ᠤᠷ᠎ᠠ ᠮᠡᠷᠭᠡᠵᠢᠯ᠎ᠵᠢᠡᠷ ᠦᠭᠡᠳᠡᠯᠡᠯ ᠬᠦᠭᠵᠢᠯ᠎ᠤᠨ ᠵᠠᠮ᠎ᠢ ᠨᠡᠭᠡᠭᠡᠨ᠎ᠡ
2021-11-15 10:06:13
ᠵᠣᠬᠢᠶᠠᠭ᠍ᠴᠢ᠄
​ᠬᠤᠩ ᠰᠢᠶᠠ ᠯᠢ ᠢᠤᠢ ᠵᠦᠸᠸ ᠠᠨ ᠶᠢᠨ ᠳ᠋ᠦᠩ
ᠣᠩᠱᠢᠭ᠍ᠰᠠᠨ ᠣᠳᠠᠭ᠎ᠠ᠄
★★★☆☆

ᠬᠦᠳᠡᠭᠡ ᠵᠢᠨ ᠪᠤᠷᠤ ᠮᠠᠯᠴᠢᠨ ᠨᠤᠳᠤᠭ ᠲᠠᠭᠠᠨ ᠮᠠᠯ ᠤᠨᠤᠭ᠎ᠠ ᠪᠡᠨ ᠠᠷᠠᠴᠢᠯᠠᠬᠤ ᠡᠴᠡ ᠭᠠᠳᠠᠨ᠎ᠠ᠂ ᠬᠤᠳᠠ ᠭᠠᠵᠠᠷ ᠨᠠᠷᠢᠯᠢᠬ ᠤᠷ᠎ᠠ ᠮᠡᠷᠭᠡᠵᠢᠯ ᠡᠵᠡᠮᠰᠢᠨ᠂ ᠬᠤᠤᠰ ᠦᠷ᠎ᠡ ᠠᠰᠢᠬ᠎ᠢ ᠡᠬᠦᠳᠦᠨ᠎ᠡ ᠬᠡᠭᠴᠢ ᠶᠠᠭᠤᠳᠠᠢ ᠪᠠᠶᠠᠷ᠂ ᠶᠠᠭᠤᠳᠠᠢ ᠵᠠᠪᠰᠢᠶᠠᠨ!

ᠬᠦᠯᠦᠨ ᠪᠤᠢᠷ ᠬᠤᠳᠠ ᠵᠢᠨ ᠡᠸᠨᠨᠭᠬᠢ ᠦᠨᠳᠦᠰᠦᠳᠡᠨ᠎ᠤ  ᠦᠪᠡᠷᠳᠡᠭᠡᠨ ᠵᠠᠰᠬᠠᠤ ᠬᠤᠰᠢᠭᠤᠨ᠎ᠤ ᠦᠨᠳᠦᠰᠦᠳᠡᠨ᠎ᠤ ᠰᠤᠶᠤᠯ᠎ᠤᠨ ᠠᠵᠤ ᠥᠢᠯᠡᠰ᠎ᠤᠨ ᠦᠢᠯᠡᠰ ᠪᠤᠰᠬᠠᠬᠤ ᠬᠦᠷᠢᠶᠡᠯᠡᠨᠭ ᠳ᠋ᠤ ᠬᠦᠷᠪᠡᠯ᠂ ᠠᠳᠠᠯᠢ ᠪᠤᠰᠤ ᠵᠢᠨ ᠦᠨᠳᠦᠰᠦᠳᠡᠨ᠎ᠤ ᠤᠨᠴᠠᠯᠢᠬᠳᠤ ᠭᠠᠷ ᠤᠷᠠᠯᠠᠯ᠎ᠤᠨ ᠠᠵᠢᠯᠯᠠᠬᠤ ᠦᠷᠦᠭᠡ ᠨᠤᠬᠦᠳ ᠦᠩᠭᠡ ᠮᠦᠴᠡᠭᠡᠷᠭᠡᠨ᠂ ᠬᠤᠯᠠ ᠤᠢᠷ᠎ᠠ ᠡᠴᠡ ᠬᠦᠷᠦᠯᠴᠡᠨ ᠢᠷᠡᠭᠰᠡᠨ ᠵᠤᠴᠢᠳ ᠲᠸ᠋ ᠲᠤᠮᠳᠠᠳᠤ ᠵᠢᠨ ᠰᠤᠶᠤᠯ᠎ᠤᠨ ᠪᠠᠶᠠᠯᠢᠭ ᠠᠭᠤᠯᠤᠬᠳᠠᠬᠤᠨ᠂ ᠰᠤᠶᠤᠯ᠎ᠤᠨ ᠪᠦᠳᠦᠭᠡᠯᠴᠢ ᠦᠢᠯᠡᠳᠬᠦᠨ᠎ᠤ ᠷᠢᠳᠢ ᠰᠢᠳᠢ ᠵᠢ ᠭᠠᠢᠬᠠᠭᠤᠯᠤᠨ᠎ᠠ᠃ 2016 ᠤᠨ ᠳ᠋ᠤ ᠲᠤᠰ ᠦᠢᠯᠡᠰ ᠪᠤᠰᠬᠠᠬᠤ ᠬᠦᠷᠢᠶᠡᠯᠡᠩ ᠪᠠᠢᠭᠤᠯᠤᠭᠳᠠᠭᠰᠠᠨ ᠡᠴᠡ ᠨᠠᠭᠠᠰᠢ᠂ ᠤᠷᠢᠳ ᠬᠤᠵᠢᠳ 228 ᠠᠵᠤ ᠠᠬᠤᠢᠯᠠᠯ ᠡᠨᠳᠡ ᠨᠤᠳᠤᠬᠰᠢᠵᠦ᠂ ᠡᠸᠨᠨᠭᠬᠢ᠂ ᠮᠤᠩᠭᠤᠯ᠂ ᠲᠠᠭᠤᠷ᠂ ᠤᠷᠴᠤᠨ᠂ ᠤᠷᠤᠰ᠂ ᠬᠢᠳᠠᠳ᠂ ᠮᠠᠨᠵᠤ ᠵᠡᠷᠭᠡ ᠦᠨᠳᠦᠰᠦᠳᠡᠨ᠎ᠨᠤᠬᠦᠳ ᠎ᠤᠨ ᠤᠯᠠᠨ ᠲᠦᠮᠡᠨ᠎ᠤ ᠦᠢᠯᠡᠰ ᠪᠤᠰᠬᠠᠬᠤ ᠬᠦᠰᠡᠯ᠎ᠢ ᠲᠡᠷᠭᠡᠯᠰᠢᠬᠦᠯᠵᠡᠢ᠂ ᠡᠬᠦᠨ ᠳ᠋ᠤ᠂ ᠨᠡᠢᠳᠡ 29 ᠵᠦᠢᠯ᠎ᠤᠨ ᠪᠤᠳᠠᠰ᠎ᠤᠨ ᠪᠤᠰᠤ ᠰᠤᠶᠤᠯ᠎ᠤᠨ ᠦᠪ᠎ᠢ ᠬᠠᠮᠤᠷᠤᠭᠰᠠᠨ ᠪᠤᠳᠠᠰ᠎ᠤᠨ ᠪᠤᠰᠤ ᠰᠤᠶᠤᠯ᠎ᠤᠨ ᠦᠪ᠎ᠤᠨ 16 ᠠᠵᠤ ᠠᠬᠤᠢᠯᠠᠯ ᠪᠠᠢᠵᠤ᠂ 5 《ᠤᠷ᠎ᠠ ᠴᠢᠳᠠᠪᠤᠷᠢ ᠵᠢᠨ ᠶᠡᠭᠡ ᠪᠠᠭᠰᠢᠳᠠᠨ᠎ᠤ ᠠᠵᠢᠯᠯᠠᠬᠤ ᠦᠷᠦᠭᠡ》  ᠪᠤᠢ᠃

ᠤᠢᠷ᠎ᠠ ᠵᠢᠨ ᠵᠢᠯ᠎ᠠᠴᠠ ᠨᠠᠭᠠᠰᠢ᠂ ᠬᠦᠯᠦᠨ ᠪᠤᠢᠷ ᠬᠣᠲᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠰᠢᠨ᠎ᠡ ᠬᠦᠭᠵᠢᠯᠲᠡ ᠵᠢᠨ ᠤᠢᠯᠠᠭᠠᠬᠳᠠᠬᠤᠨ᠎ᠢ ᠲᠤᠭᠤᠰᠢᠯᠠᠭᠤᠯᠤᠨ᠂ ᠡᠯ᠎ᠡ ᠪᠠᠢᠭᠤᠯᠭ᠎ᠠ ᠨᠢᠭᠡᠴᠢ᠂ ᠠᠵᠤ ᠠᠬᠤᠢᠯᠠᠯ᠎ᠢ ᠲᠠᠢᠴᠢᠯᠠᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ  ᠪᠥᠬᠥ᠌ ᠲᠠᠯ᠎ᠠ᠎ᠪᠠᠷ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ᠎ᠪᠠᠷ ᠥᠷᠨᠢᠭᠦᠯᠵᠦ᠍᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌᠎ᠶ᠋ᠢ ᠪᠠᠷᠢᠮᠲᠠᠯᠠᠵᠤ᠂ ᠦᠷ᠎ᠡ ᠠᠱᠢᠭ᠎ᠢ ᠡᠷᠬᠢᠮᠯᠡᠨ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠴᠢᠨᠠᠭ᠍ᠰᠢᠳᠠ ᠠᠬᠢᠭᠤᠯᠵᠠᠢ᠃ ᠡᠭᠦᠨ ᠳ᠋ᠦ᠂ ᠬᠥᠯᠦᠨ ᠪᠣᠢᠷ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠵᠢᠨ ᠬᠢᠨ ᠭᠠᠵᠠᠷ ᠤᠷᠤᠨ᠎ᠤ ᠤᠨᠴᠠᠯᠢᠬ ᠪᠠ ᠰᠤᠶᠤᠯ ᠢᠷᠬᠡᠨᠰᠢᠯ᠎ᠤᠨ ᠡᠬᠢ ᠪᠠᠶᠠᠯᠢᠬ ᠲᠠᠭᠠᠨ ᠰᠠᠭᠤᠷᠢᠯᠠᠨ᠂ 《ᠤᠷ᠎ᠠ ᠴᠢᠳᠠᠪᠤᠷᠢ ᠵᠢᠨ ᠶᠡᠭᠡ ᠪᠠᠬᠰᠢᠲᠠᠨ》᠂ 《ᠪᠤᠳᠠᠰ᠎ᠤᠨ ᠪᠤᠰᠤ ᠰᠤᠶᠤᠯ᠎ᠤᠨ ᠦᠪ᠎ᠤᠨ ᠤᠯᠠᠮᠵᠢᠯᠠᠬᠴᠢ》ᠪᠡᠷ ᠭᠤᠤᠯ ᠪᠤᠯᠭᠠᠬᠰᠠᠨ ᠮᠡᠷᠭᠡᠵᠢᠯ ᠎ᠤᠨ ᠰᠤᠳᠤᠯᠭᠠᠨ᠎ᠤ  ᠪᠦᠯᠬᠦᠮ᠎ᠢ ᠪᠠᠢᠭᠤᠯᠵᠦ᠂ ᠦᠨᠳᠦᠰᠦᠲᠡᠨ᠎ᠨᠤᠬᠦᠳ᠎ᠤᠨ ᠠᠷᠠᠳ ᠲᠦᠮᠡᠨ᠎ᠳ᠋ᠦ ᠤᠷ᠎ᠠ ᠮᠡᠷᠭᠡᠵᠢᠯ᠎ᠤᠨ ᠪᠤᠯᠪᠠᠰᠤᠷᠠᠯ ᠬᠦᠷᠳᠡᠭᠡᠨ᠂ ᠦᠢᠯᠡᠰ ᠪᠤᠰᠬᠠᠬᠤ ᠵᠢ ᠨᠢ ᠲᠡᠮᠵᠢᠵᠦ᠂ ᠬᠦᠭᠵᠢᠯ ᠴᠢᠨᠡᠭᠡᠯᠢᠭᠵᠢᠯ᠎ᠤᠨ ᠵᠠᠮ᠎ᠢ ᠨᠢ ᠲᠤᠳᠤᠷᠠᠭᠤᠯᠤᠯ᠎ᠠ᠃

ᠬᠥᠯᠦᠨ ᠪᠣᠢᠷ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠵᠢᠨ ᠬᠦᠳᠡᠯᠮᠦᠷᠢ ᠵᠢᠨ ᠬᠦᠨᠳᠡᠯᠡᠨ ᠡᠴᠡ  ᠲᠠᠰᠤᠯᠬᠤ ᠵᠦᠪᠯᠡᠯ᠎ᠤᠨ ᠸᠠᠩ ᠼᠦᠩ ᠶᠢᠩ᠄《ᠮᠠᠨ ᠎ᠤ ᠪᠠᠢᠭᠤᠯᠭ᠎ᠠ ᠵᠢᠨ ᠬᠢᠨ ᠦᠨᠳᠦᠰᠦᠲᠡᠨ᠎ᠨᠤᠬᠦᠳ᠎ᠤᠨ ᠦᠢᠯᠡᠰ ᠪᠤᠰᠬᠠᠬᠤ ᠬᠦᠰᠡᠯ ᠲᠠᠢ ᠬᠦᠮᠦᠰ ᠲᠸ᠋ ᠤᠯᠠᠨ ᠡᠰᠢᠴᠢᠯᠡᠭᠰᠡᠨ᠂ ᠪᠠᠢᠩᠭᠤᠵᠢᠬᠰᠠᠨ ᠦᠨ᠎ᠡ ᠲᠦᠯᠦᠪᠦᠷᠢ ᠦᠭᠡᠢ ᠤᠷ᠎ᠠ ᠴᠢᠳᠠᠪᠤᠷᠢ ᠵᠢᠨ ᠪᠤᠯᠪᠠᠰᠤᠷᠠᠯ ᠬᠦᠷᠳᠡᠭᠡᠵᠦ᠂  ᠦᠢᠯᠡᠰ ᠪᠤᠰᠬᠠᠬᠤ ᠴᠢᠳᠠᠪᠤᠷᠢ ᠵᠢ ᠨᠢ ᠲᠡᠭᠡᠭᠰᠢᠯᠡᠭᠦᠯᠵᠦ ᠪᠠᠢᠨ᠎ᠠ ᠃ ᠭᠤᠤᠯᠳᠠᠭᠤ ᠭᠠᠵᠠᠷ ᠤᠷᠤᠨ᠎ᠤ ᠤᠨᠴᠠᠯᠢᠬ ᠪᠤᠶᠤ ᠦᠨᠳᠦᠰᠦᠲᠡᠨ᠎ᠤ ᠤᠨᠴᠠᠯᠢᠬ ᠵᠢᠴᠢ ᠬᠤᠪᠢ ᠬᠦᠮᠦᠨ᠎ᠤ  ᠬᠦᠰᠡᠯ ᠱᠠᠭᠠᠷᠳᠠᠯᠭ᠎ᠠ ᠵᠢ ᠦᠨᠳᠦᠰᠦᠯᠡᠵᠦ ᠪᠤᠯᠪᠠᠰᠤᠷᠠᠯ᠎ᠤᠨ ᠠᠩᠬᠢ ᠨᠡᠭᠡᠭᠡᠳᠡᠭ᠃ ᠲᠤᠬᠠᠢᠯᠠᠪᠠᠯ ᠮᠠᠯᠴᠢᠨ ᠲᠠᠷᠢᠶᠠᠴᠢᠨ᠎ᠤ ᠰᠤᠯᠠ ᠰᠡᠯᠡᠭᠦᠦ ᠴᠠᠬ ᠎ᠢ᠋ ᠠᠰᠢᠬᠯᠠᠨ ᠦᠨᠳᠦᠰᠦᠲᠡᠨ᠎ᠤ ᠭᠠᠷ ᠤᠷᠠᠯᠠᠯ᠂ ᠦᠨᠳᠦᠰᠦᠲᠡᠨ᠎ᠤ ᠬᠤᠪᠴᠠᠰᠤ ᠵᠠᠰᠠᠯ᠂ ᠦᠨᠳᠦᠰᠦᠳᠡᠨ᠎ᠤ ᠤᠨᠴᠠᠯᠢᠬᠳᠤ ᠬᠤᠭᠤᠯᠠ ᠤᠮᠳᠠ ᠬᠢᠬᠦ ᠪᠤᠶᠤ ᠪᠤᠤᠪᠤ ᠪᠤᠭᠤᠷᠰᠤᠭ ᠬᠢᠬᠦ᠂ ᠴᠠᠬᠢᠯᠭᠠᠨ ᠭᠠᠩᠨᠠᠭᠤᠷ᠎ᠤᠨ ᠮᠡᠷᠭᠡᠵᠢᠯ ᠵᠡᠷᠭᠡ ᠵᠢᠨ ᠲᠤᠭᠤᠷᠢᠨ ᠳ᠋ᠤ ᠲᠤᠰᠬᠠᠢ ᠮᠡᠷᠭᠡᠵᠢᠯ᠎ᠤᠨ ᠪᠠᠬᠰᠢ ᠵᠢ ᠤᠷᠢᠵᠤ ᠲᠤᠬᠠᠢ ᠵᠢᠨ ᠭᠠᠵᠠᠷ ᠲᠤᠨᠢ ᠬᠦᠷᠴᠤ ᠵᠢᠭᠠᠨ ᠵᠢᠯᠤᠭᠤᠤᠠᠳᠠᠬ》 ᠬᠡᠵᠦ ᠲᠠᠨᠢᠯᠴᠠᠭᠤᠯᠪᠠ᠃

ᠤᠢᠯᠠᠭᠠᠭᠰᠠᠨ ᠵᠢᠡᠷ᠂  ᠬᠥᠯᠦᠨ ᠪᠣᠢᠷ ᠬᠣᠲᠠ᠎ᠶ᠋ᠢᠨ ᠬᠥᠮᠦᠨ᠎ᠦ  ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ ᠪᠡᠷ ᠭᠣᠣᠯ ᠰᠢᠵᠢᠮ ᠪᠤᠯᠭᠠᠵᠤ᠂ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠂ ᠪᠣᠯᠪᠠᠰᠤᠨ ᠨᠢᠭᠡᠴᠢ᠎ᠶ᠋ᠢ ᠡᠭᠦᠳᠦᠨ ᠪᠠᠢᠭᠤᠯᠬᠤ ᠵᠢᠴᠢ  ᠲᠤᠬᠠᠢᠯᠠᠭ᠍ᠰᠠᠨ ᠠᠵᠢᠯ ᠳ᠋ᠠᠭᠠᠨ ᠠᠭᠤᠰᠤᠯᠴᠠᠭᠤᠯᠤᠨ᠂ ᠠᠵᠢᠯ ᠣᠯᠵᠤ ᠦᠢᠯᠡᠰ ᠪᠤᠰᠬᠠᠬᠤ᠂ ᠨᠡᠢᠭᠡᠮ᠎ᠦᠨ ᠪᠠᠲᠤᠯᠠᠭ᠎ᠠ᠂ ᠠᠵᠢᠯᠳᠠᠨ᠎ᠤ ᠶᠠᠪᠤᠳᠠᠯ᠂ ᠴᠢᠳᠠᠪᠤᠷᠢᠲᠠᠨ᠂ ᠬᠥᠳᠡᠯᠮᠦᠷᠢ᠎ᠶ᠋ᠢᠨ ᠬᠠᠷᠢᠴᠠᠭ᠎ᠠ ᠵᠡᠷᠭᠡ ᠵᠢᠷᠭᠤᠭ᠎ᠠ᠎ᠶ᠋ᠢ ᠤᠶᠠᠯᠳᠤᠭᠤᠯᠤᠨ᠂ 《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ᠎ᠪᠦᠯᠢ ᠵᠢᠨ ᠮᠡᠲᠦ ᠳᠣᠲᠣᠨᠣ ᠪᠠᠢᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌》 ᠨᠢᠭᠡ ᠬᠠᠷᠠᠯᠲᠠ᠎ᠶ᠋ᠢ ᠪᠡᠶᠡᠯᠡᠬᠦᠯᠬᠦ 《1361》 ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠠᠷᠠᠳ᠎ᠤᠨ ᠠᠮᠢᠳᠤᠷᠠᠯ᠎ᠤᠨ ᠠᠵᠢᠯ᠎ᠤᠨ ᠭᠦᠨᠵᠡᠭᠡᠶ ᠠᠭᠤᠰᠤᠯᠴᠠᠯ᠎ᠢ  ᠪᠡᠶᠡᠯᠡᠭᠦᠯᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠲᠠ ᠵᠢ ᠲᠠᠬᠢᠨ ᠰᠢᠨ᠎ᠡ ᠲᠡᠭᠳᠡᠷ ᠲᠸ᠋ ᠭᠠᠷᠭᠠᠵᠤ ᠪᠢᠯᠡ᠃ ᠤᠳᠤ ᠪᠤᠯᠳᠠᠯ᠎ᠠ ᠬᠥᠯᠦᠨ ᠪᠣᠢᠷ ᠬᠤᠳᠠ᠎ᠶ᠋ᠢᠨ ᠦᠢᠯᠡᠰ ᠪᠤᠰᠭᠠᠬᠤ ᠬᠦᠷᠢᠶᠡᠯᠡᠩ᠂ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠦᠨᠳᠦᠰᠦᠲᠡᠨ᠎ᠦ ᠰᠣᠶᠣᠯ᠎ᠤᠨ ᠦᠢᠯᠡᠰ ᠪᠤᠰᠭᠠᠬᠤ ᠬᠦᠷᠢᠶᠡᠯᠡᠩ᠂ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠦᠢᠯᠡᠰ ᠪᠤᠰᠭᠠᠬᠤ ᠱᠢᠨ᠎ᠡ᠎ᠶ᠋ᠢ ᠡᠭᠦᠳᠬᠦ᠌ ᠪᠡᠶᠡᠴᠢᠯᠡᠨ ᠣᠢᠯᠠᠭᠠᠬᠤ ᠣᠷᠳᠣᠨ᠂ ᠡᠷᠭᠦᠨ᠎ᠡ᠎ᠶ᠋ᠢᠨ ᠮᠣᠩᠭᠣᠯ ᠱᠢ ᠸᠸᠢ ᠵᠢᠨ ᠴᠥᠭᠡᠨ ᠲᠣᠭᠠᠲᠤ ᠦᠨᠳᠦᠰᠦᠲᠡᠨ᠎ᠦ ᠦᠢᠯᠡᠰ ᠪᠤᠰᠭᠠᠬᠤ ᠨᠡᠪᠴᠢᠭᠦᠯᠬᠦ᠌ ᠰᠠᠭᠤᠷᠢᠨ ᠵᠡᠷᠭᠡ ᠨᠢᠭᠡ ᠪᠦᠯᠦᠭ ᠵᠢᠱ᠌ᠢᠢ᠎ᠡ ᠦᠵᠡᠭᠦᠯᠬᠦ᠌ ᠴᠢᠨᠠᠷᠲᠠᠢ ᠦᠢᠯᠡᠰ ᠪᠤᠰᠭᠠᠬᠤ ᠨᠡᠪᠴᠢᠭᠦᠯᠬᠦ ᠰᠠᠭᠤᠷᠢᠨ᠎ᠢ ᠪᠠᠢᠭᠤᠯᠤᠬᠰᠠᠨ ᠪᠠᠢᠯ᠎ᠠ᠃ ᠡᠨᠡ ᠵᠢᠯ᠂ ᠠᠩᠬᠠᠳᠤᠭᠠᠷ ᠬᠤᠭᠤᠴᠠᠭᠠᠨ᠎ᠤ  ᠪᠥᠬᠥ᠌ ᠣᠷᠣᠨ᠎ᠤ《ᠤᠷᠠᠨ ᠳᠠᠷᠬᠠᠨ᠎ᠤ  ᠬᠦᠰᠡᠯ ᠵᠡᠭᠦᠳᠦ᠍᠎ᠪᠡᠨ ᠲᠡᠷᠭᠡᠯᠱᠢᠭᠦᠯᠦᠨ᠎ᠡ —  ᠷᠢᠳᠢ ᠰᠢᠳᠢ ᠵᠢᠨ ᠦᠪᠦᠷ ᠮᠤᠩᠭᠤᠯ》ᠬᠡᠬᠦ ᠦᠨᠳᠦᠰᠦᠲᠡᠨ᠎ᠦ ᠤᠨᠴᠠᠯᠢᠭ᠍ᠳᠤ ᠤᠷ᠎ᠠ ᠮᠡᠷᠭᠡᠵᠢᠯ᠎ᠦᠨ ᠠᠵᠢᠯᠯᠠᠭ᠎ᠠ᠎ᠶ᠋ᠢ ᠳᠠᠭᠠᠭᠠᠴᠢᠯᠠᠨ ᠡᠷᠭᠢᠯᠡᠬᠦ᠌᠎ᠪᠡᠷ ᠳᠠᠮᠵᠢᠭᠤᠯᠤᠨ᠂ ᠦᠨᠳᠦᠰᠦᠲᠡᠨ᠎ᠨᠦᠭᠦᠳ᠎ᠦᠨ ᠤᠷ᠎ᠠ ᠮᠡᠷᠭᠡᠵᠢᠯ᠎ᠦᠨ ᠴᠢᠳᠠᠪᠤᠷᠢᠲᠠᠨ᠎ᠤ ᠰᠤᠯᠢᠯᠴᠠᠭ᠎ᠠ ᠳ᠋ᠤ ᠦᠷᠭᠡᠨ ᠠᠭᠤᠳᠠᠮ ᠲᠠᠪᠴᠠᠩ ᠬᠠᠨᠭᠭᠠᠵᠠᠢ᠃

ᠡᠸᠡᠩᠬᠢ ᠦᠨᠳᠦᠰᠦᠲᠡᠨ᠎ᠤ ᠦᠪᠡᠷᠲᠡᠭᠡᠨ ᠵᠠᠰᠠᠬᠤ ᠬᠤᠰᠢᠭᠤᠨ᠎ᠤ ᠢᠮᠢᠨ ᠰᠤᠮᠤ ᠵᠢᠨ ᠪᠢᠯᠢᠭᠲᠦ ᠭᠠᠴᠠᠭ᠎ᠠ ᠵᠢᠨ ᠦᠨᠢᠷ  ᠪᠤᠯ  ᠬᠥᠯᠦᠨ ᠪᠣᠢᠷ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠡᠴᠡ ᠡᠷᠬᠢᠯᠡᠭᠰᠡᠨ ᠤᠷ᠎ᠠ ᠴᠢᠳᠠᠪᠤᠷᠢ ᠵᠢᠨ ᠪᠤᠯᠪᠠᠰᠤᠷᠠᠯ᠎ᠤᠨ ᠠᠩᠬᠢ ᠡᠴᠡ ᠠᠰᠢᠬ ᠬᠦᠷᠳᠡᠭᠰᠡᠳ᠎ᠤᠨ ᠨᠢᠭᠡ ᠪᠤᠯᠤᠨ᠎ᠠ᠃ ᠪᠢᠳᠡᠨ᠎ᠤ ᠰᠤᠷᠪᠤᠯᠵᠢᠯᠠᠭ᠎ᠠ ᠵᠢᠨ ᠪᠦᠯᠬᠦᠮ ᠡᠸᠡᠩᠬᠢ ᠦᠨᠳᠦᠰᠦᠲᠡᠨ᠎ᠤ ᠰᠤᠶᠤᠯ᠎ᠤᠨ ᠠᠵᠤ ᠦᠢᠯᠡᠰ᠎ᠤᠨ ᠦᠢᠯᠡᠰ ᠪᠤᠰᠬᠠᠬᠤ ᠬᠦᠷᠢᠶᠡᠯᠡᠩ ᠳ᠋ᠦ ᠬᠦᠷᠬᠦ ᠳ᠋ᠦ᠂ ᠦᠨᠢᠷ ᠶᠠᠭ ᠰᠠᠢᠬᠠᠨ ᠵᠡᠮᠳᠡᠭᠴᠤᠳ᠎ᠤᠨ ᠤᠷ᠎ᠠ ᠴᠢᠳᠠᠪᠤᠷᠢ ᠵᠢ ᠲᠡᠭᠡᠭᠰᠢᠯᠡᠭᠦᠯᠬᠦ ᠪᠤᠯᠪᠠᠰᠤᠷᠠᠯ᠎ᠤᠨ ᠠᠩᠬᠢ ᠳ᠋ᠦ ᠡᠸᠡᠩᠬᠢ ᠦᠨᠳᠦᠰᠦᠲᠡᠨ᠎ᠤ ᠤᠯᠠᠮᠵᠢᠯᠠᠯᠳᠤ ᠭᠠᠷ ᠤᠷᠠᠯᠠᠯ᠎ᠤᠨ ᠪᠦᠳᠦᠭᠡᠭᠳᠡᠬᠦᠨ 《ᠨᠠᠷᠠᠨ ᠬᠡᠤᠬᠡᠨ》  ᠤᠷᠠᠯᠠᠬᠤ ᠮᠡᠷᠭᠡᠵᠢᠯ᠎ᠢ ᠵᠢᠭᠠᠨ ᠦᠭᠴᠦ ᠪᠠᠢᠯ᠎ᠠ᠃ ᠪᠡᠶ᠎ᠡ ᠵᠡᠮᠳᠡᠭ ᠠᠷᠪᠠᠭᠠᠳ ᠬᠦᠮᠦᠰ ᠤᠷᠮ᠎ᠠ ᠲᠠᠢ ᠪᠡᠷ ᠬᠢᠴᠢᠶᠡᠯ ᠰᠤᠨᠤᠰᠬᠤ ᠵᠢᠨ ᠲᠠᠭᠠᠤ ᠦᠪᠡᠷ ᠦᠪᠡᠷ᠎ᠤᠨ ᠰᠡᠳᠬᠢᠯ ᠳ᠋ᠡᠬᠢ 《ᠨᠠᠷᠠᠨ ᠬᠡᠦᠭᠡᠨ》 ᠎ᠵᠢᠡᠨ ᠤᠷᠠᠯᠠᠨ ᠪᠦᠳᠦᠭᠡᠵᠡᠭᠡᠨ᠎ᠡ᠃

ᠦᠨᠢᠷ᠎ᠤᠨ ᠬᠢᠨ ᠬᠡᠵᠦ ᠢᠮᠢᠨ ᠰᠤᠮᠤ ᠵᠢᠨ ᠶᠠᠳᠠᠭᠤ ᠬᠦᠴᠢᠷᠳᠡᠯᠲᠡᠢ ᠡᠷᠦᠭᠡ ᠪᠠᠢᠭᠰᠠᠨ ᠶᠤᠮ᠃ ᠲᠡᠷᠡ᠂ ᠴᠢᠰᠤ ᠲᠤᠳᠠᠬᠤ ᠡᠪᠡᠳᠴᠢᠨ ᠲᠡᠢ᠂ ᠨᠤᠲᠤᠬ ᠪᠡᠯᠴᠢᠭᠡᠷ ᠬᠡᠵᠦ ᠦᠭᠡᠢ᠂ ᠤᠷᠤᠬ ᠰᠠᠯᠤᠭᠠᠳ ᠬᠤᠶᠠᠷ ᠬᠡᠤᠭᠡᠳ ᠵᠢᠡᠨ ᠭᠠᠭᠴᠠᠭᠠᠷ ᠠᠰᠠᠷᠠᠨ ᠲᠡᠵᠢᠭᠡᠵᠦ ᠪᠠᠢᠳᠠᠬ᠃ 2018 ᠤᠨ ᠡᠴᠡ ᠡᠮᠦᠨ᠎ᠡ ᠲᠡᠷᠡ ᠭᠤᠤᠯᠳᠠᠭᠤ ᠬᠤᠭᠤᠯᠠᠨ ᠭᠡᠷ ᠲᠸ᠋ ᠬᠦᠯᠦᠰᠦᠨ ᠠᠵᠢᠯ ᠬᠢᠵᠦ᠂ ᠰᠠᠷ᠎ᠠ ᠳ᠋ᠠᠭᠠᠨ 2000 — 3000 ᠲᠦᠭᠦᠷᠢᠭ ᠎ᠤᠨ ᠤᠷᠤᠯᠭ᠎ᠠ ᠤᠯᠵᠤ ᠪᠠᠢᠬᠰᠠᠨ ᠵᠢᠡᠨ ᠤᠢᠷ᠎ᠡ ᠵᠢᠨ ᠵᠢᠯ ᠬᠤᠳᠠ ᠪᠠ ᠬᠤᠰᠢᠭᠤᠨ ᠡᠴᠡ  ᠡᠯ᠎ᠡ ᠲᠦᠷᠦᠯ᠎ᠤᠨ ᠤᠷ᠎ᠠ ᠴᠢᠳᠠᠪᠤᠷᠢ ᠵᠢᠨ ᠪᠤᠯᠪᠠᠰᠤᠷᠠᠯ᠎ᠤᠨ ᠠᠩᠬᠢ ᠡᠷᠬᠢᠯᠡᠬᠦ ᠪᠤᠯᠤᠬᠰᠠᠨ ᠵᠢᠡᠷ ᠲᠡᠷᠡ ᠴᠸ᠋ ᠭᠠᠷ ᠤᠷᠠᠯᠠᠯ ᠰᠤᠷᠤᠬᠰᠠᠨ ᠪᠠᠢᠵᠠᠢ᠃ 《ᠪᠢ ᠠᠷᠠᠰᠤᠨ ᠡᠳ᠋ᠯᠡᠯ ᠬᠢᠬᠦ᠂ 〈ᠨᠠᠷᠠᠨ ᠬᠡᠤᠬᠡᠨ〉 ᠤᠷᠠᠯᠠᠬᠤ᠂ ᠦᠨᠳᠦᠰᠦᠲᠡᠨ᠎ᠤ ᠬᠤᠪᠴᠠᠰᠤ ᠤᠶᠤᠬᠤ᠂ ᠪᠤᠤᠪᠤ ᠪᠤᠭᠤᠷᠰᠤᠬ ᠬᠢᠬᠦ ᠤᠯᠠᠨ ᠮᠡᠷᠭᠡᠵᠢᠯ᠎ᠢ ᠰᠤᠷᠤᠯᠴᠠᠵᠤ ᠦᠩᠭᠡᠷᠡᠵᠡᠢ᠂ ᠤᠳᠤ ᠬᠡᠷ ᠲᠡᠭᠡᠨ ᠰᠠᠭᠤᠭᠠᠳ ᠵᠠᠬᠢᠶᠠᠯᠠᠭ᠎ᠠ ᠪᠡᠷ ᠭᠠᠷ ᠤᠷᠠᠯᠠᠯ᠎ᠤᠨ ᠪᠦᠲᠦᠭᠳᠡᠭᠦᠨ ᠬᠢᠬᠦ ᠪᠡᠷ ᠪᠠᠷᠠᠬᠤ ᠦᠭᠡᠢ᠂ ᠪᠤᠯᠪᠠᠰᠤᠷᠠᠯ᠎ᠤᠨ ᠠᠩᠬᠢ ᠳ᠋ᠦ ᠪᠠᠬᠰᠢ ᠪᠡᠷ ᠤᠷᠢᠬᠳᠠᠨ ᠬᠢᠴᠢᠶᠡᠯ ᠤᠷᠤᠵᠤ ᠪᠠᠢᠨ᠎ᠠ᠃ ᠨᠢᠭᠡ ᠤᠳᠠᠭ᠎ᠠ ᠬᠢᠴᠢᠶᠡᠯ ᠤᠷᠤᠪᠠᠯ 1000 — 1200 ᠲᠦᠭᠦᠷᠢᠭ ᠵᠤᠭᠤᠰ ᠤᠯᠤᠨ᠎ᠠ᠃ ᠦᠩᠭᠡᠷᠡᠭᠰᠡᠨ᠎ᠤ ᠬᠦᠯᠦᠰᠦᠨ ᠠᠵᠢᠯ ᠬᠢᠵᠦ ᠪᠠᠢᠬᠰᠠᠨ ᠲᠠᠢ ᠬᠠᠷᠢᠴᠠᠭᠤᠯᠪᠠᠯ᠂ ᠠᠵᠢᠯ ᠬᠦᠩᠬᠡᠨ ᠮᠦᠷᠳᠡᠭᠡᠨ ᠤᠷᠤᠯᠭ᠎ᠠ ᠴᠸ᠋ ᠨᠡᠮᠡᠭᠳᠡᠵᠡᠢ》ᠬᠡᠵᠦ ᠬᠠᠨᠤᠮᠵᠢᠳᠠᠢᠬᠠᠨ ᠶᠠᠷᠢᠨ᠎ᠠ᠃

ᠤᠢᠯᠠᠭᠠᠭᠰᠠᠨ ᠵᠢᠡᠷ᠂ 《ᠠᠷᠪᠠᠨ ᠭᠤᠷᠪᠠᠳᠤᠭᠠᠷ ᠲᠠᠪᠤᠨ ᠵᠢᠯ》᠎ᠤ᠋ᠨ ᠬᠤᠭᠤᠴᠠᠭᠠᠨ ᠡᠴᠡ ᠨᠠᠭᠠᠰᠢ᠂ ᠬᠥᠯᠦᠨ ᠪᠣᠢᠷ ᠬᠤᠳᠠ ᠵᠢᠨ ᠬᠥᠮᠦᠨ᠎ᠦ  ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠪᠥᠬᠥ᠌ ᠬᠣᠲᠠ᠎ᠶ᠋ᠢᠨ ᠬᠣᠲᠠ ᠪᠠᠯᠭᠠᠰᠤᠨ᠎ᠤ ᠨᠡᠢᠳᠡ 13.2 ᠲᠦᠮᠡᠨ ᠬᠥᠮᠦᠨ᠎ᠳᠦ ᠱᠢᠨ᠎ᠡ᠎ᠪᠡᠷ ᠠᠵᠢᠯ ᠣᠯᠭᠣᠵᠤ᠂ ᠮᠠᠯᠵᠢᠬᠤ ᠲᠠᠷᠢᠶᠠᠯᠠᠬᠤ ᠣᠷᠣᠨ᠎ᠤ ᠨᠡᠢᠲᠡ 32.32 ᠲᠦᠮᠡᠨ ᠬᠥᠮᠦᠨ᠎ᠢ ᠱᠢᠯᠵᠢᠭᠦᠯᠦᠨ ᠠᠵᠢᠯ ᠣᠯᠭᠣᠪᠠ᠃ ᠤᠳᠤᠬᠠᠨ ᠳ᠋ᠤ᠂ ᠬᠥᠯᠦᠨ ᠪᠣᠢᠷ ᠬᠤᠳᠠ ᠵᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠵᠢᠨ ᠤᠷ᠎ᠠ ᠮᠡᠷᠭᠡᠵᠢᠯ᠎ᠤᠨ ᠪᠤᠯᠪᠠᠰᠤᠷᠠᠯ ᠵᠢᠡᠷ ᠠᠰᠢᠬ ᠬᠦᠷᠳᠡᠭᠰᠡᠨ ᠦᠨᠳᠦᠰᠦᠲᠡᠨ ᠨᠤᠭᠦᠳ᠎ᠦᠨ ᠤᠯᠠᠨ ᠲᠦᠮᠡᠨ ᠪᠥᠯᠬᠥᠮᠳᠡᠯ ᠨᠢᠬᠳᠠᠷᠠᠯ᠎ᠤᠨ ᠲᠠᠭᠤᠤ ᠵᠢ ᠬᠠᠩᠬᠢᠨᠠᠭᠤᠯᠵᠤ᠂ ᠠᠵᠢᠯᠴᠢ ᠤᠷᠠᠨ ᠬᠤᠤᠰ ᠭᠠᠷ ᠵᠢᠡᠷ  ᠵᠢᠡᠨ ᠠᠵᠤ ᠵᠢᠷᠭᠠᠯᠳᠤ ᠠᠮᠢᠳᠤᠷᠠᠯ ᠵᠢᠡᠨ ᠴᠤᠭᠴᠠᠯᠠᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号