— ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ ᠪᠦᠬᠦ᠌ ᠣᠷᠣᠨ᠎ᠤ ᠡᠯ᠎ᠡ ᠭᠠᠵᠠᠷ᠎ᠤᠨ ᠺᠠᠳ᠋ᠷ ᠤᠯᠠᠨ ᠲᠦᠮᠡᠨ᠎ᠦ ᠳᠤᠮᠳᠠ ᠬᠠᠯᠠᠭᠤᠨ ᠲᠤᠰᠭᠠᠯ ᠭᠠᠷᠪᠠ
ᠤᠢ᠍ᠢᠷ᠎ᠠ᠎ᠶ᠋ᠢᠨ ᠡᠳᠦᠷ᠎ᠦᠳ᠎ᠲᠦ᠍᠂ ᠨᠠᠮ᠎ᠤᠨ ᠠᠷᠪᠠ ᠶᠢᠰᠦᠳᠦᠬᠡᠷ ᠬᠤᠭᠤᠴᠠᠭᠠᠨ᠎ᠤ ᠳᠦᠪ ᠬᠤᠷᠢᠶᠠᠨ᠎ᠤ ᠵᠢᠷᠭᠤᠳᠤᠭᠠᠷ ᠪᠦᠬᠦᠳᠡ ᠬᠤᠷᠠᠯ ᠬᠤᠷᠠᠯᠳᠤᠬᠰᠠᠨ ᠵᠢᠴᠢ ᠪᠦᠬᠦᠳᠡ ᠬᠤᠷᠠᠯ᠎ᠠᠴᠠ ᠬᠢᠨᠠᠨ ᠵᠥᠪᠯᠡᠵᠦ᠍ ᠪᠠᠲᠤᠯᠠᠭ᠍ᠰᠠᠨ《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠢᠳᠪᠦᠷᠢ》 ᠨᠢ ᠪᠦᠬᠦ᠌ ᠣᠷᠣᠨ᠎ᠤ ᠡᠯ᠎ᠡ ᠭᠠᠵᠠᠷ᠎ᠤᠨ ᠺᠠᠳ᠋ᠷ ᠤᠯᠠᠨ ᠲᠦᠮᠡᠨ᠎ᠦ ᠳᠤᠮᠳᠠ ᠬᠠᠯᠠᠭᠤᠨ ᠲᠤᠰᠭᠠᠯ ᠭᠠᠷᠴᠤ᠂ ᠪᠥᠬᠥᠳᠡ ᠬᠤᠷᠠᠯ ᠡᠴᠡ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠳᠦᠮᠵᠢ ᠪᠣᠯᠤᠨ ᠲᠡᠦᠬᠡᠨ ᠲᠤᠷᠱᠢᠯᠭ᠎ᠠ᠎ᠶ᠋ᠢ ᠪᠥᠬᠥ᠌ ᠲᠠᠯ᠎ᠠ᠎ᠪᠠᠷ ᠳ᠋ᠦᠩᠨᠡᠨ᠂ ᠪᠦᠬᠦ᠌ ᠨᠠᠮ᠎ᠤᠨ ᠤᠯᠠᠮ ᠴᠢᠨᠠᠬᠰᠢᠳᠠ ᠦᠵᠡᠯ ᠰᠠᠨᠠᠭ᠎ᠠ᠎ᠪᠠᠨ ᠨᠢᠭᠡᠳᠭᠡᠬᠦ᠌᠂ ᠵᠣᠷᠢᠭ ᠰᠠᠨᠠᠭ᠎ᠠ ᠪᠠᠨ ᠨᠢᠬᠡᠳᠬᠡᠬᠦ᠂ ᠦᠢᠯᠡ ᠠᠵᠢᠯᠯᠠᠭ᠎ᠠ ᠪᠠᠨ ᠨᠢᠬᠡᠳᠬᠡᠬᠦ ᠵᠢ ᠠᠬᠢᠭᠤᠯᠵᠥ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠱᠢᠨ᠎ᠡ ᠠᠭᠤᠤ ᠶᠡᠬᠡ ᠢᠯᠠᠯᠲᠠ᠎ᠶ᠋ᠢ ᠲᠡᠮᠡᠴᠡᠨ ᠣᠯᠬᠤ ᠳ᠋ᠤ ᠴᠢᠬᠤᠯᠠ ᠶᠡᠬᠡ ᠪᠣᠳᠠᠲᠤ ᠠᠴᠢ ᠬᠣᠯᠪᠣᠭ᠍ᠳᠠᠯ ᠪᠠ ᠠᠯᠤᠰ ᠬᠡᠲᠦ᠍᠎ᠶ᠋ᠢᠨ ᠲᠡᠦᠬᠡᠲᠦ ᠠᠴᠢ ᠬᠣᠯᠪᠣᠭ᠍ᠳᠠᠯ᠎ᠲᠠᠶ ᠶᠤᠮ᠃ ᠥᠩᠭᠡᠷᠡᠭ᠌ᠰᠡᠨ ᠵᠠᠭᠤᠨ ᠵᠢᠯ᠎ᠳᠦ ᠠᠭᠤᠤ ᠶᠡᠬᠡ ᠢᠯᠠᠯᠲᠠ ᠪᠠ ᠢᠷᠠᠭᠤ ᠠᠯᠳᠠᠷ᠎ᠢ ᠣᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ ᠯᠠᠪᠲᠠᠢ ᠱᠢᠨ᠎ᠡ ᠴᠠᠭ ᠦᠶ᠎ᠡ ᠱᠢᠨ᠎ᠡ ᠠᠶᠠᠨ᠎ᠳᠠᠭᠠᠨ ᠨᠡᠩ ᠠᠭᠤᠤ ᠶᠡᠬᠡ ᠢᠯᠠᠯᠲᠠ ᠪᠠ ᠢᠷᠠᠭᠤ ᠠᠯᠳᠠᠷ᠎ᠢ ᠤᠯᠬᠤ ᠶᠤᠮ ! ᠬᠡᠵᠥ ᠤᠯᠠᠨ ᠵᠢᠡᠷ ᠵᠢᠡᠨ ᠰᠠᠨᠠᠯ ᠨᠢᠬᠡᠳᠡᠢ ᠢᠯᠡᠳᠬᠡᠵᠡᠬᠡᠪᠡ᠃ ᠤᠯᠠᠨ᠎ᠢᠶᠠᠷ᠎ᠢᠶᠠᠨ᠂ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠨᠡᠩ ᠡᠷᠡᠰ ᠰᠢᠭᠤᠷᠬᠠᠢ᠂ ᠤᠬᠠᠮᠰᠠᠷ ᠡᠴᠡ᠎ᠪᠠᠨ ᠦᠢᠯᠡᠳᠦᠯᠭᠡᠵᠢᠭᠦᠯᠵᠦ᠍᠂ ᠱᠢᠷᠭᠠᠭᠤ ᠬᠠᠲᠠᠭᠤᠵᠢᠯᠲᠠᠢ ᠠᠵᠢᠯᠯᠠᠵᠤ᠂ ᠵᠣᠷᠢᠭ᠍ᠲᠠᠢ ᠤᠷᠤᠭ᠍ᠰᠢᠯᠠᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ ᠵᠢᠨ ᠳᠦᠯᠦᠬᠡ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌ ᠠᠶᠠᠨ ᠳ᠋ᠠᠭᠠᠨ ᠱᠢᠨ᠎ᠡ ᠳᠦᠷᠰᠦ ᠪᠠᠢᠳᠠᠯ ᠱᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ ᠭᠡᠵᠦ᠍ ᠢᠯᠡᠳᠭᠡᠵᠡᠭᠡᠪᠡ᠃
《ᠶᠡᠬᠡ ᠳᠡᠭᠡᠳᠦ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢ ᠪᠣᠯᠤᠭ᠍ᠰᠠᠨ᠎ᠤ ᠬᠤᠪᠢ᠎ᠳᠤ ᠤᠬᠠᠮᠰᠠᠷ᠎ᠡᠴᠡ᠎ᠪᠠᠨ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠪᠦᠭᠦᠳᠡ ᠬᠤᠷᠠᠯ᠎ᠤᠨ ᠲᠡᠦᠬᠡᠨ ᠠᠭᠤᠯᠤᠭ᠍ᠳᠠᠬᠤᠨ ᠪᠠ ᠴᠠᠭ ᠦᠶ᠎ᠡ᠎ᠶ᠋ᠢᠨ ᠦᠨ᠎ᠡ ᠦᠷᠲᠡᠭ᠎ᠢ ᠭᠦᠨᠵᠡᠭᠡᠢ ᠣᠢᠯᠠᠭᠠᠵᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠳᠤᠮᠳᠠ᠎ᠡᠴᠡ ᠥᠩᠭᠡᠷᠡᠭ᠌ᠰᠡᠨ᠎ᠳᠦ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭ᠍ᠰᠠᠨ᠎ᠢᠶᠠᠨ ᠲᠣᠳᠣᠷᠬᠠᠢ ᠲᠠᠨᠢᠵᠤ᠂ ᠢᠷᠡᠭᠡᠳᠦᠢ᠎ᠳᠦ ᠪᠢᠳᠡ ᠬᠡᠷᠬᠢᠨ ᠠᠵᠢᠯᠯᠠᠪᠠᠯ ᠰᠠᠶᠢ ᠦᠷᠭᠦᠯᠵᠢᠯᠡᠨ ᠠᠮᠵᠢᠯᠲᠠ ᠣᠯᠵᠤ ᠴᠢᠳᠠᠬᠤ᠎ᠶ᠋ᠢ ᠲᠣᠳᠣᠷᠬᠠᠢ ᠣᠢᠯᠠᠭᠠᠵᠤ᠂ ᠤᠶᠤᠨ ᠰᠠᠨᠠᠭᠠᠨ᠎ᠤ ᠰᠢᠮ᠎ᠡ ᠪᠡᠨ ᠭᠦᠢᠴᠡᠳ ᠨᠥᠬᠥᠪᠥᠷᠢᠯᠡᠵᠦ᠍᠂ ᠢᠲᠡᠭᠡᠯ ᠪᠢᠱᠢᠷᠡᠯ᠎ᠦᠨ ᠰᠠᠭᠤᠷᠢ᠎ᠪᠠᠨ ᠪᠡᠬᠢᠵᠢᠭᠦᠯᠵᠦ᠍᠂ ᠦᠵᠡᠯ ᠰᠠᠨᠠᠭᠠᠨ᠎ᠤ ᠵᠠᠯᠠᠭᠤᠷ᠎ᠢᠶᠠᠨ ᠯᠠᠪᠳᠠᠭᠤᠨ ᠡᠵᠡᠮᠳᠡᠵᠦ᠍ ᠴᠢᠳᠠᠬᠤ᠎ᠶ᠋ᠢ ᠲᠣᠳᠣᠷᠬᠠᠢ ᠣᠢᠯᠠᠭᠠᠬᠤ ᠬᠡᠷᠡᠭ᠌ᠲᠡᠢ》 ᠭᠡᠵᠦ᠍ ᠥᠪᠥᠷ ᠮᠣᠩᠭᠣᠯ᠎ᠤᠨ ᠠᠵᠤ ᠦᠢᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠳᠤᠮᠳᠠᠳᠤ ᠤᠯᠤᠰᠴᠢᠯᠠᠭ᠍ᠰᠠᠨ ᠵᠢᠭᠠᠨ ᠰᠤᠳᠤᠯᠬᠤ ᠲᠠᠰᠤᠭ᠎ᠤᠨ ᠯᠧᠺᠲ᠋ᠣᠷ ᠯᠢᠦ ᠱᠢᠶᠤᠤ ᠱᠢᠶᠠ ᠬᠡᠯᠡᠪᠡ᠃
ᠪᠤᠭᠤᠲᠤ ᠬᠣᠲᠠ᠎ᠶ᠋ᠢᠨ ᠳ᠋ᠦᠩ ᠾᠧ ᠲᠣᠭᠣᠷᠢᠭ᠎ᠤᠨ ᠶᠠᠩ ᠭᠧ ᠯᠸᠩ ᠵᠡᠭᠡᠯᠢ ᠭᠤᠳᠤᠮᠵᠢ᠎ᠶ᠋ᠢᠨ ᠠᠨ ᠵᠢᠤᠢ ᠨᠡᠢᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ᠂ ᠡᠷᠬᠢᠯᠡᠭ᠌ᠴᠢ ᠼᠦᠢ ᠴᠢᠶᠠᠩ᠄《ᠥᠩᠭᠡᠷᠡᠭ᠌ᠰᠡᠨ ᠵᠠᠭᠤᠨ ᠵᠢᠯ᠎ᠳᠦ᠂ ᠨᠠᠮ᠎ᠡᠴᠡ ᠠᠷᠠᠳ ᠲᠦᠮᠡᠨᠪᠠ ᠲᠡᠦᠬᠡᠨ᠎ᠳᠦ ᠱᠢᠯᠢᠳᠡᠭ ᠰᠢᠯᠭᠠᠯᠳᠠ᠎ᠶ᠋ᠢᠨ ᠬᠠᠭᠤᠳᠠᠰᠤ ᠲᠤᠱᠢᠶᠠᠪᠠ᠄ ᠪᠸᠢ ᠯᠢᠶᠠᠩ᠎ᠳᠤ ᠳᠥᠭᠥᠮ ᠪᠦᠳᠦᠴᠠᠳᠤ ᠣᠷᠣᠨ ᠰᠠᠭᠤᠴᠠ᠎ᠶ᠋ᠢᠨ ᠲᠣᠭᠣᠷᠢᠭ᠎ᠢ ᠥᠭᠡᠷᠡᠴᠢᠯᠡᠨ ᠪᠠᠢᠭᠤᠯᠬᠤ ᠪᠠ ᠪᠥᠲᠥᠭᠡᠨ ᠪᠠᠢᠭᠤᠯᠤᠭᠠᠳ ᠯᠤᠲᠤ ᠶᠡᠬᠡ ᠬᠤᠪᠢᠷᠠᠯᠲᠠ ᠭᠠᠷᠤᠭᠰᠠᠨ ᠨᠢ ᠪᠢᠳᠠᠨ᠎ᠳᠤ ᠬᠠᠮᠤᠭ᠎ᠤᠨ ᠬᠦᠨ ᠰᠠᠭᠤᠬᠳᠠᠯ ᠦᠭᠪᠠ᠂ ᠣᠲᠣ ᠰᠠᠭᠤᠭᠠᠯᠢ ᠠᠷᠠᠳᠪᠦᠷᠢᠨ ᠲᠦᠭᠦᠷ ᠣᠯᠠᠨ ᠨᠡᠢᠲᠡ᠎ᠶ᠋ᠢᠨ ᠲᠥᠬᠥᠭᠡᠷᠦᠮᠵᠢ᠂ ᠲᠦᠬᠦᠮ ᠲᠦᠳᠡ ᠦᠶ᠋ᠯᠡᠴᠢᠯᠡᠭᠡ ᠲᠠᠢ ᠨᠡᠢᠭᠡᠮ ᠲᠣᠭᠣᠷᠢᠭ᠎ᠲᠤ ᠠᠵᠤ ᠲᠦᠷᠦᠵᠦ᠂ ᠵᠢᠷᠭᠠᠯᠲᠤᠲᠥᠷᠥᠭ᠌ᠳᠡᠯᠪᠠ ᠬᠦᠷᠲᠡᠮᠵᠢ᠎ᠶ᠋ᠢᠨ ᠲᠥᠷᠥᠭ᠌ᠳᠡᠯ ᠶᠡᠬᠡᠪᠡᠷ ᠳᠡᠭᠡᠭ᠌ᠰᠢᠯᠡᠪᠠ᠃ ᠪᠢᠳᠠ ᠬᠤᠪᠢᠰᠭᠠᠯ᠎ᠤᠨ ᠠᠳᠠᠯ ᠠᠬᠤᠢ᠂ ᠪᠸᠢ ᠯᠢᠶᠠᠩ ᠲᠧᠯᠸᠢᠰ ᠬᠣᠷᠢᠶ᠎ᠠ ᠵᠡᠷᠭᠡ ᠤᠨᠴᠠᠯᠢᠬ᠍ᠳᠤ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠬᠠᠮᠤᠭ᠎ᠤᠨ ᠶᠡᠬᠡ ᠴᠢᠷᠮᠠᠢᠯᠭ᠎ᠠ᠎ᠪᠠᠷ ᠤᠯᠠᠨ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠬᠠᠩᠭᠠᠨ᠎ᠠ》 ᠭᠡᠵᠤ ᠬᠡᠯᠡᠪᠡ᠃
ᠦᠬᠠᠢ ᠬᠤᠲᠠ᠎ᠶ᠋ᠢᠨ ᠨᠠᠮ᠎ᠤᠨ ᠬᠣᠷᠢᠶᠠᠨᠤᠤᠬᠠᠭᠤᠯᠤᠨᠲᠠᠢᠯᠪᠤᠷᠢᠯᠠᠬᠤ ᠪᠦᠯᠬᠦᠮ᠎ᠦᠨ ᠳᠠᠷᠤᠭ᠎ᠠ ᠰᠦᠩ ᠶᠤᠸᠠᠢ᠄《ᠰᠤᠷᠲᠠᠯ ᠤᠬᠠᠭᠤᠯᠭ᠎ᠠ᠎ᠶ᠋ᠢᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢᠳᠡ ᠳᠠᠷᠤᠢ ᠲᠦᠷᠭᠡᠨ ᠬᠥᠳᠡᠯᠦᠯᠴᠡᠵᠦ᠍᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠪᠡᠯᠡᠳᠭᠡᠯ ᠵᠢᠡᠨ ᠬᠢᠨ᠎ᠡ᠃ ᠤᠯᠤᠰ ᠲᠦᠷᠦ᠍᠎ᠶ᠋ᠢᠨ ᠵᠣᠭ᠍ᠰᠣᠯᠲᠠ ᠪᠠᠲᠤ᠂ ᠤᠨᠤᠯ᠎ᠤᠨ ᠦᠨᠳᠦᠰᠦᠨ ᠪᠣᠯᠪᠠᠰᠤᠷᠠᠯ ᠯᠠᠪᠳᠠᠭᠤᠨ᠂ ᠢᠯᠡᠳᠭᠡᠬᠦ᠌ ᠴᠢᠳᠠᠪᠤᠷᠢ ᠨᠡᠯᠢᠶᠡᠳ ᠴᠢᠩᠭ᠎ᠠ᠂ ᠤᠬᠠᠭᠤᠯᠤᠨ ᠲᠠᠢᠯᠪᠤᠷᠢᠯᠠᠬᠤ ᠦᠢᠯᠡᠰ᠎ᠢ ᠬᠠᠢᠷᠠᠯᠠᠬᠤ ᠪᠠᠷᠢᠮᠵᠢᠶ᠎ᠠ ᠶᠣᠰᠣᠭᠠᠷ᠂ ᠨᠠᠮ ᠵᠠᠰᠠᠭ᠎ᠤᠨ ᠪᠠᠢᠭᠤᠯᠭ᠎ᠠ᠂ ᠨᠠᠮ᠎ᠤᠨ ᠰᠤᠷᠭᠠᠭᠤᠯᠢ᠂ ᠶᠡᠬᠡ ᠳᠡᠭᠡᠳᠦ ᠰᠤᠷᠭᠠᠭᠤᠯᠢ᠂ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠣᠯᠪᠣᠭ᠎ᠠ ᠵᠡᠷᠭᠡ ᠬᠦᠷᠢᠶᠡᠨ᠎ᠦ ᠱᠢᠯᠢᠳᠡᠭ ᠴᠢᠳᠠᠪᠤᠷᠢᠲᠠᠨ᠎ᠢ ᠢᠳᠡᠪᠬᠢᠲᠡᠢ ᠱᠢᠩᠭᠡᠭᠡᠨ ᠠᠪᠴᠤ᠌ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠪᠦᠯᠬᠦᠮ ᠪᠠᠢᠭᠤᠯᠪᠠ᠃ ᠡᠭᠦᠨ᠎ᠦ ᠵᠡᠷᠭᠡ ᠪᠡᠷ᠂ 〈ᠤᠷᠢᠳᠴᠢᠯᠠᠨ ᠰᠤᠷᠤᠯᠴᠠᠬᠤ᠂ ᠣᠨᠣᠪᠴᠢᠲᠠᠶ ᠰᠤᠷᠤᠯᠴᠠᠬᠤ᠂ ᠪᠥᠬᠥ᠌ ᠲᠠᠯ᠎ᠠ᠎ᠪᠠᠷ ᠰᠤᠷᠤᠯᠴᠠᠬᠤ〉ᠱᠠᠭᠠᠷᠳᠠᠯᠭ᠎ᠠ ᠶᠣᠰᠣᠭᠠᠷ᠂ ᠤᠬᠠᠭᠤᠯᠤᠨ ᠲᠠᠢᠯᠪᠤᠷᠢᠯᠠᠭ᠍ᠴᠢ᠎ᠶ᠋ᠢ ᠵᠣᠬᠢᠶᠠᠨ ᠪᠠᠢᠭᠤᠯᠤᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠡᠪᠲᠡᠷᠡᠲᠡᠯ᠎ᠡ ᠣᠢᠯᠠᠭᠠᠵᠤ᠂ ᠵᠣᠷᠢᠭ ᠰᠠᠨᠠᠭᠠᠨ᠎ᠤ ᠮᠥᠨ ᠴᠢᠨᠠᠷ᠎ᠢ᠎ᠨᠢ ᠣᠢᠯᠠᠭᠠᠬᠤ ᠬᠡᠷᠡᠭ᠌ᠲᠡᠶ》 ᠭᠡᠵᠤ ᠬᠡᠯᠡᠪᠡ᠃
ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠪᠠᠶᠠᠨᠴᠠᠭᠠᠨ ᠰᠤᠮᠤ᠎ᠶ᠋ᠢᠨ ᠠᠯᠳᠠᠬᠤ᠎ᠳᠤ ᠭᠠᠴᠠᠭᠠᠨ᠎ᠤ ᠨᠠᠮ᠎ᠤᠨ ᠡᠭᠦᠷ᠎ᠦᠨ ᠨᠢᠭᠡᠳᠦᠭᠡᠷ ᠱᠦᠵᠢ᠂ ᠲᠣᠰᠭᠣᠨ᠎ᠳᠤ ᠰᠠᠭᠤᠭ᠎ᠠ ᠺᠠᠳ᠋ᠷ ᠬᠦᠴᠤᠳᠤ᠂ ᠪᠢᠳᠠ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠭᠠᠴᠠᠭᠠᠨ᠎ᠤ ᠨᠠᠮ᠎ᠤᠨ ᠭᠡᠱᠢᠭᠦᠨ ᠺᠠᠳ᠋ᠷ ᠪᠣᠯᠤᠨ ᠮᠠᠯᠴᠢᠳ᠎ᠢ ᠵᠣᠬᠢᠶᠠᠨ ᠪᠠᠢᠭᠤᠯᠵᠤ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠭᠤᠯᠤᠨ᠎ᠠ᠃ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠳᠤᠮᠳᠠ《ᠨᠠᠮ᠎ᠤᠨ ᠡᠭᠦᠷ + ᠬᠣᠷᠱᠢᠶ᠎ᠠ》 ᠶ᠋ᠢᠨ ᠬᠥᠭ᠌ᠵᠢᠯᠲᠡ᠎ᠶ᠋ᠢᠨ ᠵᠠᠭ᠍ᠪᠤᠷ᠎ᠢ ᠦᠷᠭᠦᠯᠵᠢᠯᠡᠨ ᠬᠡᠷᠡᠭ᠌ᠵᠢᠭᠦᠯᠵᠦ᠍᠂ ᠣᠲᠣ ᠦᠶ᠎ᠡ᠎ᠶ᠋ᠢᠨ ᠠᠮᠢ ᠠᠬᠤᠶ᠎ᠶ᠋ᠢᠨ ᠬᠡᠷ ᠪᠦᠯᠢ᠎ᠶ᠋ᠢᠨ ᠮᠠᠯᠵᠢᠯ᠎ᠤᠨ ᠲᠠᠯᠠᠪᠠᠶ ᠪᠣᠯᠤᠨ ᠮᠠᠯᠵᠢᠬᠤ ᠣᠷᠣᠨ᠎ᠤ ᠱᠢᠨ᠎ᠡ ᠬᠡᠯᠪᠡᠷᠢ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠠᠬᠢᠭᠤᠯᠵᠤ᠂ ᠣᠲᠣ ᠦᠶ᠎ᠡ᠎ᠶ᠋ᠢᠨ ᠠᠮᠢ ᠠᠬᠤᠶ᠎ᠶ᠋ᠢᠨ ᠪᠣᠬᠢᠷᠲᠤᠯ ᠥᠬᠡᠶ ᠮᠠᠯ ᠠᠵᠤ ᠠᠬᠤᠶ᠎ᠶ᠋ᠢ ᠶᠡᠬᠡᠪᠡᠷ ᠬᠥᠭ᠌ᠵᠢᠭᠦᠯᠵᠦ᠍᠂ ᠣᠷᠴᠢᠨ ᠲᠣᠭᠣᠷᠢᠨ ᠭᠣᠢᠳᠠ ᠰᠠᠢᠬᠠᠨ᠂ ᠠᠮᠢ ᠠᠬᠤᠶ ᠱᠢᠯᠢᠳᠡᠭ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠴᠣᠭ᠍ᠴᠠᠯᠠᠵᠤ᠂ ᠮᠠᠯᠴᠢᠨ ᠲᠦᠮᠡᠨ᠎ᠢ ᠰᠠᠢᠨ ᠰᠠᠢᠬᠠᠨ ᠠᠮᠢᠳᠤᠷᠠᠭᠤᠯᠤᠨ᠎ᠠ ᠭᠡᠵᠤ ᠬᠡᠯᠡᠪᠡ᠃
ᠠᠯᠠᠱᠠ ᠵᠡᠭᠦᠨ ᠬᠣᠱᠢᠭᠤᠨ᠎ᠤ ᠪᠠᠶᠠᠨᠬᠣᠲᠠ ᠪᠠᠯᠭᠠᠰᠤᠨ᠎ᠤ ᠱᠢᠨᠡᠲᠣᠬᠣᠢ ᠭᠠᠴᠠᠭᠠᠨ᠎ᠤ ᠨᠠᠮ᠎ᠤᠨ ᠡᠭᠦᠷ᠎ᠦᠨ ᠱᠦᠵᠢ ᠯᠦᠸᠧ ᠭᠠᠩ᠄ 《ᠪᠦᠭᠦᠳᠡ ᠬᠤᠷᠠᠯ᠎ᠡᠴᠡ ᠬᠢᠨᠠᠨ ᠵᠥᠪᠯᠡᠵᠦ᠍ ᠪᠠᠲᠤᠯᠠᠭ᠍ᠰᠠᠨ ᠱᠢᠢᠳᠪᠦᠷᠢ ᠨᠢ ᠪᠢᠳᠡᠨ᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢᠯᠠᠵᠤ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠵᠤ᠂ ᠡᠷᠴᠢ ᠵᠣᠷᠢᠭ᠎ᠢ ᠨᠢ ᠬᠥᠪᠴᠢᠯᠠᠵᠤ ᠪᠠᠢᠨ᠎ᠠ᠃ ᠪᠢ ᠨᠠᠮ᠎ᠤᠨ ᠭᠡᠱᠢᠭᠦᠨ ᠺᠠᠳ᠋ᠷ᠎ᠢ ᠳᠠᠭᠠᠭᠤᠯᠤᠨ ᠦᠷᠭᠦᠯᠵᠢᠯᠡᠨ ᠴᠢᠷᠮᠠᠢᠨ ᠲᠡᠮᠡᠴᠡᠵᠦ᠍᠂ ᠭᠠᠴᠠᠭᠠᠨ᠎ᠤ ᠡᠯ᠎ᠡ ᠵᠦᠶ᠋ᠯ᠎ᠦᠨ ᠵᠢᠭᠤᠯᠴᠢᠯᠠᠯ᠎ᠤᠨ ᠰᠠᠭᠤᠷᠢ ᠲᠥᠬᠥᠭᠡᠷᠦᠮᠵᠢ᠎ᠶ᠋ᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠵᠦ᠍᠂ ᠡᠯᠡᠰᠦᠨ ᠴᠥᠯ᠎ᠦᠨ ᠵᠢᠭᠤᠯᠴᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠪᠡᠷ ᠳᠠᠮᠵᠢᠭᠤᠯᠤᠨ ᠣᠯᠠᠨ ᠲᠦᠮᠡᠨ᠎ᠳᠦ ᠨᠠᠩ ᠣᠯᠠᠨ ᠵᠤᠯ ᠵᠢᠷᠭᠠᠯᠲᠤ ᠲᠥᠷᠥᠭ᠌ᠳᠡᠯ ᠪᠠ ᠠᠮᠤᠷ ᠲᠦᠪᠱᠢᠨ᠎ᠦ ᠲᠥᠷᠥᠭ᠌ᠳᠡᠯ ᠣᠯᠭᠣᠨ᠎ᠠ 》 ᠭᠡᠵᠦ ᠬᠡᠯᠡᠪᠡ᠃
ᠣᠷᠳᠣᠰ ᠬᠣᠲᠠ᠎ᠶ᠋ᠢᠨ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠡᠵᠡᠨ ᠬᠣᠷᠣᠭ᠎ᠠ ᠬᠣᠱᠢᠭᠤᠨ᠎ᠤ ᠨᠠᠮ᠎ᠤᠨ ᠬᠣᠷᠢᠶᠠᠨ᠎ᠤ ᠱᠦᠵᠢ ᠬᠤᠸᠠ ᠷᠦᠢ ᠹᠧᠩ᠄ 《ᠡᠵᠡᠨ ᠬᠣᠷᠣᠭ᠎ᠠ ᠬᠣᠱᠢᠭᠤ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠱᠢᠯᠠᠭᠤᠯᠵᠤ᠂ ᠨᠠᠮ᠎ᠤᠨ ᠲᠥᠪ ᠬᠣᠷᠢᠶᠠᠨ᠎ᠤ ᠠᠯᠬᠤᠮ᠎ᠢ ᠴᠢᠩᠭ᠎ᠠ ᠳᠠᠭᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠱᠢᠨᠡᠬᠥᠭ᠌ᠵᠢᠯᠲᠡᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠤᠨᠤᠪᠴᠢᠳᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠬᠤ᠂ ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠳᠠ ᠣᠷᠭᠢᠯ ᠭᠡᠮᠵᠢᠭᠳᠡᠯ᠎ᠳᠤ ᠬᠦᠷᠬᠦ᠂ ᠨᠡᠭᠦᠷᠡᠰᠦᠲᠥ᠋ᠷᠥᠭ᠌ᠴᠢ ᠵᠢ ᠰᠠᠭᠠᠷᠮᠠᠭ᠍ᠵᠢᠭᠤᠯᠬᠤ ᠬᠠᠷᠠᠯᠲᠠ ᠡᠭᠦᠷᠭᠡ ᠵᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠦ᠂ 〈ᠰᠠᠯᠬᠢᠨ ᠡᠨ᠋ᠸᠷᠬᠢ ᠨᠠᠷᠠᠨ ᠤ᠋ ᠡᠨ᠋ᠸᠷᠬᠢ ᠤᠰᠤᠲᠥ᠋ᠷᠥᠭ᠌ᠴᠢ ᠵᠢᠨ ᠡᠨ᠋ᠸᠷᠬᠢ ᠵᠢᠨ ᠨᠦᠬᠡᠴᠡ ᠵᠢᠨ ᠲᠡᠷᠭᠡ〉 ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠰᠦᠷᠦᠭ᠌ᠵᠢᠯ᠎ᠢ ᠲᠦᠷᠭᠡᠳᠭᠡᠨ ᠪᠣᠢᠵᠢᠭᠤᠯᠵᠤ᠂ ᠠᠵᠤ ᠠᠬᠤᠶ᠎ᠶ᠋ᠢᠨ ᠪᠦᠲᠦᠴᠡ᠎ᠶ᠋ᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠳᠤ ᠲᠡᠢᠰᠢ ᠰᠢᠯᠵᠢᠬᠦ ᠵᠢ ᠪᠥᠬᠥ᠌ ᠲᠠᠯ᠎ᠠ᠎ᠪᠠᠷ ᠳᠥᠯᠭᠢᠨ ᠠᠬᠢᠭᠤᠯᠵᠤ᠂ ᠡᠬᠢ ᠪᠠᠶᠠᠯᠢᠭ᠎ᠤᠨ ᠬᠡᠯᠪᠡᠷᠢ᠎ᠶ᠋ᠢᠨ ᠭᠠᠵᠠᠷ ᠣᠷᠣᠨ᠎ᠤ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠲᠦᠷᠦᠭᠦᠯᠡᠨ ᠰᠠᠢᠲᠤᠷ ᠵᠠᠮᠨᠠᠵᠤ᠂ ᠡᠵᠡᠨ ᠬᠣᠷᠣᠭ᠎ᠠ᠎ᠶ᠋ᠢᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠦᠨ᠎ᠠ》 ᠭᠡᠵᠦ ᠬᠡᠯᠡᠪᠡ᠃
ᠪᠥᠬᠥᠳᠡ ᠬᠤᠷᠠᠯ᠎ᠡᠴᠡ ᠳᠤᠷᠠᠳᠤᠭ᠍ᠰᠠᠨ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠬᠡ ᠢᠨᠵᠧᠨᠧᠷᠢᠩ᠎ᠢ ᠦᠷᠭᠦᠯᠵᠢᠯᠡᠨ ᠠᠬᠢᠭᠤᠯᠬᠤ ᠲᠤᠬᠠᠢ᠂ ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠦᠨ ᠨᠡᠢᠳᠡ ᠵᠢᠨ ᠪᠤᠰᠤ ᠦᠮᠴᠢᠯᠡᠯᠳᠤ ᠠᠵᠤ ᠠᠬᠤᠢᠯᠠᠯ ᠤ᠋ᠨ ᠨᠠᠮ᠎ᠤᠨ ᠪᠠᠢᠭᠤᠯᠤᠯᠲᠠ᠎ᠶ᠋ᠢᠨ ᠠᠯᠪᠠᠨ ᠬᠡᠷ᠎ᠦᠨ ᠺᠠᠳ᠋ᠷ ᠧ ᠵᠧᠩ ᠵᠣᠣ ᠄ 《 ᠵᠣᠬᠢᠶᠠᠨ ᠪᠠᠢᠭᠤᠯᠬᠤ ᠠᠵᠢᠯ᠎ᠤᠨ ᠺᠠᠳ᠋ᠷ ᠪᠣᠯᠤᠭ᠍ᠰᠠᠨ᠎ᠤ ᠬᠤᠪᠢ᠎ᠳᠤ᠂ ᠱᠢᠨ᠎ᠡ ᠴᠠᠭ ᠦᠶ᠎ᠡ᠎ᠶ᠋ᠢᠨ ᠱᠢᠨ᠎ᠡ ᠱᠠᠭᠠᠷᠳᠠᠯᠭ᠎ᠠ᠎ᠶ᠋ᠢᠨ ᠡᠮᠦᠨ᠎ᠡ᠂ ᠪᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠡᠭᠦᠷᠢᠳᠡ ᠳᠠᠭᠤᠰᠤᠰᠢ ᠦᠭᠡᠢ ᠪᠠᠢᠬᠤ ᠤᠯᠤᠰ ᠲᠦᠷᠦ᠍᠎ᠶ᠋ᠢᠨ ᠤᠬᠠᠮᠰᠠᠷ᠎ᠢᠶᠠᠨ ᠦᠨᠡᠨ ᠬᠦ᠌ ᠴᠢᠩᠭᠠᠳᠭᠠᠨ᠎ᠠ᠂ ᠱᠢᠨ᠎ᠡ ᠴᠠᠭ ᠦᠶ᠎ᠡ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠦᠨᠡᠨᠴᠢ ᠱᠢᠳᠤᠷᠭᠤ᠎ᠪᠠᠷ ᠦᠶ᠋ᠯᠡᠳᠦᠯᠭᠡᠵᠢᠭᠦᠯᠦᠨ᠎ᠡ᠂ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠬᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠠᠷᠢᠭᠤᠴᠠᠯᠭ᠎ᠠ ᠪᠡᠨ ᠮᠡᠳᠡᠵᠦ᠂ ᠬᠠᠷᠢᠭᠤᠴᠠᠯᠭ᠎ᠠ᠎ᠪᠡᠨ ᠡᠭᠦᠷᠭᠡᠯᠡᠵᠦ᠂ ᠬᠠᠷᠢᠭᠤᠴᠠᠯᠭ᠎ᠠ᠎ᠪᠠᠨ ᠭᠦᠢᠴᠡᠳᠭᠡᠵᠦ᠂ ᠨᠠᠮ᠎ᠢᠶᠠᠨ ᠴᠢᠩᠭ᠎ᠠ ᠬᠠᠢᠷᠠᠯᠠᠬᠤ ᠰᠡᠳᠭᠢᠯᠭᠡ᠎ᠪᠡᠷ᠂ ᠠᠷᠠᠳ᠎ᠤᠨ ᠲᠥᠯᠥᠭᠡ ᠵᠢᠳᠬᠦᠬᠦ᠌ ᠰᠡᠳᠭᠢᠯᠭᠡᠪᠡᠷᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠵᠦ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ ᠤᠯᠤᠰ᠎ᠤᠨ ᠵᠡᠭᠦᠳᠦ᠍᠎ᠶ᠋ᠢ ᠪᠡᠶᠡᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠢᠯᠡᠳᠭᠡᠪᠡ᠃
ᠲᠦᠩᠯᠢᠶᠣᠤ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠶᠡᠷᠦᠩᠬᠡᠢᠯᠡᠭ᠌ᠰᠡᠨ ᠪᠠᠲᠤᠯᠠᠭ᠎ᠠ᠎ᠶ᠋ᠢᠨ ᠲᠥᠪ᠎ᠦᠨ ᠳᠡᠳ᠋ ᠡᠷᠬᠢᠯᠡᠭ᠌ᠴᠢ ᠸᠠᠩ ᠬᠠᠶ ᠱᠢᠶᠠ ᠄ 《 ᠪᠥᠬᠥᠳᠡ ᠬᠤᠷᠠᠯ᠎ᠤᠨ ᠠᠯᠪᠠᠨ ᠮᠡᠳᠡᠭᠡ᠎ᠶ᠋ᠢᠨ ᠠᠯᠢ ᠣᠯᠠᠨ ᠠᠯᠤᠰ᠎ᠤᠨ ᠲᠥᠰᠦᠪ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠨᠢ ᠬᠥᠮᠦᠰ᠎ᠢ ᠶᠡᠬᠡᠳᠡ ᠵᠣᠷᠢᠭ᠍ᠵᠢᠭᠤᠯᠵᠤ᠂ ᠲᠤᠢᠯ᠎ᠢᠶᠠᠷ ᠤᠷᠮᠠᠱᠢᠭᠤᠯᠪᠠ᠃ ᠦᠨᠳᠦᠰᠦᠨ ᠱᠠᠲᠤᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠹᠷᠣᠨᠲ᠎ᠤᠨ ᠨᠢᠭᠡᠨ ᠤᠬᠠᠭᠤᠯᠬᠤ ᠠᠵᠢᠯᠳᠠᠨ ᠪᠣᠯᠤᠭ᠍ᠰᠠᠨ᠎ᠤ ᠬᠤᠪᠢ᠎ᠳᠤ᠂ ᠪᠢ ᠵᠠᠭᠤᠨ ᠵᠢᠯ᠎ᠦᠨ ᠨᠠᠮ᠎ᠤᠨ ᠲᠡᠦᠬᠡ᠎ᠡᠴᠡ ᠤᠭ ᠰᠠᠨᠠᠭ᠎ᠠ᠎ᠪᠠᠨ ᠤᠮᠳᠠᠯᠠᠵᠤ᠂ ᠵᠠᠭᠤᠨ ᠵᠢᠯ᠎ᠦᠨ ᠭᠡᠷᠡᠯ ᠰᠠᠴᠤᠷᠠᠩᠭᠤᠢ ᠠᠮᠵᠢᠯᠲᠠ᠎ᠡᠴᠡ ᠬᠦᠴᠦᠨ ᠴᠢᠳᠠᠯ ᠬᠦᠷᠳᠡᠵᠦ᠍᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠴᠠᠭᠠᠷᠠᠭ᠍ᠰᠠᠨ ᠡᠷᠳᠡᠮ ᠴᠢᠳᠠᠪᠤᠷᠢ᠎ᠶ᠋ᠢ ᠳᠠᠪᠲᠠᠨ ᠪᠣᠯᠪᠠᠰᠤᠷᠠᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠱᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ 》 ᠭᠡᠵᠦ ᠬᠡᠯᠡᠪᠡ᠃
ᠬᠢᠩᠭᠠᠨ ᠠᠢᠮᠠᠭ᠎ᠤᠨ ᠤᠯᠠᠭᠠᠨᠬᠣᠲᠠ᠎ᠶ᠋ᠢᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶᠠᠨ᠎ᠤ ᠳᠠᠷᠤᠭ᠎ᠠ ᠶᠠᠩ ᠸᠸᠨ ᠮᠢᠩ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠲᠡᠷᠢᠭᠦᠨ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠱᠢᠨ᠎ᠡ᠎ᠶ᠋ᠢ ᠡᠭᠦᠳᠦᠨ ᠪᠣᠳᠠᠲᠠᠢ ᠠᠵᠢᠯᠯᠠᠵᠤ᠂ ᠨᠣᠶᠠᠨ ᠤᠷᠬᠢᠯ᠎ᠳᠤ ᠵᠣᠷᠢᠭ᠍ᠲᠠᠢ ᠠᠪᠠᠷᠢᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠠ᠂ ᠳᠠᠷᠠᠭᠠᠴᠢ᠎ᠶ᠋ᠢᠨ ᠠᠯᠬᠤᠮ᠎ᠳᠤ᠂ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠰᠠᠢᠲᠤᠷ ᠠᠳᠭᠤᠵᠤ᠂ ᠣᠷᠭᠠᠨᠢᠭ ᠤᠰᠤᠨ ᠲᠤᠲᠤᠷᠭ᠎ᠠ ᠪᠠ ᠤᠨᠴᠠᠯᠢᠬ᠍ᠳᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠥᠳᠡᠭᠡ ᠠᠵᠤ ᠠᠬᠤᠢ ᠪᠠ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠲᠣᠰᠭᠣᠨ᠎ᠤ ᠠᠷᠠᠳ᠎ᠤᠨ ᠣᠷᠣᠯᠭ᠎ᠠ᠎ᠪᠠᠨ ᠨᠡᠮᠡᠭ᠌ᠳᠡᠭᠦᠯᠦᠨ ᠪᠠᠶᠠᠵᠢᠬᠤ᠎ᠶ᠋ᠢ ᠠᠬᠢᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠦᠢᠯᠡᠰ᠎ᠦᠨ ᠱᠢᠨ᠎ᠡ ᠳᠡᠭ᠌ᠲᠡᠷ᠎ᠲᠦ ᠭᠠᠷᠬᠤ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠤᠨ᠎ᠠ ᠭᠡᠵᠦ᠍ ᠢᠯᠡᠳᠭᠡᠪᠡ᠃
ᠰᠥᠨᠢᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ᠎ᠦᠨ ᠳᠠᠷᠤᠭ᠎ᠠ ᠵᠠᠨ᠎ᠠ᠂ ᠬᠣᠢᠱᠢᠳᠠ ᠠᠷᠠᠳ ᠲᠦᠮᠡᠨ᠎ᠢᠶᠡᠷ ᠭᠤᠤᠯ ᠪᠣᠯᠭᠠᠬᠤ ᠵᠣᠬᠢᠶᠠᠨ ᠪᠦᠲᠦᠭᠡᠬᠦ᠌ ᠤᠳᠤᠷᠢᠳᠤᠮᠵᠢ᠎ᠶ᠋ᠢ ᠦᠷᠭᠦᠯᠵᠢᠯᠡᠨ ᠪᠠᠷᠢᠮᠲᠠᠯᠠᠵᠤ᠂ ᠠᠮᠢᠳᠤᠷᠠᠯ᠎ᠳᠤ ᠭᠦᠨᠵᠡᠭᠡᠢᠷᠡᠨ᠂ ᠠᠷᠠᠳ ᠲᠦᠮᠡᠨ᠎ᠦ ᠳᠤᠮᠳᠠ ᠦᠨᠳᠦᠰᠦᠯᠡᠵᠦ᠍᠂ ᠡᠯᠪᠡᠭ ᠪᠠᠶᠠᠯᠢᠭ ᠤᠳᠭ᠎ᠠ ᠤᠷᠠᠯᠢᠭ᠎ᠤᠨ ᠬᠡᠯᠪᠡᠷᠢ᠎ᠪᠡᠷ ᠨᠠᠮ᠎ᠤᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠵᠤ᠂ ᠨᠠᠮ᠎ᠤᠨ ᠲᠠᠭᠤᠨ᠎ᠢ ᠳᠠᠮᠵᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ᠂ ᠦᠨᠳᠦᠰᠦᠲᠡᠨ᠎ᠦ ᠰᠣᠶᠣᠯ᠎ᠤᠨ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠂ ᠦᠨᠳᠦᠰᠦᠲᠡᠨ᠎ᠦ ᠪᠦᠯᠬᠦᠮᠳᠡᠯ ᠪᠣᠯᠤᠨ ᠬᠢᠯᠢ ᠬᠢᠵᠠᠭᠠᠷ᠎ᠤᠨ ᠲᠣᠭ᠍ᠲᠠᠭᠤᠨ᠎ᠢ ᠬᠠᠮᠠᠭᠠᠯᠠᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠪᠡ᠃
ᠤᠯᠠᠭᠠᠨᠴᠠᠪ ᠬᠣᠲᠠ᠎ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠲᠡᠭᠰᠢᠪᠤᠯᠠᠭ ᠪᠠᠯᠭᠠᠰᠤᠨ᠎ᠤ ᠨᠠᠮ᠎ᠤᠨ ᠬᠣᠷᠢᠶᠠᠨ᠎ᠤ ᠱᠦᠵᠢ ᠵᠢᠶᠠ ᡁᠢ ᠭᠠᠩ᠄ 《〈ᠱᠢᠶ᠋ᠳᠪᠦᠷᠢ〉 ᠪᠣᠯ ᠮᠠᠷᠺᠰ᠎ᠤᠨ ᠦᠵᠡᠯ᠎ᠦᠨ ᠬᠡᠷᠡᠯ ᠭᠢᠯᠪᠠᠭ᠎ᠠ ᠰᠠᠴᠤᠷᠠᠭ᠍ᠰᠠᠨ ᠴᠢᠬᠤᠯᠠ ᠲᠤᠯᠭᠤᠷ ᠪᠢᠴᠢᠭ ᠮᠥᠨ᠂ ᠠᠭᠤᠤ ᠶᠡᠬᠡ ᠠᠮᠵᠢᠯᠲᠠ ᠣᠯᠤᠭ᠍ᠰᠠᠨ ᠲᠤᠩᠬᠠᠭ ᠪᠢᠴᠢᠭ ᠮᠥᠨ᠂ ᠠᠭᠤᠤ ᠶᠡᠬᠡ ᠲᠤᠷᠱᠢᠯᠭ᠎ᠠ᠎ᠶ᠋ᠢ ᠪᠣᠯᠪᠠᠰᠤᠷᠠᠭᠤᠯᠬᠤ ᠶᠡᠷᠦᠩᠬᠡᠶ ᠬᠥᠲᠥᠯᠪᠦᠷᠢ ᠮᠥᠨ᠂ ᠠᠭᠤᠤ ᠶᠡᠬᠡ ᠦᠶ᠋ᠯᠡᠰ᠎ᠢ ᠦᠷᠭᠦᠯᠵᠢᠯᠡᠭᠦᠯᠬᠦ᠌ ᠲᠠᠭᠠᠷᠢᠯᠲᠠ᠎ᠶ᠋ᠢᠨ ᠪᠦᠷᠢᠶ᠎ᠡ ᠮᠥᠨ᠂ ᠠᠭᠤᠤ ᠶᠡᠬᠡ ᠬᠦᠰᠡᠯ ᠵᠡᠭᠦᠳᠦ᠍᠎ᠶ᠋ᠢ ᠲᠡᠷᠭᠡᠯᠰᠢᠭᠦᠯᠬᠦ ᠵᠦᠭ᠌ᠯᠡᠭᠦᠷ ᠮᠥᠨ᠃ ᠪᠢᠳᠡ ᠱᠢᠨ᠎ᠡ ᠱᠢᠯᠭᠠᠯᠲᠠ᠎ᠶ᠋ᠢᠨ ᠠᠶᠠᠨ ᠳᠡᠭᠡᠷ᠎ᠡ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠡᠷᠡ ᠬᠡᠪ᠎ᠢᠶᠡᠷ ᠨᠢ ᠲᠤᠭᠤᠱᠢᠯᠠᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠠᠮ ᠳᠡᠭᠡᠷ᠎ᠡ ᠡᠷᠴᠢ ᠵᠣᠷᠢᠭ᠎ᠢᠶᠠᠨ ᠬᠥᠪᠴᠢᠯᠡᠨ ᠴᠢᠷᠮᠠᠢᠨ ᠠᠵᠢᠯᠯᠠᠵᠤ᠂ ᠡᠶ᠎ᠡ ᠵᠣᠬᠢᠴᠠᠩᠭᠤᠶ᠂ ᠦᠵᠡᠰᠭᠦᠯᠡᠩᠲᠦ ᠰᠠᠢᠬᠠᠨ᠂ ᠣᠷᠣᠱᠢᠨ ᠰᠠᠭᠤᠬᠤ᠎ᠳᠤ ᠲᠠᠭᠠᠯᠠᠮᠵᠢᠲᠠᠶ᠂ ᠪᠠᠶᠠᠨ ᠴᠢᠨᠡᠭᠡᠯᠢᠭ ᠬᠥᠳᠡᠭᠡ ᠲᠣᠰᠭᠣᠨ᠎ᠢ ᠪᠥᠲᠥᠭᠡᠨ ᠪᠠᠢᠭᠤᠯᠬᠤ᠎ᠳᠤ ᠬᠤᠪᠢ ᠨᠡᠮᠡᠷᠢ ᠦᠵᠡᠭᠦᠯᠦᠨ᠎ᠡ》 ᠭᠡᠪᠡ᠃
ᠪᠠᠶᠠᠨᠨᠠᠭᠤᠷ ᠬᠣᠲᠠ᠎ᠶ᠋ᠢᠨ ᠤᠷᠠᠳ᠎ᠤᠨ ᠬᠣᠢᠲᠤ ᠬᠣᠱᠢᠭᠤᠨ᠎ᠤ ᠤᠤ᠌ᠵᠢᠨ ᠭᠤᠤᠯ ᠰᠤᠮᠤᠶ᠋ᠢᠨᠠᠯᠲᠠᠨ ᠬᠠᠭᠠᠯᠭ᠎ᠠ ᠭᠠᠴᠠᠭᠠᠨ᠎ᠤ ᠠᠬᠠᠮᠠᠳ ᠨᠠᠮ᠎ᠤᠨ ᠭᠡᠱᠢᠭᠦᠨ ᠰᠦᠬᠡᠪᠠᠭᠠᠲᠤᠷ᠄ 《ᠪᠥᠬᠥᠳᠡ ᠬᠤᠷᠠᠯ᠎ᠠᠴᠠ᠂ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠰᠠᠢᠨ ᠰᠠᠢᠬᠠᠨ ᠠᠮᠢᠳᠤᠷᠠᠯ᠎ᠤᠨ ᠲᠥᠯᠥᠭᠡ ᠲᠠᠰᠤᠷᠠᠯᠲᠠ ᠥᠬᠡᠶ ᠲᠡᠮᠡᠴᠡᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃ ᠡᠨᠡ ᠨᠢ ᠮᠠᠨ᠎ᠤ ᠦᠨᠳᠦᠰᠦᠨ ᠱᠠᠲᠤᠨ᠎ᠤ ᠠᠷᠠᠳ ᠲᠦᠮᠡᠨ ᠳ᠋ᠦ ᠮᠠᠰᠢ ᠬᠠᠯᠠᠭᠤᠬᠠᠨ ᠰᠠᠨᠠᠭᠳᠠᠭᠰᠠᠨ ᠮᠦᠷᠲᠡᠭᠡᠨ ᠪᠢᠳᠡᠨ᠎ᠢ ᠤᠷᠮᠠᠱᠢᠭᠤᠯᠤᠨ ᠵᠤᠷᠢᠭᠵᠢᠭᠤᠯᠵᠠᠢ᠃ ᠤᠢ᠍ᠢᠷ᠎ᠠ᠎ᠶ᠋ᠢᠨ ᠵᠢᠯ᠎ᠡᠴᠡ ᠨᠠᠭᠠᠰᠢ᠂ ᠨᠠᠮ᠎ᠤᠨ ᠬᠠᠯᠠᠮᠵᠢᠯᠠᠯ ᠪᠣᠯᠤᠨ ᠤᠳᠤᠷᠢᠳᠤᠯᠭ᠎ᠠ ᠳᠣᠣᠷ᠎ᠠ᠂ ᠠᠷᠠᠳ ᠤᠯᠠᠨ᠎ᠤ ᠠᠮᠢᠳᠤᠷᠠᠯ ᠶᠠᠪᠤᠬᠤ ᠲᠤᠳᠤᠮ ᠵᠣᠯ ᠵᠢᠷᠭᠠᠯ᠎ᠲᠠᠶ ᠪᠤᠯᠵᠤ᠂ ᠰᠠᠢ᠌ᠨ ᠰᠠᠢᠬᠠᠨ ᠢᠷᠡᠭᠡᠳᠦᠢ᠎ᠶ᠋ᠢᠨ ᠲᠤᠬᠠᠢ ᠬᠦᠰᠡᠯ ᠡᠷᠡᠮᠡᠯᠵᠡᠯ ᠴᠦ᠍ ᠢᠲᠡᠭᠡᠯ ᠳᠦᠭᠦᠷᠡᠩ ᠪᠣᠯᠵᠠᠢ᠃ ᠠᠬᠠᠮᠠᠳ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠳᠦ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ 》 ᠭᠡᠪᠡ᠃
ᠥᠪᠥᠷ ᠮᠣᠩᠭᠣᠯ᠎ᠤᠨ ᠶᠡᠬᠡ ᠬᠢᠩᠭᠠᠨ ᠳᠠᠪᠠᠭ᠎ᠠ᠎ᠶ᠋ᠢᠨ ᠪᠢᠯᠠ ᠭᠤᠤᠯ ᠳ᠋ᠡᠬᠢ ᠤᠢ ᠱᠢᠭᠤᠢ᠎ᠶ᠋ᠢᠨ ᠺᠣᠮᠫᠠᠨᠢ᠎ᠶ᠋ᠢᠨ ᠨᠣᠮᠢᠨ ᠤᠢ ᠱᠢᠭᠤᠢ᠎ᠶ᠋ᠢᠨ ᠲᠠᠯᠠᠪᠠᠢ᠎ᠶ᠋ᠢᠨ ᠨᠠᠮ᠎ᠤᠨ ᠡᠭᠦᠷ᠎ᠦᠨ ᠱᠦᠵᠢ ᠸᠠᠩ ᡁᠢ ᠬᠣᠩ᠄ 《ᠱᠢᠭᠤᠢᠲᠤ ᠣᠷᠣᠨ᠎ᠤ ᠬᠥᠮᠦᠨ ᠪᠣᠯᠤᠭ᠍ᠰᠠᠨ᠎ᠤ ᠬᠤᠪᠢ᠎ᠳᠤ᠂ ᠱᠢᠭᠤᠢᠲᠤ ᠣᠷᠣᠨ᠎ᠤ ᠤᠢ ᠱᠢᠭᠤᠢ᠎ᠶ᠋ᠢᠨ ᠡᠬᠢ ᠪᠠᠶᠠᠯᠢᠭ᠎ᠢ ᠰᠠᠢᠲᠤᠷ ᠬᠠᠮᠠᠭᠠᠯᠠᠬᠤ ᠪᠣᠯ ᠮᠠᠨ᠎ᠤ ᠲᠡᠷᠢᠭᠦᠨ ᠴᠢᠬᠤᠯᠠ ᠡᠭᠦᠷᠭᠡ ᠮᠥᠨ᠂ ᠪᠢᠳᠡ ᠶᠡᠷᠦᠩᠬᠡᠢ ᠱᠦᠵᠢ᠎ᠶ᠋ᠢᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ 〈ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ〉 ᠭᠡᠬᠦ᠌ ᠡᠨᠡ ᠬᠦ᠌ ᠶᠡᠬᠡ ᠶᠠᠪᠤᠳᠠᠯ᠎ᠢ ᠰᠡᠳᠭᠢᠯ ᠲᠠᠯᠪᠢᠨ ᠰᠠᠢᠲᠤᠷ ᠬᠢᠵᠦ᠍᠂ ᠬᠢᠯᠪᠠᠷ ᠪᠤᠰᠤ᠎ᠪᠠᠷ ᠢᠷᠡᠭ᠌ᠰᠡᠨ ᠰᠠᠢ᠌ᠨ ᠰᠠᠢᠬᠠᠨ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠨ᠎ᠠ》 ᠭᠡᠪᠡ᠃
(ᠲᠤᠰ ᠰᠣᠨᠢᠨ᠎ᠤ ᠰᠤᠷᠪᠤᠯᠵᠢᠯᠠᠭ᠍ᠴᠢ ᠵᠧᠩ ᠱᠢᠤᠸᠠᠢ ᠯᠢᠶᠠᠩ ᠰᠦᠩ ᠠ ᠨᠠᠨ ᠬᠤᠤ ᠪᠢᠶᠤᠤ ᠯᠢ ᠢᠦᠢ ᠵᠦᠸᠸ ᠯᠢᠦ ᠬᠣᠩ ᠵᠠᠩ ᠸᠠᠩ ᠢᠦᠢ ᠵᠦᠸᠸ ᠸᠧᠢ ᠨᠠ ᠭᠦᠸᠧ ᠬᠣᠩ ᠱᠸᠨ ᠬᠤᠷᠴᠠ ᠭᠤᠤ ᠮᠢᠨ ᠨᠠ ᠪᠠᠶᠠᠰᠭᠤᠯᠠᠩ ᠬᠤᠸᠠᠩ ᠫᠦ ᠮᠧᠢ ᠱᠢᠶᠠᠨ ᠬᠠᠢ ᠵᠢᠶᠦ᠋ᠨ ᠲᠡᠭᠦᠰᠪᠢᠯᠢᠭ ᠯᠢᠦ ᠢᠦᠢ ᠷᠦᠩ ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠱᠢᠤᠸᠠᠢ ᠢ ᠴᠢᠶᠦ᠋ᠨ ᠨᠠᠷ ᠶᠡᠷᠦᠩᠬᠡᠢᠯᠡᠨ ᠮᠡᠳᠡᠭᠡᠯᠡᠪᠡ)