ᠬᠠᠤᠯᠢᠵᠢᠯ ᠤ᠋ᠨ ᠵᠠᠮ ᠳᠡᠭᠡᠷ᠎ᠡ ᠦᠨᠳᠦᠰᠦᠲᠡᠨ᠎ᠦ ᠬᠡᠷᠡᠭ ᠶᠠᠪᠤᠳᠠᠯ ᠎ᠢ ᠵᠠᠰᠠᠬᠤ ᠬᠡᠷᠡᠭᠳᠡᠢ
2021-11-12 10:12:40
ᠵᠣᠬᠢᠶᠠᠭ᠍ᠴᠢ᠄
ᠳ᠋ᠠᠶ ᠬᠣᠩ ᠯᠢ ᠬᠠᠨ
ᠣᠩᠱᠢᠭ᠍ᠰᠠᠨ ᠣᠳᠠᠭ᠎ᠠ᠄
★★★☆☆

ᠬᠠᠤᠯᠢᠵᠢᠯ ᠪᠣᠯ ᠲᠦᠷᠦ ᠵᠢ ᠵᠠᠰᠠᠬᠤ ᠎ᠶ᠋ᠢᠨ ᠡᠬᠢᠯᠡᠯᠲᠡ ᠮᠥᠨ᠃ ᠬᠠᠤᠯᠢᠵᠢᠯ ᠪᠣᠯ ᠮᠠᠨ᠎ᠤ ᠨᠠᠮ ᠎ᠤᠨ ᠲᠦᠷᠦ᠍ ᠎ᠶ᠋ᠢ ᠵᠠᠰᠠᠵᠤ ᠵᠠᠰᠠᠭ᠎ᠢ ᠡᠷᠬᠢᠯᠡᠬᠦ᠌ ᠦᠨᠳᠦᠰᠦᠨ ᠠᠷᠭ᠎ᠠ ᠮᠠᠶᠢᠭ ᠮᠥᠨ ᠂ ᠦᠨᠳᠦᠰᠦᠲᠡᠨ ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ ᠪᠣᠯ ᠮᠠᠨ᠎ᠤ ᠨᠠᠮ᠎ᠤᠨ ᠦᠨᠳᠦᠰᠦᠲᠡᠨ᠎ᠦ ᠠᠵᠢᠯ ᠎ᠤᠨ ᠨᠢᠭᠡᠨ ᠦᠨᠳᠦᠰᠦᠨ ᠲᠤᠷᠱᠢᠯᠭ᠎ᠠ ᠮᠥᠨ᠃ ᠬᠠᠤᠯᠢᠵᠢᠯ᠎ᠤᠨ ᠵᠠᠮ ᠳᠡᠭᠡᠷ᠎ᠡ ᠦᠨᠳᠦᠰᠦᠲᠡᠨ᠎ᠦ ᠬᠡᠷᠡᠭ ᠶᠠᠪᠤᠳᠠᠯ᠎ᠢ ᠵᠠᠰᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ ᠎ᠶ᠋ᠢᠨ ᠎ᠱᠢᠰᠲ᠋ᠧᠮ ᠎ᠪᠣᠯᠤᠨ ᠎ᠵᠠᠰᠠᠯᠲᠠ ᠎ᠶ᠋ᠢᠨ ᠎ᠴᠢᠳᠠᠪᠤᠷᠢ ᠎ᠶ᠋ᠢᠨ ᠣᠳᠣᠬᠢᠴᠢᠯᠠᠯᠲᠠ ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠪᠣᠯ ᠰᠠᠢ᠌ᠨ ᠬᠠᠤᠯᠢ ᠪᠣᠯᠤᠨ ᠴᠢᠳᠠᠮᠠᠭᠠᠢ ᠵᠠᠰᠠᠯᠲᠠ᠎ᠶ᠋ᠢ ᠪᠡᠶᠡᠯᠡᠭᠦᠯᠬᠦ᠌ ᠎ᠳᠦ ᠵᠠᠪᠠᠯ ᠵᠠᠮᠨᠠᠬᠤ ᠵᠠᠮ ᠮᠥᠨ᠃

ᠬᠠᠤᠯᠢ ᠶᠣᠰᠣᠭᠠᠷ ᠦᠨᠳᠦᠰᠦᠲᠡᠨ ᠎ᠦ ᠬᠡᠷᠡᠭ ᠶᠠᠪᠤᠳᠠᠯ᠎ᠢ ᠵᠠᠰᠠᠬᠤ ᠪᠣᠯ ᠪᠦᠬᠦ᠌ ᠲᠠᠯ᠎ᠠ ᠎ᠪᠠᠷ ᠬᠠᠤᠯᠢ ᠶᠣᠰᠣᠭᠠᠷ ᠤᠯᠤᠰ ᠎ᠢᠶᠠᠨ ᠵᠠᠰᠠᠬᠤ ᠎ᠶ᠋ᠢᠨ ᠴᠢᠬᠤᠯᠠ ᠠᠭᠤᠯᠭ᠎ᠠ ᠮᠥᠨ᠃ ᠭᠠᠭ᠍ᠴᠠ ᠬᠦ᠌ ᠬᠠᠤᠯᠢ ᠶᠣᠰᠣᠭᠠᠷ ᠦᠨᠳᠦᠰᠦᠲᠡᠨ ᠎ᠦ ᠬᠡᠷᠡᠭ ᠶᠠᠪᠤᠳᠠᠯ ᠎ᠢ  ᠵᠠᠰᠠᠪᠠᠯ ᠰᠠᠶᠢ ᠦᠨᠳᠦᠰᠦᠲᠡᠨ ᠎ᠦ ᠭᠠᠵᠠᠷ ᠣᠷᠣᠨ ᠎ᠤ ᠨᠡᠢᠭᠡᠮ ᠎ᠦᠨ ᠠᠮᠢᠵᠢᠷᠠᠯ ᠎ᠤᠨ ᠬᠦᠴᠦᠨ᠎ᠢ ᠴᠢᠯᠥᠭᠡᠯᠡᠨ ᠴᠢᠩᠭᠠᠳᠬᠠᠵᠦ᠂ ᠲᠥᠪ ᠭᠣᠣᠯᠴᠢ ᠱᠢᠳᠤᠷᠭᠤ ᠶᠣᠰᠣ ᠎ᠶ᠋ᠢ ᠠᠬᠢᠭᠤᠯᠵᠦ᠂ ᠨᠡᠢᠭᠡᠮ ᠎ᠦᠨ ᠲᠣᠭ᠍ᠲᠠᠭᠤᠨ ᠪᠠᠢᠳᠠᠯ ᠎ᠢ ᠬᠠᠮᠠᠭᠠᠯᠠᠵᠤ ᠂ ᠥᠨᠢ ᠤᠳᠠᠭᠠᠨ ᠠᠮᠤᠷ ᠲᠦᠪᠱᠢᠨ ᠪᠠᠢᠬᠤ ᠎ᠶ᠋ᠢ ᠦᠨᠡᠨ ᠬᠦ᠌ ᠪᠠᠲᠤᠯᠠᠵᠤ ᠴᠢᠳᠠᠨ᠎ᠠ ; ᠭᠠᠭ᠍ᠴᠠ ᠬᠦ᠌ ᠬᠠᠤᠯᠢ ᠴᠠᠭᠠᠵᠠ ᠎ᠶ᠋ᠢᠨ ᠲᠣᠣᠷ ᠎ᠢ ᠨᠢᠭ᠍ᠲᠠ ᠰᠦᠯᠵᠢᠵᠦ᠍᠂ ᠬᠠᠤᠯᠢᠵᠢᠯ ᠤ᠋ᠨ  ᠬᠦᠴᠦᠨ ᠎ᠢ ᠴᠢᠩᠭᠠᠳᠭᠠᠪᠠᠯ ᠰᠠᠶᠢ ᠦᠨᠳᠦᠰᠦᠲᠡᠨ ᠎ᠦ ᠭᠠᠵᠠᠷ ᠣᠷᠣᠨ ᠎ᠤ ᠠᠵᠢᠯ ᠦᠢᠯᠡᠰ ᠎ᠦᠨ ᠬᠥᠭ᠌ᠵᠢᠯᠲᠡ᠎ᠳᠦ ᠦᠨᠳᠦᠰᠦᠨ ᠴᠢᠨᠠᠷᠲᠠᠢ᠂ ᠪᠦᠬᠦ᠌ ᠲᠠᠯ᠎ᠠ᠎ᠶ᠋ᠢᠨ ᠴᠢᠨᠠᠷᠲᠠᠢ᠂ ᠤᠷᠲᠤ ᠬᠤᠭᠤᠴᠠᠭᠠᠨ᠎ᠤ ᠴᠢᠨᠠᠷᠲᠠᠢ ᠳᠦᠷᠢᠮ᠎ᠦᠨ ᠪᠠᠲᠤᠯᠠᠭ᠎ᠠ ᠬᠠᠩᠭᠠᠵᠤ᠂ ᠦᠨᠳᠦᠰᠦᠲᠡᠨ᠎ᠦ ᠠᠰᠠᠭᠤᠳᠠᠯ ᠎ᠢ ᠱᠢᠢᠳᠪᠦᠷᠢᠯᠡᠬᠦ᠌ ᠎ᠳᠦ ᠪᠤᠷᠤᠭᠤ ᠭᠠᠷᠭᠠᠬᠤ ᠦᠭᠡᠢ᠂ ᠦᠨᠳᠦᠰᠦᠲᠡᠨ ᠎ᠦ ᠬᠠᠷᠢᠴᠠᠭ᠎ᠠ ᠎ᠶ᠋ᠢ ᠵᠣᠬᠢᠴᠠᠭᠤᠯᠬᠤ ᠎ᠳᠤ ᠴᠢᠭᠯᠡᠯᠳᠡ ᠵᠢ ᠬᠤᠪᠢᠷᠠᠭᠤᠯᠬᠤ ᠦᠭᠡᠢ ᠪᠠᠢᠬᠤ ᠎ᠶ᠋ᠢ ᠎ᠦᠨᠡᠨ ᠎ᠬᠦ᠌ ᠪᠠᠲᠤᠯᠠᠵᠤ᠂ ᠦᠨᠳᠦᠰᠦᠲᠡᠨ᠎ᠦ ᠠᠵᠢᠯ ᠎ᠤᠨ ᠬᠡᠯᠪᠡᠢᠬᠦ᠌ ᠦᠭᠡᠢ ᠪᠠᠢᠬᠤ ᠎ᠶ᠋ᠢ ᠠᠬᠢᠭᠤᠯᠵᠤ ᠴᠢᠳᠠᠨ᠎ᠠ᠃

ᠬᠠᠤᠯᠢ ᠶᠣᠰᠣᠭᠠᠷ ᠦᠨᠳᠦᠰᠦᠲᠡᠨ᠎ᠦ ᠬᠡᠷᠡᠭ ᠶᠠᠪᠤᠳᠠᠯ᠎ᠢ  ᠵᠠᠰᠠᠬᠤ  ᠪᠣᠯ ᠦᠨᠳᠦᠰᠦᠲᠡᠨ ᠎ᠦ ᠪᠦᠯᠬᠦᠮᠳᠡᠯ ᠎ᠢ ᠠᠬᠢᠭᠤᠯᠬᠤ ᠴᠢᠬᠤᠯᠠ ᠪᠠᠲᠤᠯᠠᠭ᠎ᠠ ᠮᠥᠨ᠃ ᠮᠠᠨ ᠎ᠤ ᠤᠯᠤᠰ ᠎ᠤᠨ ᠬᠠᠮᠤᠭ᠎ᠤᠨ ᠡᠷᠲᠡ ᠪᠠᠢᠭᠤᠯᠤᠭ᠍ᠳᠠᠬᠰᠠᠨ ᠦᠨᠳᠦᠰᠦᠲᠡᠨ ᠎ᠦ ᠥᠪᠡᠷᠲᠡᠭᠡᠨ ᠵᠠᠰᠠᠬᠤ ᠣᠷᠣᠨ ᠪᠣᠯᠤᠭ᠍ᠰᠠᠨ᠎ᠤ ᠬᠤᠪᠢ ᠎ᠳᠤ᠂ 70 ᠭᠠᠷᠤᠶ ᠵᠢᠯ ᠎ᠦᠨ ᠲᠤᠷᠰᠢ ᠥᠪᠥᠷ ᠮᠣᠩᠭᠣᠯ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ ᠎ᠢ ᠲᠠᠰᠤᠷᠠᠯᠲᠠ ᠥᠬᠡᠶ ᠪᠠᠷᠢᠮᠲᠠᠯᠠᠨ ᠲᠡᠭᠦᠯᠳᠡᠷᠵᠢᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠢᠷᠠᠭᠤ ᠠᠯᠳᠠᠷ᠎ᠢ ᠪᠠᠳᠤᠯᠠᠨ ᠬᠠᠮᠠᠭᠠᠯᠠᠬᠰᠠᠭᠠᠷ ᠢᠷᠡᠵᠡᠢ᠃ ᠡᠨᠡ ᠵᠢᠯ ᠎ᠦᠨ 5 ᠰᠠᠷ᠎ᠠ ᠎ᠶ᠋ᠢᠨ 1 ᠤ᠋ ᠡᠳᠦᠷ᠂ 《ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢ ᠠᠬᠢᠭᠤᠯᠬᠤ ᠲᠦᠷᠢᠮ》 ᠢ᠋ ᠵᠢᠩᠬᠢᠨᠢ ᠎ᠪᠡᠷ ᠬᠡᠷᠡᠭ᠌ᠵᠢᠭᠦᠯᠵᠦ᠍᠂ ᠥᠪᠥᠷ ᠮᠣᠩᠭᠣᠯ ᠎ᠤᠨ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢ ᠡᠭᠦᠳᠦᠨ ᠪᠠᠢᠭᠤᠯᠬᠤ ᠠᠵᠢᠯᠯᠠᠭ᠎ᠠ ᠎ᠶ᠋ᠢᠨ ᠪᠠᠶᠠᠯᠢᠭ ᠲᠤᠷᠱᠢᠯᠭ᠎ᠠ᠎ᠶ᠋ᠢ ᠬᠠᠤᠯᠢ ᠲᠣᠭ᠍ᠲᠠᠭᠠᠬᠤ ᠬᠡᠯᠪᠡᠷᠢ ᠎ᠪᠡᠷ ᠪᠠᠳᠤᠤᠬᠠᠠᠵᠤ᠂ ᠦᠨᠳᠦᠰᠦᠲᠡᠨ ᠎ᠦ ᠠᠵᠢᠯ ᠎ᠢ ᠬᠠᠤᠯᠢ ᠎ᠪᠠᠷ ᠵᠠᠰᠠᠬᠤ ᠴᠣ ᠱᠢᠨ᠎ᠡ ᠪᠠᠢᠳᠠᠯ ᠎ᠢ ᠡᠭᠦᠳᠴᠡᠶ᠃ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ ᠨᠢ ᠬᠠᠤᠯᠢ ᠎ᠶᠤᠰᠤᠭᠠᠷ ᠣᠷᠣᠨ᠎ᠢᠶᠠᠨ ᠵᠠᠰᠠᠬᠤ ᠎ᠲᠠᠶ ᠰᠠᠯᠤᠰᠢ ᠦᠭᠡᠢ ᠨᠢᠭ᠍ᠲᠠ ᠬᠣᠯᠪᠣᠭ᠎ᠠ᠎ᠲᠠᠶ᠂ ᠬᠠᠤᠯᠢᠵᠢᠯ᠎ᠨᠢ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ᠎ᠳᠤ ᠪᠠᠷᠢᠮᠵᠢᠶ᠎ᠠ ᠬᠠᠩᠭᠠᠵᠤ᠂ ᠦᠨᠳᠦᠰᠦᠲᠡᠨ ᠎ᠦ ᠪᠦᠯᠬᠦᠮᠳᠡᠯ ᠎ᠢ ᠬᠠᠮᠠᠭᠠᠯᠠᠬᠤ ᠎ᠳᠤ ᠦᠢᠯᠡ ᠠᠵᠢᠯᠯᠠᠭ᠎ᠠ ᠎ᠶ᠋ᠢᠨ ᠵᠢᠷᠤᠮᠵᠢᠯ ᠬᠠᠩᠭᠠᠵᠤ᠂ ᠶᠠᠯᠠᠲᠤ ᠠᠵᠢᠯᠯᠠᠭ᠎ᠠ ᠎ᠳᠤ ᠴᠣᠬᠢᠯᠲᠠ ᠥᠭ᠌ᠬᠦ᠂ ᠠᠶᠤᠯ ᠲᠦᠭ᠌ᠰᠢᠭᠦᠷᠢ ᠎ᠶ᠋ᠢ ᠰᠡᠷᠭᠡᠢᠯᠡᠬᠦ᠌ ᠎ᠳᠦ ᠵᠡᠪᠰᠡᠭ ᠬᠠᠩᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠬᠦᠴᠦᠷᠬᠡᠭ ᠶᠡᠬᠡ ᠢᠳᠡᠪᠬᠢ ᠬᠦᠴᠦᠨ ᠨᠡᠮᠡᠷᠢᠯᠡᠵᠦ᠍᠂ 《ᠴᠣᠭ᠍ᠴᠠᠯᠠᠬᠤ》 ᠦᠷ᠎ᠡ ᠪᠦᠲᠦᠮᠵᠢ ᠎ᠶ᠋ᠢ ᠪᠠᠲᠤᠯᠠᠵᠤ᠂ 《ᠪᠠᠲᠤ ᠪᠡᠬᠢ ᠪᠤᠯᠭᠠᠬᠤ》 ᠬᠠᠷᠠᠯᠲᠠ᠎ᠳᠤ ᠬᠦᠷᠬᠦ᠌᠎ᠳᠦ ᠠᠱᠢᠭ᠍ᠲᠠᠢ ᠶᠤᠮ ᠭᠡᠵᠦ᠍ ᠬᠡᠯᠡᠵᠦ᠍ ᠪᠣᠯᠤᠨ᠎ᠠ᠃

ᠰᠠᠢᠨ ᠬᠠᠤᠯᠢ ᠴᠢᠳᠠᠮᠠᠭᠠᠢ ᠵᠠᠰᠠᠯᠲᠠ ᠨᠢ ᠠᠷᠠᠳ᠎ᠤᠨ ᠬᠦᠰᠡᠯ ᠡᠷᠡᠮᠡᠯᠵᠡᠯ ᠮᠦᠨ᠃ ᠬᠠᠤᠯᠢᠵᠢᠯ ᠎ᠤᠨ ᠵᠣᠷᠢᠭ ᠰᠠᠨᠠᠭ᠎ᠠ ᠎ᠶ᠋ᠢ ᠶᠡᠬᠡ ᠎ᠪᠡᠷ ᠪᠠᠳᠠᠷᠠᠭᠤᠯᠵᠤ ᠂ ᠬᠠᠤᠯᠢ ᠎ᠪᠠᠷ ᠤᠯᠤᠰ ᠎ᠢᠶᠠᠨ ᠵᠠᠰᠠᠬᠤ ᠱᠠᠭᠠᠷᠳᠠᠯᠭ᠎ᠠ ᠎ᠶ᠋ᠢ ᠦᠨᠳᠦᠰᠦᠲᠡᠨ ᠎ᠦ ᠠᠵᠢᠯ ᠎ᠤᠨ ᠪᠦᠬᠦ᠌ ᠶᠠᠪᠤᠴᠠ ᠎ᠳᠤ ᠢᠯᠡᠷᠡᠭᠦᠯᠵᠦ᠍ ᠂ ᠦᠨᠳᠦᠰᠦᠲᠡᠨ ᠎ᠦ ᠬᠡᠷᠡᠭ ᠶᠠᠪᠤᠳᠠᠯ ᠎ᠤᠨ ᠵᠠᠰᠠᠯᠲᠠ ᠎ᠶ᠋ᠢᠨ ᠱᠢᠰᠲ᠋ᠧᠮ ᠪᠣᠯᠤᠨ ᠵᠠᠰᠠᠯᠲᠠ ᠎ᠶ᠋ᠢᠨ ᠴᠢᠳᠠᠪᠤᠷᠢ ᠎ᠶ᠋ᠢᠨ ᠣᠳᠣᠬᠢᠴᠢᠯᠠᠯᠲᠠ ᠎ᠶ᠋ᠢᠨ ᠲᠦᠪᠱᠢᠨ ᠎ᠢ ᠬᠦᠴᠦᠯᠡᠨ ᠳᠡᠭᠡᠭ᠌ᠰᠢᠯᠡᠭᠦᠯᠬᠦ ᠬᠡᠷᠡᠭᠳᠡᠢ᠃ ᠬᠠᠤᠯᠢᠵᠢᠯ  ᠤ᠋ᠨ ᠵᠠᠮ ᠲᠡᠭᠡᠷ᠎ᠠ ᠦᠨᠳᠦᠰᠦᠲᠡᠨ ᠎ᠦ ᠬᠡᠷᠡᠭ ᠶᠠᠪᠤᠳᠠᠯ ᠢ᠋ ᠵᠠᠰᠠᠬᠤ ᠎ᠶ᠋ᠢ ᠪᠠᠷᠢᠮᠲᠠᠯᠠᠵᠤ᠂ ᠬᠠᠤᠯᠢᠵᠢᠯ ᠤ᠋ᠨ ᠰᠡᠳᠭᠢᠬᠦᠶ ᠪᠣᠯᠤᠨ ᠬᠠᠤᠯᠢᠵᠢᠯ ᠤ᠋ᠨ ᠠᠷᠭ᠎ᠠ ᠮᠠᠶᠢᠭ ᠎ᠢᠶᠠᠷ ᠲᠦᠭ᠌ᠰᠢᠭᠦᠷᠢ ᠎ᠶ᠋ᠢ ᠰᠡᠷᠭᠡᠢᠯᠡᠵᠦ᠂ ᠶᠠᠯᠠᠲᠤ ᠠᠵᠢᠯᠯᠠᠭ᠎ᠠ ᠎ᠳᠤ ᠴᠣᠬᠢᠯᠲᠠ ᠥᠭ᠌ᠴᠦ᠂ ᠠᠰᠠᠭᠤᠳᠠᠯ᠎ᠢ ᠱᠢᠶ᠋ᠳᠪᠦᠷᠢᠯᠡᠵᠦ᠂ ᠵᠥᠷᠢᠴᠡᠯ᠎ᠢ ᠠᠷᠢᠯᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠎ᠦ ᠬᠠᠤᠯᠢ ᠶᠣᠰᠣᠨ ᠎ᠤ ᠡᠷᠬᠡ ᠠᠱᠢᠭ ᠎ᠢ ᠬᠠᠤᠯᠢ ᠶᠣᠰᠣᠭᠠᠷ ᠪᠠᠲᠤᠯᠠᠵᠤ᠂ ᠬᠠᠤᠯᠢ ᠴᠠᠭᠠᠵᠠ ᠶ᠋ᠢᠨ ᠡᠮᠦᠨ᠎ᠡ ᠬᠥᠮᠦᠨ ᠪᠦᠬᠦᠨ ᠡᠷᠬᠡ ᠲᠡᠭ᠌ᠰᠢ ᠪᠠᠢᠬᠤ ᠎ᠶ᠋ᠢ ᠪᠡᠶᠡᠯᠡᠭᠦᠯᠬᠦ ᠬᠡᠷᠡᠭᠳᠡᠢ᠃ ᠨᠠᠮ ᠎ᠤᠨ ᠦᠨᠳᠦᠰᠦᠲᠡᠨ ᠎ᠦ ᠤᠨᠤᠯ ᠪᠠ ᠦᠨᠳᠦᠰᠦᠲᠡᠨ ᠎ᠦ ᠲᠦᠷᠦ᠍ ᠎ᠶ᠋ᠢᠨ ᠪᠤᠳᠤᠯᠭ᠎ᠠ ᠎ᠶ᠋ᠢ ᠡᠷᠡᠰ ᠲᠤᠭᠤᠱᠢᠯᠠᠭᠤᠯᠵᠤ᠂ ᠦᠨᠳᠦᠰᠦᠲᠡᠨ ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ ᠎ᠢ ᠪᠠᠷᠢᠮᠲᠠᠯᠠᠨ ᠬᠥᠭ᠌ᠵᠢᠭᠦᠯᠵᠦ᠍᠂ ᠤᠯᠤᠰ᠎ᠤᠨ ᠬᠠᠤᠯᠢ ᠲᠦᠷᠢᠮ᠎ᠦᠨ ᠨᠢᠭᠡᠳᠦᠯ ᠪᠠ ᠵᠠᠰᠠᠭ ᠎ᠤᠨ ᠵᠠᠷᠯᠢᠭ ᠎ᠤᠨ ᠰᠠᠭᠠᠳ ᠦᠭᠡᠢ ᠶᠠᠪᠤᠭ᠍ᠳᠠᠬᠤ ᠎ᠶ᠋ᠢ ᠪᠠᠲᠤᠯᠠᠭ᠍ᠰᠠᠨ ᠤ᠋ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠡᠷᠬᠡ ᠎ᠪᠡᠨ ᠬᠠᠤᠯᠢ ᠶᠣᠰᠣᠭᠠᠷ ᠵᠥᠪ ᠬᠡᠷᠡᠭ᠌ᠵᠢᠭᠦᠯᠬᠦ ᠬᠡᠷᠡᠭᠳᠡᠢ᠃ ᠬᠠᠤᠯᠢᠵᠢᠯ ᠎ᠤᠨ ᠤᠬᠠᠭᠤᠯᠭ᠎ᠠ ᠬᠥᠮᠦᠵᠢᠯ ᠎ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠤᠯᠢ᠎ᠶ᠋ᠢ ᠬᠦᠨᠳᠦᠳᠭᠡᠬᠦ᠌᠂ ᠬᠠᠤᠯᠢ ᠎ᠶ᠋ᠢ ᠰᠤᠷᠤᠯᠴᠠᠬᠤ᠂ ᠬᠠᠤᠯᠢ ᠎ᠶ᠋ᠢ ᠰᠠᠬᠢᠬᠤ ᠂ ᠬᠠᠤᠯᠢ ᠎ᠶ᠋ᠢ ᠬᠡᠷᠡᠭ᠌ᠯᠡᠬᠦ᠌᠎ᠶ᠋ᠢ ᠬᠦᠳᠦᠯᠦᠨ ᠵᠢᠯᠣᠭᠣᠳᠴᠤ᠌᠂ 《ᠨᠢᠳᠤᠨ᠎ᠳᠦ᠎ᠦᠵᠡᠭ᠌ᠳᠡᠮ᠎ᠡ》 ᠬᠠᠤᠯᠢᠵᠢᠯ᠎ᠤᠨ ᠬᠡᠯᠪᠡᠷᠢ ᠎ᠶ᠋ᠢ ᠰᠡᠳᠭᠢᠯ ᠎ᠳᠤᠨᠢ ᠦᠨᠳᠦᠰᠦᠯᠡᠭ᠌ᠦᠯᠦᠭᠰᠡᠨ ᠬᠠᠤᠯᠢᠵᠢᠯ ᠎ᠤᠨ ᠢᠲᠡᠭᠡᠯ ᠪᠢᠱᠢᠷᠡᠯ ᠪᠣᠯᠭᠠᠵᠤ᠂ ᠠᠵᠢᠯ ᠬᠢᠬᠦ᠌ ᠎ᠳᠦ ᠬᠠᠤᠯᠢ ᠎ᠶ᠋ᠢ ᠵᠢᠷᠤᠮᠯᠠᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ ᠎ᠶ᠋ᠢ ᠡᠷᠢᠬᠦ᠌᠂ ᠠᠰᠠᠭᠤᠳᠠᠯ ᠎ᠢ ᠱᠢᠢᠳᠪᠦᠷᠢᠯᠡᠬᠦ᠌ ᠎ᠳᠦ ᠬᠠᠤᠯᠢ᠎ᠶ᠋ᠢ ᠬᠡᠷᠡᠭ᠌ᠯᠡᠬᠦ᠌᠂ ᠵᠥᠷᠢᠴᠡᠯ᠎ᠢ ᠱᠢᠢᠳᠪᠦᠷᠢᠯᠡᠬᠦ᠌᠎ᠳᠦ ᠬᠠᠤᠯᠢ ᠎ᠳᠤ ᠲᠦᠱᠢᠭ᠌ᠯᠡᠬᠦ᠌ ᠳᠠᠳᠭᠠᠯ᠎ᠢ ᠠᠯᠬᠤᠮ ᠠᠯᠬᠤᠮ ᠎ᠢᠶᠠᠷ ᠪᠤᠢ ᠪᠣᠯᠭᠠᠵᠤ ᠂ ᠰᠠᠢ᠌ᠨ ᠰᠠᠢᠬᠠᠨ ᠬᠠᠤᠯᠢᠵᠢᠯ ᠎ᠤᠨ ᠣᠷᠴᠢᠨ ᠲᠣᠭᠣᠷᠢᠨ ᠎ᠢ ᠪᠤᠢ ᠪᠣᠯᠭᠠᠬᠤ ᠬᠡᠷᠡᠭᠳᠡᠢ᠃

ᠦᠨᠳᠦᠰᠦ ᠭᠦᠨ ᠪᠣᠯ ᠨᠠᠪᠴᠢ ᠰᠠᠬᠤᠯᠢᠭ᠃ ᠭᠠᠭ᠍ᠴᠠ ᠬᠦ᠌ ᠬᠠᠤᠯᠢᠵᠢᠯ ᠤ᠋ᠨ ᠵᠠᠮ ᠳᠡᠭᠡᠷ᠎ᠡ ᠦᠨᠳᠦᠰᠦᠲᠡᠨ᠎ᠦ ᠬᠡᠷᠡᠭ ᠶᠠᠪᠤᠳᠠᠯ᠎ᠢ ᠵᠠᠰᠠᠵᠤ᠂ ᠬᠠᠤᠯᠢᠵᠢᠯ ᠵᠢᠡᠷ ᠦᠨᠳᠦᠰᠦᠲᠡᠨ ᠎ᠦ ᠪᠦᠯᠬᠦᠮᠳᠡᠯ ᠎ᠢ ᠪᠠᠲᠤᠯᠠᠪᠠᠯ ᠰᠠᠶᠢ ᠪᠦᠯᠬᠦᠮᠳᠡᠯ ᠎ᠦᠨ ᠴᠡᠴᠡᠭ ᠎ᠢ ᠡᠭᠦᠷᠢᠳᠡ ᠳᠡᠯᠭᠡᠷᠡᠭᠦᠯᠵᠦ᠍᠂ ᠥᠨᠢ ᠤᠳᠠᠭᠠᠨ ᠠᠮᠤᠷ ᠲᠦᠪᠱᠢᠨ ᠪᠠᠢᠬᠤ ᠎ᠳᠤ ᠪᠠᠲᠤ ᠪᠠᠬᠢ ᠰᠠᠭᠤᠷᠢ ᠎ᠶ᠋ᠢ ᠲᠠᠯᠪᠢᠵᠤ᠂ ᠡᠬᠡ ᠤᠯᠤᠰ ᠎ᠤᠨ ᠤᠮᠠᠷᠠᠲᠤ ᠎ᠶ᠋ᠢᠨ ᠡᠨᠡ ᠬᠦ᠌ ᠦᠵᠡᠮᠵᠢ ᠎ᠶ᠋ᠢᠨ ᠣᠷᠣᠨ᠎ᠢ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号