ᠲᠦᠩᠯᠢᠶᠣᠤ ᠬᠣᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ ᠪᠥᠬᠥ᠌ ᠲᠠᠯ᠎ᠠ᠎ᠪᠠᠷ ᠰᠡᠷᠭᠦᠵᠦ᠍ ᠣᠯᠠᠨ ᠲᠦᠮᠡᠨ᠎ᠦ ᠦᠶ᠋ᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ ᠲᠣᠭ᠍ᠲᠠᠭᠤᠨ ᠪᠠᠢᠨ᠎ᠠ
2021-11-14 10:30:25
ᠵᠣᠬᠢᠶᠠᠭ᠍ᠴᠢ᠄
ᠭᠦᠸᠧ ᠬᠣᠩ ᠱᠸᠨ ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠱᠢᠤᠸᠠᠢ ᠢ ᠴᠢᠶᠦ᠋ᠨ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 12 ᠤ᠋ᠨ ᠤᠷᠤᠢ᠂ ᠰᠤᠷᠪᠤᠯᠵᠢᠯᠠᠭ᠍ᠴᠢ ᠲᠦᠩᠯᠢᠶᠣᠤ ᠬᠤᠳᠠ᠎ᠶ᠋ᠢᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ ᠡᠴᠡ ᠡᠷᠬᠢᠯᠡᠭ᠌ᠰᠡᠨ ᠰᠣᠨᠢᠨ ᠮᠡᠳᠡᠭᠡ ᠨᠡᠢᠲᠡᠯᠡᠬᠦ᠌ ᠬᠤᠷᠠᠯ ᠡᠴᠡ ᠣᠢᠯᠠᠭᠠᠭ᠍ᠰᠠᠨ᠎ᠢᠶᠠᠷ᠂ ᠣᠳᠣᠬᠠᠨ᠎ᠳᠤ ᠲᠤᠰ ᠬᠤᠳᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ ᠪᠦᠬᠦ᠌ ᠲᠠᠯ᠎ᠠ᠎ᠪᠠᠷ ᠰᠡᠷᠭᠦᠵᠦ᠍᠂ ᠤᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ ᠲᠣᠭ᠍ᠲᠠᠭᠤᠨ ᠪᠠᠢᠨ᠎ᠠ᠃

ᠣᠨᠴᠠ ᠶᠡᠬᠡ ᠴᠠᠰᠤᠨ ᠱᠢᠭᠤᠷᠭᠠᠨ᠎ᠦ ᠡᠮᠦᠨ᠎ᠠ᠂ ᠲᠦᠩᠯᠢᠶᠣᠤ ᠬᠤᠲᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠲᠡᠷᠡ ᠳᠠᠷᠤᠢ᠎ᠳᠤᠨᠢ ᠭᠠᠮᠱᠢᠭ᠎ᠢ ᠪᠠᠭᠠᠰᠭᠠᠵᠤ ᠭᠠᠮᠱᠢᠭ᠎ᠡᠴᠡ ᠠᠪᠤᠷᠠᠬᠤ ᠠᠵᠢᠯ᠎ᠢ ᠪᠠᠢᠷᠢᠯᠠᠭᠤᠯᠵᠤ᠂ ᠭᠠᠮᠱᠢᠭ᠎ᠲᠠᠶ ᠲᠡᠮᠡᠴᠡᠵᠦ᠍ ᠭᠠᠮᠱᠢᠭ ᠡᠴᠡ ᠠᠪᠤᠷᠠᠬᠤ ᠠᠵᠢᠯ᠎ᠤᠨ ᠵᠢᠯᠣᠭᠣᠳᠭᠤ ᠭᠠᠵᠠᠷ᠎ᠪᠠᠢᠭᠤᠯᠵᠤ᠂ ᠬᠦᠨᠳᠦ ᠶᠡᠬᠡ ᠴᠠᠭ ᠠᠭᠤᠷ᠎ᠤᠨ ᠭᠠᠮᠱᠢᠭ᠎ᠤᠨ ᠬᠤᠶᠠᠳᠤᠭᠠᠷ ᠳᠡᠰ᠎ᠤᠨ ᠠᠵᠢᠯᠯᠠᠭ᠎ᠠ᠎ᠶ᠋ᠢ ᠡᠬᠢᠯᠡᠭᠦᠯᠵᠠᠢ᠃

ᠵᠠᠮ ᠨᠡᠪᠲᠡᠷᠡᠯᠬᠡ᠎ᠶ᠋ᠢ ᠪᠦᠬᠦ᠌ ᠬᠦᠴᠦᠨ᠎ᠢᠶᠡᠷ ᠪᠠᠲᠤᠯᠠᠪᠠ᠃ 《ᠭᠤᠤᠯ ᠱᠤᠭᠤᠮ᠎ᠢ ᠤᠷᠢᠳ ᠵᠢᠡᠷ ᠨᠡᠪᠳᠡᠷᠡᠬᠦᠯᠬᠦ᠂ ᠵᠠᠯᠭᠠᠭᠠᠳ ᠰᠠᠯᠪᠤᠷᠢ ᠱᠤᠭᠤᠮ᠎ᠢ ᠨᠡᠪᠳᠡᠷᠡᠬᠦᠯᠬᠦ》 ᠰᠡᠳᠭᠢᠮᠵᠢ ᠶᠣᠰᠣᠭᠠᠷ᠂ ᠬᠡᠳᠦᠢ ᠎ᠳᠤ ᠴᠠᠰᠤ ᠤᠷᠤᠪᠠᠯ ᠲᠡᠳᠦᠢ ᠳ᠋ᠤᠨᠢ ᠠᠷᠢᠯᠭᠠᠬᠤ ᠂ ᠠᠵᠢᠯᠴᠢᠨ ᠠᠮᠠᠷᠠᠬᠤ ᠡᠴᠡ ᠪᠢᠰᠢ ᠳᠡᠷᠬᠡ ᠵᠢ ᠵᠣᠭ᠍ᠰᠣᠯᠳᠠ ᠦᠭᠡᠢ ᠠᠵᠢᠯᠯᠠᠭᠤᠯᠵᠤ᠂ ᠴᠠᠰᠤ ᠠᠷᠢᠯᠭᠠᠬᠤ ᠲᠥᠬᠥᠭᠡᠷᠦᠮᠵᠢ᠎ᠶ᠋ᠢ ᠲᠣᠬᠢᠷᠠᠭᠤᠯᠬᠤ᠂ ᠴᠠᠰᠤ ᠮᠥᠰᠥ᠎ᠶ᠋ᠢ ᠴᠡᠪᠡᠷᠯᠡᠨ ᠠᠷᠢᠯᠭᠠᠬᠤ᠂ ᠭᠠᠮᠱᠢᠭ᠎ᠲᠠᠶ ᠲᠡᠮᠡᠴᠡᠵᠦ᠍ ᠭᠠᠮᠱᠢᠭ ᠡᠴᠡ ᠠᠪᠤᠷᠬᠠᠸ᠋ ᠵᠡᠷᠭᠡ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠬᠤ ᠡᠯ᠎ᠡ ᠵᠦᠶ᠋ᠯ᠎ᠦᠨ ᠠᠵᠢᠯ᠎ᠢ ᠬᠦᠴᠦᠲᠡᠶ ᠪᠥᠭᠡᠳ ᠡᠮᠬᠢ ᠵᠢᠷᠤᠮ᠎ᠲᠠᠶ᠎ᠪᠠᠷ ᠠᠬᠢᠭᠤᠯᠵᠤ᠂ ᠵᠠᠮ ᠬᠠᠷᠢᠯᠴᠠᠭ᠎ᠠ ᠪᠠ ᠬᠡᠪ᠎ᠦᠨ ᠦᠶ᠋ᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ᠎ᠢ ᠬᠠᠮᠤᠭ᠎ᠤᠨ ᠲᠦᠷᠭᠡᠨ ᠬᠤᠷᠳᠤᠴᠠ᠎ᠪᠠᠷ ᠰᠡᠷᠭᠦᠭᠡᠪᠡ᠃ ᠪᠥᠬᠥ᠌ ᠬᠣᠲᠠ ᠡᠯ᠎ᠡ ᠲᠥᠷᠥᠯ᠎ᠦᠨ ᠴᠠᠰᠤ ᠴᠡᠪᠡᠷᠯᠡᠬᠦ᠌ ᠲᠡᠷᠭᠡ ᠵᠢ ᠨᠡᠢᠲᠡ 16919᠎ᠬᠦᠳᠡᠯᠭᠡᠵᠦ᠂ ᠴᠠᠰᠤ ᠴᠡᠪᠡᠷᠯᠡᠬᠦ᠌᠎ᠳ᠋ᠣ᠌ 14.7᠎ᠲᠦᠮᠡᠨ ᠬᠦᠮᠦᠨ ᠤᠷᠤᠯᠴᠠᠭᠤᠯᠤᠭᠰᠠᠨ ᠪᠠᠢᠨ᠎ᠠ᠃ 11 ᠰᠠᠷ᠎ᠠ᠎ᠶ᠋ᠢᠨ 11 ᠤ᠋ ᠡᠳᠦᠷ᠎ᠦᠨ 12 ᠴᠠᠭ ᠪᠣᠯᠲᠠᠯ᠎ᠠ᠂ ᠠᠷᠠᠳ᠎ᠤᠨ ᠠᠭᠠᠷ᠎ᠤᠨ ᠠᠶᠠᠯᠠᠯ ᠨᠡᠪᠲᠡᠷᠡᠵᠦ᠍᠂ ᠳᠦᠷᠬᠡᠨ᠎ᠤ ᠲᠡᠮᠦᠷ ᠵᠠᠮ ᠨᠡᠪᠲᠡᠷᠡᠵᠦ᠍᠂ ᠡᠩ᠎ᠦᠨ ᠬᠤᠷᠳᠤᠴᠠᠲᠤ ᠲᠡᠮᠦᠷ ᠵᠠᠮ 4(ᠨᠡᠢᠲᠡ 58 ᠴᠤᠪᠤᠭ᠎ᠠ) ᠨᠡᠪᠲᠡᠷᠡᠵᠦ᠍ ᠂ ᠬᠣᠲᠠ᠎ᠶ᠋ᠢᠨ ᠲᠣᠭᠣᠷᠢᠭ᠎ᠤᠨ ᠵᠠᠰᠠᠮᠠᠯ ᠵᠠᠮ ᠪᠥᠬᠥ᠌ ᠲᠠᠯ᠎ᠠ᠎ᠪᠠᠷ ᠨᠡᠪᠲᠡᠷᠡᠪᠡ᠃ 12 ᠎ᠤ᠋ᠨ ᠡᠳᠦᠷ᠎ᠦᠨ 12 ᠴᠠᠭ ᠪᠤᠯᠳᠠᠯ᠎ᠠ᠂ ᠬᠢᠯᠢ᠎ᠶ᠋ᠢᠨ ᠳᠣᠲᠣᠷᠠᠬᠢ 4 ᠵᠤᠷᠪᠤᠰ ᠲᠦᠷᠭᠡᠨ᠎ᠤ ᠵᠠᠮ᠂ 7 ᠵᠤᠷᠪᠤᠰ ᠤᠯᠤᠰ᠎ᠤᠨ ᠵᠠᠮ᠂ 8 ᠵᠤᠷᠪᠤᠰ ᠮᠤᠵᠢ᠎ᠶ᠋ᠢᠨ ᠵᠠᠮ᠂ 2800 ᠭᠠᠷᠤᠶ ᠵᠤᠷᠪᠤᠰ ᠱᠢᠶᠠᠨ ᠱᠢᠶᠠᠩ᠎ᠤᠨ ᠵᠠᠮ ᠨᠡᠢᠲᠡ 2.2 ᠲᠦᠮᠡᠨ ᠺᠢᠯᠣᠮᠧᠲ᠋ᠷ ᠰᠠᠭᠠᠳ ᠥᠬᠡᠶ ᠨᠡᠪᠲᠡᠷᠡᠪᠡ᠃

ᠡᠷᠭᠢᠯᠲᠡ᠎ᠶ᠋ᠢ ᠪᠦᠬᠦ᠌ ᠬᠦᠴᠦᠨ᠎ᠢᠶᠡᠷ ᠪᠠᠲᠤᠯᠠᠪᠠ᠃ ᠲᠦᠩᠯᠢᠶᠣᠤ ᠬᠣᠲᠠ ᠤᠰᠤ᠂ ᠴᠠᠬᠢᠯᠭᠠᠨ᠂ ᠬᠡᠶ᠂ ᠢᠯᠴᠢ ᠂ ᠮᠡᠳᠡᠭᠡ ᠵᠠᠩᠬᠢ ᠵᠡᠷᠭᠡ 《ᠠᠮᠢᠨ ᠰᠤᠳᠠᠰᠤ᠎ᠶ᠋ᠢᠨ ᠢᠨᠵᠧᠨᠧᠷᠢᠩ》 ᠢ᠋ ᠴᠢᠩᠭ᠎ᠠ ᠠᠳᠭᠤᠵᠤ᠂ ᠪᠠᠴᠢᠮ ᠪᠠᠢᠳᠠᠯ᠎ᠢ ᠠᠷᠭᠠᠴᠠᠭᠠᠬᠤ ᠵᠢᠵᠢᠭᠦᠷᠯᠡᠨ ᠰᠠᠬᠢᠬᠤ ᠲᠦᠷᠢᠮ᠎ᠢ ᠴᠢᠩᠭ᠎ᠠ ᠨᠠᠢᠳᠠᠪᠤᠷᠢᠵᠢᠭᠤᠯᠤᠨ᠂ ᠲᠣᠨᠣᠭ ᠲᠥᠬᠥᠭᠡᠷᠦᠮᠵᠢ᠎ᠶ᠋ᠢ ᠪᠠᠢᠴᠠᠭᠠᠨ ᠵᠠᠰᠠᠵᠤ ᠬᠠᠮᠠᠭᠠᠯᠠᠬᠤ ᠪᠠ ᠬᠠᠮᠢᠶᠠᠷᠤᠯᠲᠠ᠎ᠶ᠋ᠢ ᠴᠢᠩᠭᠠᠳᠭᠠᠪᠠ᠂ ᠣᠷᠳᠣ ᠬᠤᠭᠤᠴᠠᠭ᠎ᠠ᠎ᠪᠠᠷ ᠶᠡᠬᠡ ᠬᠡᠪᠴᠢᠶ᠎ᠡ᠎ᠪᠡᠷ ᠴᠠᠬᠢᠯᠭᠠᠨ ᠵᠣᠭ᠍ᠰᠣᠬᠤ᠂ ᠴᠢᠮᠡᠭᠡ ᠲᠠᠰᠤᠷᠠᠬᠤ ᠡᠨᠳᠡᠯ ᠭᠠᠷᠤᠭ᠍ᠰᠠᠨ ᠥᠬᠡᠶ ᠃

ᠠᠷᠠᠳ᠎ᠤᠨ ᠠᠮᠢᠳᠤᠷᠠᠯ᠎ᠢ ᠪᠦᠬᠦ᠌ ᠬᠦᠴᠦᠨ᠎ᠢᠶᠡᠷ ᠪᠠᠲᠤᠯᠠᠪᠠ᠃ ᠬᠦᠨᠳᠦ ᠭᠠᠮᠱᠢᠭ᠍ᠳᠠᠭ᠍ᠰᠠᠨ ᠬᠣᠱᠢᠭᠤ ᠱᠢᠶᠠᠨ᠎ᠳᠤ 6700 ᠭᠠᠷᠤᠶ ᠲᠦᠮᠡᠨ ᠲᠥᠭᠥᠷᠢᠭ᠎ᠦᠨ ᠭᠠᠮᠱᠢᠭ᠎ᠡᠴᠠ ᠠᠪᠤᠷᠠᠬᠤ ᠪᠡᠯᠡ ᠮᠥᠩᠭᠥ᠌ ᠪᠠᠭᠤᠯᠭᠠᠵᠤ᠂ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠣᠳᠠᠰ᠎ᠢ 9 ᠶᠡᠬᠡ ᠲᠥᠷᠥᠯ᠂ 65542 ᠢᠵᠢ ᠲᠣᠬᠢᠷᠠᠭᠤᠯᠤᠨ ᠥᠭ᠌ᠴᠡᠶ᠃ 《ᠬᠥᠭ᠌ᠰᠢᠨ ᠪᠠᠭᠤᠷᠠᠶ ᠡᠪᠡᠳᠴᠢᠨ᠎ᠲᠡᠶ ᠵᠡᠮᠳᠡᠭ》ᠭᠤᠤᠯᠳᠠᠯᠭ᠎ᠠ᠎ᠲᠠᠶ ᠡᠷᠦᠬᠡ᠎ᠶ᠋ᠢ 3000 ᠭᠠᠷᠤᠶ ᠬᠥᠮᠦᠨ ᠤᠳᠠᠭ᠎ᠠ ᠪᠠᠢᠴᠠᠭᠠᠨ ᠳᠣᠲᠣᠯᠠᠵᠤ᠂ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠨᠥᠬᠥᠪᠥᠷᠢ ᠪᠠᠯᠠ ᠮᠥᠩᠭᠥ᠎ᠶ᠋ᠢ ᠨᠡᠢᠲᠡ 837 ᠲᠦᠮᠡᠨ ᠲᠥᠭᠥᠷᠢᠭ ᠪᠠᠭᠤᠯᠭᠠᠵᠤ᠂ ᠨᠢᠭᠡ ᠡᠷᠦᠬᠡ᠎ᠶ᠋ᠢ ᠴᠦ᠍ ᠥᠯᠥᠰᠭᠡᠵᠥ ᠳᠠᠭᠠᠷᠠᠭᠤᠯᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠪᠠ᠃ ᠪᠥᠬᠥ᠌ ᠴᠠᠭ᠍ᠳᠠᠭ᠎ᠠ ᠵᠠᠮ ᠳᠡᠭᠡᠷ᠎ᠡ ᠭᠠᠷᠴᠤ᠌ ᠴᠠᠭ ᠲᠤᠬᠠᠶ᠎ᠳᠤᠨᠢ ᠬᠠᠱᠢᠭ᠍ᠳᠠᠭ᠍ᠰᠠᠨ ᠲᠡᠷᠭᠡ ᠵᠢ ᠠᠪᠤᠷᠠᠨ ᠳᠤᠰᠠᠯᠠᠵᠥ᠂ 318 ᠳᠡᠷᠬᠡ᠂  340 ᠭᠠᠷᠤᠶ ᠬᠠᠰᠢᠬᠳᠠᠬᠰᠠᠨ ᠬᠦᠮᠦᠨ᠎ᠢ ᠠᠪᠤᠷᠠᠵᠥ ᠳᠤᠰᠠᠯᠠᠪᠠ᠃ ᠡᠯ᠎ᠡ ᠲᠤᠰᠭᠠᠶ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡ᠎ᠶ᠋ᠢᠨ ᠠᠪᠤᠷᠠᠨ ᠲᠤᠰᠠᠯᠠᠬᠰᠠᠨ ᠲᠡᠷᠭᠡ ᠬᠥᠰᠭᠡ 320 ᠭᠠᠷᠤᠶ ᠤᠳᠠᠭ᠎ᠠ ᠪᠠᠢᠵᠤ ᠂ ᠬᠠᠱᠢᠭ᠍ᠳᠠᠭ᠍ᠰᠠᠨ 1000 ᠭᠠᠷᠤᠶ ᠣᠯᠠᠨ ᠲᠦᠮᠡᠨ᠂ ᠬᠠᠱᠢᠭ᠍ᠳᠠᠭ᠍ᠰᠠᠨ 1000 ᠭᠠᠷᠤᠶ ᠲᠡᠷᠭᠡ᠎ᠶ᠋ᠢ ᠠᠮᠵᠢᠯᠲᠠ ᠲᠠᠶ ᠠᠪᠤᠷᠠᠨ ᠭᠠᠷᠭᠠᠵᠤ᠂ ᠨᠤᠷᠠᠵᠤ ᠲᠠᠷᠤᠭᠳᠠᠭᠰᠠᠨ ᠲᠣᠮᠣ ᠬᠡᠯᠪᠡᠷᠢ᠎ᠶ᠋ᠢᠨ ᠦᠶ᠋ᠯᠡᠳᠪᠦᠷᠢ᠎ᠶ᠋ᠢᠨ ᠬᠡᠷ ᠪᠠᠢᠱᠢᠩ ᠪᠠ ᠮᠠᠯ᠎ᠤᠨ ᠬᠠᠱᠢᠶ᠎ᠠ ᠰᠠᠷᠠᠪᠴᠢ᠎ᠶ᠋ᠢ 157 ᠱᠢᠶ᠋ᠳᠪᠦᠷᠢᠯᠡᠭ᠌ᠰᠡᠨ ᠪᠠᠢᠨ᠎ᠠ᠃

ᠣᠳᠣᠬᠠᠨ ᠪᠣᠯᠲᠠᠯ᠎ᠠ᠂ ᠪᠥᠬᠥ᠌ ᠬᠣᠲᠠ᠎ᠶ᠋ᠢᠨ ᠲᠡᠮᠦᠷ ᠵᠠᠮ᠂ ᠵᠠᠰᠠᠮᠠᠯ ᠵᠠᠮ᠂ ᠠᠭᠠᠷ᠎ᠤᠨ ᠠᠶᠠᠯᠠᠯ᠎ᠤᠨ ᠪᠥᠬᠥ᠌ ᠱᠤᠭᠤᠮ ᠨᠡᠪᠲᠡᠷᠡᠵᠦ᠍᠂ ᠬᠣᠲᠠ᠎ᠶ᠋ᠢᠨ ᠵᠠᠮ ᠪᠥᠬᠥ᠌ ᠲᠠᠯ᠎ᠠ᠎ᠪᠠᠷ ᠰᠡᠷᠭᠦᠵᠦ᠍᠂ ᠠᠮᠢᠳᠤᠷᠠᠯ᠎ᠤᠨ ᠡᠳ᠋ ᠪᠣᠳᠠᠰ ᠡᠯᠪᠡᠭ ᠬᠦᠢᠴᠡᠳ᠂ ᠪᠠᠷᠠᠭᠠᠨ᠎ᠤ ᠦᠨ᠎ᠡ ᠲᠣᠭ᠍ᠲᠠᠪᠤᠷᠢᠳᠠᠢ᠂ ᠦᠶ᠋ᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ ᠲᠣᠭ᠍ᠲᠠᠭᠤᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号