11 ᠰᠠᠷ᠎ᠠ᠎ᠶ᠋ᠢᠨ 12— 14 ᠦ ᠡᠳᠦᠷ ᠪᠤᠯᠲᠠᠯ᠎ᠠ᠂
ᠪᠥᠬᠥ᠌ ᠪᠥᠮᠪᠥᠷᠴᠡᠭ᠎ᠦᠨ ᠠᠩᠬᠠᠳᠠᠭ᠍ᠴᠢ ᠰᠤᠷᠤᠭᠤᠯᠬᠤ ᠮᠠᠶᠢᠬ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ
ᠸᠠᠺᠼᠢᠨ᠎ᠢ 《2021 ᠣᠨ᠎ᠤ ᠲᠠᠪᠤᠳᠤᠭᠠᠷ ᠬᠤᠭᠤᠴᠠᠭᠠᠨ᠎ᠤ ᠬᠠᠢᠨᠠᠨ ᠤ ᠣᠯᠠᠨ ᠤᠯᠤᠰ᠎ᠤᠨ ᠡᠷᠡᠭᠦᠯ
ᠮᠡᠨᠳᠦ᠍᠎ᠶ᠋ᠢᠨ ᠦᠶ᠋ᠯᠡᠰ᠎ᠦᠨ ᠦᠵᠡᠰᠭᠦᠯᠡᠩ᠎ᠦᠨ ᠴᠤᠭ᠍ᠯᠠᠭᠠᠨ》᠎ᠳ᠋ᠤ ᠳᠡᠯᠭᠡᠨ
ᠦᠵᠡᠭᠦᠯᠵᠦ᠍᠂ ᠦᠵᠡᠭ᠌ᠴᠢᠳ ᠲᠤᠬᠠᠶ ᠶ᠋ᠢᠨ ᠲᠠᠯᠠᠪᠠᠶ ᠳᠤ ᠰᠤᠷᠤᠭᠤᠯᠬᠤ ᠮᠠᠶᠢᠬ᠎ᠤᠨ ᠱᠢᠨ᠎ᠡ ᠲᠢᠲᠢᠮᠯᠢᠭ ᠠᠭᠤᠰᠭᠢᠨ
ᠦᠷᠪᠢᠰᠦᠯ᠎ᠦᠨ ᠸᠠᠺᠼᠢᠨ᠎ᠤ ᠬᠡᠷᠡᠭ᠌ᠯᠡᠬᠦ᠌ ᠠᠷᠭ᠎ᠠ᠎ᠶ᠋ᠢ ᠪᠡᠶᠡᠴᠢᠯᠡᠨ ᠣᠢᠯᠠᠭᠠᠵᠠᠭᠠᠪᠠ᠃
ᠰᠤᠷᠤᠭᠤᠯᠬᠤ ᠮᠠᠶᠢᠭ᠎ᠤᠨ ᠱᠢᠨ᠎ᠡ
ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ ᠨᠢ ᠪᠤᠯᠴᠢᠩ᠎ᠤᠨ ᠲᠠᠷᠢᠯᠭ᠎ᠠ ᠵᠢᠨ ᠬᠢ ᠲᠠᠢ ᠠᠳᠠᠯᠢ ᠲᠥᠷᠥᠯ᠎ᠦᠨ
ᠸᠠᠺᠼᠢᠨ᠎ᠢ ᠬᠡᠷᠡᠭ᠌ᠯᠡᠵᠦ᠍᠂ ᠨᠠᠢᠷᠠᠯᠭ᠎ᠠ ᠶ᠋ᠢ ᠨᠢ ᠬᠤᠪᠢᠷᠠᠭᠤᠯᠤᠭ᠍ᠰᠠᠨ ᠥᠬᠡᠶ᠂ ᠵᠥᠪᠬᠡᠨ ᠠᠳᠠᠯᠢ ᠪᠤᠰᠤ
ᠡᠮ ᠥᠭ᠌ᠬᠦ ᠠᠷᠭ᠎ᠠ ᠮᠠᠶᠢᠭ᠎ᠢ ᠬᠡᠷᠡᠭ᠌ᠯᠡᠭ᠌ᠰᠡᠨ ᠪᠠᠢᠨ᠎ᠠ᠃ ᠮᠠᠨᠠᠨᠵᠢᠯᠲᠠ ᠶ᠋ᠢᠨ ᠰᠤᠷᠤᠭᠤᠯᠬᠤ ᠡᠭᠡᠯᠢᠯᠡᠭᠡ
ᠶ᠋ᠢᠨ ᠲᠠᠷᠢᠯᠭ᠎ᠠ ᠨᠢ ᠮᠠᠨᠠᠨᠵᠢᠭᠤᠯᠤᠭ᠍ᠴᠢᠪᠠᠷ ᠸᠠᠺᠼᠢᠨ᠎ᠢ ᠮᠠᠨᠠᠨ᠎ᠤ ᠪᠢᠴᠢᠯ ᠮᠥᠬᠥᠯᠢᠭ ᠪᠣᠯᠭᠠᠨ ᠬᠤᠪᠢᠷᠠᠭᠤᠯᠵᠤ᠂
ᠠᠮᠠ ᠪᠠᠷ ᠠᠮᠢᠰᠭᠤᠨ ᠣᠷᠣᠭᠤᠯᠬᠤ ᠠᠷᠭ᠎ᠠ ᠪᠠᠷ ᠠᠮᠢᠰᠭᠤᠯ᠎ᠤᠨ ᠵᠠᠮ ᠪᠠ ᠠᠭᠤᠰᠭᠢᠨ᠎ᠳᠤ ᠣᠷᠣᠭᠤᠯᠵᠤ᠂ ᠰᠠᠯᠢᠰᠤᠲᠤ
ᠪᠦᠷᠬᠦᠪᠴᠢ᠎ᠶ᠋ᠢᠨ ᠡᠭᠡᠯᠢᠯᠡᠭᠡ ᠶ᠋ᠢᠨ ᠠᠵᠢᠯᠯᠠᠭ᠎ᠠ ᠶ᠋ᠢ ᠬᠥᠭ᠌ᠵᠢᠭᠡᠨ᠎ᠡ᠃ ᠡᠢᠮᠦᠷᠬᠦ᠌ ᠡᠭᠡᠯᠢᠯᠡᠭᠡ ᠵᠢ
ᠪᠤᠯᠴᠢᠩ᠎ᠳᠤ ᠲᠠᠷᠢᠯᠭ᠎ᠠ ᠬᠢᠬᠦ ᠪᠡᠷ ᠳᠡᠮᠵᠢᠨ ᠪᠡᠶᠡᠯᠡᠭᠦᠯᠵᠦ ᠳᠡᠢᠯᠬᠦ᠌ ᠥᠬᠡᠶ ᠶᠤᠮ᠃
ᠪᠦᠬᠦ᠌ ᠪᠥᠮᠪᠥᠷᠴᠡᠭ ᠦᠨ
ᠠᠩᠬᠠᠳᠠᠭ᠍ᠴᠢ ᠰᠤᠷᠤᠭᠤᠯᠬᠤ ᠮᠠᠶᠢᠬ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠢ ᠴᠡᠷᠢᠭ᠎ᠦᠨ
ᠶᠠᠪᠤᠳᠠᠯ᠎ᠤᠨ ᠠᠨᠠᠭᠠᠬᠤ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠴᠧᠨ ᠸᠧᠢ ᠠᠺᠠᠳᠧᠮᠢᠴᠢ᠎ᠶ᠋ᠢᠨ ᠪᠦᠯᠬᠦᠮ
ᠪᠣᠯᠤᠨ ᠺᠠᠩ ᠰᠢ ᠨᠦᠸᠸ ᠠᠮᠢᠳᠤ ᠪᠣᠳᠠᠰᠤᠨᠬᠤᠪᠢᠴᠠᠭᠠᠳᠤ ᠺᠣᠮᠫᠠᠨᠢ ᠬᠠᠮᠲᠤᠷᠠᠨ ᠰᠤᠳᠤᠯᠤᠨ ᠨᠡᠭᠡᠭᠡᠪᠡ᠃ ᠣᠳᠣᠬᠠᠨ᠎ᠳᠤ
ᠬᠣᠶᠠᠳᠤᠭᠠᠷ ᠬᠤᠭᠤᠴᠠᠭᠠᠨ᠎ᠤ ᠡᠮᠴᠢᠯᠡᠭᠡᠨ᠎ᠦ ᠲᠤᠷᠱᠢᠯᠲᠠ ᠨᠢ ᠱᠠᠳᠤᠴᠢ ᠴᠢᠨᠠᠷᠲᠠᠢ ᠦᠷ᠎ᠡ ᠪᠦᠲᠦᠭᠡᠯ ᠣᠯᠵᠤ᠂
ᠶᠠᠭ ᠪᠠᠴᠢᠮ ᠬᠡᠷᠡᠭ᠌ᠯᠡᠬᠦ᠌ ᠭᠤᠶᠤᠴᠢᠯᠠᠯ᠎ᠤᠨ ᠠᠵᠢᠯ᠎ᠢ ᠠᠬᠢᠭᠤᠯᠵᠤ ᠪᠠᠢᠨ᠎ᠠ᠃
ᠢᠷᠡᠯᠲᠡ᠄ ᠲᠦᠪ ᠲᠸᠯᠸᠢᠰ᠎ᠤᠨ ᠰᠤᠨᠢᠨ ᠮᠡᠳᠡᠭᠡᠨ᠎ᠤ ᠰᠢᠯᠵᠢᠶ᠎ᠡ᠂ ᠵᠦᠩ ᠰᠢᠨ
ᠸᠢᠳᠢᠣ᠋