ᠤᠯᠠᠭᠠᠨᠬᠠᠳᠠ ᠬᠣᠲᠠ᠎ᠶ᠋ᠢᠨ ᠠᠸ᠋ᠬᠠᠨ ᠬᠣᠱᠢᠭᠤᠨ᠎ᠤ ᠺᠠᠩ ᠵᠢᠶᠠ ᠳ᠋ᠢᠶᠠᠨ ᠲᠣᠰᠭᠣᠨ᠎ᠤ
ᠨᠠᠮ᠎ᠤᠨ ᠶᠡᠷᠦᠩᠬᠡᠶ ᠡᠬᠦᠷ᠎ᠤᠨ ᠠᠵᠢᠯ ᠳᠤᠪᠤᠢ᠌ᠮ᠎ᠠ ᠠᠮᠵᠢᠯᠲᠠ ᠤᠯᠵᠤ᠂ 9 ᠵᠢᠯ ᠳᠠᠷᠠᠭᠠᠯᠠᠨ ᠪᠠᠯᠭᠠᠰᠤ᠂ ᠬᠣᠱᠢᠭᠤ᠂ ᠬᠣᠲᠠ᠂ ᠥᠪᠡᠷᠲᠡᠭᠡᠨ ᠵᠠᠰᠠᠬᠤ ᠣᠷᠣᠨ ᠪᠠ ᠤᠯᠤᠰ᠎ᠤᠨ ᠶᠠᠮᠤᠨ ᠵᠥᠪᠯᠡᠯ᠎ᠦᠨ ᠬᠥᠬᠢᠭᠦᠯᠦᠯ ᠱᠠᠩᠨᠠᠯ᠎ᠢ ᠲᠤᠰᠴᠤ᠌
᠂ 30 ᠭᠠᠷᠤᠢ ᠤᠳᠠᠭ᠎ᠠ ᠢᠷᠠᠭᠤ ᠠᠯᠳᠠᠷ ᠭᠥᠷᠳᠡᠡ᠂ ᠤᠨᠴᠠᠭᠠᠢᠯᠠᠨ 2021ᠣᠨ᠎ᠳᠤ 《ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ
ᠪᠠᠢᠭᠤᠯᠤᠯᠲᠠ》 ᠪᠠᠷ ᠦᠨᠡᠯᠡᠭ᠌ᠳᠡᠵᠡᠢ ᠃
ᠺᠠᠩ ᠵᠢᠶᠠ ᠳ᠋ᠢᠶᠠᠨ ᠲᠣᠰᠭᠣᠨ᠎ᠤ ᠨᠠᠮ᠎ᠤᠨ ᠶᠡᠷᠦᠩᠬᠡᠢ ᠡᠭᠦᠷ᠎ᠦᠨ ᠳᠣᠣᠷ᠎ᠠ
3 ᠨᠠᠮ᠎ᠤᠨ ᠡᠭᠦᠷ᠂ 52 ᠨᠠᠮ᠎ᠤᠨ ᠭᠡᠱᠢᠭᠦᠨ᠎ᠲᠡᠶ ᠂ ᠨᠠᠮ᠎ᠤᠨ ᠡᠭᠦᠷ᠎ᠦᠨ ᠪᠠᠭ ᠲᠤ᠌ 7 ᠭᠡᠱᠢᠭᠦᠨ ᠲᠡᠢ᠂ ᠱᠢᠨ
ᠬᠤᠢ ᠪᠠᠯᠭᠠᠰᠤᠨ᠎ᠤ ᠨᠠᠮ᠎ᠤᠨ ᠬᠣᠷᠢᠢ᠎ᠠ᠎ᠳᠤ ᠬᠠᠷᠢᠶᠠᠯᠠᠭ᠍ᠳᠠᠨ᠎ᠠ᠃ ᠣᠢᠷ᠎ᠠ᠎ᠶ᠋ᠢᠨ ᠵᠢᠯ᠎ᠡᠴᠡ᠂ ᠲᠣᠰ ᠲᠣᠰᠭᠣᠨ᠎ᠤ
ᠨᠠᠮ᠎ᠤᠨ ᠵᠣᠬᠢᠶᠠᠨ ᠪᠠᠢᠭᠤᠯᠤᠯᠲᠠ ᠳᠠᠭᠠᠭᠤᠯᠬᠤ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ ᠨᠠᠮ᠎ᠤᠨ ᠪᠠᠢᠭᠤᠯᠤᠯᠲᠠ᠎ᠪᠠᠷ
ᠤᠳᠤᠷᠢᠳᠤᠮᠵᠢ ᠪᠣᠯᠭᠠᠵᠤ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠂ ᠶᠠᠳᠠᠭᠤ᠎ᠡᠴᠡ
ᠠᠩᠭᠢᠵᠢᠷᠠᠭᠤᠯᠬᠤ ᠪᠣᠭᠣᠮᠲᠠ ᠱᠢᠪᠲᠤᠯᠬᠤ᠂ ᠠᠵᠤ ᠦᠶ᠋ᠯᠡᠰ᠎ᠦᠨ ᠬᠥᠭ᠌ᠵᠢᠯᠲᠡ᠂ ᠣᠶᠤᠨ᠎ᠤ ᠪᠣᠯᠪᠠᠰᠤᠨ᠂ ᠵᠠᠬᠢᠳᠠᠯ
ᠰᠤᠷᠪᠤᠯᠵᠢᠯᠠᠯ᠎ᠢ ᠶᠡᠷᠦᠩᠬᠡᠢᠯᠡᠨ ᠵᠠᠰᠠᠬᠤ ᠵᠡᠷᠭᠡ ᠡᠯ᠎ᠡ ᠵᠦᠶ᠋ᠯ᠎ᠦᠨ ᠠᠵᠢᠯ᠎ᠢ ᠪᠥᠬᠥ᠌ ᠬᠦᠴᠦᠨ᠎ᠢᠶᠡᠷ᠎ᠢᠶᠡᠨ
ᠠᠬᠢᠭᠤᠯᠵᠤ᠂ ᠬᠣᠱᠢᠭᠤᠨ᠎ᠤ ᠪᠠᠠ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ
ᠥᠯᠢᠭᠡᠷ ᠳᠠᠭᠤᠷᠢᠶᠠᠯ ᠪᠣᠯᠤᠭ᠍ᠰᠠᠨ ᠪᠠᠢ᠌ᠨ᠎ᠠ ᠃

ᠬᠠᠳᠠᠭᠠᠬᠰᠠᠨ ᠬᠤᠷᠤᠬᠠᠢ ᠮᠦᠬᠦ ᠪᠡᠨ ᠲᠡᠯᠬᠡᠨ ᠦᠵᠡᠬᠦᠯᠦᠨ᠎ᠡ
ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ
ᠴᠢᠩᠭᠠᠳᠭᠠᠵᠤ ᠳᠠᠢᠴᠢᠨ ᠪᠡᠬᠢᠯᠡᠯᠲᠡ᠎ᠶ᠋ᠢᠨ ᠰᠠᠭᠤᠷᠢ᠎ᠶ᠋ᠢ ᠪᠠᠲᠤᠳᠭᠠᠪᠠ᠃ 2012 ᠣᠨ᠎ᠳᠤ᠂ ᠺᠠᠩ ᠵᠢᠶᠠ ᠳ᠋ᠢᠶᠠᠨ
ᠲᠣᠰᠭᠣᠨ᠎ᠤ ᠱᠢᠨ᠎ᠡ ᠨᠢᠭᠡ ᠬᠤᠭᠤᠴᠠᠭᠠᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠭ ᠲᠤᠱᠢᠶᠠᠯ᠎ᠳᠤ ᠭᠠᠷᠤᠭ᠍ᠰᠠᠨ᠎ᠤ
ᠳᠠᠷᠠᠭ᠎ᠠ᠂ ᠪᠠᠭ᠎ᠤᠨ ᠭᠡᠱᠢᠭᠦᠳ ᠡᠷᠬᠡᠪᠰᠢ ᠠᠷᠢᠭᠤᠨ ᠴᠢᠭᠡᠴᠢ ᠪᠡᠷ ᠲᠤᠱᠢᠶᠠᠯ᠎ᠢᠶᠠᠨ ᠭᠦᠢᠴᠡᠳᠭᠡᠵᠦ᠍᠂ ᠲᠦᠪ
ᠭᠤᠤᠯᠴᠢ ᠪᠡᠷ ᠠᠵᠢᠯ ᠶᠠᠪᠤᠳᠠᠯ ᠬᠢᠬᠦ᠌ ᠬᠡᠷᠡᠭ᠌ᠲᠡᠢ ; ᠠᠯᠢᠪᠠ ᠲᠣᠰᠭᠣᠨ᠎ᠤ ᠶᠠᠪᠤᠳᠠᠯ᠎ᠢ
ᠢᠯᠡ ᠪᠡᠷ ᠶᠠᠪᠤᠭ᠍ᠳᠠᠭᠤᠯᠵᠤ ᠂ ᠲᠣᠰᠭᠣᠨ᠎ᠤ ᠠᠷᠠᠳ᠎ᠤᠨ ᠬᠢᠨᠠᠯᠲᠠ᠎ᠶ᠋ᠢ ᠬᠦᠯᠢᠶᠡᠨ᠎ᠡ; ᠶᠠᠮᠠᠷᠪᠠ ᠬᠥᠮᠦᠨ᠎ᠳᠦ ᠣᠨᠴᠠ ᠡᠷᠬᠡ ᠬᠡᠵᠤ ᠦᠭᠡᠢ᠂ ᠡᠷᠬᠡᠪᠰᠢ ᠬᠠᠤᠯᠢ ᠶᠣᠰᠣᠭᠠᠷ ᠠᠵᠢᠯᠯᠠᠬᠤ
ᠬᠡᠷᠡᠭ᠌ᠲᠡᠢ; ᠤᠯᠠᠨ ᠲᠦᠮᠡᠨ᠎ᠦ ᠲᠤᠰᠭᠠᠭ᠍ᠰᠠᠨ ᠤᠴᠢᠷ ᠶᠠᠪᠤᠳᠠᠯ ᠪᠦᠬᠦᠨ᠎ᠳᠦ
ᠡᠷᠬᠡᠪᠰᠢ ᠬᠠᠷᠢᠭᠤ ᠥᠭ᠌ᠬᠦ ᠬᠡᠷᠡᠭ᠌ᠲᠡᠢ᠂ ᠨᠠᠭᠠᠰᠢ ᠴᠠᠭᠠᠰᠢ ᠲᠦᠯᠬᠢᠵᠦ᠍ ᠤᠬ᠍ᠳᠤ ᠪᠣᠯᠬᠤ ᠦᠭᠡᠢ ᠬᠡᠬᠦ 4
ᠵᠤᠷᠪᠤᠰ ᠬᠠᠳᠠᠭᠤ ᠴᠢᠩᠭ᠎ᠠ ᠰᠠᠬᠢᠯᠭ᠎ᠠ ᠪᠠᠲᠤ ᠵᠢ ᠲᠣᠭ᠍ᠲᠠᠭᠠᠪᠠ᠃ ᠡᠨᠡ ᠬᠦ᠌ ᠳᠦᠷᠢᠮ᠎ᠢ ᠬᠡᠷᠡᠭ᠌ᠵᠢᠭᠦᠯᠦᠭ᠌ᠰᠡᠨ᠎ᠡᠴᠡ
ᠨᠠᠭᠠᠰᠢ᠂ ᠲᠣᠰᠭᠣᠨ᠎ᠤ ᠺᠠᠳ᠋ᠷ᠎ᠤᠨ ᠠᠵᠢᠯ᠎ᠤᠨ ᠤᠪᠤᠷ ᠰᠤᠷᠳᠠᠯ ᠬᠤᠪᠢᠷᠠᠵᠤ᠂ ᠣᠯᠠᠨ ᠲᠦᠮᠡᠨ᠎ᠦ ᠶᠡᠬᠡ ᠪᠠᠭ᠎ᠠ
ᠶᠠᠪᠤᠳᠠᠯ᠎ᠢ ᠰᠠᠨᠠᠭᠠᠴᠢᠯᠠᠭ᠎ᠠ᠎ᠡᠴᠡ᠎ᠪᠠᠨ ᠱᠢᠶ᠋ᠳᠪᠦᠷᠢᠯᠡᠭᠰᠡᠨᠢᠶᠡᠷ᠂ ᠣᠳᠣ ᠪᠣᠯᠲᠠᠯ᠎ᠠ ᠺᠠᠩ ᠵᠢᠶᠠ ᠳ᠋ᠢᠶᠠᠨ
ᠲᠤᠰᠭᠤᠨ ᠳ᠋ᠤ ᠵᠠᠬᠢᠳᠠᠯ ᠰᠤᠷᠪᠤᠯᠵᠢᠯᠡᠯ᠎ᠤᠨ ᠬᠡᠷᠡᠭ ᠡᠬᠦᠰᠦᠭᠰᠡᠨ ᠦᠭᠡᠢ ᠃
2015 ᠣᠨ᠎ᠳᠤ ᠺᠠᠩ ᠵᠢᠶᠠ ᠳ᠋ᠢᠶᠠᠨ ᠲᠣᠰᠭᠣᠨ ᠱᠢᠨ ᠬᠤᠢ ᠪᠠᠯᠭᠠᠰᠤᠨ᠎ᠤ ᠨᠠᠮ᠎ᠤᠨ
ᠬᠣᠷᠢᠶᠠᠨ᠎ᠳᠤ 《ᠵᠠᠬᠢᠳᠠᠯ ᠰᠤᠷᠪᠤᠯᠵᠢᠯᠡᠯ ᠬᠢᠭᠡᠳ ᠶᠡᠷᠦᠩᠬᠡᠢᠯᠡᠨ ᠵᠠᠰᠠᠬᠤ ᠠᠵᠢᠯ᠎ᠤᠨ ᠲᠡᠷᠢᠭᠦᠨ᠎ᠦ ᠨᠢᠭᠡᠴᠢ》 ᠪᠠᠷ ᠦᠨᠡᠯᠡᠭ᠌ᠳᠡᠵᠦ᠍᠂ ᠬᠣᠱᠢᠭᠤᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ
ᠬᠡᠯᠲᠡᠰ ᠲᠤ᠌ 《ᠬᠣᠱᠢᠭᠤᠨ᠎ᠤ ᠲᠡᠰ᠎ᠤᠨ ᠭᠠᠴᠠᠭ᠎ᠠ ᠲᠣᠰᠭᠣᠨ᠎ᠤ ᠨᠠᠮ᠎ᠤᠨ
ᠵᠣᠬᠢᠶᠠᠨ ᠪᠠᠢᠭᠤᠯᠤᠯᠲᠠ ᠵᠢ ᠪᠠᠢ᠌ᠭᠤᠯᠬᠤ ᠵᠢᠱ᠌ᠢᠶ᠎ᠡ ᠦᠵᠡᠭᠦᠯᠬᠦ᠌ ᠴᠡᠭ 》ᠵᠢᠡᠷ ᠦᠨᠡᠯᠡᠭ᠌ᠳᠡᠪᠡ; 2017 ᠣᠨ᠎ᠳᠤ ᠥᠪᠡᠷᠲᠡᠭᠡᠨ
ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠳ᠋ᠤ 《ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠭᠣᠨ ᠪᠠᠯᠭᠠᠰᠤ》 ᠪᠡᠷ ᠦᠨᠡᠯᠡᠭ᠌ᠳᠡᠪᠡ ᠃ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠠᠵᠢᠯ᠎ᠢ
ᠥᠷᠨᠢᠭᠦᠯᠦᠭ᠌ᠰᠡᠨ᠎ᠡᠴᠡ ᠨᠠᠭᠠᠰᠢ ᠂ ᠺᠠᠩ ᠵᠢᠶᠠ ᠳ᠋ᠢᠶᠠᠨ ᠲᠣᠰᠭᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ
ᠤᠳᠤᠷᠢᠳᠭᠤ ᠪᠠᠭ᠎ᠤᠨ ᠭᠡᠱᠢᠭᠦᠳ ᠲᠦᠷᠦᠭᠦᠯᠡᠨ ᠳᠤᠭᠤᠢᠯᠠᠩ᠎ᠳᠤ ᠣᠷᠣᠵᠤ ᠡᠷᠦᠬᠡ᠎ᠳᠦ ᠭᠦᠨᠵᠡᠭᠡᠢ᠌ᠷᠡᠨ᠂《ᠡᠴᠦᠰ᠎ᠲᠦᠨᠢ ᠲᠤᠯᠲᠠᠯ᠎ᠠ ᠳᠠᠭᠠᠭᠠᠴᠢᠯᠠᠵᠤ》᠂ ᠨᠠᠮ᠎ᠤᠨ
ᠭᠡᠱᠢᠭᠦᠨ ᠪᠣᠯᠤᠨ ᠶᠠᠳᠠᠭᠤ ᠬᠦᠴᠢᠷᠳᠡᠯᠲᠡᠢ ᠡᠷᠦᠬᠡ ᠵᠢ ᠨᠢᠭᠡᠳ ᠨᠢᠭᠡ᠎ᠪᠡᠷ ᠵᠤᠯᠭᠠᠭᠤᠯᠵᠤ᠂ ᠶᠠᠳᠠᠭᠤ ᠬᠦᠴᠢᠷᠳᠡᠯᠲᠡᠢ
ᠡᠷᠦᠬᠡ᠎ᠶ᠋ᠢ ᠬᠠᠪᠰᠤᠷᠤᠨ ᠶᠠᠳᠠᠭᠤᠷᠠᠭ᠍ᠰᠠᠨ ᠱᠢᠯᠲᠠᠭᠠᠨ᠎ᠢ ᠨᠢ ᠵᠠᠳᠠᠯᠵᠤ ᠂ ᠠᠵᠤ ᠦᠢᠯᠡᠰ᠎ᠦᠨ ᠬᠥᠭ᠌ᠵᠢᠯᠲᠡ᠎ᠶ᠋ᠢ
ᠰᠦᠪᠡᠭ᠌ᠴᠢᠯᠡᠵᠦ᠍ ᠂ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠬᠰᠠᠨ ᠵᠢᠡᠷ
2020 ᠣᠨ᠎ᠳᠤ᠂ ᠲᠤᠰ ᠲᠣᠰᠭᠣᠨ᠎ᠤ ᠶᠠᠳᠠᠭᠤ ᠬᠦᠴᠢᠷᠳᠡᠯᠲᠡᠶ ᠡᠷᠦᠬᠡ ᠪᠦᠬᠦᠨ ᠵᠢᠡᠷ ᠵᠢᠡᠨ ᠶᠠᠳᠠᠭᠤ᠎ᠡᠴᠡ ᠠᠩᠭᠢᠵᠢᠷᠠᠭ᠍ᠰᠠᠨ
ᠪᠥᠭᠡᠳ ᠤᠯᠤᠰ᠎ᠤᠨ ᠶᠠᠳᠠᠭᠤ᠎ᠡᠴᠡ ᠠᠩᠭᠢᠵᠢᠷᠠᠭᠤᠯᠬᠤᠪᠣᠭᠣᠮᠲᠠᠱᠢᠪᠲᠤᠯᠬᠤ ᠨᠡᠢᠳᠡᠮ ᠪᠠᠢᠴᠠᠭᠠᠯᠲᠠ᠎ᠶ᠋ᠢ ᠬᠦᠯᠢᠶᠡᠵᠦ᠍᠂
ᠠᠸ᠋ᠬᠠᠨ ᠬᠣᠱᠢᠭᠤ᠎ᠶ᠋ᠢ ᠲᠥᠯᠥᠭᠡᠯᠡᠨ ᠤᠯᠤᠰ᠎ᠤᠨ ᠶᠠᠳᠠᠭᠤ᠎ᠶ᠋ᠢ ᠲᠡᠳᠬᠦᠬᠦ᠌ ᠪᠠᠯᠠ ᠮᠥᠩᠭᠥ᠎ᠶ᠋ᠢᠨ ᠦᠷ᠎ᠡ ᠪᠦᠲᠦᠮᠵᠢ᠎ᠶ᠋ᠢᠨ
ᠬᠢᠨᠠᠨ ᠱᠢᠯᠭᠠᠯᠲᠠ᠎ᠶ᠋ᠢ ᠬᠦᠯᠢᠶᠡᠵᠦ᠍᠂ ᠬᠢᠨᠠᠨ ᠱᠢᠯᠭᠠᠬᠤ ᠳᠤᠭᠤᠢᠯᠠᠩ᠎ᠤᠨ ᠥᠨᠳᠥᠷ ᠦᠨᠡᠯᠡᠯᠲᠡ᠎ᠶ᠋ᠢ ᠤᠯᠪᠠ
᠃
ᠺᠠᠩ ᠵᠢᠶᠠ ᠳ᠋ᠢᠶᠠᠨ ᠲᠣᠰᠭᠣᠨ ᠤᠯᠠᠭᠠᠨᠬᠠᠳᠠ ᠬᠤᠳᠠ᠎ᠶ᠋ᠢᠨ ᠨᠠᠮ᠎ᠤᠨ ᠬᠣᠷᠢᠢ᠎ᠠ
ᠳ᠋ᠤ《ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ》᠎ᠪᠡᠷ ᠦᠨᠡᠯᠡᠭ᠌ᠳᠡᠵᠦ᠍᠂ ᠨᠠᠮ᠎ᠤᠨ ᠶᠡᠷᠦᠩᠬᠡᠢ ᠡᠭᠦᠷ᠎ᠦᠨ ᠱᠦᠵᠢ ᠨᠢ ᠴᠤ᠌ 《ᠪᠦᠬᠦ᠌ ᠬᠤᠳᠠ᠎ᠶ᠋ᠢᠨ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠬᠰᠠᠨ ᠲᠡᠷᠢᠭᠦᠨ᠎ᠦ
ᠬᠤᠪᠢ ᠬᠥᠮᠦᠨ》ᠵᠢᠡᠷ ᠦᠨᠡᠯᠡᠭ᠌ᠳᠡᠵᠡᠢ᠃ ᠬᠢᠵᠢᠭ᠎ᠦᠨ ᠪᠠᠢᠳᠠᠯ᠎ᠤᠨ
ᠬᠤᠭᠤᠴᠠᠭᠠᠨ᠎ᠳᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠪᠠᠭ᠎ᠤᠨ ᠪᠦᠷᠢᠯᠳᠦᠬᠦᠨ ᠲᠦᠷᠦᠭᠦᠯᠡᠨ
ᠵᠢᠯᠣᠭᠣᠳᠴᠤ᠌᠂ ᠨᠠᠮ᠎ᠤᠨ ᠭᠡᠱᠢᠭᠦᠨ ᠲᠦᠷᠦᠭᠦᠯᠡᠨ ᠠᠯᠪᠠᠨ ᠵᠢᠷᠤᠮ᠎ᠤᠨ ᠠᠵᠢᠯ᠎ᠤᠨ ᠪᠠᠢᠷᠢ᠎ᠳᠤ ᠭᠠᠷᠴᠤ᠌᠂ ᠺᠠᠳ᠋ᠷ
ᠣᠯᠠᠨ ᠲᠦᠮᠡᠨ ᠰᠠᠨᠠᠭᠠᠴᠢᠯᠠᠭ᠎ᠠ᠎ᠡᠴᠡ᠎ᠪᠠᠨ ᠵᠣᠭᠣᠰ ᠮᠥᠩᠭᠥ᠌ ᠡᠳ᠋ ᠪᠣᠳᠠᠰ ᠬᠠᠨᠳᠢᠪᠯᠠᠵᠤ ᠂ 5 ᠡᠷᠦᠬᠡ ᠨᠢᠭᠡ
ᠳᠤᠭᠤᠢᠯᠠᠩ ᠪᠣᠯᠤᠨ ᠬᠣᠯᠪᠣᠭᠠᠯᠠᠨ ᠰᠡᠷᠭᠡᠢᠯᠡᠵᠦ᠍᠂ ᠪᠥᠬᠥ᠌ ᠲᠣᠰᠭᠣᠨ᠎ᠳᠤ ᠳᠡᠭᠡᠳᠦ ᠳᠤᠤᠷᠠᠳᠤ ᠱᠠᠲᠤ᠎ᠪᠠᠷ᠎ᠢᠶᠠᠨ
ᠬᠣᠯᠪᠣᠭᠠᠯᠠᠨ ᠬᠥᠳᠡᠯᠦᠯᠴᠡᠬᠦ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠬᠢᠵᠢᠭ᠎ᠲᠡᠶ ᠲᠡᠮᠡᠴᠡᠬᠦ᠌
ᠠᠵᠢᠯ᠎ᠤᠨ ᠪᠠᠢᠳᠠᠯ᠎ᠢ ᠪᠦᠷᠢᠯᠳᠦᠭᠦᠯᠵᠦ᠍ ᠂ ᠬᠣᠱᠢᠭᠤᠨ᠎ᠤ ᠤᠳᠤᠷᠢᠳᠤᠯᠭ᠎ᠠ ᠵᠢᠨ ᠦᠨᠳᠦᠷ ᠦᠨᠠᠯᠠᠯᠳᠠ ᠵᠢ ᠤᠯᠵᠠᠢ
᠃
ᠨᠠᠮ᠎ᠤᠨ ᠪᠠᠢᠭᠤᠯᠤᠯᠲᠠ᠎ᠪᠠᠷ ᠠᠵᠤ ᠦᠶ᠋ᠯᠡᠰ᠎ᠢ ᠬᠥᠲᠥᠯᠥᠨ ᠳᠠᠭᠠᠭᠤᠯᠵᠤ ᠭᠠᠵᠠᠷ
ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠥᠭ᠌ᠵᠢᠭᠦᠯᠬᠦ᠌᠎ᠶ᠋ᠢ ᠪᠠᠷᠢᠮᠲᠠᠯᠠᠪᠠ᠃ 2012 ᠣᠨ᠎ᠳᠤ᠂ ᠺᠠᠩ ᠵᠢᠶᠠ
ᠳ᠋ᠢᠶᠠᠨ ᠲᠣᠰᠭᠣᠨ᠎ᠤ ᠨᠠᠮ᠎ᠤᠨ ᠵᠣᠬᠢᠶᠠᠨ ᠪᠠᠢᠭᠤᠯᠤᠯᠲᠠ 《ᠨᠠᠮ᠎ᠤᠨ ᠪᠠᠢᠭᠤᠯᠤᠯᠲᠠᠶ᠋ᠢᠠᠭᠤᠰᠤᠯᠴᠠᠭᠤᠯᠬᠤ᠂ ᠪᠦᠲᠦᠴᠡ᠎ᠶ᠋ᠢ ᠲᠤᠬᠢᠷᠠᠭᠤᠯᠬᠤ᠂ ᠨᠡᠢᠭᠡᠮᠯᠢᠭ᠎ᠢ ᠬᠦᠴᠦᠷᠬᠡᠭ᠌ᠵᠢᠭᠦᠯᠬᠦ ᠂ ᠠᠵᠤ ᠦᠢᠯᠡᠰ᠎ᠢ
ᠠᠬᠢᠭᠤᠯᠬᠤ᠂ ᠪᠠᠶᠠᠵᠢᠯ᠎ᠤᠨ ᠵᠠᠮ᠎ᠢᠶᠠᠷ ᠵᠠᠮᠨᠠᠬᠤ》 ᠠᠵᠢᠯ᠎ᠤᠨ ᠬᠠᠷᠠᠯᠲᠠ
ᠵᠢ ᠲᠣᠭ᠍ᠲᠠᠭᠠᠵᠤ᠂ ᠤᠳᠤ ᠪᠣᠯᠲᠠᠯ᠎ᠠ ᠡᠨᠡ ᠬᠦ᠌ ᠬᠠᠷᠠᠯᠲᠠ ᠵᠢᠨ ᠵᠢᠡᠨ ᠲᠦᠯᠦᠭᠡ ᠲᠡᠮᠡᠴᠡᠭ᠌ᠰᠡᠭᠡᠷ ᠢᠷᠡᠵᠡᠢ᠃ ᠠᠸ᠋ᠬᠠᠨ ᠬᠣᠱᠢᠭᠤᠨ᠎ᠤ ᠬᠤᠷᠤᠬᠠᠢ ᠮᠦᠬᠦ ᠳᠠᠷᠢᠬᠤ ᠨᠢᠭᠡᠳᠦᠭᠡᠷ ᠲᠣᠰᠭᠣᠨ ᠪᠣᠯᠤᠭ᠍ᠰᠠᠨ᠎ᠤ ᠬᠤᠪᠢ᠎ᠳᠤ᠂ ᠺᠠᠩ
ᠵᠢᠶᠠ ᠳ᠋ᠢᠶᠠᠨ ᠲᠣᠰᠭᠣᠨ᠎ᠤ ᠨᠠᠮ᠎ᠤᠨ ᠵᠣᠬᠢᠶᠠᠨ ᠪᠠᠢᠭᠤᠯᠤᠯᠲᠠ ᠲᠣᠰ ᠲᠣᠰᠭᠣᠨ᠎ᠤ ᠬᠤᠷᠤᠬᠠᠢ ᠮᠦᠬᠦ ᠳᠠᠷᠢᠬᠤ
ᠤᠯᠠᠮᠵᠢᠯᠠᠯᠲᠤ ᠳᠠᠪᠠᠭᠤᠯᠢᠭ᠎ᠢᠶᠠᠨ ᠠᠱᠢᠭ᠍ᠯᠠᠨ᠂ ᠡᠸ᠋ ᠪᠠᠢ ᠵᠢᠶᠠ ᠬᠤᠷᠤᠬᠠᠢ ᠮᠦᠬᠦ ᠳᠠᠷᠢᠬᠤ ᠲᠠᠷᠢᠶᠠᠴᠢᠳ᠎ᠤᠨ
ᠲᠤᠰᠭᠠᠶ ᠬᠣᠷᠱᠢᠶ᠎ᠠ ᠵᠢ ᠪᠠᠢᠭᠤᠯᠵᠤ᠂ ᠲᠠᠷᠢᠮᠠᠯ᠎ᠤᠨ ᠡᠷᠦᠬᠡ᠎ᠶ᠋ᠢ ᠢᠳᠡᠪᠬᠢᠲᠡᠶ ᠳᠠᠢᠴᠢᠯᠠᠨ ᠬᠣᠷᠱᠢᠶ᠎ᠠ᠎ᠳᠤ
ᠣᠷᠣᠭᠤᠯᠵᠤ᠂ ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠮᠡᠷᠭᠡᠵᠢᠯ ᠂ ᠨᠢᠭᠡᠳᠦᠯᠲᠡᠶ ᠦᠨ᠎ᠡ ᠲᠣᠭ᠍ᠲᠠᠭᠠᠬᠤ᠂ ᠨᠢᠭᠡᠳᠦᠯᠲᠡᠶ ᠬᠤᠳᠠᠯᠳᠤᠬᠤ 《ᠳᠥᠷᠪᠡᠨ ᠨᠢᠭᠡᠳᠦᠯᠲᠡᠢ》᠎ᠶ᠋ᠢ ᠬᠡᠷᠡᠭ᠌ᠵᠢᠭᠦᠯᠵᠦ᠍᠂ ᠪᠠᠰᠠ 《ᠺᠠᠩ ᠳ᠋ᠢᠶᠠᠨ》 ᠲᠠᠸᠠᠷ᠎ᠤᠨ ᠲᠡᠮᠳᠡᠭ᠎ᠢ ᠳᠠᠩᠰᠠᠯᠠᠭᠤᠯᠵᠤ
᠂ ᠶᠠᠰᠤ ᠴᠢᠨᠠᠷ ᠪᠠ ᠨᠠᠷᠠᠲᠤ ᠲᠥᠷᠥᠯ ᠲᠡᠮᠳᠡᠭ᠌ᠲᠦ᠍᠎ᠶ᠋ᠢᠨ ᠳᠠᠪᠠᠭᠤᠯᠢᠭ᠎ᠲᠤ ᠲᠦᠱᠢᠭ᠌ᠯᠡᠨ ᠵᠠᠬ᠎ᠠ ᠳᠡᠯᠭᠡᠭᠦᠷ᠎ᠦᠨ
ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠵᠦ᠍᠂ ᠲᠠᠷᠢᠮᠠᠯ᠎ᠤᠨ ᠡᠷᠦᠬᠡ᠎ᠳᠦ ᠨᠠᠩ ᠣᠯᠠᠨ ᠠᠱᠢᠭ ᠤᠷᠤᠯᠭ᠎ᠠ
ᠡᠬᠦᠳᠴᠤ ᠥᠭ᠌ᠴᠡᠶ ᠃
ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠭᠠᠭᠤᠯᠭ᠎ᠠ ᠳᠤᠤᠷ᠎ᠠ᠂ ᠬᠣᠷᠱᠢᠶ᠎ᠠ
ᠨᠢ ᠠᠯᠬᠤᠮᠠᠯᠬᠤᠮᠢᠶᠠᠷᠬᠥᠭ᠌ᠵᠢᠨ ᠪᠤᠵᠠᠭᠠᠢᠷᠠᠵᠤ᠂ ᠬᠡᠪᠴᠢᠶᠡᠵᠢᠯ᠂ ᠵᠢᠷᠤᠮᠵᠢᠯ᠎ᠢ ᠪᠦᠷᠢᠯᠳᠦᠭᠦᠯᠪᠡ᠃
ᠣᠳᠣ ᠲᠤᠰ ᠬᠣᠷᠱᠢᠶᠠᠨ ᠳ᠋ᠤ 120 ᠬᠡᠰᠢᠬᠦᠠ ᠡᠷᠦᠬᠡ ᠲᠡᠢ ᠪᠤᠯᠵᠥ ᠂ ᠲᠣᠭ᠍ᠲᠠᠮᠠᠯ ᠬᠥᠷᠥᠩᠭᠡ ᠨᠢ 1500 ᠲᠦᠮᠡᠨ
ᠲᠥᠭᠥᠷᠢᠭ᠎ᠲᠦ ᠬᠦᠷᠴᠦ᠍᠂ ᠵᠢᠯ᠎ᠳᠦ 300 ᠲᠣᠨ ᠬᠤᠷᠤᠬᠠᠢ ᠮᠦᠬᠦ ᠵᠢᠨ ᠬᠠᠭᠤᠷᠠᠶ ᠡᠪᠡᠰᠦ ᠦᠢᠯᠡᠳᠪᠦᠷᠢᠯᠡᠵᠤ
ᠪᠤᠢ ᠃ ᠦᠢᠯᠡᠳᠬᠦᠨ᠎ᠢᠶᠡᠨ ᠪᠡᠭᠡᠵᠢᠩ ᠂ ᠱᠠᠩᠬᠠᠢ᠂ ᠭᠤᠸᠠᠩᠳ᠋ᠦ᠋ᠡᠭ ᠵᠡᠷᠭᠡ ᠤᠯᠤᠰ᠎ᠤᠨ ᠳᠣᠲᠣᠭᠠᠳᠤ᠎ᠶ᠋ᠢᠨ ᠶᠡᠬᠡ
ᠳᠤᠮᠳᠠ ᠬᠤᠳᠠ᠎ᠳᠤ ᠪᠣᠷᠣᠯᠠᠭᠤᠯᠵᠤ᠂ ᠵᠥᠪᠬᠡᠨ ᠡᠨᠡ ᠨᠢᠭᠡ ᠵᠦᠢᠯ ᠨᠢ ᠬᠣᠷᠱᠢᠶᠠᠨ᠎ᠤ ᠭᠡᠱᠢᠭᠦᠳ᠎ᠲᠦ 1000 ᠲᠦᠮᠡᠨ
ᠲᠥᠭᠥᠷᠢᠭ᠎ᠦᠨ ᠣᠷᠣᠯᠭ᠎ᠠ ᠡᠬᠦᠳᠴᠤ ᠥᠭ᠌ᠴᠡᠶ᠃ ᠬᠤᠷᠱᠢᠶ᠎ᠠ ᠨᠢ ᠴᠤ᠌ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠡᠵᠡᠩᠨᠡᠯᠲᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ᠂ ᠥᠪᠥᠷ
ᠮᠣᠩᠭᠣᠯ᠎ᠤᠨ 《ᠦᠨᠡᠨᠴᠢ ᠢᠲᠡᠭᠡᠮᠵᠢᠲᠡᠢ ᠬᠤᠪᠢ᠎ᠶ᠋ᠢᠨ ᠡᠵᠡᠩᠨᠡᠯᠲᠡ᠎ᠶ᠋ᠢᠨ ᠵᠠᠭᠤᠨ ᠱᠢᠯᠢᠳᠡᠭ ᠠᠵᠤ ᠠᠬᠤᠢᠯᠠᠯ》
ᠵᠢᠡᠷ ᠦᠨᠡᠯᠡᠭ᠌ᠳᠡᠪᠡ ᠃ ᠬᠤᠷᠤᠬᠠᠢ ᠮᠦᠬᠦ ᠵᠢᠨ ᠠᠵᠤ ᠦᠶ᠋ᠯᠡᠰ᠎ᠢ ᠬᠦᠭ᠌ᠵᠢᠭᠦᠯᠬᠦ᠌
ᠵᠢᠨ ᠳᠠᠭᠠᠤ ᠦᠬᠡᠷ ᠮᠠᠯᠵᠢᠬᠤ᠌ ᠠᠵᠤ ᠦᠶ᠋ᠯᠡᠰ᠎ᠢ ᠴᠦ᠍ ᠤᠷᠬᠢᠭ᠍ᠳᠠᠭᠤᠯᠵᠤ ᠪᠣᠯᠬᠤ ᠦᠭᠡᠢ ᠬᠡᠮᠡᠡ ᠲᠣᠰᠭᠣᠨ᠎ᠤ
ᠨᠠᠮ᠎ᠤᠨ ᠵᠣᠬᠢᠶᠠᠨ ᠪᠠᠢᠭᠤᠯᠤᠯᠲᠠ ᠵᠠᠬ᠎ᠠ ᠳᠡᠯᠭᠡᠭᠦᠷ᠎ᠦᠨ ᠪᠠᠢᠳᠠᠯ᠎ᠢ ᠦᠨᠳᠦᠰᠦᠯᠡᠨ ᠂ ᠲᠣᠰᠭᠣᠨ᠎ᠤ ᠱᠤᠸᠠᠩ
ᠪᠦᠦ ᠦᠬᠡᠷ ᠮᠠᠯᠵᠢᠬᠤ ᠬᠤᠷᠱᠢᠶ᠎ᠠ᠎ᠳᠤ ᠲᠦᠱᠢᠭ᠌ᠯᠡᠨ᠂ ᠲᠣᠰᠭᠣᠨ᠎ᠤ ᠪᠠᠠ ᠤᠯᠠᠨ ᠲᠦᠮᠡᠨ᠎ᠢ ᠲᠠᠢ᠌ᠴᠢᠯᠠᠨ ᠦᠬᠡᠷ
ᠮᠠᠯᠵᠢᠬᠤ ᠠᠵᠤ ᠦᠢᠯᠡᠰ᠎ᠢ ᠬᠥᠭ᠌ᠵᠢᠭᠦᠯᠪᠡ᠃ ᠮᠠᠯᠵᠢᠬᠤ ᠬᠡᠪᠴᠢᠶ᠎ᠡ᠎ᠶ᠋ᠢ ᠤᠯᠠᠮ ᠨᠢᠭᠡ ᠠᠯᠬᠤᠮ ᠥᠷᠭᠡᠳᠭᠡᠬᠦ᠌᠎ᠶ᠋ᠢᠨ
ᠲᠥᠯᠥᠭᠡ ᠂ ᠲᠣᠰᠭᠣᠨ᠎ᠤ ᠨᠠᠮ᠎ᠤᠨ ᠵᠣᠬᠢᠶᠠᠨ ᠪᠠᠢᠭᠤᠯᠤᠯᠲᠠ 1000 ᠲᠦᠮᠡᠨ ᠲᠥᠭᠥᠷᠢᠭ ᠭᠤᠶᠤᠴᠢᠯᠠᠨ ᠣᠯᠵᠤ ᠂
ᠺᠠᠩ ᠵᠢᠶᠠ ᠳ᠋ᠢᠶᠠᠨ ᠲᠣᠰᠭᠣᠨ᠎ᠤ ᠪᠸᠢ ᠯᠢᠶᠠᠩ᠎ᠳᠤ 300 ᠮᠥ᠍ ᠪᠦᠬᠦᠢ ᠱᠤᠸᠠᠩ ᠪᠦᠦ ᠮᠠᠯᠵᠢᠯ᠎ᠤᠨ ᠲᠠᠯᠠᠪᠠᠶ
ᠪᠠᠢᠭᠤᠯᠵᠤ᠂ 33 ᠮᠠᠯᠵᠢᠬᠤ ᠡᠷᠦᠬᠡ᠎ᠶ᠋ᠢ ᠬᠣᠷᠱᠢᠶ᠎ᠠ᠎ᠳᠤ ᠣᠷᠣᠭᠤᠯᠤᠨ ᠂ 《ᠨᠡᠢᠭᠡᠮᠯᠢᠭ + ᠬᠣᠷᠱᠢᠶ᠎ᠠ + ᠲᠠᠷᠢᠶᠠᠴᠢᠨ ᠡᠷᠦᠬᠡ + ᠰᠠᠭᠤᠷᠢᠨ》 ᠤ᠋ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠵᠠᠭ᠍ᠪᠤᠷ ᠵᠢᠡᠷ᠂ ᠦᠬᠡᠷ ᠮᠠᠯᠵᠢᠬᠤ ᠠᠵᠤ
ᠦᠶ᠋ᠯᠡᠰ᠎ᠢ ᠬᠥᠭ᠌ᠵᠢᠭᠦᠯᠦᠨ ᠪᠤᠵᠠᠭᠠᠢᠷᠠᠭᠤᠯᠪᠠ ᠃ ᠣᠳᠣ ᠲᠤᠰ ᠲᠣᠰᠭᠣᠨ᠎ᠤ ᠦᠬᠡᠷ ᠮᠠᠯᠵᠢᠬᠤ ᠬᠡᠪᠴᠢᠶ᠎ᠡ ᠲᠠᠰᠤᠷᠠᠯᠲᠠ
ᠥᠬᠡᠶ ᠥᠷᠭᠡᠳᠴᠦ᠍ ᠂ ᠵᠢᠯ᠎ᠳᠦ 5000 ᠭᠠᠷᠤᠶ ᠦᠬᠡᠷ ᠮᠠᠯᠵᠢᠵᠥ᠂ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ
2 ᠲᠦᠮᠡᠨ ᠲᠥᠭᠥᠷᠢᠭ᠎ᠢ ᠲᠡᠪᠠᠬᠰᠠᠠ ᠪᠠᠢᠨ᠎ᠠ᠃ ᠡᠭᠦᠨ᠎ᠳᠦ᠂ ᠵᠢᠯ᠎ᠦᠨ ᠣᠷᠣᠯᠭ᠎ᠠ 50 ᠲᠦᠮᠡᠨ ᠲᠥᠭᠥᠷᠢᠭ᠎ᠢ
ᠲᠡᠪᠠᠬᠰᠠᠠ ᠨᠠᠮ᠎ᠤᠨ ᠭᠡᠱᠢᠭᠦᠨ 10 ᠡᠷᠦᠬᠡ ᠪᠠᠢ᠌ᠵᠤ᠂ 20 ᠲᠦᠮᠡᠨ ᠲᠥᠭᠥᠷᠢᠭ᠎ᠢ ᠲᠡᠪᠠᠭᠰᠠᠠ ᠨᠠᠮ᠎ᠤᠨ ᠭᠡᠱᠢᠭᠦᠨ
15 ᠡᠷᠦᠬᠡ ᠪᠠᠢᠵᠤ ᠂ ᠤᠯᠠᠩᠬᠢ ᠨᠠᠮ᠎ᠤᠨ ᠭᠡᠱᠢᠭᠦᠳ ᠴᠥᠮ ᠦᠶ᠋ᠯᠡᠰ ᠴᠣᠭ᠍ᠴᠠᠯᠠᠵᠤ ᠪᠡᠶ᠎ᠡ᠎ᠵᠢᠨ ᠴᠢᠨᠡᠭᠡᠯᠢᠭ᠌ᠵᠢᠬᠦ᠌
ᠲᠠᠭᠠᠭᠤᠯᠤᠬᠴᠢ ᠪᠣᠯᠵᠣ᠂ ᠨᠠᠮ᠎ᠤᠨ ᠪᠠᠢᠭᠤᠯᠤᠯᠲᠠ ᠬᠦᠴᠦᠷᠬᠡᠭ᠌ᠵᠢᠭ᠌ᠰᠡᠨ᠂ ᠠᠵᠤ ᠦᠶ᠋ᠯᠡᠰ ᠬᠥᠭ᠌ᠵᠢᠭ᠌ᠰᠡᠨ᠂ ᠣᠯᠠᠨ ᠲᠦᠮᠡᠨ ᠪᠠᠶᠠᠵᠢᠭ᠍ᠰᠠᠨ ᠠᠰᠤᠷᠤ ᠰᠠᠢ᠌ᠨ ᠪᠠᠢ᠌ᠳᠠᠯ ᠢᠯᠡᠷᠡᠭ᠌ᠰᠡᠨ ᠪᠠᠢ᠌ᠨ᠎ᠠ ᠃
ᠣᠯᠠᠨ ᠲᠦᠮᠡᠨ᠎ᠦ ᠠᠱᠢᠭ ᠲᠤᠰᠠ᠎ᠶ᠋ᠢ ᠲᠡᠷᠢᠭᠦᠨ᠎ᠳᠤ ᠲᠠᠯᠪᠢᠵᠤ ᠂ ᠦᠢᠯᠡᠴᠢᠯᠡᠭᠡᠨ᠎ᠦ
ᠲᠦᠪᠱᠢᠨ᠎ᠢᠶᠡᠨ ᠪᠦᠬᠦ᠌ ᠬᠦᠴᠦᠨ᠎ᠢᠶᠡᠷ ᠳᠡᠭᠡᠭ᠌ᠰᠢᠯᠡᠭᠦᠯᠪᠡ᠃ ᠺᠠᠩ ᠵᠢᠶᠠ ᠳ᠋ᠢᠶᠠᠨ ᠲᠣᠰᠭᠣᠨ᠎ᠤ ᠨᠠᠮ᠎ᠤᠨ ᠵᠣᠬᠢᠶᠠᠨ
ᠪᠠᠢᠭᠤᠯᠤᠯᠲᠠ ᠢᠮᠠᠭ᠍ᠲᠠ ᠤᠯᠠᠨ ᠲᠦᠮᠡᠨ᠎ᠳᠦ ᠦᠢᠯᠡᠴᠢᠯᠡᠬᠦ᠌ ᠳᠡᠭᠡᠷ᠎ᠡ ᠬᠦᠴᠦ᠍ ᠲᠠᠯᠪᠢᠵᠤ ᠂ ᠤᠯᠠᠨ ᠲᠦᠮᠡᠨ᠎ᠦ
ᠬᠠᠨᠤᠮᠵᠢ᠎ᠶ᠋ᠢᠨ ᠬᠡᠮᠵᠢᠶ᠎ᠠ᠎ᠪᠡᠷ ᠠᠵᠢᠯ᠎ᠤᠨ᠎ᠢᠶᠠᠨ ᠵᠣᠷᠢᠯᠲᠠ ᠪᠠ ᠲᠤᠰᠤᠯᠳᠠ ᠪᠣᠯᠭᠠᠬᠤ᠎ᠶ᠋ᠢ ᠪᠠᠷᠢᠮᠲᠠᠯᠠᠵᠤ
᠂ ᠰᠠᠨᠠᠭᠠᠴᠢᠯᠠᠭ᠎ᠠ ᠡᠴᠡ᠎ᠪᠠᠨ ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠴᠦ ᠂ ᠬᠦᠴᠢᠷ ᠠᠰᠠᠭᠤᠳᠠᠯ᠎ᠢ
ᠨᠢ ᠱᠢᠢᠳᠪᠦᠷᠢᠯᠡᠵᠦ᠍ ᠥᠭ᠌ᠪᠡ᠃ ᠤᠯᠠᠨ ᠲᠦᠮᠡᠨ᠎ᠦ ᠤᠶᠤᠨ᠎ᠤ ᠠᠮᠢᠳᠤᠷᠠᠯ ᠲᠠᠩ ᠴᠤᠯᠭᠤᠢ ᠪᠠᠢᠭ᠎ᠠ ᠠᠰᠠᠭᠤᠳᠠᠯ᠎ᠢ
ᠱᠢᠢᠳᠪᠦᠷᠢᠯᠡᠬᠦ᠌᠎ᠶ᠋ᠢᠨ ᠲᠥᠯᠥᠭᠡ ᠲᠣᠰᠭᠣᠨ᠎ᠤ ᠨᠠᠮ᠎ᠤᠨ ᠵᠣᠬᠢᠶᠠᠨ ᠪᠠᠢᠭᠤᠯᠤᠯᠲᠠ ᠠᠷᠭ᠎ᠠ
ᠪᠦᠬᠦᠨ᠎ᠢ ᠰᠦᠪᠡᠭ᠌ᠴᠢᠯᠡᠨ ᠪᠡᠯᠡ ᠮᠥᠩᠭᠥ᠌ ᠣᠯᠵᠤ᠂ ᠰᠣᠶᠣᠯ᠎ᠤᠨ ᠨᠣᠮ᠎ᠤᠨ ᠦᠷᠦᠭᠡ ᠂ ᠰᠣᠶᠣᠯ᠎ᠤᠨ ᠲᠠᠪᠴᠠᠩ᠎ᠢ
ᠪᠠᠢᠭᠤᠯᠤᠨ᠂ ᠵᠤᠭ᠎ᠠ ᠴᠡᠩᠭᠡᠯ᠎ᠦᠨ ᠲᠤᠨᠤᠭ ᠲᠥᠬᠥᠭᠡᠷᠦᠮᠵᠢ ᠵᠢ ᠲᠤᠬᠢᠷᠠᠭᠤᠯᠵᠤ᠂ ᠤᠯᠠᠨ ᠲᠦᠮᠡᠨ ᠦ ᠤᠶᠤᠨ᠎ᠤ
ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠪᠠ᠃ ᠲᠣᠰᠭᠣᠨ᠎ᠤ ᠪᠠᠢ᠌ᠭᠤᠯᠤᠭ᠍ᠰᠠᠨ ᠲᠠᠷᠢᠶᠠᠴᠢᠨ ᠠᠢ᠌ᠯ᠎ᠤᠨ ᠨᠣᠮ᠎ᠤᠨ
ᠥᠷᠥᠭᠡ ᠨᠢ ᠪᠦᠬᠦ᠌ ᠤᠯᠤᠰ᠎ᠤᠨ ᠵᠢᠱ᠌ᠢᠶ᠎ᠡ ᠦᠵᠡᠭᠦᠯᠬᠦ᠌ ᠲᠠᠷᠢᠶᠠᠴᠢᠨ ᠠᠢ᠌ᠯ᠎ᠤᠨ ᠨᠣᠮ᠎ᠤᠨ ᠥᠷᠥᠭᠡ᠎ᠪᠡᠷ ᠦᠨᠡᠯᠡᠭ᠌ᠳᠡᠵᠡᠢ᠃
ᠲᠤᠰᠭᠤᠨ᠎ᠤ ᠬᠠᠮᠲᠤ᠎ᠶ᠋ᠢᠨ ᠠᠵᠤ ᠠᠬᠤᠢ ᠲᠤᠢᠯ᠎ᠤᠨ ᠪᠠᠭᠤᠷᠠᠢ ᠪᠠᠢᠳᠠᠯ ᠳᠣᠣᠷ᠎ᠠ᠂ ᠲᠤᠰᠭᠤᠨ᠎ᠤ ᠨᠠᠮ᠎ᠤᠨ ᠵᠣᠬᠢᠶᠠᠨ
ᠪᠠᠢᠭᠤᠯᠤᠯᠲᠠ ᠪᠦᠬᠦ᠌ ᠬᠦᠴᠦᠨ᠎ᠢᠶᠡᠷ᠎ᠢᠶᠡᠨ ᠪᠡᠯᠡ ᠮᠥᠩᠭᠥ᠌ ᠴᠤᠭ᠍ᠯᠠᠭᠤᠯᠵᠤ᠂ ᠦᠷᠭᠦᠯᠵᠢᠯᠡᠨ10 ᠵᠢᠯ ᠣᠯᠠᠨ
ᠲᠦᠮᠡᠨ᠎ᠤ ᠬᠣᠷᠱᠢᠭ᠍ᠰᠠᠨ ᠡᠮᠨᠡᠯᠭᠡ᠎ᠶ᠋ᠢᠨ ᠥᠪᠡᠷ ᠲᠡᠭᠡᠨ ᠵᠣᠭᠣᠰ ᠭᠠᠷᠭᠠᠬᠤ ᠬᠡᠰᠡᠭ᠎ᠢ ᠨᠦᠬᠦᠪᠦᠷᠢᠯᠡᠵᠦ᠍᠂
ᠣᠳᠣ ᠪᠤᠯᠬᠤ ᠳ᠋ᠤ ᠣᠯᠠᠨ ᠲᠦᠮᠡᠨ᠎ᠦ ᠳᠠᠷᠤᠭᠠᠰᠤ᠎ᠶ᠋ᠢ 130 ᠭᠠᠷᠤᠢ ᠲᠦᠮᠡᠨ ᠲᠥᠭᠥᠷᠢᠭ ᠬᠥᠩᠭᠡᠷᠡᠭᠦᠯᠪᠡ᠃ ᠨᠡᠢᠭᠡᠮ᠎ᠦᠨ
ᠬᠠᠢᠷ᠎ᠠ ᠬᠠᠯᠠᠮᠵᠢ᠂ ᠠᠵᠤ ᠠᠬᠤᠢᠯᠠᠯ ᠪᠠ ᠠᠷᠠᠳ᠎ᠤᠨ ᠶᠠᠪᠤᠳᠠᠯ ᠵᠡᠷᠭᠡ ᠰᠠᠯᠠᠭ᠎ᠠ ᠮᠥᠴᠢᠷ᠎ᠦᠨ ᠳᠡᠮᠵᠢᠯᠭᠡ᠎ᠶ᠋ᠢ
ᠣᠯᠵᠤ᠂ 9 ᠵᠢᠯ᠎ᠦᠨ ᠲᠤᠷᠰᠢ ᠨᠡᠢᠲᠡ28 ᠲᠦᠮᠡᠨ ᠲᠥᠭᠥᠷᠢᠭ᠎ᠦᠨ ᠠᠪᠤᠷᠠᠨ ᠲᠤᠰᠠᠯᠠᠬᠤ ᠪᠠᠯᠠ ᠮᠥᠩᠭᠥ᠌ ᠵᠢ ᠤᠯᠵᠤ
᠂ 111 ᠬᠥᠮᠦᠨ᠎ᠢ ᠠᠪᠤᠷᠠᠨ ᠲᠤᠰᠠᠯᠠᠪᠠ ᠃ ᠪᠠᠰᠠ ᠲᠣᠰᠭᠣᠨ᠎ᠤ ᠪᠠᠠ 288 ᠡᠷᠦᠬᠡ᠎ᠶ᠋ᠢᠨ 756 ᠬᠥᠮᠦᠨ ᠤ᠋ ᠤᠤᠭᠤᠬᠤ
ᠤᠰᠤᠨ᠎ᠤ ᠠᠮᠤᠷ ᠲᠦᠪᠱᠢᠨ᠎ᠦ ᠠᠰᠠᠭᠤᠳᠠᠯ᠎ᠢ ᠱᠢᠶ᠋ᠳᠪᠦᠷᠢᠯᠡᠵᠤ ᠂ 17.7 ᠺᠢᠯᠣᠮᠧᠲᠷ ᠤᠷᠲᠤ ᠱᠦᠢᠨᠢ ᠵᠠᠮ᠎ᠢ ᠳᠡᠪᠢᠰᠴᠦ᠍᠂
ᠣᠯᠠᠨ ᠲᠦᠮᠡᠨ᠎ᠦ ᠶᠠᠪᠤᠵᠤ ᠰᠠᠭᠤᠬᠤ ᠨᠥᠬᠥᠴᠡᠯ᠎ᠢ ᠶᠡᠬᠡ ᠪᠡᠷ ᠰᠠᠢᠵᠢᠷᠠᠭᠤᠯᠪᠠ ᠃
ᠺᠠᠩ ᠵᠢᠶᠠ ᠳ᠋ᠢᠶᠠᠨ ᠲᠣᠰᠭᠣᠨ᠎ᠤ ᠨᠠᠮ᠎ᠤᠨ ᠵᠣᠬᠢᠶᠠᠨ ᠪᠠᠢᠭᠤᠯᠤᠯᠲᠠ 10 ᠭᠠᠷᠤᠢ
ᠵᠢᠯ ᠤ᠋ᠠ ᠴᠥᠬᠥᠷᠡᠰᠢ ᠥᠬᠡᠶ ᠴᠢᠷᠮᠠᠢᠯᠭ᠎ᠠ᠎ᠪᠠᠷ᠂ ᠥᠩᠭᠡᠷᠡᠭ᠌ᠰᠡᠨ᠎ᠦ ᠡᠮᠬᠢ ᠲᠢᠭᠯᠢᠮ ᠦᠬᠡᠢ ᠲᠣᠰᠭᠣᠨ᠂ ᠶᠠᠳᠠᠭᠤ
ᠬᠤᠴᠤᠷᠤᠩᠭᠤᠢ ᠪᠠᠢᠬᠰᠠᠨ ᠲᠣᠰᠭᠣᠨ᠎ᠢ ᠣᠲᠣ᠎ᠶ᠋ᠢᠨ ᠪᠣᠯᠪᠠᠰᠤᠨ ᠲᠣᠰᠭᠣᠨ᠂ ᠪᠠᠶᠠᠨ ᠴᠢᠨᠡᠭᠡᠯᠢᠭ ᠲᠣᠰᠭᠣᠨ ᠪᠣᠯᠭᠠᠵᠤ
᠂ ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠦᠨᠳᠦᠷ ᠦᠨᠠᠯᠠᠯᠳᠠ ᠵᠢ ᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ
ᠳᠠᠭᠠᠭᠤᠯᠤᠭ᠍ᠴᠢ ᠪᠠ ᠪᠠᠲᠤ ᠴᠢᠩᠭ᠎ᠠ ᠳᠠᠢᠴᠢᠨ ᠪᠡᠬᠢᠯᠡᠯᠲᠡ᠎ᠶ᠋ᠢᠨ ᠴᠢᠬᠤᠯᠠ ᠦᠶ᠋ᠯᠡᠳᠦᠯ᠎ᠢ ᠭᠦᠶ᠋ᠴᠡᠳ ᠢᠯᠡᠷᠡᠭᠦᠯᠦᠭ᠌ᠰᠡᠨ
ᠪᠠᠢ᠌ᠨ᠎ᠠ ᠃