11 ᠰᠠᠷ᠎ᠠ᠎ᠶ᠋ᠢᠨ 11 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ ᠬᠤᠷᠠᠯ ᠬᠤᠷᠠᠯᠳᠤᠭᠤᠯᠵᠤ᠂ ᠵᠠᠰᠠᠭ᠎ᠤᠨ ᠣᠷᠳᠣᠨ᠎ᠤ ᠱᠢᠰᠲᠸᠮ᠎ᠤᠨ ᠰᠦᠩ ᠯᠢᠶᠠᠩ᠎ᠤᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠬᠡᠷᠡᠭ᠎ᠤᠨ ᠬᠡᠷᠡᠭ᠎ᠢᠶᠡᠷ ᠴᠡᠭᠴᠡᠯᠡᠨ ᠰᠠᠢᠵᠢᠷᠠᠭᠤᠯᠬᠤ ᠵᠢ ᠠᠬᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠵᠤ᠂ ᠤᠯᠤᠰ᠎ᠤᠨ ᠥᠮᠴᠢᠯᠡᠯ᠎ᠦᠨ ᠡᠳ᠋ ᠬᠦᠷᠦᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠨᠡᠭᠡᠭᠡᠯᠳᠡ ᠵᠢᠨ ᠳᠤᠭᠤᠷᠢᠬ᠎ᠤᠨ ᠱᠢᠰᠲᠸᠮ᠎ᠤᠨ ᠬᠡᠷᠡᠭ᠎ᠢᠶᠡᠷ ᠴᠡᠭᠴᠡᠯᠡᠨ ᠰᠠᠢᠵᠢᠷᠠᠭᠤᠯᠬᠤ ᠵᠢ ᠠᠬᠢᠭᠤᠯᠬᠤ ᠠᠵᠢᠯ᠎ᠢ ᠮᠦᠷᠳᠡᠨ ᠪᠠᠢᠷᠢᠯᠠᠭᠤᠯᠵᠠᠢ᠃ ᠬᠢᠵᠢᠭ ᠲᠡᠶ ᠲᠡᠮᠡᠴᠡᠬᠦ᠌ ᠡᠮᠦᠨ᠎ᠡ ᠹᠷᠣᠨᠲ ᠡᠴᠡ ᠪᠤᠴᠠᠵᠤ ᠢᠷᠡᠭᠡᠳ᠂ ᠲᠤᠰᠠᠭᠠᠷᠯᠠᠨ ᠠᠨᠠᠭᠠᠬᠤ ᠤᠬᠠᠭᠠᠨ᠎ᠤ ᠠᠵᠢᠭ᠍ᠯᠠᠯᠲᠠ ᠬᠢᠬᠦ ᠵᠢ ᠬᠦᠯᠢᠶᠡᠵᠤ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ᠂ ᠥᠪᠡᠷᠲᠡᠭᠡᠨᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠸᠠᠩ ᠯᠢ ᠱᠢᠶᠠ᠎ᠶ᠋ᠢᠨ ᠨᠠᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ ᠵᠠᠩ ᠱᠤᠤ ᠴᠦᠨ ᠬᠤᠷᠠᠯ᠎ᠢ ᠡᠷᠭᠢᠯᠡᠪᠡ᠃
ᠬᠤᠷᠠᠯ᠎ᠠᠴᠠ᠂ ᠰᠦᠩ ᠯᠢᠶᠠᠩ᠎ᠤᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠬᠡᠷᠡᠭ᠎ᠤᠨ ᠬᠡᠷᠡᠭ᠎ᠢᠶᠡᠷ ᠴᠡᠭᠴᠡᠯᠡᠨ ᠰᠠᠢᠵᠢᠷᠠᠭᠤᠯᠬᠤ ᠵᠢ ᠠᠬᠢᠭᠤᠯᠬᠤ ᠠᠵᠢᠯ᠎ᠢ ᠦᠨᠡᠨ ᠬᠦ᠌ ᠰᠠᠢᠲᠤᠷ ᠬᠢᠬᠦ᠌ ᠪᠣᠯ ᠨᠢᠭᠡᠨ ᠴᠢᠬᠤᠯᠠ ᠤᠯᠤᠰ ᠲᠦᠷᠦ᠍᠎ᠶ᠋ᠢᠨ ᠡᠭᠦᠷᠭᠡ ᠮᠥᠨ᠂ ᠨᠠᠮ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠴᠢᠨᠠᠭ᠍ᠰᠢᠳᠠ ᠴᠢᠩᠭᠠᠳᠭᠠᠬᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠬᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠦᠨ ᠰᠡᠷᠭᠦᠭᠡᠬᠦ᠌᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠬᠡᠷᠡᠭ᠎ᠢᠶᠡᠷ ᠴᠡᠭᠴᠡᠯᠡᠨ ᠰᠠᠢᠵᠢᠷᠠᠭᠤᠯᠬᠤ᠎ᠶ᠋ᠢ ᠠᠬᠢᠭᠤᠯᠬᠤ ᠠᠵᠢᠯ᠎ᠢ ᠰᠠᠢᠲᠤᠷ ᠬᠢᠬᠦ᠌᠎ᠶ᠋ᠢᠨ ᠲᠤᠢᠯ᠎ᠤᠨ ᠴᠢᠬᠤᠯᠠ ᠴᠢᠨᠠᠷ ᠪᠣᠯᠤᠨ ᠪᠣᠳᠠᠲᠤ ᠲᠤᠯᠭᠠᠮ ᠴᠢᠨᠠᠷ᠎ᠢ ᠭᠦᠨᠵᠡᠭᠡᠢ ᠲᠠᠨᠢᠵᠤ᠂ ᠤᠯᠤᠰ ᠲᠦᠷᠦ᠍᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠦᠨᠡᠨ ᠬᠦ᠌ ᠴᠢᠩᠭᠠᠳᠭᠠᠵᠤ᠂ ᠡᠷᠡᠰ ᠪᠠᠲᠤ ᠣᠪᠣᠷ᠂ ᠪᠦᠲᠦᠮᠵᠢᠲᠡᠢ ᠠᠷᠭ᠎ᠠ ᠬᠡᠮᠵᠢᠶ᠎ᠡ᠎ᠪᠡᠷ ᠬᠡᠷᠡᠭ᠎ᠢᠶᠡᠷ ᠴᠡᠭᠴᠡᠯᠡᠨ ᠰᠠᠢᠵᠢᠷᠠᠭᠤᠯᠬᠤ᠎ᠶ᠋ᠢ ᠠᠬᠢᠭᠤᠯᠬᠤ᠂ ᠬᠡᠷᠡᠭ᠎ᠢᠶᠡᠷ ᠵᠠᠰᠠᠯᠲᠠ᠎ᠶ᠋ᠢ ᠠᠬᠢᠭᠤᠯᠬᠤ᠂ ᠬᠡᠷᠡᠭ᠎ᠢᠶᠡᠷ ᠪᠠᠢᠭᠤᠯᠤᠯᠲᠠ᠎ᠶ᠋ᠢ ᠠᠬᠢᠭᠤᠯᠬᠤ᠎ᠶ᠋ᠢ ᠦᠷᠨᠢᠬᠦᠯᠵᠤ᠂ ᠡᠷᠬᠡᠪᠰᠢ ᠱᠠᠮᠱᠢᠬᠤᠶ᠋ᠢ ᠡᠰᠡᠷᠭᠦᠴᠡᠵᠦ᠍ ᠢᠯᠵᠡᠷᠡᠯ᠎ᠢ ᠵᠠᠯᠬᠠᠭᠠᠬᠤ᠂ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ᠂ ᠵᠢᠷᠤᠮᠵᠢᠯ᠎ᠲᠠᠶ ᠵᠠᠰᠠᠬᠤ ᠶᠡᠷᠦᠩᠬᠡᠢᠯᠡᠭ᠌ᠰᠡᠨ ᠦᠷ᠎ᠡ ᠪᠦᠲᠦᠮᠵᠢ ᠤᠯᠬᠤ ᠬᠡᠷᠡᠭ᠌ᠲᠡᠢ ᠬᠡᠵᠥ ᠵᠢᠭᠠᠵᠥ ᠭᠠᠷᠭᠠᠪᠠ᠃
ᠬᠤᠷᠠᠯ ᠡᠴᠡ᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠵᠣᠬᠢᠶᠠᠨ ᠪᠠᠢᠭᠤᠯᠵᠤ ᠤᠳᠤᠷᠢᠳᠭᠤ ᠪᠠᠨ ᠴᠢᠩᠭᠠᠳᠭᠠᠵᠤ᠂ ᠴᠢᠩᠭ᠎ᠠ ᠪᠣᠳᠠᠲᠠᠢ ᠪᠠᠢᠵᠤ᠂ ᠬᠠᠲᠠᠭᠤ᠎ᠲᠠᠶ ᠨᠢ ᠬᠠᠯᠳᠠᠵᠤ ᠪᠠᠢᠭᠠᠳ ᠬᠡᠷᠡᠭ᠎ᠢᠶᠡᠷ ᠴᠡᠭᠴᠡᠯᠡᠨ ᠰᠠᠢᠵᠢᠷᠠᠭᠤᠯᠬᠤ᠎ᠶ᠋ᠢ ᠠᠬᠢᠭᠤᠯᠬᠤ ᠠᠵᠢᠯ᠎ᠤᠨ ᠦᠷ᠎ᠡ ᠪᠦᠳᠦᠮᠵᠢ ᠤᠯᠵᠥ ᠪᠤᠳᠠᠳᠠᠢ ᠳ᠋ᠤ ᠨᠠᠢᠳᠠᠪᠤᠷᠢᠵᠢᠭᠤᠯᠬᠤ ᠵᠢ ᠠᠬᠢᠭᠤᠯᠬᠤ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠲᠠᠯ᠎ᠠ᠎ᠪᠠᠷ ᠣᠷᠣᠱᠢᠵᠤ ᠪᠠᠢᠭ᠎ᠠ ᠠᠰᠠᠭᠤᠳᠠᠯ᠎ᠢ ᠭᠦᠨᠵᠡᠭᠡᠢ ᠠᠭᠤᠳᠠᠯᠤᠨ ᠨᠠᠷᠢᠯᠢᠭ ᠪᠠᠢᠴᠠᠭᠠᠵᠤ᠂ ᠡᠳᠦᠷ ᠲᠤᠳᠤᠮ᠎ᠤᠨ ᠠᠵᠢᠯ ᠲᠤᠮᠳᠠ ᠬᠠᠮᠢᠶᠠᠷᠴᠤ᠌᠂ ᠪᠠᠢᠩᠭᠤ ᠬᠢᠵᠦ᠍᠂ ᠪᠠᠢᠩᠭᠤ ᠵᠠᠰᠠᠬᠤ᠎ᠳᠤ ᠰᠠᠭᠤᠷᠢᠯᠠᠵᠤ᠂ ᠤᠷᠳᠤ ᠬᠤᠭᠤᠴᠠᠭ᠎ᠠ ᠪᠦᠲᠦᠮᠵᠢᠲᠡᠢ ᠪᠠᠢᠬᠤ᠎ᠶ᠋ᠢ ᠪᠡᠶᠡᠯᠡᠬᠦᠯᠵᠥ᠂ 《ᠴᠢᠩᠭ᠎ᠠ》 ᠪᠠᠢᠬᠤ᠎ᠶ᠋ᠢ ᠲᠡᠷᠢᠭᠦᠨ᠎ᠳᠦ ᠲᠠᠯᠪᠢᠬᠤ᠎ᠶ᠋ᠢ ᠢᠮᠠᠭ᠍ᠲᠠ ᠪᠠᠷᠢᠮᠲᠠᠯᠠᠵᠤ᠂ 《ᠴᠡᠪᠡᠷ》 ᠪᠠᠢᠬᠤ᠎ᠶ᠋ᠢ ᠦᠨᠡᠨ ᠬᠦ᠌ ᠪᠡᠶᠡᠯᠡᠭᠦᠯᠵᠦ᠍᠂ 《ᠠᠱᠢᠭ ᠲᠤᠰᠠ》 ᠵᠢᠨ ᠦᠨᠳᠦᠰᠦ᠎ᠶ᠋ᠢ ᠡᠷᠡᠰ ᠲᠠᠰᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠢ᠌ᠴᠢᠨ ᠴᠢᠨᠠᠷ᠎ᠢ ᠲᠠᠰᠤᠷᠠᠯᠳᠠ ᠦᠭᠡᠢ ᠴᠢᠩᠭᠠᠳᠭᠠᠬᠤ ᠬᠡᠷᠡᠭ᠌ᠲᠡᠢ᠃ ᠢᠯᠵᠡᠷᠡᠯ᠎ᠢ ᠡᠰᠡᠷᠭᠦᠴᠡᠬᠦ᠌ ᠲᠡᠮᠡᠴᠡᠯ ᠪᠣᠯᠤᠨ ᠲᠦᠭ᠌ᠰᠢᠭᠦᠷᠢ ᠶ᠋ᠢ ᠰᠡᠷᠭᠡᠢᠯᠡᠨ ᠠᠷᠢᠯᠭᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠢᠯᠵᠡᠷᠡᠯ᠎ᠦᠨ ᠠᠶᠤᠯ ᠲᠦᠭ᠌ᠰᠢᠭᠦᠷᠢ᠂ ᠡᠵᠡᠩᠨᠡᠯᠲᠡ ᠶ᠋ᠢᠨ ᠠᠶᠤᠯ ᠲᠦᠭ᠌ᠰᠢᠭᠦᠷᠢ᠂ ᠮᠡᠳᠡᠭᠡ ᠵᠠᠩᠭᠢ ᠮᠡᠷᠭᠡᠵᠢᠯ᠎ᠦᠨ ᠠᠶᠤᠯ ᠲᠦᠭ᠌ᠰᠢᠭᠦᠷᠢ᠂ ᠲᠠᠭᠠᠯᠳᠤᠬᠰᠠᠨ ᠠᠶᠤᠯ ᠲᠦᠭ᠌ᠰᠢᠭᠦᠷᠢ᠂ ᠬᠠᠮᠢᠶᠠᠷᠤᠯᠲᠠ᠎ᠶ᠋ᠢᠨ ᠠᠶᠤᠯ ᠲᠦᠭ᠌ᠰᠢᠭᠦᠷᠢ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠠᠶᠤᠯ ᠲᠦᠭ᠌ᠰᠢᠭᠦᠷᠢ᠎ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠦᠬᠦ᠌ ᠬᠦᠴᠦ᠍᠎ᠪᠡᠷ᠎ᠢᠶᠡᠨ ᠰᠠᠢᠲᠤᠷ ᠬᠢᠵᠦ᠍᠂ ᠬᠢᠳᠤᠭᠠᠨ ᠢᠷ᠎ᠢ ᠳᠣᠲᠣᠭ᠍ᠰᠢ ᠬᠠᠨᠳᠤᠭᠤᠯᠵᠤ᠂ ᠶᠠᠰᠤ᠎ᠶ᠋ᠢ ᠬᠤᠰᠤᠨ ᠬᠣᠣᠷ᠎ᠢ ᠡᠮᠨᠡᠵᠦ᠍᠂ ᠡᠪᠡᠳᠴᠢᠨ᠎ᠦ ᠦᠨᠳᠦᠰᠦ᠎ᠶ᠋ᠢ ᠭᠦᠨ ᠠᠭᠤᠳᠠᠯᠵᠤ᠂ ᠤᠨᠢᠨ ᠳᠡᠭᠡᠷ᠎ᠡ ᠨᠢ ᠵᠠᠰᠠᠵᠤ᠂ ᠬᠣᠣᠷ ᠨᠥᠯᠥᠭᠡ᠎ᠶ᠋ᠢ ᠲᠤᠢᠯᠪᠤᠷᠢᠲᠠᠢ ᠠᠷᠢᠯᠭᠠᠵᠤ᠂ ᠢᠯᠵᠡᠷᠡᠯ ᠦᠨ ᠠᠷᠬᠠᠭ᠎ᠢ ᠲᠤᠢᠯᠪᠤᠷᠢᠲᠠᠢ ᠠᠷᠢᠯᠭᠠᠵᠤ᠂ ᠲᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠬᠦ᠌ ᠵᠢ ᠦᠨᠡᠨ ᠬᠦ᠌ ᠪᠡᠶᠡᠯᠡᠬᠦᠯᠬᠦ ᠬᠡᠷᠡᠭ᠌ᠲᠡᠢ ᠬᠡᠵᠥ ᠴᠢᠬᠤᠯᠠᠴᠢᠯᠠᠪᠠ᠃
ᠬᠤᠷᠠᠯ ᠡᠴᠡ᠂ ᠤᠯᠤᠰ᠎ᠤᠨ ᠥᠮᠴᠢᠯᠡᠯ᠎ᠦᠨ ᠡᠳ᠋ ᠬᠦᠷᠦᠩᠭᠡ ᠤᠯᠤᠰ᠎ᠤᠨ ᠥᠮᠴᠢᠯᠡᠯ ᠦᠨ ᠠᠵᠤ ᠠᠬᠤᠢᠯᠠᠯ ᠪᠣᠯᠤᠨ ᠨᠡᠭᠡᠭᠡᠯᠳᠡ ᠵᠢᠨ ᠳᠤᠭᠤᠷᠢᠭ᠎ᠤᠨ ᠱᠢᠰᠲᠸᠮ᠎ᠤᠨ ᠬᠢᠨ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠦᠵᠡᠯ ᠰᠠᠨᠠᠭᠠᠲᠠᠨᠢᠯᠲᠠᠪᠠᠨ ᠭᠦᠨᠵᠡᠭᠡᠢᠷᠡᠭᠦᠯᠵᠦ᠍᠂ ᠴᠢᠯᠠᠭᠤᠨ ᠳᠡᠭᠡᠷ᠎ᠡ ᠬᠢᠰᠭᠢᠪᠡᠯ ᠮᠥᠷ᠎ᠲᠡᠶ᠂ ᠳᠡᠮᠤᠷ ᠠᠳᠬᠤᠪᠠᠯ ᠤᠷᠤᠮ ᠳᠠᠢ ᠪᠠᠢᠬᠤ ᠵᠤᠷᠢᠭ ᠰᠦᠰᠦ ᠪᠡᠷ ᠬᠡᠷᠡᠭ᠎ᠢᠶᠡᠷ ᠴᠡᠭᠴᠡᠯᠡᠨ ᠰᠠᠢᠵᠢᠷᠠᠭᠤᠯᠬᠤ ᠶ᠋ᠢ ᠠᠬᠢᠭᠤᠯᠬᠤ ᠠᠵᠢᠯ᠎ᠢ ᠰᠠᠢᠲᠤᠷ ᠬᠢᠵᠦ᠍᠂ ᠠᠰᠠᠭᠤᠳᠠᠯ᠎ᠳᠤ ᠴᠢᠭ᠌ᠯᠡᠭᠦᠯᠦᠨ ᠠᠳᠭᠤᠵᠤ᠂ ᠠᠰᠠᠭᠤᠳᠠᠯ᠎ᠳᠤ ᠴᠢᠭ᠌ᠯᠡᠭᠦᠯᠦᠨ ᠴᠡᠭ᠌ᠴᠡᠯᠡᠨ ᠰᠠᠢᠵᠢᠷᠠᠭᠤᠯᠵᠤ᠂ ᠠᠰᠠᠭᠤᠳᠠᠯ᠎ᠳᠤ ᠴᠢᠭ᠌ᠯᠡᠭᠦᠯᠦᠨ ᠵᠠᠰᠠᠵᠤ᠂ ᠠᠰᠠᠭᠤᠳᠠᠯ᠎ᠢ ᠱᠢᠢᠳᠪᠦᠷᠢᠯᠡᠬᠦ᠌᠎ᠶ᠋ᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠳᠦᠷᠢᠮ᠎ᠦᠨ ᠱᠢᠨ᠎ᠡ᠎ᠶ᠋ᠢ ᠡᠭᠦᠳᠬᠦ᠌ ᠪᠠ ᠵᠠᠰᠠᠯᠲᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠲᠠᠶ ᠤᠶᠠᠯᠳᠤᠭᠤᠯᠵᠤ᠂ ᠴᠡᠭᠴᠡᠯᠡᠨ ᠰᠠᠢᠵᠢᠷᠠᠭᠤᠯᠬᠤ ᠪᠡᠷ ᠲᠡᠮᠵᠢᠨ ᠰᠠᠢ᠌ᠨ ᠤᠳᠤᠷᠢᠳᠭᠤ ᠪᠠᠭ ᠰᠠᠢ᠌ᠨ ᠡᠩᠨᠡᠭᠡ ᠵᠢ ᠪᠠᠢᠭᠤᠯᠬᠤ ᠵᠢᠨ ᠳᠤᠭᠤᠷᠢᠨ ᠳ᠋ᠤ᠂ ᠨᠠᠮ᠎ᠤᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠥ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭ᠌ᠲᠡᠢ; ᠴᠡᠭᠴᠡᠯᠡᠨ ᠰᠠᠢᠵᠢᠷᠠᠭᠤᠯᠬᠤ ᠪᠡᠷ ᠲᠡᠮᠵᠢᠨ ᠰᠠᠢ᠌ᠨ ᠲᠦᠷᠢᠮ ᠰᠠᠢ᠌ᠨ ᠲᠣᠭ᠍ᠲᠠᠴᠠ ᠵᠢ ᠪᠠᠢᠭᠤᠯᠬᠤ ᠵᠢᠨᠲᠤᠭᠤᠷᠢᠨ ᠳ᠋ᠤ᠂ ᠳᠣᠲᠣᠭᠠᠳᠤ ᠡᠵᠡᠮᠳᠡᠯ᠎ᠦᠨ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠲᠦᠷᠢᠮ ᠲᠣᠭ᠍ᠲᠠᠴᠠ᠎ᠶ᠋ᠢᠨ ᠳᠤᠲᠠᠭᠤᠳᠠᠯ᠎ᠢ ᠨᠥᠬᠥᠪᠥᠷᠢᠯᠡᠨ᠂ ᠤᠳᠤ ᠦᠶ᠎ᠡ᠎ᠶ᠋ᠢᠨ ᠠᠵᠤ ᠠᠬᠤᠢᠯᠠᠯ᠎ᠤᠨ ᠲᠦᠷᠢᠮ᠎ᠢ ᠲᠦᠷᠭᠡᠳᠬᠡᠨ ᠪᠠᠢᠭᠤᠯᠵᠤ᠂ ᠨᠡᠬᠡᠬᠡᠯᠳᠡ ᠵᠢᠨ ᠳᠤᠭᠤᠷᠢᠬ᠎ᠤᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ ᠬᠡᠷᠡᠭᠳᠡᠢ; ᠴᠡᠭᠴᠡᠯᠡᠨ ᠰᠠᠢᠵᠢᠷᠠᠭᠤᠯᠬᠤ ᠪᠡᠷ ᠲᠡᠮᠵᠢᠨ ᠰᠠᠢᠨ ᠪᠠᠢᠷᠢᠱᠢᠯ ᠰᠠᠢᠨ ᠪᠠᠢᠳᠠᠯ᠎ᠢ ᠪᠤᠢ ᠪᠤᠯᠭᠠᠬᠤ᠎ᠶ᠋ᠢᠨ ᠲᠣᠭᠣᠷᠢᠨ᠎ᠳᠤ᠂ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠠᠵᠢᠯᠯᠠᠭᠠᠨ᠎ᠤ ᠬᠥᠲᠥᠯᠪᠦᠷᠢ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠴᠡᠭ᠌ᠴᠡᠯᠡᠨ ᠰᠠᠢᠵᠢᠷᠠᠭᠤᠯᠤᠭ᠍ᠰᠠᠨ ᠪᠣᠳᠠᠲᠤ ᠦᠷ᠎ᠡ ᠪᠦᠲᠦᠮᠵᠢ᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠤᠯᠤᠰ᠎ᠤᠨ ᠥᠮᠴᠢᠯᠡᠯ᠎ᠤᠨ ᠠᠵᠤ ᠠᠬᠤᠢᠯᠠᠯ ᠪᠣᠯᠤᠨ ᠨᠡᠭᠡᠭᠡᠯᠲᠡ᠎ᠶ᠋ᠢᠨ ᠲᠣᠭᠣᠷᠢᠭ᠎ᠤᠨ ᠠᠷᠢᠭᠤᠨ ᠴᠡᠪᠡᠷ ᠬᠥᠷᠥᠰᠥ᠍ ᠱᠢᠷᠣᠶ᠂ ᠬᠥᠭ᠌ᠵᠢᠯᠲᠡ᠎ᠶ᠋ᠢᠨ ᠥᠨᠳᠥᠷᠯᠢᠭ᠎ᠢ ᠴᠢᠷᠮᠠᠢᠨ ᠪᠠᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃
ᠬᠤᠷᠠᠯ ᠡᠴᠡ ᠪᠠᠰᠠ ᠪᠤᠰᠤᠳ ᠵᠦᠢᠯ᠎ᠢ ᠰᠤᠳᠤᠯᠵᠠᠢ᠃