ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠡᠮᠴᠢᠯᠡᠬᠡᠨᠤᠶᠠᠪᠤᠳᠠᠯ ᠡᠮᠴᠢᠯᠡᠬᠡᠨ᠎ᠤ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠢᠨᠠᠨ ᠪᠠᠢᠴᠠᠭᠠᠬᠤ ᠲᠤᠰᠭᠠᠶ ᠲᠤᠱᠢᠶᠠᠯᠲᠠᠨ ᠭᠦᠸᠧ ᠶᠠᠨ ᠬᠣᠩ 30᠎ᠤ᠋ ᠡᠳᠦᠷ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠣᠳᠣᠬᠠᠨ᠎ᠳᠤ ᠮᠠᠨ᠎ᠤ ᠤᠯᠤᠰ᠎ᠤᠨ ᠪᠥᠭᠡᠮ ᠬᠦᠴᠢᠯ᠎ᠦᠨ ᠪᠠᠢᠴᠠᠭᠠᠯᠳᠠ ᠵᠢᠨ ᠪᠠᠢᠭᠤᠯᠤᠮᠵᠢ ᠨᠢᠭᠡᠨᠲᠡ 11581 ᠪᠣᠯᠵᠣ᠂ ᠨᠢᠳᠤᠨᠤᠨ᠎ᠤ 3 ᠰᠠᠷ᠎ᠠ ᠶ᠋ᠢᠨᠬᠢᠡᠴᠡ 4.6 ᠳᠠᠬᠢᠨ ᠨᠡᠮᠡᠭᠳᠡᠵᠡᠢ ᠭᠡᠪᠡ᠃
ᠭᠦᠸᠧ ᠶᠠᠨ ᠬᠣᠩ᠂ ᠣᠳᠣᠬᠠᠨ᠎ᠳᠤ ᠡᠳᠦᠷ ᠪᠦᠷᠢ᠎ᠶ᠋ᠢᠨ ᠪᠦᠬᠡᠮ ᠬᠦᠴᠢᠯ᠎ᠤᠨ ᠱᠢᠯᠭᠠᠨ ᠪᠠᠢᠴᠠᠭᠠᠯᠳᠠ ᠬᠢᠵᠤ ᠳᠡᠢᠯᠬᠦ᠌ ᠲᠣᠭ᠎ᠠ ᠬᠡᠮᠵᠢᠶ᠎ᠡ 2910 ᠲᠦᠮᠡᠨ ᠬᠤᠪᠢ᠎ᠳᠤ ᠬᠦᠷᠴᠦ᠍᠂ ᠨᠢᠳᠤᠨᠤᠨ᠎ᠤ 3 ᠰᠠᠷ᠎ᠠ᠎ᠶ᠋ᠢᠨ ᠬᠢ᠎ᠡᠴᠡ 22.1 ᠳᠠᠬᠢᠨ ᠳᠡᠭᠡᠭ᠌ᠰᠢᠯᠡᠵᠡᠶ᠂ ᠬᠣᠯᠢᠮᠠᠭ ᠱᠢᠯᠭᠠᠨ ᠪᠠᠢᠴᠠᠭᠠᠯᠲᠠ᠎ᠶ᠋ᠢᠨ ᠠᠷᠭ᠎ᠠ᠎ᠪᠠᠷ ᠳᠡᠮᠵᠢᠨ᠂ ᠪᠦᠬᠦᠢᠯᠡ ᠱᠢᠯᠭᠠᠨ ᠪᠠᠢᠴᠠᠭᠠᠯᠲᠠ᠎ᠶ᠋ᠢᠨ ᠦᠷ᠎ᠡ ᠪᠦᠲᠦᠮᠵᠢ ᠪᠠ ᠴᠢᠳᠠᠪᠤᠷᠢ ᠨᠢ ᠪᠠᠰᠠ ᠳᠠᠬᠢᠨ᠎ᠢᠶᠠᠷ ᠨᠡᠮᠡᠭ᠌ᠳᠡᠵᠦ᠍ ᠴᠢᠳᠠᠨ᠎ᠠ ᠭᠡᠵᠡᠶ ᠭᠡᠵᠦ ᠲᠠᠨᠢᠯᠴᠠᠭᠤᠯᠪᠠ᠃
ᠪᠥᠭᠡᠮ ᠬᠦᠴᠢᠯ᠎ᠦᠨ ᠪᠠᠢᠴᠠᠭᠠᠯᠲᠠ᠎ᠨᠢ ᠬᠠᠯᠳᠠᠪᠤᠷᠢᠯᠠᠭ᠍ᠰᠠᠳᠢ ᠴᠠᠭ ᠲᠤᠬᠠᠶ᠎ᠳᠤᠨᠢ ᠢᠯᠡᠷᠡᠭᠦᠯᠬᠦ᠌᠂ ᠬᠠᠯᠳᠠᠪᠤᠷᠢᠯᠠᠬᠰᠠᠨ ᠬᠡᠪᠴᠢᠶ᠎ᠡ᠎ᠶ᠋ᠢ ᠲᠣᠭ᠍ᠲᠠᠭᠠᠬᠤ ᠵᠢᠴᠢ ᠬᠠᠯᠳᠠᠪᠤᠷᠢᠯᠠᠬᠤ ᠲᠦᠭ᠌ᠰᠢᠭᠦᠷᠢ᠎ᠶ᠋ᠢ ᠪᠠᠭᠤᠷᠠᠭᠤᠯᠬᠤ ᠵᠡᠷᠭᠡ ᠲᠠᠯ᠎ᠠ᠎ᠪᠠᠷ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠲᠠᠨᠢᠯᠴᠠᠭᠤᠯᠤᠭ᠍ᠰᠠᠨ᠎ᠢᠶᠠᠷ᠂ ᠪᠥᠭᠡᠮ ᠬᠦᠴᠢᠯ᠎ᠦᠨ ᠪᠠᠢᠴᠠᠭᠠᠯᠲᠠ ᠬᠢᠬᠦ ᠦᠶ᠋ᠯᠡᠴᠢᠯᠡᠭᠡ᠎ᠵᠢ ᠲᠥᠬᠥᠮ ᠦᠵᠡᠭᠦᠯᠬᠦ᠌ ᠬᠡᠮᠵᠢᠶ᠎ᠡ᠎ᠶ᠋ᠢ ᠤᠯᠠᠮ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠡᠴᠡ ᠪᠠᠢᠷᠢᠱᠢᠭᠤᠯᠤᠯᠲᠠ᠎ᠶ᠋ᠢ ᠵᠦᠶ ᠵᠣᠬᠢᠰᠲᠠᠶ ᠪᠣᠯᠭᠠᠬᠤ᠂ ᠮᠡᠳᠡᠭᠡ ᠵᠠᠩᠭᠢ᠎ᠶ᠋ᠢ ᠢᠯᠡ ᠪᠣᠯᠭᠠᠬᠤ᠂ ᠦᠶ᠋ᠯᠡᠴᠢᠯᠡᠭᠡ᠎ᠶ᠋ᠢ ᠨᠡᠩ ᠳᠥᠬᠦᠮ ᠪᠣᠯᠭᠠᠬᠤ ᠲᠠᠯ᠎ᠠ ᠪᠡᠷ ᠪᠤᠳᠠᠳᠠᠢ ᠠᠵᠢᠯ᠎ᠢ ᠥᠷᠨᠢᠭᠦᠯᠬᠦ ᠪᠤᠯᠤᠨ᠎ᠠ᠄ ᠣᠷᠣᠨ ᠨᠤᠲᠤᠭ᠎ᠤᠨ᠎ᠬᠢᠨ ᠲᠣᠭᠣᠷᠢᠭ ᠬᠣᠲᠠ ᠪᠠᠷ ᠨᠢᠭᠡᠴᠢ ᠪᠣᠯᠭᠠᠵᠤ᠂ ᠪᠥᠭᠡᠮ ᠬᠦᠴᠢᠯ ᠦᠨ ᠪᠠᠢᠴᠠᠭᠠᠯᠲᠠ ᠶ᠋ᠢᠨ ᠴᠡᠭ ᠲᠦ ᠲᠤᠤᠷᠵᠢᠭᠤᠯᠤᠭ᠍ᠰᠠᠨ ᠪᠠᠢᠷᠢᠱᠢᠭᠤᠯᠤᠯᠲᠠ ᠬᠢᠵᠦ᠍᠂ ᠠᠷᠠᠳ ᠣᠯᠠᠨ᠎ᠳᠤ ᠣᠢᠷ᠎ᠠ ᠬᠠᠪᠢᠳ᠋ᠠᠭᠠᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠦᠶ᠋ᠯᠡᠴᠢᠯᠡᠭᠡ ᠵᠢ ᠬᠦᠷᠳᠡᠵᠤ ᠴᠢᠳᠠᠬᠤ ᠪᠤᠯᠭᠠᠨ᠎ᠠ;ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠨᠢ ᠠᠯᠪᠠᠨ᠎ᠤ ᠰᠦᠯᠵᠢᠶ᠎ᠡ᠂ ᠰᠢᠯᠵᠢᠶ᠎ᠡ᠂ ᠵᠢᠷᠭᠢᠶ᠎ᠡ ᠣᠯᠠᠨ ᠨᠡᠢᠲᠡ᠎ᠶ᠋ᠢᠨ ᠲᠡᠪᠴᠡᠩ ᠵᠢᠴᠢ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠵᠢᠵᠢᠭ ᠫᠷᠤᠭ᠌ᠷᠠᠮ᠎ᠢᠶᠠᠷ ᠳᠠᠮᠵᠢᠭᠤᠯᠤᠨ ᠬᠠᠷᠢᠶ᠎ᠠ ᠣᠷᠣᠨ᠎ᠤ ᠳᠣᠲᠣᠷᠠᠬᠢ ᠪᠣᠶ ᠪᠥᠬᠥᠶ ᠪᠥᠭᠡᠮ ᠬᠦᠴᠢᠯ᠎ᠤᠨ ᠪᠠᠢᠴᠠᠭᠠᠯᠳᠠ ᠬᠢᠬᠦ ᠪᠠᠢᠭᠤᠯᠤᠮᠵᠢ᠎ᠶ᠋ᠢᠨ ᠨᠡᠷᠡᠢᠳᠦᠯ᠂ ᠠᠵᠢᠯᠯᠠᠬᠤ ᠴᠠᠭ ᠵᠡᠷᠭᠡ᠎ᠶ᠋ᠢ ᠨᠡᠢᠭᠡᠮ ᠨᠡᠢᠲᠡ ᠳᠦ ᠢᠯᠡ ᠨᠡᠢᠲᠡᠯᠡᠨᠠ; ᠪᠥᠭᠡᠮ ᠬᠦᠴᠢᠯ᠎ᠤᠨ ᠪᠠᠢᠴᠠᠭᠠᠯᠳᠠ ᠬᠢᠬᠦ ᠪᠠᠢᠭᠤᠯᠤᠮᠵᠢ ᠨᠢ ᠨᠡᠢᠭᠡᠮ ᠨᠡᠢᠳᠡ᠎ᠳᠦ 24 ᠴᠠᠭ᠎ᠤᠨ ᠪᠠᠢᠴᠠᠭᠠᠨ ᠱᠢᠯᠭᠠᠬᠤᠦᠶ᠋ᠯᠡᠴᠢᠯᠡᠭᠡᠬᠠᠩᠭᠠᠵᠤ᠂ 《ᠪᠠᠢᠴᠠᠭᠠᠬᠤ ᠶᠣᠰᠣᠲᠠᠶ ᠶ᠋ᠢ ᠨᠢ ᠪᠦᠬᠦᠨ ᠢ ᠪᠠᠢᠴᠠᠭᠠᠬᠤ》᠂ 《ᠪᠠᠢᠴᠠᠭᠠᠬᠤ ᠳᠤᠷᠠᠲᠠᠶᠶ᠋ᠢᠨᠢ ᠪᠦᠬᠦᠨ᠎ᠢ ᠪᠠᠢᠴᠠᠭᠠᠬᠤ》 ᠬᠥᠮᠦᠰ᠎ᠲᠦ 6 ᠴᠠᠭ᠎ᠤᠨ ᠳᠣᠲᠣᠷ᠎ᠠ ᠦᠷ᠎ᠡ ᠳ᠋ᠦᠩ᠎ᠢ᠎ᠨᠢ ᠬᠠᠷᠢᠭᠤ ᠲᠤᠰᠭᠠᠬᠤ᠎ᠪᠠᠷ ᠴᠢᠷᠮᠠᠢᠨ᠎ᠠ᠃
ᠭᠦᠸᠧ ᠶᠠᠨ ᠬᠣᠩ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ᠎ᠲᠠᠶ ᠤᠶᠠᠯᠳᠤᠭᠤᠯᠤᠨ᠂ ᠬᠡᠰᠡᠭ ᠭᠠᠵᠠᠷ ᠣᠷᠣᠨ᠎ᠳᠤ ᠵᠤᠬᠢᠰᠳᠠᠢ ᠴᠠᠭ᠎ᠲᠤ ᠰᠤᠭᠤᠴᠢᠨ ᠪᠠᠢᠴᠠᠭᠠᠯᠲᠠ ᠬᠢᠵᠦ᠍᠂ ᠪᠥᠭᠡᠮ ᠬᠦᠴᠢᠯ᠎ᠦᠨ ᠪᠠᠢᠴᠠᠭᠠᠯᠲᠠ ᠵᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠭ᠌ᠰᠡᠨ ᠪᠠᠢᠳᠠᠯ ᠵᠢᠴᠢ ᠪᠠᠢᠴᠠᠭᠠᠯᠲᠠ᠎ᠶ᠋ᠢ ᠱᠢᠯᠢᠳᠡᠭ᠌ᠵᠢᠭᠦᠯᠦᠭ᠌ᠰᠡᠨ ᠪᠠᠢᠳᠠᠯ᠎ᠢ ᠭᠤᠤᠯᠳᠠᠯᠭ᠎ᠠ᠎ᠲᠠᠶ ᠪᠠᠢᠴᠠᠭᠠᠨ᠎ᠠ ᠭᠡᠵᠦ ᠢᠯᠡᠳᠭᠡᠪᠡ᠃
(ᠱᠢᠨᠬᠤᠸᠠ ᠬᠣᠷᠢᠶᠠᠨ᠎ᠤ ᠪᠡᠭᠡᠵᠢᠩ᠎ᠦᠨ 10 ᠰᠠᠷ᠎ᠠ᠎ᠶ᠋ᠢᠨ 30 ᠤ᠋ ᠴᠠᠬᠢᠯᠭᠠᠨ ᠮᠡᠳᠡᠭᠡ)