ ᠪᠠᠢᠭ᠎ᠠ ᠪᠠᠢᠳᠠᠯ ᠢ᠋ ᠤᠨᠴᠠ ᠲᠤᠮᠢᠯᠠᠯᠳᠠ ᠪᠡᠷ ᠱᠠᠯᠠᠪᠳᠠᠭᠤᠯᠤᠨ ᠵᠢᠯᠤᠭᠤᠳᠤᠬᠰᠨᠨ ᠪᠦᠬᠡᠳ ᠠᠵᠢᠯ ᠤ᠋ᠨ ᠬᠠᠷᠢᠭᠤ ᠮᠡᠳᠡᠬᠦᠯᠦᠯᠳᠡ ᠵᠢᠨ ᠬᠤᠷᠠᠯ ᠬᠤᠷᠠᠯᠳᠤᠭᠤᠯᠵᠠᠢ᠃ ᠬᠤᠷᠠᠯ ᠲᠡᠭᠡᠷ᠎ᠡ᠂ ᠤᠨᠴᠠ ᠲᠤᠮᠢᠯᠠᠬᠰᠠᠨ ᠱᠠᠯᠠᠪᠳᠠᠭᠤᠯᠤᠨ ᠵᠢᠯᠤᠭᠤᠳᠬᠤ ᠲᠤᠭᠤᠢᠯᠠᠩ ᠤ᠋ᠨ ᠲᠠᠷᠤᠭ᠎ᠠ ᠱᠢ ᠳ᠋ᠸ ᠡᠾᠸ ᠨᠠᠷ ᠦᠪᠡᠷᠳᠡᠬᠡᠨ ᠵᠠᠰᠠᠬᠤ ᠤᠷᠤᠨ ᠤ᠋ ᠬᠠᠷ᠎ᠠ ᠪᠦᠯᠦᠭᠳᠡᠨ ᠬᠠᠷᠬᠢᠰ ᠬᠦᠴᠦᠨ ᠢ᠋ ᠠᠷᠢᠯᠭᠠᠬᠤ ᠠᠵᠢᠯ ᠢ᠋ ᠪᠠᠢᠩᠭᠤᠵᠢᠭᠤᠯᠤᠨ ᠦᠷᠨᠢᠬᠦᠯᠵᠦ ᠪᠠᠢᠭ᠎ᠠ ᠪᠠᠢᠳᠠᠯ ᠤ᠋ᠨ ᠬᠠᠷᠢᠭᠤ ᠮᠡᠳᠡᠬᠦᠯᠦᠯᠳᠡ ᠵᠢ  ᠰᠤᠨᠤᠰᠴᠤ᠂ ᠱᠢ ᠳ᠋ᠸ ᠡᠾᠸ ᠲᠤᠭᠤᠢᠯᠠᠩ ᠤ᠋ᠨ ᠲᠠᠷᠤᠭ᠎ᠠ ᠶᠠᠷᠢᠶ᠎ᠠ ᠲᠠᠯᠪᠢᠵᠤ᠂ ᠦᠪᠡᠷᠳᠡᠬᠡᠨ ᠵᠠᠰᠠᠬᠤ ᠤᠷᠤᠨ ᠤ᠋ ᠬᠠᠷ᠎ᠠ ᠪᠦᠯᠦᠭᠳᠡᠨ ᠬᠠᠷᠬᠢᠰ ᠬᠦᠴᠦᠨ ᠢ᠋ ᠠᠷᠢᠯᠭᠠᠬᠤ ᠲᠡᠮᠡᠴᠡᠯ ᠤ᠋ᠨ ᠤᠳᠤᠷᠢᠳᠬᠤ ᠲᠤᠭᠤᠢᠯᠠᠩ ᠤ᠋ᠨ ᠠᠯᠪᠠᠨ ᠬᠡᠷ ᠤ᠋ᠨ ᠬᠠᠷᠢᠭᠤᠴᠠᠯᠭᠠᠳᠠᠨ ᠨᠦᠬᠦᠷ ᠤᠪᠤᠷ ᠵᠢᠡᠨ ᠢᠯᠡᠳᠬᠡᠬᠦ ᠦᠬᠡ ᠬᠡᠯᠡᠪᠡ᠃

ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ ᠦᠨᠳᠦᠷ ᠵᠡᠷᠬᠡ ᠵᠢᠨ ᠰᠢᠬᠦᠬᠦ ᠬᠤᠷᠢᠶᠠᠨ᠎ᠤ ᠲᠠᠷᠤᠭ᠎ᠠ ᠶᠠᠩ ᠽᠦᠩ ᠷᠸᠨ᠂ ᠦᠪᠡᠷᠳᠡᠬᠡᠨ ᠵᠠᠰᠠᠬᠤ ᠤᠷᠤᠨ ᠤ᠋ ᠠᠷᠠᠳ᠎ᠤᠨ ᠪᠠᠢᠴᠠᠭᠠᠬᠤ ᠬᠤᠷᠢᠶᠠᠨ ᠎ᠤ ᠪᠠᠢᠴᠠᠭᠠᠬᠴᠢ ᠲᠠᠷᠤᠭ᠎ᠠ ᠯᠢ ᠴᠢ ᠯᠢᠨ ᠬᠤᠷᠠᠯ ᠳ᠋ᠤ ᠤᠷᠤᠯᠴᠠᠵᠠᠢ᠃

ᠬᠤᠷᠠᠯ ᠡᠴᠨ᠂ ᠡᠷᠡᠰ ᠪᠠᠳᠤ ᠤᠯᠤᠰ ᠲᠦᠷᠦ ᠵᠢᠨ ᠤᠳᠤᠷᠢᠳᠤᠮᠵᠢ ᠵᠢ ᠪᠠᠷᠢᠮᠳᠠᠯᠠᠵᠤ᠂ ᠪᠦᠬᠦ ᠤᠷᠤᠨ ᠤ᠋ ᠡᠯ᠎ᠡ ᠱᠠᠳᠤᠨ ᠤ᠋ ᠨᠠᠮ ᠤ᠋ᠨ ᠬᠤᠷᠢᠶ᠎ᠠ᠂ ᠵᠠᠰᠠᠬ ᠤ᠋ᠨ ᠤᠷᠳᠤᠨ ᠤᠯᠤᠰ ᠲᠦᠷᠦ ᠵᠢᠨ ᠬᠠᠷᠢᠭᠤᠴᠠᠯᠭ᠎ᠠ ᠪᠠᠨ ᠡᠷᠡᠰ ᠡᠬᠦᠷᠬᠡᠯᠡᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ᠋ ᠠᠷᠢᠯᠭᠠᠬᠤ ᠵᠢ ᠪᠠᠢᠩᠭᠤᠵᠢᠭᠤᠯᠬᠤ ᠠᠵᠢᠯ ᠢ᠋ ᠡᠷᠡᠰ ᠭᠤᠢᠪᠢᠰᠢ ᠦᠬᠡᠢ ᠪᠡᠷ ᠦᠷᠨᠢᠬᠦᠯᠵᠦ᠂ ᠨᠡᠢᠬᠡᠮ ᠤ᠋ᠨ ᠡᠶ᠎ᠡ ᠵᠤᠬᠢᠴᠠᠩᠭᠤᠢ ᠲᠤᠬᠳᠠᠭᠤᠨ ᠢ᠋᠎ᠦᠷᠬᠦᠯᠵᠢᠯᠡᠨ ᠬᠠᠮᠠᠭᠠᠯᠠᠬᠤ ᠬᠡᠷᠡᠭᠳᠡᠢ᠃ ᠴᠢᠩᠭ᠎ᠠ ᠬᠦᠴᠦᠳᠡᠢ ᠠᠰᠠᠭᠤᠳᠠᠯ ᠤ᠋ᠨ ᠤᠳᠤᠷᠢᠳᠤᠮᠵᠢ ᠵᠢ ᠪᠠᠷᠢᠮᠳᠠᠯᠠᠵᠤ᠂ ᠭᠤᠤᠯᠳᠠᠯᠭ᠎ᠠ ᠲᠠᠢ ᠬᠡᠷᠡᠭ ᠢ᠋ ᠲᠠᠩᠨᠠᠵᠤ ᠰᠢᠢᠳᠪᠦᠷᠢᠯᠡᠬᠦ᠂ ᠭᠤᠤᠯᠳᠠᠯᠭ᠎ᠠ ᠲᠠᠢ ᠰᠦᠪᠡᠭᠴᠢ ᠵᠢ ᠬᠠᠷᠭᠤᠭᠤᠯᠤᠨ ᠪᠠᠢᠴᠠᠭᠠᠬᠤ ᠲᠠᠯ᠎ᠠ ᠪᠡᠷ ᠴᠢᠨᠠᠬᠰᠢᠳᠠ ᠬᠦᠴᠦᠨ ᠵᠢᠡᠨ ᠴᠢᠩᠭᠠᠳᠬᠠᠵᠤ᠂ ᠡᠷᠴᠢᠮ ᠵᠢᠡᠨ ᠴᠢᠩᠭᠠᠷᠠᠭᠤᠯᠵᠤ᠂ ᠠᠬᠢᠴᠠ ᠪᠡᠨ ᠲᠦᠷᠭᠡᠳᠬᠡᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠳ᠋ᠤ ᠴᠤᠬᠢᠯᠳᠠ ᠦᠭᠬᠦ ᠳ᠋ᠤ ᠰᠢᠷᠦᠬᠦᠨ ᠲᠠᠭᠠᠷᠢᠯᠳᠠ ᠶᠠᠪᠤᠭᠤᠯᠬᠤ᠂ ᠦᠨᠳᠦᠷ ᠲᠠᠷᠤᠯᠳᠠ ᠦᠵᠡᠬᠦᠯᠬᠦ᠂ ᠬᠦᠴᠦᠷᠭᠡᠭ ᠶᠡᠬᠡ ᠰᠦᠷ ᠲᠠᠯᠠᠢᠴᠠ ᠲᠠᠢ ᠪᠠᠢᠬᠤ ᠵᠢ ᠪᠠᠳᠤᠯᠠᠬᠤ ᠬᠡᠷᠡᠭᠳᠡᠢ᠃ ᠬᠤᠷᠴᠠ ᠲᠤᠳᠤᠷᠬᠠᠢ ᠦᠷ᠎ᠡ ᠳ᠋ᠦᠩ ᠤ᠋ᠨ ᠤᠳᠤᠷᠢᠳᠤᠮᠵᠢ ᠵᠢ ᠪᠠᠷᠢᠮᠳᠠᠯᠠᠵᠤ᠂ 《ᠤᠳᠤᠬᠠᠨ ᠳ᠋ᠠᠭᠠᠨ ᠵᠠᠰᠠᠬᠤ》 ᠪᠤᠯᠤᠨ 《ᠤᠷᠳᠤ ᠤᠳᠠᠭᠠᠨ ᠪᠠᠢᠯᠭᠠᠬᠤ》 ᠵᠢ ᠬᠠᠷᠢᠯᠴᠠᠨ ᠤᠶᠠᠯᠳᠤᠭᠤᠯᠬᠤ ᠵᠢ ᠴᠢᠬᠤᠯᠠᠴᠢᠯᠠᠵᠤ᠂ ᠲᠦᠷᠢᠮ ᠳᠤᠬᠳᠠᠭᠠᠯ ᠪᠠᠢᠭᠤᠯᠤᠨ ᠲᠤᠬᠳᠠᠭᠠᠬᠤ ᠶᠠᠪᠤᠳᠠᠯ ᠢ᠋ ᠴᠢᠩᠭᠠᠳᠬᠠᠵᠦ᠂ ᠤᠷᠳᠤ ᠬᠤᠭᠤᠴᠠᠭᠠᠨ᠎ᠤ  ᠪᠦᠳᠦᠮᠵᠢᠳᠡᠢ ᠪᠠᠢᠩᠭᠤ ᠵᠢᠨ ᠵᠠᠰᠠᠯᠳᠠ ᠵᠢ ᠪᠡᠶᠡᠯᠡᠬᠦᠯᠬᠦ ᠬᠡᠷᠡᠭᠳᠡᠢ ᠬᠡᠵᠦ ᠴᠢᠬᠤᠯᠠᠴᠢᠯᠠᠵᠠᠢ᠃

ᠤᠢᠯᠠᠭᠠᠬᠰᠠᠨ ᠵᠢᠡᠷ᠂ ᠤᠨᠴᠠ ᠲᠤᠮᠢᠯᠠᠬᠰᠠᠨ ᠱᠠᠯᠠᠪᠳᠠᠭᠤᠯᠤᠨ ᠵᠢᠯᠤᠭᠤᠳᠬᠤ ᠲᠤᠭᠤᠢᠯᠠᠩ ᠤ᠋ᠨ ᠬᠢᠨ ᠭᠤᠤᠯᠳᠠᠯᠭ᠎ᠠ ᠲᠠᠢ ᠠᠢᠮᠠᠬ ᠬᠤᠳᠠ ᠳ᠋ᠤ ᠤᠷᠤᠨ ᠰᠠᠭᠤᠵᠤ᠂ ᠭᠤᠤᠯᠳᠠᠯᠭ᠎ᠠ ᠲᠠᠢ ᠡᠬᠦᠷᠬᠡ ᠵᠢᠨ ᠨᠠᠷᠢᠨ ᠲᠠᠩᠰᠠᠨ ᠳ᠋ᠤ ᠠᠩᠬᠠᠷᠤᠯ ᠵᠢᠡᠨ  ᠲᠦᠪᠯᠡᠷᠡᠬᠦᠯᠵᠦ᠂ ᠬᠠᠷᠢᠭᠤ ᠮᠡᠳᠡᠬᠦᠯᠦᠯᠳᠡ ᠵᠢ ᠰᠤᠨᠤᠰᠬᠤ᠂ ᠭᠤᠤᠯᠳᠠᠯᠭ᠎ᠠ ᠲᠠᠢ ᠶᠠᠷᠢᠯᠴᠠᠬᠤ᠂ ᠲᠤᠰᠬᠠᠢ ᠰᠡᠳᠦᠪ ᠵᠢᠡᠷ ᠪᠠᠢᠴᠠᠭᠠᠨ ᠰᠤᠳᠤᠯᠬᠤ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠮᠠᠲᠸᠷᠢᠶᠠᠯ ᠢ᠋ ᠪᠠᠢᠴᠠᠭᠠᠨ ᠦᠵᠡᠬᠦ᠂ ᠬᠡᠷᠡᠭ ᠢ᠋ ᠦᠨᠡᠯᠡᠨ ᠪᠠᠢᠴᠠᠭᠠᠬᠤ᠂ ᠰᠦᠪᠡᠭᠴᠢ ᠵᠢ ᠬᠠᠷᠭᠤᠭᠤᠯᠤᠨ ᠪᠠᠢᠴᠠᠭᠠᠬᠤ᠂ ᠪᠠᠢᠳᠠᠯ ᠢ᠋ ᠵᠠᠷᠯᠠᠨ ᠮᠡᠳᠡᠭᠳᠡᠬᠦ ᠵᠡᠷᠬᠡ ᠠᠷᠭ᠎ᠠ ᠬᠡᠯᠪᠡᠷᠢ ᠪᠡᠷ ᠲᠠᠮᠵᠢᠭᠤᠯᠤᠨ ᠠᠵᠢᠯ ᠵᠢᠡᠨ ᠦᠷᠨᠢᠬᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号