ᠡᠷᠦᠭᠡ ᠭᠡᠷ ᠡᠶ᠎ᠡ ᠡᠪᠲᠡᠢ ᠠᠵᠢᠯ ᠡᠰᠡᠷᠡᠭ
2021-11-19 11:17:53
ᠵᠣᠬᠢᠶᠠᠭ᠍ᠴᠢ᠄
ᠶᠤᠸᠠᠨ ᠱᠢᠤ ᠴᠢᠨ
ᠣᠩᠱᠢᠭ᠍ᠰᠠᠨ ᠣᠳᠠᠭ᠎ᠠ᠄
★★★☆☆

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠱᠢᠨ᠎ᠡ ᠳᠤᠮᠳᠠᠳᠤ ᠤᠯᠤᠰ ᠪᠠᠢᠭᠤᠯᠤᠭ᠍ᠳᠠᠬᠤ᠎ᠠᠴᠠ ᠡᠮᠦᠨ᠎ᠡ ᠪᠠᠢᠭᠤᠯᠤᠭ᠍ᠳᠠᠭ᠍ᠰᠠᠨ ᠠᠩᠬᠠᠳᠠᠭ᠍ᠴᠢ ᠮᠤᠵᠢ᠎ᠶ᠋ᠢᠨ ᠱᠠᠲᠤᠨ᠎ᠤ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ ᠪᠥᠬᠥ᠌ ᠤᠯᠤᠰ᠎ᠤᠨ ᠬᠡᠪᠴᠢᠶᠡᠨ᠎ᠳᠦ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠬᠡᠷᠡᠭ᠌ᠵᠢᠭᠦᠯᠦᠭ᠌ᠰᠡᠨ ᠡᠬᠢᠯᠡᠯᠲᠡ᠎ᠶ᠋ᠢ ᠬᠠᠷᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠤᠰ᠎ᠤᠨ ᠳᠣᠲᠣᠭᠠᠳᠤ᠎ᠶ᠋ᠢᠨ ᠦᠨᠳᠦᠰᠦᠲᠡᠨ᠎ᠦ ᠠᠰᠠᠭᠤᠳᠠᠯ᠎ᠢ ᠱᠢᠶ᠋ᠳᠪᠦᠷᠢᠯᠡᠬᠦ᠌ ᠵᠠᠮ᠎ᠤᠨ ᠰᠣᠩᠭᠣᠯᠲᠠ᠎ᠶ᠋ᠢ ᠲᠤᠩᠬᠠᠭ᠍ᠯᠠᠵᠤ᠂ ᠳᠤᠮᠳᠠᠳᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠭ᠌ᠰᠡᠨ ᠵᠠᠢᠯᠠᠰᠢ ᠥᠬᠡᠶ ᠥᠩᠭᠡᠷᠡᠯᠲᠡ᠎ᠶ᠋ᠢ ᠵᠡᠷᠯᠡᠵᠡᠢ》᠃ ᠵᠧᠦ ᠵᠢᠩ ᠬᠣᠩ᠎ᠤᠨ ᠪᠢᠴᠢᠭ᠌ᠰᠡᠨ 《ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠤᠨᠤᠯ ᠬᠢᠭᠡᠳ ᠦᠢᠯᠡᠳᠦᠯᠭᠡ》 ᠭᠡᠬᠦ᠌ ᠨᠣᠮ᠎ᠤᠨ ᠣᠷᠣᠱᠢᠯ᠎ᠳᠤ ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ᠎ᠬᠦᠷᠢᠶᠡᠯᠡᠩ᠎ᠦᠨ᠎ᠳᠠᠷᠤᠭ᠎ᠠ᠎ᠶ᠋ᠢᠨ᠎ᠲᠤᠰᠠᠯᠠᠭ᠍ᠴᠢ᠂ ᠡᠷᠳᠡᠮ ᠱᠢᠨᠵᠢᠯᠡᠭᠡᠨ᠎ᠦ ᠬᠡᠯᠲᠡᠰ᠎ᠦᠨ ᠲᠡᠷᠢᠭᠦᠯᠡᠭ᠌ᠴᠢᠳ᠎ᠦᠨ ᠪᠦᠯᠬᠦᠮ᠎ᠦᠨ ᠨᠠᠷᠢᠨ ᠪᠢᠴᠢᠭ᠎ᠦᠨ ᠳᠠᠷᠤᠭ᠎ᠠ᠂ ᠤᠭᠰᠠᠭᠠᠲᠠᠨ ᠵᠦᠢ ᠪᠣᠯᠤᠨ ᠬᠥᠮᠦᠨ ᠵᠦᠢ ᠰᠤᠳᠤᠯᠬᠤ ᠭᠠᠵᠠᠷ᠎ᠤᠨ ᠳᠠᠷᠤᠭ᠎ᠠ ᠬᠤᠤ ᠱ᠌ᠢ ᠶᠤᠸᠠᠨ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠦᠨ ᠬᠥᠭ᠌ᠵᠢᠯᠲᠡ᠎ᠶ᠋ᠢᠨ ᠴᠢᠬᠤᠯᠠ ᠶᠡᠬᠡ ᠦᠨ᠎ᠡ ᠦᠷᠳᠡᠭ᠎ᠢ ᠶᠠᠷᠢᠭᠰᠠᠨ ᠪᠠᠢᠨ᠎ᠠ᠃


QQ图片20211119091601.png


ᠶᠠᠭ ᠡᠭᠦᠨ᠎ᠳᠦ ᠰᠠᠭᠤᠷᠢᠯᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ ᠵᠢᠴᠢ ᠦᠨᠳᠦᠰᠦᠲᠡᠨ᠎ᠦ ᠪᠦᠯᠬᠦᠮᠳᠡᠯ᠎ᠢᠶᠡᠷ ᠰᠤᠳᠤᠯᠤᠭ᠍ᠳᠠᠬᠤᠨ ᠪᠣᠯᠭᠠᠭ᠍ᠰᠠᠨ ᠲᠤᠰ ᠪᠦᠲᠦᠭᠡᠯ ᠥᠪᠡᠷᠮᠢᠴᠡ ᠣᠨᠣᠯ᠎ᠤᠨ ᠤᠳᠬ᠎ᠠ ᠠᠭᠤᠯᠭ᠎ᠠ ᠪᠠ ᠦᠢᠯᠡᠳᠦᠯᠭᠡ᠎ᠶ᠋ᠢᠨ ᠦᠨ᠎ᠡ ᠥᠷᠲᠡᠭ᠎ᠢ ᠢᠯᠡᠷᠡᠭᠦᠯᠵᠡᠢ᠃ ᠵᠣᠬᠢᠶᠠᠭ᠍ᠴᠢ ᠮᠠᠷᠺᠰ᠎ᠤᠨ ᠦᠵᠡᠯ᠎ᠦᠨ ᠦᠨᠳᠦᠰᠦᠲᠡᠨ᠎ᠦ ᠣᠨᠣᠯ᠎ᠤᠨ ᠦᠨᠳᠦᠰᠦᠨ ᠵᠠᠷᠴᠢᠮ ᠪᠠ ᠦᠨᠳᠦᠰᠦᠯᠡᠯ᠎ᠢᠶᠡᠷ ᠦᠨᠳᠦᠰᠦᠨ ᠣᠨᠣᠯ ᠪᠠ ᠠᠷᠭ᠎ᠠ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ ᠤᠯᠤᠰ᠎ᠤᠨ ᠦᠨᠳᠦᠰᠦᠲᠡᠨ᠎ᠦ ᠠᠷᠠᠳᠴᠢᠯᠠᠭ᠍ᠰᠠᠨ ᠬᠤᠪᠢᠰᠭᠠᠯ ᠪᠠ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮᠲᠤ ᠪᠦᠲᠦᠭᠡᠨ ᠪᠠᠢᠭᠤᠯᠤᠯᠲᠠ᠎ᠶ᠋ᠢ ᠲᠦᠯᠬᠢᠨ ᠠᠬᠢᠭᠤᠯᠬᠤ ᠶᠠᠪᠤᠴᠠ᠎ᠳᠤ ᠮᠠᠷᠺᠰ᠎ᠤᠨ ᠦᠵᠡᠯ᠎ᠦᠨ ᠣᠨᠣᠯ᠎ᠢ ᠳᠤᠮᠳᠠᠳᠤ ᠤᠯᠤᠰᠴᠢᠯᠠᠬᠤ ᠲᠤᠬᠠᠢ ᠣᠨᠣᠯ᠎ᠤᠨ ᠳ᠋ᠦᠩᠨᠡᠯᠲᠡ ᠬᠢᠭ᠌ᠰᠡᠨ ᠪᠠᠢᠨ᠎ᠠ᠂ 《ᠲᠡᠭᠦᠨ᠎ᠦ ᠭᠣᠣᠯ ᠠᠭᠤᠯᠭ᠎ᠠ ᠨᠢ ᠳᠠᠷᠤᠢ ᠦᠨᠳᠦᠰᠦᠲᠡᠨ᠎ᠨᠦᠭᠦᠳ᠎ᠦᠨ ᠡᠷᠬᠡ ᠲᠡᠭ᠌ᠰᠢ᠂ ᠪᠦᠯᠬᠦᠮᠳᠡᠯ᠎ᠲᠡᠶ᠂ ᠬᠠᠷᠢᠯᠴᠠᠨ ᠬᠠᠪᠰᠤᠷᠤᠯᠴᠠᠭ᠍ᠰᠠᠨ᠂ ᠡᠶ᠎ᠡ ᠵᠣᠬᠢᠴᠠᠯ᠎ᠲᠠᠶ ᠦᠨᠳᠦᠰᠦᠲᠡᠨ᠎ᠦ ᠬᠠᠷᠢᠴᠠᠭ᠎ᠠ᠎ᠶ᠋ᠢ ᠪᠠᠢᠭᠤᠯᠬᠤ ᠶᠠᠪᠤᠳᠠᠯ ᠪᠣᠯᠤᠨ᠎ᠠ》᠃ ᠲᠤᠰ ᠨᠣᠮ᠎ᠳᠤ ᠦᠵᠡᠯ ᠰᠠᠨᠠᠭᠠᠨ᠎ᠤ ᠦᠨ᠎ᠡ ᠥᠷᠲᠡᠭ᠎ᠦᠨ ᠦᠨᠳᠦᠷᠴᠡ ᠡᠴᠡ ᠦᠨᠳᠦᠰᠦᠲᠡᠨ᠎ᠦ ᠪᠦᠯᠬᠦᠮᠳᠡᠯ᠎ᠦᠨ ᠣᠨᠣᠯ᠎ᠤᠨ ᠲᠠᠨᠢᠯᠲᠠ᠂ ᠣᠳᠣ ᠦᠶ᠎ᠡ᠎ᠶ᠋ᠢᠨ ᠳᠤᠮᠳᠠᠳᠤ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠤᠭ᠍ᠰᠠᠨ ᠪᠣᠳᠠᠲᠤ ᠪᠠᠶ᠋ᠢᠳᠠᠯ᠂ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢᠬᠢ ᠦᠨᠳᠦᠰᠦᠲᠡᠨ᠎ᠦ ᠪᠦᠯᠬᠦᠮᠳᠡᠯ᠎ᠦᠨ ᠦᠵᠡᠯ ᠰᠠᠨᠠᠭᠠᠨ᠎ᠤ ᠵᠠᠯᠭᠠᠮᠵᠢᠯᠠᠯ ᠬᠢᠭᠡᠳ ᠬᠥᠭ᠌ᠵᠢᠯᠲᠡ ᠵᠡᠷᠭᠡ᠎ᠶ᠋ᠢ ᠡᠷᠭᠢᠴᠡᠭᠦᠯᠦᠨ ᠳ᠋ᠦᠩᠨᠡᠵᠡᠢ᠃ ᠪᠠᠰᠠ ᠸᠠᠩᠲᠤ ᠲᠥᠷᠥ᠎ᠶ᠋ᠢᠨ ᠦᠶ᠎ᠡ᠎ᠶ᠋ᠢᠨ ᠥᠪᠥᠷ᠎ᠮᠣᠩᠭᠣᠯ᠎ᠤᠨ᠎ᠦᠨᠳᠦᠰᠦᠲᠡᠨ᠎ᠦ᠎ᠬᠠᠷᠢᠴᠠᠭ᠎ᠠ᠎ᠠᠴᠠ᠎ᠡᠬᠢᠯᠡᠨ ᠪᠢᠴᠢᠭᠡᠳ᠂ ᠳᠤᠮᠳᠠᠳᠤ᠎ᠶ᠋ᠢᠨ ᠦᠨᠳᠦᠰᠦᠲᠡᠨ᠎ᠦ ᠱᠢᠨ᠎ᠡ ᠪᠠᠢᠷᠢᠱᠢᠯ ᠬᠢᠭᠡᠳ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠬᠢᠭᠡᠳ ᠦᠨᠳᠦᠰᠦᠲᠡᠨ᠎ᠦ ᠪᠦᠯᠬᠦᠮᠳᠡᠯ᠎ᠦᠨ ᠱᠢᠨ᠎ᠡ ᠴᠠᠭ ᠦᠶ᠎ᠡ᠂ ᠦᠨᠳᠦᠰᠦᠲᠡᠨ᠎ᠦ ᠪᠦᠯᠬᠦᠮᠳᠡᠯ᠎ᠦᠨ ᠪᠠᠢᠭᠤᠯᠤᠯᠲᠠ᠎ᠶ᠋ᠢᠨ ᠠᠵᠤ ᠠᠬᠤᠶ ᠰᠣᠶᠣᠯ᠎ᠤᠨ ᠣᠷᠴᠢᠨ ᠲᠣᠭᠣᠷᠢᠨ᠎ᠢ ᠱᠢᠯᠢᠳᠡᠭ᠌ᠵᠢᠭᠦᠯᠬᠦ ᠵᠢᠴᠢ ᠥᠭᠡᠷᠡᠴᠢᠯᠡᠯᠲᠡ ᠨᠡᠭᠡᠭᠡᠯᠲᠡ ᠵᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠤᠯᠲᠠ᠎ᠶ᠋ᠢ ᠠᠬᠢᠭᠤᠯᠬᠤ ᠬᠦᠷᠲᠡᠯ᠎ᠡ᠂ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ᠎ᠦᠨ ᠲᠡᠦᠬᠡᠨ ᠰᠠᠭᠤᠷᠢ᠂ ᠲᠡᠦᠬᠡ᠎ᠶ᠋ᠢᠨ ᠰᠡᠩᠬᠡᠷᠡᠭᠦᠯᠦᠯ ᠪᠠ ᠪᠣᠳᠠᠲᠤ ᠠᠬᠤᠶ᠎ᠶ᠋ᠢᠨ ᠠᠷᠭ᠎ᠠ ᠵᠠᠮ᠎ᠢ ᠭᠦᠨᠵᠡᠭᠡᠶ ᠵᠠᠳᠠᠯᠤᠭᠰᠠᠨ ᠪᠠᠢᠨ᠎ᠠ᠃

ᠳᠤᠷᠠᠳᠤᠭᠤᠱᠢᠲᠠᠶ ᠨᠢ᠂ ᠵᠣᠬᠢᠶᠠᠭ᠍ᠴᠢ ᠪᠠᠰᠠ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ᠎ᠦᠨ ᠦᠶ᠋ᠯᠡᠰ᠎ᠦᠨ ᠣᠷᠣᠱᠢᠵᠤ ᠪᠠᠢᠭ᠎ᠠ ᠠᠷᠠᠳᠴᠢᠯᠠᠭ᠍ᠰᠠᠨ ᠳᠠᠪᠱᠢᠯᠲᠠ᠎ᠲᠠᠢ ᠱᠢᠨ᠎ᠡ ᠤᠯᠤᠰ ᠲᠥᠷᠥ᠎ᠶ᠋ᠢᠨ ᠣᠷᠴᠢᠨ ᠲᠣᠭᠣᠷᠢᠨ᠂ ᠲᠦᠷᠭᠡᠨ ᠬᠥᠭ᠌ᠵᠢᠵᠦ ᠪᠠᠢᠭ᠎ᠠ ᠱᠢᠨ᠎ᠡ ᠠᠵᠤ ᠠᠬᠤᠶ᠎ᠶ᠋ᠢᠨ ᠣᠷᠴᠢᠨ ᠲᠣᠭᠣᠷᠢᠨ᠎ᠢ ᠰᠤᠳᠤᠯᠵᠠᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠮᠵᠢ᠎ᠶ᠋ᠢ ᠲᠡᠭᠦᠯᠳᠡᠷᠵᠢᠭᠦᠯᠬᠦ᠌ ᠴᠢᠳᠠᠮᠵᠢ᠎ᠶ᠋ᠢ ᠴᠢᠩᠭᠠᠳᠬᠠᠬᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ᠂ ᠤᠯᠤᠰ ᠲᠦᠷᠦ᠍᠎ᠶ᠋ᠢᠨ ᠵᠥᠪᠯᠡᠯᠭᠡᠨ᠎ᠢ᠎ᠪᠦᠬᠦ᠌ ᠲᠠᠯ᠎ᠠ᠎ᠪᠠᠷ ᠲᠦᠯᠬᠢᠨ ᠠᠬᠢᠭᠤᠯᠬᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠬᠠᠮᠢᠶᠠᠷᠤᠯᠲᠠ᠎ᠶ᠋ᠢᠨ ᠡᠭᠦᠷᠭᠡ ᠴᠢᠳᠠᠮᠵᠢ ᠵᠢ ᠬᠤᠪᠢᠷᠠᠭᠤᠯᠬᠤ ᠪᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠢᠯᠡᠰ᠎ᠢ ᠬᠥᠲᠥᠯᠥᠨ ᠳᠠᠭᠠᠭᠤᠯᠬᠤ᠂ ᠲᠦᠯᠬᠢᠨ ᠠᠬᠢᠭᠤᠯᠬᠤ᠂ ᠰᠢᠨ᠎ᠡ ᠵᠢ ᠡᠭᠦᠳᠬᠦ ᠲᠤᠬᠠᠢ ᠬᠦᠨᠵᠡᠭᠡᠢ ᠰᠤᠳᠤᠯᠤᠭᠰᠠᠨ ᠪᠠᠢᠨ᠎ᠠ᠂ ᠡᠭᠦᠨ᠎ᠦ ᠬᠠᠮᠲᠤ ᠪᠠᠰᠠ ᠥᠪᠥᠷ᠎ᠮᠣᠩᠭᠣᠯ᠎ᠤᠨ ᠪᠦᠯᠬᠦᠮᠳᠡᠯ᠎ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ᠎ᠲᠠᠶ ᠦᠨᠳᠦᠰᠦᠲᠡᠨ᠎ᠦ ᠬᠠᠷᠢᠴᠠᠭ᠎ᠠ᠎ᠶ᠋ᠢ ᠪᠠᠢᠭᠤᠯᠤᠭᠰᠠᠨ ᠰᠠᠭᠤᠷᠢᠨ ᠳᠡᠭᠡᠷ᠎ᠡ 《ᠡᠷᠦᠬᠡ ᠭᠡᠷ ᠡᠶ᠎ᠡ ᠡᠪᠲᠡᠢ ᠠᠵᠢᠯ ᠦᠢᠯᠡᠰ ᠦᠭᠡᠳᠡ ᠡᠰᠡᠷᠡᠭ》 ᠪᠠᠢᠵᠤ᠂ ᠣᠷᠣᠨ ᠪᠦᠰᠡ᠎ᠶ᠋ᠢᠨ ᠠᠵᠤ ᠠᠬᠤᠢ ᠱᠢᠨ᠎ᠡ ᠳᠦᠷᠰᠦ ᠪᠠᠢᠳᠠᠯ᠎ᠲᠠᠶ ᠪᠣᠯᠵᠤ᠂ ᠠᠷᠠᠳ᠎ᠤᠨ ᠠᠮᠢᠳᠤᠷᠠᠯ ᠴᠦ᠍ ᠲᠠᠰᠤᠷᠠᠯᠲᠠ ᠦᠭᠡᠢ ᠰᠠᠢᠵᠢᠷᠠᠭ᠍ᠰᠠᠨ ᠰᠠᠢᠬᠠᠨ ᠦᠵᠡᠮᠵᠢ ᠪᠦᠷᠢᠯᠳᠦᠵᠡᠢ᠃ ᠢᠯᠠᠩᠭᠤᠶ᠎ᠠ ᠨᠠᠮ᠎ᠤᠨ ᠠᠷᠪᠠᠨ ᠨᠠᠶ᠋ᠮᠠᠳᠤᠭᠠᠷ᠎ᠶᠡᠬᠡ᠎ᠬᠤᠷᠠᠯ᠎ᠠᠴᠠ ᠨᠠᠭᠠᠰᠢ᠂ 《ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ》ᠳᠤᠮᠳᠠ ᠡᠯ᠎ᠡ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠱᠢᠨ᠎ᠡ ᠪᠠᠢᠳᠠᠯ᠎ᠢ ᠡᠭᠦᠳᠬᠦ ᠪᠠ ᠪᠠᠭ᠍ᠲᠠᠭᠠᠮᠵᠢᠲᠤ ᠬᠥᠭ᠌ᠵᠢᠯᠲᠡ᠎ᠶ᠋ᠢᠨ ᠱᠢᠨ᠎ᠡ ᠮᠦᠷᠦᠭᠡᠳᠦᠯ᠎ᠢ ᠪᠡᠶᠡᠯᠡᠭᠦᠯᠬᠦ ᠪᠡᠷ ᠴᠢᠷᠮᠡᠢᠵᠦ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠢ᠎ᠠᠬᠢᠭᠤᠯᠬᠤ᠎ᠳᠤ ᠨᠠᠩ ᠬᠦᠴᠦᠨ ᠲᠡᠭᠦᠯᠳᠡᠷ ᠬᠥᠳᠡᠯᠭᠡᠬᠦ᠌ ᠬᠦᠴᠦᠨ ᠨᠡᠮᠡᠷᠢᠯᠡᠭ᠌ᠰᠡᠨ᠎ᠢᠶᠡᠷ ᠪᠠᠷᠠᠬᠤ ᠥᠬᠡᠶ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠬᠠᠷᠢᠴᠠᠭ᠎ᠠ᠎ᠶ᠋ᠢ ᠪᠠᠢᠭᠤᠯᠬᠤ᠎ᠳᠤ ᠢᠷᠡᠭᠡᠳᠦᠶ᠎ᠶ᠋ᠢᠨ᠎ᠬᠥᠭ᠌ᠵᠢᠯᠲᠡ᠎ᠶ᠋ᠢᠨ ᠴᠢᠭ᠌ᠯᠡᠯ ᠪᠠ ᠠᠷᠭ᠎ᠠ ᠵᠠᠮ᠎ᠢ ᠲᠣᠳᠣᠷᠬᠠᠶ ᠵᠢᠭᠠᠵᠤ ᠥᠭ᠌ᠴᠡᠶ᠃

ᠤᠨᠤᠯ᠎ᠤᠨ ᠰᠤᠳᠤᠯᠭᠠᠨ᠎ᠤ ᠦᠢᠯᠡᠳᠦᠯᠭᠡ ᠵᠢᠨ ᠴᠢᠨᠠᠷ ᠪᠠ ᠵᠢᠯᠣᠭᠣᠳᠭᠤ ᠴᠢᠨᠠᠷ ᠪᠣᠯ ᠲᠡᠭᠦᠨ᠎ᠦ ᠡᠴᠦᠰ᠎ᠦᠨ ᠦᠨ᠎ᠡ ᠦᠷᠲᠡᠭ ᠪᠣᠯᠬᠤ ᠶᠤᠮ᠃ ᠢᠷᠡᠭᠡᠳᠦᠶ᠎ᠳᠦ ᠬᠠᠨᠳᠤᠬᠤᠶ᠎ᠠ᠂ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ ᠮᠠᠨ᠎ᠳᠦ ᠶᠠᠮᠠᠷ ᠶᠠᠮᠠᠷ ᠰᠡᠩᠬᠡᠷᠡᠭᠦᠯᠦᠯ ᠣᠯᠭᠣᠭ᠍ᠰᠠᠨ ᠪᠣᠶ? ᠲᠤᠰ ᠨᠣᠮ᠎ᠳᠤ ᠲᠦᠱᠢᠭ᠌ᠯᠡᠯᠴᠡᠨ ᠣᠷᠣᠱᠢᠬᠤ ᠲᠡᠦᠬᠡᠨ ᠰᠠᠭᠤᠷᠢ᠂ ᠨᠠᠮ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠵᠥᠪ ᠲᠤᠭᠤᠰᠢᠯᠠᠭᠤᠯᠬᠤ ᠭᠤᠤᠯ ᠤᠯᠤᠰ ᠲᠥᠷᠥ᠎ᠶ᠋ᠢᠨ ᠪᠠᠲᠤᠯᠠᠭ᠎ᠠ᠂ ᠦᠢᠯᠡᠳᠪᠦᠷᠢᠯᠡᠯ᠎ᠦᠨ ᠬᠦᠴᠦᠨ᠎ᠢ ᠴᠢᠯᠥᠭᠡᠯᠡᠨ ᠬᠥᠭ᠌ᠵᠢᠭᠦᠯᠬᠦ᠌ ᠪᠣᠳᠠᠰ᠎ᠤᠨ ᠰᠠᠭᠤᠷᠢ᠂ ᠣᠯᠠᠨ ᠶᠠᠩᠵᠤᠴᠢᠯᠠᠭ᠍ᠰᠠᠨ ᠲᠥᠷᠥ᠎ᠶ᠋ᠢᠨ ᠪᠣᠳᠣᠯᠭ᠎ᠠ᠎ᠪᠠᠷ ᠨᠡᠢᠭᠡᠮ᠎ᠦᠨ ᠬᠤᠪᠢᠰᠤᠯᠲᠠ᠎ᠶ᠋ᠢᠨ ᠬᠡᠷᠡᠭ᠌ᠴᠡᠭᠡ᠎ᠶ᠋ᠢ ᠬᠠᠩᠭᠠᠬᠤ ᠵᠥᠪ ᠣᠨᠣᠪᠴᠢᠲᠠᠶ ᠠᠷᠭ᠎ᠠ ᠪᠣᠳᠣᠯᠭ᠎ᠠ᠂ ᠦᠨᠳᠦᠰᠦᠲᠡᠨ᠎ᠨᠦᠭᠦᠳ᠎ᠦᠨ ᠡᠷᠬᠡ ᠲᠡᠭ᠌ᠰᠢ ᠡᠷᠬᠡ ᠠᠱᠢᠭ᠎ᠢ ᠪᠠᠲᠤᠯᠠᠬᠤ ᠪᠠᠢᠭᠤᠯᠤᠯ᠎ᠦᠨ ᠬᠦᠯᠢᠶᠡᠰᠦᠯᠡᠯ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠳᠤ ᠦᠢᠯᠡᠴᠢᠯᠡᠬᠦ ᠴᠡᠴᠡᠭ᠌ᠯᠡᠨ ᠬᠥᠭ᠌ᠵᠢᠭ᠌ᠰᠡᠨ ᠰᠣᠶᠣᠯ᠂ ᠦᠨᠳᠦᠰᠦᠲᠡᠨ ᠨᠤᠬᠦᠳ᠎ᠦᠨ ᠪᠦᠯᠬᠦᠮᠳᠡᠯ᠎ᠳᠦ ᠠᠱᠢᠭ ᠦᠭᠡᠢ ᠦᠭᠡ ᠶᠠᠷᠢᠶ᠎ᠠ ᠦᠢᠯᠡ ᠠᠵᠢᠯᠯᠠᠭ᠎ᠠ᠎ᠶ᠋ᠢ ᠠᠷᠢᠯᠭᠠᠬᠤ ᠢᠳᠡᠪᠬᠢᠲᠡᠶ ᠠᠵᠢᠯᠯᠠᠭ᠎ᠠ᠂ ᠢᠲᠡᠭᠡᠯᠴᠡᠭᠡ᠎ᠶ᠋ᠢ ᠬᠦᠨᠳᠦᠳᠭᠡᠬᠦ᠌ 《ᠪᠦᠯᠬᠦᠮᠳᠡᠯ᠎ᠦᠨ ᠰᠦᠭ ᠰᠦᠨᠡᠰᠦ》 ᠵᠡᠷᠭᠡ 8 ᠲᠠᠯ᠎ᠠ᠎ᠪᠠᠷ ᠨᠡᠯᠢᠶᠡᠳ ᠪᠦᠬᠦ᠌ ᠲᠠᠯ᠎ᠠ᠎ᠶ᠋ᠢᠨ ᠳ᠋ᠦᠩᠨᠡᠯᠲᠡ ᠬᠢᠵᠦ᠂ ᠣᠨᠣᠯ᠎ᠤᠨ᠎ᠲᠠᠯ᠎ᠠ᠎ᠪᠠᠷ᠎ᠭᠦᠨᠵᠡᠭᠡᠶ᠎ᠵᠠᠳᠠᠯᠤᠨ᠎ᠨᠤᠲᠠᠯᠠᠵᠤ᠂᠎ᠨᠠᠩ ᠴᠢᠩᠭ᠎ᠠ ᠠᠬᠤᠢᠴᠢ ᠵᠢᠯᠣᠭᠣᠳᠭᠤ ᠠᠴᠢ ᠬᠣᠯᠪᠣᠭ᠍ᠳᠠᠯ᠎ᠲᠠᠶ᠃

ᠭᠦᠨ ᠎ᠰᠡᠳᠭᠢᠵᠦ ᠎ᠭᠦᠨᠵᠡᠭᠡᠢ ᠎ᠲᠤᠩᠭᠠᠬᠤ᠎ᠳᠤ ᠲᠥᠷᠥᠭ᠌ᠳᠡᠯ ᠠᠷᠪᠢᠨ᠃ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ᠎ᠶ᠋ᠢ ᠪᠡᠯᠭᠡᠯᠡᠬᠦ᠌ ᠠᠭᠤᠤ ᠶᠡᠬᠡ ᠲᠡᠦᠬᠡᠨ ᠴᠠᠭ ᠮᠥᠴᠡ᠎ᠳᠦ ᠲᠣᠬᠢᠶᠠᠯᠳᠤᠵᠤ᠂ ᠵᠠᠭᠤᠨ ᠵᠢᠯ᠎ᠦᠨ ᠲᠤᠷᠰᠢ ᠨᠠᠮ᠎ᠠᠴᠠ ᠪᠦᠬᠦ᠌ ᠤᠯᠤᠰ᠎ᠤᠨ ᠠᠷᠠᠳ ᠲᠦᠮᠡᠨ᠎ᠢ ᠤᠳᠤᠷᠢᠳᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠦᠨ ᠲᠥᠯᠥᠭᠡ ᠱᠢᠷᠭᠠᠭᠤ ᠬᠠᠲᠠᠭᠤᠵᠢᠯᠲᠠᠢ ᠬᠠᠢᠨ ᠰᠦᠪᠡᠭ᠌ᠴᠢᠯᠡᠯᠳᠡ ᠬᠢᠭᠡᠳ ᠬᠡᠷᠡᠯ ᠰᠠᠴᠤᠷᠠᠩᠭᠤᠢ ᠠᠮᠵᠢᠯᠲᠠ ᠣᠯᠤᠭ᠍ᠰᠠᠨ ᠪᠠᠢᠨ᠎ᠠ᠃ ᠥᠩᠭᠡᠷᠡᠭ᠌ᠰᠡᠨ ᠵᠢᠡᠨ ᠡᠷᠭᠢᠴᠡᠭᠦᠯᠵᠦ᠍ ᠢᠷᠡᠭᠡᠳᠦᠢ᠎ᠪᠡᠨ ᠪᠠᠷᠠᠯᠠᠬᠤᠶ᠎ᠠ᠂ ᠵᠣᠬᠢᠶᠠᠭ᠍ᠴᠢ᠎ᠶ᠋ᠢᠨ ᠲᠤᠰ ᠨᠣᠮ᠎ᠳᠤ ᠪᠢᠴᠢᠭ᠌ᠰᠡᠨ ᠰᠢᠭ᠄ 《ᠳᠤᠮᠳᠠᠳᠤ ᠤᠯᠤᠰ᠎ᠤᠨ ᠡᠪ ᠬᠠᠮᠲᠤ ᠨᠠᠮ ᠦᠨᠳᠦᠰᠦᠲᠡᠨ᠎ᠦ ᠪᠦᠯᠬᠦᠮᠳᠡᠯ᠎ᠢ ᠱᠢᠨ᠎ᠡ ᠳᠤᠮᠳᠠᠳᠤ ᠤᠯᠤᠰ ᠪᠣᠯᠤᠨ ᠨᠡᠢᠭᠡᠮ ᠵᠢᠷᠤᠮᠲᠦ ᠦᠢᠯᠡᠰ᠎ᠦᠨ ᠠᠮᠵᠢᠯᠲᠠ᠎ᠶ᠋ᠢᠨ ᠪᠠᠲᠤᠯᠠᠭ᠎ᠠ᠎ᠪᠠᠷ ᠦᠵᠡᠵᠦ᠍᠂ ᠡᠯ᠎ᠡ ᠵᠦᠢᠯ᠎ᠦᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ ᠵᠢ ᠴᠥᠮ ᠦᠨᠳᠦᠰᠦᠲᠡᠨ᠎ᠨᠦᠭᠦᠳ᠎ᠦᠨ ᠬᠠᠮᠲᠤ᠎ᠪᠡᠷ ᠪᠦᠯᠬᠦᠮᠳᠡᠨ ᠲᠠᠪᠱᠢᠬᠤ᠎ᠶ᠋ᠢ ᠠᠬᠢᠭᠤᠯᠤᠨ ᠪᠠᠲᠤᠯᠠᠬᠤ᠎ᠶ᠋ᠢᠨ ᠲᠥᠯᠥᠭᠡ ᠬᠡᠷᠡᠭ᠌ᠵᠢᠭᠦᠯᠦᠭ᠌ᠰᠡᠨ ᠶᠤᠮ᠃ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠠᠮᠲᠤ᠎ᠪᠠᠷ ᠪᠦᠯᠬᠦᠮᠳᠡᠨ ᠲᠡᠮᠡᠴᠡᠬᠦ᠌ ᠳᠤᠮᠳᠠ ᠬᠠᠮᠲᠤ᠎ᠪᠠᠷ ᠴᠡᠴᠡᠭ᠌ᠯᠡᠨ ᠬᠥᠭ᠌ᠵᠢᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠬᠠᠮᠲᠤ᠎ᠪᠠᠷ ᠲᠦᠯᠬᠢᠨ ᠠᠬᠢᠭᠤᠯᠤᠨ᠎ᠠ》᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号