

·ᠰᠡᠳᠬᠦᠯ᠎ᠤᠨ ᠳᠤᠢᠮᠦ
1953 ᠣᠨ᠎ᠳᠤ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠣᠯ ᠬᠡᠯᠡ ᠪᠢᠴᠢᠭ᠎ᠦᠨ ᠰᠤᠳᠤᠯᠭᠠᠨ᠎ᠤ ᠨᠡᠢᠭᠡᠮᠯᠢᠭ
ᠪᠠᠢᠭᠤᠯᠤᠭ᠍ᠳᠠᠵᠤ᠂ ᠠᠩᠬᠠᠳᠤᠭᠠᠷ ᠤᠳᠠᠭᠠᠨ᠎ᠤ ᠮᠣᠩᠭᠣᠯ ᠬᠡᠯᠡ ᠪᠢᠴᠢᠭ᠎ᠦᠨ ᠠᠵᠢᠯ᠎ᠤᠨ ᠬᠤᠷᠠᠯᠳᠤᠭᠠᠨ᠎ᠢ
ᠬᠤᠷᠠᠯᠳᠤᠭᠤᠯᠪᠠ᠃ ᠨᠠᠮ᠎ᠤᠨ ᠦᠨᠳᠦᠰᠦᠲᠡᠨ᠎ᠦ ᠬᠡᠯᠡ ᠪᠢᠴᠢᠭ᠎ᠦᠨ ᠲᠦᠷᠦ᠍᠎ᠶ᠋ᠢᠨ ᠪᠤᠳᠤᠯᠭ᠎ᠠ᠎ᠶ᠋ᠢ ᠤᠬᠠᠭᠤᠯᠵᠤ
᠂ ᠦᠨᠳᠦᠰᠦᠲᠡᠨ᠎ᠦ ᠦᠭᠡ ᠬᠡᠯᠡ ᠦᠰᠦᠭ ᠪᠢᠴᠢᠭ᠎ᠦᠨ ᠰᠤᠳᠤᠯᠭᠠᠨ ᠪᠠ ᠳᠦᠷᠢᠮᠵᠢᠯ᠎ᠢ ᠠᠬᠢᠭᠤᠯᠬᠤ᠎ᠶ᠋ᠢᠨ
ᠲᠥᠯᠥᠭᠡ᠂ ᠬᠤᠷᠠᠯ᠎ᠠᠴᠠ 《ᠮᠣᠩᠭᠣᠯ ᠬᠡᠯᠡ ᠪᠢᠴᠢᠭ᠎ᠦᠨ ᠰᠤᠳᠤᠯᠭᠠᠨ᠎ᠤ
ᠰᠡᠳᠬᠦᠯ᠎ᠢ ᠡᠭᠦᠳᠦᠨ ᠡᠷᠬᠢᠯᠡᠬᠦ᠌ ᠬᠡᠷᠡᠭ᠌ᠲᠡᠢ 》 ᠭᠡᠵᠦ᠍ ᠳᠤᠷᠠᠳᠴᠠᠢ᠃
ᠤᠯᠤᠰ᠎ᠤᠨ ᠰᠣᠨᠢᠨ
ᠮᠡᠳᠡᠭᠡ ᠬᠡᠪᠯᠡᠯ᠎ᠦᠨ ᠶᠡᠷᠦᠩᠬᠡᠢ ᠵᠠᠬᠢᠷᠭ᠎ᠠ᠎ᠶ᠋ᠢᠨ ᠵᠥᠪᠱᠢᠶᠡᠷᠡᠯ᠎ᠢᠶᠡᠷ᠂ 1954 ᠤᠨ᠎ᠤ 7 ᠰᠠᠷ᠎ᠠ᠎ᠳᠤ 《ᠮᠣᠩᠭᠣᠯ ᠬᠡᠯᠡ ᠤᠳᠭ᠎ᠠ ᠵᠣᠬᠢᠶᠠᠯ》ᠨᠡᠷ᠎ᠠ ᠪᠡᠷ ᠠᠩᠬ᠎ᠠ
ᠬᠡᠪᠯᠡᠭ᠌ᠳᠡᠪᠡ᠃ 《ᠮᠣᠩᠭᠣᠯ ᠬᠡᠯᠡ ᠤᠳᠭ᠎ᠠ ᠵᠣᠬᠢᠶᠠᠯ》 ᠰᠡᠳᠬᠦᠯ᠎ᠦᠨ ᠬᠡᠪᠯᠡᠯ ᠡᠬᠢᠯᠡᠭ᠌ᠰᠡᠨ 50 ᠵᠢᠯ᠎ᠦᠨ ᠣᠢ᠎ᠶ᠋ᠢ ᠳᠤᠷᠠᠰᠭᠠᠬᠤ ᠲᠠᠱᠢᠷᠠᠮ᠎ᠳᠤ᠂ ᠳᠤᠰ ᠰᠡᠳᠬᠦᠯ᠎ᠦᠨ ᠨᠡᠷ᠎ᠡ᠎ᠪᠡᠨ 《ᠳᠤᠮᠳᠠᠳᠤ ᠤᠯᠤᠰ᠎ᠤᠨ ᠮᠣᠩᠭᠣᠯ ᠰᠤᠳᠤᠯᠤᠯ 》 ᠭᠡᠵᠦ᠍ ᠬᠠᠯᠠᠪᠠ᠃
ᠥᠪᠥᠷ ᠮᠣᠩᠭᠣᠯ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ
ᠬᠦᠷᠢᠶᠡᠯᠡᠩ᠎ᠡᠴᠡ ᠭᠣᠣᠯᠯᠠᠨ ᠡᠷᠬᠢᠯᠡᠭ᠌ᠰᠡᠨ ᠮᠣᠩᠭᠣᠯ ᠬᠡᠯᠡ ᠤᠳᠭ᠎ᠠ ᠵᠣᠬᠢᠶᠠᠯ᠎ᠤᠨ ᠰᠡᠳᠬᠦᠯ ᠪᠣᠯᠬᠤ
ᠪᠥᠭᠡᠳ ᠳᠤᠮᠳᠠᠳᠤ ᠤᠯᠤᠰ᠎ᠤᠨ ᠠᠩᠬᠠᠳᠠᠭ᠍ᠴᠢ ᠴᠥᠭᠡᠨ ᠲᠣᠭᠠᠲᠤ ᠦᠨᠳᠦᠰᠦᠲᠡᠨ᠎ᠦ ᠬᠡᠯᠡᠨ᠎ᠦ ᠡᠷᠳᠡᠮ
ᠱᠢᠨᠵᠢᠯᠡᠭᠡᠨ᠎ᠦ ᠤᠨᠤᠯ᠎ᠤᠨ ᠰᠡᠳᠬᠦᠯ ᠪᠣᠯᠤᠨ᠎ᠠ᠃
ᠬᠠᠮᠢᠶᠠᠷᠴᠤ᠌ ᠪᠠᠢᠭ᠎ᠠ ᠨᠢᠭᠡᠴᠢ᠄ ᠥᠪᠥᠷ ᠮᠣᠩᠭᠣᠯ᠎ᠤᠨ
ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ
ᠭᠤᠤᠯᠯᠠᠨ ᠡᠷᠭᠢᠯᠡᠭ᠌ᠰᠡᠨ ᠨᠢᠭᠡᠴᠡ᠄ ᠥᠪᠥᠷ ᠮᠣᠩᠭᠣᠯ᠎ᠤᠨ ᠨᠡᠢᠭᠡᠮ᠎ᠦᠨ
ᠱᠢᠨᠵᠢᠯᠡᠬᠦ᠌ ᠤᠬᠠᠭᠠᠨ᠎ᠤ ᠬᠦᠷᠢᠶᠡᠯᠡᠩ
ISSN
᠄ 1673
- 1247
CN
᠄ 15 -
1339 / C
ᠱᠢᠤᠳᠠᠨ ᠲᠠᠷᠬᠠᠭᠠᠯᠲᠠ᠎ᠶ᠋ᠢᠨ ᠣᠷᠣᠯᠠᠬᠤ ᠨᠣᠮᠧᠷ ᠄ 16-18
ᠬᠡᠪᠯᠡᠯ ᠡᠬᠢᠯᠡᠭ᠌ᠰᠡᠨ ᠴᠠᠭ ᠄ 1954 - 01 - 01
ᠦᠶᠡᠯᠡᠯ ᠄ ᠬᠣᠣᠰ ᠰᠠᠷ᠎ᠠ᠎ᠶ᠋ᠢᠨ ᠰᠡᠳᠬᠦᠯ
ᠬᠡᠮᠵᠢᠶ᠎ᠠ᠄ 16 ᠵᠦᠰᠦᠮ
ᠠᠵᠢᠯ᠎ᠤᠨ ᠬᠡᠯᠪᠡᠷᠢ ᠄ ᠵᠠᠬᠢᠶᠠᠯᠭ᠎ᠠ
ᠰᠡᠳᠬᠦᠯ᠎ᠦᠨ ᠳᠡᠰ ᠄ ᠮᠤᠵᠢ᠎ᠶ᠋ᠢᠨ ᠲᠡᠰ᠎ᠤᠨ ᠰᠡᠳᠬᠦᠯ
·ᠴᠢᠭᠯᠡᠯ
ᠪᠠᠷᠢᠮᠳᠠᠯᠠᠯ
ᠲᠤᠰ ᠰᠡᠳᠬᠦᠯ ᠨᠡᠢᠭᠡᠮ
ᠵᠢᠷᠤᠮᠳᠤ ᠦᠢᠯᠡᠴᠢᠯᠡᠬᠦ᠌ ᠴᠢᠭ᠌ᠯᠡᠯ᠎ᠢ ᠪᠠᠷᠢᠮᠲᠠᠯᠠᠨ᠎ᠠ᠂ ᠮᠠᠷᠺᠰ ᠯᠧᠨᠢᠨ᠎ᠦ ᠦᠵᠡᠯ᠂ ᠮᠠᠤ ᠽᠸ ᠳ᠋ᠦᠩ᠎ᠦᠨ
ᠦᠵᠡᠯ ᠰᠠᠨᠠᠭ᠎ᠠ ᠪᠠ ᠳ᠋ᠧᠩ ᠱᠢᠶᠤᠤ ᠫᠢᠩ᠎ᠦᠨ ᠤᠨᠤᠯ᠎ᠢᠶᠠᠷ ᠵᠢᠯᠤᠭᠤᠳᠤᠯᠭ᠎ᠠ ᠪᠣᠯᠭᠠᠨ᠎ᠠ᠂ 《ᠴᠡᠴᠡᠭ ᠪᠦᠬᠦᠨ᠎ᠢ ᠵᠡᠷᠭᠡ᠎ᠪᠡᠷ ᠳᠡᠯᠭᠡᠷᠡᠭᠦᠯᠬᠦ᠌》 ᠶ᠋ᠢ ᠳᠤᠭᠤᠰᠢᠯᠠᠭᠤᠯᠬᠤ᠂
《ᠡᠷᠳᠡᠮᠲᠡᠨ ᠪᠦᠬᠦᠨ᠎ᠢ ᠴᠢᠯᠥᠭᠡᠲᠡᠶ ᠶᠠᠷᠢᠯᠴᠠᠭᠤᠯᠬᠤ》᠂ ᠦᠨᠡᠨ᠎ᠡᠴᠡ ᠵᠥᠪ᠎ᠢ
ᠡᠷᠢᠬᠦ᠌᠎ᠶ᠋ᠢ ᠪᠠᠷᠢᠮᠲᠠᠯᠠᠬᠤ ᠃
·ᠵᠤᠷᠢᠯᠳᠡ
ᠣᠨᠣᠯ ᠪᠠ ᠪᠣᠳᠠᠲᠠᠶ᠎ᠶ᠋ᠢ
ᠤᠶᠠᠯᠳᠤᠭᠤᠯᠤᠭ᠍ᠰᠠᠨ ᠴᠢᠩᠭ᠎ᠠ ᠨᠢᠮᠪᠠᠶ ᠰᠤᠷᠤᠯᠴᠠᠬᠤ ᠰᠤᠷᠲᠠᠯ᠂ ᠲᠡᠷᠢᠭᠦᠨ᠎ᠦ ᠱᠢᠨᠵᠢᠯᠡᠬᠦ᠌ ᠤᠬᠠᠭᠠᠨ
ᠰᠣᠶᠣᠯ᠎ᠤᠨ ᠮᠡᠳᠡᠯᠭᠡ᠎ᠶ᠋ᠢ ᠤᠯᠠᠮᠵᠢᠯᠠᠬᠤ᠂ ᠦᠨᠳᠦᠰᠦᠲᠡᠨ᠎ᠦ ᠱᠢᠯᠢᠳᠡᠭ ᠱᠢᠨᠵᠢᠯᠡᠬᠦ᠌ ᠤᠬᠠᠭᠠᠨ ᠰᠣᠶᠣᠯ᠎ᠢ
ᠪᠠᠳᠠᠷᠠᠭᠤᠯᠬᠤ᠂ ᠤᠯᠠᠨ ᠤᠯᠤᠰ᠎ᠤᠨ ᠱᠢᠨᠵᠢᠯᠡᠬᠦ᠌ ᠤᠬᠠᠭᠠᠨ ᠰᠣᠶᠣᠯ᠎ᠤᠨ ᠰᠣᠯᠢᠯᠴᠠᠭ᠎ᠠ᠎ᠶ᠋ᠢ ᠠᠬᠢᠭᠤᠯᠬᠤ᠂ ᠭᠠᠮᠱᠢᠭ᠎ᠢ
ᠰᠡᠷᠭᠡᠢᠯᠡᠬᠦ᠌ ᠱᠢᠨᠵᠢᠯᠡᠬᠦ᠌ ᠤᠬᠠᠭᠠᠨ ᠮᠡᠷᠭᠡᠵᠢᠯ᠎ᠦᠨ ᠰᠤᠷᠭᠠᠨ ᠬᠥᠮᠦᠵᠢᠯ᠎ᠢ ᠬᠠᠢᠨ ᠰᠦᠪᠡᠭᠴᠢᠯᠡᠬᠦ᠂
ᠵᠢᠭᠠᠨ ᠰᠤᠷᠭᠠᠯᠲᠠ ᠵᠢᠴᠢ ᠬᠠᠮᠢᠶᠠᠷᠤᠯᠲᠠ᠎ᠶ᠋ᠢᠨ ᠡᠯ᠎ᠡ ᠲᠠᠯ᠎ᠠ᠎ᠶ᠋ᠢᠨ ᠵᠢᠮ᠎ᠡ ᠶᠣᠰᠣ᠂ ᠵᠢᠭᠠᠨ ᠰᠤᠷᠭᠠᠯᠲᠠ
ᠪᠠ ᠡᠷᠳᠡᠮ ᠱᠢᠨᠵᠢᠯᠡᠭᠡᠨ᠎ᠦ ᠬᠡᠪ ᠰᠤᠷᠲᠠᠯ᠎ᠢ ᠬᠥᠭ᠌ᠵᠢᠶᠡᠨᠲᠡᠶ ᠪᠣᠯᠭᠠᠬᠤ᠂ ᠵᠢᠭᠠᠨ ᠰᠤᠷᠭᠠᠯᠲᠠ ᠪᠠ
ᠡᠷᠳᠡᠮ ᠱᠢᠨᠵᠢᠯᠡᠭᠡᠨ᠎ᠦ ᠲᠥᠯᠥᠭᠡ ᠦᠶ᠋ᠯᠡᠴᠢᠯᠡᠬᠦ᠃
·ᠰᠡᠳᠬᠦᠯ᠎ᠦᠨ ᠪᠤᠯᠤᠩ᠎ᠤᠨ
ᠲᠣᠬᠢᠷᠠᠭᠤᠯᠤᠯᠲᠠ
ᠦᠭᠡ ᠬᠡᠯᠡ᠂ ᠥᠰᠥᠭ ᠪᠢᠴᠢᠭ ᠂ ᠤᠳᠭ᠎ᠠ ᠵᠣᠬᠢᠶᠠᠯ᠂ ᠤᠷᠠᠯᠢᠭ ᠂
ᠰᠣᠶᠣᠯ ᠲᠡᠦᠬᠡ ᠂ ᠪᠡᠶ᠎ᠡ᠎ᠶ᠋ᠢᠨ ᠲᠠᠮᠢᠷ ᠂ ᠠᠷᠠᠳ᠎ᠤᠨ ᠠᠮᠠᠨ ᠵᠣᠬᠢᠶᠠᠯ ᠂ ᠨᠡᠢᠭᠡᠮ᠂ ᠤᠯᠤᠰ ᠲᠥᠷᠥ᠍᠂ ᠠᠵᠤ
ᠠᠬᠤᠶ ᠂ ᠰᠣᠨᠢᠨ ᠮᠡᠳᠡᠭᠡ᠂ ᠬᠡᠪᠯᠡᠯ᠂ ᠣᠷᠴᠢᠭᠤᠯᠭ᠎ᠠ᠃
·ᠠᠭᠤᠯᠭ᠎ᠠ
ᠨᠡᠢᠳᠡᠯᠡᠯ
《ᠳᠤᠮᠳᠠᠳᠤ ᠤᠯᠤᠰ᠎ᠤᠨ ᠮᠣᠩᠭᠣᠯ ᠰᠤᠳᠤᠯᠤᠯ 》᠎ᠨᠢ ᠤᠩᠱᠢᠭ᠍ᠴᠢᠳ᠎ᠤᠨ ᠱᠠᠭᠠᠷᠳᠠᠯᠭ᠎ᠠ᠎ᠶ᠋ᠢ ᠦᠨᠳᠦᠰᠦᠯᠡᠨ ᠂ ᠠᠳᠠᠯᠢ
ᠪᠤᠰᠤ ᠬᠤᠭᠤᠴᠠᠭᠠᠨ᠎ᠳᠤ ᠤᠷᠢᠳ ᠬᠣᠵᠢᠳ ᠵᠠᠭᠤ ᠱᠢᠬᠠᠮ ᠱᠢᠨ᠎ᠡ ᠪᠤᠯᠤᠩ ᠭᠠᠷᠭᠠᠭ᠍ᠰᠠᠨ ᠪᠠᠢᠨ᠎ᠠ᠃ ᠮᠣᠩᠭᠣᠯ
ᠬᠡᠯᠡ ᠤᠳᠭ᠎ᠠ ᠵᠣᠬᠢᠶᠠᠯ᠎ᠤᠨ ᠲᠤᠰᠭᠠᠶ ᠮᠡᠷᠭᠡᠵᠢᠯ᠎ᠦᠨ ᠲᠥᠷᠥᠯ ᠵᠦᠶ᠋ᠯ᠎ᠡᠴᠡ ᠭᠠᠳᠠᠨ᠎ᠠ ᠂ ᠪᠠᠰᠠ 《ᠰᠣᠶᠣᠯ᠎ᠤᠨ ᠤᠯᠠᠮᠵᠢᠯᠠᠯ》᠂《ᠴᠢᠯᠥᠭᠡᠲᠡᠶ᠎ᠪᠡᠷ ᠴᠢᠯᠥᠭᠡᠲᠡᠶ ᠶᠠᠷᠢᠯᠴᠠᠬᠤ》᠂《ᠮᠣᠩᠭᠣᠯ ᠰᠤᠳᠤᠯᠤᠯ᠎ᠤᠨ ᠣᠳᠣᠨ ᠨᠡᠷᠡᠰ᠎ᠦᠨ ᠵᠢᠭ᠍ᠰᠠᠭᠠᠯᠲᠠ》 ᠂ 《ᠮᠠᠲ᠋ᠧᠷᠢᠶᠠᠯ ᠪᠠ ᠮᠡᠳᠡᠭᠡ ᠵᠠᠩᠭᠢ 》᠂ 《ᠣᠷᠴᠢᠭᠤᠯᠭ᠎ᠠ᠎ᠶ᠋ᠢᠨ ᠣᠨᠣᠯ ᠪᠠ ᠦᠶ᠋ᠯᠡᠳᠦᠯᠭᠡ》᠂ 《ᠭᠠᠳᠠᠭᠠᠳᠤ᠎ᠶ᠋ᠢᠨ ᠮᠣᠩᠭᠣᠯ ᠰᠤᠳᠤᠯᠤᠯ》᠂ 《ᠰᠤᠳᠤᠯᠭᠠᠨ᠎ᠤ ᠴᠢᠯᠥᠭᠡ》᠂ 《ᠵᠠᠯᠠᠭᠤ ᠡᠷᠳᠡᠮᠲᠡᠨ》᠂ 《ᠰᠤᠷᠪᠤᠯᠵᠢ ᠪᠢᠴᠢᠭ ᠪᠠᠭᠤᠯᠭᠠᠬᠤ》᠂ 《ᠨᠡᠷ᠎ᠡ ᠦᠭᠡ᠎ᠶ᠋ᠢᠨ ᠬᠠᠭᠤᠴᠢ ᠦᠭᠡ》᠂ 《ᠱᠢᠨ᠎ᠡ ᠨᠣᠮ᠎ᠤᠨ ᠦᠨᠡᠯᠡᠯᠲᠡ》 ᠵᠡᠷᠭᠡ ᠠᠮᠢᠳᠤᠯᠢᠭ
ᠪᠥᠭᠡᠳ ᠪᠠᠶᠠᠯᠢᠭ ᠠᠭᠤᠯᠭ᠎ᠠ᠎ᠲᠠᠶ ᠪᠤᠯᠤᠩ᠎ᠢ ᠨᠡᠮᠡᠵᠦ᠍᠂ ᠰᠡᠳᠬᠦᠯ᠎ᠦᠨ ᠮᠠᠲ᠋ᠧᠷᠢᠶᠠᠯ᠎ᠤᠨ ᠴᠢᠨᠠᠷ ᠪᠠ
ᠤᠩᠱᠢᠭᠤᠱᠢᠲᠠᠶ ᠴᠢᠨᠠᠷ᠎ᠢ ᠳᠡᠭᠡᠭ᠌ᠰᠢᠯᠡᠭᠦᠯᠦᠭᠰᠡᠬᠡᠷ ᠢᠷᠡᠵᠡᠢ᠃
·ᠦᠨᠡᠯᠡᠮᠵᠢ
《ᠳᠤᠮᠳᠠᠳᠤ ᠤᠯᠤᠰ᠎ᠤᠨ ᠮᠣᠩᠭᠣᠯ ᠰᠤᠳᠤᠯᠤᠯ》 ᠨᠢ ᠮᠣᠩᠭᠣᠯ ᠰᠤᠳᠤᠯᠤᠯ᠎ᠤᠨ ᠰᠤᠳᠤᠯᠭᠠᠨ᠎ᠳᠤ ᠬᠤᠪᠢ ᠨᠡᠮᠡᠷᠢ ᠦᠵᠡᠭᠦᠯᠦᠭ᠌ᠰᠡᠨ᠎ᠢᠶᠡᠷ
ᠪᠠᠷᠠᠬᠤ ᠦᠭᠡᠢ᠂ ᠨᠡᠩ ᠴᠢᠬᠤᠯᠠ ᠨᠢ ᠮᠣᠩᠭᠣᠯ ᠦᠨᠳᠦᠰᠦᠲᠡᠨ᠎ᠦ ᠰᠣᠶᠣᠯ ᠱᠢᠨᠵᠢᠯᠡᠬᠦ᠌ ᠤᠬᠠᠭᠠᠨ᠎ᠤ
ᠦᠢᠯᠡᠰ᠎ᠦᠨ ᠬᠥᠭ᠌ᠵᠢᠯᠲᠡ ᠵᠢᠴᠢ ᠮᠣᠩᠭᠣᠯ ᠦᠨᠳᠦᠰᠦᠲᠡᠨ᠎ᠦ ᠬᠥᠭ᠌ᠵᠢᠯ ᠮᠠᠨᠳᠤᠯ᠂ ᠴᠢᠨᠠᠭ᠍ᠰᠢᠯᠠᠪᠠᠯᠬᠥᠮᠦᠨᠲᠥᠷᠥᠯᠬᠢᠲᠡᠨᠦᠰᠣᠶᠣᠯᠤᠨ
ᠬᠥᠭ᠌ᠵᠢᠯᠲᠡ᠎ᠳᠦ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠭ᠌ᠰᠡᠨ ᠪᠠᠢᠨ᠎ᠠ᠃