ᠱ᠌ᠢ ᠲᠡᠶ ᠹᠸᠩ ᠬᠤᠷᠠᠯ᠎ᠢ ᠡᠷᠬᠢᠯᠡᠵᠡᠢ
11 ᠰᠠᠷ᠎ᠠ᠎ᠶ᠋ᠢᠨ 12 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶ᠎ᠠ ᠥᠷᠭᠡᠳᠭᠡᠭ᠌ᠰᠡᠨ ᠬᠤᠷᠠᠯ ᠬᠤᠷᠠᠯᠳᠤᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠡᠷᠬᠢᠯᠡᠭ᠌ᠴᠢ ᠱ᠌ᠢ ᠲᠠᠢ ᠹᠸᠩ ᠬᠤᠷᠠᠯ᠎ᠢ ᠡᠷᠬᠢᠯᠡᠵᠡᠢ᠃
ᠬᠤᠷᠠᠯ ᠡᠴᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ ᠪᠣᠯ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢᠨ ᠴᠢᠬᠤᠯᠠ ᠲᠡᠦᠬᠡᠨ ᠴᠠᠭ ᠮᠥᠴᠡ᠎ᠳᠦ᠂ ᠨᠠᠮ ᠡᠴᠡ ᠠᠷᠠᠳ ᠲᠦᠮᠡᠨ᠎ᠢ ᠤᠳᠤᠷᠢᠳᠤᠨ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠥ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠵᠦ ᠪᠠᠢᠭ᠎ᠠ ᠴᠢᠬᠤᠯᠠ ᠶᠡᠬᠡ ᠲᠡᠦᠬᠡᠨ ᠵᠠᠩᠭᠢᠯᠠᠭ᠎ᠠ᠎ᠶ᠋ᠢᠨ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠴᠢᠬᠤᠯᠠ ᠬᠤᠷᠠᠯ ᠪᠣᠯᠤᠨ᠎ᠠ᠃ ᠪᠥᠬᠥᠳᠡ ᠬᠤᠷᠠᠯ ᠡᠴᠡ ᠬᠢᠨᠠᠨ ᠵᠥᠪᠯᠡᠵᠦ᠍ ᠪᠠᠲᠤᠯᠠᠭ᠍ᠰᠠᠨ《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢ》 ᠪᠤᠯ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰᠤᠨᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠤᠯᠤᠰ ᠲᠦᠷᠦ᠍᠎ᠶ᠋ᠢᠨ ᠲᠤᠩᠬᠠᠭ ᠮᠦᠨ᠂ ᠲᠡᠦᠬᠡ᠎ᠪᠡᠷ ᠲᠣᠯᠢ ᠪᠣᠯᠭᠠᠬᠤ᠂ ᠢᠷᠡᠭᠡᠳᠦᠶ᠎ᠶ᠋ᠢ ᠨᠡᠭᠡᠭᠡᠬᠦ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠠᠵᠢᠯᠯᠠᠭᠠᠨ᠎ᠤ ᠵᠦᠭ᠌ᠯᠡᠭᠦᠷ ᠮᠦᠨ᠂ ᠡᠨᠡ ᠨᠢ ᠪᠦᠬᠦ᠌ ᠨᠠᠮ᠎ᠢ ᠳᠠᠢᠴᠢᠯᠠᠵᠤ ᠤᠯᠠᠮ ᠨᠢᠭᠡ ᠠᠯᠬᠤᠮ ᠦᠵᠡᠯ ᠰᠠᠨᠠᠭ᠎ᠠ᠎ᠪᠠᠨ ᠨᠢᠭᠡᠳᠭᠡᠵᠥ᠂ ᠦᠵᠡᠯᠳᠠ ᠵᠤᠷᠢᠯᠳᠠ ᠪᠠᠨ ᠨᠢᠬᠡᠳᠬᠡᠵᠥ᠂ ᠦᠢᠯᠡ ᠠᠵᠢᠯᠯᠠᠭ᠎ᠠ ᠪᠠᠨ ᠨᠢᠬᠡᠳᠬᠡᠵᠥ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠵᠥ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠲᠡᠮᠡᠴᠡᠬᠦ ᠳ᠋ᠤ ᠯᠠᠪᠲᠠᠶ ᠴᠢᠬᠤᠯᠠ ᠶᠡᠬᠡ ᠪᠥᠭᠡᠳ ᠠᠯᠤᠰ ᠬᠡᠲᠦ᠍᠎ᠶ᠋ᠢᠨ ᠨᠥᠯᠥᠭᠡ ᠭᠠᠷᠭᠠᠬᠤ ᠪᠤᠯᠤᠨ᠎ᠠ᠃ ᠢᠯᠠᠩᠭᠤᠶ᠎ᠠ 《ᠱᠢᠶ᠋ᠳᠪᠦᠷᠢ》 ᠨᠢ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠱᠢᠨ᠎ᠡ ᠴᠠᠭ ᠦᠶ᠎ᠡ ᠭᠡᠬᠦ᠌ ᠡᠨᠡ ᠬᠦ᠌ ᠭᠤᠤᠯᠳᠠᠯᠭ᠎ᠠ᠎ᠶ᠋ᠢ ᠳᠣᠪᠣᠢᠯᠭᠠᠵᠤ᠂ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠱᠢᠬᠢ ᠨᠠᠮ ᠪᠠ ᠤᠯᠤᠰ᠎ᠤᠨ ᠠᠵᠢᠯ ᠦᠶ᠋ᠯᠡᠰ᠎ᠦᠨ ᠣᠯᠤᠭ᠍ᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ᠂ ᠡᠭᠦᠰᠦᠭ᠌ᠰᠡᠨ ᠲᠡᠦᠬᠡᠲᠦ ᠴᠢᠨᠠᠷᠲᠠᠶ ᠬᠤᠪᠢᠰᠤᠯᠲᠠ ᠪᠠ ᠬᠤᠷᠠᠮᠳᠤᠭᠤᠯᠤᠭ᠍ᠰᠠᠨ ᠱᠢᠨ᠎ᠡ ᠰᠣᠷᠭᠣᠭ ᠲᠤᠷᠱᠢᠯᠭ᠎ᠠ᠎ᠶ᠋ᠢ ᠭᠦᠨᠵᠡᠭᠡᠶ ᠳ᠋ᠦᠩᠨᠡᠭᠰᠡᠨ ᠨᠢ᠂ ᠪᠥᠬᠥ᠌ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠢᠲᠡᠭᠡᠯ ᠵᠣᠷᠢᠭ᠎ᠢ ᠨᠢ ᠴᠢᠨᠠᠬᠰᠢᠳᠠ ᠪᠠᠲᠤᠳᠭᠠᠨ᠂ ᠬᠢᠵᠦ᠍ ᠪᠠᠢᠭ᠎ᠠ ᠠᠵᠢᠯ ᠶᠠᠪᠤᠳᠠᠯ᠎ᠳᠠᠭᠠᠨ ᠠᠩᠬᠠᠷᠤᠯ᠎ᠢᠶᠠᠨ ᠲᠥᠪᠯᠡᠷᠡᠭᠦᠯᠵᠦ᠍᠂ ᠨᠠᠩ ᠴᠣᠭ ᠪᠠᠳᠠᠷᠠᠩᠭᠤᠶ ᠳᠦᠷᠰᠦ ᠪᠠᠢᠳᠠᠯ᠎ᠢᠶᠠᠷ ᠱᠢᠨ᠎ᠡ ᠠᠶᠠᠨ᠎ᠳᠤ ᠮᠣᠷᠳᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠵᠢᠳᠬᠦᠯ ᠪᠠᠢᠭᠤᠯᠬᠤ᠎ᠳᠤ ᠴᠢᠬᠤᠯᠠ ᠶᠡᠬᠡ ᠲᠡᠦᠬᠡᠲᠦ ᠠᠴᠢ ᠬᠣᠯᠪᠣᠭ᠍ᠳᠠᠯ ᠪᠠ ᠠᠬᠤᠢᠴᠢ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ᠃ ᠪᠢᠳᠡ ᠤᠬᠠᠮᠰᠠᠷ ᠡᠴᠡ᠎ᠪᠠᠨ 《ᠭᠤᠷᠪᠠᠨ ᠭᠡᠷᠡᠭᠴᠡᠭᠡ》 ᠶ᠋ᠢᠨ ᠤᠯᠤᠰ ᠲᠥᠷᠥ᠎ᠶ᠋ᠢᠨ ᠦᠨᠳᠦᠷᠴᠡ᠎ᠳ᠋ᠤ ᠵᠣᠭ᠍ᠰᠣᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠶ᠋ᠴᠡᠳ ᠲᠠᠨᠢᠵᠤ᠂ ᠮᠠᠨ᠎ᠤ ᠨᠠᠮ᠎ᠤᠨ ᠵᠠᠭᠤᠨ ᠵᠢᠯ᠎ᠦᠨ ᠲᠣᠮᠣ ᠨᠠᠮ ᠪᠣᠯᠤᠭ᠍ᠰᠠᠨ᠎ᠤ ᠬᠤᠪᠢ᠎ᠳᠠᠬᠢ ᠭᠦᠨ ᠵᠤᠵᠠᠭᠠᠨ ᠲᠡᠦᠬᠡᠨ ᠬᠠᠢᠷ᠎ᠠ ᠰᠡᠳᠭᠢᠯᠭᠡ᠂ ᠪᠠᠳᠤ ᠴᠢᠩᠭ᠎ᠠ ᠲᠡᠦᠬᠡ᠎ᠶ᠋ᠢᠨ ᠢᠲᠡᠭᠡᠯ᠂ ᠳᠡᠭᠡᠳᠦ ᠬᠡᠮᠵᠢᠶᠡᠨ᠎ᠦ ᠲᠡᠦᠬᠡ᠎ᠶ᠋ᠢᠨ ᠤᠬᠠᠮᠰᠠᠷ᠎ᠢ ᠬᠦᠨᠵᠡᠭᠡᠢ ᠤᠢᠯᠠᠭᠠᠨ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠬᠦ᠌ ᠬᠡᠷᠡᠭ᠌ᠲᠡᠶ ᠬᠡᠵᠥ ᠵᠢᠭᠠᠵᠥ ᠭᠠᠷᠭᠠᠪᠠ᠃
ᠬᠤᠷᠠᠯ᠎ᠡᠴᠡ᠂ ᠶᠡᠬᠡ ᠬᠦᠴᠦ᠍ ᠣᠷᠣᠭᠤᠯᠵᠤ᠂ ᠰᠢᠷᠭᠠᠭᠤ ᠴᠢᠷᠮᠠᠢᠯᠭ᠎ᠠ ᠭᠠᠷᠭᠠᠵᠤ ᠪᠠᠢᠭᠠᠳ《ᠱᠢᠢᠳᠪᠦᠷᠢ》ᠵᠢᠨ ᠡᠯᠪᠡᠭ ᠪᠠᠶᠠᠯᠢᠭ ᠠᠭᠤᠯᠤᠭ᠍ᠳᠠᠬᠤᠨ ᠪᠣᠯᠤᠨ ᠵᠣᠷᠢᠭ ᠰᠠᠨᠠᠭᠠᠨ᠎ᠤ ᠮᠥᠨ ᠴᠢᠨᠠᠷ᠎ᠢ ᠰᠠᠢᠲᠤᠷ ᠰᠤᠷᠤᠯᠴᠠᠵᠤ ᠨᠡᠪᠳᠡᠷᠡᠳᠡᠯ᠎ᠡ ᠣᠢᠯᠠᠭᠠᠵᠤ᠂ ᠭᠦᠨᠵᠡᠭᠡᠢ ᠰᠤᠷᠤᠯᠴᠠᠨ ᠲᠤᠭᠤᠷᠠᠳᠠᠯ᠎ᠠ ᠡᠵᠡᠮᠰᠢᠨ᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠲᠠᠢᠯᠬᠦ᠂ ᠮᠠᠷᠺᠰ᠎ᠤᠨ ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠶᠠᠭᠠᠬᠢᠭᠠᠳ ᠰᠠᠢ᠌ᠨ ᠪᠠᠢᠬᠤ ᠲᠡᠦᠬᠡ᠎ᠶ᠋ᠢᠨ ᠯᠣᠭᠢᠭ᠂ ᠤᠨᠤᠯ᠎ᠤᠨ ᠯᠣᠭᠢᠭ᠂ ᠦᠢᠯᠡᠳᠦᠯᠭᠡ᠎ᠶ᠋ᠢᠨ ᠯᠣᠭᠢᠭ᠎ᠢ ᠴᠢᠨᠠᠭ᠍ᠰᠢᠳᠠ ᠲᠣᠳᠣᠷᠬᠠᠢ ᠣᠢᠯᠠᠭᠠᠵᠤ᠂ ᠤᠴᠢᠷ ᠰᠢᠯᠳᠠᠭᠠᠨᠢ ᠨᠢ ᠮᠡᠳᠡᠵᠤ᠂ ᠲᠡᠭᠦᠨ᠎ᠦ ᠵᠠᠢᠯᠠᠰᠢ ᠦᠭᠡᠢ ᠴᠢᠨᠠᠷ᠎ᠢ ᠮᠡᠳᠡᠬᠦ᠌ ᠬᠡᠷᠡᠭ᠌ᠲᠡᠢ᠃ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡᠲᠦ ᠠᠴᠢ ᠬᠣᠯᠪᠣᠭ᠍ᠳᠠᠯ᠎ᠢ ᠭᠦᠨᠵᠡᠭᠡᠢ ᠤᠢ᠍ᠢᠯᠠᠭᠠᠨ ᠡᠵᠡᠮᠱᠢᠵᠦ᠍᠂ 《4 ᠠᠭᠤᠤ ᠶᠡᠬᠡ ᠠᠮᠵᠢᠯᠲᠠ ᠪᠦᠲᠦᠮᠵᠢ》᠂ 《4 ᠠᠭᠤᠤ ᠶᠡᠬᠡ ᠦᠰᠦᠷᠦᠯᠲᠡ》ᠵᠢᠨ ᠲᠤᠬᠠᠢ ᠲᠠᠨᠢᠯᠲᠠ᠎ᠪᠠᠨ ᠲᠠᠰᠤᠷᠠᠯᠳᠠ ᠦᠭᠡᠢ ᠭᠦᠨᠵᠡᠭᠡᠢᠷᠡᠭᠦᠯᠵᠦ᠍᠂ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠂ ᠳᠤᠮᠳᠠᠳᠤ᠎ᠶ᠋ᠢᠨ ᠦᠨᠳᠦᠰᠦᠲᠡᠨ᠂ ᠮᠠᠷᠺᠰ᠎ᠤᠨ ᠦᠵᠡᠯ᠂ ᠬᠥᠮᠦᠨ ᠲᠥᠷᠥᠯᠬᠢᠲᠡᠨ᠎ᠦ ᠲᠠᠪᠱᠢᠯᠳᠠ᠎ᠶ᠋ᠢᠨ ᠦᠢᠯᠡᠰ᠂ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠤᠨ ᠪᠠᠢᠭᠤᠯᠤᠯᠲᠠ᠎ᠳᠤ ᠦᠵᠡᠭᠦᠯᠦᠭ᠌ᠰᠡᠨ ᠭᠠᠷᠮᠠᠭᠠᠢ ᠬᠤᠪᠢ ᠨᠡᠮᠡᠷᠢ᠎ᠶ᠋ᠢᠨ ᠲᠤᠬᠠᠢ ᠲᠠᠨᠢᠯᠲᠠ᠎ᠪᠠᠨ ᠲᠠᠰᠤᠷᠠᠯᠳᠠ ᠦᠭᠡᠢ ᠭᠦᠨᠵᠡᠭᠡᠢᠷᠡᠭᠦᠯᠵᠦ᠍᠂ ᠲᠡᠦᠬᠡ᠎ᠶ᠋ᠢᠨ ᠢᠲᠡᠭᠡᠯ᠎ᠢᠶᠡᠨ ᠨᠡᠩ ᠪᠠᠲᠤᠳᠭᠠᠵᠤ᠂ ᠤᠬᠠᠮᠰᠠᠷ᠎ᠡᠴᠡ᠎ᠪᠠᠨ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤ ᠰᠠᠬᠢᠵᠤ᠂ ᠨᠡᠩ ᠢᠲᠡᠭᠡᠯ ᠲᠡᠭᠦᠯᠳᠡᠷ᠎ᠢᠶᠡᠷ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌ ᠠᠮᠢᠳᠤᠯᠢᠭ ᠦᠢᠯᠡᠳᠦᠯᠭᠡ᠎ᠳᠦ ᠣᠷᠣᠯᠴᠠᠬᠤ ᠬᠡᠷᠡᠭ᠌ᠲᠡᠢ᠃ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠲᠤᠷᠱᠢᠯᠭ᠎ᠠ᠎ᠶ᠋ᠢ ᠭᠦᠨᠵᠡᠭᠡᠢ ᠤᠢ᠍ᠢᠯᠠᠭᠠᠨ ᠡᠵᠡᠮᠱᠢᠵᠦ᠍᠂ ᠬᠢᠯᠪᠠᠷ ᠪᠤᠰᠤ᠎ᠪᠠᠷ ᠢᠷᠡᠭ᠌ᠰᠡᠨ᠂ ᠦᠨᠳᠦᠰᠦᠨ ᠴᠢᠨᠠᠷᠲᠠᠢ ᠠᠯᠤᠰ ᠬᠡᠳᠦ᠍᠎ᠶ᠋ᠢᠨ ᠵᠢᠯᠣᠭᠣᠳᠭᠤ ᠠᠴᠢ ᠬᠣᠯᠪᠣᠭ᠍ᠳᠠᠯ᠎ᠲᠠᠶ ᠡᠳᠡᠭᠡᠷ ᠡᠷᠬᠢᠮ ᠨᠠᠨᠳᠢᠨ ᠲᠤᠷᠱᠢᠯᠭ᠎ᠠ᠎ᠶ᠋ᠢ ᠬᠤᠪᠢ ᠲᠠᠬᠢᠨ ᠨᠠᠨᠳᠢᠩᠨᠠᠵᠤ᠂ ᠡᠷᠡᠰ ᠪᠠᠷᠢᠮᠲᠠᠯᠠᠵᠤ᠂ ᠲᠡᠭᠦᠨ᠎ᠢ ᠦᠨᠡᠨ ᠬᠦ᠌ ᠪᠠᠲᠤ ᠴᠢᠩᠭ᠎ᠠ ᠤᠯᠤᠰ ᠲᠦᠷᠦ᠍᠎ᠶ᠋ᠢᠨ ᠴᠢᠳᠠᠪᠤᠷᠢ᠂ ᠬᠦᠴᠦᠷᠬᠡᠭ ᠶᠡᠬᠡ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠪᠣᠳᠠᠲᠠᠢ᠎ᠶ᠋ᠢ ᠡᠷᠬᠢᠮᠯᠡᠭ᠌ᠰᠡᠨ ᠠᠵᠢᠯ᠎ᠤᠨ ᠰᠤᠷᠲᠠᠯ᠂ ᠯᠠᠪᠳᠠᠭᠤᠨ ᠪᠠᠲᠤᠲᠠᠢ ᠠᠵᠢᠯ᠎ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭ᠌ᠲᠡᠢ᠃ ᠲᠡᠦᠬᠡ᠎ᠪᠡᠷ ᠲᠤᠯᠢ ᠪᠣᠯᠭᠠᠬᠤ᠂ ᠢᠷᠡᠭᠡᠳᠦᠢ᠎ᠶ᠋ᠢ ᠨᠡᠭᠡᠭᠡᠨ ᠡᠭᠦᠳᠬᠦ᠌ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠢ ᠤᠢ᠍ᠢᠯᠠᠭᠠᠨ ᠡᠵᠡᠮᠱᠢᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ ᠭᠡᠭᠴᠢ ᠶᠠᠭᠤ ᠪᠣᠢ᠂ ᠶᠠᠭᠤ ᠬᠢᠬᠦ᠌ ᠶᠤᠰᠤᠳᠠᠢ ᠪᠤᠢ ᠭᠡᠬᠦ᠌ ᠡᠨᠡ ᠬᠦ᠌ ᠦᠨᠳᠦᠰᠦᠨ ᠠᠰᠠᠭᠤᠳᠠᠯ᠎ᠢ ᠢᠮᠠᠭ᠍ᠲᠠ ᠪᠠᠲᠤ ᠴᠡᠭᠡᠵᠢᠯᠡᠵᠦ᠍᠂ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ᠎ᠶ᠋ᠢ ᠪᠠᠷᠢᠮᠲᠠᠯᠠᠵᠤ᠂ ᠠᠷᠠᠳ ᠤᠯᠠᠨ᠎ᠯᠤᠭ᠎ᠠ᠎ᠶ᠋ᠢᠨ ᠴᠢᠰᠤ ᠮᠢᠬᠠᠨ᠎ᠤ ᠬᠠᠷᠢᠴᠠᠭ᠎ᠠ᠎ᠪᠠᠨ ᠡᠭᠦᠷᠢᠳᠡ ᠪᠠᠲᠤᠯᠠᠵᠤ᠂ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠲᠡᠮᠡᠴᠡᠯ᠎ᠦᠨ ᠵᠣᠷᠢᠭ ᠰᠠᠨᠠᠭ᠎ᠠ᠎ᠪᠠᠨ ᠪᠠᠳᠠᠷᠠᠭᠤᠯᠵᠤ᠂ ᠵᠣᠷᠢᠭ᠍ᠲᠠᠢ᠎ᠪᠠᠷ ᠠᠰᠠᠭᠤᠳᠠᠯ᠎ᠳᠤ ᠱᠢᠭᠤᠳ ᠬᠠᠨᠳᠤᠵᠤ᠂ ᠵᠣᠷᠢᠭ᠍ᠲᠠᠢ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠦᠢᠯᠡᠰ᠎ᠢ ᠭᠦᠨᠵᠡᠭᠡᠢ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠬᠤ ᠬᠡᠷᠡᠭ᠌ᠲᠡᠢ᠃ ᠵᠠᠭᠤᠨ ᠵᠢᠯ᠎ᠦᠨ ᠲᠡᠦᠬᠡᠨ ᠬᠠᠭᠤᠳᠠᠰᠤᠨ᠎ᠳᠤ᠂ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠱᠢᠬᠢ ᠶᠢᠰᠦᠨ ᠵᠢᠯ ᠪᠣᠯ ᠬᠠᠮᠤᠭ᠎ᠤᠨ ᠬᠡᠷᠡᠯ ᠰᠠᠴᠤᠷᠠᠩᠭᠤᠶ᠂ ᠬᠠᠮᠤᠭ᠎ᠤᠨ ᠥᠳᠭᠡᠨ ᠵᠤᠵᠠᠭᠠᠨ ᠥᠩᠭᠡ ᠪᠤᠳᠤᠭ ᠪᠦᠬᠦᠢ ᠨᠢᠬᠡ ᠬᠠᠭᠤᠳᠠᠰᠤ ᠪᠣᠯᠤᠨ᠎ᠠ᠃ 《ᠱᠢᠢᠳᠪᠦᠷᠢ 》 ᠳ᠋ᠤ ᠂ 《ᠬᠣᠶᠠᠷ᠎ᠢ ᠲᠣᠭ᠍ᠲᠠᠭᠠᠬᠤ》 ᠨᠢ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠠᠬᠢᠭᠤᠯᠬᠤ ᠠᠬᠢᠴᠠ᠎ᠳᠤ ᠱᠢᠢᠳᠪᠦᠷᠢᠯᠡᠭ᠌ᠴᠢ ᠴᠢᠨᠠᠷ ᠪᠦᠬᠦᠢ ᠠᠴᠢ ᠬᠣᠯᠪᠣᠭ᠍ᠳᠠᠯ᠎ᠲᠠᠶ ᠶᠤᠮ᠂ ᠡᠨᠡ ᠪᠣᠯ ᠨᠠᠮ᠎ᠤᠨ ᠵᠠᠭᠤᠨ ᠵᠢᠯ᠎ᠦᠨ ᠲᠡᠮᠡᠴᠡᠯ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠱᠢᠬᠢ ᠠᠭᠤᠤ ᠶᠡᠬᠡ ᠦᠢᠯᠡᠳᠦᠯᠭᠡ᠎ᠵᠢ ᠭᠦᠨᠵᠡᠭᠡᠢ ᠳ᠋ᠦᠩᠨᠡᠵᠦ᠍ ᠣᠯᠤᠭ᠍ᠰᠠᠨ ᠴᠢᠬᠤᠯᠠ ᠲᠡᠦᠬᠡᠨ ᠳ᠋ᠦᠩᠨᠡᠯᠲᠡ ᠮᠥᠨ ᠂ ᠪᠦᠬᠦ᠌ ᠨᠠᠮ᠎ᠤᠨ ᠬᠠᠮᠲᠤ᠎ᠶ᠋ᠢᠨ ᠬᠦᠰᠡᠯ ᠵᠣᠷᠢᠯᠲᠠ᠎ᠶ᠋ᠢ ᠢᠯᠡᠷᠡᠭᠦᠯᠵᠦ᠍᠂ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠪᠤᠳᠤᠯ᠎ᠢ ᠲᠤᠰᠭᠠᠭ᠍ᠰᠠᠨ ᠴᠢᠬᠤᠯᠠ ᠶᠡᠬᠡ ᠤᠯᠤᠰ ᠲᠦᠷᠦ᠍ ᠶ᠋ᠢᠨ ᠨᠤᠲᠠᠯᠠᠯᠲᠠ ᠮᠥᠨ ᠭᠡᠵᠦ ᠲᠤᠲᠤᠷᠬᠠᠢᠢᠯᠠᠪᠠ᠃ ᠦᠷᠭᠡᠡ ᠤᠯᠠᠠ ᠨᠠᠮ᠎ᠤᠨ ᠭᠡᠰᠢᠭᠦᠨ᠂ ᠺᠠᠳ᠋ᠷ ᠢ ᠬᠦᠮᠦᠵᠢᠭᠦᠯᠵᠦ ᠬᠦᠲᠦᠯᠦᠨ ᠲᠠᠭᠠᠭᠤᠯᠵᠦ ᠪᠠᠢᠭᠠᠳ ᠮᠠᠨ᠎ᠤ ᠨᠠᠮ ᠳᠡᠯᠡᠬᠡᠢ᠎ᠶ᠋ᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢᠨ ᠳᠤᠮᠳᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠡᠭᠡᠭᠦᠯᠵᠦ᠍ ᠪᠣᠯᠤᠰᠢ ᠦᠭᠡᠢ ᠲᠡᠦᠬᠡ᠎ᠶ᠋ᠢᠨ ᠠᠬᠢᠴᠠ᠎ᠳᠤ ᠣᠷᠣᠭᠤᠯᠵᠤ ᠴᠢᠳᠠᠭ᠍ᠰᠠᠨ ᠨᠢ ᠡᠴᠦᠰ᠎ᠦᠨ ᠡᠴᠦᠰ᠎ᠲᠡᠬᠡᠨ ᠶᠡᠷᠦᠩᠬᠡᠢ ᠱᠦᠵᠢ ᠰᠢ᠎ᠶ᠋ᠢᠨ ᠫᠢᠩ᠎ᠦᠨ ᠵᠠᠯᠠᠭᠤᠷ᠎ᠢ ᠠᠳᠭᠤᠨ ᠠᠶᠠᠯᠠᠯ᠎ᠢ ᠵᠢᠯᠣᠭᠣᠳᠤᠭ᠍ᠰᠠᠨ᠎ᠳᠤ ᠪᠠᠢᠨ᠎ᠠ ᠂ ᠭᠣᠣᠯᠯᠠᠬᠴᠢ ᠵᠢᠨ ᠦᠢᠯᠡᠳᠦᠯ ᠪᠠ ᠬᠠᠷᠢᠭᠤᠴᠠᠯᠭ᠎ᠠ ᠡᠭᠦᠷᠭᠡᠯᠡᠯ᠂ ᠤᠳᠤᠷᠢᠳᠤᠭ᠍ᠴᠢ᠎ᠶ᠋ᠢᠨ ᠲᠠᠲᠠᠬᠤ ᠬᠦᠴᠦᠨ ᠪᠠ ᠬᠡᠪ ᠨᠠᠮᠪᠠᠳᠤ ᠪᠠᠢᠨ᠎ᠠ᠂ ᠦᠨᠡᠨ ᠬᠦ᠌ ᠪᠣᠳᠠᠲᠤ ᠠᠵᠢᠯᠯᠠᠭ᠎ᠠ᠎ᠪᠠᠷ᠎ᠢᠶᠠᠨ ᠭᠣᠣᠯᠯᠠᠭ᠍ᠴᠢ᠎ᠳᠠᠭᠠᠨ ᠦᠨᠡᠨᠴᠢ ᠪᠠᠢᠵᠤ᠂ ᠭᠣᠣᠯᠯᠠᠭ᠍ᠴᠢ᠎ᠪᠠᠨ ᠬᠦᠷᠢᠶᠡᠯᠡᠵᠦ᠍᠂ ᠭᠣᠣᠯᠯᠠᠭ᠍ᠴᠢᠲᠠᠶᠪᠠᠨ ᠨᠢᠭᠡᠳᠦᠯᠲᠡᠢ ᠪᠠᠢᠵᠤ᠂ ᠭᠣᠣᠯᠯᠠᠭ᠍ᠴᠢ᠎ᠪᠠᠨ ᠬᠠᠮᠠᠭᠠᠯᠠᠵᠤ᠂ ᠨᠡᠩ ᠡᠷᠡᠰ ᠪᠠᠲᠤ ᠤᠬᠠᠮᠰᠠᠷ ᠡᠴᠡ᠎ᠪᠠᠨ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ᠌ ᠬᠡᠷᠡᠭ᠌ᠲᠡᠢ ᠭᠡᠰᠡᠡᠢ ᠨᠡᠩ ᠭᠦᠨᠵᠡᠭᠡᠢ ᠲᠠᠨᠢᠭᠤᠯᠬᠤ ᠭᠡᠷᠡᠭᠲᠡᠢ ᠭᠡᠵᠤ ᠴᠢᠬᠤᠯᠠᠴᠢᠯᠠᠪᠠ᠃
ᠬᠤᠷᠠᠯ᠎ᠡᠴᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠯ ᠣᠳᠣᠬᠠᠨ ᠪᠠ ᠬᠣᠢᠱᠢᠳᠠ᠎ᠶ᠋ᠢᠨ ᠭᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠮᠥᠨ᠃ ᠡᠯ᠎ᠡ ᠱᠠᠲᠤᠨ᠎ᠤ ᠤᠳᠤᠷᠢᠳᠭᠤ ᠺᠠᠳ᠋ᠷ ᠲᠦᠷᠦᠭᠦᠯᠡᠨ ᠬᠢᠵᠦ᠍᠂ ᠲᠡᠷᠡ ᠬᠡᠪ᠎ᠢᠶᠡᠷ ᠨᠢ ᠰᠤᠷᠤᠯᠴᠠᠵᠤ᠂ ᠳᠠᠬᠢᠨ ᠳᠠᠪᠲᠠᠨ ᠭᠦᠨᠵᠡᠭᠡᠶ ᠰᠤᠷᠤᠯᠴᠠᠵᠤ᠂ ᠨᠡᠪᠲᠡᠷᠡᠲᠡᠯ᠎ᠡ ᠰᠤᠷᠤᠯᠴᠠᠵᠤ᠂ ᠪᠣᠳᠠᠲᠠᠶ᠎ᠲᠠᠶ ᠪᠠᠨ ᠤᠶᠠᠯᠳᠤᠭᠤᠯᠤᠨ ᠰᠤᠷᠤᠯᠴᠠᠵᠤ᠂ ᠥᠷᠭᠡᠨ ᠣᠯᠠᠨ ᠨᠠᠮ᠎ᠤᠨ ᠭᠡᠱᠢᠭᠦᠨ᠂ ᠺᠠᠳ᠋ᠷ᠎ᠢ ᠬᠥᠲᠥᠯᠥᠨ ᠵᠢᠯᠣᠭᠣᠳᠴᠤ᠌ ᠪᠠᠢᠭᠠᠳ 《ᠱᠢᠶ᠋ᠳᠪᠦᠷᠢ》 ᠶ᠋ᠢ ᠰᠡᠳᠭᠢᠯ ᠳᠡᠯᠪᠢᠨ ᠬᠦᠴᠦ᠍ ᠳᠡᠯᠪᠢᠨ ᠰᠤᠷᠤᠯᠴᠠᠨ ᠣᠢᠯᠠᠭᠠᠵᠤ᠂ ᠡᠭᠦᠨ᠎ᠦ ᠳᠤᠮᠳᠠ ᠡᠴᠡ ᠢᠲᠡᠭᠡᠯ ᠪᠢᠱᠢᠷᠡᠯ᠎ᠦᠨ ᠬᠦᠴᠦᠨ ᠴᠢᠳᠠᠯ᠎ᠢ ᠲᠠᠰᠤᠷᠠᠯᠲᠠ ᠥᠬᠡᠶ ᠱᠢᠩᠭᠡᠭᠡᠨ ᠠᠪᠴᠤ᠌᠂ ᠬᠦᠴᠢᠷ ᠪᠡᠷᠬᠡᠱᠢᠶᠡᠯ᠎ᠢ ᠢᠯᠡᠨ ᠳᠠᠪᠠᠵᠤ ᠢᠯᠠᠯᠲᠠ ᠤᠯᠬᠤ ᠣᠶᠤᠨ ᠤᠬᠠᠭᠠᠨ᠎ᠢ ᠲᠠᠰᠤᠷᠠᠯᠲᠠ ᠥᠬᠡᠶ ᠱᠢᠩᠭᠡᠭᠡᠨ ᠠᠪᠴᠤ᠌᠂ ᠲᠡᠦᠬᠡ ᠰᠤᠷᠴᠤ᠌ ᠶᠣᠰᠣ ᠤᠴᠢᠷ᠎ᠢ ᠮᠡᠳᠡᠬᠦ᠌᠂ ᠲᠡᠦᠬᠡ ᠰᠤᠷᠴᠤ᠌ ᠢᠲᠡᠭᠡᠯ ᠵᠢᠨᠨ ᠨᠡᠮᠡᠭ᠌ᠳᠡᠭᠦᠯᠬᠦ᠌᠂ ᠲᠡᠦᠬᠡ ᠰᠤᠷᠴᠤ᠌ ᠶᠣᠰᠣ ᠮᠣᠷᠠᠯ᠎ᠢ ᠡᠷᠬᠢᠮᠯᠡᠬᠦ᠌᠂ ᠲᠡᠦᠬᠡ ᠰᠤᠷᠴᠤ᠌ ᠦᠶ᠋ᠯᠡᠳᠦᠯᠭᠡᠵᠢᠭᠦᠯᠬᠦ᠌ ᠲᠠᠯ᠎ᠠ᠎ᠪᠠᠷ ᠨᠠᠩ ᠶᠡᠬᠡ ᠠᠮᠵᠢᠯᠲᠠ ᠪᠦᠲᠦᠮᠵᠢ ᠤᠯᠬᠤ᠎ᠪᠠᠷ ᠴᠢᠷᠮᠠᠢᠬᠤ ᠬᠡᠷᠡᠭ᠌ᠲᠡᠶ᠃ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ )ᠴᠠᠭ ᠲᠤᠬᠠᠢᠳᠤᠨᠢ ᠤᠯᠠᠮᠵᠢᠯᠠᠨ ᠰᠤᠷᠤᠯᠴᠠᠬᠤ ᠠᠵᠢᠯ᠎ᠢ ᠵᠣᠬᠢᠶᠠᠨ ᠪᠠᠢᠭᠤᠯᠵᠤ᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠲᠥᠰᠦᠯ᠎ᠢ ᠱᠠᠯᠠᠪᠳᠠᠵᠦ ᠰᠤᠳᠤᠯᠤᠨ ᠲᠣᠭ᠍ᠲᠠᠭᠠᠵᠤ᠂ ᠤᠳᠤᠷᠢᠳᠭᠤ ᠪᠠᠭ ᠪᠠ ᠤᠳᠤᠷᠢᠳᠭᠤ ᠺᠠᠳ᠋ᠷ᠎ᠢᠶᠠᠷ ᠭᠣᠣᠯᠳᠠᠯᠭ᠎ᠠ ᠪᠣᠯᠭᠠᠨ ᠲᠤᠰᠭᠠᠢ ᠴᠠᠭ ᠲᠤᠬᠢᠷᠠᠭᠤᠯᠵᠦ ᠲᠥᠪᠯᠡᠷᠡᠭᠦᠯᠦᠨ ᠰᠤᠷᠤᠯᠴᠠᠵᠦ᠍ ᠰᠤᠳᠤᠯᠤᠨ ᠶᠠᠷᠢᠯᠴᠠᠵᠤ᠂ ᠤᠬᠠᠭᠤᠯᠤᠨ ᠲᠠᠢᠯᠪᠤᠷᠢᠯᠠᠬᠤ ᠠᠵᠢᠯ᠎ᠢ ᠢᠳᠡᠪᠬᠢᠲᠡᠢ ᠰᠠᠢᠲᠤᠷ ᠠᠳᠭᠤᠵᠤ ᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠪᠠᠷ ᠭᠤᠤᠯᠳᠠᠯᠭ᠎ᠠ ᠪᠣᠯᠭᠠᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠵᠦ᠍᠂ ᠥᠷᠭᠡᠨ ᠣᠯᠠᠨ ᠨᠠᠮ᠎ᠤᠨ ᠭᠡᠱᠢᠭᠦᠨ᠂ ᠺᠠᠳ᠋ᠷ ᠣᠯᠠᠨ ᠲᠦᠮᠡᠨ ᠤ᠋ ᠨᠠᠮ᠎ᠤᠨ ᠲᠡᠦᠬᠡ᠎ᠶ᠋ᠢᠨ ᠬᠥᠭ᠌ᠵᠢᠯᠲᠡ᠎ᠶ᠋ᠢᠨ ᠭᠤᠤᠯ ᠰᠡᠳᠦᠪ ᠭᠤᠤᠯ ᠱᠢᠵᠢᠮ᠂ ᠭᠤᠤᠯ ᠤᠷᠤᠰᠭᠠᠯ᠎ᠤᠨ ᠮᠥᠨ ᠴᠢᠨᠠᠷ᠎ᠢ ᠣᠨᠣᠪᠴᠢᠲᠠᠶ ᠡᠵᠡᠮᠱᠢᠭᠦ ᠵᠢ ᠬᠥᠲᠥᠯᠥᠨ ᠵᠢᠯᠣᠭᠣᠳᠴᠤ᠌᠂ ᠨᠠᠩ ᠰᠠᠢᠲᠤᠷ ᠨᠠᠮ᠎ᠤᠨ ᠲᠡᠦᠬᠡ᠎ᠶ᠋ᠢ ᠰᠤᠷᠤᠯᠴᠠᠭᠤᠯᠵᠤ᠂ ᠦᠵᠡᠯ ᠰᠠᠨᠠᠭ᠎ᠠ᠎ᠶ᠋ᠢ ᠣᠢᠯᠠᠭᠠᠭᠤᠯᠵᠤ᠂ ᠪᠣᠳᠠᠲᠤ ᠶᠠᠪᠤᠳᠠᠯ ᠬᠢᠯᠭᠡᠵᠦ᠍᠂ ᠱᠢᠨ᠎ᠡ ᠪᠠᠢᠳᠠᠯ᠎ᠢ ᠪᠣᠶ ᠪᠣᠯᠭᠠᠬᠤ ᠬᠡᠷᠡᠭ᠌ᠲᠡᠶ ᠭᠡᠵᠦ ᠴᠢᠬᠤᠯᠠᠴᠢᠯᠠᠪᠠ ᠃
ᠬᠤᠷᠠᠯ᠎ᠡᠴᠡ ᠣᠳᠣᠬᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯᠳᠠᠯᠭ᠎ᠠ᠎ᠲᠠᠶ ᠠᠵᠢᠯ᠎ᠢ ᠪᠠᠢᠷᠢᠯᠠᠭᠤᠯᠵᠦ᠍᠂ ᠳᠥᠷᠪᠡᠳᠦᠭᠡᠷ ᠤᠯᠠᠷᠢᠯ᠎ᠤᠨ ᠠᠵᠤ ᠠᠬᠤᠶ᠎ᠶ᠋ᠢᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠪᠣᠯᠤᠨ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠴᠢᠩᠭᠠᠳᠭᠠᠵᠤ᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠠᠵᠢᠯ᠎ᠢ ᠰᠠᠢᠲᠤᠷ ᠬᠢᠵᠦ᠍᠂ ᠣᠯᠠᠨ ᠲᠦᠮᠡᠨ᠎ᠦ ᠦᠶ᠋ᠯᠡᠳᠪᠦᠷᠢᠯᠡᠯ ᠠᠮᠢᠳᠤᠷᠠᠯ᠎ᠢ ᠦᠨᠡᠨ ᠬᠦ᠌ ᠬᠠᠯᠠᠮᠵᠢᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠥᠴᠦᠬᠡᠨ ᠴᠦ᠍ ᠰᠤᠯᠠᠷᠠᠭᠤᠯᠤᠯ ᠥᠬᠡᠶ ᠰᠠᠢᠲᠤᠷ ᠬᠢᠵᠦ᠍᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ ᠲᠠᠢ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠤᠷᠠᠯ᠎ᠡᠴᠡ ᠪᠥᠬᠥ᠌ ᠣᠷᠣᠨ ᠳ᠋ᠦ ᠶᠡᠬᠡ ᠬᠡᠪᠴᠢᠶᠡᠨ᠎ᠦ ᠴᠠᠰᠤ ᠣᠷᠣᠬᠰᠠᠨ ᠵᠡᠷᠭᠡ ᠣᠨᠴᠠᠭᠠᠶ ᠴᠠᠭ ᠠᠭᠤᠷ᠎ᠢ ᠠᠷᠭᠠᠴᠠᠭᠠᠬᠤ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠠᠮᠢᠶ᠎ᠠ ᠪᠥᠬᠥᠶ ᠶᠠᠪᠤᠳᠠᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠡᠯ᠎ᠡ ᠭᠠᠵᠠᠷ ᠡᠯ᠎ᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ᠎ᠬᠢᠨ ᠤᠯᠠᠨ ᠲᠦᠮᠡᠨ᠎ᠦ ᠠᠮᠤᠷ ᠲᠦᠪᠱᠢᠨ ᠠᠶᠤᠯ ᠲᠦᠭ᠌ᠰᠢᠭᠦᠷᠢ ᠬᠠᠯᠠᠭᠤᠨ ᠬᠦᠢᠳᠡᠨ᠎ᠢ ᠦᠨᠡᠨ ᠬᠦ᠌ ᠰᠡᠳᠭᠢᠯ᠎ᠳᠡᠭᠡᠨ ᠪᠤᠳᠤᠵᠤ᠂ ᠲᠡᠷᠢᠭᠦᠨ ᠪᠠᠢᠷᠢᠨ᠎ᠳᠤ ᠲᠠᠯᠪᠢᠵᠤ᠂ ᠭᠠᠮᠱᠢᠭ᠎ᠲᠠᠶ ᠲᠡᠮᠡᠴᠡᠵᠦ᠍ ᠭᠠᠮᠱᠢᠭ᠎ᠡᠴᠡ ᠠᠪᠤᠷᠠᠬᠤ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠵᠠᠮ ᠬᠠᠷᠢᠯᠴᠠᠭ᠎ᠠ᠎ᠶ᠋ᠢ ᠡᠮᠬᠢ ᠵᠢᠷᠤᠮ᠎ᠲᠠᠶ᠎ᠪᠠᠷ ᠰᠡᠷᠭᠦᠭᠡᠬᠦ᠌᠎ᠶ᠋ᠢ ᠠᠬᠢᠭᠤᠯᠵᠤ᠂ ᠢᠯᠴᠢ ᠬᠠᠩᠭᠠᠬᠤ᠂ ᠨᠡᠭᠦᠷᠡᠰᠦ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠪᠠᠢᠭᠠᠯᠢ ᠵᠢᠨ ᠰᠢᠳᠠᠮᠠᠬᠠᠢ ᠬᠡᠢ ᠬᠠᠩᠭᠠᠬᠤ᠂ ᠴᠢᠮᠡᠭᠡ ᠬᠣᠯᠪᠣᠭ᠎ᠠ ᠵᠡᠷᠭᠡ ᠲᠥᠬᠥᠭᠡᠷᠦᠮᠵᠢ᠎ᠶ᠋ᠢ ᠪᠠᠢᠴᠠᠭᠠᠨ ᠰᠡᠯᠪᠢᠬᠦ ᠪᠠ ᠬᠠᠮᠠᠭᠠᠯᠠᠬᠤ᠎ᠶ᠋ᠢ ᠴᠢᠩᠭᠠᠳᠭᠠᠵᠤ᠂ ᠲᠠᠷᠢᠶᠠᠯᠠᠩ᠎ᠤᠨ ᠲᠤᠰᠠᠯᠠᠬᠤ ᠢᠳᠡᠭᠡᠨ᠎ᠦ ᠵᠠᠬ᠎ᠠ ᠳᠡᠯᠭᠡᠭᠦᠷ᠎ᠦᠨ ᠬᠠᠩᠭᠠᠯᠭ᠎ᠠ᠎ᠶ᠋ᠢ ᠰᠠᠢᠲᠤᠷ ᠵᠣᠬᠢᠶᠠᠨ ᠪᠠᠢᠭᠤᠯᠵᠤ᠂ ᠭᠠᠮᠱᠢᠭ᠍ᠳᠠᠭ᠍ᠰᠠᠨ ᠤᠯᠠᠨ ᠲᠦᠮᠡᠨ᠎ᠢ ᠠᠪᠤᠷᠠᠨ ᠲᠤᠰᠠᠯᠠᠵᠤ ᠠᠪᠤᠷᠠᠨ ᠲᠡᠳᠭᠦᠬᠦ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠰᠠᠢᠲᠤᠷ ᠬᠢᠬᠦ᠌ ᠬᠡᠷᠡᠭ᠌ᠲᠡᠢ᠃ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠵᠤ᠂ ᠭᠠᠮᠱᠢᠭ᠍ᠳᠠᠭ᠍ᠰᠠᠨ ᠭᠠᠵᠠᠷ ᠣᠷᠣᠨ᠎ᠤ ᠣᠯᠠᠨ ᠲᠦᠮᠡᠨ᠎ᠦ ᠣᠷᠣᠨ ᠰᠠᠭᠤᠴᠠ᠂ ᠲᠠᠷᠢᠶᠠᠯᠠᠩ ᠮᠠᠯ ᠠᠵᠤ ᠠᠬᠤᠶ᠎ᠶ᠋ᠢᠨ ᠲᠦᠭᠦᠭᠡᠷᠦᠮᠵᠢ ᠵᠡᠷᠭᠡ ᠪᠠᠢᠳᠠᠯ᠎ᠢ ᠱᠠᠯᠠᠪᠳᠠᠵᠦ ᠵᠣᠬᠢᠶᠠᠨ ᠪᠠᠢᠭᠤᠯᠵᠦ ᠵᠢᠭ᠍ᠰᠠᠭᠠᠨ ᠪᠠᠢᠴᠠᠭᠠᠵᠤ᠂ ᠨᠤᠷᠠᠵᠤ ᠶᠡᠭᠦᠷᠡᠭ᠌ᠰᠡᠨ ᠵᠢᠴᠢ ᠡᠪᠳᠡᠭ᠌ᠳᠡᠭ᠌ᠰᠡᠨ ᠲᠦᠭᠦᠭᠡᠷᠦᠮᠵᠢ᠎ᠶ᠋ᠢ ᠲᠦᠷᠭᠡᠬᠡᠨᠰᠡᠯᠪᠢᠨᠵᠠᠰᠠᠬᠤᠬᠡᠷᠡᠭ᠌ᠲᠡᠶ᠃ᠭᠣᠣᠯᠳᠠᠯᠭ᠎ᠠ᠎ᠲᠠᠶ ᠵᠠᠮ᠎ᠤᠨ ᠬᠡᠰᠡᠭ᠂ ᠭᠣᠣᠯᠳᠠᠯᠭ᠎ᠠ᠎ᠲᠠᠶ ᠣᠷᠣᠨ ᠪᠠᠢᠷᠢ᠎ᠳᠤ ᠪᠦᠬᠦᠯᠢ ᠡᠳᠦᠷ᠎ᠢᠶᠡᠷ ᠲᠣᠭᠣᠷᠢᠨ ᠴᠠᠭ᠍ᠳᠠᠵᠤ ᠬᠠᠮᠢᠶᠠᠷᠤᠨ ᠡᠵᠡᠮᠳᠡᠵᠦ᠍᠂ ᠡᠯ᠎ᠡ ᠲᠥᠷᠥᠯ᠎ᠦᠨ ᠵᠠᠮ ᠲᠡᠭᠡᠭᠡᠪᠦᠷᠢ᠎ᠶ᠋ᠢᠨ ᠡᠨᠳᠡᠯ ᠭᠠᠷᠬᠤ᠎ᠶ᠋ᠢ ᠴᠢᠩᠭ᠎ᠠ ᠰᠡᠷᠭᠡᠢᠯᠡᠬᠦ᠌ ᠬᠡᠷᠡᠭ᠌ᠲᠡᠶ᠃ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠨ᠂ ᠵᠠᠳᠠᠯᠤᠨ ᠰᠤᠳᠤᠯᠵᠤ ᠮᠠᠭᠠᠳᠯᠠᠬᠤ᠎ᠪᠠᠨ ᠴᠢᠩᠭᠠᠳᠭᠠᠵᠤ᠂ ᠪᠠᠴᠢᠮ ᠪᠠᠢᠳᠠᠯ᠎ᠢ ᠠᠷᠭᠠᠴᠠᠭᠠᠬᠤ ᠲᠥᠰᠦᠯ᠎ᠢᠶᠡᠨ ᠲᠡᠭᠦᠯᠳᠡᠷᠵᠢᠭᠦᠯᠦᠨ᠂ ᠭᠠᠮᠱᠢᠭ᠎ᠤᠨ ᠪᠠᠢᠳᠠᠯ᠎ᠢ ᠬᠢᠨᠠᠨ ᠬᠡᠮᠵᠢᠬᠦ᠌᠎ᠪᠡᠨ ᠴᠢᠩᠭᠠᠳᠭᠠᠵᠤ᠂ ᠠᠮᠤᠷ ᠲᠦᠪᠱᠢᠨ᠎ᠦ ᠬᠡᠮ ᠰᠣᠭᠣᠭ᠎ᠢ ᠴᠡᠭ᠌ᠴᠡᠯᠡᠨ ᠵᠠᠰᠠᠵᠤ᠂ ᠠᠶᠤᠯ᠎ᠡᠴᠡ ᠠᠪᠤᠷᠠᠬᠤ ᠡᠩᠨᠡᠭᠡ᠎ᠶ᠋ᠢ ᠰᠠᠢᠲᠤᠷ ᠲᠤᠬᠢᠷᠠᠭᠤᠯᠤᠨ᠂ ᠲᠤᠨᠤᠭ ᠲᠥᠬᠥᠭᠡᠷᠦᠮᠵᠢ ᠡᠳ᠋ ᠪᠣᠳᠠᠰᠢᠭᠦᠢᠴᠡᠳ ᠲᠦᠬᠦᠷᠵᠢᠬᠦᠯᠵᠤ᠂ ᠵᠢᠵᠢᠭᠦᠷᠯᠡᠨ ᠰᠠᠬᠢᠬᠤ᠎ᠪᠠᠨ ᠴᠢᠩᠭᠠᠳᠭᠠᠨ᠂ ᠥᠴᠦᠬᠡᠨ ᠴᠦ᠍ ᠠᠯᠳᠠᠰᠢ ᠭᠠᠷᠭᠠᠬᠤ ᠦᠭᠡᠢ ᠪᠠᠢᠬᠤ᠎ᠶ᠋ᠢ ᠪᠠᠲᠤᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃