ᠦᠪᠦᠷ ᠮᠤᠩᠭᠤᠯ᠎ᠤᠨ ᠤᠢ ᠱᠢᠭᠤᠢ᠎ᠶ᠋ᠢᠨ ᠭᠠᠯ ᠰᠡᠷᠬᠡᠢ᠌ᠯᠡᠵᠦ᠍ ᠭᠠᠯ ᠤᠨᠲᠠᠷᠠᠭᠠᠬᠤ ᠶᠡᠷᠦᠩᠬᠡᠢ ᠠᠩᠬᠢ ᠪᠠᠭᠠᠴᠤᠳ ᠬᠡᠥᠬᠡᠳ᠎ᠢ ᠬᠠᠯᠠᠮᠵᠢᠯᠠᠬᠤ ᠦᠢᠯᠡᠳᠦᠯᠬᠡ᠎ᠶ᠋ᠢᠨ ᠠᠵᠢᠯᠯᠠᠭ᠎ᠠ ᠦᠷᠨᠢᠬᠦᠯᠪᠡ
2021-11-02 09:53:24
ᠵᠣᠬᠢᠶᠠᠭ᠍ᠴᠢ᠄
​ᠰᠠᠴᠤᠷᠠᠯ
ᠣᠩᠱᠢᠭ᠍ᠰᠠᠨ ᠣᠳᠠᠭ᠎ᠠ᠄
★★★☆☆

ᠨᠠᠮ᠎ᠤᠨ ᠲᠡᠥᠭᠡ᠎ᠶ᠋ᠢᠨ ᠰᠤᠷᠤᠯᠴᠠᠯᠭ᠎ᠠ ᠬᠦᠮᠦᠵᠢᠯ᠎ᠢ ᠴᠢᠨᠠᠬ᠍ᠰᠢᠲᠠ ᠬᠦᠨᠵᠡᠬᠡᠢ᠌ᠷᠡᠬᠦᠯᠦᠨ ᠪᠤᠳᠠᠲᠠᠢ᠌ᠵᠢᠭᠤᠯᠵᠦ᠍᠂ 《ᠪᠢ ᠤᠯᠠᠨ ᠲᠦᠮᠡᠨ᠎ᠳᠤ ᠪᠤᠳᠠᠳᠦ ᠶᠠᠪᠤᠳᠠᠯ ᠬᠢᠵᠦ᠍ ᠦᠭ᠌ᠬᠦ》 ᠦᠢᠯᠡᠳᠦᠯᠬᠡ᠎ᠶ᠋ᠢᠨ ᠠᠵᠢᠯᠯᠠᠭ᠎ᠠ᠎ᠶ᠋ᠢᠨ ᠪᠤᠳᠠᠳᠦ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ᠎ᠶ᠋ᠢᠨ ᠲᠦᠯᠦᠭᠡ᠂ ᠤᠢ᠍ᠢᠷ᠎ᠠ᠎ᠳᠤ᠂ ᠦᠪᠦᠷ ᠮᠤᠩᠭᠤᠯ᠎ᠤᠨ ᠤᠢ ᠱᠢᠭᠤᠢ᠎ᠶ᠋ᠢᠨ ᠭᠠᠯ ᠰᠡᠷᠬᠡᠢ᠌ᠯᠡᠵᠦ᠍ ᠭᠠᠯ ᠤᠨᠲᠠᠷᠠᠭᠠᠬᠤ ᠶᠡᠷᠦᠩᠬᠡᠢ ᠠᠩᠬᠢ᠎ᠶ᠋ᠢᠨ ᠬᠡᠰᠡᠭ ᠨᠠᠮ᠎ᠤᠨ ᠬᠡᠱᠢᠬᠦᠨ ᠬᠦᠬᠡᠬᠤᠲᠠ᠎ᠶ᠋ᠢᠨ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ ᠲᠦᠪ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ ᠠᠵᠢᠯᠲᠠᠨ ᠲᠠᠢ ᠬᠠᠮᠳᠦ ᠦᠪᠦᠷ ᠮᠤᠩᠭᠤᠯ᠎ᠤᠨ ᠪᠠᠢ᠌ᠭᠠᠯᠢ᠎ᠶ᠋ᠢᠨ ᠮᠦᠽᠸᠢ᠎ᠳᠤ ᠬᠦᠷᠴᠦ᠍ ᠂ 《 ᠬᠦᠴᠦ᠍ ᠪᠠᠨ ᠬᠠᠮᠲᠤᠳᠭᠠᠨ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠵᠦ᠍ ᠂ ᠪᠠᠶᠠᠷ ᠬᠦᠷ ᠲᠠᠢ ᠦᠰᠦᠨ ᠪᠤᠢ᠌ᠵᠢᠯᠲᠠ᠎ᠳᠤᠨᠢ ᠬᠦᠴᠦᠨ ᠨᠡᠮᠡᠷᠢᠯᠡᠶ᠎ᠡ》 ᠬᠡᠬᠦ ᠭᠤᠤᠯ ᠰᠡᠳᠦᠪ᠎ᠤᠨ ᠲᠤᠭᠤᠷᠢᠨ᠎ᠳᠤ ᠬᠦᠴᠢᠷᠳᠡᠯ᠎ᠳᠤ ᠲᠤᠯᠭᠠᠷᠠᠬ᠍ᠰᠠᠨ ᠪᠠᠭᠠᠴᠤᠳ ᠬᠡᠥᠬᠡᠳ᠎ᠢ ᠬᠠᠯᠠᠮᠵᠢᠯᠠᠬᠤ ᠦᠢᠯᠡᠳᠦᠯᠭᠡ᠎ᠶ᠋ᠢᠨ ᠠᠵᠢᠯᠯᠠᠭ᠎ᠠ ᠦᠷᠨᠢᠬᠦᠯᠪᠡ᠃

ᠲᠤᠰ ᠤᠳᠠᠭᠠᠨ᠎ᠤ ᠠᠵᠢᠯᠯᠠᠭ᠎ᠠ᠎ᠳᠤ ᠂ ᠲᠠᠢ᠌ᠯᠪᠤᠷᠢᠯᠠᠬ᠍ᠴᠢ᠎ᠶ᠋ᠢᠨ ᠳᠠᠭᠠᠭᠤᠯᠭ᠎ᠠ ᠪᠠ ᠤᠯᠠᠨ᠎ᠤ ᠬᠠᠪᠰᠤᠷᠤᠯᠭ᠎ᠠ ᠳᠤᠤᠷ᠎ᠠ ᠂ ᠬᠦᠬᠡᠬᠤᠲᠠ᠎ᠶ᠋ᠢᠨ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ ᠲᠦᠪ᠎ᠤᠨ 20 ᠭᠠᠷᠤᠢ ᠪᠠᠭᠠᠴᠤᠳ ᠬᠡᠥᠬᠡᠳ ᠤᠷᠢᠳ ᠬᠤᠵᠢᠳ ᠰᠦᠷᠯᠢᠭ ᠰᠠᠢ᠌ᠬᠠᠨ ᠦᠪᠦᠷ ᠮᠤᠩᠭᠤᠯ ᠂ ᠪᠠᠯᠠᠷ ᠡᠷᠲᠡᠨ᠎ᠤ ᠦᠪᠦᠷ ᠮᠤᠩᠭᠤᠯ ᠂ ᠦᠨᠢᠷ ᠪᠠᠶᠠᠯᠢᠭ ᠦᠪᠦᠷ ᠮᠤᠩᠭᠤᠯ ᠂ ᠪᠤᠬᠢᠷᠳᠤᠯ ᠦᠬᠡᠢ ᠦᠪᠦᠷ ᠮᠤᠩᠭᠤᠯ ᠂ ᠠᠪᠤᠷᠭᠤ ᠬᠦᠷᠪᠡᠯ᠎ᠤᠨ ᠡᠬᠡ ᠨᠤᠲᠤᠭ ᠵᠡᠷᠭᠡ ᠲᠠᠪᠤᠨ ᠶᠡᠬᠡ ᠭᠤᠤᠯ ᠰᠡᠳᠦᠪᠲᠦ ᠦᠵᠡᠬᠦᠯᠭᠡ᠎ᠶ᠋ᠢᠨ ᠲᠢᠩᠬᠢᠮ᠎ᠢ ᠲᠤᠭᠤᠷᠢᠨ ᠦᠵᠡᠵᠦ᠍᠂ ᠦᠪᠦᠷ ᠮᠤᠩᠭᠤᠯ᠎ᠤᠨ ᠤᠢ ᠱᠢᠭᠤᠢ᠂ ᠲᠠᠯ᠎ᠠ ᠨᠤᠲᠤᠭ᠂ ᠶᠡᠬᠡ ᠤᠰᠤᠨ ᠤᠷᠤᠨ᠂ ᠶᠡᠬᠡ ᠡᠯᠡᠰᠦᠨ ᠴᠦᠯ᠂ ᠭᠡᠭᠡᠷ᠎ᠡ᠎ᠶ᠋ᠢᠨ ᠠᠮᠢᠳᠠᠨ ᠤᠷᠭᠤᠮᠠᠯ᠂ ᠪᠠᠯᠠᠷ ᠡᠷᠲᠡᠨ᠎ᠤ ᠠᠮᠢᠲᠦ ᠪᠤᠳᠠᠰ ᠬᠢᠭᠡᠳ ᠡᠷᠲᠡᠨ᠎ᠤ ᠤᠷᠴᠢᠨ ᠲᠤᠭᠤᠷᠢᠨ᠂ ᠭᠠᠵᠠᠷ ᠱᠢᠨᠵᠢᠯᠡᠬᠡ ᠠᠭᠤᠷᠬᠠᠢ᠎ᠶ᠋ᠢᠨ ᠭᠠᠷᠤᠯᠲᠠ ᠵᠡᠷᠭᠡ ᠪᠠᠢ᠌ᠭᠠᠯᠢ᠎ᠶ᠋ᠢᠨ ᠡᠬᠢ ᠪᠠᠶᠠᠯᠢᠭ᠎ᠤᠨ ᠲᠤᠬᠠᠢ ᠮᠡᠳᠡᠯᠬᠡ᠎ᠶ᠋ᠢ ᠨᠠᠷᠢᠨ ᠤᠢ᠍ᠢᠯᠠᠭᠠᠪᠠ᠃ ᠲᠤᠰ ᠤᠳᠠᠭᠠᠨ᠎ᠤ ᠠᠵᠢᠯᠯᠠᠭ᠎ᠠ ᠨᠢ ᠪᠠᠭᠠᠴᠤᠳ ᠬᠡᠥᠬᠡᠳ᠎ᠤᠳ᠎ᠲᠤ ᠮᠠᠨ᠎ᠤ ᠤᠯᠤᠰ᠎ᠤᠨ ᠪᠠᠢ᠌ᠭᠠᠯᠢ᠎ᠶ᠋ᠢᠨ ᠡᠬᠡ ᠪᠠᠶᠠᠯᠢᠭ᠎ᠤᠨ ᠡᠯᠪᠡᠭ ᠪᠠᠶᠠᠯᠢᠭ᠎ᠤᠨ ᠲᠤᠬᠠᠢ  ᠠᠭᠤᠯᠤᠬ᠍ᠳᠠᠬᠤᠨ᠎ᠢ ᠤᠢ᠍ᠢᠯᠠᠭᠠᠭᠤᠯᠤᠬ᠍ᠰᠠᠨ᠎ᠢᠶᠡᠷ ᠪᠠᠷᠠᠬᠤ ᠦᠬᠡᠢ ᠂ ᠪᠠᠰᠠ ᠳᠡᠳᠡᠨ᠎ᠤ ᠡᠬᠡ ᠪᠠᠢ᠌ᠭᠠᠯᠢ ᠪᠠᠨ ᠬᠠᠢ᠌ᠷᠠᠯᠠᠬᠤ᠂ ᠱᠢᠨᠵᠢᠯᠡᠬᠦ᠌ ᠤᠬᠠᠭᠠᠨ᠎ᠢ ᠰᠦᠪᠡᠭ᠌ᠴᠢᠯᠡᠬᠦ᠌ ᠬᠠᠯᠠᠭᠤᠨ ᠰᠡᠳᠭᠢᠯᠬᠡ᠎ᠶ᠋ᠢ ᠬᠦᠭ᠌ᠵᠢᠭᠡᠵᠦ᠍᠂ ᠬᠡᠥᠬᠡᠳ᠎ᠤᠳ᠎ᠤᠨ ᠨᠡᠢ᠌ᠬᠡᠮ ᠨᠡᠢ᠌ᠲᠡ᠎ᠳᠤ ᠠᠭᠤᠰᠤᠯᠴᠠᠬᠤ᠎ᠶ᠋ᠢ ᠠᠬᠢᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号