ᠨᠢᠭᠡᠬᠤᠪᠢᠶ᠋ᠢᠨᠪᠠᠢᠷᠢᠯᠠᠭᠤᠯᠤᠯᠲᠠ᠂ ᠶᠢᠰᠦᠨ ᠬᠤᠪᠢ ᠶ᠋ᠢᠨ ᠨᠠᠢᠳᠠᠪᠤᠷᠢᠵᠢᠭᠤᠯᠤᠯᠲᠠ ᠭᠡᠳᠡᠭᠴᠢᠯᠡᠨ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶ᠋ᠢ ᠪᠠᠲᠤᠯᠠᠬᠤ ᠵᠠᠩᠭᠢᠯᠠᠭ᠎ᠠ ᠨᠢ ᠨᠠᠢᠳᠠᠪᠤᠷᠢᠵᠢᠭᠤᠯᠤᠯᠳᠠ᠎ᠶ᠋ᠢ ᠰᠠᠢᠲᠤᠷ ᠠᠳᠭᠤᠬᠤ᠎ᠳᠤ ᠪᠤᠢ᠃
ᠰᠤᠷᠤᠯᠴᠠᠯᠭ᠎ᠠ᠎ᠶ᠋ᠢᠨ ᠭᠦᠨᠴᠡ ᠨᠢ ᠦᠵᠡᠯ ᠰᠠᠨᠠᠭ᠎ᠠ ᠲᠠᠨᠢᠯᠲᠠ᠎ᠶ᠋ᠢᠨ ᠦᠨᠳᠦᠷᠴᠡ ᠪᠠ ᠲᠤᠭᠤᠱᠢᠯᠠᠭᠤᠯᠤᠯᠳᠠ ᠬᠡᠷᠡᠭ᠌ᠵᠢᠭᠦᠯᠦᠯᠳᠡ ᠵᠢᠨ ᠡᠷᠴᠢᠮ᠎ᠢ ᠲᠣᠭ᠍ᠲᠠᠭᠠᠵᠤ ᠪᠠᠢᠳᠠᠭ᠃ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠬᠤ ᠪᠣᠯ ᠥᠪᠥᠷ ᠮᠣᠩᠭᠣᠯ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠤᠷᠢᠲᠠᠯ ᠮᠥᠨ᠃ ᠲᠡᠷᠡ ᠶᠤᠰᠤᠭᠠᠷ ᠨᠢ ᠰᠤᠷᠤᠯᠴᠠᠵᠤ᠂ ᠭᠦᠨᠵᠡᠭᠡᠢ ᠪᠣᠳᠣᠯᠬᠢᠯᠠᠨ ᠰᠤᠷᠤᠯᠴᠠᠵᠤ᠂ ᠪᠣᠳᠠᠲᠠᠢ᠎ᠲᠠᠶ ᠤᠶᠠᠯᠳᠤᠭᠤᠯᠤᠨ ᠰᠤᠷᠤᠯᠴᠠᠵᠤ᠂ ᠤᠭ ᠵᠣᠬᠢᠶᠠᠯ᠎ᠢ ᠰᠤᠷᠤᠯᠴᠠᠬᠤ ᠮᠥᠷᠲᠡᠭᠡᠨ ᠤᠭ ᠶᠣᠰᠣ᠎ᠶ᠋ᠢ ᠨᠢ ᠣᠢᠯᠠᠭᠠᠵᠤ᠂ 《ᠰᠤᠷᠤᠯᠴᠠᠬᠤ》ᠲᠠᠯ᠎ᠠ᠎ᠪᠠᠷ ᠭᠦᠨᠵᠡᠭᠡᠢᠷᠡᠭᠦᠯᠦᠨ ᠪᠣᠳᠠᠲᠠᠢᠵᠢᠭᠤᠯᠬᠤ ᠬᠡᠷᠡᠭ᠌ᠲᠡᠢ ; ᠤᠴᠢᠷ ᠱᠢᠯᠲᠠᠭᠠᠨ᠎ᠢ ᠨᠢ ᠮᠡᠳᠡᠵᠤ᠂ 《ᠤᠢᠯᠠᠭᠠᠬᠤ》ᠳᠡᠭᠡᠷ᠎ᠡ ᠲᠠᠷᠢᠬᠢᠨ ᠳ᠋ᠠᠭᠠᠨ ᠰᠢᠨᠭᠭᠡᠭᠡᠵᠤ ᠰᠡᠳᠬᠢᠯ ᠳ᠋ᠡᠭᠡᠨ ᠬᠠᠳᠠᠨᠭᠰᠢᠭᠤᠯᠬᠤ ᠭᠡᠷᠡᠭᠳᠠᠢ; ᠰᠡᠳᠭᠢᠯ᠎ᠳᠡᠭᠡᠨ ᠬᠠᠳᠠᠨᠭᠰᠢᠭᠤᠯᠬᠤ ᠮᠥᠷᠲᠡᠭᠡᠨ ᠠᠵᠢᠯᠯᠠᠭ᠎ᠠ᠎ᠳᠠᠭᠠᠨ ᠢᠯᠡᠷᠡᠭᠦᠯᠵᠦ᠍᠂ 《ᠬᠢᠬᠦ》 ᠳᠡᠭᠡᠷ᠎ᠡ ᠦᠷ᠎ᠡ ᠪᠦᠲᠦᠮᠵᠢ ᠭᠠᠷᠭᠠᠬᠤ ᠭᠡᠷᠡᠭᠳᠠᠢ᠃
ᠠᠰᠠᠭᠤᠳᠠᠯ ᠪᠣᠯ ᠳᠠᠷᠤᠢ ᠴᠠᠭ ᠦᠶ᠎ᠡ᠎ᠶ᠋ᠢᠨ ᠤᠷᠢᠶ᠎ᠠ ᠮᠥᠨ᠃ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠠᠢᠲᠤᠷ ᠠᠳᠭᠤᠬᠤ᠎ᠳᠤ ᠡᠷᠬᠡᠪᠰᠢ ᠠᠰᠠᠭᠤᠳᠠᠯ᠎ᠢ ᠣᠨᠢᠯᠠᠵᠤ᠂ ᠠᠰᠠᠭᠤᠳᠠᠯ᠎ᠢ ᠮᠥᠷᠳᠡᠵᠦ᠍᠂ ᠠᠰᠠᠭᠤᠳᠠᠯ᠎ᠢ ᠰᠢᠢᠳᠪᠤᠷᠢᠯᠡᠬᠦ ᠬᠡᠷᠡᠭ᠌ᠲᠡᠢ᠃ ᠪᠦᠬᠦ᠌ ᠣᠷᠣᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠦᠨ᠎ᠢᠶᠡᠨ ᠦᠨᠳᠦᠰᠦᠲᠡᠨ᠎ᠦ ᠠᠵᠢᠯ᠎ᠤᠨ ᠪᠠᠭᠤᠷᠠᠢ ᠭᠣᠭ᠍ᠴᠣᠭ᠎ᠠ᠎ᠶ᠋ᠢ ᠨᠠᠷᠢᠨ ᠬᠢᠨᠠᠮᠠᠭᠠᠢ ᠪᠠᠢᠴᠠᠭᠠᠨ ᠢᠯᠡᠷᠡᠬᠦᠯᠵᠦ᠍᠂ ᠢᠳᠡᠪᠬᠢᠳᠡᠢ ᠪᠡᠷ ᠬᠡᠯᠪᠡᠢᠯᠳᠡ ᠵᠢ ᠵᠠᠯᠠᠷᠠᠭᠤᠯᠤᠨ ᠴᠢᠭ᠌ᠯᠡᠯ᠎ᠢ ᠵᠠᠰᠠᠵᠤ᠂ᠳᠤᠲᠠᠭᠤᠳᠠᠯ ᠢᠶᠠᠨᠨᠥᠬᠥᠪᠥᠷᠢᠯᠡᠵᠦ᠍ ᠪᠠᠭᠤᠷᠠᠢᠲᠠᠯᠠᠪᠠᠨᠴᠢᠩᠭᠠᠳᠬᠠᠵᠦ᠍᠂ ᠠᠰᠠᠭᠤᠳᠠᠯ ᠤᠨ ᠱᠢᠨᠵᠢ ᠴᠢᠨᠠᠷ ᠪᠣᠯᠤᠨ ᠪᠤᠢ ᠪᠣᠯᠤᠭ᠍ᠰᠠᠨ ᠱᠢᠯᠲᠠᠭᠠᠨ᠎ᠢ ᠭᠦᠨᠵᠡᠭᠡᠢ ᠵᠠᠳᠠᠯᠵᠤ᠂ ᠠᠰᠠᠭᠤᠳᠠᠯ᠎ᠤᠨ ᠨᠠᠷᠢᠨ ᠲᠠᠩᠰᠠ ᠵᠤᠬᠢᠶᠠᠵᠦ᠂ ᠠᠵᠢᠯ᠎ᠤᠨ ᠲᠠᠩᠰᠠ ᠵᠤᠬᠢᠶᠠᠵᠦ᠂ ᠴᠥᠬᠥᠷᠡᠰᠢ ᠦᠭᠡᠢ ᠠᠳᠭᠤᠵᠤ᠂ ᠪᠠᠢᠨᠭᠭᠤ ᠠᠳᠬᠤᠵᠤ᠂ ᠠᠰᠠᠭᠤᠳᠠᠯ᠎ᠢ ᠱᠢᠢᠳᠪᠦᠷᠢᠯᠡᠬᠦ᠌ᠳᠤᠮᠳᠠ ᠥᠪᠥᠷ ᠮᠣᠩᠭᠣᠯ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃
ᠦᠨᠳᠦᠰᠦᠲᠡᠨ᠎ᠦ ᠠᠵᠢᠯ ᠨᠢ ᠲᠠᠯ᠎ᠠ ᠪᠦᠬᠦᠨ᠎ᠳᠦ ᠬᠣᠯᠪᠣᠭ᠍ᠳᠠᠵᠤ᠂ ᠲᠠᠯ᠎ᠠ ᠪᠦᠬᠦᠨ᠎ᠳᠦ ᠴᠥᠮ ᠦᠨᠳᠦᠰᠦᠲᠡᠨ᠎ᠦ ᠠᠵᠢᠯ ᠪᠠᠢᠳᠠᠭ᠃ ᠡᠨᠡ ᠲᠠᠯ᠎ᠠ᠎ᠡᠴᠡ ᠠᠪᠴᠤ᠌ ᠬᠡᠯᠡᠪᠡᠯ᠂ ᠦᠨᠳᠦᠰᠦᠲᠡᠨ᠎ᠦ ᠠᠵᠢᠯ ᠪᠣᠯ ᠨᠢᠭᠡ ᠭᠠᠵᠠᠷ ᠣᠷᠣᠨ ᠨᠢᠭᠡ ᠤᠷᠤᠨ ᠪᠦᠰᠡ ᠵᠢᠨ ᠶᠠᠪᠤᠳᠠᠯ ᠪᠢᠰᠢ᠂ ᠨᠢᠭᠡ ᠰᠠᠯᠠᠭ᠎ᠠ ᠮᠥᠴᠢᠷ ᠨᠢᠭᠡ ᠭᠡᠷ᠎ᠦᠨ ᠬᠠᠷᠢᠭᠤᠴᠠᠯᠭ᠎ᠠ ᠴᠤ᠌ ᠪᠢᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠭᠠᠷ ᠬᠣᠯᠪᠣᠯᠴᠠᠨ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠵᠡᠷᠭᠡ ᠪᠡᠷ ᠠᠳᠭᠤᠨ ᠬᠠᠮᠲᠤ᠎ᠪᠠᠷ ᠬᠠᠮᠢᠶᠠᠷᠬᠤ ᠴᠢᠬᠤᠯᠠᠲᠠᠢ ᠶᠤᠮ᠃ ᠦᠨᠳᠦᠰᠦᠲᠡᠨ᠎ᠦ ᠠᠵᠢᠯ ᠳᠠᠬᠢ ᠨᠠᠮ᠎ᠤᠨ ᠤᠳᠤᠷᠢᠳᠤᠯᠭ᠎ᠠ ᠶ᠋ᠢ ᠴᠢᠩᠭᠠᠳᠭᠠᠨ ᠰᠠᠢᠵᠢᠷᠠᠭᠤᠯᠵᠤ᠂ ᠶᠡᠬᠡ ᠨᠢᠭᠡᠳᠦᠮᠡᠯ ᠹᠷᠣᠨᠲ᠎ᠤᠨ ᠠᠵᠢᠯ᠎ᠤᠨ ᠪᠠᠢᠷᠢᠱᠢᠯ᠎ᠤᠨ ᠳᠠᠪᠠᠭᠤᠯᠢᠭ᠎ᠢ ᠪᠠᠳᠠᠷᠠᠭᠤᠯᠵᠤ᠂ ᠡᠯ᠎ᠡ ᠵᠦᠶ᠋ᠯ ᠦᠨ ᠡᠭᠦᠷᠭᠡ ᠶ᠋ᠢ ᠨᠠᠷᠢᠯᠢᠭ᠍ᠵᠢᠭᠤᠯᠵᠦ ᠵᠠᠳᠠᠯᠤᠨ ᠨᠠᠢᠳᠠᠪᠤᠷᠢᠵᠢᠭᠤᠯᠬᠤ᠂ ᠲᠤᠰ ᠲᠣᠰ᠎ᠤᠨ ᠡᠭᠦᠷᠭᠡ ᠲᠤᠱᠢᠶᠠᠯ᠎ᠢᠶᠠᠨ ᠭᠦᠶ᠋ᠴᠡᠳᠭᠡᠬᠦ᠌᠂ ᠨᠢᠭ᠍ᠲᠠ ᠬᠠᠮᠵᠢᠯᠴᠠᠬᠤ᠂ ᠳᠡᠭᠡᠷ᠎ᠡ ᠳᠣᠣᠷ᠎ᠠ ᠱᠠᠲᠤ ᠬᠠᠮᠲᠤᠷᠠᠨ ᠬᠥᠳᠡᠯᠦᠯᠴᠡᠬᠦ᠌ ᠠᠵᠢᠯ᠎ᠤᠨ ᠪᠠᠢᠷᠢᠱᠢᠯ᠎ᠢ ᠪᠤᠢ ᠪᠣᠯᠭᠠᠬᠤ ᠬᠡᠷᠡᠭ᠌ᠲᠡᠶ᠃
ᠲᠡᠪᠡᠷᠢ ᠪᠠᠬᠳᠠᠬᠤ ᠦᠭᠡᠢ ᠪᠦᠳᠦᠬᠦᠨ ᠮᠣᠳᠣ ᠨᠢᠯᠬ᠎ᠠ ᠮᠣᠳᠣᠨ ᠡᠴᠡ ᠤᠷᠭᠤᠳᠠᠬ᠂ ᠶᠢᠰᠦᠨ ᠳᠠᠪᠬᠤᠷ ᠦᠨᠳᠦᠷ ᠠᠰᠠᠷᠬᠦᠷᠵᠠ ᠰᠢᠷᠤᠢ ᠡᠴᠡ ᠪᠤᠰᠳᠠᠬ᠃ ᠦᠨᠳᠦᠰᠦᠨ ᠱᠠᠳᠤ ᠪᠣᠯ ᠠᠷᠠᠳ ᠲᠦᠮᠡᠨ᠎ᠳᠦ ᠦᠢᠯᠡᠴᠢᠯᠡᠬᠦ᠌ 《ᠡᠴᠦᠰ᠎ᠦᠨ ᠨᠢᠭᠡ ᠺᠢᠯᠤᠮᠸᠲᠷ》 ᠤ᠋ᠨ ᠬᠦᠴᠦᠯᠡᠬᠦ᠌ ᠴᠡᠭ ᠪᠣᠯᠬᠤ᠎ᠪᠠᠷ ᠪᠠᠷᠠᠬᠤ ᠦᠭᠡᠢ ᠨᠡᠩ ᠴᠤ᠌ ᠦᠨᠳᠦᠰᠦᠲᠡᠨ᠎ᠦ ᠪᠦᠯᠬᠦᠮᠳᠡᠯ᠎ᠦᠨ ᠲᠤᠮᠤ ᠠᠰᠠᠷ᠎ᠢ ᠬᠠᠮᠠᠭᠠᠯᠠᠬᠤ ᠦᠨᠳᠦᠰᠦ ᠰᠠᠭᠤᠷᠢ ᠪᠣᠯᠤᠨ᠎ᠠ᠃ ᠰᠠᠭᠤᠷᠢ ᠪᠠᠲᠤ ᠪᠢᠰᠢ ᠪᠣᠯ ᠭᠠᠵᠠᠷ ᠬᠥᠳᠡᠯᠵᠦ᠍ ᠠᠭᠤᠯᠠ ᠰᠠᠵᠢᠯᠠᠨ᠎ᠠ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠦᠨᠳᠦᠰᠦᠨ ᠱᠠᠲᠤᠨ᠎ᠤ ᠵᠠᠰᠠᠯᠲᠠ᠎ᠶ᠋ᠢ ᠤᠳᠤᠷᠢᠳᠭᠤ ᠳᠤᠲᠠᠭᠤᠳᠠᠯ᠎ᠢ ᠨᠥᠬᠥᠪᠥᠷᠢᠯᠡᠵᠦ᠍᠂ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠂ ᠦᠨᠳᠦᠰᠦᠨ ᠱᠠᠲᠤᠨ᠎ᠤ ᠰᠠᠭᠤᠷᠢ᠎ᠶ᠋ᠢ ᠪᠡᠬᠢᠵᠢᠭᠦᠯᠵᠦ᠍᠂ ᠨᠠᠮ᠎ᠤᠨ ᠦᠨᠳᠦᠰᠦᠲᠡᠨ᠎ᠦ ᠤᠨᠤᠯ ᠪᠣᠯᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠦᠨᠳᠦᠰᠦᠨ ᠱᠠᠲᠤᠨ᠎ᠳᠤ ᠬᠦᠷᠲᠡᠯ᠎ᠡ ᠣᠢᠯᠠᠭᠠᠬᠤ ᠬᠥᠮᠦᠨ᠎ᠲᠡᠶ᠂ ᠦᠨᠳᠦᠰᠦᠲᠡᠨ᠎ᠦ ᠠᠵᠢᠯ᠎ᠢ ᠦᠨᠳᠦᠰᠦᠨ ᠱᠠᠲᠤᠨ᠎ᠳᠤ ᠠᠳᠭᠤᠬᠤ ᠬᠥᠮᠦᠨ᠎ᠲᠡᠶ ᠪᠠᠢᠬᠤ᠎ᠶ᠋ᠢ ᠪᠠᠲᠤᠯᠠᠬᠤ ᠬᠡᠷᠡᠭ᠌ᠲᠡᠢ᠃
ᠱᠠᠯᠠᠪᠳᠠᠭᠤᠯᠤᠨ ᠪᠠᠢᠴᠠᠭᠠᠬᠤ ᠠᠵᠢᠯ ᠪᠣᠯ ᠪᠦᠬᠦ᠌ ᠲᠠᠯ᠎ᠠ᠎ᠶ᠋ᠢᠨ ᠠᠵᠢᠯ ᠳ᠋ᠤ ᠳᠤᠲᠠᠭ᠍ᠳᠠᠵᠤ ᠪᠣᠯᠤᠰᠢ ᠦᠭᠡᠢ ᠴᠢᠬᠤᠯᠠ ᠭᠣᠭ᠍ᠴᠣᠭ᠎ᠠ ᠪᠣᠯᠤᠨ᠎ᠠ᠂ ᠵᠣᠬᠢᠬᠤ ᠤᠳᠭ᠎ᠠ ᠠᠭᠤᠯᠭ᠎ᠠ ᠡᠴᠡ ᠠᠪᠴᠤ᠌ ᠬᠡᠯᠡᠪᠡᠯ᠂ ᠱᠠᠯᠠᠪᠳᠠᠭᠤᠯᠤᠨ ᠪᠠᠢᠴᠠᠭᠠᠬᠤ ᠦᠭᠡᠢ ᠪᠣᠯ ᠨᠠᠢᠳᠠᠪᠤᠷᠢᠵᠢᠭᠤᠯᠵᠤ ᠴᠢᠳᠠᠬᠤ ᠦᠭᠡᠢ᠂ ᠱᠠᠯᠠᠪᠳᠠᠭᠤᠯᠤᠨ ᠪᠠᠢᠴᠠᠭᠠᠬᠤ ᠦᠭᠡᠢ ᠪᠣᠯ ᠭᠦᠨᠵᠡᠭᠡᠢᠷᠡᠭᠦᠯᠵᠦ᠍ ᠴᠢᠳᠠᠬᠤ ᠦᠭᠡᠢ ᠶᠤᠮ᠃ ᠱᠠᠯᠠᠪᠳᠠᠭᠤᠯᠤᠨ ᠪᠠᠢᠴᠠᠭᠠᠬᠤ ᠠᠵᠢᠯ᠎ᠢ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠡᠭᠦᠷᠭᠡ ᠠᠬᠢᠴᠠ ᠦᠷ᠎ᠡ ᠪᠦᠲᠦᠮᠵᠢ᠎ᠶ᠋ᠢ ᠱᠠᠯᠠᠪᠳᠠᠭᠤᠯᠬᠤ ᠪᠥᠭᠡᠳ ᠲᠠᠨᠢᠯᠲᠠᠬᠠᠷᠢᠭᠤᠴᠠᠯᠭᠠ ᠰᠤᠷᠲᠠᠯ᠎ᠢ ᠪᠠᠢᠴᠠᠭᠠᠵᠤ᠂ ᠱᠠᠯᠠᠪᠳᠠᠭᠤᠯᠤᠨ ᠪᠠᠢᠴᠠᠭᠠᠬᠤ ᠶᠠᠪᠤᠴᠠ᠎ᠶ᠋ᠢ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠢᠷᠡᠭᠦᠯᠬᠦ᠌᠂ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠦ᠂ ᠪᠣᠳᠠᠲᠠᠢ ᠠᠰᠠᠭᠤᠳᠠᠯ᠎ᠢ ᠱᠢᠢᠳᠪᠦᠷᠢᠯᠡᠬᠦ᠌ ᠶᠠᠪᠤᠴᠠ ᠪᠣᠯᠭᠠᠬᠤ ᠬᠡᠷᠡᠭ᠌ᠲᠡᠢ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠨ ᠪᠠᠢᠭᠤᠯᠤᠭ᠍ᠰᠠᠨ ᠠᠩᠬᠠᠳᠠᠭ᠍ᠴᠢ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷᠲᠠᠶ ᠪᠠᠢᠵᠦ᠂ ᠤᠯᠠᠮᠵᠢᠯᠠᠯ᠎ᠢᠶᠠᠨ ᠪᠠᠳᠠᠷᠠᠭᠤᠯᠵᠤ᠂ ᠢᠷᠠᠭᠤ ᠠᠯᠳᠠᠷ᠎ᠢ ᠬᠠᠮᠠᠭᠠᠯᠠᠬᠤ ᠪᠣᠯ ᠮᠠᠨ᠎ᠤ ᠦᠩᠬᠡ ᠬᠡᠷᠡᠯᠳᠤ ᠡᠭᠦᠷᠭᠡ ᠪᠣᠯᠤᠨ᠎ᠠ᠃ ᠬᠠᠨᠴᠤᠢ ᠱᠢᠮᠠᠯᠠᠵᠦ ᠴᠢᠷᠮᠠᠢᠨ ᠠᠵᠢᠯᠯᠠᠵᠤ᠂ ᠳᠡᠭᠡᠳᠦ ᠳᠣᠣᠷᠠᠳᠤ ᠱᠠᠳᠤ᠎ᠪᠠᠷ᠎ᠢᠶᠠᠨ ᠰᠡᠳᠭᠢᠯ ᠨᠢᠭᠡᠳᠦᠨ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠪᠠᠯ ᠰᠠᠶᠢ ᠨᠠᠮ ᠪᠣᠯᠤᠨ ᠠᠷᠠᠳ ᠲᠦᠮᠡᠨ᠎ᠳᠦ ᠦᠨᠳᠦᠰᠦᠲᠡᠨ᠎ᠦ ᠠᠵᠢᠯ᠎ᠤᠨ ᠱᠢᠨ᠎ᠡ ᠭᠣᠢᠳᠠ ᠰᠠᠢᠬᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠵᠤ᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠱᠢᠨ᠎ᠡ ᠴᠠᠭ ᠦᠶ᠎ᠡ᠎ᠳᠦ ᠨᠡᠩ ᠭᠡᠷᠡᠯ ᠭᠢᠯᠪᠠᠭ᠎ᠠ ᠰᠠᠴᠤᠷᠠᠭᠤᠯᠵᠤ ᠴᠢᠳᠠᠨ᠎ᠠ᠃