ᠮᠠᠨ᠎ᠤ ᠤᠷᠤᠨ 10 ᠬᠤᠰᠢᠭᠤ ᠱᠢᠶᠠᠨ᠎ᠳᠤ 630 ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠤᠨᠴᠡ ᠲᠤᠮᠢᠯᠠᠬᠴᠢ᠎ᠶᠢ ᠰᠤᠩᠭᠤᠨ ᠲᠤᠮᠢᠯᠠᠵᠠᠢ
2021-11-12 10:12:00
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ᠎ᠤ ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠲᠤᠪᠴᠢᠶ᠎ᠡ᠎ᠡᠴᠡ ᠤᠢᠯᠠᠭᠠᠭᠰᠠᠨ᠎ᠢᠶᠡᠷ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠳᠠᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠶ᠋ᠯᠡᠳᠦᠯ᠎ᠢ ᠶᠡᠬᠡ᠎ᠪᠡᠷ ᠪᠠᠳᠠᠷᠠᠭᠤᠯᠬᠤ᠎ᠶ᠋ᠢᠨ ᠲᠥᠯᠥᠭᠡ᠂ ᠮᠠᠨ᠎ᠤ ᠤᠷᠤᠨ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠶ ᠬᠠᠪᠰᠤᠷᠤᠨ ᠲᠡᠳᠬᠦᠬᠦ᠌ 10 ᠬᠤᠰᠢᠭᠤ ᠱᠢᠶᠠᠨ᠎ᠳᠤ 630 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠴᠢ᠎ᠶ᠋ᠢ ᠰᠣᠩᠭᠣᠨ ᠲᠤᠮᠢᠯᠠᠵᠤ᠂ ᠭᠤᠤᠯᠯᠠᠬᠤ ᠠᠵᠤ ᠦᠶ᠋ᠯᠡᠰ᠎ᠦᠨ ᠲᠣᠭᠣᠷᠢᠨ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠶ᠋ᠯᠡᠴᠢᠯᠡᠭᠡᠨ᠎ᠦ ᠠᠵᠢᠯ ᠦᠷᠨᠢᠬᠦᠯᠬᠦ᠎ᠪᠤᠯᠤᠨ᠎ᠡ᠃

ᠡᠨᠡ ᠵᠢᠯ᠎ᠦᠨ 8 ᠰᠠᠷ᠎ᠠ᠎ᠳᠤ ᠂ ᠮᠠᠨ᠎ᠤ ᠤᠷᠤᠨ᠎ᠤ 10 ᠬᠣᠱᠢᠭᠤ ᠱᠢᠶᠠᠨ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠶ ᠬᠠᠪᠰᠤᠷᠤᠨ ᠲᠡᠳᠬᠦᠬᠦ᠌ ᠱᠢᠶᠠᠨ ᠪᠤᠯᠤᠭᠰᠠᠨ  ᠪᠠᠢᠨ᠎ᠠ᠃ ᠡᠭᠦᠨ᠎ᠳᠦ᠂ ᠬᠥᠯᠥᠨ ᠪᠣᠢᠷ ᠬᠣᠲᠠ᠎ᠶᠢᠨ ᠲᠣᠮᠢᠯᠠᠭ᠍ᠰᠠᠨ 8 ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠤᠮᠢᠯᠠᠭᠴᠢ ᠭᠤᠤᠯᠳᠠᠭᠤ ᠣᠷᠴᠣᠨ᠎ᠤ ᠥᠪᠡᠷᠲᠡᠭᠡᠨ ᠵᠠᠰᠠᠬᠤ ᠬᠣᠱᠢᠭᠤᠨ᠎ᠤ ᠭᠤᠤᠯᠯᠠᠬᠤ ᠠᠵᠤ ᠦᠶ᠋ᠯᠡᠰ᠎ᠦᠨ ᠬᠢᠲᠠᠳ ᠡᠪᠡᠰᠦᠨ ᠡᠮ ᠪᠠ ᠢᠳᠡᠰᠢᠨ᠎ᠤ ᠮᠥᠭᠥ᠎ᠶ᠋ᠢᠨ ᠲᠣᠭᠣᠷᠢᠨ᠎ᠳᠤ ᠬᠢᠲᠠᠳ ᠡᠪᠡᠰᠦᠨ ᠡᠮ᠎ᠲᠠᠷᠢᠬᠤ᠎ᠶ᠋ᠢ ᠪᠠᠷᠢᠮᠵᠢᠶᠠᠵᠢᠭᠤᠯᠬᠤ᠂ ᠵᠢᠷᠤᠮᠵᠢᠭᠤᠯᠤᠨ ᠵᠢᠱ᠌ᠢᠶ᠎ᠡ ᠦᠵᠡᠭᠦᠯᠤᠨ ᠳᠡᠯᠭᠡᠷᠡᠭᠦᠯᠬᠦ᠌᠂ ᠢᠳᠡᠰᠢᠨ᠎ᠤ ᠮᠥᠭᠥ᠎ᠶ᠋ᠢ ᠪᠠᠷᠢᠮᠵᠢᠶᠠᠵᠢᠭᠤᠯᠬᠤ᠂ ᠠᠵᠤ ᠦᠢᠯᠡᠰᠵᠢᠭᠦᠯᠬᠦ᠌ ᠵᠡᠷᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠶ᠋ᠯᠡᠴᠢᠯᠡᠭᠡᠨ᠎ᠦ ᠠᠵᠢᠯ᠎ᠢ ᠦᠷᠨᠢᠬᠦᠯᠦᠨ᠎ᠠ; ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ᠂ ᠵᠠᠯᠠᠢᠳ ᠬᠣᠱᠢᠭᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠳᠤ 230 ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠣᠮᠢᠯᠠᠭ᠍ᠴᠢ ᠤᠰᠤᠨ ᠲᠤᠲᠤᠷᠭ᠎ᠠ᠂ ᠡᠷᠳᠡᠨᠢ ᠱᠢᠰᠢ᠎ᠶ᠋ᠢᠨ ᠲᠠᠷᠢᠮᠠᠯ᠎ᠢ ᠳᠠᠷᠢᠵᠤ ᠪᠣᠢᠵᠢᠭᠤᠯᠬᠤ ᠂ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢᠯᠡᠨ ᠡᠵᠡᠮᠳᠡᠬᠦ᠌ ᠵᠡᠷᠭᠡ ᠮᠡᠷᠭᠡᠵᠢᠯ᠎ᠦᠨ ᠬᠦᠷᠢᠶᠡᠨ᠎ᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠶ᠋ᠯᠡᠴᠢᠯᠡᠭᠡᠨ᠎ᠦ ᠠᠵᠢᠯ᠎ᠢ ᠦᠷᠨᠢᠬᠦᠯᠦᠨ᠎ᠠ; ᠲᠦᠩᠯᠢᠶᠣᠤ ᠬᠣᠲᠠ᠎ᠶᠢᠨ ᠲᠣᠮᠢᠯᠠᠭ᠍ᠰᠠᠨ 2 ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠦᠯᠬᠦᠮ ᠬᠦᠷᠢᠶ᠎ᠡ ᠬᠣᠱᠢᠭᠤᠨ᠎ᠤ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌᠂ ᠬᠢᠲᠠᠳ ᠡᠪᠡᠰᠦᠨ ᠡᠮ ᠳᠠᠷᠢᠬᠤ ᠵᠡᠷᠭᠡ ᠭᠤᠤᠯᠯᠠᠬᠤ ᠠᠵᠤ ᠦᠶ᠋ᠯᠡᠰ᠎ᠲᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠯᠪᠠᠰᠤᠷᠠᠯ ᠥᠷᠨᠢᠭᠦᠯᠵᠦ᠍᠂ ᠣᠳᠣᠬᠠᠨ᠎ᠳᠤ ᠨᠢᠭᠡᠨᠲᠡ 55 ᠱᠢᠨ᠎ᠡ ᠡᠭᠦᠯᠳᠡᠷ᠎ᠢ ᠣᠷᠣᠭᠤᠯᠤᠨ ᠠᠪᠴᠢᠷᠠᠵᠤ᠂ ᠡᠯ᠎ᠡ ᠵᠦᠶ᠋ᠯ᠎ᠦᠨ ᠱᠢᠨ᠎ᠡ ᠮᠡᠷᠭᠡᠵᠢᠯ᠎ᠢ 87 ᠎ᠶ᠋ᠢ ᠳᠡᠯᠭᠡᠷᠡᠭᠦᠯᠪᠡ; ᠤᠯᠠᠭᠠᠨᠬᠠᠳᠠ ᠬᠣᠲᠠ᠎ᠶᠢᠨ ᠪᠠᠭᠠᠷᠢᠨ ᠵᠡᠭᠦᠨ ᠬᠣᠱᠢᠭᠤᠨ᠎ᠳᠤ 31ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠴᠢ ᠮᠢᠬᠠᠨ᠎ᠤ ᠦᠬᠡᠷ ᠮᠢᠬᠠᠨ᠎ᠤ ᠬᠣᠨᠢ ᠲᠡᠵᠢᠭᠡᠨ ᠦᠷᠡᠵᠢᠭᠦᠯᠬᠦ᠌᠂ ᠬᠡᠷ᠎ᠦᠨ ᠵᠢᠭᠦᠷᠲᠡᠨ ᠲᠡᠵᠢᠭᠡᠨ ᠦᠷᠡᠵᠢᠭᠦᠯᠬᠦ᠌᠂ ᠡᠷᠳᠡᠨᠢ ᠱᠢᠰᠢ᠎ᠶ᠋ᠢ ᠳᠠᠷᠢᠵᠤ ᠪᠤᠢᠵᠢᠭᠤᠯᠬᠤ ᠵᠡᠷᠭᠡ ᠠᠷᠪᠠ ᠭᠠᠷᠤᠶ ᠬᠦᠷᠢᠶᠡᠨ᠎ᠳᠤ ᠠᠵᠢᠯ ᠦᠷᠨᠢᠬᠦᠯᠦᠨ᠎ᠠ; ᠱᠢᠯᠢ᠎ᠶ᠋ᠢᠨ ᠭᠤᠤᠯ ᠠᠢᠮᠠᠭ᠎ᠤᠨ 15 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠤᠮᠢᠯᠠᠭᠴᠢ ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠮᠠᠯ ᠠᠵᠤ ᠠᠬᠤᠶ᠂ ᠲᠠᠷᠢᠶᠠᠯᠠᠩ᠂ ᠮᠠᠯ᠎ᠤᠨ ᠠᠱᠢᠭ ᠱᠢᠮ᠎ᠡ᠎ᠶ᠋ᠢ ᠨᠠᠷᠢᠯᠢᠭ ᠡᠳ᠋ᠱᠢᠭᠦᠯᠬᠦ᠌᠂ ᠲᠠᠷᠢᠶᠠᠯᠠᠩ ᠮᠠᠯ ᠠᠵᠤ ᠠᠬᠤᠶ᠎ᠶ᠋ᠢᠨ ᠮᠠᠱᠢᠨ ᠮᠧᠬᠠᠨᠢᠭ᠂ ᠡᠯᠡᠰᠦ᠎ᠶ᠋ᠢ ᠵᠠᠰᠠᠬᠤ ᠵᠡᠷᠭᠡ ᠭᠤᠤᠯᠯᠠᠬᠤ ᠠᠵᠤ ᠦᠶ᠋ᠯᠡᠰ᠎ᠢ ᠭᠤᠤᠯᠳᠠᠯᠭ᠎ᠠ᠎ᠲᠠᠶ ᠬᠠᠪᠰᠤᠷᠤᠨ ᠲᠠᠳᠬᠦᠨ᠎ᠡ; ᠤᠯᠠᠭᠠᠨᠴᠠᠪ ᠬᠣᠲᠠ᠎ᠶ᠋ᠢᠨ ᠱᠠᠩᠳᠤ ᠱᠢᠶᠠᠨ᠂ ᠬᠤᠸᠠᠳᠧ ᠱᠢᠶᠠᠨ᠂ ᠳᠥᠷᠪᠡᠳ ᠬᠣᠱᠢᠭᠤᠨ᠎ᠳᠤ 238 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠤᠮᠢᠯᠠᠭᠴᠢ ᠮᠢᠬᠠᠨ᠎ᠤ ᠬᠣᠨᠢ᠂ ᠮᠢᠬᠠᠨ᠎ᠤ ᠦᠬᠡᠷ᠂ ᠲᠥᠮᠥᠰᠥ᠍᠂ ᠲᠡᠵᠢᠭᠡᠯ ᠡᠪᠡᠰᠦ᠂ ᠬᠦᠶ᠋ᠲᠡᠨ ᠰᠡᠷᠢᠭᠦᠨ ᠢᠳᠡᠱᠢᠨ ᠨᠣᠭᠣᠭ᠎ᠠ᠂ ᠬᠠᠭᠤᠷᠠᠶ᠎ᠪᠠᠷ ᠳᠠᠷᠢᠬᠤ ᠡᠯᠳᠡᠪ ᠠᠮᠤ ᠵᠡᠷᠭᠡ ᠭᠤᠤᠯᠯᠠᠬᠤ ᠠᠵᠤ ᠦᠶ᠋ᠯᠡᠰ᠎ᠢ ᠭᠤᠤᠯᠳᠠᠯᠭ᠎ᠠ᠎ᠲᠠᠶ ᠬᠠᠪᠰᠤᠷᠤᠨ ᠲᠡᠳᠬᠦᠨ᠎ᠡ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠤᠮᠢᠯᠠᠭᠴᠢ᠎ᠶᠢᠨ ᠪᠦᠯᠬᠦᠮ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠶ᠋ᠯᠡᠴᠢᠯᠡᠭᠡ ᠪᠣᠯᠤᠨ ᠱᠢᠨ᠎ᠡ᠎ᠶ᠋ᠢ ᠡᠭᠦᠳᠴᠦ᠍ ᠦᠶ᠋ᠯᠡᠰ ᠪᠤᠰᠭᠠᠬᠤ᠎ᠠᠵᠢᠯ᠎ᠢ ᠥᠷᠨᠢᠭᠦᠯᠵᠦ᠍᠂ ᠭᠤᠤᠯᠳᠠᠯᠭ᠎ᠠ᠎ᠲᠠᠶ ᠬᠣᠱᠢᠭᠤ ᠱᠢᠶᠠᠨ᠎ᠳᠤ ᠦᠶ᠋ᠯᠡᠴᠢᠯᠡᠨ᠂ ᠲᠠᠷᠢᠶᠠᠯᠠᠩ᠎ᠤᠨ ᠮᠡᠷᠭᠡᠵᠢᠯ᠎ᠦᠨ ᠲᠦᠪᠱᠢᠨ᠎ᠦ ᠳᠡᠭᠡᠭ᠌ᠰᠢᠯᠡᠯᠲᠡ᠎ᠶ᠋ᠢ ᠠᠬᠢᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠶ᠋ᠯᠡᠴᠢᠯᠡᠭᠡᠨ᠎ᠦ ᠲᠤᠯᠭᠠᠭᠤᠷᠢᠯᠠᠯ ᠬᠠᠩᠭᠠᠵᠤ᠂ ᠭᠤᠤᠯᠳᠠᠯᠭ᠎ᠠ᠎ᠲᠠᠶ ᠬᠣᠱᠢᠭᠤ ᠱᠢᠶᠠᠨ᠎ᠤ ᠭᠤᠤᠯᠯᠠᠬᠤ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠲᠠᠢ᠌ᠴᠢᠯᠠᠬᠤ ᠪᠤᠯᠤᠨ᠎ᠠ᠃

ᠣᠷᠴᠢᠭᠤᠯᠤᠭ᠍ᠴᠢ᠄ᠰᠠᠷᠭᠠᠢ
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号