ᠮᠠᠨ᠎ᠤ ᠤᠷᠤᠨ ᠎ᠤ ᠤᠯᠤᠰ᠎ᠤᠨ ᠲᠠᠰ᠎ᠤᠨ ᠬᠡᠭᠡᠷ᠎ᠡ ᠵᠢᠨ ᠱᠢᠨᠵᠢᠯᠡᠬᠦ᠌ ᠤᠬᠠᠭᠠᠨ᠎ᠤ ᠠᠵᠢᠭ᠍ᠯᠠᠨ ᠰᠤᠳᠤᠯᠬᠤ ᠥᠷᠲᠡᠭᠡ 5 ᠪᠤᠯᠵᠠᠢ
2021-11-13 10:19:12
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ  ᠶᠠᠮᠤᠨ᠎ᠠᠴᠠ ᠤᠯᠤᠰ᠎ᠤᠨ ᠲᠡᠰ᠎ᠤᠨ ᠬᠡᠭᠡᠷ᠎ᠡ ᠵᠢᠨ ᠱᠢᠨᠵᠢᠯᠡᠬᠦ᠌ ᠤᠬᠠᠭᠠᠨ᠎ᠤ ᠠᠵᠢᠭ᠍ᠯᠠᠨ ᠰᠤᠳᠤᠯᠬᠤ ᠦᠷᠳᠡᠭᠡ ᠵᠢ 69 ᠪᠠᠢᠭᠤᠯᠬᠤ᠎ᠶ᠋ᠢ ᠵᠥᠪᠱᠢᠶᠡᠷᠡᠪᠡ᠂ ᠡᠬᠦᠨ ᠳ᠋ᠤ ᠥᠪᠥᠷ ᠮᠣᠩᠭᠣᠯ᠎ᠤᠨ ᠮᠤᠨᠢ ᠠᠭᠤᠯᠠ ᠵᠢᠨ ᠠᠷᠤ ᠬᠤᠷᠮᠤᠢ ᠵᠢᠨ ᠲᠠᠯ᠎ᠠ ᠨᠤᠳᠤᠭ᠎ᠤᠨ ᠠᠮᠢ ᠠᠬᠤᠶ ᠵᠢᠨ ᠤᠰᠤᠨ ᠰᠢᠨᠵᠢᠯᠡᠭᠡᠨ᠎ᠤ ᠠᠵᠢᠭ᠍ᠯᠠᠨ ᠰᠤᠳᠤᠯᠬᠤ ᠥᠷᠲᠡᠭᠡ ᠰᠤᠩᠭᠤᠭᠳᠠᠵᠤ᠂ ᠮᠠᠨ᠎ᠤ ᠤᠷᠤᠨ ᠎ᠤ  ᠤᠯᠤᠰ᠎ᠤᠨ ᠲᠠᠰ᠎ᠤᠨ ᠬᠡᠭᠡᠷ᠎ᠡ ᠵᠢᠨ ᠱᠢᠨᠵᠢᠯᠡᠬᠦ᠌ ᠤᠬᠠᠭᠠᠨ᠎ᠤ ᠠᠵᠢᠭ᠍ᠯᠠᠨ ᠰᠤᠳᠤᠯᠬᠤ ᠥᠷᠲᠡᠭᠡ ᠪᠠᠰᠠ ᠨᠢᠭᠡ ᠨᠡᠮᠡᠭᠳᠡᠵᠡᠢ᠃

ᠤᠢᠯᠠᠭᠠᠭᠰᠠᠨ ᠵᠢᠡᠷ᠂ ᠥᠪᠥᠷ ᠮᠣᠩᠭᠣᠯ᠎ᠤᠨ ᠮᠤᠨᠢ ᠠᠭᠤᠯᠠ᠎ᠶ᠋ᠢᠨ ᠠᠷᠤ ᠬᠤᠷᠮᠤᠢ ᠵᠢᠨ ᠲᠠᠯ᠎ᠠ ᠨᠤᠲᠤᠭ ᠪᠣᠯ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠦ 《ᠬᠣᠶᠠᠷ ᠬᠠᠯᠬᠠᠪᠴᠢ ᠭᠤᠷᠪᠠᠨ ᠪᠦᠰᠡ》 ᠵᠢᠨ ᠤᠮᠠᠷᠠᠲᠤ᠎ᠶ᠋ᠢᠨ ᠡᠯᠡᠰᠦ ᠵᠢ ᠰᠡᠷᠭᠡᠢᠯᠡᠬᠦ ᠪᠦᠰᠡ ᠪᠠᠢᠵᠤ᠂ ᠰᠠᠯᠬᠢ᠎ᠶ᠋ᠢ ᠬᠠᠯᠬᠠᠯᠠᠵᠤ ᠡᠯᠡᠰᠦ ᠵᠢ ᠲᠣᠭ᠍ᠲᠠᠪᠤᠷᠢᠵᠢᠭᠤᠯᠬᠤ ᠪᠠ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠲᠤᠢᠯ᠎ᠤᠨ ᠴᠢᠬᠤᠯᠠ ᠴᠢᠳᠠᠪᠬᠢᠳᠤ ᠣᠷᠣᠨ ᠪᠤᠯᠤᠨ᠎ᠠ᠂ ᠮᠦᠨ ᠴᠸ᠋ 《ᠤᠯᠤᠰ᠎ᠤᠨ ᠬᠡᠭᠡᠷ᠎ᠡ ᠵᠢᠨ ᠱᠢᠨᠵᠢᠯᠡᠬᠦ᠌ ᠤᠬᠠᠭᠠᠨ᠎ᠤ ᠠᠵᠢᠭ᠍ᠯᠠᠨ ᠰᠤᠳᠤᠯᠬᠤ ᠥᠷᠲᠡᠭᠡ᠎ᠶ᠋ᠢᠨ ᠪᠦᠲᠦᠭᠡᠨ ᠪᠠᠢᠭᠤᠯᠤᠯᠲᠠ ᠬᠦᠭᠵᠢᠭᠦᠯᠦᠯᠲᠡ᠎ᠶ᠋ᠢᠨ ᠲᠥᠰᠦᠯ 》 ᠎ᠤ᠋ᠨ ᠭᠣᠣᠯᠳᠠᠯᠭ᠎ᠠ᠎ᠲᠠᠶ ᠲᠡᠮᠵᠢᠬᠦ ᠣᠷᠣᠨ ᠪᠣᠯᠤᠨ᠎ᠠ᠃ ᠮᠤᠨᠢ ᠠᠭᠤᠯᠠ ᠵᠢᠨ ᠠᠷᠤ ᠬᠤᠷᠮᠤᠢ ᠵᠢᠨ ᠤᠯᠤᠰ᠎ᠤᠨ ᠬᠡᠭᠡᠷ᠎ᠡ ᠵᠢᠨ ᠠᠵᠢᠬᠯᠠᠨ ᠰᠤᠳᠤᠯᠬᠤ ᠥᠷᠲᠡᠭᠡ᠎ᠨᠢ ᠤᠰᠤᠨ ᠰᠢᠨᠵᠢᠯᠡᠭᠡ᠂ ᠬᠥᠷᠥᠰᠥ᠍ ᠱᠢᠷᠣᠶ᠂ ᠴᠠᠭ ᠠᠭᠤᠷ᠂ ᠠᠮᠢ ᠠᠬᠤᠶ ᠵᠡᠷᠭᠡ ᠲᠠᠯ᠎ᠠ᠎ᠶ᠋ᠢᠨ ᠠᠵᠢᠭ᠍ᠯᠠᠨ ᠬᠡᠮᠵᠢᠵᠦ ᠰᠤᠳᠤᠯᠬᠤ ᠠᠵᠢᠯ᠎ᠢ ᠥᠷᠨᠢᠭᠦᠯᠵᠦ᠂ ᠣᠳᠣᠬᠠᠨ᠎ᠳᠤ ᠶᠡᠬᠡ ᠬᠡᠮᠵᠢᠶᠡᠨ᠎ᠤ᠎ᠲᠣᠭ᠎ᠠ ᠪᠠᠷᠢᠮᠲᠠ᠎ᠶ᠋ᠢ ᠬᠤᠷᠠᠮᠳᠤᠭᠤᠯᠵᠤ᠂᠎ᠰᠠᠭᠤᠷᠢ ᠨᠥᠬᠥᠴᠡᠯ᠎ᠦᠨ ᠳᠠᠪᠠᠭᠤᠯᠢᠭ᠎ᠢᠯᠡᠷᠬᠡᠶ ᠪᠦᠭᠡᠳ ᠡᠷᠳᠡᠮ ᠱᠢᠨᠵᠢᠯᠡᠭᠡᠨ ᠪᠣᠯᠤᠨ ᠠᠵᠢᠯ ᠲᠥᠷᠥᠯ᠎ᠦᠨ ᠲᠦᠯᠦᠭᠡᠯᠡᠬᠦ ᠴᠢᠨᠠᠷ ᠨᠡᠯᠢᠶᠡᠳ ᠴᠢᠨᠭᠭ᠎ᠠ  ᠪᠠᠢᠵᠤ᠂  ᠮᠠᠨ᠎ᠤ ᠤᠯᠤᠰ᠎ᠤᠨ ᠤᠮᠠᠷᠠᠲᠤ᠎ᠶ᠋ᠢᠨ ᠴᠦᠯᠯᠡᠷᠬᠡᠭ ᠲᠠᠯ᠎ᠠ ᠨᠤᠳᠤᠭ ᠎ᠤ᠋ᠨ ᠎ᠴᠢᠬᠤᠯᠠ ᠠᠮᠢ ᠎ᠠᠬᠤᠶ ᠎ᠶ᠋ᠢᠨ ᠎ᠴᠢᠳᠠᠪᠬᠢᠳᠤ ᠎ᠣᠷᠣᠨ ᠎ᠤ ᠎ᠠᠵᠢᠬᠯᠠᠨ ᠎ᠰᠤᠳᠤᠯᠬᠤ ᠥᠷᠲᠡᠭᠡ᠎ᠶ᠋ᠢᠨ ᠪᠦᠲᠦᠭᠡᠨ ᠪᠠᠢᠭᠤᠯᠤᠯᠲᠠ ᠬᠢᠭᠡᠳ ᠤᠷᠲᠤ ᠬᠤᠭᠤᠴᠠᠭᠠᠨ᠎ᠤ ᠪᠠᠢᠷᠢ ᠲᠣᠭ᠍ᠲᠠᠭᠠᠨ ᠠᠵᠢᠭ᠍ᠯᠠᠨ ᠬᠡᠮᠵᠢᠬᠦ᠌ ᠰᠤᠳᠤᠯᠤᠯ᠎ᠤᠨ ᠬᠣᠭᠣᠰᠣᠨ᠎ᠢ ᠨᠥᠬᠥᠪᠥᠷᠢᠯᠡᠭ᠌ᠰᠡᠨ ᠪᠠᠢᠨ᠎ᠠ᠃

ᠤᠯᠤᠰ᠎ᠤᠨ ᠬᠡᠭᠡᠷ᠎ᠡ᠎ᠵᠢᠨ ᠱᠢᠨᠵᠢᠯᠡᠬᠦ᠌ ᠤᠬᠠᠭᠠᠨ᠎ᠤ ᠠᠵᠢᠭ᠍ᠯᠠᠨ ᠰᠤᠳᠤᠯᠬᠤ ᠥᠷᠲᠡᠭᠡ ᠪᠣᠯ ᠤᠯᠤᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠬᠤᠯᠠ ᠰᠠᠭᠤᠷᠢᠨ᠎ᠤ ᠨᠢᠭᠡ ᠪᠠᠢᠵᠤ᠂ ᠤᠯᠤᠰ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠦᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃ ᠮᠠᠨ᠎ᠤ ᠣᠷᠣᠨ᠎ᠤ  ᠬᠡᠭᠡᠷ᠎ᠡ᠎ᠵᠢᠨ ᠠᠵᠢᠭ᠍ᠯᠠᠯᠲᠠ᠎ᠶ᠋ᠢᠨ ᠥᠷᠲᠡᠭᠡ ᠨᠢ ᠬᠡᠭᠡᠷ᠎ᠡ ᠭᠠᠳᠠᠭ᠎ᠠ ᠡᠯ᠎ᠡ ᠲᠥᠷᠥᠯ᠎ᠦᠨ ᠲᠣᠭ᠎ᠠ ᠪᠠᠷᠢᠮᠲᠠ᠎ᠶ᠋ᠢ ᠲᠠᠰᠤᠷᠠᠯᠲᠠ ᠥᠬᠡᠶ ᠴᠤᠭ᠍ᠯᠠᠭᠤᠯᠬᠤ᠎ᠪᠠᠷ ᠳᠡᠮᠵᠢᠨ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠯᠠᠭ᠎ᠠ᠎ᠶ᠋ᠢᠨ ᠤᠷᠤᠭ᠍ᠰᠢᠲᠠᠶ ᠶᠠᠪᠤᠭ᠍ᠳᠠᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠭᠰᠠᠨ ᠪᠠᠢᠨ᠎ᠠ᠃ ᠡᠭᠦᠨ᠎ᠡᠴᠡ ᠭᠠᠳᠠᠨ᠎ᠠ᠂ ᠮᠠᠰᠢ ᠣᠯᠠᠨ ᠬᠡᠭᠡᠷ᠎ᠡ᠎ᠵᠢᠨ ᠠᠵᠢᠬᠯᠠᠨ ᠰᠤᠳᠤᠯᠬᠤ ᠥᠷᠲᠡᠭᠡ ᠨᠢ ᠲᠦᠷᠦᠯ ᠵᠦᠢᠯ᠎ᠤᠨ ᠵᠢᠱ᠌ᠢᠶ᠎ᠡ ᠦᠵᠡᠭᠦᠯᠬᠦ᠌ ᠣᠷᠣᠨ᠂ ᠵᠢᠱ᠌ᠢᠶ᠎ᠡ ᠦᠵᠡᠭᠦᠯᠬᠦ᠌ ᠣᠶ ᠪᠠᠢᠭᠤᠯᠵᠤ᠂ ᠠᠮᠢ ᠠᠬᠤᠶ᠎ᠶ᠋ᠢᠨ ᠣᠷᠴᠢᠨ ᠲᠣᠭᠣᠷᠢᠨ᠎ᠢ ᠬᠠᠮᠠᠭᠠᠯᠠᠬᠤ᠂ ᠦᠷ᠎ᠡ ᠪᠦᠲᠦᠭᠡᠯ ᠭᠠᠷᠭᠠᠬᠤ᠎ᠶ᠋ᠢ ᠠᠬᠢᠭᠤᠯᠬᠤ᠂ ᠣᠷᠣᠨ ᠨᠤᠲᠤᠭ᠎ᠤᠨ ᠠᠵᠤ ᠠᠬᠤᠶ᠎ᠶ᠋ᠢᠨ ᠨᠡᠮᠡᠭ᠌ᠳᠡᠯ᠎ᠢ ᠳᠠᠢᠴᠢᠯᠠᠬᠤ᠎ᠳᠤ ᠴᠢᠬᠤᠯᠠ ᠦᠢᠯᠡᠳᠦᠯ ᠦᠵᠡᠭᠦᠯᠵᠦ ᠪᠠᠢᠳᠠᠭ᠃

ᠣᠳᠣ ᠪᠣᠯᠲᠠᠯ᠎ᠠ ᠮᠠᠨ᠎ᠤ ᠣᠷᠣᠨ᠎ᠤ ᠪᠠᠢᠭᠤᠯᠤᠭᠰᠠᠨ ᠬᠡᠭᠡᠷ᠎ᠡ ᠭᠠᠳᠠᠭ᠎ᠠ ᠠᠵᠢᠭᠯᠠᠨ ᠬᠡᠮᠵᠢᠬᠦ᠂ ᠲᠤᠷᠱᠢᠯᠲᠠ ᠬᠢᠬᠦ᠌᠂ ᠰᠤᠳᠤᠯᠭᠠᠨ ᠬᠢᠬᠦ᠌ ᠤᠯᠤᠰ᠎ᠤᠨ ᠲᠠᠰ᠎ᠤᠨ ᠦᠷᠲᠡᠭᠡ 5᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠦᠷᠲᠡᠭᠡ  44 ᠪᠤᠯᠤᠭᠰᠠᠨ  ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号