ᠠᠵᠢᠯ ᠦᠶ᠋ᠯᠡᠰ᠎ᠦᠨ ᠨᠢᠭᠡᠴᠢ ᠠᠵᠢᠯᠲᠠᠨ ᠡᠯᠰᠡᠬᠦ᠌ ᠳ᠋ᠡᠭᠡᠨ ᠲᠡᠭᠦᠰᠦᠭᠰᠡᠨ ᠰᠤᠷᠭᠠᠭᠤᠯᠢ ᠪᠡᠷ ᠨᠢ ᠬᠢᠵᠠᠭᠠᠷᠯᠠᠬᠤ ᠨᠥᠬᠥᠴᠡᠯ ᠪᠣᠯᠭᠠᠵᠤ ᠪᠣᠯᠬᠤ ᠥᠬᠡᠶ
2021-11-12 09:51:27
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠠᠮᠤᠨ᠎ᠤ ᠰᠦᠯᠵᠢᠶ᠎ᠡ 11 ᠰᠠᠷ᠎ᠠ ᠵᠢᠨ 2 ᠤ᠋ᠨ ᠡᠳᠦᠷ ᠮᠡᠳᠡᠭ᠌ᠳᠡᠯ ᠨᠡᠢᠲᠡᠯᠡᠵᠦ᠍ ᠂ ᠠᠵᠢᠯ ᠦᠶ᠋ᠯᠡᠰ᠎ᠦᠨ ᠨᠢᠭᠡᠴᠢ ᠠᠵᠢᠯᠲᠠᠨ ᠡᠯᠰᠡᠬᠦ᠌᠎ᠳᠡᠭᠡᠨ ᠬᠢᠷᠢ ᠬᠡᠮ᠎ᠦᠨ ᠨᠥᠬᠥᠴᠡᠯ᠎ᠢ ᠵᠦᠶ ᠵᠣᠬᠢᠰᠲᠠᠶ ᠲᠣᠭ᠍ᠲᠠᠭᠠᠬᠤ ᠬᠡᠷᠡᠭ᠌ᠲᠡᠶ᠂ ᠲᠡᠭᠦᠰᠦᠭᠰᠡᠨ ᠰᠤᠷᠭᠠᠭᠤᠯᠢ᠂ ᠭᠠᠳᠠᠭᠠᠳᠤ᠎ᠳᠦ ᠰᠤᠷᠤᠯᠴᠠᠭ᠍ᠰᠠᠨ ᠥᠩᠭᠡᠷᠡᠯᠲᠡ᠂ ᠰᠤᠷᠤᠯᠴᠠᠭᠰᠠᠨ ᠬᠡᠯᠪᠡᠷᠢ᠎ᠶᠢ ᠬᠢᠵᠠᠭᠠᠷᠯᠠᠬᠤ ᠴᠢᠨᠠᠷᠲᠠᠶ ᠨᠥᠬᠥᠴᠡᠯ ᠪᠣᠯᠭᠠᠵᠤ ᠪᠣᠯᠬᠤ ᠥᠬᠡᠶ᠂ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠡᠴᠡ ᠲᠡᠭᠦᠰᠦᠭ᠌ᠰᠡᠳ᠎ᠦᠨ ᠠᠵᠢᠯ ᠦᠶ᠋ᠯᠡᠰ᠎ᠦᠨ ᠨᠢᠭᠡᠴᠢ᠎ᠶ᠋ᠢᠨ ᠢᠯᠡ᠎ᠪᠡᠷ ᠠᠵᠢᠯᠲᠠᠨ ᠡᠯᠰᠡᠬᠦ᠌᠎ᠳᠦ ᠣᠷᠣᠯᠴᠠᠬᠤ ᠬᠠᠤᠯᠢ ᠶᠣᠰᠣᠨ᠎ᠤ ᠡᠷᠬᠡ ᠠᠱᠢᠭ ᠪᠠ ᠡᠷᠬᠡ ᠲᠡᠭ᠌ᠰᠢ᠎ᠪᠡᠷ ᠥᠷᠢᠰᠥᠯᠳᠦᠬᠦ᠌ ᠲᠣᠬᠢᠶᠠᠯ᠎ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠡᠢ᠃

ᠮᠡᠳᠡᠭ᠌ᠳᠡᠯ᠎ᠢ ᠦᠨᠳᠦᠰᠦᠯᠡᠪᠡᠯ᠂ ᠠᠵᠢᠯ ᠦᠶ᠋ᠯᠡᠰ᠎ᠦᠨ ᠨᠢᠭᠡᠴᠢ᠎ᠶ᠋ᠢᠨ ᠢᠯᠡ᠎ᠪᠡᠷ ᠠᠵᠢᠯᠲᠠᠨ ᠡᠯᠰᠡᠬᠦ᠌ ᠲᠤᠰᠭᠠᠶ ᠮᠡᠷᠭᠡᠵᠢᠯ᠎ᠦᠨ ᠱᠠᠭᠠᠷᠳᠠᠯᠭ᠎ᠠ᠎ᠳᠦ᠂ ᠠᠵᠢᠯ᠎ᠤᠨ ᠪᠠᠢᠷᠢ᠎ᠶ᠋ᠢᠨ ᠲᠤᠱᠢᠶᠠᠯ ᠬᠠᠷᠢᠭᠤᠴᠠᠯᠭ᠎ᠠ᠎ᠪᠡᠨ ᠬᠦᠢᠴᠡᠳᠭᠡᠬᠦ᠎ᠳᠦ ᠱᠠᠭᠠᠷᠳᠠᠭ᠍ᠳᠠᠬᠤ ᠬᠠᠮᠢᠶᠠᠷᠤᠯᠲᠠ᠎ᠶ᠋ᠢᠨ ᠴᠢᠳᠠᠪᠤᠷᠢ᠂ ᠲᠤᠰᠭᠠᠶ ᠮᠡᠷᠭᠡᠵᠢᠯ᠎ᠦᠨ ᠬᠡᠪ ᠪᠤᠯᠪᠠᠰᠤᠷᠠᠯ ᠪᠤᠶᠤ ᠤᠷ᠎ᠠ ᠮᠡᠷᠭᠡᠵᠢᠯ᠎ᠤᠨ ᠬᠢᠷᠢ ᠳᠦᠪᠰᠢᠨ ᠶ᠋ᠢᠡᠷ ᠦᠨᠳᠦᠰᠦᠯᠡᠯ ᠪᠣᠯᠭᠠᠵᠤ᠂ ᠠᠵᠢᠯ ᠦᠶ᠋ᠯᠡᠰ᠎ᠦᠨ ᠨᠢᠭᠡᠴᠢ᠎ᠶ᠋ᠢᠨ ᠢᠯᠡ᠎ᠪᠡᠷ ᠠᠵᠢᠯᠲᠠᠨ ᠡᠯᠰᠡᠬᠦ᠌ ᠲᠤᠰᠭᠠᠶ ᠮᠡᠷᠭᠡᠵᠢᠯ᠎ᠦᠨ ᠵᠢᠯᠣᠭᠣᠳᠭᠤ ᠭᠠᠷᠴᠠᠭ ᠶᠣᠰᠣᠭᠠᠷ ᠳᠣᠭᠢᠷᠠᠭᠤᠯᠬᠤ ᠪᠤᠶᠤ ᠱᠢᠯᠭᠠᠯᠲᠠ᠎ᠪᠠᠷ ᠯᠠᠪᠯᠠᠯᠲᠠ ᠪᠣᠯᠭᠠᠵᠤ ᠠᠯᠪᠠᠲᠠᠨ᠂ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠂ ᠮᠡᠷᠭᠡᠵᠢᠯ᠎ᠦᠨ ᠠᠵᠢᠯᠴᠢᠨ᠎ᠤ ᠳᠡᠭᠡᠳᠦ ᠰᠤᠷᠭᠠᠭᠤᠯᠢ ᠵᠡᠷᠭᠡ ᠲᠤᠰᠭᠠᠶ ᠮᠡᠷᠭᠡᠵᠢᠯ᠎ᠦᠨ ᠭᠠᠷᠴᠠᠭ᠎ᠢ ᠳᠣᠭᠢᠷᠠᠭᠤᠯᠬᠤ ᠬᠡᠷᠡᠭ᠌ᠲᠡᠶ ᠪᠥᠭᠡᠳ ᠯᠠᠪᠯᠠᠯᠲᠠ ᠪᠣᠯᠭᠠᠭ᠍ᠰᠠᠨ ᠭᠠᠷᠴᠠᠭ᠎ᠢ ᠠᠵᠢᠯᠲᠠᠨ ᠡᠯᠰᠡᠬᠦ᠌ ᠠᠯᠪᠠᠨ ᠵᠠᠷ᠎ᠲᠤ ᠲᠣᠳᠣᠷᠬᠠᠢᠯᠠᠬᠤ ᠬᠡᠷᠡᠭ᠌ᠲᠡᠶ ᠬᠡᠵᠡᠢ᠃

ᠠᠵᠢᠯ ᠦᠶ᠋ᠯᠡᠰ᠎ᠦᠨ ᠨᠢᠭᠡᠴᠢ᠎ᠶ᠋ᠢᠨ ᠢᠯᠡ᠎ᠪᠡᠷ ᠤᠷᠢᠨ ᠬᠡᠷᠡᠭ᠌ᠯᠡᠬᠦ ᠠᠵᠢᠯ᠎ᠤᠨ ᠪᠠᠢᠷᠢ᠎ᠳᠦ ᠠᠵᠢᠯ ᠮᠡᠷᠭᠡᠵᠢᠯ᠎ᠤᠨ ᠵᠡᠷᠭᠡ ᠳᠡᠰ᠎ᠤᠨ ᠱᠠᠭᠠᠷᠳᠠᠯᠭ᠎ᠠ᠎ᠲᠠᠶ ᠪᠠᠢᠪᠠᠯ ᠰᠤᠷᠤᠯᠭ᠎ᠠ᠎ᠶ᠋ᠢᠨ ᠨᠠᠮᠲᠠᠷ᠎ᠤᠨ ᠱᠠᠭᠠᠷᠳᠠᠯᠭ᠎ᠠ᠎ᠶ᠋ᠢ ᠵᠣᠬᠢᠬᠤ ᠬᠡᠮᠵᠢᠶ᠎ᠠ ᠪᠡᠷ ᠪᠠᠭᠤᠷᠠᠭᠤᠯᠬᠤ ᠪᠤᠶᠤ ᠳᠠᠬᠢᠵᠦ ᠰᠤᠷᠤᠯᠭ᠎ᠠ᠎ᠶ᠋ᠢᠨ ᠨᠠᠮᠲᠠᠷ᠎ᠤᠨ ᠱᠠᠭᠠᠷᠳᠠᠯᠭ᠎ᠠ ᠲᠤᠭᠳᠠᠭᠠᠬᠤ ᠥᠬᠡᠶ ᠪᠠᠢᠵᠤ ᠪᠣᠯᠤᠨ᠎ᠠ᠃ ᠲᠤᠰᠭᠠᠶ ᠮᠡᠷᠭᠡᠵᠢᠯ ᠵᠡᠷᠭᠡ ᠪᠤᠰᠤᠳ ᠨᠥᠬᠥᠴᠡᠯ ᠨᠢ ᠪᠠᠷᠢᠮᠵᠢᠶ᠎ᠠ᠎ᠳᠦ ᠨᠡᠢᠴᠡᠭ᠌ᠰᠡᠨ ᠤᠷᠢᠲᠠᠯ ᠳᠤᠤᠷ᠎ᠠ᠂ ᠮᠡᠷᠭᠡᠵᠢᠯ᠎ᠦᠨ ᠠᠵᠢᠯᠴᠢᠨ᠎ᠤ ᠳᠡᠭᠡᠳᠦ ᠰᠤᠷᠭᠠᠭᠤᠯᠢ᠎ᠶ᠋ᠢᠨ ᠪᠡᠯᠡᠳᠭᠡᠯ ᠮᠠᠰᠲ᠋ᠧᠷ ( ᠮᠠᠰᠲ᠋ᠧᠷ)᠎ᠤ᠋ᠨ ᠠᠩᠭᠢ ᠡᠴᠡ ᠲᠡᠭᠦᠰᠦᠭ᠌ᠰᠡᠳ ᠶᠡᠬᠡ ᠰᠤᠷᠭᠠᠭᠤᠯᠢ᠎ᠶ᠋ᠢᠨ ᠵᠢᠩᠬᠢᠨᠢ ᠠᠩᠭᠢ᠎ᠶ᠋ᠢᠨ ᠠᠵᠢᠯ᠎ᠤᠨ ᠪᠠᠢᠷᠢ᠎ᠳᠤ ᠨᠡᠷ᠎ᠡ ᠮᠡᠳᠡᠭᠦᠯᠵᠦ᠍ ᠪᠤᠯᠤᠨ᠎ᠠ᠂ ᠳᠡᠭᠡᠳᠦ ᠵᠡᠷᠭᠡ᠎ᠶ᠋ᠢᠨ ᠠᠵᠢᠯᠴᠢᠨ᠎ᠤ ᠠᠩᠭᠢ᠎ᠡᠴᠡ ᠲᠡᠭᠦᠰᠦᠭ᠌ᠰᠡᠳ ᠶᠡᠬᠡ ᠰᠤᠷᠭᠠᠭᠤᠯᠢ᠎ᠶ᠋ᠢᠨ ᠲᠤᠰᠭᠠᠶ ᠠᠩᠬᠢ᠎ᠵᠢᠨ ᠠᠵᠢᠯ᠎ᠤᠨ ᠪᠠᠢᠷᠢ᠎ᠳᠤ ᠨᠡᠷ᠎ᠡ ᠮᠡᠳᠡᠭᠦᠯᠵᠦ᠍ ᠪᠣᠯᠤᠨ᠎ᠠ᠃

ᠮᠡᠳᠡᠭ᠌ᠳᠡᠯ᠎ᠳᠦ ᠪᠠᠰᠠ᠂ ᠮᠡᠷᠭᠡᠵᠢᠯ ᠪᠤᠶᠤ ᠮᠡᠷᠭᠡᠵᠢᠯ᠎ᠤᠨ ᠵᠢᠯᠣᠭᠣᠳᠣᠯᠭ᠎ᠠ᠎ᠪᠠᠷ ᠭᠤᠤᠯ ᠪᠤᠯᠭᠠᠬᠤ ᠠᠵᠢᠯ᠎ᠤᠨ ᠪᠠᠢᠷᠢ ᠨᠢ ᠤᠷ᠎ᠠ ᠮᠡᠷᠭᠡᠵᠢᠯ᠎ᠢ ᠰᠢᠯᠭᠠᠬᠤ ᠬᠠᠷᠢᠴᠠᠯ ᠶ᠋ᠢᠡᠨ ᠵᠠᠷᠴᠢᠮ ᠳᠡᠭᠡᠷ᠎ᠡ᠎ᠪᠡᠨ 50% ᠡᠴᠡ ᠳᠤᠤᠷ᠎ᠠ ᠪᠠᠢᠯᠭᠠᠵᠤ ᠪᠣᠯᠬᠤ ᠥᠬᠡᠶ᠃ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠡᠴᠡ ᠲᠡᠭᠦᠰᠦᠭ᠌ᠰᠡᠳ ᠭᠡᠷᠪᠡ ᠳᠡᠯᠡᠬᠡᠶ᠎ᠶ᠋ᠢᠨ ᠮᠡᠷᠭᠡᠵᠢᠯ᠎ᠦᠨ ᠴᠢᠳᠠᠪᠤᠷᠢ᠎ᠶ᠋ᠢᠨ ᠤᠷᠤᠯᠳᠤᠭᠠᠨ᠂ ᠪᠦᠬᠦ᠌ ᠤᠯᠤᠰ᠎ᠤᠨ ᠮᠡᠷᠭᠡᠵᠢᠯ᠎ᠦᠨ ᠴᠢᠳᠠᠪᠤᠷᠢ᠎ᠶ᠋ᠢᠨ ᠤᠷᠤᠯᠳᠤᠭᠠᠨ᠂ ᠪᠦᠬᠦ᠌ ᠤᠯᠤᠰ᠎ᠤᠨ ᠠᠵᠢᠯ ᠲᠥᠷᠥᠯ᠎ᠦᠨ ᠮᠡᠷᠭᠡᠵᠢᠯ᠎ᠦᠨ ᠴᠢᠳᠠᠪᠤᠷᠢ᠎ᠶ᠋ᠢᠨ ᠤᠷᠤᠯᠳᠤᠭᠠᠨ᠎ᠳᠤ ᠱᠠᠩᠨᠠᠯ ᠬᠦᠷᠲᠡᠭ᠌ᠰᠡᠨ ᠪᠠᠢᠪᠠᠯ᠂ ᠪᠠᠢᠳᠠᠯ᠎ᠢ ᠦᠨᠳᠦᠰᠦᠯᠡᠨ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠤ ᠬᠤᠪᠢ᠎ᠪᠠᠷ ᠱᠢᠭᠤᠳ ᠱᠢᠨᠵᠢᠯᠡᠨ ᠪᠠᠢᠴᠠᠭᠠᠬᠤ ᠬᠢᠷᠢ ᠬᠡᠮ ᠤᠯᠭᠤᠵᠦ᠂ ᠬᠦᠷᠳᠡᠭᠰᠡᠨ ᠮᠡᠷᠭᠡᠵᠢᠯ ᠴᠢᠳᠠᠪᠤᠷᠢ᠎ᠶ᠋ᠢᠨ ᠱᠠᠩᠨᠠᠯ ᠲᠠᠢ ᠨᠢ ᠬᠣᠯᠪᠣᠭ᠍ᠳᠠᠬᠤ ᠠᠵᠢᠯ᠎ᠤᠨ ᠪᠠᠢᠷᠢ᠎ᠳᠤ ᠢᠯᠡ᠎ᠪᠡᠷ ᠤᠷᠢᠨ ᠬᠡᠷᠡᠭ᠌ᠯᠡᠵᠦ᠍ ᠪᠣᠯᠤᠨ᠎ᠠ ᠭᠡᠵᠤ ᠱᠠᠭᠠᠷᠳᠠᠪᠡ᠃


QQ截图20211112095407.png

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号