ᠱᠢᠯᠢ᠎ᠵᠢᠨ ᠭᠣᠸ᠋ᠯ ᠠᠢᠮᠠᠭ᠎ᠤᠨ 554 ᠠᠵᠤ ᠠᠬᠤᠢᠯᠠᠯ 《ᠥᠪᠥᠷ ᠮᠣᠩᠭᠣᠯ᠎ᠤᠨ ᠠᠵᠤ ᠠᠬᠤᠢ᠌ᠯᠠᠯ ᠎ᠤᠨ ᠰᠤᠪᠠᠭ》᠎ᠤᠨ ᠠᠷᠠᠳ ᠎ᠤᠨ ᠡᠵᠡᠨᠭᠨᠡᠯᠳᠡ ᠵᠢᠨ ᠠᠵᠤ ᠠᠬᠤᠢᠯᠠᠯ᠎ᠤᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠤ ᠲᠠᠪᠴᠠᠡᠭ ᠳ᠋ᠤ ᠲᠠᠨᠭᠰᠠᠯᠠᠭᠤᠯᠪᠡ
2021-11-14 10:58:43
ᠵᠣᠬᠢᠶᠠᠭ᠍ᠴᠢ᠄
ᠪᠢᠯᠢᠭ᠌ᠪᠡᠭᠠᠳᠤᠷ
ᠣᠩᠱᠢᠭ᠍ᠰᠠᠨ ᠣᠳᠠᠭ᠎ᠠ᠄
★★★☆☆

10 ᠰᠠᠷ᠎ᠠ᠎ᠵᠢᠨ 29 ᠤ᠋ ᠡᠳᠦᠷ᠂ ᠰᠤᠷᠪᠤᠯᠵᠢᠯᠠᠭ᠍ᠴᠢ ᠱᠢᠯᠢ᠎ᠵᠢᠨ ᠭᠣᠣᠯ ᠠᠢᠮᠠᠭ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠡᠴᠠ ᠣᠢᠯᠠᠭᠠᠭ᠍ᠰᠠᠨ᠎ᠵᠢᠡᠷ᠂ ᠣᠢᠷ᠎ᠠ᠎ᠳ᠋ᠤ ᠱᠢᠯᠢ ᠵᠢᠨ ᠭᠤᠤᠯ ᠠᠢᠮᠠᠭ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠷᠠᠳ᠎ᠤᠨ ᠡᠵᠡᠩᠨᠡᠯᠳᠡ ᠵᠢᠨ ᠥᠷᠭᠡᠨ ᠤᠯᠠᠨ ᠠᠵᠤ ᠠᠬᠤᠢᠯᠠᠯ ᠳ᠋ᠤ ᠦᠢᠯᠡᠴᠢᠯᠡᠬᠦ᠌ ᠦᠢᠯᠡᠴᠢᠯᠡᠭᠡᠨ᠎ᠤ ᠪᠦᠲᠦᠮᠵᠢ ᠵᠢ ᠳᠠᠰᠤᠷᠠᠯᠳᠠ ᠦᠬᠡᠢ ᠳᠡᠭᠡᠭ᠌ᠰᠢᠯᠡᠭᠦᠯᠬᠦ᠌ ᠵᠢᠨ ᠲᠦᠯᠦᠭᠡ《ᠥᠪᠥᠷ ᠮᠣᠩᠭᠣᠯ᠎ᠤᠨ ᠠᠵᠤ ᠠᠬᠤᠢ᠌ᠯᠠᠯ᠎ᠤᠨ ᠰᠤᠪᠠᠭ》ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠤᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠤ ᠲᠠᠪᠴᠠᠡᠭ᠎ᠢ ᠰᠤᠷᠳᠠᠯᠴᠢᠯᠠᠬᠤ ᠠᠵᠢᠯ᠎ᠢ ᠰᠠᠢ᠌ᠳᠤᠷ ᠬᠢᠵᠡᠢ᠃  ᠤᠳᠤ ᠪᠣᠯᠲᠠᠯ᠎ᠠ᠂ ᠱᠢᠯᠢ ᠵᠢᠨ ᠭᠣᠣᠯ ᠠᠢᠮᠠᠭ ᠎ᠤᠨ 27 ᠠᠢᠮᠠᠭ᠎ᠤᠨ ᠱᠢᠭᠤᠳ ᠬᠠᠷᠢᠶ᠎ᠠ ᠨᠢᠭᠡᠴᠢ᠂ 554 ᠠᠵᠤ ᠠᠬᠤᠢᠯᠠᠯ ᠳᠤᠰ ᠲᠠᠪᠴᠠᠩ ᠳ᠋ᠤ ᠲᠠᠡᠭ᠌ᠰᠠᠯᠠᠭᠤᠯᠤᠭᠰᠡᠨ ᠪᠥᠭᠡᠳ ᠠᠢᠮᠠᠭ᠎ᠤᠨ ᠳᠤᠰ ᠱᠠᠲᠤᠨ᠎ᠤ ᠲᠤᠭ᠍ᠳᠠᠭᠠᠨ ᠬᠡᠷᠡᠭ᠌ᠵᠢᠭᠦᠯᠵᠦ᠍ ᠪᠠᠢᠭ᠎ᠠ ᠠᠵᠤ ᠠᠬᠤᠢᠯᠠᠯ᠎ᠳ᠋ᠤ ᠬᠠᠯᠠᠮᠵᠢ ᠲᠠᠢ ᠳᠦᠷᠦ᠍ ᠵᠢᠨ ᠪᠤᠳᠤᠯᠭ᠎ᠠ᠎ᠵᠢ 70 ᠭᠠᠷᠤᠢ ᠵᠤᠷᠪᠤᠰ ᠳᠠᠮᠵᠢᠭᠤᠯᠵᠤ᠂ ᠠᠵᠤ ᠠᠬᠤᠢᠯᠠᠯ᠎ᠳ᠋ᠤ ᠨᠡᠩ ᠳᠦᠬᠦᠮ ᠲᠦᠳᠡ ᠦᠢᠯᠡᠴᠢᠯᠡᠭᠡ ᠬᠠᠩᠭᠠᠵᠠᠢ᠃

ᠲᠠᠨᠢᠯᠴᠠᠭᠤᠯᠤᠭ᠍ᠰᠠᠨ ᠵᠢᠠᠷ᠂ 《ᠥᠪᠥᠷ ᠮᠣᠩᠭᠣᠯ᠎ᠤᠨ ᠠᠵᠤ ᠠᠬᠤᠢ᠌ᠯᠠᠯ᠎ᠤᠨ ᠰᠤᠪᠠᠭ》ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠤᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠤ ᠲᠠᠪᠴᠠᠡᠭ ᠪᠣᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠡᠴᠡ ᠲᠦᠷᠦ᠍ ᠵᠢᠨ ᠶᠠᠪᠤᠳᠠᠯ᠎ᠤᠨ ᠬᠤᠷᠢᠶᠠᠨ᠎ᠤ 《ᠲᠥᠷᠥ᠎ᠵᠢᠨ ᠪᠣᠳᠣᠯᠭ᠎ᠠ᠎ᠵᠢ ᠦᠨᠡᠯᠡᠨ ᠵᠢᠱ᠌ᠢᠬᠦ᠌ ᠲᠦᠷᠢᠮ᠎ᠢ ᠪᠠᠢᠭᠤᠯᠤᠨ ᠪᠦᠷᠢᠨᠱᠢᠬᠦᠯᠵᠦ᠍᠂ ᠵᠠᠰᠠᠭ ᠠᠵᠤ ᠠᠬᠤᠢᠯᠠᠯ ᠬᠠᠷᠢᠯᠴᠠᠨ ᠨᠡᠪᠲᠡᠷᠡᠯᠴᠡᠬᠦ᠌ ᠪᠠᠢᠩᠭᠤ᠎ᠵᠢᠨ ᠲᠣᠭ᠍ᠲᠠᠴᠠ᠎ᠵᠢ ᠪᠠᠢᠭᠤᠯᠤᠨ᠂ ᠠᠵᠤ ᠠᠬᠤᠢᠯᠠᠯ᠎ᠳ᠋ᠤ ᠠᠱᠢᠭ ᠬᠦᠷᠲᠡᠭᠡᠬᠦ᠌ ᠲᠥᠷᠥ᠎ᠵᠢᠨ ᠪᠣᠳᠣᠯᠭ᠎ᠠ ᠵᠢᠨ ᠬᠡᠷᠡᠭ᠌ᠵᠢᠭᠦᠯᠦᠭ᠌ᠳᠡᠬᠦ᠌ ᠵᠢ ᠰᠠᠢᠲᠤᠷ ᠠᠳᠭᠤᠬᠤ》 ᠬᠣᠯᠪᠣᠭ᠍ᠳᠠᠯ ᠪᠥᠬᠥᠶ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠵᠢᠨ ᠵᠥᠪᠯᠡᠯ᠎ᠡᠴᠡ ᠲᠠᠢ᠌ᠴᠢᠯᠠᠨ ᠪᠠᠢ᠌ᠭᠤᠯᠤᠭ᠍ᠰᠠᠨ ᠪᠥᠬᠥ᠌ ᠣᠷᠣᠨ᠎ᠤ ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠤᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠤ ᠲᠠᠪᠴᠠᠡᠭ ᠪᠣᠯᠤᠨ᠎ᠠ᠃ ᠡᠨᠡ ᠵᠢᠯ᠎ᠤᠨ 1 ᠰᠠᠷ᠎ᠠ᠎ᠳ᠋ᠤ ᠲᠣᠰ ᠲᠠᠪᠴᠠᠩ᠎ᠤᠨ ᠪᠠᠢᠭᠤᠯᠤᠯᠲᠠ ᠵᠢᠨ ᠠᠵᠢᠯ ᠵᠢᠩᠬᠢᠨᠢ᠎ᠪᠡᠷ ᠡᠬᠢᠯᠡᠭ᠌ᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠵᠢᠨ ᠵᠥᠪᠯᠡᠯ᠎ᠡᠴᠡ ᠡᠯ᠎ᠡ ᠬᠠᠮᠢᠶ᠎ᠠ ᠪᠥᠬᠥᠶ ᠰᠠᠯᠠᠭ᠎ᠠ ᠮᠥᠴᠢᠷ ᠲᠡᠶ ᠬᠠᠮᠲᠤᠷᠠᠨ ᠪᠥᠬᠥ᠌ ᠣᠷᠣᠨ᠎ᠤ ᠬᠡᠪᠴᠢᠶᠡᠨ᠎ᠳ᠋ᠦ᠍ ᠲᠤᠰ ᠲᠠᠪᠴᠠᠩ᠎ᠤᠨ ᠪᠠᠢᠭᠤᠯᠤᠯᠲᠠ ᠪᠠ ᠬᠡᠷᠡᠭ᠌ᠯᠡᠯᠲᠡ ᠵᠢ ᠠᠬᠢᠭᠤᠯᠵᠠᠢ᠃

ᠰᠤᠷᠪᠤᠯᠵᠢᠯᠠᠬ᠍ᠴᠢ ᠰᠤᠨᠢᠨ ᠮᠡᠳᠡᠭᠡ ᠨᠡᠢ᠌ᠳᠡᠯᠡᠬᠦ᠌ ᠬᠤᠷᠠᠯ ᠡᠴᠡ ᠣᠢᠯᠠᠭᠠᠭ᠍ᠰᠠᠨ ᠵᠢᠠᠷ᠂《ᠥᠪᠥᠷ ᠮᠣᠩᠭᠣᠯ᠎ᠤᠨ ᠠᠵᠤ ᠠᠬᠤᠢ᠌ᠯᠠᠯ᠎ᠤᠨ ᠰᠤᠪᠠᠭ》 ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠤᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠤ ᠲᠠᠪᠴᠠᠡᠭ ᠨᠢ《ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ》᠂ 《ᠲᠥᠷᠥ᠍ ᠵᠢᠨ ᠪᠣᠳᠣᠯᠭ᠎ᠠ ᠵᠢᠨ ᠤᠬᠠᠭᠤᠯᠭ᠎ᠠ》᠂ 《ᠨᠡᠢ᠌ᠳᠡᠮ᠎ᠤᠨ ᠪᠠᠢᠴᠠᠭᠠᠯᠲᠠ》᠂《ᠲᠣᠭ᠎ᠠ ᠪᠠᠷᠢᠮᠲᠠ ᠵᠢᠨ ᠬᠦᠮᠦᠷᠬᠡ》 ᠵᠡᠷᠭᠡ ᠴᠢᠳᠠᠮᠵᠢ ᠲᠠᠢ ᠪᠠᠢ᠌ᠵᠤ᠂ ᠭᠣᠣᠯᠳᠠᠭᠤ ᠮᠡᠳᠡᠭᠡ ᠵᠠᠡᠭ᠌ᠭᠢ ᠵᠢᠨ ᠠᠷᠭ᠎ᠠ ᠪᠠᠷᠢᠯ ᠵᠢᠠᠷ ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠳ᠋ᠤ ᠱᠢᠯᠢᠳᠡᠭ ᠦᠢᠯᠡᠴᠢᠯᠡᠭᠡ ᠬᠠᠩᠭᠠᠵᠤ ᠂ ᠠᠵᠤ ᠠᠬᠤᠢᠯᠠᠯ ᠬᠢᠭᠡᠳ ᠵᠠᠰᠠᠭ᠎ᠤᠨ ᠣᠷᠳᠣᠨ᠎ᠤ ᠬᠣᠭᠣᠷᠣᠨᠳᠣᠬᠢ ᠬᠠᠷᠢᠯᠴᠠᠭᠠᠨ᠎ᠤ ᠬᠦᠭᠦᠷᠭᠡ᠎ᠶᠢ ᠴᠤᠭᠴᠠᠯᠠᠵᠤ᠂ ᠠᠵᠤ ᠠᠬᠤᠢᠯᠠᠯ᠎ᠢ ᠬᠠᠮᠵᠢᠨ《ᠬᠦᠴᠢᠷ ᠲᠦᠪᠡᠭ᠌ᠳᠡᠢ》 ᠠᠰᠠᠭᠤᠳᠠᠯ᠎ᠢ ᠱᠢᠶ᠋ᠳᠪᠦᠷᠢᠯᠡᠬᠦ᠌᠎ᠵᠢᠨ ᠬᠠᠮᠲᠤ᠌ ᠡᠯ᠎ᠡ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠲᠥᠷᠥ᠎ᠵᠢᠨ ᠪᠣᠳᠣᠯᠭ᠎ᠠ ᠲᠣᠭ᠍ᠲᠠᠭᠠᠬᠤ᠂ ᠬᠡᠷᠡᠭ᠌ᠵᠢᠭᠦᠯᠬᠦ᠌ ᠵᠢ ᠦᠨᠡᠯᠡᠨ ᠵᠢᠱ᠌ᠢᠬᠦ᠌ ᠲᠣᠭ᠍ᠲᠠᠴᠠ᠂ ᠬᠦᠰᠡᠯ ᠱᠠᠭᠠᠷᠳᠠᠯᠭ᠎ᠠ ᠵᠢ ᠱᠢᠶ᠋ᠳᠪᠦᠷᠢᠯᠡᠨ ᠵᠠᠳᠠᠯᠬᠤ ᠪᠠ ᠲᠥᠷᠥ᠎ᠵᠢᠨ ᠪᠣᠳᠣᠯᠭ᠎ᠠ᠎ᠵᠢ ᠵᠣᠬᠢᠴᠠᠭᠤᠯᠤᠨ ᠪᠦᠷᠢᠳᠭᠡᠬᠦ᠌ ᠵᠡᠷᠭᠡ ᠰᠤᠳᠤᠯᠭᠠᠨ᠎ᠳ᠋ᠤ ᠲᠤᠯᠭᠠᠭᠤᠷᠢᠯᠠᠯ ᠬᠠᠩᠭᠠᠵᠤ᠂ ᠪᠥᠬᠥ᠌ ᠣᠷᠣᠨ᠎ᠤ ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ ᠵᠢ ᠪᠠᠲᠤᠯᠠᠬᠤ ᠳ᠋ᠤ ᠦᠢᠯᠡᠴᠢᠯᠡᠬᠦ᠌ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号