ᠮᠠᠨ᠎ᠤ ᠣᠷᠣᠨ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠦᠨᠳᠦᠰᠦᠲᠡᠨ᠎ᠦ ᠪᠦᠯᠬᠦᠮᠳᠡᠯ᠎ᠢ ᠪᠡᠬᠢᠵᠢᠭᠦᠯᠬᠦ᠌᠂ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ᠂ ᠬᠢᠯᠢ ᠬᠢᠵᠠᠭᠠᠷ᠎ᠤᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠳᠠᠭ᠃ ᠡᠨᠡ ᠬᠦ᠌ ᠴᠢᠬᠤᠯᠠ ᠶᠡᠬᠡ ᠬᠠᠷᠢᠭᠤᠴᠠᠯᠭ᠎ᠠ᠎ᠶ᠋ᠢ ᠰᠠᠢᠲᠤᠷ ᠭᠦᠢᠴᠡᠳᠭᠡᠬᠦ᠌᠎ᠳᠦ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ᠎ᠤᠨ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠡᠵᠡᠮᠱᠢᠵᠦ᠍᠂ ᠦᠨᠳᠦᠰᠦᠲᠡᠨ᠎ᠦ ᠬᠦᠷᠢᠶᠡᠨ᠎ᠳᠦ ᠢᠯᠡᠷᠡᠭ᠌ᠰᠡᠨ ᠡᠯ᠎ᠡ ᠵᠦᠢᠯ᠎ᠦᠨ ᠪᠤᠷᠤᠭᠤ ᠦᠵᠡᠯᠲᠡ᠂ ᠪᠠᠯᠠᠷᠬᠠᠢ ᠲᠠᠨᠢᠯᠲᠠ᠂ ᠪᠤᠷᠤᠭᠤ ᠬᠢᠳᠡᠯ ᠳ᠋ᠤ ᠵᠣᠷᠢᠭ᠍ᠲᠠᠢ᠎ᠪᠠᠷ ᠰᠡᠯᠡᠮ᠎ᠡ ᠲᠠᠯᠠᠢᠨ᠂ ᠵᠣᠷᠢᠭ᠍ᠲᠠᠢ᠎ᠪᠠᠷ ᠦᠭᠡ ᠬᠡᠯᠡᠵᠦ᠂ ᠵᠠᠷᠴᠢᠮ᠎ᠢ ᠪᠠᠷᠢᠮᠳᠠᠯᠠᠬᠤ ᠡᠴᠡ ᠪᠢᠰᠢ ᠵᠠᠢᠯᠠᠵᠦ ᠪᠤᠯᠳᠠᠬᠤ ᠦᠭᠡᠢ᠂ ᠵᠠᠷᠴᠢᠮ ᠪᠠ ᠵᠣᠭ᠍ᠰᠣᠯᠲᠠ᠎ᠶ᠋ᠢᠨ ᠠᠰᠠᠭᠤᠳᠠᠯ ᠳᠡᠭᠡᠷ᠎ᠡ ᠥᠴᠦᠬᠡᠨ ᠴᠦ᠍ ᠲᠠᠲᠠᠭᠠᠯᠵᠠᠬᠤ ᠦᠭᠡᠢ᠂ ᠤᠭᠳᠤ ᠨᠠᠢᠷ ᠲᠠᠯᠪᠢᠬᠤ ᠦᠭᠡᠢ ᠪᠠᠢᠬᠤ᠎ᠶ᠋ᠢ ᠢᠮᠠᠭ᠍ᠲᠠ ᠱᠠᠭᠠᠷᠳᠠᠵᠥ ᠪᠠᠢᠳᠠᠭ᠃
ᠦᠵᠡᠯ ᠰᠠᠨᠠᠭ᠎ᠠ ᠪᠣᠯ ᠦᠢᠯᠡ ᠠᠵᠢᠯᠯᠠᠭᠠᠨ᠎ᠤ ᠤᠳᠤᠷᠢᠳᠤᠮᠵᠢ ᠮᠥᠨ᠂ ᠤᠨᠤᠯ ᠪᠣᠯ ᠦᠢᠯᠡᠳᠦᠯᠭᠡ᠎ᠶ᠋ᠢᠨ ᠵᠦᠭ᠌ᠯᠡᠭᠦᠷ ᠮᠥᠨ᠃ ᠦᠨᠳᠦᠰᠦᠲᠡᠨ᠎ᠦ ᠠᠵᠢᠯ᠎ᠤᠨ ᠤᠯᠤᠰ ᠲᠦᠷᠦᠴᠢ ᠴᠢᠨᠠᠷ᠂ ᠲᠦᠷᠦ᠍᠎ᠶ᠋ᠢᠨ ᠪᠣᠳᠣᠯᠭᠠᠲᠤ ᠴᠢᠨᠠᠷ ᠴᠢᠩᠭ᠎ᠠ ᠪᠠᠢᠳᠠᠭ᠂ ᠦᠨᠳᠦᠰᠦᠲᠡᠨ᠎ᠦ ᠠᠵᠢᠯ᠎ᠢ ᠬᠢᠬᠦ᠌᠎ᠳᠦ ᠡᠷᠬᠡᠪᠰᠢ ᠵᠣᠭ᠍ᠰᠣᠯᠲᠠ᠂ ᠵᠠᠷᠴᠢᠮ᠎ᠢ ᠪᠠᠷᠢᠮᠳᠠᠯᠠᠬᠤ ᠬᠡᠷᠡᠭ᠌ᠲᠡᠢ᠃ ᠵᠠᠷᠴᠢᠮ᠎ᠢ ᠪᠠᠷᠢᠮᠳᠠᠯᠠᠬᠤ ᠡᠴᠡ ᠪᠢᠰᠢ ᠵᠠᠢᠯᠠᠵᠦ ᠪᠤᠯᠳᠠᠬᠤ ᠦᠭᠡᠢ ᠭᠡᠳᠡᠭ ᠨᠢ ᠳᠠᠷᠤᠢ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠪᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠵᠦ᠍᠂ ᠦᠢᠯᠡᠳᠦᠯᠭᠡ᠎ᠪᠡᠨ ᠵᠢᠯᠤᠭᠤᠳᠤᠭᠤᠯᠵᠤ᠂ ᠠᠵᠢᠯ᠎ᠢᠶᠠᠨ ᠠᠬᠢᠭᠤᠯᠵᠤ᠂ 《ᠲᠦᠷᠪᠡᠨ ᠬᠠᠷᠢᠴᠠᠭ᠎ᠠ》 ᠵᠢ ᠵᠥᠪ ᠡᠵᠡᠮᠳᠡᠵᠦ᠍᠂ ᠪᠠᠯᠠᠷᠬᠠᠢ ᠲᠠᠨᠢᠯᠲᠠ᠎ᠶ᠋ᠢ ᠦᠨᠳᠦᠰᠦᠨ᠎ᠡᠴᠡ ᠨᠢ ᠲᠣᠩᠭᠠᠨ ᠲᠤᠳᠤᠷᠬᠠᠢᠯᠠᠵᠦ᠂ ᠪᠤᠷᠤᠭᠤ ᠦᠵᠡᠯᠲᠡ᠂ ᠪᠤᠷᠤᠭᠤ ᠬᠢᠳᠡᠯ᠎ᠢ ᠣᠨᠣᠪᠴᠢᠲᠠᠢ ᠢᠯᠭᠠᠨ ᠲᠠᠨᠢᠵᠤ᠂ ᠲᠤᠭ ᠲᠡᠮᠳᠡᠭ ᠲᠣᠳᠣᠷᠬᠠᠢ᠎ᠪᠠᠷ ᠡᠰᠡᠷᠭᠦᠴᠡᠨ ᠲᠡᠮᠡᠴᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠶᠠᠪᠤᠴᠠ᠎ᠳᠤ ᠦᠨᠳᠦᠰᠦᠲᠡᠨ᠎ᠦ ᠬᠦᠷᠢᠶᠡᠨ᠎ᠳᠦ ᠡᠭᠦᠰᠴᠦ᠍ ᠮᠡᠳᠡᠬᠦ᠌ ᠠᠶᠤᠯ ᠲᠦᠭ᠌ᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠬᠤ ᠶᠠᠪᠤᠳᠠᠯ ᠪᠣᠯᠤᠨ᠎ᠠ᠃
ᠵᠠᠷᠴᠢᠮ᠎ᠢ ᠪᠠᠷᠢᠮᠳᠠᠯᠠᠬᠤ ᠡᠴᠡ ᠪᠢᠰᠢ ᠵᠠᠢᠯᠠᠵᠦ ᠪᠤᠯᠳᠠᠵᠤ ᠪᠤᠯᠬᠤ ᠦᠭᠡᠢ᠂ ᠲᠡᠮᠡᠴᠡᠯ᠎ᠦᠨ ᠵᠣᠷᠢᠭ ᠰᠠᠨᠠᠭ᠎ᠠ᠎ᠪᠠᠨ ᠪᠠᠳᠠᠷᠠᠭᠤᠯᠵᠤ᠂ ᠵᠣᠷᠢᠭ᠍ᠲᠠᠢ᠎ᠪᠠᠷ ᠲᠡᠮᠡᠴᠡᠵᠦ᠍᠂ ᠴᠢᠳᠠᠮᠠᠭᠠᠢ᠎ᠪᠠᠷ ᠲᠡᠮᠡᠴᠡᠬᠦ᠌ ᠬᠡᠷᠡᠭ᠌ᠲᠡᠢ᠃ ᠵᠠᠷᠴᠢᠮ᠎ᠢ ᠪᠠᠷᠢᠮᠳᠠᠯᠠᠨ᠎ᠠ ᠭᠡᠳᠡᠭ ᠨᠢ ᠳᠠᠷᠤᠢ ᠨᠠᠮ᠎ᠤᠨ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠠ ᠤᠯᠤᠰ ᠲᠦᠷᠦ᠍᠎ᠶ᠋ᠢᠨ ᠲᠦᠷᠢᠮ ᠳᠤᠬᠳᠠᠭᠠᠯᠢ ᠴᠢᠩᠭ᠎ᠠ ᠵᠢᠷᠤᠮᠯᠠᠨ ᠬᠡᠷᠡᠭ᠌ᠵᠢᠭᠦᠯᠵᠦ᠍᠂ ᠲᠤᠭ ᠲᠡᠮᠳᠡᠭ ᠲᠣᠳᠣᠷᠬᠠᠢ᠂ ᠲᠠᠷᠢᠬᠢ ᠲᠣᠯᠣᠭᠠᠢ ᠰᠡᠷᠭᠡᠭ᠂ ᠵᠣᠭ᠍ᠰᠣᠯᠲᠠ ᠪᠠᠲᠤ ᠪᠠᠢᠵᠥ᠂ ᠵᠣᠷᠢᠭ᠍ᠲᠠᠢ᠎ᠪᠠᠷ ᠲᠡᠮᠡᠴᠡᠬᠦ᠌ ᠰᠥᠰᠥ᠍ ᠵᠣᠷᠢᠭ᠂ ᠭᠠᠪᠱᠢᠭᠠᠢᠯᠠᠨ ᠣᠷᠣᠬᠤ ᠣᠮᠣᠭ ᠵᠣᠷᠢᠭ᠂ ᠴᠢᠳᠠᠮᠠᠭᠠᠢ᠎ᠪᠠᠷ ᠲᠡᠮᠡᠴᠡᠬᠦ᠌ ᠤᠶᠤᠨ ᠤᠬᠠᠭᠠᠨ᠎ᠲᠠᠶ ᠪᠠᠢᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌ ᠶᠠᠪᠤᠳᠠᠯ ᠮᠦᠨ᠃ ᠬᠡᠷᠡᠭ ᠶᠠᠪᠤᠳᠠᠯ ᠨᠠᠳᠠ᠎ᠳᠤ ᠬᠠᠮᠢᠶ᠎ᠠ ᠦᠭᠡᠢ ᠬᠡᠮᠡᠨ ᠬᠠᠶᠠᠭᠠᠨ᠎ᠳᠤᠨᠢ ᠬᠠᠶᠠᠬᠤ; ᠲᠠᠭᠠᠷᠠᠬᠤ ᠦᠭᠡᠢ᠎ᠶ᠋ᠢ ᠨᠢ ᠮᠡᠳᠡᠵᠦ᠍ ᠪᠠᠢᠭᠠᠳ ᠲᠤᠤᠭᠠᠷᠬᠤ ᠦᠭᠡᠢ; ᠬᠡᠪ᠎ᠢᠶᠡᠨ ᠰᠠᠬᠢᠵᠤ ᠬᠡᠷᠡᠭ᠎ᠡᠴᠡ ᠵᠠᠢᠯᠠᠵᠤ᠂ ᠬᠡᠷᠡᠭ ᠲᠠᠳᠠᠬᠤ ᠡᠴᠡ ᠠᠶᠤᠵᠤ ᠵᠠᠢᠯᠠᠵᠦ ᠪᠤᠯᠳᠠᠵᠦ ᠶᠠᠭᠠᠬᠢᠭᠰᠠᠨ ᠴᠣ᠌ ᠪᠤᠯᠬᠤ ᠦᠭᠡᠢ᠃ ᠶᠠᠭᠠᠬᠢᠭ᠍ᠰᠠᠨ ᠴᠤ᠌ ᠵᠡᠭᠦᠨᠰᠢ ᠪᠠᠷᠠᠭᠤᠨᠰᠢ ᠭᠤᠢᠪᠢᠯᠵᠠᠵᠤ᠂ 《ᠬᠡᠷᠡᠮ ᠵᠠᠢᠳᠠᠯᠠᠵᠤ》ᠪᠤᠯᠬᠤ ᠦᠭᠡᠢ᠂ ᠶᠠᠭᠠᠬᠢᠭᠰᠠᠨ ᠴᠤ᠌ ᠢᠯᠡ᠎ᠪᠡᠷ ᠲᠠᠭᠠᠵᠤ ᠳᠠᠯᠳᠠᠭᠤᠷ ᠵᠥᠷᠢᠴᠡᠵᠤ᠂ 《ᠬᠣᠶᠠᠷ ᠨᠢᠭᠤᠷᠳᠠᠨ》 ᠪᠤᠯᠵᠤ ᠪᠣᠯᠬᠤ ᠦᠭᠡᠢ᠂ ᠶᠠᠭᠠᠬᠢᠭ᠍ᠰᠠᠨ ᠴᠤ᠌ ᠢᠯᠭᠠᠭᠤᠷᠢ ᠦᠭᠡᠢ ᠶᠠᠷᠢᠵᠦ᠂ ᠵᠠᠯᠢ ᠮᠡᠭᠡ ᠭᠠᠷᠭᠠᠵᠤ ᠪᠣᠯᠬᠤ ᠦᠭᠡᠢ᠂ ᠵᠦᠪᠭᠡᠨ ᠡᠪ ᠢ᠋ ᠪᠤᠳᠤᠭᠠᠳ ᠵᠠᠷᠴᠢᠮ᠎ᠢ ᠲᠠᠶᠠᠭᠳᠠᠵᠦ᠂ 《ᠰᠠᠢᠨ》 ᠬᠥᠮᠦᠨ ᠪᠤᠯᠵᠤ ᠪᠣᠯᠬᠤ ᠦᠭᠡᠢ᠃
ᠵᠠᠷᠴᠢᠮ᠎ᠢ ᠪᠠᠷᠢᠮᠳᠠᠯᠠᠬᠤ ᠡᠴᠡ ᠪᠢᠰᠢ ᠵᠠᠢᠯᠠᠵᠦ ᠪᠤᠯᠳᠠᠵᠤ ᠪᠤᠯᠬᠤ ᠦᠭᠡᠢ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠬᠦᠴᠢᠷ ᠪᠡᠷᠬᠡᠱᠢᠶᠡᠯ᠎ᠡᠴᠡ ᠵᠠᠢᠯᠠᠬᠤ ᠦᠭᠡᠢ᠂ ᠡᠭᠦᠷᠭᠡ ᠬᠠᠷᠢᠭᠤᠴᠠᠯᠭ᠎ᠠ᠎ᠡᠴᠡ ᠪᠤᠯᠳᠠᠬᠤ ᠥᠬᠡᠢ ᠪᠠᠢᠬᠤ ᠬᠡᠷᠡᠭ᠌ᠲᠡᠢ᠃ ᠲᠤᠮᠳᠠᠳᠤ ᠤᠯᠤᠰ᠎ᠤᠨ ᠠᠷᠠᠳ ᠲᠦᠮᠡᠨ᠎ᠳᠤ ᠵᠤᠯ ᠵᠢᠷᠭᠠᠯ ᠡᠳ᠋ᠯᠡᠭᠦᠯᠵᠤ᠂ ᠲᠤᠮᠳᠠᠳᠤ᠎ᠶ᠋ᠢᠨ ᠦᠨᠳᠦᠰᠦᠳᠡᠨ᠎ᠤ ᠰᠡᠷᠭᠦᠨ ᠮᠠᠨᠳᠤᠯᠳᠠ᠎ᠶ᠋ᠢ ᠪᠡᠶᠡᠯᠡᠭᠦᠯᠬᠦ᠌ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠮᠥᠨ᠃ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠤᠨ ᠱᠢᠨ᠎ᠡ ᠪᠠᠢᠳᠠᠯ ᠱᠢᠨ᠎ᠡ ᠣᠨᠴᠠᠯᠢᠭ᠎ᠤᠨ ᠡᠮᠦᠨ᠎ᠡ᠂ ᠵᠠᠷᠴᠢᠮ᠎ᠢ ᠪᠠᠷᠢᠮᠲᠠᠯᠠᠬᠤᠳᠤᠨᠠᠮᠤᠨ ᠲᠥᠪᠬᠣᠷᠢᠶᠠᠨᠤᠦᠨᠳᠦᠰᠦᠲᠡᠨᠦᠠᠵᠢᠯᠤᠨᠲᠤᠬᠠᠢ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠰᠢᠭᠤᠷᠬᠠᠢ᠂ ᠲᠡᠷᠡ ᠶᠣᠰᠣᠭᠠᠷ᠎ᠨᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠡᠴᠡ ᠪᠢᠰᠢ᠂ ᠨᠥᠬᠥᠴᠡᠯᠶᠠᠷᠢᠵᠦ᠂ ᠵᠣᠬᠢᠴᠠᠭᠤᠯᠤᠨ ᠬᠤᠪᠢᠷᠠᠭᠤᠯᠵᠤ᠂ ᠰᠣᠩᠭᠣᠯᠲᠠ ᠬᠢᠵᠦ᠍ ᠪᠣᠯᠬᠤ ᠦᠭᠡᠢ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠲᠠᠢ ᠪᠠᠢᠵᠤ ᠪᠣᠯᠬᠤ ᠦᠭᠡᠢ᠂ ᠤᠴᠢᠷ ᠶᠠᠪᠤᠳᠠᠯ ᠲᠤᠯᠭᠠᠷᠠᠪᠠᠯ ᠬᠣᠢᠱᠢᠯᠠᠭᠤᠯᠬᠤ ᠪᠤᠶᠤ ᠲᠤᠭᠤᠷᠢᠵᠦ ᠪᠤᠯᠳᠠᠵᠦ ᠭᠠᠷᠤᠭᠠᠳ᠂ ᠮᠡᠳᠡᠭᠰᠡᠨ ᠦᠭᠡᠢ ᠶᠤᠮ ᠰᠢᠭ ᠤᠪᠯᠠᠵᠦ ᠪᠣᠯᠬᠤ ᠦᠭᠡᠢ᠂ ᠰᠣᠩᠭᠣᠯᠲᠠ᠎ᠶ᠋ᠢᠨ ᠴᠢᠨᠠᠷᠲᠠᠢᠬᠡᠷᠡᠭ᠌ᠵᠢᠭᠦᠯᠵᠦ᠍ ᠪᠣᠯᠬᠤ ᠦᠭᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠨᠠᠮ᠎ᠤᠨ ᠦᠨᠳᠦᠰᠦᠲᠡᠨ᠎ᠦ ᠠᠵᠢᠯ᠎ᠤᠨ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠱᠢᠯᠠᠭᠤᠯᠵᠤ᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠮᠲᠤ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠌ ᠨᠡᠢᠭᠡᠮ᠎ᠦᠨ ᠵᠠᠰᠠᠯᠲᠠ᠎ᠶ᠋ᠢᠨ ᠪᠠᠢᠷᠢᠱᠢᠯ᠎ᠳᠤ ᠣᠷᠣᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ ᠢ ᠬᠠᠤᠯᠢ ᠶᠣᠰᠣᠭᠠᠷ ᠪᠠᠲᠤᠯᠠᠨ᠂ ᠦᠨᠳᠦᠰᠦᠲᠡᠨ᠎ᠦ ᠡᠯᠸᠮᠸᠨ᠋ᠲᠲᠤ᠌ ᠬᠣᠯᠪᠣᠭ᠍ᠳᠠᠭ᠍ᠰᠠᠨ ᠬᠡᠷᠡᠭ᠎ᠢ ᠬᠠᠤᠯᠢ ᠶᠣᠰᠣᠭᠠᠷ ᠲᠣᠬᠢᠲᠠᠢ ᠱᠢᠢᠳᠪᠦᠷᠢᠯᠡᠵᠦ᠍᠂ ᠡᠯ᠎ᠡ ᠲᠦᠷᠦᠯ᠎ᠦᠨ ᠬᠠᠤᠯᠢ᠎ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠴᠦ᠂ ᠬᠠᠤᠯᠢ ᠴᠠᠭᠠᠵᠠ᠎ᠶ᠋ᠢᠨ ᠡᠮᠦᠨ᠎ᠡ ᠬᠥᠮᠦᠨ ᠪᠦᠬᠦᠨ ᠡᠷᠬᠡ ᠲᠡᠭ᠌ᠰᠢ ᠪᠠᠢᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃
ᠵᠠᠷᠴᠢᠮ᠎ᠢ ᠪᠠᠷᠢᠮᠳᠠᠯᠠᠬᠤ ᠤᠤ᠂ ᠡᠰᠡᠭᠦᠯ᠎ᠠ ᠵᠠᠢᠯᠠᠵᠦ ᠪᠤᠯᠳᠠᠬᠤᠤᠤ ᠭᠡᠳᠡᠭ ᠨᠢ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠲᠤ ᠠᠪᠴᠤ᠌ ᠬᠡᠯᠡᠪᠡᠯ ᠵᠠᠪᠠᠯ ᠰᠣᠩᠭᠣᠬᠤ ᠰᠡᠳᠦᠪ ᠪᠣᠯᠬᠤ ᠪᠥᠭᠡᠳ ᠪᠠᠰᠠ ᠴᠤ᠌ ᠨᠠᠮᠴᠢ ᠴᠢᠨᠠᠷ᠎ᠢ ᠨᠢ ᠱᠢᠯᠭᠠᠬᠤ ᠱᠢᠯᠭᠠᠭᠤᠷ ᠪᠣᠯᠬᠤ ᠶᠤᠮ᠃ ᠠᠵᠢᠯᠯᠠᠬᠤ᠎ᠳᠤ ᠰᠥᠰᠥ᠍ ᠵᠣᠷᠢᠭᠲᠠᠶ᠂ ᠲᠠᠷᠤᠭ᠎ᠠ ᠪᠤᠯᠬᠤ᠎ᠳᠤ ᠡᠭᠦᠷᠭᠡ ᠬᠠᠷᠢᠭᠤᠴᠠᠯᠭ᠎ᠠ ᠲᠠᠢ᠂ ᠬᠦᠴᠢᠷ ᠪᠡᠷᠬᠡᠱᠢᠶᠡᠯ᠎ᠡᠴᠡ ᠵᠠᠢᠯᠠᠬᠤ ᠦᠭᠡᠢ᠂ ᠡᠭᠦᠷᠭᠡ ᠬᠠᠷᠢᠭᠤᠴᠠᠯᠭ᠎ᠠ ᠡᠴᠡ ᠪᠤᠯᠳᠠᠬᠤ ᠦᠭᠡᠢ ᠪᠠᠢᠬᠤ ᠬᠡᠷᠡᠭ᠌ᠲᠡᠢ᠃ ᠪᠢᠳᠠᠵᠣᠷᠢᠭ᠍ᠲᠠᠢᠪᠠᠷ ᠵᠠᠷᠴᠢᠮ᠎ᠢ ᠪᠠᠷᠢᠮᠲᠠᠯᠠᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠳᠡᠭ ᠯᠡ ᠶᠤᠮ ᠪᠣᠯ᠂ ᠯᠠᠪᠲᠠᠢ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠰᠦᠷ ᠳᠠᠯᠠᠢᠴᠠᠲᠠᠢ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠨᠢᠭ᠍ᠲᠠᠷᠠᠭᠤᠯᠵᠤ ᠴᠢᠳᠠᠨ᠎ᠠ᠃