ᠥᠪᠡᠷᠲᠡᠭᠡᠨ ᠵᠠᠰᠠᠬᠤ ᠣᠷᠣᠨ ᠎ᠤ ᠠᠷᠪᠠᠨ ᠭᠤᠷᠪᠠᠳᠤᠭᠠᠷ ᠬᠤᠭᠤᠴᠠᠭᠠᠨ ᠎ᠤ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠪᠠᠢᠩᠭᠤ ᠎ᠶ᠋ᠢᠨ ᠬᠣᠷᠢᠶᠠᠨ ᠎ᠤ ᠨᠠᠮ ᠎ᠤᠨ ᠤᠳᠤᠷᠢᠳᠭᠤ ᠳᠤᠭᠤᠢᠯᠠᠩ ᠤᠨᠤᠯ ᠰᠤᠷᠤᠯᠴᠠᠬᠤ ᠭᠣᠣᠯ ᠳᠤᠭᠤᠢᠯᠠᠩ ᠤ᠋ᠨ 2021 ᠣᠨ ᠎ᠤ 12 ᠳ᠋ᠤᠭᠠᠷ ᠤᠳᠠᠭ᠎ᠠ ᠎ᠶ᠋ᠢᠨ ᠬᠠᠮᠲᠤ ᠎ᠶ᠋ᠢᠨ ᠰᠤᠷᠤᠯᠴᠠᠯᠭ᠎ᠠ ᠎ᠶ᠋ᠢᠨ ᠬᠤᠷᠠᠯ ᠬᠢᠪᠠ
2021-11-13 10:10:01
ᠵᠣᠬᠢᠶᠠᠭ᠍ᠴᠢ᠄
​ ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

11 ᠰᠠᠷ᠎ᠠ ᠎ᠶ᠋ᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ ᠎ᠤ ᠨᠠᠮ ᠎ᠤᠨ ᠤᠳᠤᠷᠢᠳᠭᠤ ᠳᠤᠭᠤᠢᠯᠠᠩ ᠣᠨᠣᠯ ᠰᠤᠷᠤᠯᠴᠠᠬᠤ ᠭᠤᠤᠯ ᠳᠤᠭᠤᠢᠯᠠᠩ᠎ᠤ᠋ᠨ2021ᠣᠨ᠎ᠤ12 ᠳ᠋ᠤᠭᠠᠷ ᠤᠳᠠᠭ᠎ᠠ ᠶ᠋ᠢᠨ ᠬᠠᠮᠲᠤ ᠎ᠶ᠋ᠢᠨ ᠰᠤᠷᠤᠯᠴᠠᠯᠭ᠎ᠠ᠎ᠶ᠋ᠢᠨ ᠬᠤᠷᠠᠯ ᠬᠢᠵᠤ᠂ ᠶᠡᠷᠦᠩᠬᠡᠶ ᠱᠦᠵᠢ ᠰᠢ ᠎ᠶ᠋ᠢᠨ ᠎ᠫᠢᠩ ᠎ᠦᠨ ᠲᠦᠪ ᠎ᠤ᠋ᠨ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠠᠵᠢᠯ ᠎ᠤᠨ ᠬᠤᠷᠠᠯ ᠲᠡᠭᠡᠷᠡᠭᠢ ᠴᠢᠬᠤᠯᠠ ᠶᠠᠷᠢᠶ᠎ᠠ ᠪᠠ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ᠎ᠶ᠋ᠢᠨ ᠲᠣᠭᠣᠷᠢᠨ᠎ᠳᠤ ᠰᠤᠳᠤᠯᠤᠨ ᠶᠠᠷᠢᠯᠴᠠᠵᠤ ᠲᠦᠷᠦᠭᠳᠡᠯ ᠎ᠢᠶᠠᠨ ᠰᠣᠯᠢᠯᠴᠠᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ᠎ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ᠎ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ ᠨᠠᠰᠤᠨᠮᠦᠢ᠍ᠡᠭ᠌ᠭᠡ ᠬᠤᠷᠠᠯ ᠎ᠢ ᠡᠷᠭᠢᠯᠡᠵᠦ᠍᠂  ᠨᠠᠮ  ᠤ᠋ᠨ ᠤᠳᠤᠷᠢᠳᠬᠤ ᠲᠤᠭᠤᠢᠯᠠᠡᠭ ᠤ᠋ᠨ ᠲᠡᠳ᠋ ᠱᠦᠵᠢ ᠸᠠᠡᠭ ᠪᠦᠸᠸ᠂ ᠨᠠᠮ ᠎ᠤᠨ ᠤᠳᠤᠷᠢᠳᠭᠤ ᠳᠤᠭᠤᠢᠯᠠᠩ ᠎ᠤᠨ ᠪᠦᠷᠢᠯᠳᠦᠬᠦᠨ ᠯᠢᠶᠠᠨ ᠰᠸ᠋᠂ ᠵᠠᠩ ᠶᠤᠸᠠᠨ ᠵᠥᠩ᠂ ᠾᠸ ᠶᠠᠨ ᠯᠢᠡᠭ᠂ ᠱ᠌ᠢ ᠸᠸᠨ ᠱᠢᠤᠸᠠᠢ ᠬᠤᠷᠠᠯ ᠳ᠋ᠤ ᠤᠷᠤᠯᠴᠠᠬᠰᠠᠨ ᠪᠦᠭᠡᠳ ᠦᠬᠡ ᠬᠡᠯᠡᠵᠦ᠂ ᠲᠡᠳ᠋ ᠡᠷᠬᠢᠯᠡᠭᠴᠢ ᠯᠢ ᠷᠦᠡᠭ ᠰᠢ ᠬᠤᠷᠠᠯ ᠳ᠋ᠤ ᠰᠤᠯᠠ ᠤᠷᠤᠯᠴᠠᠵᠠᠢ᠃

ᠬᠤᠷᠠᠯ᠎ᠠᠴᠠ ᠡᠮᠦᠨ᠎ᠡ᠂ ᠨᠠᠮ ᠎ᠤᠨ ᠤᠳᠤᠷᠢᠳᠭᠤ ᠳᠤᠭᠤᠢᠯᠠᠩ ᠎ᠤᠨ ᠪᠦᠷᠢᠯᠳᠦᠬᠦᠨ᠎ᠨᠡᠷ ᠲᠣᠰ ᠤᠳᠠᠭ᠎ᠠ ᠎ᠶ᠋ᠢᠨ ᠰᠤᠷᠤᠯᠴᠠᠯᠭ᠎ᠠ ᠎ᠶ᠋ᠢᠨ ᠭᠤᠤᠯ ᠰᠡᠳᠦᠪ᠎ᠦᠨ ᠲᠣᠭᠣᠷᠢᠨ᠎ᠳᠤ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠎ᠶ᠋ᠢᠨ ᠬᠠᠮᠲᠤ ᠦᠪᠡᠷ ᠤ᠋ᠨ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠭᠦᠨᠵᠡᠭᠡᠶ ᠰᠡᠳᠭᠢᠨ ᠪᠣᠳᠣᠯᠬᠢᠯᠠᠵᠤ᠂ ᠰᠤᠳᠤᠯᠤᠨ ᠶᠠᠷᠢᠯᠴᠠᠵᠤ ᠲᠦᠷᠦᠭᠳᠡᠯ ᠵᠢᠡᠨ ᠰᠣᠯᠢᠯᠴᠠᠬᠤ ᠮᠠᠲ᠋ᠧᠷᠢᠶᠠᠯ ᠪᠢᠴᠢᠪᠡ᠃

ᠬᠤᠷᠠᠯ ᠎ᠠᠴᠠ᠂ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠪᠠᠢᠡᠭᠭᠤ ᠵᠢᠨ ᠬᠤᠷᠢᠶ᠎ᠠ ᠵᠢᠴᠢ ᠪᠠᠢᠭᠤᠯᠭ᠎ᠠ ᠵᠢᠨ ᠬᠢᠨ ᠲᠦᠪ ᠤ᠋ᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠠᠵᠢᠯ ᠎ᠤᠨ ᠬᠤᠷᠠᠯ ᠤ᠋ᠨ ᠵᠤᠷᠢᠭ ᠰᠠᠨᠠᠭ᠎ᠠ ᠵᠢ ᠪᠦᠬᠦ ᠲᠠᠯ᠎ᠠ ᠪᠡᠷ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠵᠢᠷᠭᠤᠭ᠎ᠠ ᠵᠢ ᠡᠷᠭᠡᠪᠰᠢ ᠪᠠᠷᠢᠮᠳᠠᠯᠠᠬᠤ》ᠴᠢᠬᠤᠯᠠ ᠱᠠᠭᠠᠷᠳᠠᠯᠭ᠎ᠠ ᠵᠢ ᠪᠠᠳᠤ ᠡᠵᠡᠮᠳᠡᠵᠦ᠂ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠪᠠᠢᠭᠤᠯᠤᠯ ᠢ᠋ ᠡᠷᠡᠰ ᠭᠤᠢᠪᠢᠰᠢ ᠦᠭᠡᠢ ᠪᠠᠷᠢᠮᠳᠠᠯᠠᠨ ᠲᠡᠬᠦᠯᠳᠡᠷᠵᠢᠬᠦᠯᠵᠦ᠂ ᠰᠤᠷᠤᠯᠴᠠᠯᠭ᠎ᠠ ᠵᠢᠨ ᠦᠷ᠎ᠠ ᠪᠦᠳᠦᠮᠵᠢ ᠵᠢ ᠦᠨᠡᠨ᠎ᠬᠦ ᠰᠢᠨ᠎ᠠ ᠴᠠᠭ ᠦᠶ᠎ᠠ ᠵᠢᠨ ᠦᠪᠦᠷ ᠮᠤᠡᠭᠭᠤᠯ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠠᠵᠢᠯ ᠢ᠋ ᠴᠢᠡᠭᠭᠠᠳᠬᠠᠨ ᠰᠠᠢᠵᠢᠷᠠᠭᠤᠯᠬᠤ ᠪᠤᠳᠠᠳᠠᠢ ᠠᠷᠭ᠎ᠠ ᠬᠡᠮᠵᠢᠶ᠎ᠠ ᠪᠤᠯᠭᠠᠨ ᠬᠤᠪᠢᠷᠠᠭᠤᠯᠵᠤ᠂ ᠪᠦᠬᠦ ᠶᠠᠪᠤᠴᠠ ᠵᠢᠨ ᠠᠷᠠᠳ ᠤ᠋ᠨ ᠠᠷᠠᠳᠴᠢᠯᠠᠯ ᠢ᠋ ᠭᠦᠭᠵᠢᠬᠦᠯᠬᠦ ᠦᠪᠦᠷ ᠮᠤᠡᠭᠭᠤᠯ ᠤ᠋ᠨ ᠦᠢᠯᠡᠳᠦᠯᠭᠡ ᠪᠤᠯᠭᠠᠨ ᠬᠤᠪᠢᠷᠠᠭᠤᠯᠬᠤ ᠬᠡᠷᠡᠭᠳᠡᠢ᠃ ᠰᠢᠨ᠎ᠠ ᠴᠠᠭ ᠦᠶ᠎ᠠ ᠵᠢᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠠᠵᠢᠯ ᠤ᠋ᠨ ᠲᠡᠤᠬᠡᠳᠤ ᠡᠬᠦᠷᠭᠡ ᠬᠠᠷᠢᠭᠤᠴᠠᠯᠭ᠎ᠠ᠂ ᠭᠤᠤᠯ ᠡᠬᠦᠷᠭᠡ ᠪᠤᠯᠤᠨ ᠴᠢᠬᠤᠯᠠ ᠶᠡᠬᠡ ᠱᠠᠭᠠᠷᠳᠠᠯᠭ᠎ᠠ ᠵᠢ ᠤᠨᠤᠪᠴᠢᠳᠠᠢ ᠡᠵᠡᠮᠳᠡᠵᠦ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶᠠᠨ ᠤ᠋ ᠤᠳᠤᠷᠢᠳᠤᠯᠭ᠎ᠠ ᠲᠤᠤᠷ᠎ᠠ᠂ ᠡᠯ᠎ᠠ ᠵᠤᠢᠯ ᠤ᠋ᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠬᠦᠢᠴᠡᠳᠭᠡᠵᠦ᠂ ᠲᠠᠷᠠᠭ᠎ᠠ ᠵᠢᠯ ᠤ᠋ᠨ ᠠᠵᠢᠯ ᠵᠢᠡᠨ ᠨᠠᠷᠢᠨ ᠬᠢᠨᠠᠮᠠᠭᠠᠢ ᠲᠦᠯᠦᠪᠵᠢᠬᠦᠯᠵᠦ᠂᠎ᠲᠦᠪ ᠤ᠋ᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠬᠤᠷᠠᠯ ᠤ᠋ᠨ ᠵᠤᠷᠢᠭ ᠰᠠᠨᠠᠭ᠎ᠠ ᠵᠢ ᠲᠠᠷᠠᠭ᠎ᠠ ᠵᠢᠯ ᠤ᠋ᠨ ᠠᠵᠢᠯ ᠤ᠋ᠨ ᠡᠯ᠎ᠠ ᠲᠠᠯ᠎ᠠ ᠪᠦᠬᠦ ᠶᠠᠪᠤᠴᠠ ᠳ᠋ᠤ ᠢᠯᠡᠷᠡᠬᠦᠯᠬᠦ ᠵᠢ ᠪᠠᠳᠤᠯᠠᠬᠤ ᠬᠡᠷᠡᠭᠳᠡᠢ᠃ ᠤᠯᠤᠰ ᠲᠦᠷᠦ ᠵᠢᠨ ᠪᠠᠢᠭᠤᠯᠭ᠎ᠠ ᠵᠢᠨ ᠤᠬᠠᠮᠰᠠᠷ ᠵᠢᠡᠨ ᠴᠢᠡᠭᠭᠠᠳᠬᠠᠵᠤ᠂ ᠲᠤᠰ ᠪᠡᠶ᠎ᠠ ᠵᠢᠨ ᠪᠠᠢᠭᠤᠯᠤᠯᠳᠠ ᠪᠠᠨ᠎ᠪᠦᠬᠦ᠎ᠲᠠᠯ᠎ᠠ᠎ᠪᠡᠷ ᠴᠢᠡᠭᠭᠠᠳᠬᠠᠵᠤ᠂ ᠨᠠᠮ᠎ᠤᠨ ᠲᠦᠪ ᠬᠤᠷᠢᠶ᠎ᠠ᠎ᠳ᠋ᠤ ᠢᠳᠡᠬᠡᠮᠵᠢᠳᠡᠢ᠂ ᠠᠷᠠᠳ ᠤᠯᠠᠨ᠎ᠢ ᠬᠠᠨᠤᠮᠵᠢᠳᠠᠢ ᠪᠠᠢᠯᠭᠠᠬᠤ ᠤᠯᠤᠰ ᠲᠦᠷᠦ ᠵᠢᠨ ᠪᠠᠢᠭᠤᠯᠭ᠎ᠠ᠂ ᠤᠷᠤᠨ ᠨᠤᠳᠤᠭ᠎ᠤ᠋ᠨ ᠲᠦᠷᠦ ᠵᠢᠨ ᠡᠷᠭᠡᠳᠤ ᠪᠠᠢᠭᠤᠯᠭ᠎ᠠ᠂ ᠠᠵᠢᠯᠯᠠᠬᠤ ᠪᠠᠢᠭᠤᠯᠭ᠎ᠠ᠂ ᠲᠦᠯᠦᠭᠡᠯᠡᠬᠦ ᠪᠠᠢᠭᠤᠯᠭ᠎ᠠ᠎ᠵᠢ ᠴᠢᠷᠮᠠᠢᠨ ᠪᠠᠢᠭᠤᠯᠵᠤ᠂ ᠠᠷᠠᠳ᠎ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠠᠵᠢᠯ ᠎ᠤᠨ ᠰᠢᠨ᠎ᠠ ᠭᠦᠭᠵᠢᠯᠳᠠ ᠵᠢ ᠪᠦᠬᠦ ᠲᠠᠯ᠎ᠠ ᠪᠡᠷ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号