ᠬᠠᠲᠤᠨ ᠭᠤᠤᠯ᠎ᠤᠨ ᠳᠠᠯᠠᠩ᠎ᠤᠨ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠶᠡᠬᠡ ᠠᠩᠭᠢ ᠠᠷᠠᠳ᠎ᠲᠤ ᠪᠣᠳᠠᠲᠤ ᠶᠠᠪᠤᠳᠠᠯ ᠬᠢᠵᠦ᠍ ᠦᠭᠴᠦ ᠪᠤᠢ
2021-11-15 10:50:40
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠪᠠᠶᠠᠨᠨᠠᠭᠤᠷ ᠬᠤᠲᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠬᠠᠲᠤᠨ ᠭᠤᠤᠯ᠎ᠤᠨ ᠳᠠᠯᠠᠩ᠎ᠤᠨ ᠵᠠᠰᠠᠮᠠᠯ ᠵᠠᠮ᠎ᠤᠨ ᠶᠡᠬᠡ ᠠᠩᠭᠢ 《ᠭᠠᠷ ᠬᠣᠯᠪᠣᠨ ᠰᠡᠳᠭᠢᠯ᠎ᠢᠶᠡᠨ ᠨᠢᠭᠡᠳᠭᠡᠵᠦ᠍ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠵᠤ᠂  ᠴᠠᠭ᠍ᠳᠠᠭ᠎ᠠ ᠰᠤᠷᠭᠠᠭᠤᠯᠢ ᠬᠠᠮᠲᠤᠷᠠᠨ ᠠᠮᠤᠷ ᠲᠦᠪᠱᠢᠨ ᠵᠠᠮ᠎ᠬᠠᠷᠢᠯᠴᠠᠭ᠎ᠠ ᠵᠢ ᠪᠠᠢᠭᠤᠯᠤᠶ᠎ᠠ》 ᠬᠡᠬᠦ ᠦᠰᠦᠭ ᠲᠡᠢ ᠨᠢᠬᠡᠨ ᠬᠡᠮᠡᠷᠯᠢᠭ ᠲᠣᠭ᠎ᠢ ᠲᠤᠰᠴᠠᠢ᠂ ᠡᠨᠡ ᠪᠣᠯ ᠪᠣᠷᠣᠲᠣᠬᠣᠶ ᠲᠡᠭᠡᠳᠦ ᠰᠤᠷᠭᠠᠭᠤᠯᠢ᠎ᠶ᠋ᠢᠨ ᠲᠤᠰ ᠶᠡᠬᠡ ᠠᠩᠬᠢ᠎ᠳᠦ ᠬᠦᠷᠭᠡᠭ᠌ᠰᠡᠨ ᠴᠢᠩ ᠰᠡᠳᠭᠢᠯ᠎ᠦᠨ ᠲᠠᠯᠠᠷᠬᠠᠯ ᠪᠣᠯᠤᠨ᠎ᠠ᠃

ᠲᠤᠰ ᠶᠡᠬᠡ ᠠᠡᠭ᠌ᠬᠢ《ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠠᠵᠢᠯᠯᠠᠭ᠎ᠠ᠎ᠶ᠋ᠢ ᠥᠷᠨᠢᠭᠦᠯᠦᠭ᠌ᠰᠡᠨ᠎ᠡᠴᠡ ᠨᠠᠭᠠᠰᠢ᠂ ᠲᠤᠰ ᠠᠵᠢᠯᠯᠠᠭ᠎ᠠ ᠵᠢ ᠡᠩᠨᠡᠭᠡᠨ᠎ᠦ ᠬᠥᠮᠦᠵᠢᠯ ᠴᠡᠭ᠌ᠴᠡᠯᠡᠯᠲᠡ᠎ᠶ᠋ᠢᠨ《ᠶᠡᠬᠡ ᠬᠢᠴᠢᠶᠡᠯ ᠨᠦᠬᠦᠬᠦ᠌》 ᠲᠠᠢ ᠨᠢᠭ᠍ᠲᠠ ᠤᠶᠠᠯᠳᠤᠭᠤᠯᠵᠤ᠂ ᠨᠠᠮ᠎ᠤᠨ ᠤᠯᠠᠨ ᠲᠦᠮᠡᠨᠴᠢ ᠱᠤᠭᠤᠮ᠎ᠢ ᠢᠮᠠᠭ᠍ᠲᠠ ᠪᠠᠷᠢᠮᠲᠠᠯᠠᠨ ᠦᠢᠯᠡᠳᠦᠯᠭᠡᠵᠢᠭᠦᠯᠵᠦ᠍᠂ ᠪᠠᠶᠠᠨᠨᠠᠭᠤᠷ ᠬᠣᠲᠠ᠎ᠶ᠋ᠢᠨ ᠨᠠᠮ᠎ᠤᠨ ᠰᠤᠷᠭᠠᠭᠤᠯᠢ᠂ ᠥᠪᠥᠷ ᠮᠣᠩᠭᠣᠯ᠎ᠤᠨ᠎ᠤᠷᠠᠨ ᠵᠢᠷᠤᠭ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠪᠠᠷᠠᠭᠤᠨ ᠬᠣᠢᠲᠤ᠎ᠶ᠋ᠢᠨ ᠢᠳᠡᠭᠡᠨ ᠤᠮᠳᠠᠭᠠᠨ᠎ᠤ ᠰᠤᠷᠭᠠᠭᠤᠯᠢ᠎ᠳᠤ ᠰᠠᠨᠠᠭᠤᠯᠤᠮᠵᠢ ᠰᠡᠷᠡᠮᠵᠢ᠎ᠶ᠋ᠢᠨ ᠲᠡᠮᠳᠡᠭ 9᠎ᠶ᠋ᠢ ᠨᠠᠮᠠᠨ ᠲᠣᠬᠢᠷᠠᠭᠤᠯᠵᠤ᠂ ᠪᠣᠷᠣᠲᠣᠬᠣᠶ ᠳᠡᠭᠡᠳᠦ ᠰᠤᠷᠭᠠᠭᠤᠯᠢ᠎ᠶ᠋ᠢᠨ ᠡᠭᠦᠳᠡᠨ᠎ᠳᠦ 400 ᠭᠠᠷᠤᠶ ᠲᠡᠭ᠌ᠰᠢ ᠳᠥᠷᠪᠡᠯᠵᠢᠨ ᠮᠧᠲ᠋ᠷ ᠳᠣᠷᠭᠢᠯᠲᠠ᠎ᠶ᠋ᠢᠨ ᠱᠤᠭᠤᠮ᠎ᠢ ᠵᠢᠷᠤᠵᠤ ᠦᠭᠴᠦ᠂ ᠱᠤᠸᠠᠩ ᠾᠧ ᠬᠠᠮᠢᠶᠠᠷᠤᠯᠲᠠ᠎ᠶ᠋ᠢᠨ ᠵᠥᠪᠯᠡᠯ᠎ᠦᠨ ᠵᠠᠮ᠎ᠤᠨ ᠬᠡᠰᠡᠭ᠎ᠲᠦ ᠬᠣᠶᠠᠷ ᠵᠤᠷᠪᠤᠰ ᠬᠤᠷᠳᠤᠴᠠ ᠵᠢ ᠤᠳᠠᠭᠠᠱᠢᠷᠠᠭᠤᠯᠬᠤ ᠪᠦᠰᠡ ᠲᠣᠬᠢᠷᠠᠭᠤᠯᠤᠨ ᠦᠭᠴᠤ᠂ ᠲᠣᠰᠭᠣᠨ ᠨᠢᠭᠡᠳᠦᠯ᠎ᠦᠨ ᠵᠠᠮ᠎ᠤᠨ ᠠᠭᠤᠯᠵᠠᠷ᠎ᠲᠤ 3 ᠵᠤᠷᠪᠤᠰ ᠬᠤᠷᠳᠤᠴᠠ ᠵᠢ ᠤᠳᠠᠭᠠᠱᠢᠷᠠᠭᠤᠯᠬᠤ ᠪᠦᠰᠡ ᠨᠠᠮᠠᠨ ᠲᠣᠬᠢᠷᠠᠭᠤᠯᠪᠠ᠃ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ ᠵᠢ ᠰᠠᠢᠳᠤᠷ ᠬᠠᠩᠭᠠᠵᠤ᠂ ᠰᠡᠳᠭᠢᠯ᠎ᠳᠡᠭᠡᠨ ᠣᠯᠠᠨ ᠲᠦᠮᠡᠨ᠎ᠢ ᠪᠤᠳᠤᠵᠤ᠂ ᠣᠯᠠᠨ ᠲᠦᠮᠡᠨ᠎ᠦ ᠲᠥᠯᠥᠭᠡ ᠠᠵᠢᠯᠯᠠᠵᠤ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠵᠥ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号