ᠱᠢᠨ᠎ᠡ ᠴᠠᠭ ᠦᠶ᠎ᠡ ᠱᠢᠨ᠎ᠡ ᠠᠶᠠᠨ᠎ᠳᠤ ᠨᠡᠩ ᠠᠭᠤᠤ ᠶᠡᠬᠡ ᠢᠯᠠᠯᠲᠠ ᠪᠠ ᠥᠡᠭᠭᠡ ᠭᠡᠷᠡᠯ᠎ᠢ ᠣᠯᠰᠤᠭᠠᠢ
2021-11-12 03:45:00
ᠵᠣᠬᠢᠶᠠᠭ᠍ᠴᠢ᠄
ᠠᠷᠠᠳ ᠎ᠤᠨ ᠡᠳᠦᠷ ᠎ᠦᠨ ᠰᠤᠨᠢᠨ ᠎ᠤ ᠬᠤᠷᠢᠶᠠᠨ ᠎ᠤ ᠦᠭᠦᠯᠡᠯ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 8 ᠎ᠡᠴᠡ 11 ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ ᠠᠮᠵᠢᠯᠲᠠ᠎ᠲᠠᠶ ᠬᠤᠷᠠᠯᠳᠤᠪᠠ᠃ ᠪᠥᠬᠥᠳᠡ ᠬᠤᠷᠠᠯ ᠡᠴᠡ ᠶᠡᠷᠦᠩᠬᠡᠶ ᠱᠦᠵᠢ ᠰᠢ᠎ᠶ᠋ᠢᠨ ᠫᠢᠩ᠎ᠦᠨ ᠲᠥᠪ᠎ᠦᠨ ᠤᠯᠤᠰ ᠲᠥᠷᠥ᠎ᠶ᠋ᠢᠨ ᠲᠣᠪᠴᠢᠶᠠᠨ᠎ᠤ ᠨᠠᠢᠳᠠᠯᠭ᠎ᠠ᠎ᠪᠠᠷ ᠬᠢᠭ᠌ᠰᠡᠨ ᠠᠵᠢᠯ᠎ᠤᠨ ᠢᠯᠡᠳᠬᠡᠯ᠎ᠢ ᠰᠣᠨᠣᠰᠤᠨ ᠶᠠᠷᠢᠯᠴᠠᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠲᠠᠪᠤᠳᠤᠭᠠᠷ ᠪᠥᠬᠥᠳᠡ ᠬᠤᠷᠠᠯ ᠡᠴᠡ ᠨᠠᠭᠠᠱᠢᠬᠢ ᠲᠥᠪ᠎ᠦᠨ ᠤᠯᠤᠰ ᠲᠥᠷᠥ᠎ᠶ᠋ᠢᠨ ᠲᠣᠪᠴᠢᠶᠠᠨ᠎ᠤ ᠠᠵᠢᠯ᠎ᠢ ᠭᠦᠶ᠋ᠴᠡᠳ ᠨᠤᠲᠠᠯᠠᠵᠤ᠂ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠢ ᠲᠤᠮᠳᠠᠳᠤ ᠤᠯᠤᠰ᠎ᠤᠨ  ᠡᠪ ᠬᠠᠮᠳᠤ ᠨᠠᠮ᠎ᠤᠨ ᠲᠥᠪ ᠬᠣᠷᠢᠶᠠᠨ᠎ᠤ ᠱᠢᠢᠳᠪᠦᠷᠢ》 ᠎ᠶ᠋ᠢ ᠬᠢᠨᠠᠨ ᠵᠥᠪᠯᠡᠵᠦ᠍ ᠪᠠᠲᠤᠯᠠᠨ᠂ 《ᠨᠠᠮ᠎ᠤᠨ ᠬᠣᠷᠢᠳᠤᠭᠠᠷ ᠤᠳᠠᠭ᠎ᠠ᠎ᠶ᠋ᠢᠨ ᠪᠥᠬᠥ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠬᠤᠷᠠᠯᠳᠤᠭᠤᠯᠬᠤ ᠲᠤᠬᠠᠶ ᠱᠢᠶ᠋ᠳᠪᠦᠷᠢ》 ᠎ᠶ᠋ᠢ ᠬᠢᠨᠠᠨ ᠵᠥᠪᠯᠡᠵᠦ᠍ ᠪᠠᠲᠤᠯᠠᠪᠠ᠃

ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠣᠢ᠎ᠶ᠋ᠢᠨ ᠴᠢᠬᠤᠯᠠ ᠲᠡᠦᠬᠡᠨ ᠴᠠᠭ ᠮᠥᠴᠡ᠎ᠳᠦ᠂ ᠨᠠᠮ ᠪᠣᠯᠤᠨ ᠠᠷᠠᠳ ᠲᠦᠮᠡᠨ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠢᠯᠠᠯᠲᠠ᠎ᠲᠠᠶ᠎ᠪᠠᠷ ᠪᠡᠶᠡᠯᠡᠭᠦᠯᠵᠥ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠵᠥ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠵᠤ ᠪᠠᠢᠭ᠎ᠠ ᠴᠢᠬᠤᠯᠠ ᠶᠡᠬᠡ ᠲᠡᠦᠬᠡ᠎ᠶ᠋ᠢᠨ ᠵᠠᠩᠭᠢᠯᠠᠭ᠎ᠠ᠎ᠶ᠋ᠢᠨ ᠦᠶ᠎ᠡ᠎ᠳᠦ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢ ᠪᠦᠬᠦ᠌ ᠲᠠᠯ᠎ᠠ᠎ᠪᠠᠷ ᠳ᠋ᠦᠩᠨᠡᠵᠥ᠂ ᠪᠦᠬᠦ᠌ ᠨᠠᠮ᠎ᠤᠨ ᠤᠯᠠᠮ ᠨᠢᠭᠡ ᠠᠯᠬᠤᠮ ᠦᠵᠡᠯ ᠰᠠᠨᠠᠭ᠎ᠠ᠎ᠪᠠᠨ ᠨᠢᠭᠡᠳᠭᠡᠬᠦ᠌᠂ ᠵᠣᠷᠢᠭ ᠰᠠᠨᠠᠭ᠎ᠠ ᠪᠠᠨ ᠨᠢᠬᠡᠳᠬᠡᠬᠦ᠂ ᠦᠢᠯᠡ ᠠᠵᠢᠯᠯᠠᠭ᠎ᠠ᠎ᠪᠠᠨ ᠨᠢᠬᠡᠳᠬᠡᠬᠦ ᠶ᠋ᠢ ᠠᠬᠢᠭᠤᠯᠵᠥ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠱᠢᠨ᠎ᠡ ᠠᠭᠤᠤ ᠶᠡᠬᠡ ᠢᠯᠠᠯᠲᠠ᠎ᠶ᠋ᠢ ᠲᠡᠮᠡᠴᠡᠨ ᠣᠯᠬᠤ ᠳ᠋ᠤ ᠴᠢᠬᠤᠯᠠ ᠶᠡᠬᠡ ᠪᠣᠳᠠᠲᠤ ᠠᠴᠢ ᠬᠣᠯᠪᠣᠭ᠍ᠳᠠᠯ ᠪᠠ ᠠᠯᠤᠰ ᠬᠡᠲᠦ᠍᠎ᠶ᠋ᠢᠨ ᠲᠡᠦᠬᠡᠲᠦ ᠠᠴᠢ ᠬᠣᠯᠪᠣᠭ᠍ᠳᠠᠯ᠎ᠲᠠᠶ ᠶᠤᠮ᠃ ᠨᠠᠮ᠎ᠤᠨ ᠲᠥᠪ ᠬᠣᠷᠢᠶ᠎ᠠ ᠡᠴᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠢ ᠬᠤᠷᠠᠯᠳᠤᠭᠤᠯᠬᠤ᠎ᠪᠠᠷ ᠳᠠᠮᠵᠢᠭᠤᠯᠤᠨ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢ ᠪᠥᠬᠥ᠌ ᠲᠠᠯ᠎ᠠ᠎ᠪᠠᠷ ᠳ᠋ᠦᠩᠨᠡᠬᠦ᠌ ᠪᠣᠯ ᠲᠥᠪ ᠴᠢᠩᠭ᠎ᠠ ᠲᠡᠦᠬᠡᠲᠦ ᠴᠢᠨᠠᠷᠲᠠᠶ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠶ᠋ᠳᠪᠦᠷᠢᠲᠦ ᠪᠣᠳᠣᠯᠭ᠎ᠠ ᠮᠦᠨ᠂ ᠨᠠᠮ᠎ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠥ᠂ ᠠᠮᠢᠵᠢᠷᠠᠯ᠎ᠤᠨ ᠬᠦᠴᠦᠨ᠎ᠢᠶᠡᠨ ᠡᠭᠦᠷᠢᠳᠡ ᠪᠠᠲᠤᠯᠠᠬᠤ ᠪᠠᠲᠤ ᠴᠢᠩᠭ᠎ᠠ ᠡᠷᠴᠢ ᠵᠣᠷᠢᠭ᠎ᠢ ᠭᠦᠶ᠋ᠴᠡᠳ ᠢᠯᠡᠷᠡᠭᠦᠯᠵᠦ᠍᠂ ᠨᠠᠮ᠎ᠤᠨ ᠲᠡᠦᠬᠡ᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠭᠦᠨᠵᠡᠭᠡᠶ ᠡᠵᠡᠮᠳᠡᠵᠥ᠂ ᠨᠠᠮ ᠪᠣᠯᠤᠨ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢᠨ ᠲᠡᠦᠬᠡ᠎ᠶ᠋ᠢᠨ ᠰᠠᠨᠠᠭᠠᠴᠢᠯᠠᠭᠠᠲᠤ ᠴᠢᠨᠠᠷ ᠪᠠ ᠡᠭᠦᠷᠭᠡ ᠬᠠᠷᠢᠭᠤᠴᠠᠯᠭ᠎ᠠ᠎ᠶ᠋ᠢ ᠢᠮᠠᠭ᠍ᠲᠠ ᠡᠵᠡᠮᠱᠢᠬᠦ᠌᠎ᠶ᠋ᠢ ᠭᠦᠶ᠋ᠴᠡᠳ ᠢᠯᠡᠷᠡᠭᠦᠯᠵᠦ᠍᠂ ᠨᠠᠮ᠎ᠤᠨ ᠣᠳᠣᠬᠠᠨ᠎ᠤ ᠪᠠᠢᠳᠠᠯ᠎ᠳᠤ ᠰᠠᠭᠤᠷᠢᠯᠠᠬᠤ᠂ ᠢᠷᠡᠭᠡᠳᠦᠶ᠎ᠶ᠋ᠢ ᠪᠠᠷᠠᠯᠠᠬᠤ᠂ ᠲᠡᠦᠬᠡᠨ ᠲᠤᠷᠱᠢᠯᠭ᠎ᠠ᠎ᠶ᠋ᠢ ᠳ᠋ᠦᠩᠨᠡᠬᠦ᠌ ᠪᠠ ᠬᠡᠷᠡᠭ᠌ᠯᠡᠬᠦ᠌᠎ᠶ᠋ᠢ ᠴᠢᠬᠤᠯᠠᠴᠢᠯᠠᠬᠤ ᠬᠤᠯᠠ ᠵᠢᠨ ᠬᠠᠷᠠᠴᠠ ᠬᠡᠳᠤ ᠵᠢᠨ ᠪᠤᠳᠤᠯ᠎ᠢ ᠭᠦᠶ᠋ᠴᠡᠳ ᠢᠯᠡᠷᠡᠭᠦᠯᠦᠭᠰᠡᠨ ᠪᠠᠢᠨ᠎ᠠ᠃ ᠪᠥᠬᠥᠳᠡ ᠬᠤᠷᠠᠯ ᠡᠴᠡ ᠪᠠᠲᠤᠯᠠᠭ᠍ᠰᠠᠨ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠢ ᠲᠤᠮᠳᠠᠳᠤ ᠤᠯᠤᠰ᠎ᠤᠨ  ᠡᠪ ᠬᠠᠮᠳᠤ ᠨᠠᠮ᠎ᠤᠨ ᠲᠥᠪ ᠬᠣᠷᠢᠶᠠᠨ᠎ᠤ ᠱᠢᠢᠳᠪᠦᠷᠢ》ᠨᠢ᠂ ᠬᠤᠪᠢᠰᠤᠩᠭᠤᠶ ᠪᠣᠳᠠᠰᠴᠢ ᠦᠵᠡᠯ ᠪᠠ ᠲᠡᠦᠬᠡ᠎ᠶ᠋ᠢᠨ ᠪᠣᠳᠠᠰᠴᠢ ᠦᠵᠡᠯ᠎ᠤᠨ ᠠᠷᠭ᠎ᠠ᠎ᠶ᠋ᠢᠨ ᠣᠨᠣᠯ᠎ᠢ ᠪᠠᠷᠢᠮᠲᠠᠯᠠᠵᠤ᠂ ᠵᠥᠪ ᠨᠠᠮ᠎ᠤᠨ ᠲᠡᠦᠬᠡ᠎ᠶ᠋ᠢᠨ ᠦᠵᠡᠯᠲᠡ᠎ᠶ᠋ᠢ ᠪᠠᠷᠢᠮᠲᠠᠯᠠᠨ᠂ ᠲᠣᠮᠣ ᠲᠡᠦᠬᠡᠨ ᠦᠵᠡᠯᠲᠡ᠎ᠶ᠋ᠢ ᠪᠣᠶ ᠪᠣᠯᠭᠠᠵᠥ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢ ᠳ᠋ᠦᠩᠨᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠱᠢᠨ᠎ᠡ ᠴᠠᠭ ᠦᠶ᠎ᠡ ᠭᠡᠬᠦ᠌ ᠡᠨᠡ ᠬᠦ᠌ ᠭᠣᠣᠯᠳᠠᠯᠭ᠎ᠠ᠎ᠶ᠋ᠢ ᠲᠤᠪᠤᠢ᠌ᠯᠭᠠᠵᠥ᠂ ᠴᠢᠬᠤᠯᠠ ᠶᠡᠬᠡ ᠬᠡᠷᠡᠭ ᠶᠠᠪᠤᠳᠠᠯ᠂ ᠴᠢᠬᠤᠯᠠ ᠬᠤᠷᠠᠯ᠂ ᠴᠢᠬᠤᠯᠠ ᠬᠥᠮᠦᠰ᠎ᠦᠨ ᠳᠤᠬᠠᠢ ᠦᠨᠡᠯᠡᠯᠲᠡ᠎ᠶ᠋ᠢ ᠨᠠᠮ᠎ᠤᠨ ᠲᠥᠪ ᠬᠣᠷᠢᠶᠠᠨ᠎ᠤ ᠨᠢᠭᠡᠨᠲᠡ ᠭᠠᠷᠭᠠᠬᠰᠠᠨ ᠳ᠋ᠦᠩᠨᠡᠯᠲᠡ᠎ᠲᠡᠶ ᠵᠣᠯᠭᠠᠭᠤᠯᠬᠤ᠎ᠶ᠋ᠢ ᠴᠢᠬᠤᠯᠠᠴᠢᠯᠠᠵᠥ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠤᠬᠠᠶ ᠨᠠᠮ᠎ᠤᠨ ᠲᠥᠪ ᠬᠣᠷᠢᠶᠠᠨ᠎ᠤ ᠱᠢᠨ᠎ᠡ ᠲᠠᠨᠢᠯᠲᠠ᠎ᠶ᠋ᠢ ᠢᠯᠡᠷᠡᠭᠦᠯᠵᠤ᠂ ᠮᠠᠷᠺᠰ᠎ᠤᠨ ᠦᠵᠡᠯ᠎ᠦᠨ ᠭᠡᠷᠡᠯ ᠰᠠᠴᠤᠷᠠᠩᠭᠤᠶ ᠬᠥᠲᠥᠯᠪᠦᠷᠢ᠎ᠶ᠋ᠢᠨ ᠴᠢᠨᠠᠷᠲᠠᠶ ᠨᠢᠬᠡᠨ ᠲᠤᠯᠭᠤᠷ ᠪᠢᠴᠢᠭ ᠮᠥᠨ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ᠎ᠡᠪ ᠬᠠᠮᠲᠤᠴᠤᠳ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠤᠯᠤᠰ ᠲᠦᠷᠦ᠍᠎ᠶ᠋ᠢᠨ ᠲᠤᠩᠬᠠᠭ ᠮᠦᠨ᠂ ᠲᠡᠦᠬᠡ᠎ᠪᠡᠷ ᠲᠣᠯᠢ ᠪᠣᠯᠭᠠᠬᠤ᠂ ᠢᠷᠡᠭᠡᠳᠦᠶ᠎ᠶ᠋ᠢ ᠨᠡᠬᠡᠬᠡᠬᠦ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠠᠵᠢᠯᠯᠠᠭᠠᠨ᠎ᠤ ᠵᠦᠭ᠌ᠯᠡᠭᠦᠷ ᠮᠦᠨ᠃ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠢ ᠲᠤᠮᠳᠠᠳᠤ ᠤᠯᠤᠰ᠎ᠤᠨ  ᠡᠪ ᠬᠠᠮᠳᠤ ᠨᠠᠮ᠎ᠤᠨ ᠲᠥᠪ ᠬᠣᠷᠢᠶᠠᠨ᠎ᠤ ᠱᠢᠢᠳᠪᠦᠷᠢ》 ᠎ᠶ᠋ᠢᠨ ᠬᠠᠮᠤᠭ᠎ᠤᠨ ᠢᠯᠡ ᠲᠣᠳᠣ ᠣᠨᠴᠠᠯᠢᠭ ᠪᠣᠯ ᠦᠨᠡᠨ᠎ᠡᠴᠡ ᠵᠥᠪ᠎ᠢ ᠡᠷᠢᠵᠦ᠍᠂ ᠲᠡᠦᠬᠡ᠎ᠶ᠋ᠢ ᠬᠦᠨᠳᠦᠳᠭᠡᠵᠦ᠍᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠲᠤᠰᠭᠠᠵᠤ᠂ ᠨᠠᠮ᠎ᠤᠨ ᠲᠦᠷᠦᠭᠦᠦ ᠬᠣᠶᠠᠷ ᠲᠡᠦᠬᠡᠨ ᠱᠢᠶ᠋ᠳᠪᠦᠷᠢ᠎ᠲᠡᠶ ᠤᠳᠤᠮ ᠤᠯᠠᠮᠵᠢᠯᠠᠯ ᠨᠢᠭᠡᠲᠡᠶ ᠪᠥᠭᠡᠳ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠭ᠍ᠰᠠᠨ ᠨᠢ ᠪᠥᠬᠥ᠌ ᠨᠠᠮ᠎ᠢ ᠵᠣᠷᠢᠭ᠍ᠵᠢᠭᠤᠯᠤᠨ ᠲᠡᠮᠡᠴᠡᠯ᠎ᠦᠨ ᠬᠠᠷᠠᠯᠲᠠ᠎ᠶ᠋ᠢ ᠲᠣᠭ᠍ᠲᠠᠭᠠᠵᠤ᠂ ᠴᠤᠭ ᠵᠣᠷᠢᠭ ᠪᠠᠳᠠᠷᠠᠩᠭᠤᠢ ᠪᠡᠷ ᠢᠷᠡᠭᠡᠳᠦᠶ ᠲᠡᠢᠰᠢ ᠤᠷᠤᠭ᠍ᠰᠢᠯᠠᠬᠤ᠎ᠨᠢ ᠯᠠᠪᠲᠠᠶ ᠶᠤᠮ᠃

ᠮᠠᠨ᠎ᠤ ᠨᠠᠮ᠎ᠤᠨ ᠵᠠᠭᠤᠨ ᠵᠢᠯ ᠪᠣᠯ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠵᠣᠷᠢᠭ ᠱᠢᠭᠤᠳᠤᠨ ᠦᠢᠯᠡᠳᠦᠯᠭᠡᠵᠢᠭᠦᠯᠦᠭᠰᠡᠨ ᠵᠠᠭᠤᠨ ᠵᠢᠯ ᠮᠥᠨ᠂ ᠬᠦᠴᠢᠷ ᠪᠡᠷᠬᠡᠱᠢᠶᠡᠯ᠎ᠢ ᠢᠯᠠᠨ ᠳᠠᠪᠠᠵᠤ ᠦᠨᠳᠦᠰᠦ ᠵᠢ ᠪᠡᠬᠢᠵᠢᠭᠦᠯᠵᠦ ᠦᠢᠯᠡᠰ᠎ᠢᠶᠡᠨ ᠬᠦᠭᠵᠢᠭᠦᠯᠦᠭᠰᠡᠨ ᠵᠠᠭᠤᠨ ᠵᠢᠯ ᠮᠥᠨ᠂ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ᠎ᠶ᠋ᠢ ᠡᠭᠦᠳᠦᠨ ᠢᠷᠡᠭᠡᠳᠦᠢ᠎ᠶ᠋ᠢ ᠨᠡᠭᠡᠭᠡᠭᠰᠡᠨ ᠵᠠᠭᠤᠨ ᠵᠢᠯ ᠮᠥᠨ᠃ ᠵᠠᠭᠤᠨ ᠵᠢᠯ᠎ᠦᠨ ᠲᠤᠷᠰᠢ᠂ ᠨᠠᠮ ᠠᠷᠠᠳ ᠲᠦᠮᠡᠨ᠎ᠢ ᠤᠳᠤᠷᠢᠳᠤᠨ ᠴᠢᠰᠤ ᠤᠷᠤᠰᠬᠠᠨ ᠪᠠᠢᠯᠳᠤᠵᠤ᠂ ᠨᠤᠭᠤᠷᠠᠰᠢ ᠦᠭᠡᠢ ᠲᠡᠮᠡᠴᠡᠵᠦ᠍᠂ ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠠᠭᠤᠤ ᠶᠡᠬᠡ ᠠᠮᠵᠢᠯᠲᠠ ᠪᠦᠲᠦᠮᠵᠢ᠎ᠶ᠋ᠢ ᠡᠭᠦᠳᠦᠨ ᠪᠦᠲᠦᠭᠡᠵᠡᠢ; ᠥᠪᠡᠷ᠎ᠦᠨ ᠬᠦᠴᠦ᠍᠎ᠪᠡᠷ᠎ᠢᠶᠡᠨ ᠳᠡᠭ᠌ᠵᠢᠷᠡᠨ᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠵᠤ᠂ ᠨᠡᠢᠭᠡᠮ ᠵᠢᠷᠤᠮᠲᠤ ᠬᠤᠪᠢᠰᠭᠠᠯ ᠪᠠ ᠪᠦᠳᠦᠭᠡᠠ ᠪᠠᠢᠭᠤᠯᠤᠯᠲᠠ᠎ᠶ᠋ᠢᠨ ᠠᠭᠤᠤ ᠶᠡᠬᠡ ᠠᠮᠵᠢᠯᠲᠠ ᠪᠦᠲᠦᠮᠵᠢ᠎ᠶ᠋ᠢ ᠡᠭᠦᠳᠦᠨ ᠪᠦᠲᠦᠭᠡᠵᠡᠢ; ᠦᠵᠡᠯ ᠰᠠᠨᠠᠭ᠎ᠠ᠎ᠪᠠᠨ ᠴᠢᠯᠥᠭᠡᠯᠡᠨ᠂ ᠡᠷᠡᠰ ᠱᠢᠭᠤᠷᠬᠠᠢ᠎ᠪᠠᠷ ᠤᠷᠤᠭ᠍ᠰᠢᠯᠠᠨ ᠲᠠᠪᠱᠢᠵᠤ᠂ ᠥᠭᠡᠷᠡᠴᠢᠯᠡᠯᠲᠡ ᠨᠡᠭᠡᠭᠡᠯᠳᠡ ᠪᠣᠯᠤᠨ ᠨᠡᠢᠭᠡᠮ ᠵᠢᠷᠤᠮᠲᠤ ᠣᠳᠣᠬᠢᠴᠢᠯᠠᠭᠰᠠᠨ ᠪᠦᠳᠤᠭᠡᠨ ᠪᠠᠢᠭᠤᠯᠤᠯᠲᠠ᠎ᠶ᠋ᠢᠨ ᠠᠭᠤᠤ ᠶᠡᠬᠡ ᠠᠮᠵᠢᠯᠲᠠ ᠪᠦᠲᠦᠮᠵᠢ᠎ᠶ᠋ᠢ ᠡᠭᠦᠳᠦᠨ ᠪᠦᠲᠦᠭᠡᠵᠡᠢ; ᠢᠲᠡᠭᠡᠯ ᠲᠡᠭᠦᠯᠳᠡᠷ᠎ᠢᠶᠡᠷ ᠥᠪᠡᠷ᠎ᠢ᠎ᠪᠡᠨ ᠬᠦᠴᠦᠷᠬᠡᠭ᠌ᠵᠢᠭᠦᠯᠵᠦ᠍᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠠᠮᠵᠢᠯᠲᠠ ᠪᠦᠲᠦᠮᠵᠢ᠎ᠶ᠋ᠢ ᠡᠭᠦᠳᠦᠨ ᠪᠦᠲᠦᠭᠡᠵᠡᠢ᠃ ᠨᠠᠮ ᠪᠣᠯᠤᠨ ᠠᠷᠠᠳ ᠲᠦᠮᠡᠨ᠎ᠦ ᠵᠠᠭᠤᠨ ᠵᠢᠯ᠎ᠦᠨ ᠲᠡᠮᠡᠴᠡᠯ ᠨᠢ ᠳᠤᠮᠳᠠᠳᠤ᠎ᠶ᠋ᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠲᠡᠦᠬᠡᠨ ᠳᠡᠭᠡᠷᠡᠬᠢ ᠬᠠᠮᠤᠭ᠎ᠤᠨ ᠭᠠᠢᠬᠠᠮᠰᠢᠭᠲᠤ ᠲᠤᠤᠯᠢᠰ᠎ᠢ ᠪᠢᠴᠢᠭ᠌ᠯᠡᠪᠡ᠃ ᠢᠯᠠᠩᠭᠤᠶ᠎ᠠ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ ᠪᠠ ᠳᠡᠯᠡᠬᠡᠢ᠎ᠶ᠋ᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠡᠵᠡᠮᠳᠡᠵᠦ᠂ ᠠᠭᠤᠤ ᠶᠡᠬᠡ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠂ ᠯᠤᠲᠤ ᠶᠡᠬᠡ ᠤᠯᠤᠰ ᠲᠥᠷᠥ᠎ᠶ᠋ᠢᠨ ᠰᠥᠰᠥ᠍ ᠵᠣᠷᠢᠭ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ᠂ ᠠᠭᠤᠤ ᠶᠡᠬᠡ ᠲᠡᠮᠡᠴᠡᠯ᠂ ᠠᠭᠤᠤ ᠶᠡᠬᠡ ᠢᠨᠵᠧᠨᠧᠷᠢᠩ᠂ ᠠᠭᠤᠤ ᠶᠡᠬᠡ ᠦᠢᠯᠡᠰ᠂ ᠠᠭᠤᠤ ᠶᠡᠬᠡ ᠬᠦᠰᠡᠯ ᠵᠡᠭᠦᠳᠦ ᠵᠢ ᠶᠡᠷᠦᠩᠬᠡᠢᠯᠡᠨ ᠡᠵᠡᠮᠳᠡᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠤᠯᠬᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠬᠤ ᠶ᠋ᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠢᠯᠡᠷᠡᠭᠦᠯᠵᠦ᠂ ᠨᠠᠮ᠎ᠤᠨ ᠰᠡᠳᠭᠢᠯ ᠴᠡᠷᠢᠭ᠎ᠦᠨ ᠰᠡᠳᠭᠢᠯ ᠠᠷᠠᠳ᠎ᠤᠨ ᠰᠡᠳᠭᠢᠯ ᠤᠷᠢᠳ ᠡᠮᠦᠨ᠎ᠡ ᠪᠠᠢᠭ᠎ᠠ ᠦᠭᠡᠢ ᠨᠢᠭ᠍ᠲᠠᠷᠠᠨ ᠪᠠᠳᠠᠷᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠨᠠᠩ ᠪᠦᠷᠢᠨ ᠲᠡᠭᠦᠯᠳᠡᠷ ᠳᠦᠷᠢᠮ᠎ᠦᠨ ᠪᠠᠲᠤᠯᠠᠭ᠎ᠠ᠂ ᠨᠠᠩ ᠪᠠᠲᠤ ᠪᠡᠬᠢ ᠪᠣᠳᠠᠰ᠎ᠤᠨ ᠰᠠᠭᠤᠷᠢ᠂ ᠨᠠᠩ ᠰᠠᠨᠠᠭᠠᠴᠢᠯᠠᠭ᠎ᠠ᠎ᠲᠠᠶ ᠣᠶᠤᠨ ᠰᠠᠨᠠᠭᠠᠨ᠎ᠤ ᠬᠦᠴᠦᠨ᠎ᠢ ᠬᠠᠩᠭᠠᠨ ᠦᠭᠴᠦ᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ ᠪᠡ  ᠪᠠᠶᠠᠵᠢᠭᠰᠡᠨ ᠡᠴᠡ ᠪᠡᠨ ᠬᠦᠴᠦᠷᠬᠡᠭ᠌ᠵᠢᠭ᠌ᠰᠡᠨ ᠠᠭᠤᠤ ᠶᠡᠬᠡ ᠦᠰᠦᠷᠦᠯᠲᠡ ᠵᠢ ᠤᠭ᠍ᠲᠤᠨ ᠠᠪᠤᠯ᠎ᠠ᠃ ᠲᠡᠦᠬᠡ᠎ᠪᠡᠷ ᠲᠤᠯᠢ ᠪᠣᠯᠭᠠᠪᠠᠯ ᠲᠦᠷᠦ ᠭᠦᠷᠦᠨ᠎ᠤ ᠮᠠᠨᠳᠤᠵᠤ ᠮᠦᠬᠦᠬᠦ ᠰᠤᠯᠢᠭᠳᠠᠬᠤ ᠶᠤᠰᠤᠨ᠎ᠢ ᠮᠡᠳᠡᠵᠦ ᠪᠤᠯᠤᠨ᠎ᠠ᠃ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢ ᠳ᠋ᠦᠩᠨᠡᠬᠦ᠌ ᠪᠣᠯ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠲᠡᠦᠬᠡ᠎ᠶ᠋ᠢᠨ ᠨᠥᠬᠥᠴᠡᠯ ᠳᠣᠣᠷ᠎ᠠ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢ ᠡᠬᠢᠯᠡᠭᠦᠯᠵᠦ᠍᠂ ᠱᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌᠎ᠶ᠋ᠢᠨ ᠬᠡᠷᠡᠭ᠌ᠴᠡᠭᠡ ᠮᠥᠨ; ᠤᠯᠤᠰ ᠲᠦᠷᠦ᠍᠎ᠶ᠋ᠢᠨ ᠤᠬᠠᠮᠰᠠᠷ᠂ ᠶᠡᠬᠡ ᠲᠠᠯ᠎ᠠ᠎ᠶ᠋ᠢᠨ ᠤᠬᠠᠮᠰᠠᠷ᠂ ᠭᠣᠣᠯᠯᠠᠬᠤ ᠤᠬᠠᠮᠰᠠᠷ᠂ ᠨᠢᠭᠡᠳᠦᠯᠲᠡᠢ ᠪᠠᠢᠬᠤ ᠤᠬᠠᠮᠰᠠᠷ᠎ᠢᠶᠠᠨ ᠴᠢᠩᠭᠠᠳᠭᠠᠵᠤ᠂ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ᠎ᠢᠶᠡᠨ ᠪᠠᠲᠤᠳᠭᠠᠵᠤ᠂ ᠰᠢ᠎ᠶ᠋ᠢᠨ ᠫᠢᠩ ᠨᠥᠬᠥᠷ᠎ᠦᠨ ᠨᠠᠮ᠎ᠤᠨ ᠲᠥᠪ ᠬᠣᠷᠢᠶᠠᠨ᠎ᠤ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ᠎ᠪᠤᠯᠬᠤ ᠪᠠᠢᠷᠢ ᠰᠠᠭᠤᠷᠢ᠎ᠶ᠋ᠢ ᠡᠷᠡᠰ ᠬᠠᠮᠠᠭᠠᠯᠠᠬᠤ ᠵᠢ ᠪᠡᠶᠡᠯᠡᠭᠦᠯᠵᠦ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠪᠦᠬᠦ᠌ ᠨᠠᠮ᠎ᠤᠨ ᠠᠯᠬᠤᠭ᠎ᠠ ᠨᠢᠭᠡᠲᠡᠢ᠎ᠪᠡᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠬᠡᠷᠡᠭ᠌ᠴᠡᠭᠡ ᠮᠥᠨ; ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠠᠬᠢᠭᠤᠯᠬᠤ᠂ ᠪᠦᠬᠦ᠌ ᠨᠠᠮ᠎ᠤᠨ ᠲᠡᠮᠡᠴᠡᠯ᠎ᠦᠨ ᠴᠢᠳᠠᠪᠤᠷᠢ ᠪᠣᠯᠤᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠂ ᠨᠠᠮ᠎ᠤᠨ ᠠᠮᠢᠵᠢᠷᠠᠯ᠎ᠤᠨ ᠬᠦᠴᠦᠨ᠎ᠢ ᠡᠭᠦᠷᠢᠳᠡ ᠬᠠᠳᠠᠭᠠᠯᠠᠵᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠶ᠋ᠢᠨ ᠲᠥᠯᠥᠭᠡ ᠦᠷᠭᠦᠯᠵᠢᠯᠡᠨ ᠲᠡᠮᠡᠴᠡᠬᠦ᠌ ᠬᠡᠷᠡᠭ᠌ᠴᠡᠭᠡ ᠮᠥᠨ᠃ ᠪᠦᠬᠦ᠌ ᠨᠠᠮ᠎ᠢᠶᠠᠷ᠎ᠢᠶᠠᠨ ᠪᠣᠳᠠᠰᠴᠢ ᠲᠡᠦᠬᠡ᠎ᠶ᠋ᠢᠨ ᠦᠵᠡᠯᠲᠡ ᠪᠠ ᠵᠥᠪ ᠨᠠᠮ᠎ᠤᠨ ᠲᠡᠦᠬᠡ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠳᠤᠮᠳᠠ᠎ᠠᠴᠠ ᠥᠩᠭᠡᠷᠡᠭ᠌ᠰᠡᠨ᠎ᠳᠦ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭ᠍ᠰᠠᠨ᠎ᠢᠶᠠᠨ ᠲᠣᠳᠣᠷᠬᠠᠢ ᠲᠠᠨᠢᠵᠤ᠂ ᠢᠷᠡᠭᠡᠳᠦᠢ᠎ᠳᠦ ᠪᠢᠳᠡ ᠶᠠᠭᠠᠬᠢᠪᠠᠯ ᠰᠠᠶᠢ ᠦᠷᠭᠦᠯᠵᠢᠯᠡᠨ ᠠᠮᠵᠢᠯᠲᠠ ᠣᠯᠵᠤ ᠴᠢᠳᠠᠨ᠎ᠠ ᠬᠡᠳᠡᠭ᠎ᠢ ᠲᠣᠳᠣᠷᠬᠠᠢ ᠣᠢᠯᠠᠭᠠᠬᠤ᠎ᠶ᠋ᠢᠨ ᠤᠯᠠᠮ᠎ᠠᠴᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠨᠡᠩ ᠡᠷᠡᠰ ᠪᠠᠲᠤ᠂ ᠨᠡᠩ ᠤᠬᠠᠮᠰᠠᠷ᠎ᠠᠴᠠ᠎ᠪᠠᠨ ᠦᠢᠯᠡᠳᠦᠯᠭᠡᠵᠢᠭᠦᠯᠵᠦ᠍᠂ ᠱᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠨᠡᠩ ᠰᠠᠢᠲᠤᠷ ᠪᠠᠷᠢᠮᠲᠠᠯᠠᠨ ᠬᠥᠭ᠌ᠵᠢᠭᠦᠯᠬᠦ᠌ ᠬᠡᠷᠡᠭ᠌ᠲᠡᠢ᠃

ᠵᠠᠭᠤᠨ ᠵᠢᠯ᠎ᠦᠨ ᠲᠤᠷᠰᠢ᠂ ᠲᠤᠮᠳᠠᠳᠤ ᠤᠯᠤᠰ᠎ᠤᠨ ᠡᠪ ᠬᠠᠮᠲᠤ ᠨᠠᠮ ᠢᠮᠠᠭ᠍ᠲᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠥᠮᠦᠨ ᠲᠥᠷᠥᠯᠬᠢᠲᠡᠨ᠎ᠦ ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ ᠰᠦᠷᠯᠢᠭ ᠰᠠᠢᠬᠠᠨ ᠦᠵᠡᠮᠵᠢᠲᠦ ᠵᠢᠷᠤᠭ᠎ᠢ ᠵᠢᠷᠤᠭ᠍ᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠤᠷᠢᠳ ᠡᠮᠦᠨ᠎ᠡ ᠪᠠᠢᠭ᠎ᠠ ᠦᠭᠡᠢ ᠭᠡᠭᠡᠨ ᠰᠠᠷᠠᠭᠤᠯ ᠠᠯᠤᠰ ᠢᠷᠡᠭᠡᠳᠦᠢ᠎ᠵᠢ ᠢᠯᠡᠷᠡᠭᠦᠯᠪᠡ᠃ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠢ ᠲᠤᠮᠳᠠᠳᠤ ᠤᠯᠤᠰ᠎ᠤᠨ  ᠡᠪ ᠬᠠᠮᠳᠤ ᠨᠠᠮ᠎ᠤᠨ ᠲᠥᠪ ᠬᠣᠷᠢᠶᠠᠨ᠎ᠤ ᠱᠢᠢᠳᠪᠦᠷᠢ》 ᠎ᠵᠢᠨ ᠨᠠᠮ᠎ᠤᠨ ᠵᠠᠭᠤᠨ ᠵᠢᠯ᠎ᠦᠨ ᠲᠡᠮᠡᠴᠡᠯ᠎ᠨᠢ ᠳᠤᠮᠳᠠᠳᠤ ᠤᠯᠤᠰ᠎ᠤᠨ ᠠᠷᠠᠳ ᠲᠦᠮᠡᠨ᠎ᠦ ᠢᠷᠡᠭᠡᠳᠦᠢ ᠬᠤᠪᠢ ᠵᠠᠶᠠᠭ᠎ᠠ᠎ᠶ᠋ᠢ ᠦᠨᠳᠦᠰᠦᠨ᠎ᠡᠴᠡ ᠨᠢ ᠬᠤᠪᠢᠷᠠᠭᠤᠯᠤᠭᠰᠠᠨ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠥᠪ ᠵᠠᠮ᠎ᠢ ᠨᠡᠭᠡᠭᠡᠭᠰᠡᠨ᠂ ᠮᠠᠷᠺᠰ᠎ᠤᠨ ᠦᠵᠡᠯ᠎ᠦᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠢᠯᠡᠷᠡᠭᠦᠯᠦᠭᠰᠡᠨ᠂ ᠳᠡᠯᠡᠬᠡᠶ᠎ᠶ᠋ᠢᠨ ᠲᠡᠦᠬᠡ᠎ᠶ᠋ᠢᠨ ᠠᠬᠢᠴᠠ᠎ᠶ᠋ᠢ ᠭᠦᠨᠵᠡᠭᠡᠶ ᠨᠥᠯᠥᠭᠡᠯᠡᠭᠰᠡᠨ᠂ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠦ ᠬᠤᠰᠢᠭᠤᠷᠠᠵᠤ ᠶᠠᠪᠤᠭ᠎ᠠ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠲᠠᠪᠲᠡᠨ ᠪᠤᠯᠪᠠᠰᠤᠷᠠᠭᠤᠯᠤᠭᠰᠠᠨ ᠵᠡᠷᠭᠡ ᠲᠠᠪᠤᠨ ᠲᠠᠯ᠎ᠠ᠎ᠪᠠᠷ ᠳ᠋ᠦᠩᠨᠡᠵᠦ᠍ ᠬᠤᠷᠢᠶᠠᠩᠭᠤᠢᠯᠠᠭ᠍ᠰᠠᠨ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠲᠦ ᠠᠴᠢ ᠬᠣᠯᠪᠣᠭ᠍ᠳᠠᠯ᠎ᠨᠢ᠂ ᠨᠠᠮ᠎ᠠᠴᠠ ᠳᠤᠮᠳᠠᠳᠤ ᠤᠯᠤᠰ᠎ᠤᠨ ᠠᠷᠠᠳ ᠲᠦᠮᠡᠨ᠎ᠳᠦ᠂ ᠳᠤᠮᠳᠠᠳᠤ᠎ᠶ᠋ᠢᠨ ᠦᠨᠳᠦᠰᠦᠲᠡᠨ᠎ᠳᠦ᠂ ᠮᠠᠷᠺᠰ᠎ᠤᠨ ᠦᠵᠡᠯ᠎ᠳᠦ᠂ ᠬᠥᠮᠦᠨ ᠲᠥᠷᠥᠯᠬᠢᠲᠡᠨ᠎ᠦ ᠳᠠᠪᠱᠢᠯᠲᠠ ᠎ᠶ᠋ᠢᠨ ᠎ᠦᠢᠯᠡᠰ ᠎ᠲᠤ᠌᠂ ᠮᠠᠷᠺᠰ᠎ᠤᠨ ᠎ᠦᠵᠡᠯ᠎ᠦᠨ ᠎ᠲᠥᠷᠥ᠎ᠶ᠋ᠢᠨ ᠨᠠᠮ᠎ᠤᠨ ᠪᠠᠢᠭᠤᠯᠤᠯᠲᠠ᠎ᠳᠤ ᠦᠵᠡᠭᠦᠯᠦᠭ᠌ᠰᠡᠨ ᠲᠡᠦᠬᠡᠲᠦ ᠴᠢᠨᠠᠷᠲᠠᠶ ᠬᠤᠪᠢ ᠨᠡᠮᠡᠷᠢ ᠵᠢ ᠪᠦᠬᠦ᠌ ᠲᠠᠯ᠎ᠠ ᠪᠡᠷ᠂ ᠭᠦᠨᠵᠡᠭᠡᠶ᠂ ᠰᠢᠰᠲᠧᠮ ᠲᠠᠢ ᠪᠡᠷ ᠲᠤᠳᠤᠷᠬᠠᠢᠯᠠᠨ ᠦᠭᠦᠯᠡᠵᠦ᠂ ᠳᠤᠮᠳᠠᠳᠤ᠎ᠶ᠋ᠢᠨ ᠡᠬᠡ ᠭᠠᠵᠠᠷ᠎ᠲᠤ ᠰᠠᠭᠤᠷᠢᠯᠠᠭᠰᠠᠨ ᠮᠥᠷᠲᠡᠭᠡᠨ ᠬᠥᠮᠦᠨ ᠲᠥᠷᠥᠯᠬᠢᠲᠡᠨ᠎ᠦ ᠢᠷᠡᠭᠡᠳᠦᠶ᠎ᠶ᠋ᠢ ᠪᠠᠷᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠂ ᠳᠤᠮᠳᠠᠳᠤ᠎ᠶ᠋ᠢᠨ ᠦᠨᠳᠦᠰᠦᠲᠡᠨ ᠯᠤᠭᠡ ᠵᠢᠨ ᠬᠠᠷᠢᠴᠠᠭ᠎ᠠ ᠵᠢ ᠢᠯᠡᠷᠡᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠮᠠᠷᠺᠰ᠎ᠤᠨ ᠦᠵᠡᠯ᠂ ᠳᠡᠯᠡᠬᠡᠶ᠎ᠶ᠋ᠢᠨ ᠨᠡᠢᠭᠡᠮ ᠵᠢᠷᠤᠮ᠂ ᠬᠥᠮᠦᠨ ᠲᠥᠷᠥᠯᠬᠢᠲᠡᠨ᠎ᠦ ᠨᠡᠢᠭᠡᠮ᠎ᠦᠨ ᠬᠥᠭ᠌ᠵᠢᠯᠲᠡ ᠯᠤᠭᠡ᠎ᠶ᠋ᠢᠨ ᠬᠠᠷᠢᠴᠠᠭ᠎ᠠ ᠵᠢ ᠢᠯᠡᠷᠡᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠯᠣᠭᠢᠭ᠂ ᠤᠨᠤᠯ᠎ᠤᠨ ᠯᠣᠭᠢᠭ᠂ ᠦᠢᠯᠡᠳᠦᠯᠭᠡ᠎ᠶ᠋ᠢᠨ ᠯᠣᠭᠢᠭ᠎ᠢ ᠨᠡᠪᠲᠡᠷᠡᠭᠦᠯᠪᠡ᠃ ᠵᠠᠭᠤᠨ ᠵᠢᠯ᠎ᠦᠨ ᠲᠤᠷᠰᠢ᠂ ᠨᠠᠮ᠎ᠠᠴᠠ ᠠᠷᠠᠳ ᠲᠦᠮᠡᠨ᠎ᠢ ᠤᠳᠤᠷᠢᠳᠤᠨ ᠠᠭᠤᠤ ᠶᠡᠬᠡ ᠲᠡᠮᠡᠴᠡᠯ ᠎ᠢ ᠦᠷᠨᠢᠬᠦᠯᠵᠤ᠂ ᠤᠷᠤᠭ᠍ᠰᠢᠯᠠᠯᠲᠠ᠎ᠶ᠋ᠢᠨ ᠳᠤᠮᠳᠠ ᠱᠢᠪᠲᠤᠯᠵᠤ᠂ ᠨᠤᠭᠤᠷᠠᠯ ᠪᠦᠳᠦᠷᠢᠯ᠎ᠦᠨ ᠳᠤᠮᠳᠠ ᠡᠷᠡᠯᠬᠡᠭ᠌ᠯᠡᠨ ᠪᠣᠰᠴᠤ᠌᠂ ᠳ᠋ᠦᠩᠨᠡᠯᠲᠡ᠎ᠶ᠋ᠢᠨ ᠳᠤᠮᠳᠠ ᠳᠡᠭᠡᠭ᠌ᠰᠢᠯᠡᠯᠳᠠ ᠲᠠᠢ ᠪᠤᠯᠵᠤ᠂ ᠡᠷᠬᠢᠮ ᠨᠠᠨᠳᠢᠨ ᠲᠡᠦᠬᠡᠨ ᠲᠤᠷᠱᠢᠯᠭ᠎ᠠ᠎ᠶ᠋ᠢ ᠬᠤᠷᠠᠮᠳᠤᠭᠤᠯᠤᠭ᠍ᠰᠠᠨ ᠪᠠᠢᠨ᠎ᠠ᠃ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠢ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶᠠᠨ᠎ᠤ ᠱᠢᠢᠳᠪᠦᠷᠢ》 ᠨᠢ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠬᠤ᠂ ᠣᠨᠣᠯ᠎ᠤᠨ ᠲᠠᠯ᠎ᠠ᠎ᠪᠠᠷ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠬᠤ᠂ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌᠎ᠶ᠋ᠢ ᠪᠠᠷᠢᠮᠲᠠᠯᠠᠬᠤ᠂ ᠳᠤᠮᠳᠠᠳᠤ ᠤᠯᠤᠰ᠎ᠤᠨ ᠵᠠᠮ᠎ᠢ ᠪᠠᠷᠢᠮᠲᠠᠯᠠᠬᠤ᠂ ᠬᠡᠬᠦᠳᠡᠭ ᠴᠡᠭᠡᠵᠢᠨ᠎ᠳᠡᠭᠡᠨ ᠳᠡᠯᠡᠬᠡᠶ ᠳ᠋ᠠᠬᠢᠨ᠎ᠢ ᠪᠠᠭ᠍ᠲᠠᠭᠠᠬᠤ᠎ᠶ᠋ᠢ ᠪᠠᠷᠢᠮᠲᠠᠯᠠᠬᠤ᠂ ᠵᠠᠮ ᠨᠡᠭᠡᠭᠡᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠬᠤ᠂ ᠵᠣᠷᠢᠭ᠍ᠲᠠᠶ᠎ᠪᠠᠷ ᠲᠡᠮᠡᠴᠡᠬᠦ᠌᠎ᠶ᠋ᠢ ᠪᠠᠷᠢᠮᠲᠠᠯᠠᠬᠤ᠂ ᠨᠢᠭᠡᠳᠦᠮᠡᠯ ᠹᠷᠣᠨᠲ ᠢ᠋ ᠪᠠᠷᠢᠮᠲᠠᠯᠠᠬᠤ᠂ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠪᠠᠷᠢᠮᠲᠠᠯᠠᠬᠤ ᠵᠡᠷᠭᠡ ᠠᠷᠪᠠᠨ ᠲᠠᠯ᠎ᠠ᠎ᠡᠴᠡ ᠳ᠋ᠦᠩᠨᠡᠵᠤ ᠬᠤᠷᠢᠶᠠᠩᠭᠤᠢᠯᠠᠬᠰᠠᠨ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠲᠤᠷᠱᠢᠯᠭ᠎ᠠ ᠪᠠᠢᠵᠤ᠂ ᠲᠡᠦᠬᠡ᠂ ᠣᠲᠣ᠂ ᠢᠷᠡᠭᠡᠳᠦᠶ ᠵᠢ ᠨᠡᠪᠳᠡᠷᠡᠬᠦᠯᠦᠭᠰᠡᠨ᠂ ᠤᠷᠲᠤ ᠬᠤᠭᠤᠴᠠᠭᠠᠨ᠎ᠤ ᠦᠶ᠋ᠯᠡᠳᠦᠯᠭᠡ᠎ᠪᠡᠷ ᠳᠠᠮᠵᠢᠨ ᠬᠤᠷᠠᠮᠳᠤᠭᠤᠯᠤᠭ᠍ᠰᠠᠨ ᠡᠷᠬᠢᠮ ᠨᠠᠨᠳᠢᠨ ᠲᠤᠷᠱᠢᠯᠭ᠎ᠠ ᠮᠦᠨ᠂ ᠨᠠᠮ ᠪᠠ ᠠᠷᠠᠳ ᠲᠦᠮᠡᠨ᠎ᠦ ᠬᠠᠮᠲᠤ᠎ᠪᠠᠷ ᠡᠭᠦᠳᠦᠨ ᠪᠦᠲᠦᠭᠡᠭ᠌ᠰᠡᠨ ᠣᠶᠤᠨ ᠰᠠᠨᠠᠭᠠᠨ᠎ᠤ ᠦᠪ ᠬᠦᠷᠦᠩᠬᠡ ᠮᠥᠨ᠂ ᠦᠨᠳᠦᠰᠦᠨ ᠴᠢᠨᠠᠷᠳᠠᠢ ᠪᠠ ᠠᠯᠤᠰ ᠬᠡᠲᠦ᠍᠎ᠶ᠋ᠢᠨ ᠵᠢᠯᠣᠭᠣᠳᠭᠤ ᠠᠴᠢ ᠬᠣᠯᠪᠣᠭ᠍ᠳᠠᠯ᠎ᠲᠠᠶ᠂ ᠡᠷᠬᠡᠪᠰᠢ ᠬᠤᠪᠢ ᠳᠠᠬᠢᠨ ᠨᠠᠨᠳᠢᠩᠨᠠᠵᠤ᠂ ᠤᠷᠲᠤ ᠬᠤᠭᠤᠴᠠᠭ᠎ᠠ᠎ᠪᠠᠷ ᠪᠠᠷᠢᠮᠲᠠᠯᠠᠬᠤ ᠪᠦᠭᠡᠳ ᠱᠢᠨ᠎ᠡ ᠴᠠᠭ ᠦᠶ᠎ᠡ᠎ᠶ᠋ᠢᠨ ᠦᠶ᠋ᠯᠡᠳᠦᠯᠭᠡ᠎ᠶ᠋ᠢᠨ ᠳᠤᠮᠳᠠ ᠲᠠᠰᠤᠷᠠᠯᠲᠠ ᠦᠭᠡᠢ ᠪᠠᠶᠠᠯᠢᠭ᠍ᠵᠢᠭᠤᠯᠤᠨ ᠬᠦᠭᠵᠢᠭᠦᠯᠬᠦ ᠬᠡᠷᠡᠭᠳᠠᠢ᠃

ᠣᠳᠣᠬᠠᠨ᠎ᠳᠤ᠂ ᠳᠡᠯᠡᠬᠡᠢ ᠶᠢᠷᠳᠢᠨᠴᠤ ᠵᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠰᠦᠨ ᠠᠬᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠵᠠᠩᠭᠢᠯᠠᠭ᠎ᠠ᠎ᠶ᠋ᠢᠨ ᠴᠠᠭ ᠦᠶ᠎ᠡ᠎ᠳᠦ ᠣᠷᠣᠬᠰᠠᠨ ᠪᠠᠢᠨ᠎ᠠ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠬᠠᠷᠠᠯᠲᠠ᠎ᠳᠤ ᠲᠡᠦᠬᠡ᠎ᠶ᠋ᠢᠨ ᠠᠯᠢ ᠴᠤ᠌ ᠦᠶ᠎ᠡ᠎ᠡᠴᠡ ᠢᠯᠡᠭᠦᠦ ᠣᠢᠷᠠᠳᠴᠤ᠌᠂ ᠨᠡᠩ ᠢᠯᠡᠭᠦᠦ ᠢᠲᠡᠭᠡᠯ ᠪᠠ ᠴᠢᠳᠠᠪᠤᠷᠢ᠎ᠲᠠᠶ ᠪᠣᠯᠵᠠᠢ᠃ ᠡᠭᠦᠨ᠎ᠦ ᠬᠠᠮᠲᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠨᠢ ᠲᠡᠢᠮᠦ᠍ ᠬᠢᠯᠪᠠᠷᠬᠠᠨ᠎ᠢᠶᠠᠷ᠂ ᠬᠣᠭᠣᠰᠣᠨ ᠤᠷᠢᠶ᠎ᠠ ᠬᠠᠰᠭᠢᠷᠤᠭᠠᠳ ᠪᠡᠶᠡᠯᠡᠭ᠌ᠳᠡᠴᠢᠬᠡᠬᠦ᠌ ᠶᠠᠪᠤᠳᠠᠯ ᠤᠬ᠍ᠳᠤ ᠪᠢᠰᠢ᠂ ᠤᠷᠤᠭ᠍ᠰᠢᠯᠠᠯᠲᠠ᠎ᠶ᠋ᠢᠨ ᠵᠠᠮ ᠳᠡᠭᠡᠷ᠎ᠡ ᠮᠥᠨ ᠲᠥᠰᠦᠭᠡᠯᠡᠵᠦ᠍ ᠪᠣᠯᠬᠤ ᠪᠠ ᠲᠥᠰᠦᠭᠡᠯᠡᠬᠦᠶ᠎ᠡ ᠪᠡᠷᠬᠡ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ ᠣᠷᠣᠱᠢᠵᠤ ᠪᠠᠢᠨ᠎ᠠ ᠭᠡᠳᠡᠭ᠎ᠢ ᠪᠦᠬᠦ᠌ ᠨᠠᠮ᠎ᠢᠶᠠᠷ᠎ᠢᠶᠠᠨ ᠡᠷᠬᠡᠪᠰᠢ ᠰᠡᠷᠭᠡᠭ᠎ᠢᠶᠡᠷ ᠲᠠᠨᠢᠵᠤ ᠤᠯᠬᠤ ᠬᠡᠷᠡᠭ᠌ᠲᠡᠢ; ᠮᠠᠨ᠎ᠤ ᠤᠯᠤᠰ ᠮᠥᠨ ᠯᠡ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠤ ᠣᠷᠣᠱᠢᠵᠤ ᠪᠠᠢᠬᠤ ᠪᠥᠭᠡᠳ ᠤᠷᠳᠤ ᠬᠤᠭᠤᠴᠠᠭ᠎ᠠ᠎ᠪᠠᠷ ᠣᠷᠣᠱᠢᠬᠤ ᠪᠣᠯᠤᠨ᠎ᠠ᠂ ᠮᠠᠨ᠎ᠤ ᠤᠯᠤᠰ ᠮᠥᠨ ᠯᠡ ᠳᠡᠯᠡᠬᠡᠢ᠎ᠶ᠋ᠢᠨ ᠬᠠᠮᠤᠭ᠎ᠤᠨ ᠲᠤᠮᠤ ᠬᠥᠭ᠌ᠵᠢᠵᠦ᠍ ᠪᠠᠢᠭ᠎ᠠ ᠤᠯᠤᠰ ᠮᠥᠨ᠂ ᠨᠡᠢᠭᠡᠮ᠎ᠦᠨ ᠭᠣᠣᠯ ᠵᠥᠷᠢᠴᠡᠯ ᠪᠣᠯ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠡᠷᠡᠭ᠌ᠴᠡᠭᠡ ᠪᠣᠯᠤᠨ ᠲᠡᠩᠴᠡᠭᠦᠷᠢ ᠦᠭᠡᠢ ᠭᠦᠢᠴᠡᠳ ᠦᠭᠡᠢ ᠬᠥᠭ᠌ᠵᠢᠯᠲᠡ᠎ᠶ᠋ᠢᠨ ᠬᠣᠭᠣᠷᠣᠨᠳᠣᠬᠢ ᠵᠥᠷᠢᠴᠡᠯ ᠮᠥᠨ ᠭᠡᠳᠡᠭ᠎ᠢ ᠡᠷᠬᠡᠪᠰᠢ ᠰᠡᠷᠭᠡᠭ᠎ᠢᠶᠡᠷ ᠲᠠᠨᠢᠵᠤ ᠤᠯᠬᠤ ᠬᠡᠷᠡᠭ᠌ᠲᠡᠢ᠃ ᠪᠦᠬᠦ᠌ ᠨᠠᠮ᠎ᠢᠶᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ ᠭᠡᠭ᠌ᠴᠢ ᠶᠠᠭᠤ ᠪᠣᠯᠬᠤ᠂ ᠶᠠᠭᠤ ᠬᠢᠬᠦ᠌ ᠭᠡᠬᠦ᠌ ᠡᠨᠡ ᠬᠦ᠌ ᠦᠨᠳᠦᠰᠦᠨ ᠠᠰᠠᠭᠤᠳᠠᠯ᠎ᠢ ᠪᠠᠲᠤ ᠴᠡᠭᠡᠵᠢᠯᠡᠵᠦ᠍᠂ ᠲᠦᠮᠡᠨ ᠪᠡᠷᠬᠡ ᠮᠢᠩᠭᠠᠨ ᠪᠡᠷᠳᠡᠭ᠎ᠠ ᠵᠢ ᠲᠠᠪᠠᠬᠰᠠᠨ ᠴᠤ᠌ ᠰᠢᠨᠳᠡᠷᠡᠰᠢ ᠦᠬᠡᠢ ᠲᠡᠮᠡᠴᠡᠯ ᠵᠢᠡᠷ ᠲᠣᠭ᠍ᠲᠠᠭ᠍ᠰᠠᠨ ᠬᠠᠷᠠᠯᠲᠠ᠎ᠪᠠᠨ ᠴᠢᠷᠮᠠᠢᠨ ᠪᠡᠶᠡᠯᠡᠭᠦᠯᠵᠦ᠍᠂ ᠵᠠᠭᠤᠨ ᠭᠠᠵᠠᠷ ᠠᠶᠠᠯᠠᠬᠤᠢ᠎ᠳᠤᠷ ᠶᠡᠷᠡᠨ ᠭᠠᠵᠠᠷ ᠳᠤᠭᠤᠯᠤᠭ᠍ᠰᠠᠨ ᠠᠨᠤ ᠬᠠᠭᠠᠰ ᠵᠠᠮᠨᠠᠭ᠍ᠰᠠᠨ ᠳᠡᠳᠤᠢ ᠪᠤᠯᠠᠢ ᠬᠡᠮᠡᠬᠦ ᠰᠣᠨᠣᠷ ᠰᠡᠷᠡᠮᠵᠢ᠎ᠪᠡᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠴᠥᠬᠥᠷᠡᠰᠢ ᠦᠭᠡᠢ ᠠᠬᠢᠭᠤᠯᠬᠤ ᠬᠡᠷᠡᠭ᠌ᠲᠡᠢ᠃ ᠱᠢᠨ᠎ᠡ ᠠᠭᠤᠤ ᠶᠡᠬᠡ ᠠᠶᠠᠨ ᠵᠠᠮ᠎ᠳᠤ᠂ ᠪᠦᠬᠦ᠌ ᠨᠠᠮ᠎ᠢᠶᠠᠷ᠎ᠢᠶᠠᠨ ᠡᠷᠬᠡᠪᠰᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠮᠠᠷᠺᠰ᠎ᠤᠨ ᠦᠵᠡᠯ᠎ᠦᠨ ᠵᠣᠭ᠍ᠰᠣᠯᠲᠠ᠂ ᠦᠵᠡᠯᠲᠡ᠂ ᠠᠷᠭ᠎ᠠ᠎ᠪᠠᠷ ᠴᠠᠭ ᠦᠶ᠎ᠡ᠎ᠶ᠋ᠢ ᠠᠵᠢᠭ᠍ᠯᠠᠵᠤ᠂ ᠴᠠᠭ ᠦᠶ᠎ᠡ᠎ᠶ᠋ᠢ ᠡᠵᠡᠮᠳᠡᠵᠦ᠍᠂ ᠴᠠᠭ ᠦᠶ᠎ᠡ᠎ᠶ᠋ᠢ ᠬᠦᠳᠦᠯᠦᠨ ᠳᠠᠭᠠᠭᠤᠯᠬᠤ ᠬᠡᠷᠡᠭ᠌ᠲᠡᠢ; ᠡᠷᠬᠡᠪᠰᠢ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ᠎ᠶ᠋ᠢ ᠪᠠᠷᠢᠮᠲᠠᠯᠠᠵᠤ᠂ ᠱᠢᠰᠲ᠋ᠧᠮᠳᠤ ᠦᠵᠡᠯᠲᠡ᠎ᠶ᠋ᠢ ᠪᠠᠷᠢᠮᠲᠠᠯᠠᠵᠤ᠂ 《ᠲᠠᠪᠤ ᠎ᠶ᠋ᠢ ᠨᠢᠭᠡ ᠎ᠴᠤᠭ᠍ᠴᠠᠵᠢᠭᠤᠯᠬᠤ》 ᠶᠡᠷᠦᠩᠬᠡᠶ ᠪᠠᠢᠷᠢᠱᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 《ᠳᠥᠷᠪᠡᠨ ᠪᠥᠬᠥ᠌ ᠲᠠᠯ᠎ᠠ》 ᠵᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠵᠤ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠤᠨ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠠᠷᠠᠳ ᠲᠦᠮᠡᠨ ᠪᠠᠶᠠᠨ ᠴᠢᠨᠡᠭᠡᠯᠢᠭ ᠂ ᠤᠯᠤᠰ ᠤᠷᠤᠨ ᠬᠦᠴᠦᠷᠬᠡᠭ᠂ ᠦᠵᠡᠰᠭᠦᠯᠡᠩᠳᠤ ᠰᠠᠢᠬᠠᠨ ᠳᠤᠮᠳᠠᠳᠤ ᠤᠯᠤᠰ ᠢ᠋ ᠵᠡᠷᠭᠡ ᠪᠡᠷ ᠠᠬᠢᠭᠤᠯᠬᠤ ᠬᠡᠷᠡᠭ᠌ᠲᠡᠶ; ᠡᠷᠬᠡᠪᠰᠢ ᠠᠷᠠᠳ ᠤᠯᠠᠨ᠎ᠯᠤᠭ᠎ᠠ᠎ᠶ᠋ᠢᠨ ᠴᠢᠰᠤ ᠮᠢᠬᠠᠨ᠎ᠤ ᠬᠠᠷᠢᠴᠠᠭ᠎ᠠ᠎ᠶ᠋ᠢ ᠡᠭᠦᠷᠢᠳᠡ ᠪᠠᠲᠤᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠲᠠᠰᠤᠷᠠᠯᠳᠠ ᠦᠭᠡᠢ ᠰᠠᠢᠲᠤᠷ ᠪᠡᠶᠡᠯᠡᠭᠦᠯᠵᠦ᠍᠂ ᠰᠠᠢᠲᠤᠷ ᠬᠠᠮᠠᠭᠠᠯᠠᠵᠤ᠂ ᠰᠠᠢᠲᠤᠷ ᠬᠥᠭ᠌ᠵᠢᠭᠦᠯᠬᠦ᠌ ᠬᠡᠷᠡᠭ᠌ᠲᠡᠢ; ᠰᠠᠨᠠᠭᠠᠰᠢᠷᠠᠯ᠎ᠤᠨ ᠲᠤᠮᠳᠠ ᠰᠠᠶᠢ ᠤᠷᠤᠰᠢᠨ ᠬᠦᠭᠵᠢᠵᠤ᠂ ᠲᠠᠢᠪᠤᠰᠢᠷᠠᠯ᠎ᠤᠨ ᠲᠤᠮᠳᠠ ᠮᠦᠬᠦᠨ᠎ᠠ ᠬᠡᠳᠡᠭ᠎ᠢ ᠪᠠᠢᠩᠭᠤ ᠴᠡᠭᠡᠵᠢᠯᠡᠵᠤ᠂ ᠦᠷᠭᠦᠯᠵᠢ ᠬᠤᠯᠠ᠎ᠶ᠋ᠢ ᠰᠡᠳᠭᠢᠵᠤ᠂ ᠠᠮᠤᠷ ᠲᠦᠪᠱᠢᠨ ᠪᠠᠢᠬᠤ ᠦᠶ᠎ᠡ᠎ᠳᠡᠭᠡᠨ ᠠᠶᠤᠯ ᠲᠦᠭ᠌ᠰᠢᠭᠦᠷᠢ᠎ᠶ᠋ᠢ ᠪᠣᠳᠣᠯᠬᠢᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠬᠡ ᠢᠨᠵᠧᠨᠧᠷᠢᠩ᠎ᠢ ᠦᠷᠭᠦᠯᠵᠢᠯᠡᠨ ᠠᠬᠢᠭᠤᠯᠬᠤ ᠬᠡᠷᠡᠭ᠌ᠲᠡᠢ; ᠵᠠᠯᠭᠠᠮᠵᠢᠯᠠᠭ᠍ᠴᠢ ᠵᠢ ᠬᠦᠮᠦᠵᠢᠭᠦᠯᠬᠦ ᠡᠨᠡ ᠬᠦ᠌ ᠦᠨᠳᠦᠰᠦᠨ ᠶᠡᠬᠡ ᠪᠤᠳᠤᠯᠭ᠎ᠠ᠎ᠶ᠋ᠢ ᠡᠷᠬᠡᠪᠰᠢ ᠰᠠᠢᠲᠤᠷ ᠠᠳᠭᠤᠵᠤ᠂ ᠡᠯ᠎ᠡ ᠲᠠᠯ᠎ᠠ᠎ᠶ᠋ᠢᠨ ᠱᠢᠯᠢᠳᠡᠭ ᠴᠢᠳᠠᠪᠤᠷᠢᠲᠠᠨ᠎ᠢ ᠨᠠᠮ ᠪᠠ ᠠᠷᠠᠳ ᠲᠦᠮᠡᠨ᠎ᠦ ᠠᠭᠤᠤ ᠶᠡᠬᠡ ᠲᠡᠮᠡᠴᠡᠯ᠎ᠦᠨ ᠳᠤᠮᠳᠠ ᠲᠥᠪᠯᠡᠷᠡᠭᠦᠯᠬᠦ᠌ ᠬᠡᠷᠡᠭ᠌ᠲᠡᠢ᠃

ᠴᠤᠭ ᠵᠤᠷᠢᠭ ᠪᠠᠳᠠᠷᠠᠩᠭᠤᠢ ᠪᠡᠷ ᠡᠬᠡ ᠤᠯᠤᠰ᠎ᠢᠶᠡᠨ ᠪᠦᠳᠦᠬᠡᠨ ᠪᠠᠢᠭᠤᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ᠎ᠶ᠋ᠢᠨ ᠦᠨᠳᠦᠰᠦᠲᠡᠨ᠎ᠦ ᠮᠢᠩᠭᠠᠨ ᠣᠨ᠎ᠤ ᠠᠤᠭ᠎ᠠ ᠦᠢᠯᠡᠰ᠎ᠢ ᠪᠦᠲᠦᠭᠡᠬᠦ᠌᠎ᠪᠡᠷ ᠵᠣᠷᠢᠭ ᠱᠢᠭᠤᠳᠴᠤ᠂ ᠵᠠᠭᠤᠨ ᠵᠢᠯ ᠢ᠋ ᠦᠩᠭᠡᠷᠡᠭᠦᠯᠵᠤ ᠶᠠᠭ ᠴᠤᠭ ᠵᠢᠪᠬᠤᠭ᠎ᠠ ᠪᠠᠳᠠᠷᠠᠩᠭᠤᠢ᠃ ᠤᠳᠤ᠂ ᠨᠠᠮ᠎ᠡᠴᠡ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ᠎ᠳᠤ ᠣᠷᠣᠯᠴᠠᠬᠤ ᠠᠶᠠᠨ ᠳ᠋ᠤ ᠮᠤᠷᠳᠠᠯ᠎ᠠ᠃ ᠴᠠᠭ ᠦᠶ᠎ᠡ ᠪᠣᠯ ᠰᠢᠯᠭᠠᠯᠳᠠ ᠵᠢᠨ ᠰᠡᠳᠦᠪ ᠭᠠᠷᠭᠠᠭ᠍ᠴᠢ᠂ ᠪᠢᠳᠡ ᠪᠣᠯ ᠰᠢᠯᠭᠠᠯᠳᠠ ᠵᠢᠨ ᠰᠡᠳᠦᠪ ᠎ᠢ ᠬᠠᠷᠢᠭᠤᠯᠤᠭ᠍ᠴᠢ᠂ ᠠᠷᠠᠳ ᠲᠦᠮᠡᠨ ᠪᠣᠯ ᠰᠢᠯᠭᠠᠯᠳᠠ ᠵᠢ ᠬᠢᠨᠠᠭ᠍ᠴᠢ ᠮᠥᠨ᠃ ᠪᠢᠳᠡ ᠵᠠᠪᠠᠯ ᠦᠷᠭᠦᠯᠵᠢᠯᠡᠨ ᠰᠠᠢ᠌ᠨ ᠬᠢᠷᠢ ᠪᠦᠲᠦᠮᠵᠢ ᠣᠯᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠱᠢᠨ᠎ᠡ ᠳᠦᠷᠰᠦ ᠪᠠᠢᠳᠠᠯ᠎ᠢ ᠢᠯᠡᠷᠡᠬᠦᠯᠵᠤ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠢ᠃ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ ᠲᠠᠯ᠎ᠠ ᠪᠡᠷ ᠲᠤᠭᠤᠰᠢᠯᠠᠭᠤᠯᠵᠤ᠂ 《ᠳᠥᠷᠪᠡᠨ ᠤᠬᠠᠮᠰᠠᠷ》  ᠵᠢᠡᠨ ᠴᠢᠩᠭᠠᠳᠬᠠᠵᠤ᠂ 《ᠳᠥᠷᠪᠡᠨ ᠢᠲᠡᠭᠡᠯ 》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠤ᠂ ᠠᠭᠤᠤ ᠶᠡᠬᠡ ᠨᠠᠮ ᠪᠠᠢᠭᠤᠯᠤᠭᠰᠠᠨ ᠵᠣᠷᠢᠭ ᠰᠠᠨᠠᠭ᠎ᠠ᠎ᠶ᠋ᠢ ᠶᠡᠬᠡ ᠪᠡᠷ ᠪᠠᠳᠠᠷᠠᠭᠤᠯᠵᠤ᠂ ᠥᠴᠥᠭᠡᠳᠦᠷ᠎ᠦᠨ ᠭᠠᠰᠠᠯᠠᠩ ᠵᠣᠪᠠᠯᠠᠩ ᠪᠠ ᠭᠡᠷᠡᠯ ᠰᠠᠴᠤᠷᠠᠩᠭᠤᠶ ᠪᠠᠨ ᠦᠯᠦ ᠮᠠᠷᠳᠠᠵᠤ᠂ ᠥᠨᠥᠳᠦᠷ᠎ᠦᠨ ᠡᠭᠦᠷᠭᠡ ᠬᠠᠷᠢᠭᠤᠴᠠᠯᠭ᠎ᠠ᠎ᠳᠠᠭᠠᠨ ᠦᠯᠦ ᠣᠰᠣᠯᠳᠠᠵᠤ᠂ ᠮᠠᠷᠭᠠᠰᠢ᠎ᠶ᠋ᠢᠨ ᠠᠭᠤᠤ ᠶᠡᠬᠡ ᠬᠦᠰᠡᠯ ᠵᠡᠭᠦᠳᠦ᠍᠎ᠪᠡᠨ ᠦᠯᠦ ᠬᠥᠰᠡᠷᠳᠡᠭᠦᠯᠵᠤ᠂ ᠲᠡᠦᠬᠡ᠎ᠪᠡᠷ ᠲᠣᠯᠢ ᠪᠣᠯᠭᠠᠨ᠂ ᠢᠷᠡᠭᠡᠳᠦᠶ᠎ᠶ᠋ᠢ ᠨᠡᠭᠡᠭᠡᠵᠤ᠂ ᠱᠢᠷᠭᠠᠭᠤ ᠠᠵᠢᠯᠯᠠᠵᠤ᠂ ᠡᠷᠡᠯᠬᠡᠭᠯᠡᠨ ᠤᠷᠤᠭ᠍ᠰᠢᠯᠠᠵᠤ᠂ ᠱᠢᠯᠢᠳᠡᠭ ᠬᠢᠷᠢ ᠪᠦᠲᠦᠮᠵᠢ᠎ᠪᠡᠷ ᠵᠢᠡᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠬᠤᠷᠠᠯᠳᠤᠬᠤ᠎ᠶ᠋ᠢ ᠤᠭ᠍ᠲᠤᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠬᠦ᠌ ᠬᠡᠷᠡᠭ᠌ᠲᠡᠶ᠃ ᠥᠩᠭᠡᠷᠡᠭ᠌ᠰᠡᠨ ᠵᠠᠭᠤᠨ ᠵᠢᠯ᠎ᠳᠦ ᠠᠭᠤᠤ ᠶᠡᠬᠡ ᠢᠯᠠᠯᠲᠠ ᠪᠠ ᠢᠷᠠᠭᠤ ᠠᠯᠳᠠᠷ᠎ᠢ ᠲᠡᠮᠡᠴᠡᠨ ᠣᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠠ ᠳᠤᠮᠳᠠᠳᠤ ᠤᠯᠤᠰ᠎ᠤᠨ ᠠᠷᠠᠳ ᠲᠦᠮᠡᠨ ᠯᠠᠪᠲᠠᠢ ᠱᠢᠨ᠎ᠡ ᠴᠠᠭ ᠦᠶ᠎ᠡ ᠱᠢᠨ᠎ᠡ ᠠᠶᠠᠨ᠎ᠳᠤ ᠨᠡᠩ ᠠᠭᠤᠤ ᠶᠡᠬᠡ ᠢᠯᠠᠯᠲᠠ ᠪᠠ ᠥᠡᠭᠭᠡ ᠭᠡᠷᠡᠯ᠎ᠢ ᠣᠯᠵᠤ ᠴᠢᠳᠠᠨ᠎ᠠ ᠭᠡᠳᠡᠭ᠎ᠢ ᠪᠢᠳᠡ ᠪᠠᠲᠤ ᠢᠲᠡᠭᠡᠵᠦ᠍ ᠪᠠᠢᠨ᠎ᠠ!

( ᠱᠢᠨᠬᠤᠸᠠ ᠬᠣᠷᠢᠶᠠᠨ᠎ᠤ ᠪᠡᠭᠡᠵᠢᠩ᠎ᠦᠨ 11 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号