ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠰᠤᠳᠤᠯᠬᠤ ᠪᠡᠷ ᠲᠠᠮᠵᠢᠨ ᠳᠤᠤᠷᠠᠬᠢ ᠲᠤᠰᠢᠶᠠᠯ᠎ᠳᠤ ᠲᠤᠮᠢᠯᠠᠬᠤ ᠪᠡᠷ ᠪᠠᠢ᠌ᠭ᠎ᠠ 1 ᠺᠠᠳ᠋ᠷ᠎ᠢ ᠢᠯᠡ ᠨᠡᠢ᠌ᠳᠡᠯᠡᠬᠦ᠌ ᠪᠡᠷ ᠲᠤᠭ᠍ᠳᠠᠵᠠᠢ᠃
ᠨᠢᠬᠡ᠂ ᠢᠯᠡ ᠨᠡᠢ᠌ᠳᠡᠯᠡᠬᠦ᠌ ᠨᠡᠷᠡᠰ
ᠵᠠᠩ ᠬᠤᠢ ᠢᠦᠢ᠂ ᠡᠷᠡᠭᠳᠠᠢ᠂ 1975 ᠤᠨ᠎ᠤ 3 ᠰᠠᠷ᠎ᠠ᠎ᠳᠤ ᠲᠦᠷᠦᠵᠠᠢ᠂ ᠲᠦᠪ᠎ᠤᠨ ᠨᠠᠮ᠎ᠤᠨ ᠰᠤᠷᠭᠠᠭᠤᠯᠢ ᠵᠢᠨ ᠠᠰᠫᠢᠷᠠᠨᠲ᠎ᠤᠨ ᠰᠤᠷᠤᠯᠭ᠎ᠠ ᠵᠢᠨ ᠨᠠᠮᠳᠠᠷ ᠲᠠᠢ᠂ ᠲᠡᠭᠡᠳᠤ ᠵᠡᠷᠭᠡ ᠵᠢᠨ ᠬᠠᠮᠢᠶᠡᠷᠤᠯᠳᠠ ᠵᠢᠨ ᠠᠵᠢᠯᠳᠠᠨ᠎ᠤ ᠦᠢᠯᠡᠳᠪᠤᠷᠢ ᠬᠤᠳᠠᠯᠳᠤᠭᠠᠨ᠎ᠤ ᠬᠠᠮᠢᠶᠠᠷᠤᠯᠳᠠ ᠵᠢᠨ ᠮᠠᠰᠲᠸᠷ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠭᠡᠰᠢᠬᠦᠨ᠂ ᠤᠳᠤ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠨᠭᠭᠢᠮ᠎ᠤᠨ ᠨᠠᠮ᠎ᠤᠨ ᠤᠳᠤᠷᠢᠳᠬᠤ ᠲᠤᠭᠤᠢᠯᠠᠩ᠎ᠤᠨ ᠪᠦᠷᠢᠯᠳᠦᠬᠦᠨ᠂ ᠲᠡᠳ᠋ ᠲᠢᠨᠭᠭᠢᠮ᠎ᠤᠨ ᠲᠠᠷᠤᠭ᠎ᠠ ᠵᠢᠨ ᠲᠤᠰᠢᠶᠠᠯ᠎ᠢ ᠡᠬᠦᠷᠭᠡᠯᠡᠵᠤ ᠪᠤᠢ᠂ ᠦᠪᠡᠷᠳᠡᠭᠡᠨ ᠵᠠᠰᠬᠠᠤ ᠤᠷᠤᠨ᠎ᠤ ᠤᠯᠠᠨ ᠲᠦᠮᠡᠨ᠎ᠤ ᠪᠦᠯᠬᠦᠮ᠎ᠤᠨ ᠪᠠᠢᠭᠤᠯᠭ᠎ᠠ ᠵᠢᠨ ᠵᠢᠨᠭᠭᠢᠨᠢ ᠲᠤᠰᠢᠶᠠᠯ᠎ᠳᠤ ᠲᠤᠮᠢᠯᠠᠬᠤ ᠪᠡᠷ ᠪᠤᠢ᠃
ᠬᠤᠶᠠᠷ᠂ ᠢᠯᠡ ᠨᠡᠢ᠌ᠳᠡᠯᠡᠬᠦ᠌ ᠴᠠᠭ
2021 ᠤᠨ᠎ᠤ 11 ᠰᠠᠷ᠎ᠠ᠎ᠵᠢᠨ 13 ᠤ᠋ ᠡᠳᠤᠷ ᠡᠴᠡ 2021 ᠤᠨ᠎ᠤ 11 ᠰᠠᠷ᠎ᠠ᠎ᠵᠢᠨ 19 ᠤ᠋ ᠡᠳᠤᠷ ᠪᠤᠯᠳᠠᠯ᠎ᠠ᠃
ᠭᠤᠷᠪᠠ᠂ ᠬᠦᠯᠢᠶᠡᠨ ᠠᠪᠬᠤ ᠠᠷᠭ᠎ᠠ
ᠨᠢᠬᠡᠴᠢ ᠪᠤᠯᠤᠨ ᠬᠤᠪᠢ ᠬᠦᠮᠥᠨ ᠰᠤᠷᠪᠤᠯᠵᠢᠯᠠᠬᠤ ᠪᠡᠷ ᠢᠷᠡᠬᠦ᠂ ᠵᠠᠬᠢᠳᠠᠯ ᠢᠷᠡᠬᠦᠯᠬᠦ᠂ ᠤᠳᠠᠰᠤᠳᠠᠬᠤ ᠵᠡᠷᠬᠡ ᠬᠡᠯᠪᠡᠷᠢ ᠪᠡᠷ ᠲᠡᠭᠡᠷᠡᠬᠢ ᠢᠯᠡ ᠨᠡᠢ᠌ᠳᠡᠯᠡᠭ᠌ᠰᠡᠡ ᠬᠦᠮᠥᠨᠦ ᠬᠤᠯᠪᠤᠭ᠍ᠳᠠᠯ ᠪᠦᠬᠦᠢ ᠪᠠᠢ᠌ᠳᠠᠯ ᠪᠤᠯᠤᠨ ᠠᠰᠠᠭᠤᠳᠠᠯ᠎ᠢ ᠲᠤᠰᠭᠠᠵᠥ᠍ ᠪᠤᠯᠤᠨ᠎ᠠ᠃ ᠲᠤᠰᠭᠠᠬ᠍ᠰᠠᠨ ᠠᠰᠠᠭᠤᠳᠠᠯ ᠳ᠋ᠦ᠍ ᠪᠠᠢ᠌ᠴᠠᠭᠠᠯᠳᠠ ᠬᠢᠵᠦ᠍ ᠬᠢᠨᠡᠨ ᠳᠤᠳᠤᠯᠠᠬᠤ ᠳ᠋ᠦ᠍ ᠲᠦᠬᠦᠮ ᠪᠤᠯᠭᠠᠬᠤ ᠵᠢᠨ ᠲᠤᠰᠠᠳᠠ᠂ ᠠᠰᠠᠭᠤᠳᠠᠯ᠎ᠢ ᠲᠤᠰᠭᠠᠬᠤ ᠳ᠋ᠠᠭᠠᠨ ᠬᠤᠯᠪᠤᠭ᠍ᠳᠠᠯ ᠪᠦᠬᠦᠢ ᠰᠦᠪᠡᠭ᠌ᠴᠢ ᠵᠢᠴᠢ ᠲᠤᠰ ᠬᠦᠮᠦᠨ᠎ᠤ ᠦᠨᠡᠨ ᠨᠡᠷ᠎ᠠ ᠤᠪᠤᠭ᠂ ᠬᠠᠷᠢᠯᠴᠠᠬᠤ ᠠᠷᠭ᠎ᠠ ᠪᠤᠶᠤ ᠠᠵᠢᠯ᠎ᠤᠨ ᠨᠢᠭᠡᠴᠢ ᠵᠡᠷᠭᠡ ᠮᠡᠳᠡᠭᠡ ᠵᠠᠩᠬᠢ ᠪᠡᠨ ᠬᠠᠩᠭᠠᠭᠠᠷᠠᠢ᠂ ᠪᠢᠳᠡ ᠠᠵᠢᠯ᠎ᠤᠨ ᠰᠠᠬᠢᠯᠭ᠎ᠠ ᠪᠠᠳᠤ ᠵᠢ ᠴᠢᠩᠭ᠎ᠠ ᠵᠢᠷᠤᠮᠯᠠᠵᠦ᠍᠂ ᠨᠢᠭᠤᠴᠠ᠎ᠶ᠋ᠢ ᠬᠠᠮᠠᠭᠠᠯᠠᠬᠤ ᠡᠬᠦᠷᠭᠡ ᠪᠡᠨ ᠬᠦᠢᠴᠡᠳᠭᠡᠵᠦ᠍᠂ ᠬᠢᠨᠡᠨ ᠳᠤᠳᠤᠯᠠᠭ᠍ᠰᠠᠨ ᠪᠠᠢ᠌ᠳᠠᠯ᠎ᠢ ᠴᠠᠭ ᠲᠤᠬᠠᠢ ᠳ᠋ᠤᠨᠢ ᠬᠠᠷᠢᠭᠤ ᠲᠤᠰᠭᠠᠨ᠎ᠠ᠃
ᠢᠯᠡ ᠨᠡᠢᠳᠡᠯᠡᠬᠦ ᠠᠯᠪᠠᠨ ᠭᠡᠷ᠎ᠢ ᠦᠪᠤᠷ ᠮᠤᠩᠭᠤᠯ᠎ᠤᠨ ᠨᠠᠮ ᠵᠠᠰᠠᠭ᠎ᠤᠨ ᠪᠠᠢ᠌ᠭᠤᠯᠭ᠎ᠠ᠎ᠵᠢᠨ ᠠᠯᠪᠠᠨ ᠠᠰᠠᠷ᠎ᠤᠨ 401 ᠲᠠᠰᠤᠭ ᠲᠥ᠍ ᠳᠤᠬᠢᠷᠠᠭᠤᠯᠪᠠ ᠃
ᠬᠦᠯᠢᠶᠡᠨ ᠠᠪᠬᠤ ᠴᠠᠭ᠄ ᠠᠵᠢᠯᠯᠠᠬᠤ ᠡᠳᠤᠷ᠎ᠤᠨ ᠦᠳᠡ ᠵᠢᠨ ᠡᠮᠦᠨ᠎ᠡ 9᠄ 00 — 12᠄ 00
ᠦᠳᠡ᠎ᠵᠢᠨ ᠬᠤᠢᠨ᠎ᠠ 13᠄ 30 — 17 ᠄ 00
ᠬᠦᠯᠢᠶᠡᠨ ᠠᠪᠬᠤ ᠤᠳᠠᠰᠤ᠄ (0471)12380
ᠤᠨᠴᠠᠭᠠᠢ᠌ᠯᠠᠨ ᠵᠠᠷᠯᠠᠪᠠ
ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ
ᠨᠠᠮ ᠤ᠋ᠨ ᠬᠤᠷᠢᠶ᠎ᠠ ᠵᠢᠨ ᠵᠤᠬᠢᠶᠠᠨ ᠪᠠᠢ᠌ᠭᠤᠯᠬᠤ ᠬᠡᠯᠳᠡᠰ
2021 ᠤᠨ᠎ᠤ 11 ᠰᠠᠷ᠎ᠠ᠎ᠵᠢᠨ 12 ᠤ᠋ᠨ ᠡᠳᠤᠷ