— ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠠᠢᠯᠪᠤᠷᠢᠯᠠᠪᠠ
11 ᠰᠠᠷ᠎ᠠ᠎ᠶ᠋ᠢᠨ 12 ᠤ᠋ᠨ ᠦᠳᠡ᠎ᠶ᠋ᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠠᠨᠢᠯᠴᠠᠭᠤᠯᠵᠤ᠂ ᠲᠥᠪ᠎ᠦᠨ ᠤᠬᠠᠭᠤᠯᠬᠤ ᠬᠡᠯᠲᠡᠰ᠂ ᠲᠥᠪ᠎ᠦᠨ ᠲᠥᠷᠥ᠎ᠶ᠋ᠢᠨ ᠪᠣᠳᠣᠯᠭ᠎ᠠ ᠰᠤᠳᠤᠯᠬᠤ ᠲᠠᠰᠤᠭ᠂ ᠲᠥᠪ᠎ᠦᠨ ᠡᠳ᠋᠎ᠦᠨ ᠵᠠᠰᠠᠭ ᠠᠵᠤ ᠠᠬᠤᠶ᠎ᠶ᠋ᠢᠨ ᠬᠤᠷᠢᠶᠠᠨᠦ ᠠᠯᠪᠠᠨ ᠬᠡᠷ᠂ ᠲᠥᠪ᠎ᠦᠨ ᠨᠠᠮ᠎ᠤᠨ ᠲᠡᠦᠬᠡ ᠪᠠ ᠲᠤᠯᠭᠤᠷ ᠪᠢᠴᠢᠭ᠎ᠤᠨ ᠰᠤᠳᠤᠯᠭᠠᠨ᠎ᠤ ᠬᠦᠷᠢᠶᠡᠯᠡᠩ ᠵᠡᠷᠭᠡ ᠳᠥᠷᠪᠡᠨ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠪᠠ᠃
ᠪᠦᠬᠦᠳᠡ ᠬᠤᠷᠠᠯ᠎ᠤᠨ ᠬᠠᠮᠤᠭ᠎ᠤᠨ ᠴᠢᠬᠤᠯᠠ ᠦᠷ᠎ᠡ ᠪᠦᠲᠦᠭᠡᠯ ᠪᠣᠯ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠢᠳᠪᠦᠷᠢ》 ᠵᠢ ᠬᠢᠨᠠᠨ ᠵᠥᠪᠯᠡᠵᠦ᠍ ᠪᠠᠲᠤᠯᠠᠭ᠍ᠰᠠᠨ ᠶᠠᠪᠤᠳᠠᠯ ᠪᠣᠯᠤᠨ᠎ᠠ
ᠲᠥᠪ᠎ᠦᠨ ᠤᠬᠠᠭᠤᠯᠬᠤ ᠬᠡᠯᠲᠡᠰ᠎ᠦᠨ ᠡᠳᠦᠷ ᠲᠤᠳᠤᠮ᠎ᠤᠨ ᠠᠵᠢᠯ᠎ᠢ ᠬᠠᠮᠢᠶᠠᠷᠴᠤ᠌ ᠪᠠᠢᠭ᠎ᠠ ᠳᠡᠳ᠋ ᠳᠠᠷᠤᠭ᠎ᠠ ᠸᠠᠩ ᠱᠢᠶᠤᠤ ᠬᠤᠢ᠂ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢᠨ ᠲᠠᠱᠢᠷᠠᠮ᠎ᠢᠶᠠᠷ᠂ ᠨᠠᠮ᠎ᠤᠨ ᠲᠥᠪ ᠬᠣᠷᠢᠶ᠎ᠠ ᠵᠢᠷᠭᠤᠳᠤᠭᠠᠷ ᠪᠦᠬᠦᠳᠠ ᠬᠤᠷᠠᠯ ᠬᠤᠷᠠᠯᠳᠤᠭᠤᠯᠵᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢ ᠪᠦᠬᠦ᠌ ᠲᠠᠯ᠎ᠠ᠎ᠪᠠᠷ ᠳ᠋ᠦᠩᠨᠡᠪᠡ᠂ ᠡᠨᠡ ᠪᠣᠯ ᠲᠡᠦᠬᠡᠲᠦ ᠴᠢᠨᠠᠷᠲᠠᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠲᠥᠪ ᠴᠢᠩᠭ᠎ᠠ ᠱᠢᠢᠳᠪᠦᠷᠢᠲᠦ ᠪᠤᠳᠤᠯᠭ᠎ᠠ ᠪᠣᠯᠤᠨ᠎ᠠ᠂ ᠮᠠᠨ᠎ᠤ ᠨᠠᠮ᠎ᠤᠨ ᠲᠡᠦᠬᠡ᠎ᠶ᠋ᠢᠨ ᠵᠢᠮ᠎ᠡ ᠶᠣᠰᠣ᠎ᠶ᠋ᠢ ᠴᠢᠬᠤᠯᠠᠴᠢᠯᠠᠨ ᠴᠢᠳᠠᠮᠠᠭᠠᠢ ᠬᠡᠷᠡᠭ᠌ᠯᠡᠵᠦ᠍ ᠪᠠᠢᠭ᠎ᠠ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠤᠬᠠᠮᠰᠠᠷ᠎ᠢ ᠢᠯᠡᠷᠡᠭᠦᠯᠵᠦ᠍᠂ ᠮᠠᠨ᠎ᠤ ᠨᠠᠮ᠎ᠤᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠬᠦ᠌ ᠢᠲᠡᠭᠡᠯ ᠪᠣᠯᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠠᠢ ᠭᠡᠵᠦ᠍ ᠬᠡᠯᠡᠪᠡ᠃
ᠸᠠᠩ ᠱᠢᠶᠤᠤ ᠬᠣᠶ᠂ ᠪᠥᠬᠥᠳᠡ ᠬᠤᠷᠠᠯ᠎ᠤᠨ ᠬᠠᠮᠤᠭ᠎ᠤᠨ ᠴᠢᠬᠤᠯᠠ ᠦᠷ᠎ᠡ ᠪᠦᠲᠦᠭᠡᠯ ᠪᠣᠯ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢ》(ᠳᠣᠷᠣᠭ᠍ᠰᠢ 《ᠱᠢᠶ᠋ᠳᠪᠦᠷᠢ》ᠭᠡᠵᠦ᠍ ᠲᠦᠬᠦᠮᠴᠢᠯᠡᠨ᠎ᠡ) ᠶ᠋ᠢ ᠬᠢᠨᠠᠨ ᠵᠦᠪᠯᠡᠵᠤ ᠪᠠᠲᠤᠯᠠᠭ᠍ᠰᠠᠨ ᠶᠠᠪᠤᠳᠠᠯ ᠪᠣᠯᠤᠨ᠎ᠠ᠃ ᠪᠥᠬᠥᠳᠡ ᠬᠤᠷᠠᠯ᠎ᠡᠴᠡ ᠪᠠᠲᠤᠯᠠᠭ᠍ᠰᠠᠨ《ᠱᠢᠶ᠋ᠳᠪᠦᠷᠢ》ᠨᠢᠨᠡᠢᠲᠡ ᠲᠤᠯᠤᠭᠠᠨ ᠬᠡᠰᠡᠭ ᠪᠠᠢᠵᠤ᠂ ᠠᠭᠤᠯᠭ᠎ᠠ᠎ᠶ᠋ᠢᠨ ᠲᠣᠬᠢᠷᠠᠭᠤᠯᠤᠯᠲᠠ᠎ᠶ᠋ᠢᠨ ᠲᠠᠯ᠎ᠠ᠎ᠪᠠᠷ ᠬᠣᠶᠠᠷ ᠣᠨᠴᠠᠯᠢᠭ᠎ᠲᠠᠶ᠄ ᠨᠢᠭᠡᠳᠦᠭᠡᠷ ᠣᠨᠴᠠᠯᠢᠭ᠎ᠨᠢ ᠭᠤᠤᠯᠳᠠᠭᠤ ᠡᠨᠡ ᠤᠳᠠᠭ᠎ᠠ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢ ᠳ᠋ᠦᠩᠨᠡᠪᠠ᠂ ᠬᠣᠶᠠᠳᠤᠭᠠᠷ ᠣᠨᠴᠠᠯᠢᠭ᠎ᠨᠢ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠱᠢᠨ᠎ᠡ ᠴᠠᠭ ᠦᠶ᠎ᠡ ᠭᠡᠬᠦ᠌ ᠡᠨᠡ ᠬᠦ᠌ ᠭᠤᠤᠯᠳᠠᠯᠭ᠎ᠠ᠎ᠶ᠋ᠢ ᠳᠣᠪᠣᠢᠯᠭᠠᠵᠤ᠂ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠱᠢᠬᠢ ᠤᠤᠭᠠᠯ ᠡᠭᠦᠳᠦᠯᠲᠡ᠎ᠶ᠋ᠢᠨ ᠴᠢᠨᠠᠷᠲᠠᠶ ᠦᠵᠡᠯ ᠰᠠᠨᠠᠭ᠎ᠠ᠂ ᠬᠤᠪᠢᠰᠤᠯᠲᠠ᠎ᠶ᠋ᠢᠨ ᠴᠢᠨᠠᠷᠲᠠᠶ ᠦᠶ᠋ᠯᠡᠳᠦᠯᠭᠡ᠂ ᠱᠢᠪᠲᠤᠯᠤᠯᠲᠠ᠎ᠶ᠋ᠢᠨ ᠴᠢᠨᠠᠷᠲᠠᠶ ᠠᠬᠢᠴᠠ ᠪᠠ ᠪᠡᠯᠭᠡ ᠲᠡᠮᠳᠡᠭ᠎ᠦᠨ ᠴᠢᠨᠠᠷᠲᠠᠶ ᠦᠷ᠎ᠡ ᠪᠦᠲᠦᠭᠡᠯ᠎ᠢ ᠨᠡᠯᠢᠶᠡᠳ ᠶᠡᠬᠡ ᠬᠡᠮᠵᠢᠶ᠎ᠡ᠎ᠪᠡᠷ ᠳ᠋ᠦᠩᠨᠡᠭ᠌ᠰᠡᠨ ᠶᠠᠪᠤᠳᠠᠯ ᠪᠣᠯᠤᠨ᠎ᠠ ᠭᠡᠵᠤ ᠲᠠᠨᠢᠯᠴᠠᠭᠤᠯᠪᠠ᠃
《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ ᠪᠣᠯ ᠴᠢᠬᠤᠯᠠ ᠲᠡᠦᠬᠡ᠎ᠶ᠋ᠢᠨ ᠵᠠᠩᠭᠢᠯᠠᠭ᠎ᠠ᠎ᠶ᠋ᠢᠨ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠴᠢᠬᠤᠯᠠ ᠶᠡᠬᠡ ᠲᠡᠦᠬᠡᠲᠦ ᠠᠴᠢ ᠬᠣᠯᠪᠣᠭ᠍ᠳᠠᠯ᠎ᠲᠠᠶ ᠬᠤᠷᠠᠯ ᠪᠣᠯᠤᠨ᠎ᠠ》᠃ ᠸᠠᠩ ᠱᠢᠶᠤᠤ ᠬᠣᠶ᠂ ᠪᠥᠬᠥᠳᠡ ᠬᠤᠷᠠᠯ᠎ᠡᠴᠡ ᠬᠢᠨᠠᠨ ᠵᠦᠪᠯᠡᠵᠤ ᠪᠠᠲᠤᠯᠠᠭ᠍ᠰᠠᠨ《ᠱᠢᠶ᠋ᠳᠪᠦᠷᠢ》 ᠳ᠋ᠤ ᠵᠠᠭᠤᠨ ᠵᠢᠯ᠎ᠦᠨ ᠲᠤᠷᠱᠢᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠬᠦᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢᠨ ᠵᠢᠡᠨ ᠲᠥᠯᠥᠭᠡ ᠬᠢᠭ᠌ᠰᠡᠨ ᠲᠡᠮᠡᠴᠡᠯ᠂ ᠦᠷᠡᠭ᠌ᠳᠡᠯ ᠪᠠ ᠡᠭᠦᠳᠦᠨ ᠪᠦᠲᠦᠭᠡᠯᠲᠡ᠎ᠶ᠋ᠢ ᠪᠦᠬᠦ ᠵᠤᠬᠢᠶᠠᠯ ᠳ᠋ᠦ ᠠᠭᠤᠰᠬᠠᠨ ᠪᠠᠭ᠍ᠲᠠᠭᠠᠵᠤ᠂ 《ᠥᠩᠭᠡᠷᠡᠭ᠌ᠰᠡᠨ᠎ᠳᠦ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭ᠍ᠰᠠᠨ᠂ ᠢᠷᠡᠭᠡᠳᠦᠶ᠎ᠳᠦ ᠪᠢᠳᠡ ᠶᠠᠭᠠᠬᠢᠪᠠᠯ ᠰᠠᠶᠢ ᠦᠷᠭᠦᠯᠵᠢᠯᠡᠨ ᠠᠮᠵᠢᠯᠲᠠ ᠣᠯᠵᠤ ᠴᠢᠳᠠᠬᠤ》 ᠶ᠋ᠢ ᠭᠦᠨᠵᠡᠭᠡᠶ ᠢᠯᠡᠷᠡᠭᠦᠯᠵᠡᠢ ᠭᠡᠵᠤ ᠬᠡᠯᠡᠪᠡ᠃
ᠪᠦᠬᠦᠳᠡ ᠬᠤᠷᠠᠯ᠎ᠡᠴᠡ 《ᠬᠣᠶᠠᠷ᠎ᠢ ᠲᠣᠭ᠍ᠲᠠᠭᠠᠬᠤ》 ᠵᠢ ᠴᠢᠬᠤᠯᠠᠴᠢᠯᠠᠭ᠍ᠰᠠᠨ ᠨᠢ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡ᠎ᠶ᠋ᠢᠨ ᠠᠬᠢᠴᠠ᠎ᠶ᠋ᠢ ᠠᠬᠢᠭᠤᠯᠬᠤ᠎ᠳᠤ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠲᠠᠶ ᠶᠤᠮ
ᠪᠥᠬᠥᠳᠡ ᠬᠤᠷᠠᠯ᠎ᠤᠨ ᠠᠯᠪᠠᠨ ᠮᠡᠳᠡᠭᠡ᠎ᠳᠦ᠂ ᠨᠠᠮ᠎ᠡᠴᠡ ᠰᠢ᠎ᠵᠢᠨ ᠫᠢᠩ ᠨᠥᠬᠥᠷ᠎ᠦᠨ ᠨᠠᠮ᠎ᠤᠨ ᠲᠥᠪ ᠬᠣᠷᠢᠶᠠᠨ᠎ᠤ ᠭᠤᠤᠯᠯᠠᠭ᠍ᠴᠢ᠂ ᠪᠥᠬᠥ᠌ ᠨᠠᠮ᠎ᠤᠨ ᠭᠤᠤᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠲᠣᠭ᠍ᠲᠠᠭᠠᠵᠤ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠣᠳᠭᠤ ᠪᠠᠢᠷᠢ ᠰᠠᠭᠤᠷᠢ᠎ᠶ᠋ᠢ ᠲᠣᠭ᠍ᠲᠠᠭᠠᠭ᠍ᠰᠠᠨ᠎ᠨᠢ ᠪᠥᠬᠥ᠌ ᠨᠠᠮ ᠪᠥᠬᠥ᠌ ᠴᠡᠷᠢᠭ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ᠎ᠢ ᠲᠤᠰᠭᠠᠵᠤ᠂ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡᠨ ᠠᠬᠢᠴᠠ᠎ᠶ᠋ᠢ ᠠᠬᠢᠭᠤᠯᠬᠤ᠎ᠳᠤ ᠱᠢᠶ᠋ᠳᠪᠦᠷᠢᠯᠡᠭ᠌ᠴᠢ ᠴᠢᠨᠠᠷᠲᠠᠶ ᠠᠴᠢ ᠬᠣᠯᠪᠣᠭ᠍ᠳᠠᠯ᠎ᠲᠠᠶ ᠶᠤᠮ ᠭᠡᠵᠤ ᠵᠢᠭᠠᠵᠤ ᠭᠠᠷᠭᠠᠪᠠ᠃
ᠲᠥᠪ᠎ᠦᠨ ᠲᠦᠷᠦ᠍᠎ᠶ᠋ᠢᠨ ᠪᠤᠳᠤᠯᠭ᠎ᠠ ᠰᠤᠳᠤᠯᠬᠤ ᠲᠠᠰᠤᠭ᠎ᠤᠨ ᠡᠷᠬᠢᠯᠡᠭ᠌ᠴᠢ ᠵᠢᠶᠠᠩ ᠵᠢᠨ ᠴᠢᠤᠸᠠᠨ᠂ ᠨᠢᠭᠡ ᠤᠯᠤᠰ᠂ ᠨᠢᠭᠡ ᠲᠦᠷᠦ᠍᠎ᠶ᠋ᠢᠨ ᠨᠠᠮ ᠳ᠋ᠦ ᠠᠪᠴᠦ ᠭᠡᠯᠡᠪᠡᠯ ᠤᠳᠤᠷᠢᠳᠭᠤ ᠭᠣᠣᠯᠯᠠᠭ᠍ᠴᠢ ᠪᠣᠯ ᠲᠤᠢᠯ᠎ᠤᠨ ᠴᠢᠬᠤᠯᠠ ᠶᠤᠮ᠃ ᠰᠢ᠎ᠵᠢᠨ ᠫᠢᠩ ᠨᠥᠬᠥᠷ᠎ᠦᠨ ᠨᠠᠮ᠎ᠤᠨ ᠲᠥᠪ ᠬᠣᠷᠢᠶᠠᠨ᠎ᠤ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ ᠪᠣᠯᠬᠤ ᠪᠠᠢᠷᠢ ᠰᠠᠭᠤᠷᠢ᠎ᠶ᠋ᠢ ᠲᠣᠭ᠍ᠲᠠᠭᠠᠬᠤ ᠪᠣᠯ ᠴᠠᠭ ᠦᠶ᠎ᠡ᠎ᠶ᠋ᠢᠨ ᠤᠷᠢᠶᠠᠯᠠᠭ᠎ᠠ᠂ ᠲᠡᠦᠬᠡ᠎ᠶ᠋ᠢᠨ ᠰᠣᠩᠭᠣᠯᠲᠠ᠂ ᠠᠷᠠᠳ᠎ᠤᠨ ᠰᠡᠳᠭᠢᠯ᠎ᠦᠨ ᠬᠠᠨᠳᠤᠰᠢ ᠮᠥᠨ᠃ ᠶᠡᠷᠦᠩᠬᠡᠢ ᠱᠦᠵᠢ ᠰᠢ᠎ᠵᠢᠨ ᠫᠢᠩ᠎ᠦᠨ ᠭᠣᠣᠯᠯᠠᠬᠴᠢ ᠵᠢᠨ ᠪᠠᠢᠷᠢ ᠰᠠᠭᠤᠷᠢ᠎ᠶ᠋ᠢ ᠡᠷᠡᠰ ᠬᠦᠷᠢᠶᠡᠯᠡᠨ ᠬᠠᠮᠠᠭᠠᠯᠠᠪᠠᠯ᠂ ᠪᠦᠬᠦ᠌ ᠨᠠᠮ ᠳᠠᠷᠤᠢ ᠲᠣᠭ᠍ᠲᠠᠪᠤᠷᠢᠵᠢᠭᠤᠯᠤᠭ᠍ᠴᠢ᠎ᠲᠠᠶ ᠪᠤᠯᠵᠤ᠂ ᠪᠦᠬᠦ᠌ ᠤᠯᠤᠰ᠎ᠤᠨ ᠠᠷᠠᠳ ᠲᠦᠮᠡᠨ ᠦᠮᠦᠭ ᠲᠦᠱᠢᠭ᠎ᠲᠠᠶ ᠪᠤᠯᠵᠤ᠂ ᠳᠤᠮᠳᠠᠳᠤ᠎ᠶ᠋ᠢᠨ 《ᠰᠡᠷᠭᠦᠨ ᠮᠠᠨᠳᠤᠯᠲᠠ》 ᠨᠡᠷᠡᠮᠵᠢᠲᠦ ᠲᠤᠮᠤ ᠬᠥᠯᠭᠡ ᠣᠩᠭᠣᠴᠠ ᠵᠠᠯᠠᠭᠤᠷᠴᠢᠨ᠎ᠲᠠᠶ ᠪᠤᠯᠵᠤ᠂ ᠲᠤᠬ᠍ᠰᠢᠨ ᠰᠠᠯᠬᠢ ᠱᠢᠷᠦᠭᠦᠨ ᠳᠠᠪᠠᠯᠭᠠᠨ᠎ᠤ ᠡᠮᠦᠨ᠎ᠡ ᠪᠢᠳᠡ 《ᠰᠠᠯᠬᠢ ᠳᠠᠪᠠᠯᠭᠠᠨ ᠶᠠᠭᠠᠬᠢᠵᠤ ᠱᠢᠷᠦᠭᠦᠰᠦᠭ᠌ᠰᠡᠨ ᠴᠦ᠍ ᠰᠠᠨᠠᠭ᠎ᠠ ᠠᠮᠤᠷ ᠣᠩᠭᠣᠴᠠᠠᠳᠤ ᠰᠠᠭᠤᠵᠤ》 ᠴᠢᠳᠠᠨ᠎ᠠ ᠭᠡᠵᠤ ᠢᠯᠡᠳᠭᠡᠪᠡ᠃
ᠵᠢᠶᠠᠩ ᠵᠢᠨ ᠴᠢᠤᠸᠠᠨ᠂ ᠱᠢᠨᠵᠢᠯᠡᠬᠦ᠌ ᠤᠬᠠᠭᠠᠨᠴᠢ ᠣᠨᠣᠯ᠎ᠲᠠᠶ ᠳᠦᠷᠦ᠍ ᠵᠢᠨ ᠨᠠᠮ ᠨᠢ ᠰᠠᠶᠢ ᠦᠨᠡᠨ ᠶᠣᠰᠣᠨ᠎ᠤ ᠬᠦᠴᠦᠨ᠎ᠲᠡᠶ ᠪᠠᠢᠳᠠᠭ; ᠱᠢᠨᠵᠢᠯᠡᠬᠦ᠌ ᠤᠬᠠᠭᠠᠨᠴᠢ ᠤᠨᠤᠯ᠎ᠵᠢᠡᠷ ᠵᠢᠯᠤᠭᠤᠳᠤᠭᠰᠠᠨ ᠦᠢᠯᠡᠰ ᠨᠢ ᠰᠠᠶᠢ ᠭᠡᠭᠡᠨ ᠰᠠᠷᠠᠭᠤᠯ ᠢᠷᠡᠭᠡᠳᠦᠢ᠎ᠲᠡᠶ ᠶᠤᠮ᠃
《ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠵᠢᠯᠣᠭᠣᠳᠭᠤ ᠪᠠᠢᠷᠢ ᠰᠠᠭᠤᠷᠢ᠎ᠶ᠋ᠢ ᠲᠣᠭ᠍ᠲᠠᠭᠠᠪᠠᠯ᠂ ᠮᠠᠨ᠎ᠤ ᠨᠠᠮ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ ᠪᠣᠯᠤᠨ ᠳᠡᠯᠡᠬᠡᠢ᠎ᠶ᠋ᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠭᠦᠨᠵᠡᠭᠡᠢ ᠤᠯᠠᠷᠢᠨ ᠬᠤᠪᠢᠰᠤᠭ᠍ᠰᠠᠨ ᠪᠤᠳᠤᠯᠢᠶᠠᠨᠲᠠᠢ ᠨᠥᠬᠥᠴᠡᠯ ᠳᠣᠣᠷ᠎ᠠ᠂ ᠵᠥᠪ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠪᠠᠷᠢᠮᠲᠠᠯᠠᠵᠤ᠂ ᠰᠠᠯᠬᠢ ᠳᠠᠪᠠᠯᠭᠠᠨ᠎ᠢ ᠵᠦᠰᠦᠨ ᠵᠦᠭ ᠴᠢᠭ ᠵᠢᠡᠨ ᠠᠯᠳᠠᠯ ᠦᠭᠡᠢ ᠤᠷᠤᠭ᠍ᠰᠢᠯᠠᠨ᠎ᠠ; ᠢᠮᠠᠭ᠍ᠲᠠ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠡᠵᠡᠮᠳᠡᠵᠦ᠍᠂ ᠱᠢᠨᠵᠢᠯᠡᠬᠦ᠌ ᠤᠬᠠᠭᠠᠨᠴᠢ ᠶᠢᠷᠲᠢᠨᠴᠦ᠍᠎ᠶ᠋ᠢᠨ ᠦᠵᠡᠯᠲᠡ ᠪᠣᠯᠤᠨ ᠠᠷᠭ᠎ᠠ᠎ᠶ᠋ᠢᠨ ᠤᠨᠤᠯ᠎ᠢᠶᠠᠷ ᠠᠵᠢᠯ ᠦᠢᠯᠡᠰ᠎ᠦᠨ ᠬᠥᠭ᠌ᠵᠢᠯᠲᠡ᠎ᠶ᠋ᠢ ᠲᠥᠯᠥᠪᠵᠢᠭᠦᠯᠵᠦ᠍᠂ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠵᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠳᠠᠭᠠᠭᠤᠯᠤᠨ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠭᠡᠭᠡᠨ ᠰᠠᠷᠠᠭᠤᠯ ᠢᠷᠡᠭᠡᠳᠦᠢ᠎ᠶ᠋ᠢ ᠲᠠᠰᠤᠷᠠᠯᠲᠠ ᠦᠭᠡᠢ ᠨᠡᠭᠡᠭᠡᠵᠦ᠍ ᠴᠢᠳᠠᠨ᠎ᠠ》 ᠭᠡᠵᠦ ᠢᠯᠡᠳᠭᠡᠪᠡ᠃
ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠭᠣᠣᠯ ᠠᠭᠤᠯᠭ᠎ᠠ᠎ᠶ᠋ᠢ ᠤᠯᠠᠮ ᠴᠢᠨᠠᠭ᠍ᠰᠢᠳᠠ ᠬᠤᠷᠢᠶᠠᠩᠭᠤᠢᠯᠠᠪᠠ
《 ᠱᠢᠢᠳᠪᠦᠷᠢ 》 ᠳ᠋ᠤ ᠄ 《ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ ᠬᠤᠷᠢᠨ ᠨᠢᠭᠡᠳᠦᠭᠡᠷ ᠵᠠᠭᠤᠨ᠎ᠤ ᠮᠠᠷᠺᠰ᠎ᠤᠨ ᠦᠵᠡᠯ ᠮᠦᠨ᠂ ᠳᠤᠮᠳᠠᠳᠤ᠎ᠶ᠋ᠢᠨ ᠰᠣᠶᠣᠯ ᠪᠠ ᠳᠤᠮᠳᠠᠳᠤ ᠤᠯᠤᠰ᠎ᠤᠨ ᠵᠣᠷᠢᠭ ᠰᠠᠨᠠᠭᠠᠨ᠎ᠤ ᠴᠠᠭ ᠦᠶ᠎ᠡ᠎ᠶ᠋ᠢᠨ ᠤᠬᠢ ᠲᠠᠯᠠᠰᠳᠤ ᠮᠥᠨ᠂ ᠲᠡᠷᠡ᠎ᠨᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ ᠱᠢᠨ᠎ᠡ ᠦᠰᠦᠷᠦᠯᠲᠡ᠎ᠶ᠋ᠢ ᠪᠡᠶᠡᠯᠡᠭᠦᠯᠪᠡ 》 ᠭᠡᠵᠦ ᠵᠢᠭᠠᠵᠤ ᠭᠠᠷᠭᠠᠪᠠ᠃
《ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠲᠤᠬᠠᠢ ᠬᠤᠷᠢᠶᠠᠩᠭᠤᠢᠯᠠᠯ ᠪᠠ ᠦᠬᠦᠯᠡᠯᠳᠠ ᠪᠣᠯ ᠪᠦᠬᠦᠳᠡ ᠬᠤᠷᠠᠯ᠎ᠤᠨ 〈 ᠱᠢᠢᠳᠪᠦᠷᠢ〉 ᠵᠢᠨ ᠳᠤᠪᠤᠢ᠌ᠮ᠎ᠠ ᠬᠢᠯᠠᠰ ᠴᠡᠭ ᠪᠣᠯᠬᠤ ᠪᠥᠭᠡᠳ ᠪᠠᠰᠠ ᠴᠤ᠌ ᠴᠢᠬᠤᠯᠠ ᠶᠡᠬᠡ ᠬᠤᠪᠢ ᠨᠡᠮᠡᠷᠢ ᠪᠣᠯᠤᠨ᠎ᠠ》᠃ ᠸᠠᠩ ᠱᠢᠶᠤᠤ ᠬᠤᠢ᠂ 《ᠱᠢᠢᠳᠪᠦᠷᠢ》 ᠵᠢᠨ ᠡᠨᠡ ᠪᠠᠳᠠᠭ ᠦᠭᠡ ᠨᠢ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠤᠨᠤᠯ᠎ᠤᠨ ᠳᠤᠳᠤᠭᠠᠳᠤᠠᠭᠤᠯᠬᠤᠨ ᠪᠣᠯᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠱᠢᠨᠵᠢᠯᠡᠬᠦ᠌ ᠤᠬᠠᠭᠠᠨᠴᠢ᠎ᠪᠠᠷ ᠲᠣᠳᠣᠷᠬᠠᠢᠯᠠᠨ ᠦᠬᠦᠯᠡᠵᠦ᠂ ᠮᠠᠷᠺᠰ᠎ᠤᠨ ᠦᠵᠡᠯ᠎ᠦᠨ ᠬᠥᠭ᠌ᠵᠢᠯᠲᠡ᠎ᠶ᠋ᠢᠨ ᠲᠡᠦᠬᠡ᠂ ᠳᠤᠮᠳᠠᠳᠤ᠎ᠶ᠋ᠢᠨ ᠰᠣᠶᠣᠯ᠎ᠤᠨ ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ ᠴᠢᠬᠤᠯᠠ ᠪᠠᠢᠷᠢ ᠰᠠᠭᠤᠷᠢ᠎ᠶ᠋ᠢ ᠲᠣᠳᠣᠷᠬᠠᠢᠯᠠᠭ᠍ᠰᠠᠨ ᠪᠠᠢᠨ᠎ᠠ ᠭᠡᠵᠦ ᠬᠡᠯᠡᠪᠡ᠃
ᠸᠠᠩ ᠱᠢᠶᠤᠤ ᠬᠤᠢ᠂ 《ᠱᠢᠢᠳᠪᠦᠷᠢ》 ᠨᠢ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠭᠡᠯ᠎ᠦᠨ《ᠨᠠᠢ᠍ᠮᠠᠨ ᠲᠣᠳᠣᠷᠬᠠᠢᠯᠠᠯᠲᠠ》 ᠵᠢᠨ ᠰᠠᠭᠤᠷᠢᠨ ᠳᠡᠭᠡᠷ᠎ᠡ᠂ 《ᠠᠷᠪᠠᠨ ᠲᠣᠳᠣᠷᠬᠠᠢᠯᠠᠯᠲᠠ》 ᠪᠡᠷ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠭᠣᠣᠯ ᠠᠭᠤᠯᠭ᠎ᠠ ᠵᠢ ᠤᠯᠠᠮ ᠴᠢᠨᠠᠭ᠍ᠰᠢᠳᠠ ᠬᠤᠷᠢᠶᠠᠩᠭᠤᠢᠯᠠᠵᠦ᠍᠂ ᠪᠠᠰᠠ 13 ᠲᠠᠯ᠎ᠠ᠎ᠪᠠᠷ ᠬᠦᠷᠢᠶ᠎ᠡ ᠬᠤᠪᠢᠶᠠᠨ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠣᠯᠤᠭ᠍ᠰᠠᠨ ᠠᠮᠵᠢᠯᠲᠠ᠎ᠶ᠋ᠢ ᠳ᠋ᠦᠩᠨᠡᠭ᠌ᠰᠡᠨ ᠪᠥᠭᠡᠳ ᠡᠭᠦᠨ ᠦ ᠳᠣᠲᠣᠷᠠᠬᠢ ᠤᠤᠭᠠᠯ ᠡᠭᠦᠳᠦᠯᠲᠡ ᠶ᠋ᠢᠨ ᠴᠢᠨᠠᠷᠲᠠᠢ ᠣᠢᠯᠠᠭᠠᠭ᠍ᠳᠠᠬᠤᠨ ᠪᠣᠯᠤᠨ ᠦᠵᠡᠯ ᠰᠠᠨᠠᠭ᠎ᠠ᠎ᠶ᠋ᠢ ᠭᠣᠣᠯᠳᠠᠯᠭ᠎ᠠ᠎ᠲᠠᠶ ᠬᠤᠷᠢᠶᠠᠩᠭᠤᠢᠯᠠᠵᠡᠢ ᠭᠡᠵᠦ ᠲᠠᠨᠢᠯᠴᠠᠭᠤᠯᠪᠠ᠃
ᠪᠦᠬᠦᠳᠡ ᠬᠤᠷᠠᠯ᠎ᠡᠴᠡ ᠬᠢᠨᠠᠨ ᠵᠥᠪᠯᠡᠵᠦ᠍ ᠪᠠᠲᠤᠯᠠᠭ᠍ᠰᠠᠨ 《ᠱᠢᠢᠳᠪᠦᠷᠢ》 ᠪᠣᠯ ᠨᠠᠮ᠎ᠤᠨ ᠲᠡᠦᠬᠡᠨ ᠳᠡᠭᠡᠷᠡᠬᠢ ᠭᠤᠷᠪᠠᠳᠤᠭᠠᠷ ᠲᠡᠦᠬᠡ᠎ᠳᠤ ᠱᠢᠢᠳᠪᠦᠷᠢ ᠪᠣᠯᠤᠨ᠎ᠠ
ᠲᠥᠪ᠎ᠦᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠴᠢᠦᠢ ᠴᠢᠩ ᠱᠠᠨ᠂ ᠮᠠᠨ᠎ᠤ ᠨᠠᠮ ᠪᠣᠯ ᠲᠡᠦᠬᠡ᠎ᠶ᠋ᠢᠨ ᠲᠤᠷᠱᠢᠯᠭ᠎ᠠ᠎ᠶ᠋ᠢ ᠳ᠋ᠦᠩᠨᠡᠬᠦ᠌᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠳᠠᠭ ᠪᠥᠭᠡᠳ ᠲᠡᠦᠬᠡ᠎ᠶ᠋ᠢᠨ ᠲᠤᠷᠱᠢᠯᠭ᠎ᠠ᠎ᠶ᠋ᠢ ᠳ᠋ᠦᠩᠨᠡᠬᠦ᠌᠎ᠳᠡᠭᠡᠨ ᠴᠢᠳᠠᠮᠠᠭᠠᠢ ᠮᠠᠷᠺᠰ᠎ᠤᠨ ᠦᠵᠡᠯ᠎ᠦᠨ ᠲᠦᠷᠦ᠍ ᠪᠠᠷᠢᠭ᠍ᠴᠢ ᠨᠠᠮ ᠮᠥᠨ᠃ ᠴᠢᠬᠤᠯᠠ ᠲᠡᠦᠬᠡᠨ ᠴᠠᠭ ᠮᠥᠴᠡ ᠪᠠ ᠴᠢᠬᠤᠯᠠ ᠶᠡᠬᠡ ᠲᠡᠦᠬᠡᠨ ᠵᠠᠩᠭᠢᠯᠠᠭ᠎ᠠ᠎ᠶ᠋ᠢᠨ ᠦᠶ᠎ᠡ ᠪᠣᠯᠬᠤ ᠪᠦᠷᠢ ᠨᠠᠮ ᠴᠥᠮ ᠲᠡᠦᠬᠡ᠎ᠪᠡᠨ ᠡᠷᠭᠢᠴᠡᠭᠦᠯᠵᠦ᠍᠂ ᠲᠤᠷᠱᠢᠯᠭ᠎ᠠ᠎ᠪᠠᠨ ᠳ᠋ᠦᠩᠨᠡᠨ᠂ ᠲᠡᠦᠬᠡ᠎ᠶ᠋ᠢᠨ ᠳᠤᠮᠳᠠ᠎ᠡᠴᠡ ᠦᠷᠭᠦᠯᠵᠢᠯᠡᠨ ᠤᠷᠤᠭ᠍ᠰᠢᠯᠠᠬᠤ ᠤᠶᠤᠨ ᠤᠬᠠᠭᠠᠨ ᠪᠠ ᠬᠦᠴᠦᠨ ᠴᠢᠳᠠᠯ᠎ᠢ ᠱᠢᠩᠭᠡᠭᠡᠨ ᠠᠪᠳᠠᠭ ᠭᠡᠵᠦ ᠢᠯᠡᠳᠭᠡᠪᠡ᠃
《ᠮᠠᠨ᠎ᠤ ᠨᠠᠮ᠎ᠤᠨ ᠵᠠᠭᠤᠨ ᠵᠢᠯ᠎ᠦᠨ ᠲᠡᠦᠬᠡᠨ ᠳᠡᠭᠡᠷ᠎ᠡ᠂ ᠤᠷᠢᠳ ᠬᠣᠵᠢᠳ 1945 ᠣᠨᠳ᠋ᠦ 〈ᠲᠡᠦᠬᠡᠨ ᠠᠰᠠᠭᠤᠳᠠᠯ᠎ᠤᠳ᠎ᠤᠨ ᠲᠤᠬᠠᠢ ᠱᠢᠢᠳᠪᠦᠷᠢ〉 ᠶ᠋ᠢ ᠲᠣᠭ᠍ᠲᠠᠭᠠᠵᠤ᠂ 1981ᠣᠨ᠎ᠳᠤ 〈ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠱᠢᠬᠢ ᠨᠠᠮ᠎ᠤᠨ ᠲᠡᠦᠬᠡᠨ ᠠᠰᠠᠭᠤᠳᠠᠯ᠎ᠤᠳ᠎ᠤᠨ ᠲᠤᠬᠠᠢ ᠱᠢᠢᠳᠪᠦᠷᠢ〉᠎ᠶ᠋ᠢ ᠲᠣᠭ᠍ᠲᠠᠭᠠᠭ᠍ᠰᠠᠨ ᠶᠤᠮ᠂ ᠡᠨᠡ ᠬᠣᠶᠠᠷ ᠱᠢᠢᠳᠪᠦᠷᠢ ᠨᠢ ᠴᠥᠮ ᠮᠠᠨ᠎ᠤ ᠨᠠᠮ᠎ᠤᠨ ᠲᠡᠦᠬᠡᠨ ᠳᠡᠭᠡᠷ᠎ᠡ ᠨᠠᠮ᠎ᠤᠨ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠪᠠ ᠬᠦᠳᠦᠯᠦᠠ ᠳᠠᠭᠠᠭᠤᠯᠬᠤ᠎ᠳᠤ ᠴᠢᠬᠤᠯᠠ ᠦᠢᠯᠡᠳᠦᠯ ᠦᠵᠡᠭᠦᠯᠪᠡ》᠃ ᠴᠢᠦᠶ ᠴᠢᠩ ᠱᠠᠨ᠂ ᠡᠨᠡ ᠤᠳᠠᠭᠠᠨ᠎ᠤ ᠪᠥᠬᠥᠳᠡ ᠬᠤᠷᠠᠯ ᠡᠴᠡ ᠪᠠᠲᠤᠯᠠᠭ᠍ᠰᠠᠨ《ᠱᠢᠶ᠋ᠳᠪᠦᠷᠢ》 ᠪᠣᠯ ᠨᠠᠮ᠎ᠤᠨ ᠲᠡᠦᠬᠡᠨ ᠳᠡᠭᠡᠷᠡᠬᠢ ᠭᠤᠷᠪᠠᠳᠤᠭᠠᠷ ᠲᠡᠦᠬᠡ᠎ᠳᠤ ᠱᠢᠶ᠋ᠳᠪᠦᠷᠢ ᠮᠥᠨ᠂ ᠨᠠᠮ᠎ᠤᠨ ᠭᠠᠷᠭᠠᠭ᠍ᠰᠠᠨ ᠲᠦᠷᠦᠭᠦᠦ ᠬᠣᠶᠠᠷ ᠲᠡᠦᠬᠡ᠎ᠳᠤ ᠱᠢᠶ᠋ᠳᠪᠦᠷᠢ᠎ᠲᠡᠶ ᠠᠳᠠᠯᠢ᠎ᠪᠠᠷ᠂ ᠪᠥᠬᠥ᠌ ᠨᠠᠮ᠎ᠢᠶᠠᠷ᠎ᠢᠶᠠᠨ ᠦᠵᠡᠯ ᠰᠠᠨᠠᠭ᠎ᠠ᠎ᠪᠠᠨ ᠨᠢᠭᠡᠳᠭᠡᠬᠦ᠌᠂ ᠵᠣᠷᠢᠭ ᠰᠠᠨᠠᠭ᠎ᠠ᠎ᠪᠠᠨ ᠨᠢᠭᠡᠳᠭᠡᠬᠦ᠌᠂ ᠦᠶ᠋ᠯᠡ ᠠᠵᠢᠯᠯᠠᠭ᠎ᠠ᠎ᠪᠠᠨ ᠨᠢᠭᠡᠳᠭᠡᠬᠦ᠌᠂ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠲᠡᠦᠬᠡ᠎ᠪᠡᠷ ᠲᠣᠯᠢ ᠪᠣᠯᠭᠠᠵᠤ᠂ ᠢᠷᠡᠭᠡᠳᠦᠶ᠎ᠶ᠋ᠢ ᠨᠡᠭᠡᠭᠡᠵᠦ᠂ ᠱᠢᠷᠭᠠᠭᠤ ᠬᠠᠲᠠᠭᠤᠵᠢᠯᠲᠠᠶ ᠠᠵᠢᠯᠯᠠᠵᠤ᠂ ᠡᠷᠡᠯᠬᠡᠭ ᠪᠠᠭᠠᠲᠤᠷᠯᠢᠭ᠎ᠢᠶᠠᠷ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠴᠢᠬᠤᠯᠠ ᠶᠡᠬᠡ ᠪᠥᠭᠡᠳ ᠠᠯᠤᠰ ᠬᠡᠲᠦ᠍᠎ᠶ᠋ᠢᠨ ᠠᠴᠢ ᠬᠣᠯᠪᠣᠭ᠍ᠳᠠᠯ᠎ᠲᠠᠶ ᠪᠤᠯᠬᠤ ᠨᠢ ᠯᠠᠪᠲᠠᠢ ᠶᠤᠮ ᠭᠡᠵᠦ ᠢᠯᠡᠳᠭᠡᠪᠡ᠃
ᠴᠢᠦᠶ ᠴᠢᠩ ᠱᠠᠨᠦ ᠦᠵᠡᠬᠦ ᠪᠠᠷ᠂ 《ᠱᠢᠶ᠋ᠳᠪᠦᠷᠢ》 ᠶ᠋ᠢᠨ ᠦᠨᠡᠯᠡᠯᠲᠡ ᠪᠠ ᠪᠠᠢᠷᠢ ᠲᠣᠭ᠍ᠲᠠᠭᠠᠯᠲᠠ᠎ᠶ᠋ᠢ ᠭᠤᠷᠪᠠᠨ ᠦᠭᠡ᠎ᠪᠡᠷ ᠬᠤᠷᠢᠶᠠᠩᠭᠤᠢᠯᠠᠵᠤ ᠪᠣᠯᠤᠨ᠎ᠠ᠄《ᠱᠢᠶ᠋ᠳᠪᠦᠷᠢ》 ᠪᠣᠯ ᠮᠠᠷᠺᠰᠤᠨᠦᠵᠡᠯᠦᠨᠬᠥᠲᠥᠯᠪᠦᠷᠢᠶ᠋ᠢᠨ ᠴᠢᠨᠠᠷᠲᠠᠶ ᠲᠤᠯᠭᠤᠷ ᠪᠢᠴᠢᠭ ᠮᠥᠨ; 《ᠱᠢᠶ᠋ᠳᠪᠦᠷᠢ》 ᠪᠣᠯ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠤᠯᠤᠰ ᠲᠥᠷᠥ᠎ᠶ᠋ᠢᠨ ᠲᠤᠩᠬᠠᠭ ᠮᠥᠨ; 《ᠱᠢᠶ᠋ᠳᠪᠦᠷᠢ》 ᠪᠣᠯ ᠲᠡᠦᠬᠡ᠎ᠪᠡᠷ ᠲᠣᠯᠢ ᠪᠣᠯᠭᠠᠵᠤ᠂ ᠢᠷᠡᠭᠡᠳᠦᠶ᠎ᠶ᠋ᠢ ᠨᠡᠭᠡᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠠᠵᠢᠯᠯᠠᠭᠠᠨ᠎ᠤ ᠵᠦᠭ᠌ᠯᠡᠭᠦᠷ ᠮᠥᠨ᠃
ᠲᠡᠷᠡ ᠪᠠᠷ 《ᠱᠢᠶ᠋ᠳᠪᠦᠷᠢ》 ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠨᠢ ᠭᠤᠷᠪᠠᠨ ᠲᠠᠯ᠎ᠠ᠎ᠪᠠᠷ ᠢᠯᠡᠷᠡᠵᠦ᠍ ᠪᠠᠢᠨ᠎ᠠ ᠬᠡᠵᠦ ᠢᠯᠡᠳᠭᠡᠪᠡ᠄
ᠨᠢᠭᠡ᠎ᠳᠦ᠂ ᠮᠠᠨ᠎ᠤ ᠨᠠᠮ᠎ᠤᠨ ᠵᠠᠭᠤᠨ ᠵᠢᠯ᠎ᠦᠨ ᠲᠤᠷᠱᠢᠬᠢ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠢᠯᠠᠯᠲᠠ ᠵᠢᠨ ᠡᠷᠴᠢᠮ ᠳᠡᠭᠡᠷ᠎ᠡ ᠲᠠᠬᠢᠨ ᠤᠷᠤᠭ᠍ᠰᠢᠯᠠᠭ᠍ᠰᠠᠨ ᠠᠭᠤᠤ ᠶᠡᠬᠡ ᠲᠡᠦᠬᠡᠨ ᠶᠠᠪᠤᠴᠠ᠎ᠶ᠋ᠢ ᠭᠦᠨᠵᠡᠭᠡᠢ ᠳ᠋ᠦᠩᠨᠡᠵᠦ᠍᠂ ᠬᠤᠪᠢᠰᠭᠠᠯᠲᠤ ᠵᠠᠰᠠᠭ᠎ᠤᠨ ᠡᠷᠬᠡ ᠬᠢᠯᠪᠠᠷ ᠪᠤᠰᠤ᠎ᠪᠠᠷ ᠢᠷᠡᠭ᠌ᠰᠡᠨ᠂ ᠱᠢᠨ᠎ᠡ ᠳᠤᠮᠳᠠᠳᠤ ᠤᠯᠤᠰ ᠬᠢᠯᠪᠠᠷ ᠪᠤᠰᠤ᠎ᠪᠠᠷ ᠢᠷᠡᠭ᠌ᠰᠡᠨ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠬᠢᠯᠪᠠᠷ ᠪᠤᠰᠤ᠎ᠪᠠᠷ ᠢᠷᠡᠭ᠌ᠰᠡᠨ ᠭᠡᠳᠡᠭ᠎ᠢ ᠪᠦᠬᠦ᠌ ᠨᠠᠮ᠎ᠳᠤ ᠬᠥᠮᠦᠵᠢᠭᠦᠯᠦᠨ ᠵᠢᠯᠤᠭᠤᠳᠴᠤ ᠭᠦᠨᠵᠡᠭᠡᠢ ᠲᠠᠨᠢᠭᠤᠯᠵᠤ᠂ ᠪᠢᠳᠡᠨ᠎ᠦ ᠦᠷᠭᠦᠯᠵᠢᠯᠡᠨ ᠤᠷᠤᠭ᠍ᠰᠢᠯᠠᠬᠤ ᠰᠥᠰᠥ᠍ ᠵᠣᠷᠢᠭ ᠪᠣᠯᠤᠨ ᠬᠦᠴᠦᠨ ᠴᠢᠳᠠᠯ᠎ᠢ ᠴᠢᠩᠭᠠᠷᠠᠭᠤᠯᠪᠠ ;
ᠬᠣᠶᠠᠷ᠎ᠲᠤ᠂ ᠮᠠᠨ᠎ᠤ ᠨᠠᠮ᠎ᠤᠨ ᠵᠠᠭᠤᠨ ᠵᠢᠯ᠎ᠦᠨ ᠲᠤᠷᠱᠢᠬᠢ ᠪᠠᠭ᠎ᠠ ᠡᠴᠡ ᠶᠡᠬᠡ ᠪᠤᠯᠵᠦ᠍᠂ ᠪᠠᠭᠤᠷᠠᠢ ᠡᠴᠡ ᠬᠦᠴᠦᠷᠬᠡᠭ ᠪᠤᠯᠵᠦ᠍ ᠪᠣᠢᠵᠢᠭ᠍ᠰᠠᠨ ᠥᠩᠭᠡᠷᠡᠯᠲᠡ᠎ᠶ᠋ᠢ ᠭᠦᠨᠵᠡᠭᠡᠢ ᠳ᠋ᠦᠩᠨᠡᠵᠦ᠍᠂ ᠨᠠᠮ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ᠎ᠶ᠋ᠢᠨ ᠴᠢᠬᠤᠯᠠ ᠴᠢᠨᠠᠷ᠎ᠢ ᠪᠦᠬᠦ᠌ ᠨᠠᠮᠳ᠋ᠤ ᠬᠥᠮᠦᠵᠢᠭᠦᠯᠦᠨ ᠵᠢᠯᠣᠭᠣᠳᠴᠤ ᠭᠦᠨᠵᠡᠭᠡᠢ ᠲᠠᠨᠢᠭᠤᠯᠵᠤ᠂ ᠪᠦᠬᠦ᠌ ᠨᠠᠮ᠎ᠤᠨ ᠪᠦᠯᠬᠦᠮᠳᠡᠯ ᠨᠢᠭᠡᠳᠦᠯ᠎ᠢ ᠴᠢᠩᠭᠠᠳᠭᠠᠬᠤ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ᠎ᠢ ᠴᠢᠩᠭᠠᠳᠭᠠᠪᠠ ;
ᠭᠤᠷᠪᠠ᠎ᠳᠤ᠂ ᠮᠠᠨ᠎ᠤ ᠨᠠᠮ᠎ᠤᠨ ᠵᠠᠭᠤᠨ ᠵᠢᠯ᠎ᠦᠨ ᠲᠤᠷᠱᠢᠬᠢ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠵᠤ᠂ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠠᠬᠢᠭᠤᠯᠤᠭ᠍ᠰᠠᠨ ᠠᠭᠤᠤ ᠶᠡᠬᠡ ᠦᠢᠯᠡᠳᠦᠯᠭᠡ᠎ᠶ᠋ᠢ ᠭᠦᠨᠵᠡᠭᠡᠢ ᠳ᠋ᠦᠩᠨᠡᠵᠦ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢᠨ ᠴᠢᠬᠤᠯᠠ ᠴᠢᠨᠠᠷ ᠪᠣᠯᠤᠨ ᠵᠠᠢᠯᠠᠰᠢ ᠦᠭᠡᠢ ᠴᠢᠨᠠᠷ᠎ᠢ ᠪᠦᠬᠦ᠌ ᠨᠠᠮ ᠳ᠋ᠤ ᠬᠥᠮᠦᠵᠢᠭᠦᠯᠦᠨ ᠵᠢᠯᠣᠭᠣᠳᠴᠤ ᠭᠦᠨᠵᠡᠭᠡᠢ ᠲᠠᠨᠢᠭᠤᠯᠵᠤ᠂ ᠮᠠᠨ᠎ᠤ ᠨᠠᠮ᠎ᠤᠨ ᠢᠮᠠᠭ᠍ᠲᠠ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠭᠤ ᠭᠣᠣᠯᠯᠠᠭ᠍ᠴᠢ ᠪᠣᠯᠬᠤ᠎ᠶ᠋ᠢ ᠪᠠᠲᠤᠯᠠᠵᠠᠢ᠃
《ᠠᠷᠪᠠᠨ ᠪᠠᠷᠢᠮᠲᠠᠯᠠᠯ》 ᠵᠢᠡᠷ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠲᠤᠷᠱᠢᠯᠭ᠎ᠠ᠎ᠶ᠋ᠢ ᠳ᠋ᠦᠩᠨᠡᠪᠡ
《ᠱᠢᠶ᠋ᠳᠪᠦᠷᠢ》 ᠨᠢ 《 ᠠᠷᠪᠠᠨ ᠪᠠᠷᠢᠮᠳᠠᠯᠠᠯ》 ᠵᠢᠡᠷ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠡᠷᠬᠢᠮ ᠨᠠᠨᠳᠢᠨ ᠲᠡᠦᠬᠡᠨ ᠲᠤᠷᠱᠢᠯᠭ᠎ᠠ᠎ᠶ᠋ᠢ ᠳ᠋ᠦᠩᠨᠡᠪᠡ᠂ ᠲᠤᠬᠠᠢᠯᠠᠪᠠᠯ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠬᠤ᠂ ᠣᠨᠣᠯ᠎ᠤᠨ ᠱᠢᠨ᠎ᠡ ᠡᠭᠦᠳᠦᠯᠲᠡ᠎ᠶ᠋ᠢ ᠪᠠᠷᠢᠮᠲᠠᠯᠠᠬᠤ᠂ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌᠎ᠶ᠋ᠢ ᠪᠠᠷᠢᠮᠲᠠᠯᠠᠬᠤ᠂ ᠳᠤᠮᠳᠠᠳᠤ ᠤᠯᠤᠰ᠎ᠤᠨ ᠵᠠᠮ᠎ᠢ ᠪᠠᠷᠢᠮᠲᠠᠯᠠᠬᠤ᠂ ᠬᠡᠬᠦᠳᠡᠭ ᠴᠡᠭᠡᠵᠢᠨ᠎ᠳᠡᠭᠡᠨ ᠳᠡᠯᠡᠬᠡᠶ ᠳ᠋ᠠᠬᠢᠨ᠎ᠢ ᠪᠤᠳᠤᠯᠬᠢᠯᠠᠬᠤ᠎ᠶ᠋ᠢ ᠪᠠᠷᠢᠮᠲᠠᠯᠠᠬᠤ᠂ ᠵᠠᠮ ᠨᠡᠭᠡᠭᠡᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠬᠤ᠂ ᠵᠣᠷᠢᠭ᠍ᠲᠠᠶ᠎ᠪᠠᠷ ᠲᠡᠮᠡᠴᠡᠬᠦ᠌᠎ᠶ᠋ᠢ ᠪᠠᠷᠢᠮᠲᠠᠯᠠᠬᠤ᠂ ᠨᠢᠭᠡᠳᠦᠮᠡᠯ ᠹᠷᠣᠨᠲ᠎ᠢ ᠪᠠᠷᠢᠮᠲᠠᠯᠠᠬᠤ᠂ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠪᠠᠷᠢᠮᠲᠠᠯᠠᠬᠤ ᠵᠡᠷᠭᠡ ᠪᠤᠯᠤᠨ᠎ᠠ᠃
ᠴᠢᠦᠶ ᠴᠢᠩ ᠱᠠᠨ᠂ ᠡᠨᠡ 《ᠠᠷᠪᠠᠨ ᠪᠠᠷᠢᠮᠲᠠᠯᠠᠯ》 ᠪᠣᠯ ᠱᠢᠰᠲ᠋ᠧᠮ᠎ᠲᠡᠶ ᠪᠥᠭᠡᠳ ᠪᠦᠷᠢᠨ ᠪᠦᠲᠦᠨ᠂ ᠬᠠᠷᠢᠯᠴᠠᠨ ᠨᠡᠪᠲᠡᠷᠡᠯᠴᠡᠭ᠌ᠰᠡᠨ ᠨᠢᠭᠡᠳᠦᠮᠡᠯ ᠴᠣᠭ᠍ᠴᠠ ᠮᠥᠨ᠂ ᠲᠡᠷᠡ ᠨᠢ ᠨᠠᠮ ᠪᠠ ᠠᠷᠠᠳ ᠲᠦᠮᠡᠨ᠎ᠦ ᠦᠶ᠋ᠯᠡᠰ᠎ᠦᠨ ᠲᠠᠰᠤᠷᠠᠯᠲᠠ ᠥᠬᠡᠶ ᠠᠮᠵᠢᠯᠲᠠ ᠪᠦᠳᠦᠮᠵᠢ ᠤᠯᠬᠤ ᠦᠨᠳᠦᠰᠦᠨ ᠪᠠᠲᠤᠯᠠᠭ᠎ᠠ᠎ᠶ᠋ᠢ ᠭᠦᠨᠵᠡᠭᠡᠶ ᠢᠯᠡᠷᠡᠭᠦᠯᠵᠦ᠍᠂ ᠨᠠᠮ᠎ᠤᠨ ᠢᠮᠠᠭ᠍ᠲᠠ ᠢᠯᠠᠭ᠍ᠳᠠᠰᠢ ᠥᠬᠡᠶ ᠪᠠᠢᠷᠢᠨ᠎ᠳᠤ ᠪᠠᠢᠬᠤ ᠬᠦᠴᠦᠨ ᠴᠢᠳᠠᠯ᠎ᠤᠨ ᠡᠬᠢ ᠪᠤᠯᠠᠭ᠎ᠢ ᠢᠯᠡᠷᠡᠭᠦᠯᠵᠦ᠍᠂ ᠨᠠᠮ᠎ᠤᠨ ᠢᠮᠠᠭ᠍ᠲᠠ ᠲᠡᠦᠬᠡ᠎ᠶ᠋ᠢᠨ ᠰᠠᠨᠠᠭᠠᠴᠢᠯᠠᠭᠠᠲᠤ ᠪᠠᠢᠷᠢ᠎ᠶ᠋ᠢ ᠡᠵᠡᠮᠳᠡᠬᠦ ᠦᠨᠳᠦᠰᠦᠨ ᠱᠢᠯᠲᠠᠭᠠᠨ᠎ᠢ ᠢᠯᠡᠷᠡᠭᠦᠯᠵᠦ᠍᠂ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢᠶᠠᠨ ᠡᠭᠦᠷᠢᠳᠡ ᠬᠠᠳᠠᠭᠠᠯᠠᠵᠤ ᠂ ᠢᠮᠠᠭ᠍ᠲᠠ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠦ ᠶᠠᠪᠤᠬᠤ ᠦᠨᠳᠦᠰᠦᠨ ᠠᠷᠭ᠎ᠠ ᠵᠠᠮ᠎ᠢ ᠢᠯᠡᠷᠡᠭᠦᠯᠵᠠᠢ ᠭᠡᠵᠤ ᠢᠯᠡᠳᠬᠡᠪᠡ᠃
《ᠡᠳᠡᠬᠡᠷ ᠲᠤᠷᠱᠢᠯᠭ᠎ᠠ᠎ᠳᠤ ᠠᠮᠵᠢᠯᠲᠠ ᠪᠠ ᠢᠯᠠᠭ᠍ᠳᠠᠯ ᠠᠭᠤᠯᠤᠭ᠍ᠳᠠᠵᠤ᠂ ᠠᠷᠢᠭᠤᠨ ᠴᠢᠰᠤ ᠪᠠ ᠬᠦᠴᠦ᠍ ᠬᠥᠯᠥᠰᠥ᠍ ᠱᠢᠩᠭᠡᠵᠦ᠍᠂ ᠤᠶᠤᠨ ᠤᠬᠠᠭᠠᠨ ᠪᠠ ᠡᠷᠡᠯᠬᠡᠭ ᠵᠣᠷᠢᠭ᠎ᠢᠶᠠᠷ ᠪᠢᠯᠬᠠᠵᠤ ᠪᠠᠢᠨ᠎ᠠ᠂ ᠡᠨᠡ ᠪᠤᠯ ᠲᠡᠦᠬᠡ᠎ᠶ᠋ᠢᠨ ᠬᠥᠭ᠌ᠵᠢᠯᠲᠡ᠎ᠶ᠋ᠢᠨ ᠦᠷ᠎ᠡ ᠳ᠋ᠦᠩ᠂ ᠲᠡᠦᠬᠡ᠎ᠶ᠋ᠢᠨ ᠦᠢᠯᠡᠳᠦᠯᠭᠡ᠎ᠶ᠋ᠢᠨ ᠦᠷ᠎ᠡ ᠪᠦᠲᠦᠭᠡᠯ᠂ ᠲᠡᠦᠬᠡ᠎ᠶ᠋ᠢᠨ ᠲᠡᠮᠡᠴᠡᠯ᠎ᠦᠨ ᠤᠬᠢ ᠲᠠᠯᠠᠰᠳᠦ᠂ ᠲᠡᠦᠬᠡ᠎ᠶ᠋ᠢᠨ ᠵᠢᠮ᠎ᠡ ᠶᠣᠰᠣᠨ᠎ᠤ ᠵᠠᠷᠯᠠᠯ ᠪᠣᠯᠤᠨ᠎ᠠ》 ᠭᠡᠵᠦ᠍ ᠴᠢᠦᠶ ᠴᠢᠩ ᠱᠠᠨ ᠬᠡᠯᠡᠪᠡ᠃
ᠰᠣᠶᠣᠯ᠎ᠤᠨ ᠪᠠᠢᠭᠤᠯᠤᠯᠲᠠ ᠴᠢᠬᠤᠯᠠ ᠶᠡᠬᠡ ᠲᠡᠦᠬᠡᠲᠦ ᠴᠢᠨᠠᠷᠲᠠᠢ ᠠᠮᠵᠢᠯᠲᠠ ᠤᠯᠪᠠ
ᠪᠥᠬᠥᠳᠡᠬᠤᠷᠠᠯᠤᠨᠠᠯᠪᠠᠨᠮᠡᠳᠡᠭᠡᠳᠦ᠂ᠰᠣᠶᠣᠯᠤᠨᠪᠠᠢᠭᠤᠯᠤᠯᠲᠠᠶ᠋ᠢᠨ ᠲᠠᠯ᠎ᠠ᠎ᠪᠠᠷ᠂ ᠮᠠᠨ᠎ᠤ ᠤᠯᠤᠰ᠎ᠤᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠡᠬᠢ ᠪᠠᠢᠳᠠᠯ᠎ᠳᠤ ᠪᠥᠬᠥ᠌ ᠲᠠᠯ᠎ᠠ᠎ᠶ᠋ᠢᠨ ᠴᠢᠨᠠᠷᠲᠠᠶ᠂ ᠦᠨᠳᠦᠰᠦᠨ ᠴᠢᠨᠠᠷᠲᠠᠶ ᠬᠤᠪᠢᠷᠠᠯᠲᠠ ᠭᠠᠷᠴᠤ᠌᠂ ᠪᠥᠬᠥ᠌ ᠨᠠᠮ ᠪᠥᠬᠥ᠌ ᠤᠯᠤᠰ᠎ᠤᠨ ᠦᠨᠳᠦᠰᠦᠲᠡᠨ ᠨᠤᠭᠦᠳ᠎ᠦᠨ ᠠᠷᠠᠳ ᠲᠦᠮᠡᠨ᠎ᠦ ᠰᠣᠶᠣᠯ᠎ᠤᠨ ᠢᠲᠡᠭᠡᠯ ᠢᠯᠡᠳᠲᠡ ᠴᠢᠩᠭᠠᠷᠠᠵᠤ᠂ ᠪᠥᠬᠥ᠌ ᠨᠡᠢᠭᠡᠮ᠎ᠦᠨ ᠨᠢᠭ᠍ᠲᠠᠷᠠᠯ᠎ᠤᠨ ᠬᠦᠴᠦᠨ ᠪᠠ ᠲᠥᠪᠯᠡᠩᠭᠦᠢ ᠬᠦᠴᠦᠨ ᠲᠤᠢᠯ᠎ᠤᠨ ᠶᠡᠬᠡᠪᠡᠷ ᠳᠡᠭᠡᠭ᠌ᠰᠢᠯᠡᠵᠦ᠍᠂ ᠱᠢᠨ᠎ᠡ ᠴᠠᠭ ᠦᠶ᠎ᠡ᠎ᠳᠦ ᠨᠠᠮ ᠪᠠ ᠤᠯᠤᠰ᠎ᠤᠨ ᠠᠵᠢᠯ ᠦᠶ᠋ᠯᠡᠰ᠎ᠦᠨ ᠱᠢᠨ᠎ᠡ ᠪᠠᠢᠳᠠᠯ᠎ᠢ ᠡᠭᠦᠳᠦᠨ ᠨᠡᠭᠡᠭᠡᠬᠦ᠌᠎ᠳᠦ ᠪᠠᠲᠤ ᠴᠢᠩᠭ᠎ᠠ ᠦᠵᠡᠯ ᠰᠠᠨᠠᠭᠠᠨ᠎ᠤ ᠪᠠᠲᠤᠯᠠᠭ᠎ᠠ ᠪᠠ ᠬᠦᠴᠦᠷᠬᠡᠭ ᠶᠡᠬᠡ ᠣᠶᠤᠨ ᠰᠠᠨᠠᠭᠠᠨ᠎ᠤ ᠬᠦᠴᠦᠨ ᠴᠢᠳᠠᠯ ᠬᠠᠩᠭᠠᠵᠠᠢ ᠬᠡᠵᠥ ᠵᠢᠭᠠᠵᠥ ᠭᠠᠷᠭᠠᠪᠠ᠃
ᠸᠠᠩ ᠱᠢᠶᠤᠤ ᠬᠤᠢ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠬᠤ᠎ᠳᠠᠭᠠᠨ᠂ ᠰᠣᠶᠣᠯ ᠪᠣᠯ ᠨᠢᠭᠡ ᠤᠯᠤᠰ᠂ ᠨᠢᠭᠡ ᠦᠨᠳᠦᠰᠦᠲᠡᠨ᠎ᠦ ᠰᠦᠭ ᠰᠦᠨᠡᠰᠦ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠵᠢᠨ ᠫᠢᠩ ᠨᠥᠬᠥᠷ᠎ᠢᠶᠡᠷ ᠭᠣᠣᠯ ᠪᠤᠯᠭᠠᠬᠰᠡᠨ ᠨᠠᠮ᠎ᠤᠨ ᠲᠥᠪ ᠬᠣᠷᠢᠶ᠎ᠠ ᠰᠣᠶᠣᠯ᠎ᠤᠨ ᠪᠠᠢᠭᠤᠯᠤᠯᠲᠠ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠢᠯᠠᠩᠭᠤᠶ᠎ᠠ ᠰᠣᠶᠣᠯ᠎ᠤᠨ ᠢᠲᠡᠭᠡᠯ ᠪᠠ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠢᠭᠤᠯᠤᠯ᠎ᠤᠨ ᠢᠲᠡᠭᠡᠯ᠎ᠢ ᠵᠡᠷᠭᠡ᠎ᠪᠡᠷ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ 《ᠲᠦᠷᠪᠡᠨ ᠢᠲᠡᠭᠡᠯ》 ᠪᠣᠯᠭᠠᠵᠤ᠂ ᠨᠡᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠤᠨ ᠬᠠᠷᠠᠯᠲᠠ᠎ᠲᠠᠶ ᠨᠢᠭ᠍ᠲᠠ ᠤᠶᠠᠯᠳᠤᠭᠤᠯᠤᠨ᠂ ᠲᠤᠭ᠎ᠢ ᠮᠠᠨᠳᠤᠭᠤᠯᠬᠤ᠂ ᠠᠷᠠᠳ᠎ᠤᠨ ᠰᠡᠳᠭᠢᠯ᠎ᠢ ᠨᠢᠭ᠍ᠲᠠᠷᠠᠭᠤᠯᠬᠤ᠂ ᠱᠢᠨ᠎ᠡ ᠬᠥᠮᠦᠨ᠎ᠢ ᠬᠥᠮᠦᠵᠢᠭᠦᠯᠬᠦ᠌᠂ ᠰᠣᠶᠣᠯ᠎ᠢ ᠮᠠᠨᠳᠤᠭᠤᠯᠬᠤ᠂ ᠲᠦᠷᠢ ᠲᠥᠷᠬᠦ᠌᠎ᠶ᠋ᠢ ᠢᠯᠡᠷᠡᠭᠦᠯᠬᠦ᠌ ᠡᠭᠦᠷᠭᠡ ᠬᠠᠷᠢᠭᠤᠴᠠᠯᠭ᠎ᠠ᠎ᠶ᠋ᠢᠨ ᠲᠣᠭᠣᠷᠢᠨ᠎ᠳᠤ᠂ ᠰᠣᠶᠣᠯ᠎ᠤᠨ ᠪᠠᠢᠭᠤᠯᠤᠯᠲᠠ᠎ᠶ᠋ᠢ ᠠᠬᠢᠭᠤᠯᠵᠤ ᠴᠢᠬᠤᠯᠠ ᠶᠡᠬᠡ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠤᠭ᠍ᠰᠠᠨ ᠨᠢ ᠭᠣᠣᠯᠳᠠᠭᠤ ᠲᠠᠪᠤᠨ ᠲᠠᠯ᠎ᠠ᠎ᠳᠤ ᠢᠯᠡᠷᠡᠵᠦ᠍ ᠪᠠᠢᠨ᠎ᠠ ᠬᠡᠵᠦ ᠢᠯᠡᠳᠭᠡᠪᠡ᠄
ᠨᠢᠭᠡ᠎ᠳᠦ᠂ ᠰᠢ᠎ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠬᠦᠮᠦᠨᠤᠰᠡᠳᠬᠢᠯᠳ᠋ᠦ ᠬᠠᠳᠠᠩᠰᠢᠪᠠ; ᠬᠣᠶᠠᠷ᠎ᠲᠤ᠂ ᠭᠣᠣᠯ ᠤᠷᠤᠰᠭᠠᠯ᠎ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠦᠷᠭᠦᠯᠵᠢᠯᠡᠨ ᠪᠡᠬᠢᠵᠢᠨ ᠪᠤᠵᠠᠭᠠᠢᠷᠠᠪᠠ; ᠭᠤᠷᠪᠠ᠎ᠳᠤ᠂ ᠨᠡᠢᠭᠡᠮ ᠵᠢᠷᠤᠮ᠎ᠤᠨ ᠭᠣᠣᠯᠯᠠᠬᠴᠢ ᠦᠷᠳᠡᠭ᠎ᠦᠨ ᠦᠵᠡᠯᠲᠡ᠎ᠶ᠋ᠢ ᠥᠷᠭᠡᠨ᠎ᠢᠶᠡᠷ ᠪᠠᠳᠠᠷᠠᠭᠤᠯᠪᠠ; ᠳᠥᠷᠪᠡ᠎ᠳᠦ᠂ ᠠᠷᠠᠳ ᠣᠯᠠᠨ᠎ᠤ ᠰᠣᠶᠣᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠩ ᠰᠠᠢᠨ ᠬᠠᠩᠭᠠᠪᠠ; ᠲᠠᠪᠤ᠎ᠳᠤ᠂ ᠢᠲᠡᠭᠡᠭᠦᠱᠢᠲᠡᠶ ᠬᠥᠭᠡᠷᠦᠬᠦᠨ ᠬᠦᠨᠳᠦᠳᠭᠡᠬᠦᠰᠢᠳᠠᠢ ᠳᠤᠮᠳᠠᠳᠤ ᠤᠯᠤᠰ᠎ᠤᠨ ᠳᠦᠷᠢ ᠲᠥᠷᠬᠦ᠌ ᠨᠠᠩ ᠬᠤᠷᠴᠠ ᠲᠣᠳᠣ ᠪᠣᠯᠵᠠᠢ᠃
ᠮᠠᠨᠤᠤᠯᠤᠰᠤᠨᠪᠦᠬᠦ᠌ᠶᠠᠪᠤᠴᠠᠵᠢᠨᠠᠷᠠᠳᠤᠨᠠᠷᠠᠳᠴᠢᠯᠠᠯᠨᠢ 《ᠠᠷᠠᠳᠴᠢᠯᠠᠯ᠎ᠤᠨ ᠠᠭᠤᠯᠤᠭ᠍ᠳᠠᠴᠠ᠎ᠪᠠᠷ ᠥᠨᠳᠥᠷ᠂ ᠠᠷᠠᠳᠴᠢᠯᠠᠯ᠎ᠤᠨ ᠥᠩᠭᠡ ᠪᠤᠳᠤᠭ᠎ᠢᠶᠠᠷ ᠪᠠᠶᠠᠯᠢᠭ》
ᠵᠢᠶᠠᠩ ᠵᠢᠨ ᠴᠢᠤᠸᠠᠨ᠂ ᠮᠠᠨ᠎ᠤ ᠨᠠᠮ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠤᠯᠤᠯᠳᠠ ᠠᠯᠳᠠᠬᠳᠠᠯ ᠳᠤᠮᠳᠠ ᠡᠴᠡ ᠳᠤᠮᠳᠠᠳᠤ ᠤᠯᠤᠰ᠎ᠤᠨ ᠤᠯᠤᠰ ᠲᠦᠷᠦ᠍᠎ᠶ᠋ᠢᠨ ᠪᠣᠯᠪᠠᠰᠤᠨ ᠪᠣᠯᠤᠨ ᠤᠯᠤᠰ ᠲᠦᠷᠦ᠍᠎ᠶ᠋ᠢᠨ ᠪᠠᠢᠭᠤᠯᠤᠯ ᠡᠷᠬᠡᠪᠰᠢ ᠳᠤᠮᠳᠠᠳᠤ ᠤᠯᠤᠰ᠎ᠤᠨ ᠨᠡᠢᠭᠡᠮ᠎ᠦᠨ ᠬᠥᠷᠥᠰᠥᠨ᠎ᠳᠦ ᠭᠦᠨ ᠦᠨᠳᠦᠰᠦᠯᠡᠭᠰᠡᠨ ᠪᠠᠢᠬᠤ ᠭᠡᠷᠡᠭᠲᠡᠢ᠂ ᠪᠤᠰᠤᠳ ᠤᠯᠤᠰ᠎ᠤᠨ ᠤᠯᠤᠰ ᠲᠦᠷᠦ᠍᠎ᠶ᠋ᠢᠨ ᠪᠠᠢᠭᠤᠯᠤᠯ᠎ᠢ ᠲᠡᠷᠡ ᠬᠡᠪ᠎ᠢᠶᠡᠷ ᠨᠢ ᠨᠡᠭᠦᠯᠭᠡᠨ ᠬᠡᠷᠡᠭ᠌ᠯᠡᠵᠦ᠍ ᠪᠣᠯᠬᠤ ᠦᠭᠡᠢ᠂ ᠴᠢᠨᠠᠭ᠍ᠰᠢᠯᠠᠪᠠᠯ ᠤᠯᠤᠰ᠎ᠤᠨ ᠢᠷᠡᠭᠡᠳᠦᠢ ᠬᠤᠪᠢ ᠵᠠᠶᠠᠭ᠎ᠠ᠎ᠶ᠋ᠢ ᠦᠭᠡᠢ ᠬᠢᠵᠦ᠍ ᠮᠡᠳᠡᠨ᠎ᠡ ᠭᠡᠳᠡᠭ᠎ᠢ ᠭᠦᠨᠵᠡᠭᠡᠢ ᠲᠠᠨᠢᠵᠤ ᠤᠯᠵᠠᠢ ᠭᠡᠵᠤ ᠢᠯᠡᠳᠭᠡᠪᠡ᠃
《ᠠᠷᠠᠳᠴᠢᠯᠠᠯ ᠪᠣᠯ ᠵᠠᠰᠠᠯ ᠴᠢᠮᠡᠭ᠌ᠯᠡᠯ᠎ᠦᠨ ᠡᠳ᠋ ᠪᠢᠰᠢ᠂ ᠦᠵᠡᠮᠦᠷᠢ᠎ᠶ᠋ᠢᠨ ᠡᠳ᠋ ᠬᠢᠬᠦ᠌᠎ᠳᠦ ᠬᠡᠷᠡᠭ᠌ᠯᠡᠳᠡᠭ ᠪᠢᠰᠢ᠂ ᠬᠠᠷᠢᠨ ᠠᠷᠠᠳ ᠲᠦᠮᠡᠨ᠎ᠦ ᠱᠢᠢᠳᠪᠦᠷᠢᠯᠡᠬᠦ᠌ ᠴᠢᠬᠤᠯᠠᠲᠠᠢ ᠠᠰᠠᠭᠤᠳᠠᠯ᠎ᠢ ᠱᠢᠢᠳᠪᠦᠷᠢᠯᠡᠬᠦ᠌᠎ᠳᠦ ᠬᠡᠷᠡᠭ᠌ᠯᠡᠳᠡᠭ ᠶᠤᠮ》 ᠃ ᠲᠡᠷᠡ᠂ 《ᠬᠡᠷᠪᠡ ᠠᠷᠠᠳ ᠲᠦᠮᠡᠨ ᠪᠢᠯᠧᠲ ᠥᠭ᠌ᠬᠦ ᠦᠶ᠎ᠡ᠎ᠳᠦ ᠯᠡ ᠳᠠᠭᠤᠳᠠᠭ᠍ᠳᠠᠨ ᠰᠡᠷᠢᠵᠤ᠂ ᠪᠢᠯᠧᠲ ᠥᠭ᠌ᠭᠦᠭ᠌ᠰᠡᠨᠦ ᠳᠠᠷᠠᠭ᠎ᠠ ᠳᠠᠷᠤᠶ ᠭᠡᠷᠡᠭᠰᠡᠬᠦ ᠦᠭᠡᠢ ᠪᠤᠯᠵᠤ᠂ ᠰᠣᠩᠭᠣᠭᠤᠯᠢ᠎ᠳᠤ ᠥᠷᠢᠰᠥᠯᠳᠦᠬᠦ᠌ ᠦᠶ᠎ᠡ᠎ᠳᠦ ᠯᠡ ᠦᠰᠭᠡᠭᠡᠨ ᠲᠦᠰᠭᠡᠭᠡᠨ ᠲᠠᠢ ᠤᠷᠢᠶ᠎ᠠ᠎ᠶ᠋ᠢ ᠰᠣᠨᠣᠰᠴᠤ᠌᠂ ᠰᠣᠩᠭᠣᠭᠤᠯᠢ᠎ᠶ᠋ᠢᠨ ᠳᠠᠷᠠᠭ᠎ᠠ ᠥᠴᠦᠬᠡᠨ ᠴᠦ᠍ ᠦᠭᠡ ᠬᠡᠯᠡᠬᠦ᠌ ᠡᠷᠬᠡ ᠥᠬᠡᠶ᠂ ᠵᠥᠪᠬᠡᠨᠪᠢᠯᠧᠲ ᠲᠠᠲᠠᠬᠤ ᠦᠶ᠎ᠡ᠎ᠳᠦ ᠯᠡᠰᠠᠢᠱᠢᠶᠠᠯᠭᠥᠷᠳᠡᠵᠦ᠍᠂ ᠰᠣᠩᠭᠣᠭᠤᠯᠢ᠎ᠶ᠋ᠢᠨ ᠳᠠᠷᠠᠭ᠎ᠠ ᠳᠠᠷᠤᠶ ᠣᠢᠱᠢᠶᠠᠬᠤ ᠥᠬᠡᠶ ᠪᠣᠯᠳᠠᠭ᠂ ᠡᠢᠮᠦᠷᠬᠦᠤ ᠠᠷᠠᠳᠴᠢᠯᠠᠯ ᠨᠢ ᠵᠢᠩᠬᠢᠨᠢ ᠠᠷᠠᠳᠴᠢᠯᠠᠯ ᠪᠢᠰᠢ ᠶᠤᠮ》 ᠭᠡᠵᠤ ᠢᠯᠡᠳᠭᠡᠪᠡ᠃
ᠵᠢᠶᠠᠩ ᠵᠢᠨ ᠴᠢᠤᠸᠠᠨ᠂ ᠮᠠᠨ᠎ᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ ᠪᠣᠯ ᠨᠢᠭᠡᠨ ᠪᠦᠷᠢᠨ ᠪᠦᠲᠦᠨ ᠪᠠᠢᠭᠤᠯᠤᠯ᠎ᠤᠨ ᠬᠡᠯᠬᠢᠶ᠎ᠡ ᠮᠥᠨ᠂ ᠰᠣᠩᠭᠣᠭᠤᠯᠢ᠎ᠶ᠋ᠢᠨ ᠠᠷᠠᠳᠴᠢᠯᠠᠯ᠂ ᠵᠥᠪᠯᠡᠬᠦ᠌ ᠠᠷᠠᠳᠴᠢᠯᠠᠯ᠂ ᠨᠡᠢᠭᠡᠮ᠎ᠤᠨ ᠠᠷᠠᠳᠴᠢᠯᠠᠯ᠂ ᠦᠨᠳᠦᠰᠦᠨ ᠱᠠᠲᠤᠨ᠎ᠤ ᠠᠷᠠᠳᠴᠢᠯᠠᠯ᠂ ᠠᠷᠠᠳ ᠢᠷᠭᠡᠨ᠎ᠦ ᠠᠷᠠᠳᠴᠢᠯᠠᠯ ᠵᠡᠷᠭᠡ ᠠᠷᠠᠳᠴᠢᠯᠠᠭ᠍ᠰᠠᠨ ᠤᠯᠤᠰ ᠲᠥᠷᠥ᠎ᠶ᠋ᠢᠨ ᠪᠦᠬᠦ᠌ ᠡᠯᠧᠮᠧᠨ᠋ᠲ ᠢ᠋ ᠪᠠᠭᠳᠠᠭᠠᠵᠤ᠂ ᠠᠷᠠᠳᠴᠢᠯᠠᠭ᠍ᠰᠠᠨ ᠰᠣᠩᠭᠣᠭᠤᠯᠢ᠂ ᠠᠷᠠᠳᠴᠢᠯᠠᠯ᠎ᠢᠶᠠᠷ ᠵᠥᠪᠯᠡᠬᠦ᠂ ᠠᠷᠠᠳᠴᠢᠯᠠᠯ᠎ᠢᠶᠠᠷ ᠱᠢᠶ᠋ᠳᠪᠦᠷᠢᠲᠦ ᠪᠤᠳᠤᠯᠭ᠎ᠠ ᠲᠣᠭ᠍ᠲᠠᠭᠠᠬᠤ᠂ ᠠᠷᠠᠳᠴᠢᠯᠠᠭ᠍ᠰᠠᠨ ᠬᠠᠮᠢᠶᠠᠷᠤᠯᠲᠠ᠂ ᠠᠷᠠᠳᠴᠢᠯᠠᠯ ᠤ᠋ᠨ ᠬᠢᠨᠠᠯᠲᠠ ᠵᠡᠷᠭᠡ ᠠᠷᠠᠳᠴᠢᠯᠠᠯ᠎ᠤᠨ ᠶᠠᠪᠤᠴᠠ᠎ᠶ᠋ᠢᠨ ᠠᠯᠢᠪᠠ ᠬᠦᠷᠢᠶ᠎ᠡ᠎ᠵᠢ ᠬᠠᠮᠤᠷᠤᠭᠰᠠᠨ᠂ᠪᠦᠷᠢᠨᠪᠦᠲᠦᠨ ᠪᠠᠢᠭᠤᠯᠤᠯᠦᠨᠲᠡᠰᠲᠠᠷᠠᠭᠠᠯᠠᠯ ᠪᠠᠢᠬᠤ᠎ᠪᠦᠭᠡᠳ ᠪᠦᠷᠢᠨ ᠪᠦᠲᠦᠨ ᠣᠷᠣᠯᠴᠠᠬᠤ ᠦᠶ᠋ᠯᠡᠳᠦᠯᠭᠡ᠎ᠲᠡᠶ ᠪᠠᠢᠵᠤ᠂ ᠶᠠᠪᠤᠴᠠ᠎ᠶ᠋ᠢᠨ ᠠᠷᠠᠳᠴᠢᠯᠠᠯ ᠪᠠ ᠦᠷ᠎ᠡ ᠪᠦᠲᠦᠭᠡᠯ᠎ᠦᠨ ᠠᠷᠠᠳᠴᠢᠯᠠᠯ᠂ ᠲᠡᠰ ᠲᠠᠷᠠᠭᠠᠯᠠᠯ᠎ᠤᠨ ᠠᠷᠠᠳᠴᠢᠯᠠᠯ ᠪᠠ ᠮᠥᠨ ᠴᠢᠨᠠᠷ᠎ᠤᠨ ᠠᠷᠠᠳᠴᠢᠯᠠᠯ᠂ ᠱᠢᠭᠤᠳ ᠠᠷᠠᠳᠴᠢᠯᠠᠯ ᠪᠠ ᠳᠠᠮ ᠠᠷᠠᠳᠴᠢᠯᠠᠯ᠂ ᠠᠷᠠᠳ᠎ᠤᠨ ᠠᠷᠠᠳᠴᠢᠯᠠᠯ ᠪᠠ ᠤᠯᠤᠰ᠎ᠤᠨ ᠵᠣᠷᠢᠭ ᠰᠠᠨᠠᠭ᠎ᠠ᠎ᠶ᠋ᠢ ᠨᠢᠭᠡᠳᠭᠡᠬᠦ ᠵᠢ ᠪᠡᠶᠡᠯᠡᠭᠦᠯᠦᠭᠰᠡᠨ᠂ ᠪᠦᠬᠦ᠌ ᠬᠡᠯᠬᠢᠶ᠎ᠡ᠂ ᠪᠦᠬᠦ᠌ ᠲᠠᠯ᠎ᠠ᠂ ᠪᠦᠬᠦᠨ᠎ᠢ ᠬᠠᠮᠤᠷᠤᠭ᠍ᠰᠠᠨ ᠠᠷᠠᠳᠴᠢᠯᠠᠯ᠂ ᠬᠠᠮᠤᠭ᠎ᠤᠨ ᠥᠷᠭᠡᠨ ᠳᠡᠯᠭᠡᠷ᠂ ᠬᠠᠮᠤᠭ᠎ᠤᠨ ᠦᠨᠡᠨ᠂ ᠬᠠᠮᠤᠭ᠎ᠤᠨ ᠲᠤᠰᠠᠲᠠᠶ ᠨᠡᠢᠭᠡᠮ ᠵᠢᠷᠤᠮ᠎ᠤᠨ ᠠᠷᠠᠳᠴᠢᠯᠠᠯ ᠮᠦᠨ᠃
《ᠳᠤᠮᠳᠠᠳᠤ ᠤᠯᠤᠰ᠎ᠤᠨ ᠠᠷᠠᠳ ᠲᠦᠮᠡᠨ ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠪᠠᠢᠭᠤᠯᠤᠯ᠎ᠤᠨ ᠢᠲᠡᠭᠡᠯ᠎ᠲᠡᠶ ᠪᠠᠢᠬᠤ ᠵᠢᠨ ᠦᠨᠳᠦᠰᠦᠨ ᠱᠢᠯᠲᠠᠭᠠᠨ ᠨᠢ ᠮᠠᠨ᠎ᠤ ᠤᠯᠤᠰ᠎ᠤᠨ ᠪᠥᠬᠥ᠌ ᠶᠠᠪᠤᠴᠠ ᠵᠢᠨ ᠠᠷᠠᠳ᠎ᠤᠨ ᠠᠷᠠᠳᠴᠢᠯᠠᠯ ᠪᠣᠯ ᠠᠷᠠᠳᠴᠢᠯᠠᠯ᠎ᠤᠨ ᠠᠭᠤᠯᠤᠭ᠍ᠳᠠᠴᠠ᠎ᠪᠠᠷ ᠥᠨᠳᠥᠷ᠂ ᠠᠷᠠᠳᠴᠢᠯᠠᠯ᠎ᠤᠨ ᠥᠩᠭᠡ ᠪᠤᠳᠤᠭ᠎ᠢᠶᠠᠷ ᠪᠠᠶᠠᠯᠢᠭ᠂ ᠳᠤᠮᠳᠠᠳᠤ ᠤᠯᠤᠰ᠎ᠤᠨ ᠠᠷᠠᠳ ᠲᠦᠮᠡᠨ᠎ᠦ ᠭᠦᠨ ᠬᠦᠷᠢᠶᠡᠯᠡᠯ᠎ᠢ ᠣᠯᠤᠭ᠍ᠰᠠᠨ ᠠᠷᠠᠳᠴᠢᠯᠠᠯ ᠮᠥᠨ᠂ ᠡᠨᠡ ᠪᠣᠯ ᠰᠠᠶᠢ ᠵᠢᠩᠬᠢᠨᠢ ᠠᠷᠠᠳ᠎ᠤᠨ ᠠᠷᠠᠳᠴᠢᠯᠠᠯ ᠮᠥᠨ! 》 ᠭᠡᠵᠦ᠍ ᠲᠡᠷᠡ ᠬᠡᠯᠡᠪᠡ᠃
ᠴᠢᠨᠠᠷ ᠰᠠᠢᠲᠠᠢ ᠬᠥᠭ᠌ᠵᠢᠯᠲᠡ᠎ᠶ᠋ᠢᠨ ᠳᠤᠮᠳᠠ ᠬᠠᠮᠲᠤ᠎ᠪᠠᠷ ᠪᠠᠶᠠᠵᠢᠬᠤ ᠶ᠋ᠢ ᠠᠬᠢᠭᠤᠯᠤᠨ᠎ᠠ
《ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ᠎ᠳᠤ ᠬᠥᠭ᠌ᠵᠢᠯᠲᠡ᠎ᠶ᠋ᠢᠨ ᠠᠰᠠᠭᠤᠳᠠᠯ᠎ᠢ ᠱᠢᠢᠳᠪᠦᠷᠢᠯᠡᠬᠦ᠌ ᠪᠣᠯ ᠲᠡᠷᠢᠭᠦᠨ ᠪᠠᠢᠷᠢᠨ᠎ᠳᠤ ᠪᠠᠢᠳᠠᠭ᠂ ᠬᠤᠪᠢᠶᠠᠷᠢᠯᠠᠯᠲᠠ᠎ᠶ᠋ᠢᠨ ᠠᠰᠠᠭᠤᠳᠠᠯ ᠴᠤ᠌ ᠮᠠᠰᠢ ᠴᠢᠬᠤᠯᠠ ᠶᠤᠮ᠂ ᠭᠡᠪᠡᠴᠦ᠍ ᠵᠥᠪᠬᠡᠨ ᠬᠤᠪᠢᠶᠠᠷᠢᠯᠠᠯᠲᠠ᠎ᠳᠤ ᠲᠦᠱᠢᠭ᠌ᠯᠡᠨ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠵᠦ᠍ ᠪᠣᠯᠬᠤ ᠦᠭᠡᠢ》 ᠭᠡᠵᠦ᠍ ᠲᠥᠪ᠎ᠦᠨ ᠡᠳ᠋᠎ᠦᠨ ᠵᠠᠰᠠᠭ ᠠᠵᠤ ᠠᠬᠤᠶ᠎ᠶ᠋ᠢᠨ ᠬᠤᠷᠢᠶ᠎ᠠ ᠵᠢᠨ ᠠᠯᠪᠠᠨ ᠬᠡᠷ᠎ᠦᠨ ᠡᠳᠦᠷ ᠲᠤᠲᠤᠮ᠎ᠤᠨ ᠠᠵᠢᠯ᠎ᠢ ᠬᠤᠪᠢᠳᠠᠨ ᠬᠠᠮᠢᠶᠠᠷᠴᠤ᠌ ᠪᠠᠢᠭ᠎ᠠ ᠳᠡᠳ᠋ ᠡᠷᠬᠢᠯᠡᠭ᠌ᠴᠢ ᠬᠠᠨ ᠸᠸᠨ ᠱᠢᠤ ᠬᠡᠯᠡᠪᠡ᠃
ᠬᠠᠨ ᠸᠸᠨ ᠱᠢᠦ᠂ ᠮᠠᠨ᠎ᠤ ᠤᠯᠤᠰ᠎ᠤᠨ ᠬᠥᠮᠦᠨ ᠳᠤᠮᠳᠠᠴᠢ᠎ᠶ᠋ᠢᠨ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ ᠬᠡᠳᠦᠢᠪᠡᠷ 1 ᠲᠦᠮᠡᠨ ᠳ᠋ᠣᠯᠯᠠᠷ᠎ᠢ ᠳᠠᠪᠠᠭ᠍ᠰᠠᠨ ᠪᠣᠯᠪᠠᠴᠤ᠌ ᠥᠨᠳᠥᠷ ᠣᠷᠣᠯᠭ᠎ᠠ᠎ᠲᠠᠶ ᠤᠯᠤᠰ᠎ᠤᠨ ᠲᠦᠪᠱᠢᠨ᠎ᠳᠦ ᠬᠦᠷᠴᠦ᠍ ᠳᠡᠢᠯᠦᠭᠡᠳᠦᠢ ᠪᠠᠢᠭ᠍ᠰᠠᠭᠠᠷ᠂ ᠤᠳᠤ᠎ᠶ᠋ᠢᠨ ᠪᠤᠢ ᠪᠦᠬᠦᠢ ᠤᠯᠤᠰ ᠠᠷᠠᠳ᠎ᠤᠨ ᠣᠷᠣᠯᠭ᠎ᠠ᠎ᠶ᠋ᠢ ᠪᠦᠬᠦᠨ᠎ᠢ ᠲᠡᠭ᠌ᠰᠢᠳᠭᠡᠨ ᠬᠤᠪᠢᠶᠠᠷᠢᠯᠠᠭ᠍ᠰᠠᠨ ᠴᠤ᠌ ᠬᠠᠮᠲᠤ᠎ᠪᠠᠷ ᠪᠠᠶᠠᠵᠢᠬᠤ ᠬᠡᠮᠵᠢᠶᠡᠨ᠎ᠳᠦ ᠬᠦᠷᠴᠦ᠍ ᠳᠡᠢᠯᠬᠦ᠌ ᠦᠭᠡᠢ ᠪᠠᠢᠨ᠎ᠠ ᠭᠡᠵᠦ᠍ ᠢᠯᠡᠳᠭᠡᠪᠡ᠃
ᠲᠡᠷᠡ᠂ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ᠎ᠳᠤ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌ ᠬᠡᠷᠡᠭ᠌ᠲᠡᠶ᠂ ᠦᠷ᠎ᠡ ᠪᠦᠲᠦᠮᠵᠢ᠎ᠶ᠋ᠢ ᠢᠯᠡᠷᠡᠭᠦᠯᠬᠦ᠌᠂ ᠲᠥᠪ ᠭᠤᠤᠯᠴᠢ᠎ᠶ᠋ᠢ ᠠᠬᠢᠭᠤᠯᠬᠤ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠱᠢᠰᠲ᠋ᠧᠮ᠎ᠢ ᠪᠠᠢᠭᠤᠯᠬᠤ ᠬᠡᠷᠡᠭ᠌ᠲᠡᠶ᠂ ᠠᠵᠤ ᠠᠬᠤᠢᠯᠠᠯ《ᠥᠪᠡᠷ᠎ᠦᠨ ᠶᠠᠪᠤᠳᠠᠯ᠎ᠢᠶᠠᠨ ᠰᠠᠢᠲᠤᠷ ᠬᠢᠬᠦ᠌ 》 ᠬᠡᠷᠡᠭ᠌ᠲᠡᠶ ᠭᠡᠵᠦ ᠢᠯᠡᠳᠭᠡᠪᠡ᠃
《ᠬᠠᠮᠲᠤ᠎ᠪᠠᠷ ᠪᠠᠶᠠᠵᠢᠬᠤ ᠳ᠋ᠤ ᠳᠥᠲᠡ ᠵᠠᠮ ᠪᠠᠢᠬᠤ ᠥᠬᠡᠶ᠂ ᠪᠠᠰᠢᠷ ᠭᠠᠷᠭᠠᠬᠤ ᠪᠢᠰᠢ᠂ ᠡᠷᠬᠡᠪᠰᠢ 14 ᠳ᠋ᠦᠩᠱᠢᠭᠤᠷ ᠭᠠᠷᠤᠶ ᠳᠤᠮᠳᠠᠳᠤ ᠤᠯᠤᠰ᠎ᠤᠨ ᠠᠷᠠᠳ ᠲᠦᠮᠡᠨ᠎ᠦ ᠱᠢᠷᠭᠠᠭᠤ ᠬᠠᠲᠠᠭᠤᠵᠢᠯᠲᠠᠶ ᠲᠡᠮᠡᠴᠡᠯ᠎ᠢᠶᠡᠷ ᠳᠡᠮᠵᠢᠨ ᠪᠡᠶᠡᠯᠡᠭᠦᠯᠬᠦ᠌ ᠬᠡᠷᠡᠭ᠌ᠲᠡᠶ》 ᠭᠡᠵᠦ ᠬᠠᠨ ᠸᠸᠨ ᠱᠢᠤ ᠬᠡᠯᠡᠪᠡ᠃
ᠠᠵᠤ ᠠᠬᠤᠢ᠎ᠶ᠋ᠢᠨ ᠲᠦᠷᠭᠡᠨ ᠬᠥᠭ᠌ᠵᠢᠯᠲᠡ᠎ᠶ᠋ᠢᠨ ᠭᠠᠢᠬᠠᠮᠱᠢᠭ᠎ᠢ ᠡᠭᠦᠳᠦᠭ᠌ᠰᠡᠨ 《ᠨᠢᠭᠤᠴᠠ ᠵᠣᠷ 》 ᠢ᠋ ᠳ᠋ᠦᠩᠨᠡᠪᠡ
《ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠱᠢᠨ᠎ᠡ ᠴᠠᠭ ᠦᠶ᠎ᠡ᠎ᠳᠦ ᠣᠷᠣᠵᠤ᠂ ᠬᠥᠭ᠌ᠵᠢᠯᠲᠡ᠎ᠳᠦ ᠱᠢᠨ᠎ᠡ ᠠᠭᠤᠯᠤᠭ᠍ᠳᠠᠬᠤᠨ ᠣᠯᠭᠣᠪᠠ᠂ ᠪᠢᠳᠡ ᠶᠠᠭᠠᠬᠢᠭ᠍ᠰᠠᠨ ᠴᠤ᠌ ᠪᠦᠳᠦᠭᠦᠯᠢᠭ ᠬᠥᠭ᠌ᠵᠢᠯᠲᠡ᠎ᠶ᠋ᠢᠨ ᠬᠠᠭᠤᠴᠢᠨ ᠵᠠᠮ᠎ᠢᠶᠠᠷ ᠵᠠᠮᠨᠠᠵᠤ ᠪᠣᠯᠬᠤ ᠥᠬᠡᠶ᠂ ᠡᠷᠬᠡᠪᠰᠢ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠬᠥᠬᠡᠮᠳᠦᠭᠨᠣᠭᠣᠭᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠪᠣᠯᠬᠤ᠎ᠶ᠋ᠢ ᠪᠠᠷᠢᠮᠲᠠᠯᠠᠵᠤ᠂ᠱᠢᠨᠡᠬᠥᠭ᠌ᠵᠢᠯᠲᠡᠶ᠋ᠢᠨᠣᠢᠯᠠᠭᠠᠭ᠍ᠳᠠᠬᠤᠨᠢᠪᠥᠬᠥ᠌ᠲᠠᠯᠠᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠤᠢ ᠪᠤᠯᠭᠠᠵᠦ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠬᠤ ᠬᠡᠷᠡᠭ᠌ᠲᠡᠶ᠂ ᠡᠨᠡ ᠪᠣᠯ ᠱᠢᠨ᠎ᠡ ᠴᠠᠭ ᠦᠶ᠎ᠡ᠎ᠶ᠋ᠢᠨ ᠬᠠᠲᠠᠭᠤ ᠶᠣᠰᠣ ᠮᠥᠨ》 ᠭᠡᠵᠦ ᠬᠠᠨ ᠸᠸᠨ ᠱᠢᠤ ᠬᠡᠯᠡᠪᠡ᠃
ᠭᠠᠳᠠᠭᠠᠳᠤ᠎ᠶ᠋ᠢᠨ ᠰᠤᠷᠪᠤᠯᠵᠢᠯᠠᠭ᠍ᠴᠢ᠎ᠶ᠋ᠢᠨ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠲᠦᠷᠭᠡᠨ ᠬᠥᠭ᠌ᠵᠢᠯᠲᠡ᠎ᠶ᠋ᠢᠨ ᠭᠠᠢᠬᠠᠮᠱᠢᠭ᠎ᠢ ᠡᠭᠦᠳᠦᠭᠰᠡᠨ 《ᠨᠢᠭᠤᠴᠠ ᠵᠣᠷ》 ᠤ᠋ᠨ ᠲᠤᠬᠠᠶ ᠠᠰᠠᠭᠤᠯᠲᠠ᠎ᠶ᠋ᠢ ᠬᠠᠷᠢᠭᠤᠯᠬᠤ᠎ᠳᠠᠭᠠᠨ ᠬᠠᠨ ᠸᠸᠨ ᠱᠢᠤ᠂ 《ᠱᠢᠶ᠋ᠳᠪᠦᠷᠢ 》 ᠪᠣᠯ ᠬᠤᠪᠢᠰᠭᠠᠯ᠂ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ᠎ᠶ᠋ᠢᠨ ᠦᠢᠯᠡᠰ᠎ᠦᠨ ᠠᠮᠵᠢᠯᠲᠠ ᠣᠯᠤᠭ᠍ᠰᠠᠨ ᠲᠤᠷᠱᠢᠯᠭ᠎ᠠ᠎ᠶ᠋ᠢ ᠲᠥᠪᠯᠡᠷᠡᠭᠦᠯᠦᠭ᠌ᠰᠡᠨ ᠲᠤᠢᠯ᠎ᠤᠨ ᠡᠯᠪᠡᠭ ᠪᠠᠶᠠᠯᠢᠭ ᠦᠵᠡᠯ ᠰᠠᠨᠠᠭ᠎ᠠ ᠣᠶᠤᠨ ᠤᠬᠠᠭᠠᠨ᠎ᠤ ᠡᠷᠳᠡᠨᠢᠰ᠎ᠦᠨ ᠰᠠᠩ ᠮᠥᠨ᠂ ᠡᠭᠦᠨ᠎ᠳᠦ ᠪᠠᠰᠠ ᠮᠠᠨ᠎ᠤ ᠤᠯᠤᠰ᠎ᠤᠨ ᠠᠵᠤ ᠠᠬᠤᠶ᠎ᠶ᠋ᠢᠨ ᠲᠦᠷᠭᠡᠨ ᠬᠥᠭ᠌ᠵᠢᠯᠲᠡ᠎ᠶ᠋ᠢᠨ ᠭᠠᠢᠬᠠᠮᠱᠢᠭ᠎ᠢ ᠡᠭᠦᠳᠬᠦ᠌ 《ᠨᠢᠭᠤᠴᠠ ᠵᠣᠷ》 ᠢ᠋ ᠪᠠᠭ᠍ᠲᠠᠭᠠᠵᠤ ᠪᠠᠢᠭ᠎ᠠ ᠶᠤᠮ᠂ ᠣᠨᠴᠠ ᠴᠢᠬᠤᠯᠠ ᠵᠦᠢᠯ ᠨᠢ ᠳᠤᠤᠷᠠᠬᠢ ᠨᠠᠢ᠍ᠮᠠᠨ ᠲᠠᠯ᠎ᠠ ᠪᠤᠶ ᠬᠡᠵᠦ ᠢᠯᠡᠳᠭᠡᠪᠡ᠄
ᠨᠢᠭᠡ᠎ᠳᠦ᠂ ᠬᠥᠭ᠌ᠵᠢᠯᠲᠡ ᠪᠣᠯ ᠬᠠᠲᠠᠭᠤ ᠶᠣᠰᠣ ᠮᠥᠨ ᠭᠡᠳᠡᠭ᠎ᠢ ᠪᠠᠷᠢᠮᠲᠠᠯᠠᠪᠠ; ᠬᠣᠶᠠᠷ᠎ᠲᠤ᠂ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠪᠠ; ᠭᠤᠷᠪᠠ᠎ᠳᠤ᠂ ᠭᠠᠳᠠᠭᠠᠳᠦ ᠳ᠋ᠦ ᠨᠡᠭᠡᠭᠡᠯᠲᠡ ᠬᠢᠬᠦ᠌᠎ᠶ᠋ᠢ ᠪᠠᠷᠢᠮᠲᠠᠯᠠᠪᠠ; ᠳᠥᠷᠪᠡ᠎ᠳᠦ᠂ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ᠌ ᠬᠦᠴᠦᠨ ᠪᠣᠯᠭᠠᠬᠤ᠎ᠶ᠋ᠢ ᠪᠠᠷᠢᠮᠲᠠᠯᠠᠪᠠ; ᠲᠠᠪᠤ᠎ᠳᠤ᠂ 《ᠬᠣᠶᠠᠷ ᠥᠴᠦᠬᠡᠨ ᠴᠦ᠍ ᠭᠤᠢᠪᠢᠰᠢ ᠦᠭᠡᠢ》 ᠪᠠᠢᠬᠤ᠎ᠶ᠋ᠢ ᠪᠠᠷᠢᠮᠲᠠᠯᠠᠪᠠ; ᠵᠢᠷᠭᠤᠭ᠎ᠠ᠎ᠳᠤ᠂ ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠵᠢᠳᠬᠦᠯ ᠴᠢᠷᠮᠠᠢᠯᠠᠭᠠ ᠲᠠᠢ ᠵᠠᠰᠠᠭ᠎ᠤᠨ ᠣᠷᠳᠣᠨ ᠨᠡᠩ ᠰᠠᠢ᠌ᠨ ᠤᠶᠠᠯᠳᠤᠬᠤ᠎ᠶ᠋ᠢ ᠪᠠᠷᠢᠮᠲᠠᠯᠠᠪᠠ; ᠳᠣᠯᠣᠭ᠎ᠠ᠎ᠳᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ᠎ᠶ᠋ᠢ ᠪᠠᠷᠢᠮᠲᠠᠯᠠᠪᠠ; ᠨᠠᠢ᠍ᠮᠠ᠎ᠳᠤ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠪᠠ ᠃
《ᠡᠳᠡᠬᠡᠷ᠎ᠢ ᠲᠡᠦᠬᠡᠨ ᠲᠤᠷᠱᠢᠯᠭ᠎ᠠ᠎ᠶ᠋ᠢᠨ ᠳᠤᠬᠠᠢ ᠳ᠋ᠦᠩᠨᠡᠯᠲᠡ ᠭᠡᠵᠦ᠍ ᠬᠡᠯᠡᠵᠦ᠍ ᠪᠣᠯᠬᠤ ᠪᠥᠭᠡᠳ ᠢᠷᠡᠭᠡᠳᠦᠢ᠎ᠶ᠋ᠢᠨ ᠠᠵᠢᠯᠯᠠᠭ᠎ᠠ᠎ᠶ᠋ᠢᠨ ᠳᠤᠬᠠᠢ ᠵᠢᠯᠤᠭᠤᠳᠤᠮᠵᠢ ᠭᠡᠵᠦ᠍ ᠬᠡᠯᠡᠵᠦ᠍ ᠪᠣᠯᠤᠨ᠎ᠠ》᠃ ᠬᠠᠨ ᠸᠸᠨ ᠱᠢᠦ᠂ ᠱᠢᠨ᠎ᠡ ᠴᠠᠭ ᠦᠶ᠎ᠡ ᠱᠢᠨ᠎ᠡ ᠡᠭᠦᠷᠭᠡ ᠬᠠᠷᠢᠭᠤᠴᠠᠯᠭ᠎ᠠ᠎ᠶ᠋ᠢᠨ ᠡᠮᠦᠨ᠎ᠡ᠂ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠡᠳᠡᠭᠡᠷ ᠡᠷᠬᠢᠮ ᠨᠠᠨᠳᠢᠨ ᠲᠤᠷᠱᠢᠯᠭ᠎ᠠ᠎ᠪᠠᠨ ᠰᠠᠢᠲᠤᠷ ᠪᠠᠷᠢᠮᠲᠠᠯᠠᠵᠤ᠂ ᠰᠠᠢᠲᠤᠷ ᠬᠡᠷᠡᠭ᠌ᠯᠡᠵᠦ᠍᠂ ᠰᠠᠢᠲᠤᠷ ᠪᠠᠳᠠᠷᠠᠭᠤᠯᠳᠠᠭ ᠯᠠ ᠶᠤᠮ ᠪᠣᠯ᠂ ᠳᠤᠮᠳᠠᠳᠤ ᠤᠯᠤᠰ᠎ᠤᠨ ᠠᠵᠤ ᠠᠬᠤᠢ ᠵᠢᠨ ᠡᠨᠡ ᠬᠦ᠌ ᠲᠤᠮᠤ ᠬᠥᠯᠭᠡ ᠣᠩᠭᠣᠴᠠ ᠯᠠᠪᠳᠠᠭᠤᠨ᠎ᠢᠶᠠᠷ ᠬᠤᠯᠠ ᠠᠶᠠᠯᠠᠵᠤ᠂ ᠱᠢᠨ᠎ᠡ ᠬᠥᠭ᠌ᠵᠢᠯᠲᠡ᠎ᠶ᠋ᠢᠨ ᠭᠠᠢᠬᠠᠮᠱᠢᠭ᠎ᠢ ᠡᠭᠦᠳᠴᠦ᠍ ᠴᠢᠳᠠᠬᠤ ᠨᠢ ᠯᠠᠪᠲᠠᠢ ᠶᠤᠮ ᠬᠡᠵᠦ ᠬᠡᠯᠡᠪᠡ᠃
(ᠰᠢᠨᠬᠤᠸᠠ ᠬᠤᠷᠢᠶᠠᠨ᠎ᠤ ᠪᠡᠭᠡᠵᠢᠩ᠎ᠤᠨ 11 ᠰᠠᠷ᠎ᠠ ᠵᠢᠨ 12 ᠤ᠋ᠨ ᠴᠠᠬᠢᠯᠭᠠᠨ ᠮᠡᠳᠡᠭᠡ)