ᠣᠨᠣᠯ᠎ᠢᠶᠠᠷ ᠵᠡᠪᠰᠡᠭ᠌ᠯᠡᠬᠦ᠌᠎ᠳᠦ ᠥᠩᠭᠡᠪᠴᠢ ᠠᠵᠢᠯ ᠬᠢᠬᠦ᠎ᠢ᠋ᠢ ᠲᠠᠪᠴᠢᠶ᠎ᠠ
2021-11-02 09:29:01
ᠵᠣᠬᠢᠶᠠᠭ᠍ᠴᠢ᠄
ᠪᠠᠶ ᠵᠢᠶᠠᠩ ᠬᠣᠩ
ᠣᠩᠱᠢᠭ᠍ᠰᠠᠨ ᠣᠳᠠᠭ᠎ᠠ᠄
★★★☆☆

ᠭᠠᠭ᠍ᠴᠠ ᠬᠦ᠌ ᠤᠨᠤᠯ᠎ᠤᠨ ᠲᠠᠯ᠎ᠠ᠎ᠪᠠᠷ ᠰᠡᠷᠭᠡᠭ ᠪᠠᠢᠪᠠᠯ ᠰᠠᠶᠢ ᠤᠯᠤᠰ ᠲᠦᠷᠦ᠍᠎ᠶ᠋ᠢᠨ ᠲᠠᠯ᠎ᠠ᠎ᠪᠠᠷ ᠰᠡᠷᠭᠡᠭ ᠪᠠᠢᠵᠤ ᠴᠢᠳᠠᠨ᠎ᠠ; ᠭᠠᠭ᠍ᠴᠠ ᠬᠦ᠌ ᠤᠨᠤᠯ᠎ᠤᠨ ᠲᠠᠯ᠎ᠠ᠎ᠪᠠᠷ ᠡᠷᠡᠰ ᠪᠠᠲᠤ ᠪᠠᠢᠪᠠᠯ ᠰᠠᠶᠢ ᠤᠯᠤᠰ ᠲᠦᠷᠦ᠍᠎ᠶ᠋ᠢᠨ ᠲᠠᠯ᠎ᠠ᠎ᠪᠠᠷ ᠡᠷᠡᠰ ᠪᠠᠲᠤ ᠪᠠᠢᠵᠤ ᠴᠢᠳᠠᠨ᠎ᠠ᠃ ᠤᠨᠤᠯ᠎ᠢᠶᠠᠷ ᠵᠡᠪᠰᠡᠭ᠌ᠯᠡᠬᠦ᠌ ᠪᠣᠯ ᠦᠢᠯᠡᠳᠦᠯᠭᠡ᠎ᠶ᠋ᠢᠨ ᠤᠳᠤᠷᠢᠳᠤᠮᠵᠢ  ᠪᠠᠢᠵᠦ᠂  ᠵᠡᠪᠰᠡᠭ᠌ᠯᠡᠬᠦ᠌ ᠲᠤᠳᠤᠮ ᠬᠦᠰᠡᠯᠡᠩ ᠢᠲᠡᠭᠡᠯ ᠪᠢᠰᠢᠷᠡᠯ ᠤᠯᠠᠮ ᠪᠠᠲᠤᠵᠢᠨ᠂ ᠦᠵᠡᠯ ᠰᠠᠨᠠᠭ᠎ᠠ ᠤᠯᠠᠮ ᠬᠤᠷᠴᠠ ᠰᠡᠷᠭᠡᠭ ᠪᠤᠯᠵᠤ᠂ ᠦᠢᠯᠡ ᠠᠵᠢᠯᠯᠠᠭ᠎ᠠ ᠤᠯᠠᠮ᠎ᠤᠬᠠᠮᠰᠠᠷ ᠲᠠᠢ ᠪᠤᠯᠵᠤ ᠴᠢᠳᠠᠬᠤ ᠶᠤᠮ᠃ ᠤᠨᠤᠯ᠎ᠢᠶᠠᠷ ᠵᠡᠪᠰᠡᠭ᠌ᠯᠡᠬᠦ᠌ ᠶ᠋ᠢ ᠦᠷᠭᠦᠯᠵᠢᠯᠡᠨ ᠎ᠴᠢᠩᠭᠠᠳᠭᠠᠬᠤ ᠎ᠪᠣᠯ ᠲᠦᠷᠦ᠍ ᠪᠠᠷᠢᠬᠤ ᠎ᠴᠢᠳᠠᠪᠤᠷᠢ ᠎ᠪᠠ ᠲᠦᠪᠱᠢᠨ᠎ᠢᠶᠡᠨ ᠳᠡᠭᠡᠭ᠌ᠰᠢᠯᠡᠭᠦᠯᠬᠦ᠌᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃

ᠶᠡᠷᠦᠩᠬᠡᠶ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠨᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠣᠷᠣᠨ ᠪᠠᠢᠷᠢ᠂ ᠴᠢᠬᠤᠯᠠ ᠡᠭᠦᠷᠭᠡ᠂ ᠠᠵᠢᠯ᠎ᠤᠨ ᠭᠤᠤᠯ ᠱᠢᠵᠢᠮ᠂ ᠲᠦᠷᠢᠮ᠎ᠦᠨ ᠪᠠᠲᠤᠯᠠᠭ᠎ᠠ᠂ ᠪᠡᠶᠡᠯᠡᠭᠦᠯᠬᠦ᠌ ᠠᠷᠭ᠎ᠠ ᠬᠡᠯᠪᠡᠷᠢ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠶ᠋ᠢᠨ ᠦᠵᠡᠯᠲᠡ ᠪᠠ ᠦᠨᠳᠦᠰᠦᠲᠡᠨ᠎ᠦ ᠠᠵᠢᠯ᠎ᠤᠨ ᠠᠷᠭ᠎ᠠ᠎ᠶ᠋ᠢᠨ ᠣᠨᠣᠯ᠎ᠢ ᠭᠦᠨᠵᠡᠭᠡᠶ ᠲᠣᠳᠣᠷᠬᠠᠢᠯᠠᠨ ᠥᠭᠦᠯᠡᠵᠦ᠍᠂ ᠮᠠᠷᠺᠰ᠎ᠤᠨ ᠦᠵᠡᠯ᠎ᠦᠨ ᠦᠨᠳᠦᠰᠦᠲᠡᠨ᠎ᠦ ᠣᠨᠣᠯ᠎ᠢ ᠳᠤᠮᠳᠠᠳᠤ ᠤᠯᠤᠰᠴᠢᠯᠠᠭ᠍ᠰᠠᠨ ᠬᠠᠮᠤᠭ᠎ᠤᠨ ᠱᠢᠨ᠎ᠡ ᠦᠷ᠎ᠡ ᠪᠦᠲᠦᠭᠡᠯ ᠪᠠᠢᠵᠤ᠂ ᠨᠠᠮ᠎ᠤᠨ ᠦᠨᠳᠦᠰᠦᠲᠡᠨ᠎ᠦ ᠠᠵᠢᠯ᠎ᠤᠨ ᠣᠨᠣᠯ᠎ᠤᠨ ᠦᠶ᠋ᠯᠡᠳᠦᠯᠭᠡ᠎ᠶ᠋ᠢᠨ ᠣᠶᠤᠨ ᠤᠬᠠᠭᠠᠨ᠎ᠤ ᠣᠬᠢ ᠪᠦᠲᠦᠭᠡᠯ ᠮᠦᠨ ᠲᠤᠯᠠ ᠡᠨᠡ ᠨᠢ  ᠪᠢᠳᠡᠨ᠎ᠦ ᠦᠨᠳᠦᠰᠦᠲᠡᠨ᠎ᠦ ᠠᠰᠠᠭᠤᠳᠠᠯ᠎ᠢ ᠱᠢᠶ᠋ᠳᠪᠦᠷᠢᠯᠡᠬᠦ᠌᠂ ᠦᠨᠳᠦᠰᠦᠲᠡᠨ᠎ᠦ ᠬᠡᠷᠡᠭ ᠶᠠᠪᠤᠳᠠᠯ᠎ᠢ ᠱᠢᠶ᠋ᠳᠪᠦᠷᠢᠯᠡᠬᠦ᠌᠂ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ᠎ᠳᠤ ᠬᠦᠴᠦᠷᠬᠡᠭ ᠶᠡᠬᠡ ᠦᠵᠡᠯ ᠰᠠᠨᠠᠭᠠᠨ᠎ᠤ ᠵᠡᠪᠰᠡᠭ ᠬᠠᠩᠭᠠᠪᠠ᠃ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ᠂ ᠲᠡᠦᠬᠡ ᠪᠠ ᠪᠣᠳᠠᠲᠤ ᠪᠠᠢᠳᠠᠯ᠎ᠢ ᠬᠠᠷᠢᠯᠴᠠᠨ ᠤᠶᠠᠯᠳᠤᠭᠤᠯᠬᠤ᠂ ᠤᠨᠤᠯ ᠪᠠ ᠦᠢᠯᠡᠳᠦᠯᠭᠡ᠎ᠶ᠋ᠢ ᠬᠠᠷᠢᠯᠴᠠᠨ ᠤᠶᠠᠯᠳᠤᠭᠤᠯᠬᠤ ᠲᠠᠯ᠎ᠠ ᠪᠡᠷ ᠬᠦᠴᠦᠯᠡᠨ᠂ ᠡᠨᠡ ᠬᠦ᠌ ᠴᠢᠬᠤᠯᠠ ᠦᠵᠡᠯ ᠰᠠᠨᠠᠭᠠᠨ᠎ᠤ ᠭᠣᠣᠯ ᠠᠭᠤᠯᠭ᠎ᠠ᠂ ᠵᠣᠷᠢᠭ ᠰᠠᠨᠠᠭᠠᠨ᠎ᠤ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠨᠡᠪᠲᠡᠷᠬᠡᠢ ᠣᠢᠯᠠᠭᠠᠵᠤ᠂ ᠤᠬᠠᠮᠰᠠᠷ ᠡᠴᠡ᠎ᠪᠠᠨ ᠡᠨᠡ ᠬᠦ᠌ ᠴᠢᠬᠤᠯᠠ ᠦᠵᠡᠯ ᠰᠠᠨᠠᠭ᠎ᠠ᠎ᠶ᠋ᠢ ᠰᠠᠢᠲᠤᠷ ᠰᠤᠷᠤᠯᠴᠠᠨ ᠰᠠᠢᠲᠤᠷ ᠬᠡᠷᠡᠭ᠌ᠯᠡᠬᠦ᠌᠎ᠶ᠋ᠢ ᠦᠨᠳᠦᠰᠦᠨ ᠱᠠᠭᠠᠷᠳᠠᠯᠭ᠎ᠠ ᠪᠠ ᠤᠨᠴᠠᠭᠠᠢ ᠴᠢᠳᠠᠪᠤᠷᠢ ᠪᠣᠯᠭᠠᠵᠤ᠂ ᠨᠠᠮ᠎ᠤᠨ ᠱᠢᠨ᠎ᠡ ᠵᠢ ᠡᠭᠦᠳᠬᠦ ᠤᠨᠤᠯ᠎ᠢᠶᠠᠷ ᠦᠨᠳᠦᠰᠦᠲᠡᠨ᠎ᠦ ᠠᠰᠠᠭᠤᠳᠠᠯ᠎ᠢ ᠵᠠᠳᠠᠯᠤᠨ ᠱᠢᠢᠳᠪᠦᠷᠢᠯᠡᠬᠦ᠌᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ᠂ ᠡᠷᠡᠰ ᠪᠠᠲᠤ ᠴᠢᠨᠠᠷ᠎ᠢᠶᠠᠨ ᠲᠠᠰᠤᠷᠠᠯᠳᠠ ᠦᠭᠡᠢ ᠴᠢᠩᠭᠠᠳᠭᠠᠬᠤ ᠬᠡᠷᠡᠭ᠌ᠲᠡᠢ᠃

ᠤᠨᠤᠯ᠎ᠢ ᠡᠵᠡᠮᠱᠢᠬᠦ᠌ ᠭᠦᠨᠴᠡ ᠨᠢ ᠦᠵᠡᠯ ᠰᠠᠨᠠᠭ᠎ᠠ ᠲᠠᠨᠢᠯᠲᠠ᠎ᠶ᠋ᠢᠨ ᠦᠨᠳᠦᠷᠴᠡ᠂ ᠲᠤᠭᠤᠱᠢᠯᠠᠭᠤᠯᠤᠨ ᠬᠡᠷᠡᠭ᠌ᠵᠢᠭᠦᠯᠬᠦ᠌ ᠡᠷᠴᠢᠮ ᠪᠠ ᠠᠵᠢᠯ᠎ᠢᠶᠠᠨ ᠥᠷᠨᠢᠭᠦᠯᠬᠦ᠌ ᠦᠷ᠎ᠡ ᠪᠦᠲᠦᠮᠵᠢ᠎ᠶ᠋ᠢ ᠲᠣᠭ᠍ᠲᠠᠭᠠᠳᠠᠭ᠃ ᠣᠨᠣᠯ᠎ᠢᠶᠠᠷ ᠵᠡᠪᠰᠡᠭ᠌ᠯᠡᠬᠦ᠌ ᠨᠢ ᠲᠤᠢᠯᠪᠤᠷᠢᠲᠠᠢ ᠪᠤᠰᠤ ᠮᠦᠷᠳᠡᠭᠡᠨ ᠪᠦᠬᠦ᠌ ᠲᠠᠯ᠎ᠠ᠎ᠶ᠋ᠢᠨ ᠪᠢᠰᠢ ᠪᠣᠯ ᠮᠠᠷᠺᠰ᠎ᠤᠨ ᠦᠵᠡᠯ᠎ᠦᠨ ᠦᠨᠳᠦᠰᠦᠲᠡᠨ᠎ᠦ ᠣᠨᠣᠯ᠎ᠤᠨ ᠵᠣᠭ᠍ᠰᠣᠯᠲᠠ ᠦᠵᠡᠯᠲᠡ ᠠᠷᠭ᠎ᠠ ᠵᠢ ᠵᠦᠪ ᠠᠰᠢᠬᠯᠠᠨ ᠦᠨᠳᠦᠰᠦᠲᠡᠨ᠎ᠦ ᠠᠰᠠᠭᠤᠳᠠᠯ᠎ᠢ ᠠᠵᠢᠭ᠍ᠯᠠᠵᠤ᠂ ᠵᠠᠳᠠᠯᠵᠤ᠂ ᠱᠢᠢᠳᠪᠦᠷᠢᠯᠡᠵᠦ᠍ ᠴᠢᠳᠠᠬᠤ ᠦᠭᠡᠢ᠂ ᠦᠨᠳᠦᠰᠦᠲᠡᠨ᠎ᠤ ᠠᠰᠠᠭᠤᠳᠠᠯ᠎ᠢ ᠴᠢᠳᠠᠮᠠᠭᠠᠢ ᠵᠤᠷᠢᠬᠲᠠᠢ ᠠᠳᠬᠤᠵᠤ ᠴᠢᠳᠠᠬᠤ ᠦᠭᠡᠢ ᠪᠠᠢᠵᠤ᠂ ᠲᠤᠷᠱᠢᠯᠭ᠎ᠠ ᠳ᠋ᠠᠭᠠᠨ ᠲᠦᠰᠢᠭᠯᠡᠵᠤ ᠪᠤᠳᠤᠯ᠎ᠵᠢᠡᠷ ᠵᠢᠡᠨ ᠠᠵᠢᠯᠯᠠᠵᠤ᠂ ᠴᠢᠬᠤᠯᠠ ᠶᠡᠬᠡ ᠠᠰᠠᠭᠤᠳᠠᠯ ᠣᠨᠴᠠᠭᠠᠢᠯᠠᠨ ᠭᠡᠨᠡᠳᠲᠡ᠎ᠶ᠋ᠢᠨ ᠬᠡᠷᠡᠭ ᠲᠤᠯᠭᠠᠷᠠᠪᠠᠯ ᠳᠠᠷᠤᠢ ᠶᠠᠭᠠᠬᠢᠬᠤ᠎ᠶ᠋ᠢᠨ ᠠᠷᠭ᠎ᠠ ᠦᠭᠡᠢ ᠰᠠᠮᠠᠭᠠᠷᠳᠠᠵᠤ᠂ ᠴᠢᠨᠠᠭ᠍ᠰᠢᠯᠠᠪᠠᠯ ᠬᠠᠶᠠᠭᠠᠨ᠎ᠳᠤᠨᠢ ᠬᠠᠶᠠᠨ᠂ ᠬᠠᠮᠢᠶᠠᠷᠬᠤ ᠦᠭᠡᠢ ᠪᠣᠯᠳᠠᠭ᠃ ᠦᠨᠳᠦᠰᠦᠲᠡᠨ᠎ᠦ ᠭᠠᠵᠠᠷ ᠣᠷᠣᠨ᠎ᠤ ᠨᠠᠮ᠎ᠤᠨ ᠭᠡᠱᠢᠭᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠬᠡᠷᠪᠡ ᠨᠠᠮ᠎ᠤᠨ ᠦᠨᠳᠦᠰᠦᠲᠡᠨ᠎ᠦ ᠤᠨᠤᠯ᠎ᠢ ᠤᠬᠠᠬᠤ ᠦᠭᠡᠢ ᠪᠣᠯ ᠳᠠᠷᠤᠢ ᠰᠣᠬᠣᠷ ᠪᠠᠯᠠᠢ᠎ᠪᠠᠷ ᠠᠵᠢᠯ ᠶᠠᠪᠤᠳᠠᠯ ᠬᠢᠵᠦ᠍᠂ ᠦᠨᠳᠦᠰᠦᠲᠡᠨ᠎ᠦ ᠠᠵᠢᠯ᠎ᠢ ᠲᠦᠯᠦᠪᠵᠢᠭᠦᠯᠦᠨ ᠠᠬᠢᠭᠤᠯᠬᠤ᠎ᠳᠤ ᠬᠡᠯᠪᠡᠢᠬᠦ ᠪᠣᠯᠤᠯᠴᠠᠭ᠎ᠠ ᠮᠠᠰᠢ ᠶᠡᠬᠡ ᠪᠠᠢᠵᠤ᠂ ᠴᠢᠨᠠᠭ᠍ᠰᠢᠯᠠᠪᠠᠯ ᠨᠠᠮ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠲᠤᠭᠤᠱᠢᠯᠠᠭᠤᠯᠬᠤ᠂ ᠤᠯᠤᠰ᠎ᠤᠨ ᠬᠠᠤᠯᠢ ᠲᠦᠷᠢᠮ ᠪᠠ ᠵᠠᠰᠠᠭ᠎ᠤᠨ ᠵᠠᠷᠯᠢᠭ᠎ᠤᠨ ᠨᠢᠭᠡᠳᠦᠯᠳᠠᠢ ᠪᠠᠢᠬᠤ᠎ᠵᠢ ᠬᠠᠮᠠᠭᠠᠯᠠᠬᠤ ᠵᠡᠷᠭᠡ ᠴᠢᠬᠤᠯᠠ ᠶᠡᠬᠡ ᠠᠰᠠᠭᠤᠳᠠᠯ ᠳᠡᠭᠡᠷ᠎ᠡ ᠠᠯᠳᠠᠭ᠎ᠠ ᠭᠠᠷᠭᠠᠬᠤ ᠪᠣᠯᠤᠨ᠎ᠠ᠃

ᠣᠨᠣᠯ᠎ᠢᠶᠠᠷ ᠵᠡᠪᠰᠡᠭ᠌ᠯᠡᠬᠦ᠌᠎ᠳᠦ ᠥᠩᠭᠡᠪᠴᠢ ᠠᠵᠢᠯ ᠬᠢᠵᠦ᠍ ᠪᠣᠯᠬᠤ ᠥᠬᠡᠶ᠂ ᠡᠷᠬᠡᠪᠰᠢ ᠦᠨᠡᠨ ᠬᠦ᠌ ᠰᠤᠷᠴᠤ᠌᠂ ᠦᠨᠡᠨ ᠬᠦ᠌ ᠣᠢᠯᠠᠭᠠᠵᠤ᠂ ᠦᠨᠡᠨ᠎ᠬᠦ ᠢᠲᠡᠭᠡᠵᠦ᠍᠂ ᠦᠨᠡᠨ ᠬᠦ᠌ ᠬᠡᠷᠡᠭ᠌ᠯᠡᠬᠦ᠌ ᠬᠡᠷᠡᠭ᠌ᠲᠡᠢ ᠭᠡᠳᠡᠭ᠎ᠢ ᠦᠢᠯᠡᠳᠦᠯᠭᠡ ᠪᠢᠳᠡᠨ᠎ᠳᠤ ᠳᠠᠬᠢᠨ ᠳᠠᠪᠲᠠᠨ ᠰᠠᠨᠠᠭᠤᠯᠪᠠ᠃ ᠰᠤᠷᠬᠤ᠎ᠳ᠋ᠠᠭᠠᠨ ᠣᠪᠣᠷ᠎ᠢᠶᠠᠨ ᠡᠷᠡᠰ ᠪᠠᠲᠤ ᠢᠯᠡᠳᠭᠡᠭᠡᠳ ᠬᠠᠷᠢᠨ ᠪᠣᠳᠠᠲᠠᠢ ᠠᠵᠢᠯ ᠬᠢᠬᠦ᠌ ᠦᠶ᠎ᠡ᠎ᠳᠦ ᠲᠠᠬᠢᠨ ᠤᠤᠯ᠎ᠤᠨ ᠬᠠᠭᠤᠴᠢᠨ ᠠᠪᠳᠠᠯ᠎ᠢᠶᠡᠨ ᠪᠠᠷᠢᠮᠲᠠᠯᠠᠵᠤ᠂ ᠮᠥᠨ ᠯᠡ ᠬᠠᠭᠤᠴᠢᠨ ᠦᠵᠡᠯᠲᠡ᠂ ᠬᠠᠭᠤᠴᠢᠨ ᠠᠷᠭ᠎ᠠ᠎ᠪᠠᠷ ᠠᠰᠠᠭᠤᠳᠠᠯ᠎ᠢ ᠪᠣᠳᠣᠯᠬᠢᠯᠠᠨ᠂ ᠠᠵᠢᠯ᠎ᠢᠶᠠᠨ ᠥᠷᠨᠢᠭᠦᠯᠵᠦ ᠪᠤᠯᠬᠤ ᠦᠭᠡᠢ᠃ ᠭᠠᠭ᠍ᠴᠠ ᠬᠦ᠌ ᠨᠠᠮ᠎ᠤᠨ ᠱᠢᠨ᠎ᠡ᠎ᠶ᠋ᠢ ᠡᠭᠦᠳᠬᠦ ᠤᠨᠤᠯ᠎ᠢᠶᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠬᠦ᠌᠎ᠶ᠋ᠢ ᠪᠠᠷᠢᠮᠲᠠᠯᠠᠵᠤ᠂ ᠰᠠᠢᠲᠤᠷ ᠤᠢᠯᠠᠭᠠᠵᠤ ᠲᠤᠭᠤᠷᠠᠲᠠᠯ᠎ᠠ ᠮᠡᠳᠡᠬᠦ᠂ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠢᠯᠠᠭᠠᠬᠤ ᠲᠠᠯ᠎ᠠ ᠪᠠᠷ ᠲᠠᠰᠤᠷᠠᠯᠲᠠ ᠦᠭᠡᠢ ᠬᠦᠴᠦᠯᠡᠵᠦ᠂ ᠰᠤᠷᠤᠯᠴᠠᠬᠤ ᠰᠡᠳᠬᠢᠬᠦ ᠬᠡᠷᠡᠭᠯᠡᠬᠦ ᠵᠢ ᠤᠶᠠᠯᠳᠤᠭᠤᠯᠬᠤ᠂ ᠮᠡᠳᠡᠬᠦ ᠢᠳᠡᠬᠡᠬᠦ ᠬᠢᠬᠦ ᠵᠢ ᠨᠢᠬᠡᠳᠬᠡᠬᠦ ᠲᠠᠯ᠎ᠠ ᠪᠡᠷ ᠦᠷᠭᠦᠯᠵᠢᠯᠡᠨ ᠴᠢᠨᠭᠭᠠᠳᠬᠠᠵᠤ᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ᠎ᠣᠢᠯᠠᠭᠠᠬᠤ ᠴᠢᠳᠠᠪᠤᠷᠢ᠂ ᠤᠯᠤᠰ᠎ᠲᠦᠷᠦ᠍᠎ᠶ᠋ᠢᠨ᠎ᠬᠡᠷᠡᠭ᠌ᠵᠢᠭᠦᠯᠬᠦ᠌ ᠴᠢᠳᠠᠪᠤᠷᠢ᠎ᠪᠠᠨ ᠦᠨᠡᠨ ᠬᠦ᠌ ᠳᠡᠭᠡᠭ᠌ᠰᠢᠯᠡᠭᠦᠯᠪᠡᠯ ᠪᠢᠳᠡ ᠰᠠᠶᠢ ᠡᠯ᠎ᠡ ᠵᠦᠢᠯ᠎ᠦᠨ ᠱᠢᠯᠭᠠᠯᠲᠠ᠎ᠶ᠋ᠢ ᠳᠠᠭᠠᠭᠠᠵᠤ᠂ ᠡᠯ᠎ᠡ ᠵᠦᠢᠯ᠎ᠦᠨ ᠠᠶᠤᠯ ᠲᠦᠭ᠌ᠰᠢᠭᠦᠷᠢ᠎ᠶ᠋ᠢ ᠠᠷᠢᠯᠭᠠᠬᠤ ᠪᠠ ᠢᠯᠠᠨ ᠳᠠᠪᠠᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠢ ᠲᠠᠰᠤᠷᠠᠯᠳᠠ ᠦᠭᠡᠢ ᠠᠬᠢᠭᠤᠯᠵᠤ ᠴᠢᠳᠠᠬᠤ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号