ᠬᠤᠷᠴᠢᠠ ᠪᠠᠷᠠᠭᠤᠠ ᠭᠠᠷᠤᠠ ᠡᠮᠤᠨᠡᠳᠤ ᠬᠤᠰᠢᠭᠤ ᠮᠦᠩᠬᠦᠨ ᠬᠦᠢᠯᠭᠡᠭᠡ ᠪᠡᠷ ᠪᠠᠭ᠎ᠠ ᠵᠢᠵᠢᠭ ᠠᠵᠥ ᠠᠬᠤᠢᠯᠠᠯ ᠪᠠ ᠮᠠᠯᠴᠢᠠ ᠲᠡᠷᠢᠶᠠᠴᠢᠳ ᠲᠤ᠌ ᠠᠰᠢᠭ ᠬᠦᠷᠳᠡᠬᠡᠪᠠ
2021-11-12 10:31:44
ᠵᠣᠬᠢᠶᠠᠭ᠍ᠴᠢ᠄
ᠬᠡᠱᠢᠭ᠌ᠪᠥᠶᠠᠨ
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ ᠵᠢᠯ ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠬᠥᠳᠡᠭᠡ ᠲᠣᠰᠭᠣᠨ᠎ᠤ ᠢᠲᠡᠭᠡᠮᠵᠢ᠎ᠶ᠋ᠢᠨ ᠬᠣᠯᠪᠣᠭᠠᠲᠤ ᠬᠣᠷᠱᠢᠶ᠎ᠠ ᠠᠢᠮᠠᠭ᠎ᠤᠨ ᠨᠠᠮ᠎ᠤᠨ ᠬᠣᠷᠢᠶ᠎ᠠ᠂ ᠵᠠᠬᠢᠷᠭ᠎ᠠ᠎ᠶ᠋ᠢᠨ 《 ᠡᠷᠳᠡᠨᠢ ᠱᠢᠰᠢ ᠤᠰᠤᠨ ᠲᠤᠳᠤᠷᠭ᠎ᠠ ᠵᠢ ᠬᠡᠪᠴᠢᠶᠠᠵᠢᠬᠦᠯᠤᠠ ᠲᠡᠷᠢᠵᠥ᠂ ᠮᠢᠬᠠᠠ ᠤ᠋ ᠦᠬᠡᠷ᠂ ᠰᠠᠭᠠᠯᠢ ᠵᠢᠠ ᠦᠨᠢᠶ᠎ᠠ ᠭᠤᠤᠯᠳᠠᠯᠭ᠎ᠠ ᠲᠡᠢ ᠮᠠᠯᠵᠢᠬᠤ》 ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ᠎ᠤ ᠪᠠᠯᠠ ᠮᠥᠩᠭᠥᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠢᠳᠡᠪᠬᠢᠲᠡᠶ ᠱᠢᠶ᠋ᠳᠪᠦᠷᠢᠯᠡᠵᠦ᠍᠂ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ ᠡᠴᠠ ᠡᠭᠦᠰᠴᠦ᠍᠂ 《ᠮᠠᠯ ᠠᠵᠤ ᠠᠬᠤᠶ ᠲᠠᠷᠢᠶᠠᠯᠠᠩ᠎ᠢ ᠳᠡᠮᠵᠢᠬᠦ᠌ ᠪᠠᠭ᠎ᠠ ᠵᠢᠵᠢᠭ ᠠᠵᠤ ᠠᠬᠤᠢᠯᠠᠯ᠎ᠢ ᠳᠡᠮᠵᠢᠬᠦ》ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠢᠲᠡᠭᠡᠮᠵᠢᠲᠦ ᠵᠢᠭᠡᠯᠡᠯᠭᠡ᠎ᠶ᠋ᠢᠨ ᠳᠡᠮᠵᠢᠯᠭᠡ᠎ᠶ᠋ᠢᠨ ᠡᠷᠴᠢᠮ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠪᠡ᠃

ᠠᠯᠳ᠋ᠠᠷ ᠰᠤᠮᠤ᠎ᠶ᠋ᠢᠨ ᠶᠠᠩᠵᠢᠶᠠ ᠭᠠᠴᠠᠭᠠᠨ᠎ᠤ ᠲᠠᠷᠢᠶᠠᠴᠢᠨ ᠵᠦ᠍ ᠮᠢᠩ ᠶᠢᠦ᠄ 《ᠨᠢᠳᠤᠨᠤᠠ ᠦᠬᠡᠷ ᠤ᠋ᠠ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠬᠠᠨᠳᠤᠰᠢ ᠰᠠᠢᠨ ᠪᠠᠢᠬᠤ ᠪᠡᠷ ᠦᠬᠡᠷ ᠮᠠᠯᠵᠢᠬᠤ ᠪᠡᠷ ᠵᠣᠷᠢᠭ ᠱᠢᠭᠤᠳᠤᠭ᠍ᠰᠠᠨ ᠪᠣᠯᠪᠠᠴᠤ᠌ ᠪᠠᠯᠠ ᠬᠦᠷᠦᠯᠴᠡᠬᠦ᠌ ᠥᠬᠡᠶ ᠭᠠᠴᠢᠬᠳᠠᠵᠥ ᠪᠠᠢᠯ᠎ᠠ᠂ ᠡᠨᠡ ᠦᠶ᠎ᠡ ᠢᠲᠡᠭᠡᠮᠵᠢ᠎ᠶ᠋ᠢᠨ ᠬᠣᠷᠱᠢᠶ᠎ᠠ᠎ᠳᠤ 〈ᠠᠷᠠᠳ᠎ᠢ ᠪᠠᠶᠠᠵᠢᠭᠤᠯᠬᠤ ᠪᠦᠷᠢᠨ ᠴᠢᠳᠡᠮᠵᠢᠳᠤ ᠺᠠᠷᠲ〉ᠤ᠋ᠠ ᠵᠢᠭᠡᠯᠡᠯᠭᠡ ᠪᠠᠢᠨ᠎ᠠ ᠭᠡᠵᠦ᠍ ᠰᠣᠨᠣᠰᠤᠭᠠᠳ ᠠᠯᠳᠠᠷ ᠢᠲᠡᠭᠡᠮᠵᠢ᠎ᠶ᠋ᠢᠨ ᠬᠣᠷᠱᠢᠶ᠎ᠠ ᠡᠴᠡ ᠵᠢᠭᠡᠯᠡᠯᠭᠡ ᠭᠤᠶᠤᠴᠢᠯᠠᠭ᠍ᠰᠠᠨ ᠳ᠋ᠤ᠂ ᠬᠡᠳᠤ ᠬᠤᠨᠤᠭ ᠤ᠋ᠠ ᠬᠢᠨᠢ ᠲᠡᠷᠠᠭ᠎ᠠ ᠢᠲᠡᠭᠡᠮᠵᠢᠲᠦ ᠵᠢᠭᠡᠯᠡᠯᠭᠡ ᠲᠠᠯᠪᠢᠭ᠍ᠴᠢ ᠲᠡᠵᠢᠭᠡᠪᠦᠷᠢ᠎ᠶ᠋ᠢᠨ ᠲᠠᠯᠠᠪᠠᠶ᠎ᠳᠤ ᠢᠷᠡᠵᠦ᠍ ᠵᠢᠬᠡᠯᠡᠯᠬᠡ ᠤᠯᠭᠤᠵᠥ ᠪᠠᠯᠠ ᠮᠥᠩᠭᠦᠠ᠎ᠤ ᠠᠰᠠᠭᠤᠳᠠᠯ ᠎ᠢ ᠰᠢᠢᠳᠪᠤᠷᠢᠯᠠᠵᠥ ᠦᠭᠬᠦᠯ᠎ᠠ》 ᠬᠡᠵᠥ ᠪᠠᠶᠠᠷᠳᠠᠢᠬᠠᠠ ᠶᠠᠷᠢᠨ᠎ᠠ᠃

ᠨᠢᠭᠡ ᠵᠢᠯ ᠪᠣᠯᠤᠭ᠎ᠠ ᠦᠭᠡᠢ ᠵᠦ᠍ ᠮᠢᠩ ᠶᠢᠦ ᠵᠢᠠ 100 ᠦᠨᠢᠶ᠎ᠡ ᠡᠴᠡ 40 ᠨᠢ ᠲᠤᠭᠤᠯᠯᠠᠵᠤ᠂ ᠦᠬᠡᠷ᠎ᠦᠨ ᠬᠠᠱᠢᠶ᠎ᠠ ᠬᠤᠷᠤᠭ᠎ᠠ ᠨᠢ ᠴᠤ᠌ ᠥᠷᠭᠡᠵᠢᠭᠡᠳ 2000  ᠭᠠᠷᠤᠢ ᠲᠡᠭ᠌ᠰᠢ ᠳᠥᠷᠪᠡᠯᠵᠢᠨ ᠮᠧᠲ᠋ᠷ ᠪᠣᠯᠵᠠᠢ᠃

《 ᠪᠢ ᠡᠨᠡ ᠵᠢᠯ ᠲᠣᠭ᠍ᠲᠠᠭ᠍ᠰᠠᠨ ᠴᠠᠭ᠎ᠲᠠᠭᠠᠨ ᠵᠢᠭᠡᠯᠡᠯᠭᠡ᠎ᠪᠡᠨ ᠪᠤᠴᠠᠭᠠᠵᠤ᠂ ᠳᠠᠷᠠᠭ᠎ᠠ ᠵᠢᠯ ᠳᠠᠬᠢᠨ ᠵᠢᠬᠡᠯᠡᠬᠦ᠌᠎ᠪᠡᠷ ᠲᠥᠯᠥᠪᠯᠡᠵᠦ᠍᠂ ᠦᠬᠡᠷ ᠮᠠᠯᠵᠢᠬᠤ ᠦᠶ᠋ᠯᠡᠰ᠎ᠢ ᠦᠷᠭᠦᠯᠵᠢᠯᠡᠨ ᠬᠥᠭ᠌ᠵᠢᠭᠦᠯᠬᠦ ᠪᠠᠷ ᠲᠦᠯᠦᠪᠯᠡᠵᠦ ᠪᠠᠢ᠌ᠨ᠎ᠠ 》 ᠭᠡᠵᠦ᠍ ᠵᠦ᠍ ᠮᠢᠩ ᠶᠢᠦ ᠪᠤᠳᠤᠯ ᠵᠢᠡᠨ ᠳᠡᠯᠭᠡᠨ᠎ᠠ᠃

ᠬᠠᠪᠤᠷ᠎ᠤᠨ ᠲᠠᠷᠢᠶᠠᠯᠠᠭ᠎ᠠ᠎ᠵᠢᠠ ᠦᠶᠡᠰ᠂ ᠭᠤᠸᠠᠩ ᠮᠢᠩ ᠭᠠᠴᠠᠭᠠᠨ᠎ᠤ ᠮᠥ᠍ ᠱᠢᠨ ᠶᠤᠸᠠᠨ ᠲᠡᠵᠢᠭᠡᠪᠤᠷᠢ ᠵᠢᠠ ᠲᠤᠰᠭᠠᠶ ᠬᠣᠷᠱᠢᠶ᠎ᠠ᠎ᠶ᠋ᠢᠨ ᠵᠠᠩ ᠲᠢᠩ ᠴᠢᠤᠸᠠᠨ ᠬᠤᠷᠱᠢᠶ᠎ᠠ᠎ᠶ᠋ᠢᠨ ᠬᠡᠪᠴᠢᠢ᠎ᠡ᠎ᠪᠡᠨ ᠥᠷᠭᠡᠳᠭᠡᠬᠦ᠌ ᠬᠦᠰᠡᠯ ᠪᠤᠳᠤᠯ ᠲᠡᠢ ᠪᠤᠯᠪᠠᠴᠤ ᠲᠠᠷᠢᠶᠠᠨ ᠦᠷ᠎ᠡ ᠲᠠᠷᠢᠶᠠᠨ ᠡᠮ ᠬᠤᠳᠠᠯᠳᠤᠨ ᠠᠪᠬᠤ᠂ ᠭᠠᠵᠠᠷ ᠱᠢᠷᠣᠢ ᠵᠢᠠ ᠡᠵᠡᠨᠭ᠌ᠨᠡᠯᠳᠡ ᠵᠢᠠ ᠡᠷᠬᠡ ᠵᠢ ᠱᠢᠯᠵᠢᠭᠦᠯᠬᠦ᠌᠎ᠳᠦ ᠭᠡᠷᠡᠭᠰᠡᠬᠦ ᠮᠦᠩᠬᠦ ᠳᠤᠳᠠᠬᠳᠠᠵᠤ ᠭᠠᠷ ᠮᠤᠬᠤᠷᠳᠠᠵᠤ ᠪᠠᠢᠬᠰᠠᠨ ᠠᠵᠢ᠃  ᠶᠠᠭ ᠡᠨᠡ ᠦᠶ᠎ᠡ᠎ᠳᠦ᠂ ᠠᠯᠳ᠋ᠠᠷ ᠢᠲᠡᠭᠡᠮᠵᠢ᠎ᠶ᠋ᠢᠨ ᠬᠣᠷᠱᠢᠶᠠᠨ᠎ᠤ ᠢᠲᠡᠭᠡᠮᠵᠢᠲᠦ  ᠵᠢᠭᠡᠯᠡᠯᠭᠡ ᠲᠠᠯᠪᠢᠭ᠍ᠴᠢ ᠵᠠᠩ ᠲᠢᠩ ᠴᠢᠤᠸᠠᠨ᠎ᠤ ᠪᠠᠢᠳᠠᠯ᠎ᠢ ᠰᠣᠨᠣᠰᠤᠭᠠᠳ ᠰᠠᠨᠠᠭᠠᠴᠢᠯᠠᠭ᠎ᠠ ᠡᠴᠡ᠎ᠪᠠᠨ ᠲᠡᠭᠦᠨ᠎ᠲᠡᠶ ᠬᠠᠷᠢᠯᠴᠠᠵᠦ᠍᠂ ᠪᠠᠢᠳᠠᠯ᠎ᠢ ᠨᠢ ᠨᠠᠷᠢᠠ ᠨᠢᠮᠪᠠᠢ ᠠᠰᠠᠭᠤᠵᠥ ᠦᠢᠯᠠᠭᠠᠭᠰᠠᠠ᠎ᠤ ᠲᠡᠷᠠᠭ᠎ᠠ᠂ 60 ᠲᠦᠮᠡᠨ ᠲᠥᠭᠥᠷᠢᠭ᠎ᠦᠨ ᠵᠢᠭᠡᠯᠡᠯᠭᠡ ᠤᠯᠭᠤᠵᠡᠢ᠃ 《ᠠᠷᠠᠳ᠎ᠢ ᠪᠠᠶᠠᠵᠢᠭᠤᠯᠬᠤ ᠪᠦᠷᠢᠨ ᠴᠢᠳᠡᠮᠵᠢᠳᠤ ᠺᠠᠷᠲ》  ᠤ᠋ᠠ ᠢᠲᠡᠭᠡᠮᠵᠢ ᠣᠯᠭᠣᠬᠤ ᠲᠤᠬᠠᠢᠯᠠᠭ᠍ᠰᠠᠨ ᠠᠵᠢᠯ᠎ᠳᠤ 《ᠨᠢᠭᠡ ᠯᠡ ᠤᠳᠠᠭ᠎ᠠ᠎ᠳᠤ ᠬᠢᠨᠠᠨ ᠲᠣᠭ᠍ᠲᠠᠭᠠᠬᠤ᠂ ᠬᠡᠵᠢᠶ᠎ᠡ ᠬᠡᠷᠡᠭ᠌ᠯᠡᠪᠡᠯ ᠲᠡᠳᠦᠶ᠎ᠳᠦᠨᠢ ᠵᠢᠭᠡᠯᠡᠭᠦᠯᠬᠦ᠌᠂ ᠲᠣᠭ᠎ᠠ ᠬᠡᠮᠵᠢᠶ᠎ᠡ᠎ᠶ᠋ᠢ ᠬᠢᠵᠠᠭᠠᠷᠯᠠᠵᠦ᠍᠂ ᠡᠷᠭᠢᠯᠳᠦᠭᠦᠯᠦᠨ ᠬᠡᠷᠡᠭ᠌ᠯᠡᠬᠦ᠌ 》  ᠬᠠᠮᠢᠶᠠᠷᠤᠯᠲᠠ᠎ᠶ᠋ᠢᠨ ᠠᠷᠭ᠎ᠠ ᠪᠡᠷ᠂ ᠢᠲᠡᠭᠡᠮᠵᠢ ᠣᠯᠭᠣᠬᠤ ᠬᠤᠭᠤᠴᠠᠭ᠎ᠠ ᠵᠢ 3 ᠵᠢᠯ ᠵᠢᠡᠷ ᠬᠢᠵᠠᠭᠠᠷᠯᠠᠨ᠂ ᠵᠢᠬᠡᠯᠡᠯᠬᠡ ᠪᠤᠴᠠᠭᠠᠬᠤ ᠬᠤᠭᠤᠴᠠᠭᠠᠨ᠎ᠳᠤ ᠵᠣᠭᠣᠰ᠎ᠢᠶᠠᠨ ᠬᠡᠵᠢᠶ᠎ᠠ ᠪᠤᠴᠠᠭᠠᠵᠤ ᠴᠤ᠌ ᠪᠣᠯᠤᠨ᠎ᠠ᠂ ᠵᠣᠭᠣᠰ ᠬᠡᠷᠡᠭ᠌ᠯᠡᠬᠦ᠌ ᠬᠤᠭᠤᠴᠠᠭ᠎ᠠ ᠵᠢ ᠨᠢᠭᠡ ᠵᠢᠯ ᠵᠢᠡᠷ ᠬᠢᠵᠠᠭᠠᠷᠯᠠᠵᠥ ᠂  ᠨᠢᠭᠡ ᠵᠢᠯ᠎ᠤᠨ ᠬᠤᠭᠤᠴᠠᠭ᠎ᠠ ᠨᠢ ᠳᠤᠯᠪᠠᠯ ᠪᠦᠬᠦ᠌ ᠲᠣᠭ᠎ᠠ᠎ᠪᠠᠷ ᠨᠢ ᠪᠤᠴᠠᠭᠠᠬᠤ ᠬᠡᠷᠡᠭᠳᠡᠢ ᠂ ᠬᠡᠪᠡᠴᠤ ᠲᠤᠰ ᠡᠳᠦᠷ᠎ᠲᠡᠬᠡᠡ ᠦᠷᠬᠦᠯᠵᠢᠯᠡᠡ ᠵᠢᠬᠡᠯᠡᠵᠥ ᠪᠣᠯᠬᠤ ᠲᠤᠯᠠ ᠣᠯᠠᠨ ᠲᠦᠮᠡᠨ᠎ᠦ ᠵᠣᠭᠣᠰ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠳᠤ ᠲᠤᠢᠯ᠎ᠤᠨ ᠶᠡᠬᠡ ᠳᠥᠭᠥᠮ ᠦᠵᠡᠭᠦᠯᠪᠡ᠃

ᠡᠨᠡ ᠵᠢᠯ ᠤ᠋ᠠ 10 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠡᠯ᠎ᠡ ᠵᠦᠶ᠋ᠯ᠎ᠦᠨ ᠵᠢᠭᠡᠯᠡᠯᠭᠡ ᠲᠠᠯᠪᠢᠭ᠍ᠰᠠᠨ ᠶᠡᠷᠦᠩᠬᠡᠶ ᠲᠣᠭ᠎ᠠ 430698.40 ᠲᠦᠮᠡᠨ ᠲᠥᠭᠥᠷᠢᠭ᠎ᠲᠦ ᠬᠦᠷᠴᠦ᠍᠂ ᠵᠢᠯ᠎ᠦᠨ ᠡᠬᠢᠨ᠎ᠦ᠎ᠬᠢ᠎ᠡᠴᠡ 9888.56 ᠲᠦᠮᠡᠨ ᠲᠦᠭᠦᠷᠢᠭ ᠨᠡᠮᠡᠭ᠌ᠳᠡᠵᠦ᠍᠂ 28339 ᠡᠷᠦᠬᠡ ᠮᠠᠯᠴᠢᠨ ᠲᠠᠷᠢᠶᠠᠴᠢᠨ᠂ 2254 ᠪᠠᠭ᠎ᠠ ᠵᠢᠵᠢᠭ ᠠᠵᠤ ᠠᠬᠤᠢᠯᠠᠯ ᠳ᠋ᠦ ᠠᠱᠢᠭ ᠬᠦᠷᠲᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号