— ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠢ ᠥᠭᠦᠯᠡᠬᠦ᠌ ᠨᠢ
ᠠᠷᠠᠳ᠎ᠤᠨ ᠡᠳᠤᠷ᠎ᠤᠨ ᠰᠤᠨᠢᠨ᠎ᠤ ᠰᠢᠬᠦᠮᠵᠢᠯᠡᠭᠴᠢ
ᠵᠠᠭᠤᠨ ᠵᠢᠯ᠎ᠦᠨ ᠠᠶᠠᠨ ᠵᠠᠮ ᠰᠦᠷ ᠳᠠᠯᠠᠢᠴᠠᠲᠠᠢ᠂ ᠵᠠᠭᠤᠨ ᠵᠢᠯ᠎ᠦᠨ ᠲᠡᠮᠡᠴᠡᠯ᠎ᠤᠨ ᠠᠮᠵᠢᠯᠳᠠ ᠪᠦᠳᠦᠮᠵᠢ ᠭᠡᠷᠡᠯ ᠰᠠᠴᠤᠷᠠᠩᠭᠤᠢ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠨᠢ ᠨᠠᠮ ᠪᠣᠯᠤᠨ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠥᠬᠥ᠌ ᠲᠠᠯ᠎ᠠ᠎ᠡᠴᠡ ᠡᠭᠦᠰᠴᠦ᠍᠂ ᠨᠠᠮ᠎ᠡᠴᠡ ᠠᠷᠠᠳ ᠲᠦᠮᠡᠨ᠎ᠢ ᠤᠳᠤᠷᠢᠳᠤᠨ ᠬᠤᠪᠢᠰᠭᠠᠯ᠂ ᠪᠥᠲᠥᠭᠡᠨ ᠪᠠᠢᠭᠤᠯᠤᠯᠲᠠ᠂ ᠥᠭᠡᠷᠡᠴᠢᠯᠡᠯᠲᠡ ᠬᠢᠭ᠌ᠰᠡᠨ ᠵᠠᠭᠤᠨ ᠵᠢᠯ᠎ᠦᠨ ᠲᠡᠦᠬᠡᠨ ᠶᠠᠪᠤᠴᠠ᠎ᠶ᠋ᠢ ᠭᠦᠨᠵᠡᠭᠡᠶ ᠰᠤᠳᠤᠯᠵᠤ᠂ ᠨᠠᠮ᠎ᠤᠨ ᠢᠯᠠᠯᠲᠠ᠎ᠵᠢᠨ ᠡᠷᠴᠢᠮ ᠳᠡᠭᠡᠷ᠎ᠡ ᠲᠠᠬᠢᠨ ᠤᠷᠤᠭ᠍ᠰᠢᠯᠠᠭ᠍ᠰᠠᠨ ᠠᠭᠤᠤ ᠶᠡᠬᠡ ᠲᠡᠦᠬᠡᠨ ᠠᠬᠢᠴᠠ᠂ ᠤᠯᠤᠰ ᠪᠣᠯᠤᠨ ᠦᠨᠳᠦᠰᠦᠲᠡᠨ᠎ᠤ ᠲᠦᠯᠦᠭᠡ ᠭᠡᠬᠦ ᠠᠭᠤᠤ ᠶᠡᠬᠡ ᠲᠡᠦᠬᠡᠨ ᠭᠠᠪᠢᠶ᠎ᠠ ᠵᠢᠳᠬᠦᠯ᠎ᠢ ᠪᠥᠬᠥ᠌ ᠲᠠᠯ᠎ᠠ᠎ᠪᠠᠷ ᠳ᠋ᠦᠩᠨᠡᠵᠦ᠍᠂ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢ》 ᠶ᠋ᠢ ᠬᠢᠨᠠᠨ ᠵᠥᠪᠯᠡᠵᠦ᠍ ᠪᠠᠲᠤᠯᠠᠪᠠ᠃ ᠡᠨᠡ ᠪᠣᠯ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠴᠢᠬᠤᠯᠠ ᠲᠡᠦᠬᠡᠨ ᠬᠤᠪᠢ ᠨᠡᠮᠡᠷᠢ ᠮᠥᠨ᠂ ᠪᠥᠬᠥ᠌ ᠨᠠᠮ᠎ᠢᠶᠠᠷ᠎ᠢᠶᠠᠨ ᠰᠢ᠎ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠤᠯᠠᠮ ᠴᠢᠨᠠᠬᠰᠢᠳᠠ《ᠳᠥᠷᠪᠡᠨ ᠤᠬᠠᠮᠰᠠᠷ》ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠪᠥᠬᠥ᠌ᠤᠯᠤᠰᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠱᠢᠨ᠎ᠡ ᠠᠭᠤᠤ ᠶᠡᠬᠡ ᠢᠯᠠᠯᠲᠠ᠎ᠶ᠋ᠢ ᠲᠡᠮᠡᠴᠡᠨ ᠤᠯᠬᠤ᠎ᠳᠤ ᠴᠢᠬᠤᠯᠠ ᠶᠡᠬᠡ ᠠᠬᠤᠢᠴᠢ ᠠᠴᠢ ᠬᠣᠯᠪᠣᠭ᠍ᠳᠠᠯ ᠪᠠ ᠠᠯᠤᠰ ᠬᠡᠲᠦ᠍᠎ᠶ᠋ᠢᠨ ᠲᠡᠦᠬᠡᠲᠦ ᠠᠴᠢ ᠬᠣᠯᠪᠣᠭ᠍ᠳᠠᠯ᠎ᠲᠠᠶ ᠶᠤᠮ᠃
《ᠱᠢᠶ᠋ᠳᠪᠦᠷᠢ》 ᠪᠣᠯ ᠬᠡᠷᠡᠯ ᠰᠠᠴᠤᠷᠠᠩᠭᠤᠶ ᠮᠠᠷᠺᠰ᠎ᠤᠨ ᠦᠵᠡᠯ᠎ᠦᠨ ᠬᠥᠲᠥᠯᠪᠦᠷᠢ᠎ᠶ᠋ᠢᠨ ᠴᠢᠨᠠᠷᠲᠠᠶ ᠲᠤᠯᠭᠤᠷ ᠪᠢᠴᠢᠭ ᠮᠥᠨ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠤᠯᠤᠰ ᠲᠥᠷᠥ᠎ᠶ᠋ᠢᠨ ᠲᠤᠩᠬᠠᠭ ᠮᠥᠨ᠂ ᠲᠡᠦᠬᠡ᠎ᠪᠡᠷ ᠲᠣᠯᠢ ᠪᠣᠯᠭᠠᠵᠤ᠂ ᠢᠷᠡᠭᠡᠳᠦᠶ᠎ᠶ᠋ᠢ ᠨᠡᠭᠡᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠠᠵᠢᠯᠯᠠᠭᠠᠨ᠎ᠤ ᠵᠦᠭ᠌ᠯᠡᠭᠦᠷ ᠮᠥᠨ᠂ ᠨᠠᠮ᠎ᠤᠨ ᠲᠦᠷᠦᠭᠦᠦ ᠬᠣᠶᠠᠷ ᠲᠡᠦᠬᠡ᠎ᠳᠤ ᠱᠢᠶ᠋ᠳᠪᠦᠷᠢ᠎ᠲᠡᠶ ᠤᠯᠠᠮᠵᠢᠯᠠᠯ ᠨᠢᠭᠡᠲᠡᠶ ᠪᠥᠭᠡᠳ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠵᠤ᠂ ᠪᠥᠬᠥ᠌ ᠨᠠᠮ᠎ᠢ ᠵᠣᠷᠢᠭ᠍ᠵᠢᠭᠤᠯᠤᠨ ᠱᠢᠨ᠎ᠡ ᠴᠠᠭ ᠦᠶ᠎ᠡ ᠱᠢᠨ᠎ᠡ ᠠᠶᠠᠨ᠎ᠳᠤ ᠨᠠᠩ ᠶᠡᠬᠡ ᠢᠷᠠᠭᠤ ᠠᠯᠳᠠᠷ᠎ᠢ ᠲᠡᠮᠡᠴᠡᠨ ᠤᠯᠬᠤ᠎ᠨᠢ ᠯᠠᠪᠲᠠᠶ ᠶᠤᠮ᠃ ᠣᠳᠣᠬᠠᠨ᠎ᠳᠤ᠂ ᠮᠠᠨ᠎ᠤ ᠡᠮᠦᠨ᠎ᠡ ᠲᠠᠯᠪᠢᠭ᠍ᠳᠠᠵᠤ ᠪᠠᠢᠭ᠎ᠠ ᠬᠠᠮᠤᠭ᠎ᠤᠨ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯ ᠳᠠᠷᠤᠶ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠤᠯᠠᠮ ᠴᠢᠨᠠᠬᠰᠢᠳᠠ ᠦᠵᠡᠯ ᠰᠠᠨᠠᠭ᠎ᠠ᠎ᠪᠠᠨ ᠨᠢᠭᠡᠳᠭᠡᠨ᠂ ᠦᠵᠡᠯᠳᠠ ᠵᠤᠷᠢᠯᠳᠠ᠎ᠪᠠᠨ ᠨᠢᠭᠡᠳᠭᠡᠵᠦ᠍᠂ ᠦᠶ᠋ᠯᠡ ᠠᠵᠢᠯᠯᠠᠭ᠎ᠠ᠎ᠪᠠᠨ ᠨᠢᠭᠡᠳᠭᠡᠨ᠂ ᠱᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠨᠠᠩ ᠰᠠᠢᠲᠤᠷ ᠪᠠᠷᠢᠮᠲᠠᠯᠠᠨ ᠬᠥᠭ᠌ᠵᠢᠭᠦᠯᠬᠦ᠌ ᠶᠠᠪᠤᠳᠠᠯ ᠪᠣᠯᠤᠨ᠎ᠠ᠃
ᠳᠤᠮᠳᠠᠳᠤ ᠤᠯᠤᠰᠤᠨᠡᠪᠬᠠᠮᠲᠤᠨᠠᠮ 1921 ᠣᠨ᠎ᠳᠤ ᠪᠠᠢᠭᠤᠯᠤᠭ᠍ᠳᠠᠭ᠍ᠰᠠᠨ᠎ᠡᠴᠡ ᠨᠠᠭᠠᠰᠢ᠂ ᠢᠮᠠᠭ᠍ᠲᠠ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠡᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠣᠯᠭᠠᠵᠤ᠂ ᠢᠮᠠᠭ᠍ᠲᠠ ᠡᠪ ᠬᠠᠮᠲᠤ ᠶᠣᠰᠣᠨ᠎ᠤ ᠬᠦᠰᠡᠯᠡᠩ ᠪᠠ ᠨᠡᠢᠭᠡᠮ ᠵᠢᠷᠤᠮ ᠤᠨ ᠢᠲᠡᠭᠡᠯ ᠪᠢᠱᠢᠷᠡᠯ ᠢᠶᠡᠨ ᠪᠠᠷᠢᠮᠲᠠᠯᠠᠵᠤ᠂ ᠪᠦᠬᠦ᠌ ᠤᠯᠤᠰ᠎ᠤᠨ ᠦᠨᠳᠦᠰᠦᠲᠡᠨᠨᠦᠭᠦᠳᠦᠨᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ᠎ᠦ ᠲᠤᠰᠠᠭᠠᠷ ᠲᠣᠭ᠍ᠲᠠᠨᠢᠯ᠂ ᠠᠷᠠᠳ ᠲᠦᠮᠡᠨ᠎ᠦ ᠴᠢᠯᠥᠭᠡᠯᠡᠯᠲᠡ ᠪᠠ ᠤᠯᠤᠰ ᠣᠷᠣᠨ᠎ᠤ ᠪᠠᠶᠠᠨ ᠬᠦᠴᠦᠷᠬᠡᠭ᠂ ᠠᠷᠠᠳ ᠲᠦᠮᠡᠨ᠎ᠦ ᠵᠣᠯ ᠵᠢᠷᠭᠠᠯ᠎ᠢ ᠪᠡᠶᠡᠯᠡᠭᠦᠯᠬᠦ᠌᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠵᠦ᠍᠂ ᠨᠢᠭᠡᠨᠲᠡ ᠵᠠᠭᠤᠨ ᠵᠢᠯ᠎ᠦᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠥᠩᠭᠡᠷᠡᠭᠦᠯᠵᠡᠢ᠃ ᠵᠠᠭᠤᠨ ᠵᠢᠯ᠎ᠦᠨ ᠲᠤᠷᠰᠢ᠂ ᠨᠠᠮ ᠠᠷᠠᠳ ᠲᠦᠮᠡᠨ᠎ᠢ ᠤᠳᠤᠷᠢᠳᠤᠨ ᠴᠢᠰᠤᠨ ᠪᠠᠢᠯᠳᠤᠭᠠᠨ ᠬᠢᠵᠦ᠍᠂ ᠨᠤᠭᠤᠷᠠᠰᠢ ᠦᠭᠡᠢ ᠲᠡᠮᠡᠴᠡᠵᠦ᠍᠂ ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠠᠭᠤᠤ ᠶᠡᠬᠡ ᠠᠮᠵᠢᠯᠲᠠ᠎ᠶ᠋ᠢ ᠡᠭᠦᠳᠪᠡ; ᠥᠪᠡᠷ᠎ᠦᠨ ᠬᠦᠴᠦ᠍᠎ᠪᠡᠷ᠎ᠢᠶᠡᠨ ᠳᠡᠭ᠌ᠵᠢᠷᠡᠨ᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠵᠤ᠂ ᠨᠡᠢᠭᠡᠮ ᠵᠢᠷᠤᠮᠲᠤ ᠬᠤᠪᠢᠰᠭᠠᠯ ᠪᠠ ᠪᠦᠳᠦᠭᠡᠠ ᠪᠠᠢᠭᠤᠯᠤᠯᠲᠠ᠎ᠶ᠋ᠢᠨ ᠠᠭᠤᠤ ᠶᠡᠬᠡ ᠠᠮᠵᠢᠯᠲᠠ ᠪᠦᠲᠦᠮᠵᠢ᠎ᠶ᠋ᠢ ᠡᠭᠦᠳᠪᠡ; ᠦᠵᠡᠯ ᠰᠠᠨᠠᠭ᠎ᠠ᠎ᠪᠠᠨ ᠴᠢᠯᠥᠭᠡᠯᠡᠨ᠂ ᠡᠷᠡᠰ ᠱᠢᠭᠤᠷᠬᠠᠢ᠎ᠪᠠᠷ ᠤᠷᠤᠭ᠍ᠰᠢᠯᠠᠨ ᠲᠠᠪᠱᠢᠵᠤ᠂ ᠥᠭᠡᠷᠡᠴᠢᠯᠡᠯᠲᠡ ᠨᠡᠭᠡᠭᠡᠯᠳᠡ ᠪᠣᠯᠤᠨ ᠨᠡᠢᠭᠡᠮ ᠵᠢᠷᠤᠮᠲᠦ ᠣᠳᠣᠬᠢᠴᠢᠯᠠᠯᠲᠠ᠎ᠵᠢᠨ ᠪᠦᠳᠤᠭᠡᠨ ᠪᠠᠢᠭᠤᠯᠤᠯᠲᠠ᠎ᠶ᠋ᠢᠨ ᠠᠭᠤᠤ ᠶᠡᠬᠡ ᠠᠮᠵᠢᠯᠲᠠ ᠪᠦᠲᠦᠮᠵᠢ᠎ᠶ᠋ᠢ ᠡᠭᠦᠳᠪᠡ; ᠢᠲᠡᠭᠡᠯ ᠲᠡᠭᠦᠯᠳᠡᠷ ᠢᠶᠡᠷ ᠥᠪᠡᠷ ᠢ ᠪᠡᠨ ᠬᠦᠴᠦᠷᠬᠡᠭ᠌ᠵᠢᠭᠦᠯᠵᠦ᠍᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠠᠮᠵᠢᠯᠲᠠ᠎ᠶ᠋ᠢ ᠡᠭᠦᠳᠪᠡ᠃ ᠨᠠᠮ ᠪᠣᠯᠤᠨ ᠠᠷᠠᠳ ᠲᠦᠮᠡᠨ᠎ᠦ ᠵᠠᠭᠤᠨ ᠵᠢᠯ᠎ᠦᠨ ᠲᠡᠮᠡᠴᠡᠯ ᠨᠢ ᠳᠤᠮᠳᠠᠳᠤ᠎ᠶ᠋ᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠲᠡᠦᠬᠡᠨ ᠳᠡᠭᠡᠷᠡᠬᠢ ᠬᠠᠮᠤᠭ᠎ᠤᠨ ᠠᠤᠭ᠎ᠠ ᠰᠦᠷᠯᠢᠭ ᠲᠤᠤᠯᠢᠰ᠎ᠢ ᠪᠢᠴᠢᠭ᠌ᠯᠡᠪᠡ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠬᠤ ᠦᠭᠡᠢ ᠪᠣᠯ ᠱᠢᠨ᠎ᠡ ᠳᠤᠮᠳᠠᠳᠤ ᠤᠯᠤᠰ ᠪᠠᠢᠵᠤ ᠴᠢᠳᠠᠬᠤ ᠦᠭᠡᠢ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠪᠠᠢᠵᠤ ᠴᠢᠳᠠᠬᠤ ᠦᠭᠡᠢ; ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠨᠠᠮ ᠪᠠ ᠤᠯᠤᠰ᠎ᠤᠨ ᠦᠨᠳᠦᠰᠦ ᠪᠠ ᠠᠮᠢᠨ ᠰᠤᠳᠠᠰᠤ ᠮᠥᠨ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠱᠢᠭ ᠲᠤᠰᠠᠲᠠᠶ ᠬᠣᠯᠪᠣᠭ᠍ᠳᠠᠵᠤ᠂ ᠬᠤᠪᠢ ᠵᠠᠶᠠᠭ᠎ᠠ᠎ᠲᠠᠶ ᠬᠣᠯᠪᠣᠭ᠍ᠳᠠᠵᠤ ᠪᠠᠢᠳᠠᠭ᠃ 《ᠱᠢᠶ᠋ᠳᠪᠦᠷᠢ 》 ᠨᠢ ᠬᠦᠴᠦᠯᠡᠬᠦ᠌ ᠴᠡᠭ᠎ᠢᠶᠡᠨ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢ ᠳ᠋ᠦᠩᠨᠡᠬᠦ᠌ ᠳᠡᠭᠡᠷ᠎ᠡ ᠲᠠᠯᠪᠢᠭ᠍ᠰᠠᠨ ᠨᠢ ᠪᠥᠬᠥ᠌ ᠨᠠᠮ᠎ᠤᠨ ᠣᠶᠤᠨ ᠤᠬᠠᠭᠠᠨ᠎ᠢ ᠨᠡᠮᠡᠭ᠌ᠳᠡᠭᠦᠯᠬᠦ᠌᠂ ᠪᠦᠯᠬᠦᠮᠳᠡᠯ᠎ᠢ ᠴᠢᠩᠭᠠᠳᠭᠠᠬᠤ᠂ ᠢᠲᠡᠭᠡᠯ ᠵᠣᠷᠢᠭ᠎ᠢ ᠬᠦᠪᠴᠢᠯᠡᠬᠦ᠂ ᠲᠡᠮᠡᠴᠡᠯ᠎ᠦᠨ ᠵᠣᠷᠢᠭ᠎ᠢ ᠴᠢᠩᠭᠠᠯᠠᠬᠤ᠎ᠳᠦ ᠴᠢᠬᠤᠯᠠ ᠦᠢᠯᠡᠳᠦᠯ ᠦᠵᠡᠭᠦᠯᠵᠦ᠍᠂ ᠴᠢᠬᠤᠯᠠ ᠶᠡᠬᠡ ᠨᠥᠯᠥᠭᠡ ᠭᠠᠷᠭᠠᠬᠤ ᠨᠢ ᠯᠠᠪᠲᠠᠶ᠃
ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ ᠪᠠ ᠳᠡᠯᠡᠬᠡᠢ᠎ᠶ᠋ᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠡᠵᠡᠮᠳᠡᠵᠤ᠂ ᠠᠭᠤᠤ ᠶᠡᠬᠡ ᠲᠡᠮᠡᠴᠡᠯ᠂ ᠠᠭᠤᠤ ᠶᠡᠬᠡ ᠢᠨᠵᠧᠨᠧᠷᠢᠩ᠂ ᠠᠭᠤᠤ ᠶᠡᠬᠡ ᠦᠢᠯᠡᠰ᠂ ᠠᠭᠤᠤ ᠶᠡᠬᠡ ᠬᠦᠰᠡᠯ ᠵᠡᠭᠦᠳᠦ᠎ᠵᠢ ᠶᠡᠷᠦᠩᠬᠡᠢᠯᠡᠨ ᠠᠳᠬᠤᠵᠦ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠠᠮᠵᠢᠯᠲᠠ ᠪᠦᠲᠦᠮᠵᠢ᠎ᠶ᠋ᠢ ᠡᠭᠦᠳᠴᠦ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠨᠠᠩ ᠪᠦᠷᠢᠨ ᠲᠦᠬᠦᠷ ᠳᠦᠷᠢᠮ᠎ᠦᠨ ᠪᠠᠲᠤᠯᠠᠭ᠎ᠠ᠂ ᠨᠠᠩ ᠪᠠᠲᠤ ᠪᠡᠬᠢ ᠪᠣᠳᠠᠰ᠎ᠤᠨ ᠰᠠᠭᠤᠷᠢ᠂ ᠨᠠᠩ ᠰᠠᠨᠠᠭᠠᠴᠢᠯᠠᠭ᠎ᠠ᠎ᠲᠠᠶ ᠣᠶᠤᠨ ᠰᠠᠨᠠᠭᠠᠨ᠎ᠤ ᠬᠦᠴᠦᠨ ᠴᠢᠳᠠᠯ᠎ᠢ ᠬᠠᠨᠭᠭᠠᠵᠤ᠂ ᠳᠤᠮᠳᠠᠳᠤ᠎ᠵᠢᠨ ᠦᠨᠳᠦᠰᠦᠲᠡᠨ ᠪᠤᠰᠴᠤ ᠵᠤᠬᠰᠤᠬᠰᠠᠨ᠂ ᠪᠠᠶᠠᠵᠢᠭᠰᠠᠨ ᠡᠴᠡ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ ᠵᠢ ᠤᠬᠲᠤᠨ ᠠᠪᠴᠢᠷᠠᠪᠠ᠃ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠌ ᠴᠢᠳᠠᠭ᠍ᠰᠠᠨ᠎ᠤ ᠦᠨᠳᠦᠰᠦᠨ ᠱᠢᠯᠲᠠᠭᠠᠨ ᠨᠢ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ ᠳ᠋ᠦ ᠪᠤᠢ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠬᠠᠨᠭᠭᠠᠭᠰᠠᠨ᠎ᠳᠤ ᠪᠤᠢ᠃ ᠨᠠᠮ᠎ᠡᠴᠡ ᠰᠢ᠎ᠶ᠋ᠢᠨ ᠫᠢᠩ ᠨᠥᠬᠥᠷ᠎ᠦᠨ ᠨᠠᠮ᠎ᠤᠨ ᠲᠥᠪ ᠬᠣᠷᠢᠶᠠᠨ᠎ᠤ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ᠎ᠵᠢᠨ ᠪᠠᠢᠷᠢ ᠰᠠᠭᠤᠷᠢ᠎ᠶ᠋ᠢ ᠲᠣᠭ᠍ᠲᠠᠭᠠᠵᠤ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠣᠳᠭᠤ ᠪᠠᠢᠷᠢ ᠰᠠᠭᠤᠷᠢ᠎ᠶ᠋ᠢ ᠲᠣᠭ᠍ᠲᠠᠭᠠᠭ᠍ᠰᠠᠨ ᠨᠢ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ ᠤᠨ ᠦᠨᠳᠦᠰᠦᠲᠡᠨᠨᠦᠭᠦᠳᠤᠨᠠᠷᠠᠳ ᠲᠦᠮᠡᠨ᠎ᠤ ᠬᠠᠮᠲᠤ᠎ᠶ᠋ᠢᠨ ᠬᠦᠰᠡᠯ ᠡᠷᠡᠮᠡᠯᠵᠡᠯ᠎ᠢ ᠲᠤᠰᠭᠠᠬ᠍ᠰᠠᠨ ᠪᠠᠢᠨ᠎ᠠ᠂ ᠡᠨᠡ᠎ᠨᠢ ᠱᠢᠨ᠎ᠡ ᠴᠠᠭ ᠦᠶ᠎ᠡ᠎ᠶ᠋ᠢᠨ ᠨᠠᠮ ᠪᠠ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠲᠡᠦᠬᠡᠨ ᠠᠬᠢᠴᠠ᠎ᠶ᠋ᠢ ᠠᠬᠢᠭᠤᠯᠬᠤ᠎ᠳᠤ ᠱᠢᠢᠳᠪᠦᠷᠢᠯᠡᠭ᠌ᠴᠢ ᠴᠢᠨᠠᠷᠲᠠᠢ ᠠᠴᠢ ᠬᠤᠯᠪᠣᠭ᠍ᠳᠠᠯ᠎ᠲᠠᠢ ᠶᠤᠮ᠃ 《ᠱᠢᠶ᠋ᠳᠪᠦᠷᠢ》᠎ᠳ᠋ᠤ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠂ ᠤᠯᠤᠰ ᠲᠥᠷᠥ᠎ᠶ᠋ᠢᠨ ᠪᠠᠢᠭᠤᠯᠤᠯᠲᠠ᠂ ᠪᠥᠬᠥ᠌ ᠲᠠᠯ᠎ᠠ᠎ᠪᠠᠷ ᠬᠠᠤᠯᠢ ᠪᠡᠷ ᠤᠯᠤᠰ᠎ᠢᠶᠠᠨ ᠵᠠᠰᠠᠬᠤ᠂ ᠰᠣᠶᠣᠯ᠎ᠤᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠪᠠᠢᠭᠤᠯᠤᠯᠲᠠ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ᠂ 《 ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭ᠌ᠵᠢᠭᠦᠯᠬᠦ᠌》 ᠶ᠋ᠢ ᠪᠠᠷᠢᠮᠲᠠᠯᠠᠬᠤ ᠪᠠ ᠡᠬᠡ ᠤᠯᠤᠰ᠎ᠤᠨ ᠨᠢᠭᠡᠳᠦᠯ᠎ᠢ ᠠᠬᠢᠭᠤᠯᠬᠤ᠂ ᠭᠠᠳᠠᠭᠠᠳᠤ ᠬᠠᠷᠢᠯᠴᠠᠭᠠᠨ᠎ᠤ ᠠᠵᠢᠯ ᠵᠡᠷᠭᠡ 13 ᠲᠠᠯ᠎ᠠ᠎ᠡᠴᠡ ᠱᠢᠨ᠎ᠡ ᠴᠠᠭ ᠦᠶ᠎ᠡ᠎ᠶ᠋ᠢᠨ ᠨᠠᠮ᠎ᠤᠨ ᠠᠷᠠᠳ ᠲᠦᠮᠡᠨ᠎ᠢ ᠤᠳᠤᠷᠢᠳᠤᠨ ᠣᠯᠤᠭ᠍ᠰᠠᠨ ᠯᠤᠲᠤ ᠶᠡᠬᠡ ᠠᠮᠵᠢᠯᠲᠠ ᠪᠦᠲᠦᠮᠵᠢ᠎ᠶ᠋ᠢ ᠬᠦᠷᠢᠶ᠎ᠡ ᠬᠤᠪᠢᠶᠠᠨ ᠳ᠋ᠦᠩᠨᠡᠵᠦ᠍᠂ ᠶᠢᠰᠦᠨ ᠵᠢᠯ᠎ᠦᠨ ᠲᠤᠷᠱᠢᠬᠢ ᠤᠤᠭᠠᠯ ᠡᠭᠦᠳᠦᠯᠲᠡ᠎ᠶ᠋ᠢᠨ ᠴᠢᠨᠠᠷᠲᠠᠶ ᠦᠵᠡᠯ ᠰᠠᠨᠠᠭ᠎ᠠ᠂ ᠬᠤᠪᠢᠰᠤᠯᠲᠠ᠎ᠶ᠋ᠢᠨ ᠴᠢᠨᠠᠷᠲᠠᠶ ᠦᠶ᠋ᠯᠡᠳᠦᠯᠭᠡ᠂ ᠱᠢᠪᠲᠤᠯᠤᠯᠲᠠ᠎ᠶ᠋ᠢᠨ ᠴᠢᠨᠠᠷᠲᠠᠶ ᠠᠬᠢᠴᠠ᠂ ᠪᠡᠯᠭᠡ ᠲᠡᠮᠳᠡᠭ᠎ᠦᠨ ᠴᠢᠨᠠᠷᠲᠠᠶ ᠦᠷ᠎ᠡ ᠪᠦᠲᠦᠭᠡᠯ᠎ᠢ ᠭᠤᠤᠯᠳᠠᠯᠭ᠎ᠠ᠎ᠲᠠᠶ ᠳ᠋ᠦᠩᠨᠡᠪᠡ᠃ 《ᠱᠢᠶ᠋ᠳᠪᠦᠷᠢ 》 ᠨᠢ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠱᠢᠨ᠎ᠡ ᠴᠠᠭ ᠦᠶ᠎ᠡ ᠭᠡᠬᠦ᠌ ᠭᠤᠤᠯᠳᠠᠯᠭ᠎ᠠ᠎ᠶ᠋ᠢ ᠳᠣᠪᠣᠢᠯᠭᠠᠵᠤ᠂ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠶ᠋ᠯᠡᠰ᠎ᠦᠨ ᠣᠯᠤᠭ᠍ᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ᠂ ᠡᠭᠦᠰᠦᠭ᠌ᠰᠡᠨ ᠲᠡᠦᠬᠡᠲᠦ ᠴᠢᠨᠠᠷᠲᠠᠶ ᠬᠤᠪᠢᠰᠤᠯᠲᠠ ᠪᠣᠯᠤᠨ ᠬᠤᠷᠠᠮᠳᠤᠭᠤᠯᠤᠭ᠍ᠰᠠᠨ ᠱᠢᠨ᠎ᠡ ᠰᠣᠷᠭᠣᠭ ᠲᠤᠷᠱᠢᠯᠭ᠎ᠠ᠎ᠶ᠋ᠢ ᠭᠤᠤᠯᠳᠠᠯᠭ᠎ᠠ᠎ᠲᠠᠶ ᠳ᠋ᠦᠩᠨᠡᠵᠦ᠍᠂ ᠪᠥᠬᠥ᠌ ᠨᠠᠮ᠎ᠤᠨ ᠢᠲᠡᠭᠡᠯ ᠵᠣᠷᠢᠭ᠎ᠢᠶᠠᠨ ᠤᠯᠠᠮ ᠪᠠᠲᠤᠳᠭᠠᠵᠤ᠂ ᠡᠷᠴᠢ ᠵᠣᠷᠢᠭ᠎ᠢᠶᠠᠨ ᠬᠥᠪᠴᠢᠯᠡᠵᠦ᠍᠂ ᠪᠢᠳᠡᠨ᠎ᠦ ᠶᠠᠭ ᠬᠢᠵᠦ᠍ ᠪᠠᠢᠭ᠎ᠠ ᠠᠵᠢᠯ ᠶᠠᠪᠤᠳᠠᠯ ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ᠍᠂ ᠨᠠᠩ ᠴᠣᠭ ᠪᠠᠳᠠᠷᠠᠩᠭᠤᠶ ᠳᠦᠷᠰᠦ ᠪᠠᠢᠳᠠᠯ᠎ᠢᠶᠠᠷ ᠱᠢᠨ᠎ᠡ ᠠᠶᠠᠨ᠎ᠳᠤ ᠮᠣᠷᠳᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ᠎ᠶ᠋ᠢ ᠲᠤᠢᠯ᠎ᠤᠨ ᠶᠡᠬᠡᠪᠡᠷ ᠤᠷᠮᠠᠱᠢᠭᠤᠯᠤᠨ ᠵᠣᠷᠢᠭ᠍ᠵᠢᠭᠤᠯᠬᠤ᠎ᠨᠢ ᠯᠠᠪᠲᠠᠶ᠃
ᠥᠩᠭᠡᠷᠡᠭ᠌ᠰᠡᠨ ᠵᠠᠭᠤᠨ ᠵᠢᠯ᠎ᠳᠦ᠂ ᠨᠠᠮ᠎ᠡᠴᠡ ᠠᠷᠠᠳ ᠲᠦᠮᠡᠨ᠂ ᠲᠡᠦᠬᠡᠳᠦ ᠨᠢᠭᠡ ᠬᠤᠪᠢ ᠱᠢᠯᠢᠳᠡᠭ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠪᠠ᠃ ᠤᠳᠤ᠂ ᠨᠠᠮ᠎ᠡᠴᠡ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ᠎ᠳᠤ ᠣᠷᠣᠯᠴᠠᠬᠤ ᠵᠠᠮ᠎ᠢ ᠡᠯᠭᠦᠪᠡ᠃ ᠴᠠᠭ ᠦᠶ᠎ᠡ ᠪᠣᠯ ᠰᠢᠯᠭᠠᠯᠳᠠ ᠭᠠᠷᠭᠠᠭ᠍ᠴᠢ᠂ ᠪᠢᠳᠡ ᠪᠣᠯ ᠰᠢᠯᠭᠠᠯᠳᠠ ᠬᠠᠷᠢᠭᠤᠯᠤᠭ᠍ᠴᠢ᠂ ᠠᠷᠠᠳ ᠲᠦᠮᠡᠨ ᠪᠣᠯ ᠰᠢᠯᠭᠠᠯᠳᠠ ᠬᠢᠨᠠᠭ᠍ᠴᠢ ᠮᠥᠨ᠃ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠥᠴᠥᠭᠡᠳᠦᠷ᠎ᠤᠨ ᠭᠠᠰᠠᠯᠠᠩ ᠵᠣᠪᠠᠯᠠᠩ ᠪᠠ ᠭᠡᠷᠡᠯ ᠭᠢᠯᠪᠠᠭ᠎ᠠ᠎ᠪᠠᠨ ᠤᠮᠠᠷᠳᠠᠬᠤ ᠦᠭᠡᠢ᠂ ᠥᠨᠥᠳᠦᠷ᠎ᠤᠨ ᠡᠭᠦᠷᠭᠡ ᠬᠠᠷᠢᠭᠤᠴᠠᠯᠭ᠎ᠠ᠎ᠳᠠᠭᠠᠨ ᠤᠰᠤᠯᠳᠠᠬᠤ ᠦᠭᠡᠢ᠂ ᠮᠠᠷᠭᠠᠰᠢ᠎ᠶ᠋ᠢᠨ ᠠᠭᠤᠤ ᠶᠡᠭᠡ ᠬᠦᠰᠡᠯ ᠡᠷᠡᠮᠡᠯᠵᠠᠯ᠎ᠢᠶᠠᠨ ᠬᠥᠰᠡᠷᠳᠡᠭᠦᠯᠬᠦ᠌ ᠦᠭᠡᠢ ᠪᠠᠢᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠪᠡᠯ᠂ ᠪᠢᠳᠡ ᠦᠷᠭᠦᠯᠵᠢᠯᠡᠨ ᠰᠠᠢ᠌ᠨ ᠬᠢᠷᠢ ᠪᠦᠲᠦᠮᠵᠢ ᠣᠯᠵᠤ᠂ ᠱᠢᠨ᠎ᠡ ᠠᠶᠠᠨ᠎ᠳᠠᠭᠠᠨ ᠱᠢᠨ᠎ᠡ ᠴᠠᠭ ᠦᠶ᠎ᠡ᠎ᠶ᠋ᠢᠨ ᠭᠡᠷᠡᠯ ᠰᠠᠴᠤᠷᠠᠩᠭᠤᠢ ᠠᠮᠵᠢᠯᠲᠠ᠎ᠶ᠋ᠢ ᠡᠭᠦᠳᠴᠦ᠍᠂ ᠱᠢᠨ᠎ᠡ ᠲᠡᠦᠬᠡ᠎ᠶ᠋ᠢᠨ ᠠᠭᠤᠤ ᠦᠢᠯᠡᠰ᠎ᠢ ᠡᠭᠦᠳᠦᠨ ᠪᠦᠲᠦᠭᠡᠵᠦ᠍ ᠴᠢᠳᠠᠬᠤ ᠨᠢ ᠯᠠᠪᠳᠠᠢ᠃
( ᠱᠢᠨᠬᠤᠸᠠ ᠬᠣᠷᠢᠶᠠᠨ᠎ᠤ ᠪᠡᠭᠡᠵᠢᠩ᠎ᠦᠨ 11 ᠰᠠᠷ᠎ᠠ᠎ᠶ᠋ᠢᠨ 12 ᠤ᠋ᠨ ᠴᠠᠬᠢᠯᠭᠠᠨ ᠮᠡᠳᠡᠭᠡ )