ᠪᠡᠭᠡᠵᠢᠩ᠎ᠦᠨ ᠦᠨᠡᠲᠦ ᠲᠡᠮᠳᠡᠭ᠌ᠲᠦ᠍᠎ᠠᠷᠠᠯᠵᠢᠶᠠᠯᠠᠬᠤ ᠭᠠᠵᠠᠷ ᠡᠭᠦᠳᠡ ᠪᠡᠨ ᠨᠡᠭᠡᠭᠡᠵᠦ ᠡᠷᠦᠬᠡ ᠪᠡᠨ ᠰᠡᠭᠦᠪᠡ
2021-11-17 16:06:46
ᠵᠣᠬᠢᠶᠠᠭ᠍ᠴᠢ᠄
ᠶᠣᠣ ᠵᠢᠶᠦ᠋ᠨ ᠹᠠᠩ ᠯᠢᠦ ᠬᠤᠢ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ15᠎ᠤ᠋ ᠡᠳᠦᠷ᠎ᠦᠨ 9 ᠴᠠᠭ 30 ᠮᠢᠨᠦ᠋ᠲ ᠎ᠦᠨ ᠎ᠦᠶ᠎ᠡ ᠎ᠪᠡᠷ᠂ ᠪᠡᠭᠡᠵᠢᠩ ᠎ᠦᠨ ᠦᠨᠡᠲᠦ ᠲᠡᠮᠳᠡᠭ᠌ᠲᠦ᠍᠎ᠠᠷᠠᠯᠵᠢᠶᠠᠯᠠᠬᠤ ᠭᠠᠵᠠᠷ ᠡᠭᠦᠳᠡ ᠪᠡᠨ ᠨᠡᠭᠡᠭᠡᠵᠦ ᠡᠷᠦᠬᠡ ᠪᠡᠨ ᠰᠡᠭᠦᠪᠡ᠃

ᠬᠤᠩᠬᠤ ᠵᠢᠨ ᠲᠠᠭᠤᠨ ᠲᠤᠤᠭᠠᠷᠮᠠᠬᠴᠠ᠂ ᠪᠡᠭᠡᠵᠢᠩ᠎ᠦᠨ ᠦᠨᠡᠲᠦ ᠲᠡᠮᠳᠡᠭ᠌ᠲᠦ᠍᠎ᠠᠷᠠᠯᠵᠢᠶᠠᠯᠠᠬᠤ ᠭᠠᠵᠠᠷ᠎ᠤᠨ ᠫᠠᠢᠰᠠ ᠡᠯᠭᠦᠬᠦ ᠵᠢᠴᠢ ᠡᠭᠦᠳᠡ ᠪᠡᠨ ᠨᠡᠭᠡᠭᠡᠵᠦ ᠡᠷᠦᠬᠡ ᠪᠡᠨ ᠰᠡᠭᠦᠬᠦ ᠶᠣᠰᠣᠯᠠᠯ᠎ᠤᠨ ᠠᠬᠤᠶ ᠲᠠᠯᠠᠪᠠᠶ᠎ᠶ᠋ᠢᠨ ᠡᠯᠧᠺᠲ᠋ᠷᠣᠨ ᠳᠡᠯᠭᠡᠴᠡᠨ ᠳᠡᠭᠡᠷ᠎ᠡ ᠰᠲ᠋ᠣᠺ᠎ᠢᠶᠡᠨ ᠵᠠᠬ᠎ᠠ ᠲᠡᠯᠬᠡᠬᠦᠷ ᠲᠤ᠌ ᠭᠠᠷᠭᠠᠬᠰᠠᠨ ᠲᠦᠷᠦᠭᠦᠦ ᠪᠦᠯᠦᠭ ᠺᠣᠮᠫᠠᠨᠢ᠎ᠶ᠋ᠢᠨ ᠰᠲ᠋ᠣᠺ᠎ᠤᠨ ᠮᠡᠳᠡᠭᠡ ᠵᠠᠩᠭᠢ ᠡᠭᠡᠯᠵᠢᠯᠡᠨ ᠢᠯᠡᠷᠡᠵᠦ᠍ ᠂ ᠲᠠᠰᠤᠷᠠᠯᠲᠠ ᠥᠬᠡᠶ ᠱᠢᠨᠡᠴᠢᠯᠡᠭ᠌ᠳᠡᠨ᠎ᠡ᠃

ᠣᠢᠯᠠᠭᠠᠭ᠍ᠰᠠᠨ᠎ᠢᠶᠠᠷ᠂ ᠰᠲ᠋ᠣᠺ᠎ᠢᠶᠡᠨ ᠵᠠᠬ᠎ᠠ ᠲᠡᠯᠬᠡᠬᠦᠷ ᠲᠤ᠌ ᠭᠠᠷᠭᠠᠬᠰᠠᠨ ᠲᠦᠷᠦᠭᠦᠦ ᠪᠦᠯᠦᠭ ᠺᠣᠮᠫᠠᠨᠢ ᠨᠡᠢᠲᠡ 81 ᠪᠠᠢᠵᠤ᠂ ᠤᠯᠤᠰ ᠠᠷᠠᠳ᠎ᠤᠨ ᠠᠵᠤ ᠠᠬᠤᠶ᠎ᠶ᠋ᠢᠨ 25 ᠠᠵᠢᠯ ᠲᠥᠷᠥᠯ᠎ᠢ ᠬᠠᠮᠤᠷᠴᠤ᠌᠂ ᠣᠯᠠᠩᠬᠢ ᠨᠢ ᠠᠵᠢᠯ ᠲᠥᠷᠥᠯ᠎ᠦᠨ ᠨᠠᠷᠢᠨ ᠬᠤᠪᠢᠶᠠᠭ᠍ᠰᠠᠨ᠎ᠬᠦᠷᠢᠶ᠎ᠡ᠎ᠴᠠᠷᠠᠭᠠᠨ᠎ᠳ᠋ᠡᠬᠢ᠎ᠳᠠᠭᠠᠭᠤᠯᠤᠭ᠍ᠴᠢ᠎ᠠᠵᠤ᠎ᠠᠬᠤᠢᠯᠠᠯ ᠪᠠᠢᠵᠤ᠂ ᠎ᠪᠡᠭᠡᠵᠢᠩ᠎ᠦᠨ ᠦᠨᠡᠲᠦ ᠲᠡᠮᠳᠡᠭ᠌ᠲᠦ᠍᠎ᠠᠷᠠᠯᠵᠢᠶᠠᠯᠠᠬᠤ ᠭᠠᠵᠠᠷ᠎ᠤᠨ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠳᠤᠮᠳᠠ ᠵᠢᠵᠢᠭ ᠠᠵᠤ ᠠᠬᠤᠢᠯᠠᠯ᠎ᠳᠤ ᠦᠢᠯᠡᠴᠢᠯᠡᠬᠦ ᠵᠠᠬ᠎ᠠ ᠳᠡᠯᠭᠡᠭᠦᠷ᠎ᠦᠨ ᠪᠠᠢᠷᠢ ᠲᠣᠭ᠍ᠲᠠᠭᠠᠯᠲᠠ᠎ᠶ᠋ᠢ ᠭᠦᠶ᠋ᠴᠡᠳ ᠢᠯᠡᠷᠡᠭᠦᠯᠪᠡ᠃

ᠦᠨᠡᠲᠦ ᠲᠡᠮᠳᠡᠭ᠌ᠲᠦ᠍᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠦᠨ ᠲᠡᠷᠢᠭᠦᠯᠡᠭ᠌ᠴᠢ ᠢ ᠬᠣᠶ ᠮᠠᠨ᠂ 《ᠪᠡᠭᠡᠵᠢᠩ᠎ᠦᠨ ᠦᠨᠡᠲᠦ ᠲᠡᠮᠳᠡᠭ᠌ᠲᠦ᠍᠎ᠠᠷᠠᠯᠵᠢᠶᠠᠯᠠᠬᠤ ᠭᠠᠵᠠᠷ᠎ᠤᠨ ᠫᠠᠢᠰᠠ ᠡᠯᠭᠦᠨ ᠪᠠᠢᠭᠤᠯᠤᠭᠳᠠᠭᠰᠠᠨ ᠶᠠᠪᠤᠳᠠᠯ ᠪᠣᠯ ᠮᠠᠨ᠎ᠤ ᠤᠯᠤᠰ᠎ᠤᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢᠨ ᠪᠠᠰᠠ ᠨᠢᠭᠡᠨ ᠴᠢᠬᠤᠯᠠ ᠪᠡᠯᠭᠡ ᠲᠡᠮᠳᠡᠭ᠎ᠦᠨ ᠴᠢᠨᠠᠷᠲᠠᠶ ᠬᠡᠷᠡᠭ ᠮᠥᠨ᠃ ᠦᠨᠡᠲᠦ ᠲᠡᠮᠳᠡᠭ᠌ᠲᠦ᠍᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ ᠪᠦᠬᠦ ᠤᠯᠤᠰ ᠤ᠋ᠨ ᠴᠢᠨᠠᠷᠲᠠᠢ ᠦᠨᠡᠲᠤ ᠲᠡᠮᠲᠡᠭᠲᠤ ᠠᠷᠠᠯᠵᠢᠶᠠᠯᠠᠬᠤ ᠭᠤᠷᠪᠠᠳᠡᠬᠢ ᠲᠠᠯᠠᠪᠤᠷ ᠭᠠᠵᠠᠷ ᠤ᠋ᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠪᠡᠭᠡᠵᠢᠩ᠎ᠦᠨ ᠦᠨᠡᠲᠦ ᠲᠡᠮᠳᠡᠭ᠌ᠲᠦ᠍᠎ᠠᠷᠠᠯᠵᠢᠶᠠᠯᠠᠬᠤ ᠭᠠᠵᠠᠷ᠎ᠢ ᠴᠢᠷᠮᠠᠢᠨ ᠰᠠᠢᠲᠤᠷ ᠡᠷᠭᠢᠯᠡᠵᠦ᠍᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠳᠤᠮᠳᠠ ᠵᠢᠵᠢᠭ ᠠᠵᠤ ᠠᠬᠤᠢᠯᠠᠯ᠎ᠳᠤ ᠦᠢᠯᠡᠴᠢᠯᠡᠬᠦ ᠭᠤᠤᠯ ᠵᠢᠭ᠍ᠰᠠᠭᠠᠯ᠎ᠤᠨ ᠭᠠᠵᠠᠷ᠎ᠢ ᠪᠠᠢᠭᠤᠯᠤᠨ᠎ᠠ︾ᠭᠡᠵᠦ ᠢᠯᠡᠷᠬᠡᠢᠯᠡᠵᠡᠢ᠃

ᠪᠡᠭᠡᠵᠢᠩ ᠬᠣᠲᠠ᠎ᠶ᠋ᠢᠨ ᠰᠢ ᠴᠧᠩ ᠲᠣᠭᠣᠷᠢᠭ᠎ᠤᠨ ᠮᠥᠩᠭᠥᠨ ᠭᠦᠶ᠋ᠯᠭᠡᠭᠡᠨ᠎ᠦ ᠶᠡᠬᠡ ᠵᠡᠭᠡᠯᠢ᠎ᠶ᠋ᠢᠨ ᠳ᠋ᠢᠩ 26 ᠎ᠨᠤᠮᠧᠷᠲᠤ ᠪᠣᠯ ᠪᠡᠭᠡᠵᠢᠩ᠎ᠦᠨ ᠦᠨᠡᠲᠦ ᠲᠡᠮᠳᠡᠭ᠌ᠲᠦ᠍᠎ᠠᠷᠠᠯᠵᠢᠶᠠᠯᠠᠬᠤ ᠭᠠᠵᠠᠷ᠎ᠤᠨ ᠫᠠᠢᠰᠠ ᠡᠯᠭᠦᠬᠦ ᠵᠢᠴᠢ ᠡᠭᠦᠳᠡ ᠪᠡᠨ ᠨᠡᠭᠡᠭᠡᠵᠦ ᠡᠷᠦᠬᠡ ᠪᠡᠨ ᠰᠡᠭᠦᠬᠦ ᠶᠣᠰᠣᠯᠠᠯ᠎ᠤᠨ᠎ᠶᠠᠪᠤᠭᠳᠠᠭᠰᠠᠨ ᠭᠠᠵᠠᠷ ᠪᠣᠯᠤᠨ᠎ᠠ᠂ ᠮᠥᠨ ᠴᠦ᠍ ᠪᠦᠬᠦ᠌ ᠤᠯᠤᠰ᠎ᠤᠨ ᠰᠲ᠋ᠣᠺ᠎ᠢᠶᠡᠨ ᠱᠢᠯᠵᠢᠭᠦᠯᠬᠦ᠌ ᠺᠣᠮᠫᠠᠨᠢ ᠪᠣᠯᠤᠨ ᠪᠡᠭᠡᠵᠢᠩ᠎ᠦᠨ ᠦᠨᠡᠲᠦ ᠲᠡᠮᠳᠡᠭ᠌ᠲᠦ᠍᠎ᠠᠷᠠᠯᠵᠢᠶᠠᠯᠠᠬᠤ ᠭᠠᠵᠠᠷ᠎ᠤᠨ ᠬᠠᠮᠲᠤ᠎ᠶ᠋ᠢᠨ ᠠᠵᠢᠯᠯᠠᠬᠤ ᠭᠠᠵᠠᠷ ᠪᠣᠯᠤᠨ᠎ᠠ᠃ ᠢᠷᠡᠭᠡᠳᠦᠶ᠎ᠳᠦ ᠪᠡᠭᠡᠵᠢᠩ᠎ᠦᠨ ᠦᠨᠡᠲᠦ ᠲᠡᠮᠳᠡᠭ᠌ᠲᠦ᠍᠎ᠠᠷᠠᠯᠵᠢᠶᠠᠯᠠᠬᠤ ᠭᠠᠵᠠᠷ ᠨᠢ ᠪᠦᠬᠦ ᠤᠯᠤᠰ ᠤ᠋ᠨ ᠴᠢᠨᠠᠷᠲᠠᠢ ᠦᠨᠡᠲᠤ ᠲᠡᠮᠲᠡᠭᠲᠤ ᠠᠷᠠᠯᠵᠢᠶᠠᠯᠠᠬᠤ ᠭᠤᠷᠪᠠᠳᠡᠬᠢ ᠲᠠᠯᠠᠪᠤᠷ ᠭᠠᠵᠠᠷ᠎ᠤᠨ ᠱᠢᠨ᠎ᠡ᠎ᠶ᠋ᠢ ᠡᠭᠦᠳᠬᠦ᠌ ᠳᠠᠪᠬᠤᠷᠭ᠎ᠠ ᠪᠠ ᠰᠠᠭᠤᠷᠢ ᠳᠠᠪᠬᠤᠷᠭ᠎ᠠ ᠲᠠᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠ ᠲᠦᠷᠢᠮ᠎ᠤᠨ ᠬᠣᠯᠪᠣᠭᠠᠯᠠᠨ ᠬᠥᠳᠡᠯᠦᠯᠴᠡᠬᠦ᠌᠎ᠶ᠋ᠢ ᠪᠠᠷᠢᠮᠲᠠᠯᠠᠬᠤ ᠪᠤᠯᠤᠨ᠎ᠠ᠃

ᠪᠡᠭᠡᠵᠢᠩ᠎ᠦᠨ᠎ᠦᠨᠡᠲᠦ᠎ᠲᠡᠮᠳᠡᠭ᠌ᠲᠦ᠍᠎ᠠᠷᠠᠯᠵᠢᠶᠠᠯᠠᠬᠤ᠎ᠭᠠᠵᠠᠷ᠎ᠤᠨ᠎ᠬᠡᠷᠡᠭ᠎ᠮᠡᠳᠡᠭ᠌ᠴᠢᠳ᠎ᠦᠨ᠎ᠳᠠᠷᠤᠭ᠎ᠠ᠎ᠱᠢᠤᠢ ᠮᠢᠩ᠄《ᠪᠡᠭᠡᠵᠢᠩ᠎ᠦᠨ ᠦᠨᠡᠲᠦ ᠲᠡᠮᠳᠡᠭ᠌ᠲᠦ᠍᠎ᠠᠷᠠᠯᠵᠢᠶᠠᠯᠠᠬᠤ ᠭᠠᠵᠠᠷ ᠨᠢ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠳᠤᠮᠳᠠ ᠵᠢᠵᠢᠭ ᠠᠵᠤ ᠠᠬᠤᠢᠯᠠᠯ᠎ᠳᠤ ᠦᠢᠯᠡᠴᠢᠯᠡᠬᠦ ᠭᠣᠣᠯ ᠵᠢᠭ᠍ᠰᠠᠭᠠᠯ᠎ᠤᠨ ᠭᠠᠵᠠᠷ᠎ᠢ ᠪᠠᠢᠭᠤᠯᠬᠤ ᠬᠠᠷᠠᠯᠲᠠ᠎ᠵᠢᠨ ᠲᠤᠭᠤᠷᠢᠨ᠎ᠳᠤ᠂ ᠳᠤᠮᠳᠠ ᠵᠢᠵᠢᠭ ᠠᠵᠤ ᠠᠬᠤᠢᠯᠠᠯ᠎ᠤᠨ ᠱᠢᠨ᠎ᠡ᠎ᠶ᠋ᠢ᠎ᠡᠭᠦᠳᠬᠦ᠌᠎ᠬᠥᠭ᠌ᠵᠢᠯᠲᠡ᠎ᠳᠦ᠎ᠵᠣᠬᠢᠴᠠᠬᠤ᠎ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠂ ᠲᠦᠷᠢᠮ᠎ᠦᠨ ᠱᠢᠰᠲ᠋ᠧᠮ᠂ ᠦᠢᠯᠡᠴᠢᠯᠡᠭᠡᠨ᠎ᠦ ᠱᠢᠰᠲ᠋ᠧᠮ᠎ᠢ ᠢᠳᠡᠪᠬᠢᠲᠡᠢ ᠰᠦᠪᠡᠭ᠌ᠴᠢᠯᠡᠨ ᠪᠠᠢᠭᠤᠯᠬᠤ᠎ᠶ᠋ᠢᠨ ᠬᠠᠮᠲᠤ ᠨᠡᠩ ᠪᠠᠭ᠍ᠲᠠᠭᠠᠮᠵᠢᠲᠠᠢ᠂ ᠨᠡᠩ ᠣᠨᠣᠴᠠᠲᠠᠢ᠂ ᠨᠡᠩ ᠱᠢᠨ᠎ᠡ᠎ᠶ᠋ᠢ ᠡᠭᠦᠳᠬᠦ᠌᠂ ᠨᠡᠩ ᠠᠮᠢᠵᠢᠷᠠᠯ᠎ᠤᠨ ᠬᠦᠴᠦᠨ᠎ᠲᠡᠶ ᠵᠡᠷᠭᠡ ᠲᠦᠷᠪᠡᠨ ᠲᠠᠯ᠎ᠠ᠎ᠪᠠᠷ ᠦᠷᠭᠦᠯᠵᠢᠯᠡᠨ ᠴᠢᠷᠮᠠᠢᠨ᠎ᠠ》 ᠭᠡᠵᠡᠢ᠃

ᠰᠲ᠋ᠣᠺ᠎ᠢᠶᠡᠨ ᠵᠠᠬ᠎ᠠ ᠲᠡᠯᠬᠡᠬᠦᠷ ᠲᠤ᠌ ᠭᠠᠷᠭᠠᠬᠰᠠᠨ ᠲᠦᠷᠦᠭᠦᠦ ᠪᠦᠯᠦᠭ ᠺᠣᠮᠫᠠᠨᠢ᠎ᠶ᠋ᠢᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠪᠡᠭᠡᠵᠢᠩ᠎ᠦᠨ ᠰᠠᠨ ᠶᠤᠸᠠᠨ ᠭᠸᠨ᠎ᠤ ᠡᠮ᠎ᠦᠨ ᠦᠶ᠋ᠯᠡᠰ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠴᠧᠩ ᠶᠦᠩ ᠴᠢᠩ᠄《ᠪᠢᠳᠡ ᠦᠷᠭᠦᠯᠵᠢᠯᠡᠨ ᠭᠤᠤᠯ ᠠᠵᠢᠯ᠎ᠢᠶᠠᠨ ᠲᠤᠭᠤᠰᠢᠲᠠᠢ ᠪᠡᠶᠡᠯᠡᠭᠦᠯᠵᠦ᠂ ᠲᠤᠬᠠᠢᠯᠠᠭᠰᠠᠨ ᠠᠵᠢᠯ᠎ᠤᠨ ᠴᠢᠳᠠᠪᠦᠷᠢ ᠪᠡᠨ ᠲᠠᠰᠤᠷᠠᠯᠲᠠ ᠦᠭᠡᠢ ᠲᠡᠭᠡᠭᠰᠢᠯᠡᠭᠦᠯᠵᠦ᠂ ᠠᠵᠤ ᠠᠬᠤᠢᠯᠠᠯ᠎ᠢᠶᠠᠨ ᠬᠦᠴᠦᠷᠬᠡᠭ ᠶᠡᠬᠡ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ ᠪᠣᠯᠭᠠᠨ ᠪᠥᠲᠥᠭᠡᠨ ᠪᠠᠢᠭᠤᠯᠬᠤ᠎ᠪᠠᠷ ᠴᠢᠷᠮᠠᠢᠵᠤ᠂ ᠰᠲ᠋ᠣᠺ᠎ᠢᠶᠡᠨ ᠵᠠᠬ᠎ᠠ ᠲᠡᠯᠬᠡᠬᠦᠷ ᠲᠤ᠌ ᠭᠠᠷᠭᠠᠬᠰᠠᠨ ᠺᠣᠮᠫᠠᠨᠢ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠠᠷᠢᠭᠤᠴᠠᠯᠭ᠎ᠠ᠎ᠶ᠋ᠢ ᠪᠠᠲᠤ ᠡᠭᠦᠷᠭᠡᠯᠡᠨ᠎ᠡ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号