ᠤᠢᠷ᠎ᠠ᠎ᠳᠤ᠂ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶᠢᠨ ᠵᠦᠪᠯᠡᠯᠬᠡᠨ᠎ᠤ
ᠠᠯᠪᠠᠨ ᠲᠢᠩᠬᠢᠮ ᠡᠴᠡ ᠰᠤᠨᠢᠨ ᠮᠡᠳᠡᠭᠡᠨ᠎ᠤ ᠤᠬᠠᠭᠤᠯᠭ᠎ᠠ᠎ᠶᠢᠨ ᠪᠠᠢᠯᠳᠤᠬᠤ ᠪᠤᠳᠤᠯᠭ᠎ᠠ᠎ᠶᠢᠨ ᠬᠠᠮᠲᠤᠷᠠᠯᠴᠠᠭᠠᠨ᠎ᠤ
ᠨᠢᠭᠡᠴᠢ᠎ᠶᠢᠨ ᠵᠤᠯᠭᠠᠯᠴᠠᠭᠠᠨᠤ ᠬᠤᠷᠠᠯ᠎ᠢ ᠵᠤᠬᠢᠶᠠᠨ ᠪᠠᠢᠭᠤᠯᠤᠨ ᠬᠤᠷᠠᠯᠳᠤᠭᠤᠯᠵᠦ᠂ ᠦᠪᠦᠷ ᠮᠤᠩᠭᠤᠯ᠎ᠤᠨ ᠷᠠᠳᠢᠤ᠋
ᠲᠸᠯᠸᠢᠰ ᠬᠤᠷᠢᠶ᠎ᠠ ᠪᠠ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶᠢᠨ ᠬᠠᠷᠢᠭᠤᠴᠠᠯᠭᠠᠲᠠᠨ᠂ ᠰᠤᠨᠢᠨ
ᠮᠡᠳᠡᠭᠡᠨ᠎ᠤ ᠰᠤᠷᠪᠤᠯᠵᠢᠯᠠᠬᠴᠢ ᠨᠠᠷ᠎ᠢ ᠤᠷᠢᠵᠦ᠂ 《ᠤᠯᠤᠰ ᠲᠦᠷᠦ᠎ᠶᠢᠨ
ᠵᠦᠪᠯᠡᠯᠬᠡᠨ᠎ᠤ ᠰᠤᠨᠢᠨ ᠮᠡᠳᠡᠭᠡ ᠤᠬᠠᠭᠤᠯᠭ᠎ᠠ᠎ᠶᠢᠨ ᠠᠵᠢᠯ᠎ᠤᠨ ᠲᠦᠪᠰᠢᠨ᠎ᠢ ᠬᠡᠷᠬᠢᠨ ᠳᠡᠭᠡᠭᠰᠢᠯᠡᠬᠦᠯᠬᠦ》ᠰᠡᠳᠦᠪ᠎ᠤᠨ ᠲᠤᠭᠤᠷᠢᠨ᠎ᠳᠤ ᠶᠠᠷᠢᠯᠴᠠᠭ᠎ᠠ ᠦᠷᠨᠢᠬᠦᠯᠪᠡ᠃
ᠬᠤᠷᠠᠯ ᠳᠡᠭᠡᠷ᠎ᠡ᠂ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶᠢᠨ
ᠵᠦᠪᠯᠡᠯᠬᠡᠨ᠎ᠤ ᠬᠠᠮᠢᠶ᠎ᠠ ᠪᠦᠬᠦᠢ ᠬᠠᠷᠢᠭᠤᠴᠠᠯᠭᠠᠲᠠᠨ ᠡᠴᠡ ᠤᠢᠷ᠎ᠠ᠎ᠶᠢᠨ ᠵᠢᠯ᠎ᠤᠨ ᠲᠤᠷᠰᠢᠬᠢ ᠤᠯᠤᠰ ᠲᠦᠷᠦ᠎ᠶᠢᠨ
ᠵᠦᠪᠯᠡᠯᠬᠡᠨ᠎ᠤ ᠰᠢᠰᠲᠸᠮ᠎ᠤᠨ ᠰᠤᠨᠢᠨ ᠮᠡᠳᠡᠭᠡ ᠤᠬᠠᠭᠤᠯᠭ᠎ᠠ᠎ᠶᠢᠨ ᠠᠵᠢᠯ ᠦᠷᠨᠢᠬᠦᠯᠦᠭᠰᠡᠨ ᠪᠠᠢᠳᠠᠯ᠎ᠢ ᠲᠠᠨᠢᠯᠴᠠᠭᠤᠯᠤᠬᠰᠠᠨ
ᠪᠦᠭᠡᠳ ᠵᠠᠭᠤᠴᠢᠯᠠᠭᠤᠷ᠎ᠤᠨ ᠠᠭᠤᠰᠤᠯᠴᠠᠨ ᠬᠦᠭᠵᠢᠬᠦ ᠬᠠᠨᠳᠤᠰᠢ᠎ᠶᠢ ᠬᠡᠷᠬᠢᠨ ᠡᠵᠡᠮᠳᠡᠬᠦ᠂ ᠤᠯᠤᠰ ᠲᠦᠷᠦ᠎ᠶᠢᠨ
ᠵᠦᠪᠯᠡᠯᠬᠡᠨ᠎ᠤ ᠰᠤᠨᠢᠨ ᠮᠡᠳᠡᠭᠡ ᠤᠬᠠᠭᠤᠯᠭ᠎ᠠ᠎ᠶᠢᠨ ᠠᠵᠢᠯ᠎ᠢ ᠬᠡᠷᠬᠢᠨ ᠳᠠᠬᠢᠨ ᠰᠢᠨ᠎ᠡ ᠳᠡᠭᠲᠡᠷ᠎ᠲᠤ ᠭᠠᠷᠭᠠᠬᠤ᠎ᠶᠢ
ᠠᠬᠢᠭᠤᠯᠬᠤ ᠲᠤᠬᠠᠢ ᠤᠯᠠᠨ ᠲᠠᠢ ᠰᠠᠨᠠᠯ᠎ᠢᠶᠡᠨ ᠰᠤᠯᠢᠯᠴᠠᠨ ᠶᠠᠷᠢᠯᠴᠠᠪᠠ᠃ ᠡᠯ᠎ᠠ ᠵᠠᠭᠤᠴᠢᠯᠠᠭᠤᠷ᠎ᠤᠨ ᠲᠦᠯᠦᠭᠡᠯᠡᠭᠴᠢ
ᠡᠴᠡ ᠬᠤᠢᠰᠢᠲᠠ ᠡᠯ᠎ᠡ ᠱᠠᠲᠦᠨ᠎ᠤ ᠤᠯᠤᠰ ᠲᠦᠷᠦ᠎ᠶᠢᠨ ᠵᠦᠪᠯᠡᠯᠬᠡᠨ᠎ᠤ ᠵᠤᠬᠢᠶᠠᠨ ᠪᠠᠢᠭᠤᠯᠤᠯᠲᠠ ᠯᠤᠭ᠎ᠠ᠎ᠶᠢᠨ
ᠬᠠᠷᠢᠯᠴᠠᠭ᠎ᠠ ᠨᠡᠪᠲᠡᠷᠡᠯᠴᠡᠭᠡ ᠪᠠᠨ ᠤᠯᠠᠮ ᠴᠢᠨᠠᠬᠰᠢᠲᠠ ᠴᠢᠩᠭᠠᠳᠬᠠᠵᠦ᠂ ᠤᠬᠠᠭᠤᠯᠭ᠎ᠠ᠎ᠶᠢᠨ ᠠᠷᠭ᠎ᠠ ᠬᠡᠯᠪᠡᠷᠢ
ᠪᠠᠨ ᠢᠳᠡᠪᠬᠢᠲᠡᠢ ᠰᠢᠨᠡᠴᠢᠯᠡᠵᠦ᠂ ᠨᠡᠩ ᠬᠦᠨᠵᠡᠭᠡᠢ᠂ ᠨᠡᠩ ᠠᠮᠢᠳᠤᠯᠢᠭ᠂ ᠨᠡᠩ ᠨᠦᠯᠦᠭᠡᠯᠡᠬᠦ ᠬᠦᠴᠦᠨ ᠲᠠᠢ ᠤᠬᠠᠭᠤᠯᠭ᠎ᠠ
ᠮᠡᠳᠡᠭᠡᠯᠡᠯ᠎ᠢ ᠨᠡᠢᠲᠡᠯᠡᠵᠦ᠂ ᠨᠡᠩ ᠦᠨᠳᠦᠷ ᠳᠠᠪᠬᠤᠷᠭ᠎ᠠ᠂ ᠨᠡᠩ ᠶᠡᠬᠡ ᠬᠡᠪᠴᠢᠶᠡᠨ᠎ᠳᠤ ᠦᠪᠦᠷ ᠮᠤᠩᠭᠤᠯ᠎ᠤᠨ
ᠦᠯᠢᠭᠡᠷ᠎ᠢ ᠰᠠᠢᠲᠤᠷ ᠶᠠᠷᠢᠵᠦ᠂ ᠤᠯᠤᠰ ᠲᠦᠷᠦ᠎ᠶᠢᠨ ᠵᠦᠪᠯᠡᠯᠬᠡᠨ᠎ᠤ ᠳᠠᠭᠤᠨ ᠬᠤᠭᠤᠯᠠᠢ᠎ᠶᠢ ᠳᠠᠮᠵᠢᠭᠤᠯᠤᠨᠡ
ᠭᠡᠵᠦ ᠢᠯᠡᠷᠬᠡᠢᠯᠡᠵᠡᠭᠡᠪᠡ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号