ᠺᠠᠳ᠋ᠷ ᠎ᠤᠨ ᠡᠩᠨᠡᠭᠡᠨ ᠎ᠦ 《 ᠤᠷᠬᠢᠯᠤᠮᠠᠯ ᠪᠤᠯᠠᠭ 》 ᠎ᠢ᠋ ᠤᠨᠳᠤᠷᠤᠭᠤᠯᠤᠶ᠎ᠠ
2021-11-15 09:59:47
ᠵᠣᠬᠢᠶᠠᠭ᠍ᠴᠢ᠄
​ᠬᠠ ᠯᠢ ᠴᠢᠨ
ᠣᠩᠱᠢᠭ᠍ᠰᠠᠨ ᠣᠳᠠᠭ᠎ᠠ᠄
★★★☆☆

ᠤᠯᠤᠰ᠎ᠬᠡᠮᠡᠭᠴᠢ ᠬᠥᠮᠦᠨ᠎ᠤ ᠬᠦᠴᠦᠨ᠎ᠳᠤᠷ ᠮᠠᠨᠳᠤᠵᠤ᠂ ᠵᠠᠰᠠᠭ᠎ᠢ ᠡᠷᠳᠡᠮ᠎ᠴᠢᠳᠠᠪᠤᠷᠢ ᠪᠡᠷ ᠵᠠᠰᠠᠮᠤᠢ᠃ ᠱᠢᠨ᠎ᠡ ᠴᠠᠭ ᠦᠶ᠎ᠡ ᠶ᠋ᠢᠨ ᠨᠠᠮ ᠎ᠤᠨ ᠦᠨᠳᠦᠰᠦᠲᠡᠨ ᠎ᠦ ᠠᠵᠢᠯ᠎ᠢ ᠰᠠᠢᠲᠤᠷ ᠬᠢᠬᠦ᠌᠎ᠳᠦ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠯ ᠲᠡᠢ ᠨᠢᠭᠡ ᠪᠦᠯᠦᠭ ᠰᠠᠢ᠌ᠨ ᠺᠠᠳ᠋ᠷ᠎ᠪᠠᠢᠬᠤ ᠬᠡᠷᠡᠭᠳᠡᠢ᠃ ᠺᠠᠳ᠋ᠷ᠎ᠤᠨ ᠴᠢᠳᠠᠪᠤᠷᠢᠲᠠᠨ᠎ᠤ ᠡᠩᠨᠡᠭᠡᠨ ᠤ᠋ ᠪᠠᠢᠭᠤᠯᠤᠯᠲᠠ ᠎ᠶ᠋ᠢ ᠴᠢᠩᠭᠠᠳᠭᠠᠬᠤ ᠎ᠨᠢ ᠱᠢᠨ᠎ᠡ ᠴᠠᠭ ᠦᠶ᠎ᠡ ᠎ᠶ᠋ᠢᠨ ᠥᠪᠥᠷ ᠮᠣᠩᠭᠣᠯ ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠳᠦ 《ᠤᠷᠬᠢᠯᠤᠮᠠᠯ ᠪᠤᠯᠠᠭ》 ᠤᠨᠳᠤᠷᠤᠭᠤᠯᠬᠤ ᠴᠢᠬᠤᠯᠠ ᠶᠡᠬᠡ ᠤᠳᠬ᠎ᠠ ᠠᠭᠤᠯᠭ᠎ᠠ ᠲᠠᠢ ᠶᠤᠮ᠃

ᠡᠷᠲᠡᠨ᠎ᠡᠴᠡ ᠡᠳᠦᠭᠡ ᠪᠣᠯᠲᠠᠯ᠎ᠠ᠂ ᠤᠯᠠᠨ ᠦᠶ᠎ᠡ᠎ᠶ᠋ᠢᠨ ᠮᠡᠷᠭᠡᠳ ᠴᠢᠳᠠᠪᠤᠷᠢᠲᠠᠨ ᠎ᠢ ᠬᠦᠨᠳᠦᠳᠭᠡᠵᠦ᠍᠂ 《ᠲᠦᠷᠦ ᠪᠠᠷᠢᠬᠤ ᠵᠠᠩᠭᠢᠯᠠᠭ᠎ᠠ ᠨᠢ ᠬᠦᠮᠦᠨ᠎ᠤ ᠰᠡᠳᠬᠢᠯ᠎ᠢ ᠤᠯᠬᠤᠢ ᠳ᠋ᠤᠷ ᠠᠮᠤᠢ》 《 ᠴᠢᠳᠠᠪᠤᠷᠢᠲᠠᠨ ᠬᠥᠮᠦᠵᠢᠭᠦᠯᠬᠦ᠌ ᠠᠨᠤ ᠤᠯᠤᠰ ᠭᠦᠷᠦᠨ᠎ᠤ ᠦᠨᠳᠦᠰᠦ ᠪᠤᠯᠠᠢ 》 ᠭᠡᠵᠦ᠍ ᠴᠢᠬᠤᠯᠠᠴᠢᠯᠠᠬᠰᠠᠭᠠᠷ ᠢᠷᠡᠪᠡ᠃ ᠮᠠᠨ᠎ᠤ ᠨᠠᠮ ᠬᠦᠴᠦᠷᠬᠡᠭ ᠶᠡᠬᠡ ᠪᠦᠲᠦᠭᠡᠯᠴᠢ ᠬᠦᠴᠦᠨ᠂ ᠨᠢᠭᠲᠠᠷᠠᠯ ᠎ᠤᠨ ᠬᠦᠴᠦᠨ᠂ ᠲᠠᠢ᠌ᠴᠢᠨ ᠬᠦᠴᠦᠨ ᠎ᠢᠶᠡᠨ ᠢᠮᠠᠭ᠍ᠲᠠ ᠪᠠᠲᠤᠯᠠᠵᠤ᠂ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠤᠳᠠᠭ᠎ᠠ ᠳᠠᠷᠠᠭᠠᠯᠠᠨ ᠢᠯᠠᠯᠲᠠ ᠣᠯᠵᠤ ᠴᠢᠳᠠᠭ᠍ᠰᠠᠨ ᠮᠠᠰᠢ ᠴᠢᠬᠤᠯᠠ ᠨᠢᠭᠡ ᠱᠢᠯᠲᠠᠭᠠᠨ ᠪᠣᠯ ᠳᠠᠷᠤᠢ ᠬᠦᠨᠳᠦ ᠡᠭᠦᠷᠭᠡ ᠎ᠶ᠋ᠢ ᠡᠭᠦᠷᠭᠡᠯᠡᠵᠦ᠍ ᠳᠡᠢᠯᠬᠦ᠌ ᠺᠠᠳ᠋ᠷ ᠎ᠤᠨ ᠡᠩᠨᠡᠭᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠬᠥᠮᠦᠵᠢᠭᠦᠯᠦᠭ᠌ᠰᠡᠨ᠎ᠳᠦ ᠪᠤᠢ᠃ ᠱᠢᠨ᠎ᠡ ᠴᠠᠭ ᠦᠶ᠎ᠡ ᠎ᠶ᠋ᠢᠨ ᠨᠠᠮ ᠎ᠤᠨ ᠦᠨᠳᠦᠰᠦᠲᠡᠨ ᠎ᠦ ᠠᠵᠢᠯ ᠎ᠢ ᠰᠠᠢᠲᠤᠷ ᠬᠢᠬᠦ᠌ ᠵᠠᠩᠭᠢᠯᠠᠭ᠎ᠠ ᠨᠢ ᠨᠠᠮ᠎ᠳᠤ ᠪᠠᠢᠵᠤ᠂ ᠬᠥᠮᠦᠨ᠎ᠳᠦ ᠪᠠᠢᠨ᠎ᠠ᠃ ᠨᠠᠮ ᠎ᠤᠨ ᠲᠥᠪ ᠬᠣᠷᠢᠶ᠎ᠡ ᠪᠣᠯᠤᠨ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶᠠᠨ ᠎ᠤ ᠦᠨᠳᠦᠰᠦᠲᠡᠨ ᠎ᠦ ᠠᠵᠢᠯ ᠎ᠤᠨ ᠲᠤᠬᠠᠢ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠎ᠶ᠋ᠢ ᠥᠪᠥᠷ ᠮᠣᠩᠭᠣᠯ ᠎ᠳᠤ  ᠪᠣᠳᠠᠲᠠᠢ ᠨᠠᠢᠳᠠᠪᠤᠷᠢᠵᠢᠭᠤᠯᠬᠤ ᠎ᠶ᠋ᠢ ᠦᠨᠡᠨ ᠬᠦ᠌ ᠪᠠᠲᠤᠯᠠᠬᠤ ᠎ᠳᠤ᠂ ᠥᠷᠭᠡᠨ ᠤᠯᠠᠨ ᠺᠠᠳ᠋ᠷᠴᠤᠳ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠦ᠍ ᠵᠢᠳᠬᠦᠯ ᠴᠢᠷᠮᠠᠢᠯᠭ᠎ᠠ ᠭᠠᠷᠭᠠᠵᠤ᠂ ᠵᠣᠷᠢᠭ᠍ᠲᠠᠢ ᠠᠳᠭᠤᠨ ᠵᠣᠷᠢᠭ᠍ᠲᠠᠢ ᠬᠠᠮᠢᠶᠠᠷᠴᠤ᠌ ᠵᠣᠷᠢᠭ᠍ᠲᠠᠢ ᠬᠠᠷᠢᠭᠤᠴᠠᠵᠤ᠂ ᠭᠦᠢᠴᠡᠳᠭᠡᠪᠡᠰᠦ ᠵᠣᠬᠢᠬᠤ ᠲᠤᠱᠢᠶᠠᠯ ᠬᠠᠷᠢᠭᠤᠴᠠᠯᠭ᠎ᠠ ᠎ᠪᠠᠨ ᠪᠠᠲᠤ ᠡᠭᠦᠷᠭᠡᠯᠡᠵᠦ᠍᠂ ᠱᠢᠢᠳᠪᠦᠷᠢᠯᠡᠪᠡᠰᠦ ᠵᠣᠬᠢᠬᠤ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌᠎ᠳᠦ ᠲᠦᠱᠢᠭ᠌ᠯᠡᠨ᠎ᠡ᠃

ᠴᠢᠳᠠᠪᠤᠷᠢᠲᠠᠨ ᠎ᠢ ᠴᠢᠬᠤᠯᠠᠴᠢᠯᠠᠬᠤ ᠲᠤᠳᠤᠮ  ᠤᠯᠠᠮ ᠤᠯᠠᠰᠢᠷᠠᠵᠤ᠂ ᠤᠮᠳᠤᠭᠠᠢᠯᠠᠬᠤ ᠲᠤᠳᠤᠮ ᠤᠯᠠᠮ ᠴᠦᠭᠡᠷᠡᠳᠡᠭ᠃ ᠭᠠᠭ᠍ᠴᠠ ᠬᠦ᠌ ᠱᠢᠨ᠎ᠡ ᠴᠠᠭ ᠦᠶ᠎ᠡ ᠎ᠶ᠋ᠢᠨ ᠰᠠᠢᠨ ᠺᠠᠳ᠋ᠷ ᠎ᠤᠨ ᠪᠠᠷᠢᠮᠵᠢᠶ᠎ᠠ᠎ᠶ᠋ᠢ ᠪᠠᠷᠢᠮᠲᠠᠯᠠᠵᠤ᠂ 《ᠴᠢᠳᠠᠪᠤᠷᠢᠲᠠᠨ᠎ᠢ ᠬᠦᠨᠳᠦᠳᠬᠡᠵᠦ᠂ ᠴᠢᠳᠠᠪᠤᠷᠢᠲᠠᠨ᠎ᠤ ᠴᠢᠳᠠᠪᠤᠷᠢ᠎ᠵᠢ ᠨᠢ  ᠪᠠᠳᠠᠷᠠᠭᠤᠯᠬᠤ》 ᠤᠬᠠᠮᠰᠠᠷ ᠵᠢᠡᠷ᠂ 《ᠳᠥᠷᠪᠡᠨ ᠣᠨᠴᠠᠭᠠᠶ》 ᠵᠢᠨ ᠱᠠᠭᠠᠷᠳᠠᠯᠭ᠎ᠠ᠎ᠶ᠋ᠢ ᠡᠷᠡᠰ ᠲᠤᠭᠤᠰᠢᠯᠠᠭᠤᠯᠤᠨ᠂ 《ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠎ᠶ᠋ᠢ ᠬᠠᠮᠠᠭᠠᠯᠠᠬᠤ ᠣᠪᠣᠷ ᠣᠨᠴᠠ ᠡᠷᠡᠰ ᠱᠢᠭᠤᠷᠬᠠᠶ᠂ ᠵᠥᠪ ᠪᠤᠷᠤᠭᠤ ᠎ᠶ᠋ᠢ ᠢᠯᠭᠠᠬᠤ ᠵᠣᠭ᠍ᠰᠣᠯᠲᠠ ᠣᠨᠴᠠ ᠰᠡᠷᠭᠡᠭ᠂ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠎ᠠᠵᠢᠯᠯᠠᠭ᠎ᠠ ᠎ᠣᠨᠴᠠ ᠎ᠡᠷᠡᠰ ᠪᠠᠲᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠢᠷ᠎ᠠ ᠰᠡᠳᠭᠢᠯᠭᠡ ᠣᠨᠴᠠ ᠴᠢᠨᠭ ᠦᠨᠡᠨᠴᠢ》 ᠺᠠᠳ᠋ᠷ᠎ᠤᠨ ᠡᠩᠨᠡᠭᠡ ᠵᠢ ᠬᠦᠮᠦᠵᠢᠭᠦᠯᠵᠦ ᠰᠢᠯᠢᠨ ᠲᠡᠪᠰᠢᠬᠦᠯᠵᠦ ᠪᠤᠯᠪᠠᠰᠤᠷᠠᠭᠤᠯᠪᠠᠯ ᠰᠠᠶᠢ ᠮᠠᠨ ᠎ᠤ ᠣᠷᠣᠨ ᠎ᠤ  ᠱᠢᠨ᠎ᠡ ᠴᠠᠭ ᠦᠶ᠎ᠡ ᠎ᠶ᠋ᠢᠨ ᠦᠨᠳᠦᠰᠦᠲᠡᠨ ᠎ᠦ ᠠᠵᠢᠯ ᠎ᠳᠤ ᠣᠶᠤᠨ᠎ᠤ ᠳᠡᠮᠵᠢᠯᠭᠡ ᠪᠠ ᠴᠢᠳᠠᠪᠤᠷᠢᠲᠠᠨ᠎ᠤ ᠪᠠᠲᠤᠯᠠᠭ᠎ᠠ ᠬᠠᠩᠭᠠᠵᠤ ᠴᠢᠳᠠᠨ᠎ᠠ᠂ ᠰᠠᠶᠢ ᠨᠠᠮ᠎ᠤᠨ ᠦᠨᠳᠦᠰᠦᠲᠡᠨ ᠎ᠦ ᠣᠨᠣᠯ  ᠪᠠ ᠦᠨᠳᠦᠰᠦᠲᠡᠨ ᠎ᠦ ᠲᠥᠷᠥ ᠎ᠶ᠋ᠢᠨ ᠪᠣᠳᠣᠯᠭ᠎ᠠ ᠎ᠶ᠋ᠢ ᠦᠨᠳᠦᠰᠦᠨ ᠱᠠᠲᠤᠨ ᠎ᠳᠤ ᠣᠢᠯᠠᠭᠠᠬᠤ ᠬᠥᠮᠦᠨ ᠎ᠲᠡᠶ᠂ ᠦᠨᠳᠦᠰᠦᠲᠡᠨ ᠎ᠦ ᠠᠵᠢᠯ ᠎ᠢ ᠦᠨᠳᠦᠰᠦᠨ ᠱᠠᠲᠤᠨ᠎ᠳᠤ ᠠᠳᠭᠤᠬᠤ ᠬᠥᠮᠦᠨ ᠎ᠲᠡᠶ ᠪᠠᠢᠬᠤ᠎ᠶ᠋ᠢ ᠦᠨᠡᠨ ᠬᠦ᠌  ᠪᠠᠲᠤᠯᠠᠵᠤ᠂ ᠡᠭᠦᠨ ᠎ᠤ ᠤᠯᠠᠮ ᠵᠢᠡᠷ ᠦᠨᠳᠦᠰᠦᠳᠡᠨ᠎ᠤ ᠠᠵᠢᠯ᠎ᠤᠨ ᠦᠷᠨᠢᠬᠦᠨ ᠬᠦᠭᠵᠢᠨᠭᠬᠦᠢ ᠰᠠᠢᠨ ᠰᠠᠢᠬᠠᠨ ᠲᠦᠷᠰᠦ ᠪᠠᠢᠳᠠᠯ᠎ᠢ ᠪᠤᠢ ᠪᠤᠯᠭᠠᠵᠤ  ᠴᠢᠳᠠᠨ᠎ᠠ᠃

ᠶᠡᠷᠦ᠍ ᠪᠤᠰᠤ ᠎ᠶ᠋ᠢᠨ ᠠᠮᠵᠢᠯᠲᠠ  ᠵᠢ ᠤᠯᠬᠤ  ᠳ᠋ᠤ ᠡᠷᠬᠡᠪᠰᠢ ᠶᠡᠷᠦ ᠪᠤᠰᠤ  ᠵᠢᠨ ᠬᠦᠮᠦᠨ ᠳ᠋ᠤ ᠲᠦᠰᠢᠭᠯᠡᠳᠡᠭ᠃ ᠱᠢᠨ᠎ᠡ ᠲᠡᠦᠬᠡᠨ ᠭᠠᠷᠤᠭ᠎ᠠ ᠳᠡᠭᠡᠷ᠎ᠡ᠂ ᠥᠷᠭᠡᠨ ᠤᠯᠠᠨ ᠺᠠᠳ᠋ᠷᠴᠤᠳ ᠢᠳᠡᠪᠬᠢᠳᠡᠢ ᠬᠦᠳᠡᠯᠦᠯᠴᠡᠨ᠂ ᠵᠣᠷᠢᠭ᠍ᠲᠠᠢ᠎ᠪᠠᠷ ᠬᠦᠨᠳᠦ ᠡᠭᠦᠷᠭᠡ ᠎ᠶ᠋ᠢ ᠡᠭᠦᠷᠭᠡᠯᠡᠵᠦ᠍᠂ ᠴᠠᠭ ᠮᠦᠴᠡ ᠲᠠᠢ ᠤᠷᠤᠯᠳᠤᠨ ᠭᠠᠪᠢᠶ᠎ᠠ ᠪᠠᠢᠭᠤᠯᠵᠦ ᠵᠢᠳᠬᠦᠯ ᠭᠠᠷᠭᠠᠬᠤ ᠡᠭᠦᠷᠭᠡᠯᠡᠯ ᠬᠠᠷᠢᠭᠤᠴᠠᠯᠭ᠎ᠠ ᠲᠡᠶ ᠪᠠᠢᠵᠤ᠂ ᠢᠲᠡᠭᠡᠯ ᠪᠢᠱᠢᠷᠡᠯ ᠎ᠦᠨ ᠰᠠᠭᠤᠷᠢ ᠎ᠪᠠᠨ ᠪᠡᠬᠢᠵᠢᠭᠦᠯᠵᠦ᠍᠂ ᠤᠶᠤᠨ ᠰᠠᠨᠠᠭᠠᠨ ᠎ᠤ ᠰᠢᠮ᠎ᠡ ᠪᠠᠨ ᠭᠦᠢᠴᠡᠳ ᠨᠥᠬᠥᠪᠥᠷᠢᠯᠡᠵᠦ᠍᠂ ᠦᠵᠡᠯ ᠰᠠᠨᠠᠭᠠᠨ ᠎ᠤ  ᠴᠢᠭᠯᠡᠯ᠎ᠢᠶᠠᠨ  ᠪᠠᠳᠤᠳᠠᠢ ᠡᠵᠡᠮᠳᠡᠵᠦ᠍᠂ ᠴᠠᠭ ᠢᠮᠠᠭ᠍ᠲᠠ ᠳᠡᠭᠡᠳᠦ ᠬᠡᠮᠵᠢᠶᠡᠨ᠎ᠦ ᠰᠣᠨᠣᠷ ᠰᠡᠷᠡᠮᠵᠢᠲᠦ ᠴᠢᠨᠠᠷ ᠪᠠ ᠬᠤᠷᠴᠠ ᠰᠡᠷᠭᠡᠭ ᠴᠢᠨᠠᠷ᠎ᠢᠶᠠᠨ ᠪᠠᠲᠤᠯᠠᠵᠤ᠂ ᠬᠦᠨᠳᠦ ᠠᠴᠢᠶᠠᠨ ᠎ᠳᠤ ᠬᠦᠴᠦᠲᠦ ᠬᠦᠯᠦᠭ᠂ ᠰᠢᠷᠦᠭᠦᠨ ᠭᠠᠯ ᠎ᠳᠤ ᠰᠢᠵᠢᠷ ᠠᠯᠲᠠ ᠪᠤᠯᠬᠤ ᠬᠡᠷᠡᠭᠲᠡᠢ ; ᠶᠠᠪᠤᠳᠠᠯ᠎ᠢ ᠬᠢᠬᠦ᠌ ᠎ᠳᠦ ᠬᠦᠴᠢᠷ ᠎ᠡᠴᠡ ᠠᠶᠤᠬᠤ ᠦᠭᠡᠢ᠂ ᠡᠭᠦᠷᠭᠡ ᠬᠠᠷᠢᠭᠤᠴᠠᠯᠭ᠎ᠠ᠎ᠠᠴᠠ ᠵᠠᠢᠯᠠᠬᠤ ᠦᠭᠡᠢ᠂ 《ᠠᠭᠤᠯᠠ ᠲᠠᠭᠠᠷᠠᠪᠠᠯ ᠵᠠᠮ ᠨᠡᠭᠡᠭᠡᠵᠦ᠍᠂ ᠤᠰᠤ  ᠲᠠᠭᠠᠷᠠᠪᠠᠯ ᠬᠥᠭᠥᠷᠭᠡ ᠲᠠᠯᠪᠢᠬᠤ》 ᠵᠣᠷᠢᠭ ᠪᠣᠯᠤᠨ ᠠᠶᠤᠯ ᠎ᠢ ᠰᠦᠷᠦᠨ ᠤᠷᠤᠭᠰᠢᠯᠠᠬᠤ ᠰᠥᠰᠥ᠍ ᠵᠣᠷᠢᠭ ᠎ᠢᠶᠠᠷ  ᠵᠠᠷᠴᠢᠮ ᠎ᠤᠨ ᠠᠰᠠᠭᠤᠳᠠᠯ ᠳᠡᠭᠡᠷ᠎ᠡ ᠤᠭᠳᠤ ᠨᠠᠢᠷ ᠲᠠᠯᠪᠢᠬᠤ ᠦᠭᠡᠢ᠂ ᠠᠵᠢᠯ᠎ᠤᠨ ᠠᠷᠭ᠎ᠠ ᠎ᠶ᠋ᠢᠨ ᠲᠠᠯ᠎ᠠ᠎ᠪᠠᠷ ᠠᠮᠢᠳᠤᠯᠢᠭ ᠵᠢᠡᠷ ᠱᠢᠨ᠎ᠡ ᠎ᠶ᠋ᠢ ᠡᠭᠦᠳᠴᠦ᠍᠂ ᠤᠴᠢᠷ ᠶᠠᠪᠤᠳᠠᠯ ᠲᠣᠬᠢᠶᠠᠯᠳᠤᠪᠠᠯ ᠎ᠠᠶᠤᠨ ᠎ᠰᠦᠷᠳᠡᠵᠦ ᠎ᠪᠠᠴᠢᠮᠳᠠᠨ ᠎ᠰᠠᠨᠳᠤᠷᠬᠤ ᠎ᠦᠭᠡᠢ ᠪᠠᠢᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ᠎ᠰᠢᠯᠢᠳᠡᠭ ᠤᠬᠠᠭᠤᠯᠤᠭ᠍ᠴᠢ᠂ ᠦᠢᠯᠡᠳᠦᠯᠭᠡᠵᠢᠭᠦᠯᠦᠭ᠌ᠴᠢ ᠪᠠ ᠠᠬᠢᠭᠤᠯᠤᠭ᠍ᠴᠢ ᠪᠣᠯᠬᠤ᠎ᠪᠠᠷ ᠴᠢᠷᠮᠠᠢᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ ᠎ᠦᠨ ᠠᠷᠠᠳ ᠲᠦᠮᠡᠨ ᠎ᠢ ᠪᠦᠯᠬᠦᠮᠳᠡᠬᠦᠯᠦᠨ ᠨᠢᠭᠲᠠᠷᠠᠭᠤᠯᠵᠤ᠂ ᠦᠨᠳᠦᠰᠦᠲᠡᠨ ᠎ᠤ ᠠᠵᠢᠯ ᠎ᠤᠨ ᠴᠢᠨᠠᠷ ᠰᠠᠢᠲᠠᠢ ᠬᠦᠭᠵᠢᠯᠲᠡ ᠵᠢᠨ ᠰᠢᠨ᠎ᠡ ᠪᠠᠢᠳᠠᠯ᠎ᠢ ᠪᠦᠬᠦ ᠬᠦᠴᠦᠨ ᠵᠢᠡᠷ ᠵᠢᠡᠨ ᠡᠭᠦᠳᠬᠦ ᠬᠡᠷᠡᠭᠲᠡᠢ᠃

ᠤᠯᠠᠨ ᠡᠷᠳᠡᠮᠲᠡᠨ᠎ᠴᠤᠭᠯᠠᠷᠠᠮᠠᠨᠵᠢᠨ ᠶᠡᠬᠡ ᠦᠢᠯᠡᠰ᠎ᠢ ᠪᠦᠲᠦᠭᠡᠵᠦ ᠴᠢᠳᠠᠮᠤᠢ᠂ ᠴᠢᠳᠠᠪᠤᠷᠢᠲᠠᠨ ᠤᠯᠠᠰᠢᠷᠠᠮᠠᠨᠵᠢᠨ ᠤᠯᠤᠰ ᠬᠦᠷᠦᠨ᠎ᠬᠦᠭᠵᠢᠨ ᠮᠠᠨᠳᠤᠮᠤᠢ᠃ᠡᠷᠳᠡᠮᠲᠡᠨ ᠮᠡᠷᠭᠡᠳ᠎ᠢ ᠤᠷᠢᠵᠤ ᠬᠡᠷᠡᠭᠯᠡᠬᠦ ᠵᠠᠮ ᠎ᠢ ᠦᠷᠬᠡᠵᠢᠬᠦᠯᠦᠨ ᠲᠠᠷᠳᠠᠩᠵᠢᠭᠤᠯᠵᠤ᠂ ᠳᠡᠯᠡᠬᠡᠶ ᠳ᠋ᠠᠬᠢᠨ ᠎ᠤ ᠡᠷᠳᠡᠮᠲᠡᠨ ᠴᠢᠳᠠᠪᠤᠷᠢᠲᠠᠨ᠎ᠢ ᠬᠤᠷᠠᠨ ᠴᠤᠭ᠍ᠯᠠᠷᠠᠭᠤᠯᠵᠦ᠍᠂ ᠨᠡᠩ ᠤᠯᠠᠨ ᠡᠷᠳᠡᠮᠳᠡᠨ ᠴᠢᠳᠠᠪᠤᠷᠢᠳᠠᠨ᠎ᠢ᠋ ᠥᠷᠢᠰᠥᠯᠳᠦᠭᠦᠯᠦᠨ ᠬᠡᠷᠡᠭᠯᠡᠵᠦ᠂ ᠲᠦᠮᠡᠨ ᠣᠯᠠᠨ ᠰᠡᠳᠭᠢᠯ ᠨᠢᠬᠡᠳᠦᠭᠰᠡᠨ ᠰᠦᠷ ᠳᠠᠯᠠᠢᠴᠠᠲᠠᠶ ᠬᠦᠴᠦᠨ ᠴᠢᠳᠠᠯ᠎ᠢ  ᠪᠦᠷᠢᠯᠳᠦᠬᠦᠯᠪᠠᠯ ᠂ ᠥᠪᠥᠷ ᠮᠣᠩᠭᠣᠯ ᠎ᠤᠨ ᠦᠨᠳᠦᠰᠦᠲᠡᠨ ᠎ᠦ  ᠬᠦᠷᠢᠶ᠎ᠡ ᠴᠠᠷᠠᠭᠠᠨ ᠎ᠳᠡᠬᠢ ᠡᠯ᠎ᠡ ᠵᠦᠶ᠋ᠯ᠎ᠦᠨ ᠠᠵᠢᠯ ᠎ᠢ ᠨᠠᠩ ᠱᠢᠨᠵᠢᠯᠡᠬᠦ᠌ ᠤᠬᠠᠭᠠᠨᠴᠢ᠂ ᠣᠨᠣᠴᠠᠲᠠᠶ᠂ ᠪᠦᠲᠦᠮᠵᠢᠲᠡᠶ ᠰᠠᠢᠲᠤᠷ ᠬᠢᠵᠦ᠍᠂ ᠱᠢᠨ᠎ᠡ ᠴᠠᠭ ᠦᠶ᠎ᠡ ᠎ᠶ᠋ᠢᠨ ᠦᠨᠳᠦᠰᠦᠲᠡᠨ᠎ᠦ ᠠᠵᠢᠯ ᠎ᠤᠨ ᠴᠢᠨᠠᠷ ᠰᠠᠢᠲᠠᠶ ᠬᠥᠭ᠌ᠵᠢᠯᠲᠡ ᠎ᠶ᠋ᠢ ᠠᠬᠢᠭᠤᠯᠵᠤ ᠴᠢᠳᠠᠬᠤ ᠨᠢ ᠯᠠᠪᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号