ᠨᠠᠮ᠎ᠤᠨ ᠲᠥᠪ ᠬᠤᠷᠢᠶᠠᠨ᠎ᠤ ᠨᠢᠭᠡᠳᠦᠯᠲᠡᠢ ᠪᠠᠢᠷᠢᠯᠠᠭᠤᠯᠤᠯᠲᠠ᠎ᠶ᠋ᠢ ᠦᠨᠳᠦᠰᠦᠯᠡᠨ᠂ 2020 ᠣᠨ᠎ᠤ᠋ 10 ᠰᠠᠷ᠎ᠠ᠎ᠶ᠋ᠢᠨ 10 ᠤ᠋ ᠡᠳᠦᠷ᠎ᠡᠴᠡ 12 ᠰᠠᠷ᠎ᠠ᠎ᠶ᠋ᠢᠨ 20 ᠤ᠋ ᠡᠳᠦᠷ ᠪᠣᠯᠲᠠᠯ᠎ᠠ᠂ ᠲᠥᠪ᠎ᠦ᠋ᠨ ᠨᠠᠢ᠍ᠮᠠᠳᠤᠭᠠᠷ ᠲᠣᠭᠣᠷᠢᠨ ᠪᠠᠢᠴᠠᠭᠠᠬᠤ ᠳᠤᠭᠤᠢᠯᠠᠩ᠎ᠦᠨ ᠬᠢᠨ ᠥᠪᠥᠷ ᠮᠣᠩᠭᠣᠯ᠎ᠤ᠋ᠨ ᠥᠪᠡᠷᠲᠡᠭᠡᠨ ᠵᠠᠰᠠᠬᠤ ᠣᠷᠣᠨ᠎ᠳ᠋ᠤ᠌ ᠪᠠᠢᠩᠭᠤ᠎ᠶ᠋ᠢᠨ ᠲᠣᠭᠣᠷᠢᠨ ᠪᠠᠢᠴᠠᠭᠠᠯᠲᠠ ᠥᠷᠨᠢᠭᠦᠯᠪᠡ᠃ 2021 ᠣᠨ᠎ᠤ᠋ 2 ᠰᠠᠷ᠎ᠠ᠎ᠶ᠋ᠢᠨ 5 ᠤ᠋ ᠡᠳᠦᠷ᠂ ᠲᠥᠪ᠎ᠦ᠋ᠨ ᠲᠣᠭᠣᠷᠢᠨ ᠪᠠᠢᠴᠠᠭᠠᠬᠤ ᠳᠤᠭᠤᠢᠯᠠᠩᠠ᠋ᠴᠠ ᠥᠪᠥᠷ ᠮᠣᠩᠭᠣᠯ᠎ᠤ᠋ᠨ ᠥᠪᠡᠷᠲᠡᠭᠡᠨ ᠵᠠᠰᠠᠬᠤ ᠣᠷᠣᠨ᠎ᠤ᠋ ᠨᠠᠮ᠎ᠤ᠋ᠨ ᠬᠣᠷᠢᠢᠠᠳ᠋ᠤ᠌ ᠲᠣᠭᠣᠷᠢᠨ ᠪᠠᠢᠴᠠᠭᠠᠭᠰᠠᠨ ᠰᠠᠨᠠᠯᠢ᠋ᠶ᠋ᠠᠨ ᠬᠠᠷᠢᠭᠤ ᠳᠤᠰᠬᠠᠵᠠᠢ᠃ ᠤᠳᠤ ᠲᠣᠭᠣᠷᠢᠨ ᠪᠠᠢᠴᠠᠭᠠᠬᠤ ᠠᠵᠢᠯ᠎ᠤ᠋ᠨ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠲᠣᠭᠣᠷᠢᠨ ᠪᠠᠢᠴᠠᠭᠠᠯᠳᠠ ᠵᠢᠨ ᠬᠠᠷᠢᠭᠤ ᠳᠤᠰᠬᠠᠭᠰᠠᠨ ᠰᠠᠨᠠᠯ ᠵᠢᠡᠷ ᠴᠡᠭᠴᠡᠯᠡᠨ ᠰᠠᠢᠵᠢᠷᠠᠭᠤᠯᠤᠭᠰᠠᠨ ᠠᠬᠢᠴᠠ᠎ᠶ᠋ᠢᠨ ᠪᠠᠢᠳᠠᠯ᠎ᠤᠨ ᠳᠤᠬᠠᠢ ᠨᠡᠢᠲᠡᠯᠡᠰᠦᠭᠡᠢ᠃
ᠨᠢᠭᠡ᠂ ᠤᠯᠤᠰ ᠲᠥᠷᠥ᠎ᠶ᠋ᠢᠨ ᠬᠠᠷᠢᠭᠤᠴᠠᠯᠭ᠎ᠠ ᠶ᠋ᠢ ᠡᠷᠡᠰ ᠡᠭᠦᠷᠭᠡᠯᠡᠵᠦ᠂ ᠲᠣᠭᠣᠷᠢᠨ ᠪᠠᠢᠴᠠᠭᠠᠯᠳᠠ ᠵᠢᠨ ᠬᠠᠷᠢᠭᠤ ᠳᠤᠰᠬᠠᠭᠰᠠᠨ ᠰᠠᠨᠠᠯ ᠵᠢᠡᠷ ᠴᠡᠭᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠬᠤ ᠤᠯᠤᠰ ᠲᠥᠷᠥ ᠵᠢᠨ ᠤᠬᠠᠮᠰᠠᠷ᠂ ᠦᠵᠡᠯ ᠰᠠᠨᠠᠭᠠᠨ᠎ᠤ᠋ ᠤᠬᠠᠮᠰᠠᠷ᠂ ᠦᠢᠯᠡ ᠠᠵᠢᠯᠯᠠᠭ᠎ᠠ᠎ᠶ᠋ᠢᠨ ᠤᠬᠠᠮᠰᠠᠷᠢ᠋ᠶ᠋ᠠᠨ ᠦᠨᠡᠨ ᠬᠦ᠌ ᠴᠢᠩᠭᠠᠳᠭᠠᠪᠠ
ᠲᠥᠪ᠎ᠦ᠋ᠨ ᠲᠣᠭᠣᠷᠢᠨ ᠪᠠᠢᠴᠠᠭᠠᠯᠲᠠ ᠪᠤᠯ ᠥᠪᠥᠷ ᠮᠣᠩᠭᠣᠯ᠎ᠤ᠋ᠨ ᠨᠠᠮ᠎ᠤ᠋ᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠨᠠᠮ᠎ᠤ᠋ᠨ ᠪᠠᠢᠭᠤᠯᠤᠯᠲᠠ᠎ᠶ᠋ᠢ ᠴᠢᠩᠭᠠᠳᠭᠠᠬᠤ᠂ ᠪᠦᠬᠦ ᠲᠠᠯ᠎ᠠ ᠪᠠᠷ ᠨᠠᠮᠢ᠋ ᠴᠢᠩᠭ᠎ᠠ ᠵᠠᠰᠠᠬᠤ᠎ᠶ᠋ᠢ ᠠᠬᠢᠭᠤᠯᠬᠤ ᠲᠤᠬᠠᠢ ᠨᠢᠭᠡᠨ ᠤᠳᠠᠭ᠎ᠠ᠎ᠶ᠋ᠢᠨ ᠤᠯᠤᠰ ᠲᠥᠷᠥ᠎ᠶ᠋ᠢᠨ ᠪᠡᠶ᠎ᠡ ᠵᠢᠨ ᠪᠠᠢᠴᠠᠭᠠᠯᠲᠠ ᠪᠠ 《ᠰᠤᠳᠠᠯ ᠪᠠᠷᠢᠵᠤ ᠣᠨᠣᠱᠢᠯᠠᠬᠰᠠᠨ》 ᠶᠠᠪᠤᠳᠠᠯ ᠪᠣᠯᠤᠨ᠎ᠠ᠂ ᠮᠥᠨ ᠴᠥ᠍ ᠥᠪᠡᠷᠲᠡᠭᠡᠨ ᠵᠠᠰᠠᠬᠤ ᠣᠷᠣᠨ᠎ᠤ᠋ ᠨᠠᠮ᠎ᠤ᠋ᠨ ᠬᠣᠷᠢᠶᠠᠨ᠎ᠤ ᠤᠳᠤᠷᠢᠳᠬᠤ ᠪᠠᠭ᠂ ᠪᠦᠬᠦ ᠣᠷᠣᠨ᠎ᠤ᠋ ᠡᠯ᠎ᠡ ᠱᠠᠲᠤᠨ᠎ᠤ᠋ ᠨᠠᠮ᠎ᠤ᠋ᠨ ᠵᠣᠬᠢᠶᠠᠨ ᠪᠠᠢᠭᠤᠯᠤᠯᠲᠠ ᠪᠣᠯᠤᠨ ᠨᠠᠮ᠎ᠤ᠋ᠨ ᠭᠡᠱᠢᠭᠦᠨ ᠺᠠᠳ᠋ᠷᠴᠤᠳ ᠲᠤ᠌ ᠬᠢᠭᠰᠡᠨ ᠨᠢᠭᠡ ᠤᠳᠠᠭ᠎ᠠ᠎ᠶ᠋ᠢᠨ ᠨᠠᠮᠴᠢ ᠴᠢᠨᠠᠷ᠎ᠤ᠋ᠨ ᠤᠬᠢᠶᠠᠯ ᠪᠠ ᠰᠡᠷᠡᠮᠵᠢᠯᠡᠭᠦᠯᠬᠦ ᠬᠥᠮᠦᠵᠢᠯ ᠪᠤᠯᠤᠨ᠎ᠠ᠂ ᠡᠨᠡ ᠨᠢ ᠱ᠋ᠢ ᠵᠢᠨ ᠫᠢᠩ ᠨᠥᠬᠥᠷ ᠵᠢᠡᠷ ᠭᠣᠣᠯ ᠪᠣᠯᠭᠠᠭᠰᠠᠨ ᠨᠠᠮ᠎ᠤ᠋ᠨ ᠲᠥᠪ ᠬᠣᠷᠢᠢ᠎ᠠ ᠠ᠋ᠴᠠ ᠥᠪᠥᠷ ᠮᠣᠩᠭᠣᠯ᠎ᠤ᠋ᠨ ᠠᠵᠢᠯ᠎ᠢ᠋ ᠳᠡᠭᠡᠳᠦ ᠬᠡᠮᠵᠢᠢ᠎ᠡ ᠪᠡᠷ ᠴᠢᠬᠤᠯᠠᠴᠢᠯᠠᠵᠤ ᠪᠠᠢᠬᠤ ᠪᠠ ᠪᠦᠬᠦ ᠣᠷᠣᠨ᠎ᠤ᠋ ᠦᠨᠳᠦᠰᠦᠲᠡᠨ᠎ᠨᠦ᠍ᠭᠦᠳ᠎ᠦ᠋ᠨ ᠠᠷᠠᠳ ᠲᠦᠮᠡᠨ᠎ᠢ᠋ ᠳᠣᠲᠣᠨᠣ ᠪᠠᠷ ᠬᠠᠯᠠᠮᠵᠢᠯᠠᠵᠤ ᠪᠠᠢᠬᠤ᠎ᠶ᠋ᠢ ᠭᠦᠢᠴᠡᠳ ᠬᠠᠷᠠᠭᠤᠯᠵᠠᠢ᠃ ᠲᠥᠪ᠎ᠦ᠋ᠨ ᠲᠣᠭᠣᠷᠢᠨ ᠪᠠᠢᠴᠠᠭᠠᠯᠲᠠ᠎ᠶ᠋ᠢᠨ ᠬᠠᠷᠢᠭᠤ ᠲᠤᠰᠭᠠᠭᠰᠠᠨ ᠰᠠᠨᠠᠯ ᠨᠢ ᠦᠨᠡᠨ ᠡᠴᠡ ᠵᠥᠪᠢ᠋ ᠡᠷᠢᠵᠦ᠂ ᠪᠤᠰᠤᠳᠴᠢ ᠪᠥᠭᠡᠳ ᠣᠨᠣᠴᠠᠲᠠᠢ ᠪᠠᠢᠵᠤ᠂ ᠠᠮᠢᠨ ᠭᠠᠵᠠᠷ᠎ᠢ᠋ ᠣᠨᠣᠭᠠᠪᠠ᠂ ᠥᠪᠡᠷᠲᠡᠭᠡᠨ ᠵᠠᠰᠠᠬᠤ ᠣᠷᠣᠨ᠎ᠤ᠋ ᠨᠠᠮ᠎ᠤ᠋ᠨ ᠬᠣᠷᠢᠶ᠎ᠠ ᠴᠢᠩ ᠦᠨᠡᠨᠴᠢ ᠪᠡᠷ ᠪᠦᠬᠦᠨ᠎ᠢ᠋ ᠬᠦᠯᠢᠶᠡᠨ ᠠᠪᠴᠤ᠂ ᠲᠣᠭᠣᠷᠢᠨ ᠪᠠᠢᠴᠠᠭᠠᠯᠳᠠ ᠵᠢᠨ ᠬᠠᠷᠢᠭᠤ ᠳᠤᠰᠬᠠᠭᠰᠠᠨ ᠰᠠᠨᠠᠯ ᠵᠢᠡᠷ ᠴᠡᠭᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠬᠤ᠎ᠶ᠋ᠢ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠨ᠂ ᠨᠠᠮᠢ᠋ ᠬᠠᠮᠢᠶᠠᠷᠴᠤ ᠨᠠᠮᠢ᠋ ᠵᠠᠰᠠᠬᠤ᠎ᠶ᠋ᠢ ᠨᠥᠯᠥᠭᠡᠯᠡᠬᠦ ᠦᠨᠳᠦᠰᠦᠨ ᠴᠢᠨᠠᠷᠲᠠᠢ ᠪᠦᠬᠦ ᠲᠠᠯ᠎ᠠ ᠵᠢᠨ ᠴᠢᠨᠠᠷᠲᠠᠢ ᠠᠰᠠᠭᠤᠳᠠᠯ᠎ᠢ᠋ ᠱᠢᠢᠳᠪᠦᠷᠢᠯᠡᠬᠦ ᠵᠢᠨ ᠬᠦᠴᠦᠲᠡᠢ ᠭᠠᠷᠳᠠᠴᠠ ᠪᠣᠯᠭᠠᠵᠤ᠂《ᠬᠤᠶᠠᠷ᠎ᠢ ᠬᠠᠮᠠᠭᠠᠯᠠᠬᠤ》 ᠵᠢ ᠦᠢᠯᠡᠳᠦᠯᠭᠡᠵᠢᠭᠦᠯᠬᠦ ᠪᠣᠳᠠᠲᠤ ᠠᠵᠢᠯᠯᠠᠭ᠎ᠠ ᠪᠣᠯᠭᠠᠨ᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠬᠠᠪᠤᠷᠢᠯᠠᠬᠤ ᠴᠢᠳᠠᠪᠤᠷᠢ᠂ ᠤᠯᠤᠰ ᠲᠥᠷᠥ᠎ᠶ᠋ᠢᠨ ᠭᠦᠢᠴᠡᠳᠭᠡᠬᠦ ᠬᠦᠴᠦᠨ᠎ᠢ᠋ ᠴᠢᠩᠭᠠᠳᠭᠠᠵᠤ᠂ ᠨᠠᠷᠢᠨ ᠨᠢᠮᠪᠠᠢ ᠪᠠᠢᠷᠢᠯᠠᠭᠤᠯᠤᠨ ᠨᠠᠷᠢᠨ ᠨᠢᠮᠪᠠᠢ ᠵᠣᠬᠢᠶᠠᠨ ᠪᠠᠢᠭᠤᠯᠵᠤ᠂ ᠦᠨᠡᠨ ᠬᠦ᠌ ᠠᠳᠭᠤᠨ ᠦᠨᠡᠨ ᠬᠦ᠌ ᠰᠠᠢᠵᠢᠷᠠᠭᠤᠯᠵᠤ᠂ ᠴᠢᠩᠭ᠎ᠠ ᠱᠠᠯᠠᠪᠳᠠᠭᠤᠯᠤᠨ ᠪᠣᠳᠠᠲᠠᠢ ᠰᠠᠢᠵᠢᠷᠠᠭᠤᠯᠵᠤ᠂ ᠡᠯ᠎ᠡ ᠵᠦᠢᠯ᠎ᠦ᠋ᠨ ᠴᠡᠭᠴᠡᠯᠡᠨ ᠰᠠᠢᠵᠢᠷᠠᠭᠤᠯᠬᠤ ᠡᠭᠦᠷᠭᠡ᠎ᠶ᠋ᠢ ᠪᠣᠳᠠᠲᠠᠢᠳ᠋ᠤ᠌ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠪᠦᠬᠦ ᠬᠦᠴᠦᠨ ᠵᠢᠡᠷ ᠠᠬᠢᠭᠤᠯᠵᠠᠢ᠃
(ᠨᠢᠭᠡ)ᠤᠯᠤᠰ ᠲᠥᠷᠥ᠎ᠪᠡᠷ ᠬᠥᠲᠥᠯᠦᠨ ᠳᠠᠭᠠᠭᠤᠯᠬᠤ᠎ᠶ᠋ᠢ ᠪᠠᠷᠢᠮᠲᠠᠯᠠᠵᠤ᠂ ᠦᠵᠡᠯ ᠰᠠᠨᠠᠭᠠᠨ᠎ᠤ᠋ ᠴᠡᠭᠴᠡᠯᠡᠨ ᠰᠠᠢᠵᠢᠷᠠᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠪᠠ᠃ ᠥᠪᠡᠷᠲᠡᠭᠡᠨ ᠵᠠᠰᠠᠬᠤ ᠣᠷᠣᠨ᠎ᠤ᠋ ᠨᠠᠮ᠎ᠤ᠋ᠨ ᠬᠣᠷᠢᠶ᠎ᠠ ᠤᠯᠤᠰ ᠲᠥᠷᠥ᠎ᠶ᠋ᠢᠨ ᠲᠠᠯ᠎ᠠ ᠠ᠋ᠴᠠ ᠦᠵᠡᠵᠤ᠂ ᠤᠯᠤᠰ ᠲᠥᠷᠥᠶ᠋ᠢᠨᠲᠠᠯᠠᠠ᠋ᠴᠠᠱᠢᠢᠳᠪᠦᠷᠢᠯᠡᠨ᠂ ᠤᠯᠤᠰ ᠲᠥᠷᠥᠶ᠋ᠢᠨᠲᠠᠯᠠᠠ᠋ᠴᠠ ᠰᠠᠢᠵᠢᠷᠠᠭᠤᠯᠬᠤ᠎ᠶ᠋ᠢ ᠪᠠᠷᠢᠮᠲᠠᠯᠠᠵᠤ᠂ ᠲᠥᠪ᠎ᠦ᠋ᠨ ᠲᠣᠭᠣᠷᠢᠨ ᠪᠠᠢᠴᠠᠭᠠᠯᠲᠠ᠎ᠶ᠋ᠢᠨ ᠬᠠᠷᠢᠭᠤ ᠲᠤᠰᠭᠠᠭᠰᠠᠨ ᠰᠠᠨᠠᠯ ᠲᠠᠢ ᠪᠦᠬᠦ ᠲᠠᠯ᠎ᠠ᠎ᠪᠠᠷ ᠬᠠᠷᠢᠴᠠᠭᠤᠯᠵᠤ᠂ ᠶᠡᠷᠦᠩᠬᠡᠢ ᠱᠦᠵᠢ ᠱ᠋ᠢ ᠵᠢᠨ ᠫᠢᠩᠦ᠋ᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤ᠋ᠨ ᠲᠥᠪ ᠬᠣᠷᠢᠶᠠᠨ᠎ᠤ ᠡᠯ᠎ᠡ ᠵᠦᠢᠯ᠎ᠦ᠋ᠨ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠠᠢ ᠪᠠᠷᠢᠮᠵᠢᠶᠠᠯᠠᠨ ᠬᠠᠷᠭᠤᠭᠤᠯᠵᠤ᠂ ᠤᠯᠤᠰ ᠲᠥᠷᠥ ᠵᠢᠨ ᠲᠠᠯ᠎ᠠ ᠠ᠋ᠴᠠ ᠵᠥᠷᠢᠢ᠎ᠡ᠎ᠶ᠋ᠢ ᠡᠷᠢᠵᠦ᠂ ᠤᠳᠤᠷᠢᠳᠤᠯᠭ᠎ᠠ ᠵᠢᠨ ᠲᠠᠯ᠎ᠠ ᠠ᠋ᠴᠠ ᠬᠠᠷᠢᠭᠤᠴᠠᠯᠭ᠎ᠠ᠎ᠶ᠋ᠢ ᠡᠷᠢᠵᠦ᠂ ᠦᠵᠡᠯ ᠰᠠᠨᠠᠭᠠᠨ᠎ᠤ᠋ ᠲᠠᠯ᠎ᠠ ᠠ᠋ᠴᠠ ᠡᠬᠢ ᠦᠨᠳᠦᠰᠦ ᠵᠢ ᠡᠷᠢᠵᠦ᠂ ᠨᠠᠢᠳᠠᠪᠤᠷᠢᠵᠢᠭᠤᠯᠤᠯᠲᠠᠶ᠋ᠢᠨᠲᠠᠯᠠᠠ᠋ᠴᠠᠵᠥᠷᠢᠢᠡᠶ᠋ᠢ ᠡᠷᠢᠵᠦ᠂ ᠠᠰᠠᠭᠤᠳᠠᠯ᠎ᠢ᠋ ᠦᠨᠳᠦᠰᠦ᠎ᠡᠴᠡ ᠨᠢᠲᠤᠢᠯᠪᠤᠷᠢᠲᠠᠢ ᠥᠭᠡᠷᠡᠴᠢᠯᠡᠵᠦ᠂ ᠲᠤᠭᠤᠰᠢᠲᠠᠢ ᠥᠭᠡᠷᠡᠴᠢᠯᠡᠬᠦ ᠪᠡᠷ ᠴᠢᠷᠮᠠᠢᠪᠠ᠃ ᠥᠪᠡᠷᠲᠡᠭᠡᠨ ᠵᠠᠰᠠᠬᠤ ᠣᠷᠣᠨ᠎ᠤ᠋ ᠨᠠᠮ᠎ᠤ᠋ᠨ ᠬᠣᠷᠢᠶ᠎ᠠ ᠤᠷᠢᠳ ᠬᠣᠵᠢᠳ ᠪᠠᠢᠩᠭᠤ᠎ᠶ᠋ᠢᠨ ᠬᠣᠷᠢᠶᠠᠨ᠎ᠤ ᠬᠤᠷᠠᠯ᠂ ᠣᠨᠣᠯ ᠰᠤᠷᠤᠯᠴᠠᠬᠤ ᠭᠣᠣᠯ ᠳᠤᠭᠤᠢᠯᠠᠩ᠎ᠤ᠋ᠨ ᠰᠤᠷᠤᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢᠱ᠋ᠢ ᠵᠢᠨ ᠫᠢᠩ᠎ᠦᠨ ᠲᠣᠭᠣᠷᠢᠨ ᠪᠠᠢᠴᠠᠭᠠᠬᠤ ᠠᠵᠢᠯ᠎ᠤ᠋ᠨ ᠲᠤᠬᠠᠢ ᠴᠢᠬᠤᠯᠠ ᠥᠭᠦᠯᠡᠯᠲᠡ ᠪᠣᠯᠤᠨ ᠲᠥᠪ᠎ᠦ᠋ᠨ ᠵᠢᠷᠭᠤᠳᠤᠭᠠᠷ ᠡᠭᠡᠯᠵᠢ᠎ᠶ᠋ᠢᠨ ᠲᠣᠭᠣᠷᠢᠨ ᠪᠠᠢᠴᠠᠭᠠᠭᠰᠠᠨ ᠶᠡᠷᠦᠩᠬᠡᠢ ᠪᠠᠢᠳᠠᠯ᠎ᠤ᠋ᠨ ᠬᠠᠷᠢᠭᠤ ᠮᠡᠳᠡᠭᠦᠯᠦᠯᠲᠡ᠎ᠶ᠋ᠢ ᠰᠣᠨᠣᠰᠬᠤ ᠦᠶ᠎ᠡ ᠵᠢᠨ ᠴᠢᠬᠤᠯᠠ ᠶᠠᠷᠢᠶᠠᠨᠤ᠋ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠲᠣᠭᠣᠷᠢᠨ ᠪᠠᠢᠴᠠᠭᠠᠯᠳᠠ ᠵᠢᠨ ᠬᠠᠷᠢᠭᠤ ᠳᠤᠰᠬᠠᠭᠰᠠᠨ ᠰᠠᠨᠠᠯ ᠵᠢᠡᠷ ᠴᠡᠭᠴᠡᠯᠡᠨ ᠰᠠᠢᠵᠢᠷᠠᠭᠤᠯᠬᠤ ᠵᠢᠨ ᠤᠯᠤᠰ ᠲᠥᠷᠥ ᠵᠢᠨ ᠠᠴᠢ ᠬᠣᠯᠪᠣᠭᠳᠠᠯ ᠪᠣᠯᠤᠨ ᠤᠯᠤᠰ ᠲᠥᠷᠥ᠎ᠶ᠋ᠢᠨ ᠬᠤᠪᠢ᠎ᠶ᠋ᠢᠨ ᠵᠢᠩᠦ᠋ᠨ ᠲᠤᠬᠠᠢ ᠣᠢᠯᠠᠭᠠᠯᠲᠠ ᠲᠠᠨᠢᠯᠲᠠ ᠪᠠᠨ ᠴᠢᠨᠠᠭᠱᠢᠳᠠ ᠭᠦᠨᠵᠡᠭᠡᠢᠷᠡᠭᠦᠯᠤᠨ᠂ ᠤᠯᠤᠰ ᠲᠥᠷᠥ᠎ᠶ᠋ᠢᠨ ᠲᠠᠯ᠎ᠠ ᠠ᠋ᠴᠠ ᠴᠡᠭᠴᠡᠯᠡᠨ ᠰᠠᠢᠵᠢᠷᠠᠭᠤᠯᠬᠤ᠎ᠶ᠋ᠢ ᠠᠳᠭᠤᠬᠤ ᠡᠷᠡᠰ ᠪᠠᠲᠤ ᠴᠢᠨᠠᠷ ᠪᠣᠯᠤᠨ ᠤᠬᠠᠮᠰᠠᠷᠲᠤ ᠴᠢᠨᠠᠷᠢ᠋ᠶ᠋ᠠᠨ ᠴᠢᠩᠭᠠᠳᠭᠠᠪᠠ᠃ ᠥᠪᠡᠷᠲᠡᠭᠡᠨ ᠵᠠᠰᠠᠬᠤ ᠣᠷᠣᠨ᠎ᠤ᠋ ᠨᠠᠮ᠎ᠤ᠋ᠨ ᠬᠣᠷᠢᠶᠠᠨ᠎ᠤ ᠪᠠᠢᠩᠭᠤ᠎ᠶ᠋ᠢᠨ ᠬᠣᠷᠢᠢ᠎ᠠ ᠲᠣᠭᠣᠷᠢᠨ ᠪᠠᠢᠴᠠᠭᠠᠯᠳᠠ ᠵᠢᠨ ᠬᠠᠷᠢᠭᠤ ᠳᠤᠰᠬᠠᠭᠰᠠᠨ ᠰᠠᠨᠠᠯ ᠵᠢᠡᠷ ᠴᠡᠭᠴᠡᠯᠡᠨ ᠰᠠᠢᠵᠢᠷᠠᠭᠤᠯᠬᠤ ᠲᠤᠰᠭᠠᠢ ᠰᠡᠳᠦᠪᠲᠦ ᠠᠷᠠᠳᠴᠢᠯᠠᠯ᠎ᠤ᠋ᠨ ᠠᠮᠢᠳᠤᠷᠠᠯ᠎ᠤ᠋ᠨ ᠬᠤᠷᠠᠯ ᠬᠤᠷᠠᠯᠳᠤᠭᠤᠯᠵᠤ᠂ ᠲᠥᠪ᠎ᠦ᠋ᠨ ᠲᠣᠭᠣᠷᠢᠨ ᠪᠠᠢᠴᠠᠭᠠᠯᠳᠠ ᠵᠢᠨ ᠬᠠᠷᠢᠭᠤ ᠳᠤᠰᠬᠠᠭᠰᠠᠨ ᠠᠰᠠᠭᠤᠳᠠᠯ᠎ᠢ᠋ ᠵᠤᠷᠪᠤᠰ ᠳᠠᠷᠠᠭᠠᠯᠠᠨ ᠬᠠᠷᠢᠴᠠᠭᠤᠯᠤᠨ ᠪᠠᠢᠴᠠᠭᠠᠵᠤ᠂ ᠦᠨᠳᠦᠰᠦ ᠰᠤᠷᠪᠤᠯᠵᠢ᠎ᠶ᠋ᠢ ᠨᠢ ᠭᠦᠨᠵᠡᠭᠡᠢ ᠵᠠᠳᠠᠯᠤᠨ᠂ ᠴᠡᠭᠴᠡᠯᠡᠨ ᠰᠠᠢᠵᠢᠷᠠᠭᠤᠯᠬᠤ ᠴᠢᠭᠯᠡᠯ᠎ᠢ᠋ ᠲᠣᠳᠣᠷᠬᠠᠢᠯᠠᠵᠤ᠂ ᠲᠣᠭᠣᠷᠢᠨ ᠪᠠᠢᠴᠠᠭᠠᠯᠳᠠ ᠵᠢᠨ ᠬᠠᠷᠢᠭᠤ ᠳᠤᠰᠬᠠᠭᠰᠠᠨ ᠰᠠᠨᠠᠯ ᠵᠢᠡᠷ ᠴᠡᠭᠴᠡᠯᠡᠨ ᠰᠠᠢᠵᠢᠷᠠᠭᠤᠯᠬᠤ ᠠᠵᠢᠯ᠎ᠢ᠋ ᠥᠨᠳᠥᠷ ᠪᠠᠷᠢᠮᠵᠢᠶ᠎ᠠ ᠪᠠᠷ ᠥᠨᠳᠥᠷ ᠦᠷ᠎ᠡ ᠪᠦᠲᠦᠮᠵᠢᠲᠡᠢ ᠴᠢᠨᠠᠷ ᠰᠠᠢᠲᠠᠢ ᠥᠷᠨᠢᠭᠦᠯᠬᠦ᠎ᠶ᠋ᠢ ᠲᠡᠢᠴᠢᠯᠡᠵᠡᠢ᠃
(ᠬᠣᠶᠠᠷ)ᠳᠡᠭᠡᠳᠦ ᠳᠣᠣᠷᠠᠲᠤ ᠱᠠᠲᠤ ᠪᠡᠷ ᠬᠣᠯᠪᠣᠭᠠᠯᠠᠨ ᠬᠥᠳᠡᠯᠦᠯᠴᠡᠬᠦ᠎ᠶ᠋ᠢ ᠪᠠᠷᠢᠮᠲᠠᠯᠠᠵᠤ᠂ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ ᠵᠢ ᠪᠦᠬᠦ ᠲᠠᠯ᠎ᠠ ᠪᠠᠷ ᠴᠢᠩᠭᠠᠳᠭᠠᠪᠠ᠃ ᠥᠪᠡᠷᠲᠡᠭᠡᠨ ᠵᠠᠰᠠᠬᠤ ᠣᠷᠣᠨ᠎ᠤ᠋ ᠨᠠᠮ᠎ᠤ᠋ᠨ ᠬᠣᠷᠢᠢᠠᠳ᠋ᠤ᠌ ᠨᠠᠮ᠎ᠤ᠋ᠨ ᠬᠣᠷᠢᠶᠠᠨ᠎ᠤ ᠱᠦᠵᠢ ᠪᠡᠷ ᠳᠤᠭᠤᠢᠯᠠᠩ᠎ᠤ᠋ᠨ ᠳᠠᠷᠤᠭ᠎ᠠ ᠪᠣᠯᠭᠠᠭᠰᠠᠨ ᠲᠣᠭᠣᠷᠢᠨ ᠪᠠᠢᠴᠠᠭᠠᠯᠳᠠ ᠵᠢᠨ ᠬᠠᠷᠢᠭᠤ ᠳᠤᠰᠬᠠᠭᠰᠠᠨ ᠰᠠᠨᠠᠯ ᠵᠢᠡᠷ ᠴᠡᠭᠴᠡᠯᠡᠨ ᠰᠠᠢᠵᠢᠷᠠᠭᠤᠯᠬᠤ ᠠᠵᠢᠯ᠎ᠤ᠋ᠨ ᠤᠳᠤᠷᠢᠳᠬᠤ ᠳᠤᠭᠤᠢᠯᠠᠩᠢ᠋ ᠪᠠᠢᠭᠤᠯᠵᠤ᠂ ᠠᠯᠪᠠᠨ ᠭᠡᠷ ᠪᠤᠯᠤᠨ 13 ᠲᠤᠰᠭᠠᠢ ᠴᠡᠭᠴᠡᠯᠡᠵᠦ ᠰᠠᠢᠵᠢᠷᠠᠭᠤᠯᠬᠤ ᠳᠤᠭᠤᠢᠯᠠᠩ ᠲᠣᠬᠢᠷᠠᠭᠤᠯᠵᠤ᠂ ᠬᠣᠯᠪᠣᠭᠳᠠᠯ ᠪᠦᠬᠦᠢ ᠪᠠᠢᠩᠭᠤ᠎ᠶ᠋ᠢᠨ ᠬᠣᠷᠢᠶᠠᠨ᠎ᠤ ᠨᠥᠬᠥᠳ ᠲᠤᠰ ᠲᠤᠰ ᠲᠦᠷᠦᠭᠦᠯᠡᠨ ᠬᠠᠷᠢᠭᠤᠴᠠᠵᠤ᠂ ᠲᠤᠰᠭᠠᠢ ᠲᠥᠷᠥᠯ ᠵᠢᠡᠷ ᠠᠬᠢᠭᠤᠯᠬᠤ᠂ ᠲᠤᠰᠭᠠᠢ ᠠᠩᠭᠢ ᠪᠠᠷ ᠨᠠᠢᠳᠠᠪᠤᠷᠢᠵᠢᠭᠤᠯᠬᠤ᠎ᠶ᠋ᠢ ᠬᠡᠷᠡᠭᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ᠋ ᠨᠠᠮ᠎ᠤ᠋ᠨ ᠬᠣᠷᠢᠢ᠎ᠠ ᠤᠷᠢᠳ ᠬᠣᠵᠢᠳ 4 ᠤᠳᠠᠭ᠎ᠠ ᠪᠠᠢᠩᠭᠤ᠎ᠶ᠋ᠢᠨ ᠬᠤᠷᠢᠶᠠᠨ᠎ᠤ ᠬᠤᠷᠠᠯ ᠵᠢᠴᠢ ᠲᠣᠭᠣᠷᠢᠨ ᠪᠠᠢᠴᠠᠭᠠᠯᠳᠠ ᠵᠢᠨ ᠬᠠᠷᠢᠭᠤ ᠳᠤᠰᠬᠠᠭᠰᠠᠨ ᠰᠠᠨᠠᠯ ᠵᠢᠡᠷ ᠴᠡᠭᠴᠡᠯᠡᠨ ᠰᠠᠢᠵᠢᠷᠠᠭᠤᠯᠬᠤ᠎ᠶ᠋ᠢ ᠨᠠᠢᠳᠠᠪᠤᠷᠢᠵᠢᠭᠤᠯᠬᠤ ᠤᠳᠤᠷᠢᠳᠬᠤ ᠳᠤᠭᠤᠢᠯᠠᠩ᠎ᠤ᠋ᠨ ᠬᠤᠷᠠᠯ ᠬᠤᠷᠠᠯᠳᠤᠭᠤᠯᠵᠤ᠂ ᠪᠦᠬᠦ ᠣᠷᠣᠨ᠎ᠤ᠋ ᠲᠣᠭᠣᠷᠢᠨ ᠪᠠᠢᠴᠠᠭᠠᠯᠳᠠ ᠵᠢᠨ ᠬᠠᠷᠢᠭᠤ ᠳᠤᠰᠬᠠᠭᠰᠠᠨ ᠰᠠᠨᠠᠯ ᠵᠢᠡᠷ ᠴᠡᠭᠴᠡᠯᠡᠨ ᠰᠠᠢᠵᠢᠷᠠᠭᠤᠯᠬᠤ ᠶ᠋ᠢ ᠨᠠᠢᠳᠠᠪᠤᠷᠢᠵᠢᠭᠤᠯᠬᠤ ᠳᠠᠢᠴᠢᠯᠠᠯᠲᠠ ᠪᠠᠢᠷᠢᠯᠠᠭᠤᠯᠤᠯᠲᠠ ᠵᠢᠨ ᠬᠤᠷᠠᠯ ᠬᠤᠷᠠᠯᠳᠤᠭᠤᠯᠤᠨ᠂ ᠲᠣᠭᠣᠷᠢᠨ ᠪᠠᠢᠴᠠᠭᠠᠯᠳᠠ ᠵᠢᠨ ᠬᠠᠷᠢᠭᠤ ᠳᠤᠰᠬᠠᠭᠰᠠᠨ ᠰᠠᠨᠠᠯ ᠵᠢᠡᠷ ᠴᠡᠭᠴᠡᠯᠡᠨ ᠰᠠᠢᠵᠢᠷᠠᠭᠤᠯᠬᠤ ᠠᠵᠢᠯ᠎ᠢ᠋ ᠰᠤᠳᠤᠯᠤᠨ ᠪᠠᠢᠷᠢᠯᠠᠭᠤᠯᠬᠤ ᠪᠠ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠪᠦᠬᠦ ᠣᠷᠣᠨ᠎ᠤ᠋ ᠴᠡᠭᠴᠡᠯᠡᠨ ᠰᠠᠢᠵᠢᠷᠠᠭᠤᠯᠤᠯᠳᠠ᠎ᠶ᠋ᠢ ᠴᠢᠩᠭ᠎ᠠ ᠪᠣᠳᠠᠲᠠᠢ ᠪᠠᠷ ᠰᠠᠢᠲᠤᠷ ᠠᠳᠭᠤᠬᠤ᠎ᠶ᠋ᠢ ᠬᠥᠲᠥᠯᠦᠨ ᠳᠠᠭᠠᠭᠤᠯᠵᠤ ᠲᠡᠢᠴᠢᠯᠡᠵᠡᠢ᠃ ᠱᠢᠲᠡᠢ ᠹᠧᠩ ᠨᠥᠬᠥᠷ ᠤᠬᠠᠮᠰᠠᠷ ᠠ᠋ᠴᠠ᠎ᠪᠠᠨ ᠨᠢᠭᠡᠳᠦᠭᠡᠷ ᠬᠠᠷᠢᠭᠤᠴᠠᠯᠭᠠᠲᠠᠨᠤ᠋ ᠬᠠᠷᠢᠭᠤᠴᠠᠯᠭ᠎ᠠ ᠪᠠᠨ ᠭᠦᠢᠴᠡᠳᠭᠡᠵᠦ᠂ ᠲᠣᠭᠣᠷᠢᠨ ᠪᠠᠢᠴᠠᠭᠠᠯᠳᠠ ᠵᠢᠨ ᠬᠠᠷᠢᠭᠤ ᠳᠤᠰᠬᠠᠭᠰᠠᠨ ᠰᠠᠨᠠᠯ ᠵᠢᠡᠷ ᠴᠡᠭᠴᠡᠯᠡᠨ ᠰᠠᠢᠵᠢᠷᠠᠭᠤᠯᠬᠤ ᠶᠡᠷᠦᠩᠬᠡᠢ ᠬᠠᠷᠢᠭᠤᠴᠠᠯᠭ᠎ᠠ᠎ᠶ᠋ᠢ ᠡᠭᠦᠷᠭᠡᠯᠡᠨ᠂ ᠪᠦᠬᠦ ᠬᠦᠴᠦᠨ ᠵᠢᠡᠷ ᠠᠳᠭᠤᠵᠤ᠂ ᠪᠦᠬᠦ ᠲᠠᠯ᠎ᠠ ᠪᠠᠷ ᠠᠳᠭᠤᠨ᠂ ᠪᠦᠬᠦ ᠶᠠᠪᠤᠴᠠ ᠪᠠᠷ ᠠᠳᠭᠤᠵᠤ᠂ ᠴᠡᠭᠴᠡᠯᠡᠨ ᠰᠠᠢᠵᠢᠷᠠᠭᠤᠯᠬᠤ ᠲᠥᠰᠦᠯ᠎ᠢ᠋ ᠡᠷᠬᠢᠯᠡᠨ ᠰᠤᠳᠤᠯᠵᠤ᠂ ᠴᠡᠭᠴᠡᠯᠡᠨ ᠰᠠᠢᠵᠢᠷᠠᠭᠤᠯᠬᠤ ᠠᠵᠢᠯ᠎ᠢ᠋ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡᠳᠦᠭᠡᠷ ᠹᠷᠣᠨᠲ᠎ᠲᠤ᠌ ᠭᠦᠨᠵᠡᠭᠡᠢᠷᠡᠨ ᠵᠢᠭᠠᠨ ᠵᠢᠯᠣᠭᠣᠳᠴᠤ ᠬᠢᠨᠠᠨ ᠵᠢᠯᠣᠭᠣᠳᠴᠤ᠂ ᠭᠣᠣᠯᠳᠠᠯᠭ᠎ᠠ ᠲᠠᠢ ᠠᠰᠠᠭᠤᠳᠠᠯ ᠢ᠋ ᠦᠨᠡᠨ ᠬᠦ᠌ ᠱᠢᠢᠳᠪᠦᠷᠢᠯᠡᠪᠡ᠃ ᠪᠠᠢᠩᠭᠤ᠎ᠶ᠋ᠢᠨ ᠬᠤᠷᠢᠶᠠᠨ᠎ᠤ ᠪᠤᠰᠤᠳ ᠨᠥᠬᠥᠳ ᠪᠤᠯᠤᠨ ᠮᠣᠵᠢ᠎ᠶ᠋ᠢᠨ ᠱᠠᠲᠤᠨ᠎ᠤ᠋ ᠬᠣᠯᠪᠣᠭᠳᠠᠯ ᠪᠦᠬᠦᠢ ᠤᠳᠤᠷᠢᠳᠬᠤ ᠨᠥᠬᠥᠳ ᠰᠠᠨᠠᠭᠠᠴᠢᠯᠠᠭ᠎ᠠ ᠠ᠋ᠴᠠ ᠪᠠᠨ ᠡᠭᠦᠷᠭᠡ ᠡᠭᠦᠷᠭᠡᠯᠡᠨ ᠬᠠᠷᠢᠭᠤᠴᠠᠯᠭ᠎ᠠ ᠡᠭᠦᠷᠭᠡᠯᠡᠵᠦ᠂ ᠲᠦᠷᠦᠭᠦᠯᠡᠨ ᠠᠳᠭᠤᠵᠤ᠂ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠨᠠᠷᠢᠯᠢᠭᠵᠢᠭᠤᠯᠤᠨ᠂ ᠮᠥᠷᠳᠡᠨ ᠱᠠᠯᠠᠪᠳᠠᠭᠤᠯᠤᠨ ᠭᠦᠢᠴᠡᠳᠭᠡᠬᠦ᠎ᠵᠢ ᠴᠢᠩᠭᠠᠳᠭᠠᠵᠤ᠂ ᠴᠡᠭᠴᠡᠯᠡᠨ ᠰᠠᠢᠵᠢᠷᠠᠭᠤᠯᠬᠤ ᠡᠭᠦᠷᠭᠡ ᠵᠢ ᠪᠦᠬᠦ ᠬᠦᠴᠦᠨ ᠵᠢᠡᠷ ᠨᠠᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ᠋ ᠡᠯ᠎ᠡ ᠰᠠᠯᠠᠭ᠎ᠠ ᠮᠥᠴᠢᠷ ᠨᠢᠭᠡᠴᠢ ᠵᠢᠨ ᠬᠢᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠢᠳᠡᠪᠬᠢᠲᠡᠢ ᠠᠵᠢᠯᠯᠠᠵᠤ᠂ ᠥᠪᠡᠷᠲᠡᠭᠡᠨ ᠵᠠᠰᠠᠬᠤ ᠣᠷᠣᠨ᠎ᠤ᠋ ᠨᠠᠮ᠎ᠤ᠋ᠨ ᠬᠤᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠢᠵᠢᠷᠠᠭᠤᠯᠬᠤ ᠠᠵᠢᠯ᠎ᠢ᠋ ᠯᠠᠪᠳᠠᠭᠤᠨ ᠪᠠᠲᠤᠲᠠᠢ ᠠᠬᠢᠭᠤᠯᠵᠠᠢ᠃ ᠡᠯ᠎ᠡ ᠠᠢᠮᠠᠭ ᠬᠣᠲᠠᠴᠥᠮ ᠤᠳᠤᠷᠢᠳᠬᠤ ᠳᠤᠭᠤᠢᠯᠠᠩ ᠪᠠᠢᠭᠤᠯᠵᠤ᠂ ᠴᠡᠭᠴᠡᠯᠡᠨ ᠰᠠᠢᠵᠢᠷᠠᠭᠤᠯᠬᠤ ᠠᠵᠢᠯ᠎ᠤ᠋ᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ ᠵᠢ ᠴᠢᠩᠭᠠᠳᠭᠠᠨ᠂ ᠳᠡᠭᠡᠳᠦ ᠳᠣᠣᠷᠠᠲᠤ ᠱᠠᠲᠤᠪᠠᠷᠢ᠋ᠶ᠋ᠠᠨ ᠬᠣᠯᠪᠣᠭᠠᠯᠠᠨ ᠬᠥᠳᠡᠯᠦᠯᠴᠡᠬᠦ᠂ ᠴᠤᠭ ᠵᠢᠡᠷ ᠠᠳᠭᠤᠨ ᠬᠠᠮᠲᠤ ᠪᠠᠷ ᠬᠠᠮᠢᠶᠠᠷᠬᠤ ᠠᠵᠢᠯ᠎ᠤ᠋ᠨ ᠪᠠᠢᠷᠢᠱᠢᠯᠢ᠋ ᠪᠣᠢ ᠪᠣᠯᠭᠠᠬᠤ᠎ᠶ᠋ᠢ ᠠᠬᠢᠭᠤᠯᠪᠠ᠃
(ᠭᠤᠷᠪᠠ)ᠥᠩᠭᠡᠨ ᠲᠠᠯ᠎ᠠ ᠪᠠ ᠡᠬᠢ ᠦᠨᠳᠦᠰᠦ ᠶ᠋ᠢ ᠵᠡᠷᠭᠡ ᠪᠡᠷ ᠵᠠᠰᠠᠬᠤ᠎ᠶ᠋ᠢ ᠪᠠᠷᠢᠮᠲᠠᠯᠠᠵᠤ᠂ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭᠠᠪᠠ᠃ ᠥᠪᠡᠷᠲᠡᠭᠡᠨ ᠵᠠᠰᠠᠬᠤ ᠣᠷᠣᠨ᠎ᠤ᠋ ᠨᠠᠮ᠎ᠤ᠋ᠨ ᠬᠣᠷᠢᠢ᠎ᠠ ᠤᠯᠤᠰ ᠲᠥᠷᠥ᠎ᠶ᠋ᠢᠨ ᠲᠣᠭᠣᠷᠢᠨ ᠪᠠᠢᠴᠠᠭᠠᠯᠲᠠ ᠵᠢᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠮᠡᠳᠡᠮᠡᠭᠴᠡ ᠬᠠᠯᠠᠨ ᠰᠠᠢᠵᠢᠷᠠᠭᠤᠯᠵᠤ᠂ ᠳᠠᠷᠤᠢ ᠳ᠋ᠤᠨᠢ ᠬᠡᠷᠡᠭᠵᠢᠭᠦᠯᠤᠨ ᠳᠠᠷᠤᠢᠳ᠋ᠤᠨᠢ ᠬᠠᠯᠠᠨ ᠰᠠᠢᠵᠢᠷᠠᠭᠤᠯᠵᠤ᠂ ᠪᠦᠬᠦ ᠲᠠᠯ᠎ᠠ ᠪᠠᠷ ᠴᠡᠭᠴᠡᠯᠡᠨ ᠰᠠᠢᠵᠢᠷᠠᠭᠤᠯᠵᠤ᠂ ᠲᠣᠭᠣᠷᠢᠨ ᠪᠠᠢᠴᠠᠭᠠᠯᠲᠠᠳ᠋ᠤ᠌ ᠢᠯᠡᠷᠡᠭᠦᠯᠦᠭᠰᠡᠨ ᠭᠣᠣᠯ ᠵᠥᠷᠢᠴᠡᠯ᠂ ᠳᠣᠪᠣᠢᠮ᠎ᠠ ᠠᠰᠠᠭᠤᠳᠠᠯ᠎ᠢ᠋ ᠲᠥᠪᠯᠡᠷᠡᠭᠦᠯᠦᠨ ᠱᠢᠢᠳᠪᠦᠷᠢᠯᠡᠬᠦ ᠮᠥᠷᠲᠡᠭᠡᠨ ᠨᠢᠭᠡ᠎ᠡᠴᠡ ᠨᠦᠬᠦᠬᠡ ᠵᠢ ᠵᠦᠢᠴᠢᠯᠡᠨ᠂ ᠳᠦᠷᠢᠮ᠎ᠢ᠋ ᠲᠡᠭᠦᠯᠳᠡᠷᠵᠢᠭᠦᠯᠵᠦ᠂ ᠵᠦᠢᠯ ᠪᠦᠷᠢ ᠵᠢ ᠲᠤᠢᠯᠪᠤᠷᠢᠲᠠᠢ ᠥᠭᠡᠷᠡᠴᠢᠯᠡᠵᠦ᠂ ᠵᠦᠢᠯ ᠪᠦᠷᠢ᠎ᠶ᠋ᠢ ᠪᠣᠳᠠᠲᠠᠢᠳ᠋ᠤ᠌ ᠨᠠᠢᠳᠠᠪᠤᠷᠢᠵᠢᠭᠤᠯᠬᠤ ᠪᠠᠷ ᠴᠢᠷᠮᠠᠢᠪᠠ᠃ ᠬᠡᠮᠵᠢᠶᠡᠯᠡᠵᠦ ᠪᠣᠯᠬᠤ᠂ ᠪᠠᠢᠴᠠᠭᠠᠵᠤ ᠪᠣᠯᠬᠤ᠂ ᠬᠠᠷᠢᠭᠤᠴᠠᠯᠭ᠎ᠠ ᠳᠤᠯᠭᠠᠵᠤ ᠪᠣᠯᠬᠤ ᠱᠠᠭᠠᠷᠳᠠᠯᠭ᠎ᠠ ᠶᠣᠰᠣᠭᠠᠷ᠂ ᠪᠦᠬᠦ ᠲᠠᠯ᠎ᠠ ᠪᠠᠷ ᠴᠡᠭᠴᠡᠯᠡᠨ ᠰᠠᠢᠵᠢᠷᠠᠭᠤᠯᠬᠤ ᠪᠠ ᠲᠤᠰᠭᠠᠢ ᠴᠡᠭᠴᠡᠯᠡᠨ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠰᠤᠳᠤᠯᠬᠤ᠂ ᠨᠢᠭᠡ ᠴᠤᠭᠴᠠᠵᠢᠭᠤᠯᠤᠨ ᠨᠠᠢᠳᠠᠪᠤᠷᠢᠵᠢᠭᠤᠯᠬᠤ᠎ᠶ᠋ᠢ ᠪᠠᠷᠢᠮᠲᠠᠯᠠᠵᠤ᠂ ᠲᠣᠭᠣᠷᠢᠨᠪᠠᠢᠴᠠᠭᠠᠯᠳᠠ ᠵᠢᠨ ᠬᠠᠷᠢᠭᠤ ᠳᠤᠰᠬᠠᠭᠰᠠᠨ ᠰᠠᠨᠠᠯ ᠵᠢᠡᠷ ᠴᠡᠭᠴᠡᠯᠡᠨ ᠰᠠᠢᠵᠢᠷᠠᠭᠤᠯᠬᠤ ᠶᠡᠷᠦᠩᠬᠡᠢ ᠲᠥᠰᠦᠯ ᠲᠣᠭᠲᠠᠭᠠᠨ᠂ 《1+13》 ᠴᠡᠭᠴᠡᠯᠡᠨ ᠰᠠᠢᠵᠢᠷᠠᠭᠤᠯᠬᠤ ᠠᠵᠢᠯ ᠤ᠋ᠨ ᠱᠢᠰᠲ᠋ᠧᠮ ᠢ᠋ ᠪᠦᠷᠢᠯᠳᠦᠭᠦᠯᠵᠦ᠂ ᠴᠡᠭᠴᠡᠯᠡᠨ ᠰᠠᠢᠵᠢᠷᠠᠭᠤᠯᠬᠤ ᠴᠠᠭ᠎ᠤ᠋ᠨ ᠬᠦᠰᠦᠨᠦᠭ᠂ ᠠᠵᠢᠯᠯᠠᠭᠠᠨ᠎ᠦ ᠵᠢᠷᠤᠭ᠂ ᠡᠭᠦᠷᠭᠡ᠎ᠶ᠋ᠢᠨ ᠪᠢᠴᠢᠭ᠎ᠢ᠋ ᠲᠣᠭᠲᠠᠭᠠᠨ᠂ ᠴᠡᠭᠴᠡᠯᠡᠨ ᠰᠠᠢᠵᠢᠷᠠᠭᠤᠯᠬᠤ ᠠᠵᠢᠯ᠎ᠤ᠋ᠨ ᠳᠠᠩᠰᠠ ᠡᠪᠬᠡᠮᠡᠯ᠎ᠢ ᠪᠠᠢᠭᠤᠯᠵᠤ᠂ ᠠᠰᠠᠭᠤᠳᠠᠯ᠎ᠤ᠋ᠨ ᠨᠠᠷᠢᠨ ᠳᠠᠩᠰᠠ᠂ ᠡᠭᠦᠷᠭᠡ᠎ᠶ᠋ᠢᠨ ᠨᠠᠷᠢᠨ ᠳᠠᠩᠰᠠ᠂ ᠬᠠᠷᠢᠭᠤᠴᠠᠯᠭ᠎ᠠ᠎ᠶ᠋ᠢᠨ ᠨᠠᠷᠢᠨ ᠳᠠᠩᠰᠠ᠎ᠶ᠋ᠢ ᠲᠣᠭᠲᠠᠭᠠᠨ᠂ ᠬᠠᠷᠢᠭᠤᠴᠠᠯᠭ᠎ᠠ ᠵᠢ ᠠᠵᠢᠯ᠎ᠤ᠋ᠨ ᠪᠠᠢᠷᠢᠳ᠋ᠤ᠌ ᠨᠠᠢᠳᠠᠪᠤᠷᠢᠵᠢᠭᠤᠯᠬᠤ᠂ ᠡᠭᠦᠷᠭᠡ᠎ᠶ᠋ᠢ ᠬᠥᠮᠦᠨ᠎ᠳ᠋ᠦ᠍ ᠨᠠᠢᠳᠠᠪᠤᠷᠢᠵᠢᠭᠤᠯᠬᠤ᠂ ᠱᠠᠭᠠᠷᠳᠠᠯᠭ᠎ᠠ᠎ᠶ᠋ᠢ ᠪᠣᠳᠠᠲᠠᠢᠵᠢᠭᠤᠯᠬᠤ ᠵᠢ ᠪᠡᠶᠡᠯᠡᠭᠦᠯᠪᠡ᠃ ᠡᠯ᠎ᠡ ᠠᠢᠮᠠᠭ ᠬᠣᠲᠠ ᠴᠥᠮ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠴᠡᠭᠴᠡᠯᠡᠨ ᠰᠠᠢᠵᠢᠷᠠᠭᠤᠯᠬᠤ ᠲᠥᠰᠦᠯ ᠲᠣᠭᠲᠠᠭᠠᠵᠤ᠂ ᠡᠭᠦᠷᠭᠡ ᠪᠡᠨ ᠬᠤᠪᠢᠶᠠᠷᠢᠯᠠᠨ᠂ ᠠᠷᠭ᠎ᠠ ᠬᠡᠮᠵᠢᠶ᠎ᠡ ᠪᠡᠨ ᠨᠠᠷᠢᠯᠢᠭᠵᠢᠭᠤᠯᠵᠤ᠂ ᠴᠡᠭᠴᠡᠯᠡᠨ ᠰᠠᠢᠵᠢᠷᠠᠭᠤᠯᠬᠤ ᠠᠵᠢᠯ᠎ᠤ᠋ᠨ ᠬᠦᠴᠦᠲᠡᠢ ᠪᠥᠭᠡᠳ ᠪᠦᠲᠦᠮᠵᠢᠲᠡᠢ ᠥᠷᠨᠢᠬᠦ᠎ᠶ᠋ᠢ ᠠᠬᠢᠭᠤᠯᠵᠠᠢ᠃
(ᠳᠥᠷᠪᠡ)ᠦᠷ᠎ᠡ ᠳ᠋ᠦᠩᠢ᠋ᠶ᠋ᠡᠷ ᠤᠳᠤᠷᠢᠳᠤᠮᠵᠢ ᠪᠣᠯᠭᠠᠬᠤ ᠵᠢ ᠪᠠᠷᠢᠮᠲᠠᠯᠠᠵᠤ᠂ ᠠᠵᠢᠯ᠎ᠤ᠋ᠨ ᠨᠠᠢᠳᠠᠪᠤᠷᠢᠵᠢᠭᠤᠯᠤᠯᠲᠠ ᠵᠢ ᠪᠦᠬᠦ ᠬᠦᠴᠦᠨ ᠵᠢᠡᠷ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ᠋ ᠨᠠᠮ᠎ᠤ᠋ᠨ ᠬᠣᠷᠢᠶᠠᠨ᠎ᠤ ᠲᠣᠭᠣᠷᠢᠨ ᠪᠠᠢᠴᠠᠭᠠᠯᠳᠠ ᠵᠢᠨ ᠬᠠᠷᠢᠭᠤ ᠳᠤᠰᠬᠠᠭᠰᠠᠨ ᠰᠠᠨᠠᠯ ᠵᠢᠡᠷ ᠴᠡᠭᠴᠡᠯᠡᠨ ᠰᠠᠢᠵᠢᠷᠠᠭᠤᠯᠬᠤ ᠤᠳᠤᠷᠢᠳᠬᠤ ᠳᠤᠭᠤᠢᠯᠠᠩ᠎ᠤ᠋ᠨ ᠡᠯ᠎ᠡ ᠲᠤᠰᠭᠠᠢ ᠴᠡᠭᠴᠡᠯᠡᠨ ᠰᠠᠢᠵᠢᠷᠠᠭᠤᠯᠬᠤ ᠳᠤᠭᠤᠢᠯᠠᠩ᠎ᠤ᠋ᠨ ᠬᠢᠨ ᠣᠯᠠᠨ ᠤᠳᠠᠭ᠎ᠠ ᠲᠤᠰᠭᠠᠢ ᠰᠡᠳᠦᠪᠲᠦ ᠬᠤᠷᠠᠯᠢ᠋ ᠵᠣᠬᠢᠶᠠᠨ ᠪᠠᠢᠭᠤᠯᠤᠨ ᠬᠤᠷᠠᠯᠳᠤᠭᠤᠯᠵᠤ᠂ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠢ᠎ᠡ᠎ᠶ᠋ᠢ ᠰᠤᠳᠤᠯᠤᠨ᠂ ᠠᠷᠭ᠎ᠠ ᠰᠡᠳᠭᠢᠴᠡ ᠪᠠᠨ ᠲᠡᠭᠦᠯᠳᠡᠷᠵᠢᠭᠦᠯᠵᠦ᠂ ᠠᠬᠢᠴᠠ ᠵᠢ ᠵᠣᠬᠢᠴᠠᠭᠤᠯᠤᠨ ᠲᠣᠬᠢᠷᠠᠭᠤᠯᠵᠤ᠂ ᠠᠵᠢᠯ᠎ᠤ᠋ᠨ ᠨᠠᠢᠳᠠᠪᠤᠷᠢᠵᠢᠭᠤᠯᠤᠯᠲᠠ᠎ᠵᠢ ᠠᠬᠢᠭᠤᠯᠵᠤ᠂ ᠴᠡᠭᠴᠡᠯᠡᠨ ᠰᠠᠢᠵᠢᠷᠠᠭᠤᠯᠬᠤ ᠡᠭᠦᠷᠭᠡ ᠵᠢ 《ᠬᠡᠢ ᠬᠣᠭᠣᠰᠣᠨ ᠪᠣᠯᠭᠠᠬᠤ ᠦᠭᠡᠢ》᠂ 《ᠪᠦᠬᠦᠨ᠎ᠢ᠋ ᠲᠤᠢᠯᠪᠤᠷᠢᠳᠠᠢ ᠪᠡᠶᠡᠯᠡᠭᠦᠯᠬᠦ》 ᠵᠢ ᠪᠠᠳᠤᠯᠠᠵᠠᠢ᠃ ᠴᠡᠭ᠌ᠴᠡᠯᠡᠨ ᠰᠠᠢᠵᠢᠷᠠᠭᠤᠯᠤᠭ᠍ᠰᠠᠨ ᠠᠬᠢᠴᠠ᠎ᠶ᠋ᠢᠨ ᠪᠠᠢᠳᠠᠯ᠎ᠢ ᠲᠣᠭ᠍ᠲᠠᠮᠠᠯ ᠬᠤᠭᠤᠴᠠᠭ᠎ᠠ ᠲᠠᠶ᠎ᠪᠠᠷ ᠮᠡᠳᠡᠭᠦᠯᠬᠦ᠌ ᠲᠦᠷᠢᠮ᠎ᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠠᠯᠪᠠᠨ ᠬᠡᠷ᠎ᠤᠨ ᠬᠢᠨ ᠠᠵᠢᠯ᠎ᠤᠨ ᠠᠬᠢᠴᠠ᠎ᠶ᠋ᠢ ᠲᠣᠭ᠍ᠲᠠᠮᠠᠯ ᠬᠤᠭᠤᠴᠠᠭ᠎ᠠ ᠲᠠᠶ ᠪᠠᠷ ᠲᠣᠬᠢᠷᠠᠭᠤᠯᠤᠨ ᠡᠮᠬᠢᠯᠡᠵᠦ᠍ ᠬᠢᠨᠡᠨ ᠦᠨᠡᠯᠡᠬᠦ ᠠᠵᠢᠯ ᠦᠷᠨᠢᠭᠦᠯᠦᠨ᠂ ᠣᠷᠣᠱᠢᠵᠤ ᠪᠠᠢᠭ᠎ᠠ ᠠᠰᠠᠭᠤᠳᠠᠯ᠎ᠢ ᠨᠡᠷ᠎ᠡ ᠳᠤᠷᠠᠳᠤᠨ ᠨᠡᠢᠲᠡᠯᠡᠵᠦ᠍᠂ ᠴᠡᠭ᠌ᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠂ᠠᠷᠭ᠎ᠠ ᠬᠡᠮᠵᠢᠶ᠎ᠡ ᠵᠢ ᠨᠠᠢᠳᠠᠪᠤᠷᠢᠵᠢᠭᠤᠯᠬᠤ ᠵᠢ ᠭᠡᠳᠡᠷᠭᠦ᠌ ᠱᠢᠬᠠᠮᠳᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠴᠡᠭ᠌ᠴᠡᠯᠡᠨ ᠰᠠᠢᠵᠢᠷᠠᠭᠤᠯᠤᠯᠳᠠ᠎ᠶ᠋ᠢ ᠱᠠᠯᠠᠪᠳᠠᠭᠤᠯᠬᠤ᠎ᠶᠢ ᠤᠯᠤᠰ ᠲᠥᠷᠥ᠎ᠶ᠋ᠢᠨ ᠬᠢᠨᠠᠯᠲᠠ ᠲᠠᠯᠪᠢᠯᠳᠠ ᠪᠠ ᠡᠳᠦᠷ ᠲᠤᠲᠤᠮ᠎ᠤᠨ ᠬᠢᠨᠠᠯᠲᠠ ᠲᠠᠯᠪᠢᠯᠳᠠ᠎ᠶ᠋ᠢᠨ ᠴᠢᠬᠤᠯᠠ ᠠᠭᠤᠯᠭ᠎ᠠ ᠪᠣᠯᠭᠠᠵᠤ᠂ ᠬᠢᠨᠠᠯᠲᠠ ᠲᠠᠯᠪᠢᠬᠤ ᠡᠬᠡ ᠲᠠᠩᠰᠠ ᠪᠠᠢᠭᠤᠯᠤᠨ᠂ ᠬᠥᠳᠡᠯᠦᠩᠭᠦᠶ᠎ᠪᠡᠷ ᠬᠠᠮᠢᠶᠠᠷᠤᠨ ᠡᠵᠡᠮᠳᠡᠬᠦ᠌᠎ᠶ᠋ᠢ ᠬᠡᠷᠡᠭ᠌ᠵᠢᠭᠦᠯᠵᠦ᠍᠂ ᠦᠷᠭᠦᠯᠵᠢᠯᠡᠨ ᠮᠥᠷᠳᠡᠵᠦ᠍ ᠱᠠᠯᠠᠪᠳᠠᠭᠤᠯᠤᠨ᠂ ᠨᠢᠭ᠍ᠲᠠ ᠠᠩᠬᠠᠷᠴᠤ᠌ ᠪᠣᠳᠠᠲᠠᠶ᠎ᠳᠤ ᠨᠠᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠪᠠᠢᠭᠤᠯᠭ᠎ᠠ ᠨᠢᠭᠡᠴᠢ ᠲᠤᠰᠭᠠᠶ ᠴᠡᠭ᠌ᠴᠡᠯᠡᠨ ᠰᠠᠢᠵᠢᠷᠠᠭᠤᠯᠬᠤ ᠲᠥᠰᠦᠯ᠎ᠦᠨ ᠱᠠᠭᠠᠷᠳᠠᠯᠭ᠎ᠠ ᠶᠣᠰᠣᠭᠠᠷ᠂ ᠲᠤᠰᠭᠠᠶ ᠠᠩᠭᠢ ᠲᠤᠰᠭᠠᠶ ᠬᠥᠮᠦᠨ᠎ᠢ ᠲᠣᠭᠳᠠᠭᠠᠨ᠂ ᠲᠣᠰ ᠪᠡᠶ᠎ᠡ᠎ᠶ᠋ᠢᠨ ᠡᠭᠦᠷᠭᠡ ᠬᠠᠷᠢᠭᠤᠴᠠᠯᠭ᠎ᠠ ᠲᠠᠶ ᠪᠠᠨ ᠤᠶᠠᠯᠳᠤᠭᠤᠯᠤᠨ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠶ᠋ᠢ ᠴᠢᠩᠭ᠎ᠠ ᠪᠥᠭᠡᠳ ᠰᠠᠢᠲᠤᠷ ᠠᠳᠭᠤᠵᠠᠢ᠃ ᠡᠯ᠎ᠡ ᠠᠢᠮᠠᠭ ᠬᠣᠲᠠ ᠲᠣᠭ᠍ᠲᠠᠮᠠᠯ ᠬᠤᠭᠤᠴᠠᠭ᠎ᠠ ᠲᠠᠶ ᠪᠠᠷ ᠲᠣᠬᠢᠷᠠᠭᠤᠯᠬᠤ ᠲᠣᠭ᠍ᠲᠠᠴᠠ ᠶ᠋ᠢ ᠨᠡᠢᠳᠡᠮ ᠪᠠᠢᠭᠤᠯᠵᠤ᠂ ᠮᠥᠷᠳᠡᠵᠦ᠍ ᠱᠠᠯᠠᠪᠳᠠᠭᠤᠯᠬᠤ ᠡᠷᠴᠢᠮ ᠢᠶᠡᠨ ᠴᠢᠩᠭᠠᠷᠠᠭᠤᠯᠤᠨ᠂ ᠲᠣᠰ ᠭᠠᠵᠠᠷ ᠣᠷᠣᠨ᠎ᠤ ᠪᠠᠨ ᠴᠡᠭ᠌ᠴᠡᠯᠡᠨ ᠰᠠᠢᠵᠢᠷᠠᠭᠤᠯᠬᠤ ᠡᠭᠦᠷᠭᠡ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃
(ᠲᠠᠪᠤ)ᠨᠢᠭᠡᠳᠦᠯᠲᠡᠶ ᠲᠦᠯᠦᠪᠯᠡᠨ ᠨᠡᠢᠲᠡ᠎ᠳᠦᠨᠢ ᠬᠠᠷᠠᠭᠠᠯᠵᠠᠨ᠂ ᠬᠠᠮᠵᠢᠯᠴᠠᠨ ᠬᠤᠯᠪᠤᠭᠠᠯᠠᠨ ᠬᠥᠳᠡᠯᠦᠯᠴᠡᠵᠦ᠍ ᠴᠡᠭ᠌ᠴᠡᠯᠡᠨ ᠰᠠᠢᠵᠢᠷᠠᠭᠤᠯᠤᠯᠳᠠᠶ᠋ᠢᠠᠬᠢᠭᠤᠯᠬᠤᠶ᠋ᠢ ᠪᠠᠷᠢᠮᠲᠠᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠵᠢᠨ ᠬᠥᠲᠥᠯᠥᠨ ᠳᠠᠭᠠᠭᠤᠯᠬᠤ ᠦᠶ᠋ᠯᠡᠳᠦᠯ᠎ᠢ ᠴᠢᠩᠭᠠᠳᠭᠠᠵᠤ᠂ ᠴᠡᠭ᠌ᠴᠡᠯᠡᠨ ᠰᠠᠢᠵᠢᠷᠠᠭᠤᠯᠬᠤ᠎ᠶ᠋ᠢ ᠡᠳᠦᠷ ᠲᠤᠲᠤᠮ᠎ᠤᠨ ᠠᠵᠢᠯ᠎ᠳᠤ ᠠᠭᠤᠰᠭᠠᠨ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠎ᠳᠤ ᠠᠭᠤᠰᠬᠠᠨ᠂ ᠪᠦᠬᠦ᠌ ᠲᠠᠯ᠎ᠠ ᠪᠠᠷ ᠨᠠᠮ᠎ᠢ ᠴᠢᠩᠭ᠎ᠠ ᠵᠠᠰᠠᠬᠤ᠎ᠳᠤ ᠠᠭᠤᠰᠬᠠᠨ᠂ ᠪᠠᠭ᠎ᠤᠨ ᠡᠩᠨᠡᠭᠡᠨ᠎ᠦ ᠪᠠᠢᠭᠤᠯᠤᠯᠲᠠ᠎ᠳᠤ ᠠᠭᠤᠰᠬᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭᠰᠠᠨᠠᠭ᠎ᠠ᠎ᠵᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠶ ᠤᠶᠠᠯᠳᠤᠭᠤᠯᠤᠨ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》 ᠪᠠ 《ᠨᠢᠭᠡ ᠪᠡᠬᠢᠯᠡᠯᠲᠡ》ᠢ᠋ᠢᠨᠪᠠᠢᠯᠳᠤᠬᠤ ᠪᠣᠳᠣᠯᠭ᠎ᠠ᠎ᠶ᠋ᠢᠨ ᠪᠠᠢᠷᠢᠲᠣᠭ᠍ᠲᠠᠭᠠᠯᠲᠠᠵᠢ ᠨᠠᠢᠳᠠᠪᠤᠷᠢᠵᠢᠭᠤᠯᠬᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠎ᠲᠠᠢ ᠤᠶᠠᠯᠳᠤᠭᠤᠯᠵᠤ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》 ᠠᠵᠢᠯ᠎ᠢ ᠰᠠᠢᠲᠤᠷ ᠬᠢᠬᠦ᠌᠂ 《ᠵᠢᠷᠭᠤᠭ᠎ᠠ᠎ᠶ᠋ᠢ ᠪᠠᠲᠤᠯᠠᠬᠤ》ᠡᠭᠦᠷᠭᠡ᠎ᠶ᠋ᠢ ᠨᠠᠢᠳᠠᠪᠤᠷᠢᠵᠢᠭᠤᠯᠬᠤ ᠲᠠᠢ ᠤᠶᠠᠯᠳᠤᠭᠤᠯᠤᠠ᠂ ᠬᠤᠯᠪᠤᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠪᠦᠷᠢᠯᠳᠦᠭᠦᠯᠵᠤ᠂ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠮᠵᠢ᠎ᠶ᠋ᠢ ᠥᠷᠭᠡᠳᠭᠡᠪᠡ᠃ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠵᠢ ᠬᠢᠨᠠᠨ ᠪᠤᠳᠤᠬᠤ᠂ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠬᠤ ᠵᠡᠷᠭᠡ ᠡᠴᠡ ᠢᠯᠡᠷᠡᠭᠦᠯᠦᠭ᠌ᠰᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠲᠤᠰᠭᠠᠶ ᠲᠣᠭᠣᠷᠢᠨ ᠪᠠᠢᠴᠠᠭᠠᠯᠲᠠ᠎ᠶ᠋ᠢᠨ ᠲᠤᠰᠭᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠳᠤ ᠪᠠᠢᠴᠠᠭᠠᠨ ᠢᠯᠡᠷᠡᠭᠦᠯᠦᠭᠰᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠂《ᠣᠭ ᠰᠠᠨᠠᠭ᠎ᠠ ᠪᠠᠨ ᠥᠯᠥ᠍ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠌ 》 ᠭᠤᠤᠯ ᠰᠡᠳᠦᠪᠲᠦ ᠬᠥᠮᠦᠵᠢᠯ᠎ᠢᠶᠡᠷ ᠪᠠᠢᠴᠠᠭᠠᠨ ᠢᠯᠡᠷᠡᠭᠦᠯᠦᠭᠰᠡᠨ ᠠᠰᠠᠭᠤᠳᠠᠯ᠎ᠢ ᠴᠡᠭ᠌ᠴᠡᠯᠡᠨᠰᠠᠢᠵᠢᠷᠠᠭᠤᠯᠬᠤᠵᠡᠷᠭᠡᠲᠠᠢᠨᠢᠭᠡ ᠴᠣᠭ᠍ᠴᠠᠵᠢᠭᠤᠯᠤᠨ ᠠᠬᠢᠭᠤᠯᠵᠤ᠂ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠬᠦᠯᠤᠨ᠂ ᠡᠯ᠎ᠡ ᠲᠥᠷᠥᠯ᠎ᠦᠨ ᠠᠰᠠᠭᠤᠳᠠᠯ᠎ᠢ ᠦᠨᠡᠨ ᠪᠤᠳᠠᠳᠠᠢ ᠦᠷ᠎ᠡ ᠪᠦᠲᠦᠮᠵᠢᠳᠠᠢ ᠪᠡᠷ ᠴᠡᠭ᠌ᠴᠡᠯᠡᠨ ᠰᠠᠢᠵᠢᠷᠠᠭᠤᠯᠬᠤ ᠶ᠋ᠢ ᠪᠠᠲᠤᠯᠠᠪᠡ᠃
ᠬᠣᠶᠠᠷ᠂ ᠤᠯᠤᠰ ᠲᠦᠷᠦ᠍᠎ᠶ᠋ᠢᠨ ᠡᠭᠦᠷᠭᠡ᠎ᠶ᠋ᠢ ᠪᠦᠬᠦ᠌ ᠲᠠᠯ᠎ᠠ ᠪᠠᠷ ᠨᠠᠢᠳᠠᠪᠤᠷᠢᠵᠢᠭᠤᠯᠵᠤ᠂ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠡᠯ᠎ᠡ ᠵᠦᠢᠯ᠎ᠦᠨ ᠠᠷᠭ᠎ᠠ ᠬᠡᠮᠵᠢᠶ᠎ᠠ᠎ᠶᠢ ᠲᠡᠷᠡ ᠶᠣᠰᠣᠭᠠᠷ ᠨᠢ ᠪᠤᠳᠠᠳᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠰᠠᠢᠲᠤᠷ ᠠᠳᠭᠤᠪᠠ
ᠲᠥᠪᠯᠡᠷᠡᠭᠦᠯᠦᠨᠪᠣᠭᠣᠮᠲᠠᠱᠢᠪᠲᠤᠯᠬᠤᠪᠠᠦᠷᠭᠦᠯᠵᠢᠯᠡᠨᠴᠡᠭ᠌ᠴᠡᠯᠡᠨ ᠰᠠᠢᠵᠢᠷᠠᠭᠤᠯᠬᠤ ᠪᠠᠷ ᠳᠠᠮᠵᠢᠨ᠂ ᠴᠡᠭ᠌ᠴᠡᠯᠡᠨ ᠰᠠᠢᠵᠢᠷᠠᠭᠤᠯᠬᠤ ᠠᠵᠢᠯ ᠴᠢᠬᠤᠯᠠ ᠱᠠᠳᠤᠴᠢ ᠴᠢᠨᠠᠷᠲᠠᠢ ᠦᠷ᠎ᠡ ᠪᠦᠲᠦᠮᠵᠢ ᠤᠯᠪᠠ᠃ ᠪᠣᠳᠠᠲᠠᠢ ᠪᠠᠢᠳᠠᠯ ᠨᠢ ᠳᠣᠣᠷᠠᠬᠢ ᠮᠡᠲᠦ᠄
(ᠨᠢᠭᠡ)ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮ᠎ᠤᠨ ᠱᠤᠭᠤᠮ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠤᠯᠤᠨ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠪᠠ᠃
1᠂ ᠦᠨᠳᠦᠰᠦᠲᠡᠨ᠎ᠦ ᠠᠵᠢᠯ᠎ᠢ ᠪᠦᠬᠦ᠌ ᠲᠠᠯ᠎ᠠ ᠪᠠᠷ ᠴᠢᠩᠭᠠᠳᠭᠠᠨ ᠰᠠᠢᠵᠢᠷᠠᠭᠤᠯᠪᠡ᠃ ᠨᠢᠭᠡ᠎ᠳᠦ᠂ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠥᠬᠥ᠌ ᠲᠠᠯ᠎ᠠ ᠪᠠᠷ ᠨᠠᠢᠳᠠᠪᠤᠷᠢᠵᠢᠭᠤᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠦᠨᠳᠦᠰᠦᠲᠡᠨ᠎ᠦ ᠠᠵᠢᠯ᠎ᠳᠠᠬᠢ ᠤᠳᠤᠷᠢᠳᠤᠯᠭ᠎ᠠ ᠪᠠᠨ ᠦᠨᠡᠨ ᠬᠦ᠌ ᠴᠢᠩᠭᠠᠳᠭᠠᠵᠤ᠂ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠤᠷᠢᠶ᠎ᠠ ᠲᠣᠭ᠍ᠲᠠᠮᠠᠯ ᠬᠤᠭᠤᠴᠠᠭ᠎ᠠ ᠲᠠᠶ ᠪᠠᠷ ᠦᠨᠳᠦᠰᠦᠲᠡᠨ᠎ᠦ ᠠᠵᠢᠯ᠎ᠢ ᠲᠤᠰᠭᠠᠢ ᠰᠤᠳᠤᠯᠬᠤ ᠲᠣᠭ᠍ᠲᠠᠴᠠ᠎ᠶ᠋ᠢ ᠪᠠᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠤᠷᠢᠶ᠎ᠠ ᠵᠢᠯ ᠪᠦᠷᠢ ᠪᠠᠢᠩᠭᠤ᠎ᠶ᠋ᠢᠨ ᠬᠣᠷᠢᠶᠠᠨ᠎ᠤ ᠨᠥᠬᠥᠳ᠎ᠦᠨ ᠦᠨᠳᠦᠰᠦᠲᠡᠨ᠎ᠦ ᠠᠵᠢᠯ᠎ᠢ ᠠᠳᠭᠤᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠲᠤᠰᠭᠠᠢ ᠰᠣᠨᠣᠰᠴᠤ᠌᠂ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ ᠵᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠭᠤᠤᠯ ᠱᠤᠭᠤᠮ ᠪᠣᠯᠭᠠᠭᠰᠠᠨ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠢ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠭ᠍ᠲᠠᠭᠠᠪᠠ᠃ ᠬᠣᠶᠠᠷ᠎ᠲᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠢ ᠴᠢᠩᠭᠠᠳᠭᠠᠪᠠ᠃ ᠱᠢᠶᠠᠨ ᠭᠠᠵᠠᠷ᠎ᠤᠨ ᠲᠡᠰ ᠡᠴᠡ ᠳᠡᠭᠡᠭ᠌ᠰᠢᠬᠢ ᠤᠳᠤᠷᠢᠳᠭᠤ ᠺᠠᠳ᠋ᠷ᠎ᠢᠶᠠᠷ ᠭᠣᠣᠯᠳᠠᠯᠭ᠎ᠠ ᠪᠣᠯᠭᠠᠵᠤ᠂ ᠪᠦᠬᠦ᠌ ᠣᠷᠣᠨ᠎ᠤ ᠨᠠᠮ᠎ᠤᠨ ᠭᠡᠱᠢᠭᠦᠨ ᠺᠠᠳ᠋ᠷ᠎ᠤᠨ ᠳᠤᠮᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠰᠭᠠᠢ ᠰᠡᠳᠦᠪᠲᠦ ᠬᠥᠮᠦᠵᠢᠯ ᠥᠷᠨᠢᠭᠦᠯᠪᠡ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠳᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠰᠭᠠᠢ ᠰᠡᠳᠦᠪ ᠨᠡᠮᠡᠵᠦ᠍᠂ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠎ᠶ᠋ᠢ ᠵᠣᠬᠢᠶᠠᠨ ᠪᠠᠢᠭᠤᠯᠬᠤ᠂ ᠨᠣᠮ ᠤᠩᠱᠢᠬᠤ ᠠᠩᠭᠢ ᠡᠷᠬᠢᠯᠡᠬᠦ᠌᠂ ᠲᠤᠰᠭᠠᠢ ᠰᠡᠳᠦᠪᠲᠦ ᠪᠣᠯᠪᠠᠰᠤᠷᠠᠯ ᠥᠷᠨᠢᠭᠦᠯᠬᠦ᠌ ᠵᠡᠷᠭᠡ ᠠᠷᠭ᠎ᠠ ᠬᠡᠯᠪᠡᠷᠢ ᠪᠡᠷ ᠲᠠᠮᠵᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠬᠦᠮᠦᠰ᠎ᠤᠨ ᠰᠡᠳᠬᠢᠯ ᠵᠢᠷᠦᠭᠡᠨ᠎ᠳᠤ ᠬᠠᠳᠠᠩᠱᠢᠭᠤᠯᠬᠤ᠎ᠶ᠋ᠢ ᠠᠬᠢᠭᠤᠯᠵᠠᠢ᠃ ᠭᠤᠷᠪᠠ ᠳ᠋ᠤ᠂ ᠤᠯᠤᠰ ᠲᠦᠷᠦ᠍᠎ᠶ᠋ᠢᠨ ᠬᠢᠨᠠᠯᠲᠠ ᠲᠠᠯᠪᠢᠬᠤ ᠡᠷᠴᠢᠮ᠎ᠢ ᠴᠢᠩᠭᠠᠷᠠᠭᠤᠯᠪᠠ᠃ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠵᠢ ᠲᠤᠭᠤᠱᠢᠯᠠᠭᠤᠯᠬᠤ᠎ᠶ᠋ᠢ ᠤᠯᠤᠰ ᠲᠦᠷᠦ᠍᠎ᠶ᠋ᠢᠨ ᠬᠢᠨᠠᠯᠲᠠ ᠲᠠᠯᠪᠢᠬᠤ ᠭᠣᠣᠯᠳᠠᠯᠭ᠎ᠠ ᠪᠣᠯᠭᠠᠨ᠂ ᠬᠢᠨᠠᠯᠲᠠ ᠲᠠᠯᠪᠢᠬᠤ ᠠᠷᠭ᠎ᠠ ᠬᠡᠯᠪᠡᠷᠢ ᠪᠡᠨ ᠦᠭᠡᠷᠡᠴᠢᠯᠡᠨ ᠰᠠᠢᠵᠢᠷᠠᠭᠤᠯᠵᠤ᠂ ᠲᠣᠭ᠍ᠲᠠᠮᠠᠯ ᠬᠤᠭᠤᠴᠠᠭ᠎ᠠ ᠲᠠᠶ ᠪᠠᠷ ᠬᠠᠷᠢᠭᠤ ᠮᠡᠳᠡᠭᠦᠯᠦᠯᠲᠡ ᠵᠢ ᠰᠣᠨᠣᠰᠴᠤ᠌᠂ ᠠᠵᠢᠯ᠎ᠢ ᠨᠠᠢᠳᠠᠪᠤᠷᠢᠵᠢᠭᠤᠯᠬᠤ ᠶ᠋ᠢ ᠠᠬᠢᠭᠤᠯᠪᠠ᠃ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ᠎ᠶ᠋ᠢ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ ᠠᠵᠢᠯ᠎ᠤᠨ ᠴᠢᠬᠤᠯᠠ ᠠᠭᠤᠯᠭ᠎ᠠ ᠪᠤᠯᠭᠠᠵᠤ᠂ ᠨᠠᠮ᠎ᠤᠨ ᠲᠥᠪ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠲᠤᠬᠠᠢ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠰᠢᠳᠠᠢ ᠨᠠᠢᠳᠠᠪᠤᠷᠢᠵᠢᠭᠤᠯᠬᠤ᠎ᠶ᠋ᠢ ᠱᠠᠯᠠᠪᠳᠠᠭᠤᠯᠤᠨ ᠠᠬᠢᠭᠤᠯᠪᠠ᠃ ᠲᠦᠷᠪᠡ᠎ᠳᠦ᠂ ᠣᠷᠣᠱᠢᠵᠤ ᠪᠠᠢᠭ᠎ᠠ ᠵᠦᠷᠢᠶ᠎ᠠ ᠪᠠᠨ ᠡᠷᠡᠰ ᠵᠠᠯᠠᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠤᠷᠢᠳ ᠬᠣᠵᠢᠳ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠎ᠶ᠋ᠢᠨ ᠬᠤᠷᠠᠯ ᠬᠤᠷᠠᠯᠳᠤᠭᠤᠯᠵᠤ᠂ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠡᠷᠬᠢᠯᠡᠨ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠲᠠᠶ ᠪᠦᠬᠦ᠌ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠪᠠᠯᠠᠷᠬᠠᠢ ᠲᠠᠨᠢᠯᠲᠠ᠎ᠶ᠋ᠢ ᠦᠨᠡᠨ ᠬᠦ᠌ ᠲᠣᠳᠣᠷᠬᠠᠢ ᠪᠤᠯᠭᠠᠨ᠂ ᠪᠤᠷᠤᠭᠤ ᠲᠠᠨᠢᠯᠲᠠ᠎ᠶ᠋ᠢ ᠵᠠᠯᠠᠷᠠᠭᠤᠯᠵᠤ᠂ ᠦᠵᠡᠯ ᠰᠠᠨᠠᠭ᠎ᠠ ᠲᠠᠨᠢᠯᠲᠠ᠎ᠶᠢ ᠨᠢᠭᠡᠳᠭᠡᠪᠡ᠃ ᠥᠪᠡᠷᠲᠡᠭᠡᠨ ᠵᠠᠰᠠᠬᠤ ᠣᠷᠣᠨ᠎ᠤ ᠡᠯ᠎ᠡ ᠤᠳᠤᠷᠢᠳᠭᠤ ᠪᠠᠭ᠂ ᠡᠯ᠎ᠡ ᠠᠢᠮᠠᠭ ᠬᠣᠲᠠ ᠬᠣᠱᠢᠭᠤ ᠱᠢᠶᠠᠨ ᠪᠣᠯᠤᠨ ᠦᠪᠡᠷᠳᠡᠬᠡᠨ ᠵᠠᠰᠠᠬᠤ ᠣᠷᠣᠨ᠎ᠤ ᠱᠢᠭᠤᠳ ᠬᠠᠷᠢᠶ᠎ᠠ ᠰᠠᠯᠠᠭ᠎ᠠ ᠮᠥᠴᠢᠷ ᠪᠠᠢᠭᠤᠯᠭ᠎ᠠ ᠨᠢᠭᠡᠴᠢ ᠵᠢᠨ ᠬᠢᠨ ᠵᠡᠷᠭᠡ ᠪᠡᠷ ᠰᠤᠷᠤᠯᠴᠠᠵᠤ ᠬᠢᠴᠢᠶᠡᠯ ᠨᠥᠬᠥᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶᠠᠨ᠎ᠤ ᠤᠳᠤᠷᠢᠳᠭᠤ ᠪᠠᠭ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠰᠭᠠᠢ ᠰᠡᠳᠦᠪᠲᠦ ᠠᠷᠠᠳᠴᠢᠯᠠᠯ ᠤᠨ ᠠᠮᠢᠳᠤᠷᠠᠯ᠎ᠤᠨ ᠬᠤᠷᠠᠯ ᠬᠤᠷᠠᠯᠳᠤᠭᠤᠯᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ᠎ᠦᠨ ᠨᠠᠮ᠎ᠤᠨ ᠬᠤᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠢ᠋ᠢᠨ ᠱᠠᠳᠤ ᠳᠠᠷᠠᠭᠠᠯᠠᠨ ᠲᠤᠰᠭᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠬᠤ᠎ᠶ᠋ᠢ ᠵᠢᠭᠠᠨ ᠵᠢᠯᠣᠭᠣᠳᠴᠤ᠌᠂ ᠨᠠᠷᠢᠨ ᠬᠢᠨᠠᠮᠠᠭᠠᠢ ᠬᠠᠷᠭᠤᠭᠤᠯᠤᠨ ᠪᠠᠢᠴᠠᠭᠠᠵᠤ᠂ ᠦᠵᠡᠯ ᠰᠠᠨᠠᠭ᠎ᠠ ᠲᠠᠨᠢᠯᠲᠠ᠎ᠶᠢ ᠳᠡᠭᠡᠭ᠌ᠰᠢᠯᠡᠭᠦᠯᠵᠠᠢ᠃ ᠠᠵᠢᠯ᠎ᠤᠨ ᠳᠤᠮᠳᠠ ᠤᠷᠤᠰᠢᠵᠤ ᠪᠠᠢᠭ᠎ᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤᠴᠣᠭ᠍ᠴᠠ ᠵᠢᠨ ᠤᠬᠠᠮᠰᠠᠷ᠎ᠢ ᠪᠠᠲᠤ ᠴᠣᠭ᠍ᠴᠠᠯᠠᠬᠤ ᠳ᠋ᠤ ᠥᠯᠥ᠍ ᠨᠡᠢᠴᠡᠬᠦ᠌ ᠵᠦᠷᠢᠶ᠎ᠠ᠎ᠶᠢ ᠪᠥᠬᠥ᠌ ᠲᠠᠯ᠎ᠠ ᠪᠠᠷ ᠪᠠᠢᠴᠠᠭᠠᠨ ᠵᠠᠯᠠᠷᠠᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》 ᠢ᠋ ᠨᠡᠢᠲᠡᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠳ᠋ᠤ ᠬᠠᠤᠯᠢ ᠳᠦᠷᠢᠮ᠎ᠤᠨ ᠪᠠᠲᠤᠯᠠᠭ᠎ᠠ ᠬᠠᠩᠭᠠᠪᠠ᠃ ᠲᠠᠪᠤ᠎ᠳᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠶ᠋ᠢ ᠭᠦᠨᠵᠡᠭᠡᠢᠷᠡᠭᠦᠯᠪᠠ᠃ 《ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠬᠥᠭ᠌ᠵᠢᠯᠲᠡ᠎ᠶ᠋ᠢᠨ ᠲᠥᠯᠥᠪᠵᠢᠭᠦᠯᠭᠡ (2021 — 2027 ᠤᠨ )》 ᠢ᠋ᠢ ᠨᠠᠢᠷᠠᠭᠤᠯᠤᠨ ᠳᠤᠭᠳᠠᠭᠠᠵᠤ᠂《ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠤᠷᠤᠨ᠎ᠤ ᠵᠢᠱ᠌ᠢᠶ᠎ᠡ ᠦᠵᠡᠭᠦᠯᠬᠦ᠌ ᠨᠢᠭᠡᠴᠢ᠎ᠶ᠋ᠢ ᠱᠢᠯᠭᠠᠨ ᠲᠣᠭ᠍ᠲᠠᠭᠠᠬᠤ ᠪᠠᠷᠢᠮᠵᠢᠶ᠎ᠠ》᠂《ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠤᠷᠤᠨ᠎ᠤ ᠵᠢᠱ᠌ᠢᠶ᠎ᠡ ᠦᠵᠡᠭᠦᠯᠬᠦ᠌ ᠨᠢᠭᠡᠴᠢ᠎ᠶ᠋ᠢ ᠨᠡᠷᠡᠢᠳᠬᠦ᠌ ᠠᠷᠭ᠎ᠠ》᠎ᠳ᠋ᠤ ᠵᠠᠰᠠᠪᠤᠷᠢ ᠣᠷᠣᠭᠤᠯᠵᠤ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠵᠢᠨ ᠵᠢᠱ᠌ᠢᠶ᠎ᠡ ᠦᠵᠡᠭᠦᠯᠬᠦ᠌ ᠤᠷᠤᠨ᠎ᠤ 56 ᠵᠢᠱ᠌ᠢᠶ᠎ᠡ ᠦᠵᠡᠭᠦᠯᠬᠦ᠌ ᠨᠢᠭᠡᠴᠢ᠂ 3 ᠵᠢᠱ᠌ᠢᠶ᠎ᠡ ᠦᠵᠡᠭᠦᠯᠬᠦ᠌ ᠠᠢᠮᠠᠭ ᠬᠣᠲᠠ᠂ 9 ᠰᠤᠷᠭᠠᠨ ᠬᠥᠮᠦᠵᠢᠯ᠎ᠦᠨ ᠰᠠᠭᠤᠷᠢᠨ᠎ᠤ ᠥᠪᠡᠰᠦᠪᠡᠨ ᠪᠠᠢᠴᠠᠭᠠᠬᠤ ᠠᠵᠢᠯ᠎ᠢ ᠵᠤᠬᠢᠶᠠᠨ ᠪᠠᠢᠭᠤᠯᠵᠤ᠂ ᠵᠢᠱ᠌ᠢᠶ᠎ᠡ ᠦᠵᠡᠭᠦᠯᠬᠦ᠌ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠪᠡ᠃ 15 ᠭᠠᠵᠠᠷ ᠣᠷᠣᠨ ᠪᠠ ᠪᠠᠢᠭᠤᠯᠭ᠎ᠠ ᠨᠢᠭᠡᠴᠢ᠎ᠶ᠋ᠢ ᠶᠢᠰᠦᠳᠦᠭᠡᠷ ᠪᠦᠯᠦᠭ᠎ᠦᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠤ ᠵᠢᠱ᠌ᠢᠶ᠎ᠡ ᠦᠵᠡᠭᠦᠯᠬᠦ᠌ ᠨᠢᠭᠡᠴᠢ ᠪᠡᠷ ᠳᠡᠪᠰᠢᠭᠦᠯᠦᠨ᠂ ᠵᠢᠱ᠌ᠢᠶ᠎ᠡ ᠦᠵᠡᠭᠦᠯᠵᠦ᠍ ᠳᠠᠭᠠᠭᠤᠯᠬᠤ ᠦᠶ᠋ᠯᠡᠳᠦᠯ᠎ᠢ ᠨᠢ ᠪᠠᠳᠠᠷᠠᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ᠂ ᠮᠠᠷᠺᠰ᠎ᠤᠨ ᠦᠵᠡᠯ᠎ᠦᠨ ᠦᠨᠳᠦᠰᠦᠲᠡᠨ᠎ᠦ ᠦᠵᠡᠯᠲᠡ ᠪᠠ ᠨᠠᠮ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠂ 《ᠮᠠᠨ᠎ᠤ ᠳᠡᠷᠭᠡᠳᠡᠬᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ》 ᠵᠡᠷᠭᠡ ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠭᠤᠤᠯ ᠵᠠᠭᠤᠴᠢᠯᠠᠭᠤᠷ᠎ᠲᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠰᠭᠠᠶ ᠪᠤᠯᠤᠩ ᠨᠡᠭᠡᠭᠡᠵᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠯᠢᠭᠡᠷ᠎ᠢ ᠰᠠᠢᠳᠤᠷ ᠶᠠᠷᠢᠵᠠᠢ᠃ ᠵᠢᠷᠭᠤᠭ᠎ᠠ᠎ᠳᠤ᠂ 《ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠪᠦᠯᠢ ᠮᠡᠳᠦ ᠲᠤᠳᠤᠨᠤ ᠪᠠᠢᠬᠤ》 ᠠᠵᠢᠯᠯᠠᠭ᠎ᠠ ᠵᠢ ᠥᠷᠭᠡᠨ ᠳᠡᠯᠭᠡᠷ ᠥᠷᠨᠢᠭᠦᠯᠪᠡ᠃ ᠬᠡᠷᠡᠭ᠌ᠵᠢᠭᠦᠯᠬᠦ᠌ ᠲᠥᠰᠦᠯ ᠲᠣᠭ᠍ᠲᠠᠭᠠᠵᠤ᠂ ᠪᠠᠢᠭᠤᠯᠭ᠎ᠠ᠂ ᠰᠤᠷᠭᠠᠭᠤᠯᠢ᠂ ᠨᠡᠢᠭᠡᠮ ᠲᠣᠭᠣᠷᠢᠭ ᠵᠡᠷᠭᠡ᠎ᠳᠦ ᠳᠡᠰ ᠳᠠᠪᠬᠤᠷᠭ᠎ᠠ ᠬᠤᠪᠢᠶᠠᠨ ᠲᠥᠷᠥᠯ ᠬᠤᠪᠢᠶᠠᠨ ᠦᠨᠳᠦᠰᠦᠲᠡᠨ᠎ᠤ ᠲᠦᠷᠦ᠎ᠶᠢᠨ ᠪᠤᠳᠤᠯᠭ᠎ᠠ᠎ᠶᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠪᠥᠬᠥ᠌ ᠣᠷᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠤᠶᠤ ᠨᠠᠮ᠎ᠤᠨ ᠭᠡᠱᠢᠭᠦᠨ ᠺᠠᠳ᠋ᠷ ᠬᠦᠴᠢᠷᠳᠡᠯᠲᠡᠶ ᠣᠯᠠᠨ ᠲᠦᠮᠡᠨ ᠲᠡᠶ 67400 ᠬᠠᠪᠰᠤᠷᠤᠯᠴᠠᠭ᠎ᠠ ᠪᠠᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠵᠢ 38277 ᠲᠠᠯᠠᠪᠤᠷ ᠥᠷᠨᠢᠭᠦᠯᠵᠦ᠍᠂ ᠠᠬᠤᠢ ᠲᠠᠯᠠᠪᠠᠶ᠎ᠵᠢᠨ ᠰᠤᠷᠪᠤᠯᠵᠢᠯᠡᠭᠠ ᠵᠢ 55984 ᠤᠳᠠᠭ᠎ᠠ ᠭᠥᠯᠢᠶᠡᠵᠦ᠂ 16037 ᠵᠥᠷᠢᠴᠡᠯ ᠢ ᠨᠠᠮᠳᠠᠭᠤᠯᠵᠤ᠂ ᠣᠯᠠᠨ ᠲᠦᠮᠡᠨ᠎ᠦ ᠰᠠᠨᠠᠭᠠᠰᠢᠷᠠᠵᠤ ᠪᠠᠢᠭᠰᠠᠨ 64453 ᠠᠰᠠᠭᠤᠳᠠᠯ᠎ᠢ ᠱᠢᠶ᠋ᠳᠪᠦᠷᠢᠯᠡᠪᠡ᠃ ᠲᠤᠯᠤᠭ᠎ᠠ᠎ᠳᠤ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠪᠡ ᠃ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠎ᠠ ᠰᠤᠷᠭᠠᠭᠤᠯᠢᠶ᠋ᠢᠨᠪᠠᠭ᠍ᠰᠢᠶ᠋ᠢᠨᠪᠠᠲᠤᠯᠠᠭᠠᠶ᠋ᠢ ᠴᠢᠩᠭᠠᠷᠠᠭᠤᠯᠤᠨ᠂ ᠵᠢᠭᠠᠨ ᠰᠤᠷᠭᠠᠯᠲᠠᠶ᠋ᠢᠨᠴᠢᠳᠠᠪᠤᠷᠢᠶ᠋ᠢ ᠳᠡᠭᠡᠭ᠌ᠰᠢᠯᠡᠭᠦᠯᠵᠦ᠍᠂ ᠵᠢᠭᠠᠨ ᠰᠤᠷᠭᠠᠯᠲᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠨ᠂ ᠪᠥᠬᠥ᠌ ᠣᠷᠣᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤ ᠦᠶ᠎ᠡ᠎ᠶ᠋ᠢᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠪᠠᠭ᠎ᠠ ᠰᠤᠷᠭᠠᠭᠤᠯᠢ᠎ᠶ᠋ᠢᠨ ᠨᠢᠭᠡᠳᠦᠭᠡᠷ᠂ ᠬᠣᠶᠠᠳᠤᠭᠠᠷ ᠤᠨ ᠪᠠ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠨᠢᠭᠡᠳᠦᠭᠡᠷ᠂ ᠬᠣᠶᠠᠳᠤᠭᠠᠷ ᠣᠨ᠎ᠤ ᠰᠤᠷᠤᠭ᠍ᠴᠢᠳ᠎ᠲᠤ ᠴᠥᠮ ᠤᠯᠤᠰ᠎ᠤᠨ ᠭᠤᠷᠪᠠᠨ ᠲᠥᠷᠥᠯ᠎ᠦᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠵᠦ᠍᠂ 《ᠳᠡᠯᠭᠡᠷᠡᠭᠦᠯᠬᠦ᠌ ᠶᠣᠰᠣᠲᠠᠶ᠎ᠶ᠋ᠢ᠎ᠨᠢ ᠪᠦᠬᠦᠨ᠎ᠢ ᠳᠡᠯᠭᠡᠷᠡᠭᠦᠯᠬᠦ᠌ 》 ᠶ᠋ᠢ ᠪᠡᠶᠡᠯᠡᠭᠦᠯᠪᠠ᠃
2᠂ ᠶᠡᠷᠦᠩᠬᠡᠶ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠣᠯᠠᠪᠤᠷᠢᠶ᠋ᠢᠨᠵᠣᠷᠢᠭᠰᠠᠨᠠᠭᠠᠶ᠋ᠢᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠪᠠ᠃ ᠨᠢᠭᠡ᠎ᠳᠦ᠂ ᠣᠨᠣᠯ᠎ᠤᠨ ᠰᠤᠷᠤᠯᠴᠠᠯᠭ᠎ᠠ᠎ᠶ᠋ᠢ ᠴᠢᠩᠭᠠᠳᠬᠠᠵᠠᠢ᠃ ᠶᠡᠷᠦᠩᠬᠡᠶ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠᠵᠢᠭᠠᠪᠤᠷᠢᠴᠣᠬᠣᠯᠠᠪᠤᠷᠢᠶ᠋ᠢᠨᠵᠣᠷᠢᠭᠰᠠᠨᠠᠭᠠᠶ᠋ᠢ ᠰᠤᠷᠤᠯᠴᠠᠨ ᠲᠤᠭᠤᠱᠢᠯᠠᠭᠤᠯᠬᠤᠪᠤᠯᠤᠨ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠡᠪᠲᠡᠷᠡᠳᠠᠯᠠ ᠣᠢᠯᠠᠭᠠᠬᠤ᠎ᠲᠠᠶ ᠨᠢᠭ᠍ᠲᠠ ᠤᠶᠠᠯᠳᠤᠭᠤᠯᠵᠤ᠂ ᠵᠣᠷᠢᠭ ᠰᠠᠨᠠᠭᠠᠨ᠎ᠤ ᠮᠥᠨ ᠴᠢᠨᠠᠷ᠎ᠢ ᠭᠦᠨᠵᠡᠭᠡᠶ ᠣᠬᠠᠵᠤ᠂ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠣᠨᠣᠪᠴᠢᠲᠠᠶ ᠡᠵᠡᠮᠰᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠣᠨᠣᠯ ᠰᠤᠷᠤᠯᠴᠠᠬᠤ ᠭᠤᠤᠯ ᠳᠤᠭᠤᠢᠯᠠᠩ 12 ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠡᠷᠭᠢᠯᠡᠵᠦ᠍᠂ ᠪᠥᠬᠥ᠌ ᠣᠷᠣᠨ᠎ᠤ ᠤᠳᠤᠷᠢᠳᠭᠤ ᠺᠠᠳ᠋ᠷᠴᠤᠳ᠎ᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠤᠳᠤᠯᠤᠨ ᠰᠤᠷᠤᠯᠴᠠᠬᠤ ᠠᠩᠭᠢ ᠪᠣᠯᠤᠨ ᠮᠤᠵᠢ᠎ᠶ᠋ᠢᠨ ᠱᠠᠲᠤᠨ᠎ᠤ ᠤᠳᠤᠷᠢᠳᠭᠤ ᠺᠠᠳ᠋ᠷᠴᠤᠳ᠎ᠤᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ᠎ᠶ᠋ᠢ ᠡᠷᠭᠢᠯᠡᠵᠦ᠍ ᠂ ᠪᠥᠬᠥ᠌ ᠣᠷᠣᠨ᠎ᠤ ᠶᠡᠷᠦᠩᠬᠡᠶ ᠱᠦᠵᠢ ᠰᠢ᠎ᠶ᠋ᠢᠨ ᠫᠢᠩ᠎ᠦᠨ 《7•1》᠎ᠤ᠋ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠣᠨᠣᠯ᠎ᠤᠨ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠨᠠᠮ᠎ᠤᠨ ᠱᠢᠨ᠎ᠡ᠎ᠶ᠋ᠢ ᠡᠭᠦᠳᠬᠦ᠌ ᠣᠨᠣᠯ ᠲᠠᠷᠢᠬᠢᠨ᠎ᠳᠤ ᠬᠠᠳᠠᠩᠱᠢᠵᠦ ᠰᠡᠳᠬᠢᠯ᠎ᠳᠤ ᠰᠠᠭᠤᠭᠳᠠᠬᠤ᠎ᠶ᠋ᠢ ᠠᠬᠢᠭᠤᠯᠪᠠ᠃ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠠ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠰᠭᠠᠶ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ᠎ᠶ᠋ᠢ 3 ᠬᠤᠭᠤᠴᠠᠭ᠎ᠠ ᠡᠷᠭᠢᠯᠡᠵᠦ᠍᠂ ᠱᠢᠶᠠᠨ ᠭᠠᠵᠠᠷ᠎ᠤᠨ ᠲᠠᠰ᠎ᠠᠴᠠ ᠳᠡᠭᠡᠭ᠌ᠰᠢᠬᠢ 2 ᠲᠦᠮᠡ ᠭᠠᠷᠤᠶ ᠺᠠᠳ᠋ᠷ᠎ᠢ ᠡᠭᠡᠯᠵᠢᠯᠡᠨ ᠪᠣᠯᠪᠠᠰᠤᠷᠠᠭᠤᠯᠪᠠ᠃ ᠬᠣᠶᠠᠷ᠎ᠲᠤ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠪᠠ᠃ ᠡᠯ᠎ᠡ ᠱᠠᠲᠤᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠤᠷᠢᠶᠠᠨ᠎ᠤ ᠬᠤᠷᠠᠯ᠎ᠠᠴᠠ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠲᠣᠭ᠍ᠲᠠᠮᠠᠯ ᠬᠤᠭᠤᠴᠠᠭ᠎ᠠ ᠲᠠᠶ᠎ᠪᠠᠷ ᠰᠣᠨᠣᠰᠭᠤ ᠠᠵᠢᠯ᠎ᠤᠨ ᠲᠣᠭ᠍ᠲᠠᠴᠠ᠎ᠶ᠋ᠢ ᠪᠠᠢᠭᠤᠯᠪᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶᠠᠨ᠎ᠤ ᠬᠤᠷᠠᠯ ᠤᠷᠢᠳ ᠬᠣᠵᠢᠳ 6 ᠤᠳᠠᠭ᠎ᠠ ᠬᠣᠯᠪᠣᠭ᠍ᠳᠠᠯ ᠪᠦᠬᠦᠢ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠠᠷᠭ᠎ᠠ ᠬᠡᠮᠵᠢᠶ᠎ᠡ᠎ᠶ᠋ᠢ ᠰᠤᠳᠤᠯᠤᠨ ᠨᠠᠷᠢᠯᠢᠬ᠍ᠵᠢᠭᠤᠯᠵᠤ᠂ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠦᠷᠭᠦᠯᠵᠢᠯᠡᠨ ᠠᠬᠢᠭᠤᠯᠪᠠ᠃ ᠠᠵᠢᠯ ᠤᠨ ᠡᠬᠡ ᠲᠠᠩᠰᠠ᠎ᠶ᠋ᠢ ᠪᠠᠢᠭᠤᠯᠵᠤ᠂ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠲᠣᠭ᠍ᠲᠠᠮᠠᠯ ᠬᠤᠭᠤᠴᠠᠭᠠᠲᠠᠶᠪᠠᠷᠲᠣᠬᠢᠷᠠᠭᠤᠯᠵᠤ᠂ ᠮᠥᠷᠳᠡᠨ ᠪᠠᠢᠴᠠᠭᠠᠵᠤ ᠨᠠᠢᠳᠠᠪᠤᠷᠢᠵᠢᠭᠤᠯᠬᠤ᠎ᠶ᠋ᠢ ᠴᠢᠩᠭᠠᠳᠬᠠᠪᠠ᠃ ᠱᠠᠯᠠᠪᠳᠠᠭᠤᠯᠤᠨ ᠪᠠᠢᠴᠠᠭᠠᠬᠤ ᠡᠷᠴᠢᠮ᠎ᠢ ᠴᠢᠩᠭᠠᠷᠠᠭᠤᠯᠤᠨ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠤᠳᠤᠷᠢᠳᠭᠤ ᠨᠥᠬᠦᠳᠵᠢᠡᠷ ᠲᠤᠭᠤᠢᠯᠠᠡᠭ᠎ᠤᠨ ᠲᠠᠷᠤᠭ᠎ᠠ ᠪᠤᠯᠭᠠᠭᠰᠠᠨ 6 ᠱᠠᠯᠠᠪᠳᠠᠭᠤᠯᠤᠨ ᠪᠠᠢᠴᠠᠭᠠᠬᠤ ᠳᠤᠭᠤᠢᠯᠠᠩᠵ᠋ ᠪᠠᠢᠭᠤᠯᠵᠤ᠂ ᠪᠣᠳᠠᠲᠠᠶ ᠭᠠᠵᠠᠷ ᠲᠦ᠍ ᠬᠦᠷᠴᠤ ᠱᠠᠯᠠᠪᠳᠠᠭᠤᠯᠤᠨ ᠪᠠᠢᠴᠠᠭᠠᠯᠳᠠ ᠬᠢᠪᠠ᠃ ᠭᠤᠷᠪᠠ᠎ᠳᠤ ᠂ ᠬᠢᠨᠠᠨ ᠱᠢᠯᠭᠠᠵᠤ ᠬᠢᠨᠠᠯᠲᠠ ᠲᠠᠯᠪᠢᠬᠤ᠎ᠶ᠋ᠢ ᠴᠢᠩᠭᠠᠳᠭᠠᠪᠠ᠃ ᠶᠡᠷᠦᠩᠬᠡᠶ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ᠎ᠢ 2020 ᠣᠨ᠎ᠤ ᠱᠢᠯᠭᠠᠨ ᠬᠢᠨᠠᠬᠤ ᠴᠢᠬᠤᠯᠠ ᠠᠭᠤᠯᠭ᠎ᠠ ᠪᠣᠯᠭᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ᠎ᠨᠢ ᠠᠨᠠᠢ ᠪᠠᠢᠬᠰᠠᠨ᠎ᠢ 《ᠡᠩ᠎ᠦᠨ》 ᠳᠡᠰ᠎ᠢᠶᠡᠷ ᠦᠨᠡᠯᠡᠨ ᠲᠣᠭ᠍ᠲᠠᠭᠠᠵᠤ᠂ ᠢᠯᠡᠷᠡᠭᠦᠯᠦᠭ᠌ᠰᠡᠨ ᠠᠰᠠᠭᠤᠳᠠᠯ᠎ᠢ ᠨᠢᠭᠡᠳ ᠨᠢᠭᠡ᠎ᠪᠡᠷ ᠬᠠᠷᠢᠭᠤ ᠲᠤᠰᠭᠠᠵᠤ ᠴᠡᠭ᠌ᠴᠡᠯᠡᠨ ᠰᠠᠢᠵᠢᠷᠠᠭᠤᠯᠪᠠ᠃ 2021ᠣᠨᠤᠠᠵᠢᠯᠤᠨᠠᠮᠵᠢᠯᠲᠠ ᠪᠦᠲᠦᠮᠵᠢ᠎ᠪᠡᠷ ᠬᠢᠨᠠᠨ ᠱᠢᠯᠭᠠᠬᠤ ᠭᠦᠢᠴᠡᠳᠭᠡᠯ ᠲᠣᠭ᠎ᠠ᠎ᠶ᠋ᠢ ᠲᠣᠭ᠍ᠲᠠᠭᠠᠵᠤ ᠂ ᠬᠤᠪᠢ ᠣᠯᠭᠣᠬᠤ ᠡᠷᠬᠡ᠎ᠶ᠋ᠢᠨ ᠬᠠᠷᠢᠴᠠᠯ᠎ᠢ ᠨᠡᠮᠡᠭ᠌ᠳᠡᠭᠦᠯᠦᠨ᠂ ᠬᠢᠨᠠᠨ ᠱᠢᠯᠭᠠᠬᠤ᠎ᠪᠠᠷ ᠨᠠᠢᠳᠠᠪᠤᠷᠢᠵᠢᠭᠤᠯᠤᠯᠲᠠ᠎ᠶ᠋ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ᠎ᠶ᠋ᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠤᠯᠤᠰ ᠲᠦᠷᠦ᠍᠎ᠶ᠋ᠢᠨ ᠬᠢᠨᠠᠯᠲᠠ ᠲᠠᠯᠪᠢᠬᠤ ᠭᠣᠣᠯᠳᠠᠯᠭ᠎ᠠ ᠪᠠᠨ ᠪᠣᠯᠭᠠᠵᠤ᠂ 684 ᠵᠦᠢᠯ᠎ᠦᠨ ᠬᠢᠨᠠᠯᠲᠠ ᠲᠠᠯᠪᠢᠬᠤ ᠵᠦᠢᠯᠡᠰ᠎ᠢ ᠴᠤᠭ᠍ᠯᠠᠭᠤᠯᠪᠠ᠃ ᠲᠠᠰ ᠬᠤᠪᠢᠶᠠᠨ ᠲᠠᠩᠰᠠ ᠪᠠᠢᠭᠤᠯᠬᠤ᠂ ᠬᠥᠳᠡᠯᠦᠩᠭᠦᠶ᠎ᠪᠡᠷ ᠱᠢᠨᠡᠳᠭᠡᠬᠦ᠌᠂ ᠱᠢᠰᠲ᠋ᠧᠮ᠎ᠢᠶᠡᠷ᠎ᠢᠶᠡᠨ ᠬᠢᠨᠠᠨ ᠵᠢᠯᠣᠭᠣᠳᠭᠤ᠂ ᠲᠣᠭ᠍ᠲᠠᠮᠠᠯ ᠬᠤᠭᠤᠴᠠᠭ᠎ᠠ ᠲᠠᠶ᠎ᠪᠠᠷ ᠬᠠᠷᠢᠭᠤ ᠮᠡᠳᠡᠭᠦᠯᠬᠦ᠌ ᠂ ᠬᠠᠷᠢᠭᠤᠴᠠᠯᠭ᠎ᠠ ᠨᠡᠬᠡᠮᠵᠢᠯᠡᠬᠦ᠌ ᠲᠠᠪᠤᠨ ᠵᠦᠶ᠋ᠯ᠎ᠦᠨ ᠲᠣᠭ᠍ᠲᠠᠴᠠ᠎ᠵᠢ ᠪᠠᠢᠭᠤᠯᠵᠤ᠂ ᠬᠢᠨᠠᠯᠲᠠ ᠲᠠᠯᠪᠢᠬᠤ ᠠᠵᠢᠯ᠎ᠢ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠪᠠᠢᠩᠭᠤ᠎ᠶ᠋ᠢᠨ ᠬᠣᠷᠢᠶ᠎ᠠ᠎ᠶᠢᠨ ᠬᠤᠷᠠᠯ ᠤᠯᠠᠷᠢᠯ ᠪᠤᠯᠭᠠᠨ ᠨᠠᠢᠳᠠᠪᠤᠷᠢᠵᠢᠭᠤᠯᠤᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌ ᠂ ᠣᠷᠣᠱᠢᠵᠤ ᠪᠠᠢᠭ᠎ᠠ ᠠᠰᠠᠭᠤᠳᠠᠯ᠎ᠢ ᠰᠤᠳᠤᠯᠤᠨ ᠱᠢᠢᠳᠪᠦᠷᠢᠯᠡᠪᠠ᠃
3᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠪᠠ᠃ ᠨᠢᠭᠡ᠎ᠳᠦ᠂ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠪᠠ᠃ 《ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ (2021 — 2035 ᠤᠨ)》᠎ᠶ᠋ᠢ ᠨᠠᠢᠷᠠᠭᠤᠯᠤᠨ ᠵᠣᠬᠢᠶᠠᠵᠤ᠂ 《ᠬᠣᠶᠠᠷ ᠬᠠᠯᠬᠠᠪᠴᠢ》 ᠂ 《 ᠬᠣᠶᠠᠷ ᠰᠠᠭᠤᠷᠢᠨ》 ᠪᠠ《ᠨᠢᠭᠡ ᠪᠡᠬᠢᠯᠡᠯᠲᠡ》᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠨ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠂ ᠬᠣᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷᠯᠡᠯᠢ ᠱᠢᠨᠵᠢᠯᠡᠬᠦ᠌ᠤᠬᠠᠭᠠᠨᠴᠢᠪᠠᠷ ᠵᠠᠭᠠᠭ᠍ᠯᠠᠨ ᠲᠣᠭ᠍ᠲᠠᠭᠠᠪᠠ᠃ ᠪᠥᠬᠥ᠌ ᠣᠷᠣᠨ ᠪᠦᠰᠡ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠦ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠨᠤᠲᠤᠭ ᠪᠡᠯᠴᠢᠭᠡᠷ ᠪᠠ ᠣᠶ ᠱᠢᠭᠤᠶ᠎ᠶ᠋ᠢ ᠬᠠᠮᠠᠭᠠᠯᠠᠬᠤ᠎ᠶ᠋ᠢ ᠥᠪᠥᠷ ᠮᠣᠩᠭᠣᠯ᠎ᠤᠨ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠲᠡᠷᠢᠭᠦᠨ ᠴᠢᠬᠤᠯᠠ ᠡᠭᠦᠷᠭᠡ ᠪᠣᠯᠭᠠᠬᠤ᠎ᠶ᠋ᠢ ᠪᠠᠷᠢᠮᠲᠠᠯᠠᠵᠤ᠂ ᠴᠢᠬᠤᠯᠠ ᠤᠰᠤᠨ᠎ᠤ ᠡᠬᠢ ᠰᠤᠷᠪᠤᠯᠵᠢ᠎ᠶ᠋ᠢ ᠬᠠᠳᠠᠭᠠᠯᠠᠬᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ᠂ ᠬᠥᠷᠥᠰᠥ᠍ ᠱᠢᠷᠣᠶ᠎ᠶ᠋ᠢ ᠬᠠᠮᠠᠭᠠᠯᠠᠬᠤ᠂ ᠰᠠᠯᠬᠢ᠎ᠶ᠋ᠢ ᠬᠠᠯᠬᠠᠯᠠᠵᠤ ᠡᠯᠡᠰᠦ᠎ᠶ᠋ᠢ ᠲᠣᠭ᠍ᠲᠠᠪᠤᠷᠢᠵᠢᠭᠤᠯᠬᠤ ᠵᠡᠷᠭᠡ ᠠᠮᠢ ᠠᠬᠤᠶ᠎ᠶ᠋ᠢᠨ ᠴᠢᠳᠠᠮᠵᠢ ᠲᠤᠢᠯ᠎ᠤᠨ ᠴᠢᠬᠤᠯᠠ ᠣᠷᠣᠨ ᠪᠦᠰᠡ ᠵᠢᠴᠢ ᠠᠮᠢ ᠠᠬᠤᠶ᠎ᠶ᠋ᠢᠨ ᠰᠡᠷᠡᠮᠵᠢᠯᠡᠬᠦ ᠴᠢᠬᠤᠯᠠᠳᠠᠢ ᠲᠤᠢᠯ᠎ᠤᠨ ᠬᠡᠪᠡᠷᠡᠭ ᠣᠷᠣᠨ ᠪᠦᠰᠡ᠎ᠶ᠋ᠢ ᠠᠮᠢ ᠠᠬᠤᠶ᠎ᠶ᠋ᠢᠨ ᠬᠠᠮᠠᠭᠠᠯᠠᠯᠲᠠᠶ᠋ᠢᠨᠤᠯᠠᠭᠠᠨ ᠱᠤᠭᠤᠮ᠎ᠳᠤ ᠬᠤᠪᠢᠶᠠᠷᠢᠯᠠᠨᠣᠷᠣᠭᠤᠯᠪᠠ᠃ ᠪᠣᠬᠢᠷᠲᠤᠯ ᠦᠭᠡᠶ ᠥᠨᠳᠥᠷ ᠦᠷ᠎ᠡ ᠪᠦᠲᠦᠮᠵᠢᠲᠡᠶ ᠲᠠᠷᠢᠶᠠᠯᠠᠩ ᠮᠠᠯ ᠠᠵᠤ ᠠᠬᠤᠶ᠎ᠶ᠋ᠢᠨ ᠣᠷᠣᠨ ᠵᠠᠶ᠎ᠶ᠋ᠢ ᠲᠦᠷᠭᠡᠳᠭᠡᠨ ᠪᠠᠢᠭᠤᠯᠵᠤ᠂ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠭ᠍ᠰᠠᠨ ᠰᠠᠭᠤᠷᠢᠨ ᠳᠡᠭᠡᠷ᠎ᠡ᠂ ᠬᠠᠲᠤᠨ ᠭᠣᠣᠯ ᠳᠠᠭᠠᠤ᠎ᠶ᠋ᠢᠨ ᠭᠣᠣᠯ ᠤᠷᠤᠰᠭᠠᠯ᠎ᠤᠨ ᠲᠠᠯ᠎ᠠ ᠭᠠᠵᠠᠷ᠂ ᠪᠠᠷᠠᠭᠤᠨ ᠯᠢᠶᠣᠤᠾᠧ ᠭᠣᠣᠯ᠎ᠤᠨ ᠲᠠᠯ᠎ᠠ ᠭᠠᠵᠠᠷ᠂ ᠨᠤᠨ ᠮᠥᠷᠡᠨ᠎ᠦ ᠪᠠᠷᠠᠭᠤᠨ ᠡᠷᠭᠢ᠎ᠶ᠋ᠢᠨ ᠲᠠᠯ᠎ᠠ ᠭᠠᠵᠠᠷ᠎ᠤᠨ ᠴᠢᠨᠠᠷ ᠰᠠᠢᠲᠠᠶ ᠲᠠᠷᠢᠶᠠᠨ ᠭᠠᠵᠠᠷ᠎ᠤᠨ ᠣᠷᠣᠨ᠎ᠤ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠬᠠᠷᠢᠴᠠᠯ᠎ᠢ ᠵᠣᠬᠢᠬᠤ ᠬᠡᠮᠵᠢᠶ᠎ᠡ᠎ᠪᠡᠷ ᠳᠡᠭᠡᠭ᠌ᠰᠢᠯᠡᠭᠦᠯᠵᠦ᠍᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠪᠠᠢᠷᠢᠱᠢᠭᠤᠯᠤᠯ᠎ᠢ ᠱᠢᠯᠢᠳᠡᠭ᠌ᠵᠢᠭᠦᠯᠪᠠ᠃ 《ᠨᠢᠭᠡ ᠲᠦᠪ ᠬᠤᠤᠰ ᠣᠳᠣᠨ ᠣᠯᠠᠨ ᠴᠡᠭ》᠎ᠦᠨ ᠬᠣᠲᠠ ᠪᠠᠯᠭᠠᠰᠤ᠎ᠶ᠋ᠢᠨ ᠣᠷᠣᠨ ᠵᠠᠶ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠵᠢᠡᠷ 《ᠨᠢᠭᠡ ᠲᠦᠪ》᠂ ᠤᠯᠠᠭᠠᠨᠬᠠᠳᠠ ᠲᠦᠩᠯᠢᠶᠣᠤ᠎ᠪᠠᠷ《ᠬᠣᠣᠰ ᠤᠳᠤᠨ》᠂ ᠠᠢᠮᠠᠭ ᠬᠣᠲᠠ ᠬᠣᠱᠢᠭᠤ ᠱᠢᠶᠠᠨ᠎ᠢᠶᠠᠷ ᠴᠡᠭ ᠪᠣᠯᠭᠠᠭ᠍ᠰᠠᠨ ᠬᠣᠲᠠ ᠪᠠᠯᠭᠠᠰᠤ᠎ᠶ᠋ᠢᠨ ᠱᠢᠰᠲ᠋ᠧᠮ᠎ᠢ ᠲᠥᠯᠥᠪᠵᠢᠭᠦᠯᠦᠨ ᠪᠦᠷᠢᠯᠳᠦᠭᠦᠯᠪᠠ᠃ ᠬᠣᠶᠠᠷ᠎ᠲᠤ ᠂ ᠨᠡᠭᠦᠷᠡᠰᠦᠨ ᠠᠭᠤᠷᠬᠠᠶ ᠲᠣᠭ᠍ᠲᠠᠭᠠᠯ᠎ᠠᠴᠠ ᠵᠥᠷᠢᠴᠡᠨ ᠨᠤᠲᠤᠭ ᠪᠡᠯᠴᠢᠭᠡᠷ᠎ᠢ ᠡᠵᠡᠯᠡᠨ ᠬᠡᠷᠡᠭ᠌ᠯᠡᠭ᠌ᠰᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠪᠠ᠃ ᠲᠣᠭ᠍ᠲᠠᠭᠠᠯ᠎ᠠᠴᠠ ᠵᠥᠷᠢᠴᠡᠨ ᠨᠤᠲᠤᠭ ᠪᠡᠯᠴᠢᠬᠡᠷ᠎ᠢ ᠡᠵᠡᠯᠡᠨ ᠬᠡᠷᠡᠭ᠌ᠯᠡᠭ᠌ᠰᠡᠨ 14 ᠨᠡᠭᠦᠷᠡᠰᠦᠨ ᠠᠭᠤᠷᠬᠠᠶ᠎ᠶ᠋ᠢᠨ ᠠᠵᠤ ᠠᠬᠤᠢᠯᠠᠯ᠎ᠤᠨ ᠴᠡᠭ᠌ᠴᠡᠯᠡᠨ ᠵᠠᠰᠠᠯᠲᠠ᠎ᠶ᠋ᠢ ᠪᠦᠬᠦᠨ᠎ᠢ ᠪᠡᠶᠡᠯᠡᠭᠦᠯᠪᠡ᠃ ᠬᠠᠤᠯᠢ ᠲᠣᠭ᠍ᠲᠠᠭᠠᠯ᠎ᠠᠴᠠ ᠵᠥᠷᠢᠴᠡᠨ ᠨᠤᠲᠤᠭ ᠪᠡᠯᠴᠢᠭᠡᠷ ᠣᠢᠲᠤ ᠭᠠᠵᠠᠷ᠎ᠢ ᠡᠪᠳᠡᠭ᠌ᠰᠡᠨ ᠦᠶ᠋ᠯᠡ ᠠᠵᠢᠯᠯᠠᠭ᠎ᠠ᠎ᠶ᠋ᠢ ᠲᠤᠰᠭᠠᠶ ᠴᠡᠭ᠌ᠴᠡᠯᠡᠨ ᠰᠠᠢᠵᠢᠷᠠᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ 2010 ᠣᠨ᠎ᠠᠴᠠ 2020 ᠤᠨ ᠪᠣᠯᠲᠠᠯ᠎ᠠ ᠣᠶ ᠱᠢᠭᠤᠶ ᠨᠤᠲᠤᠭ ᠪᠡᠯᠴᠢᠭᠡᠷ᠎ᠲᠦ ᠬᠣᠯᠪᠣᠭ᠍ᠳᠠᠭ᠍ᠰᠠᠨ ᠬᠡᠷᠡᠭ᠎ᠢ ᠪᠠᠢᠴᠠᠭᠠᠨ ᠡᠮᠬᠢᠯᠡᠵᠦ᠍᠂ ᠠᠰᠠᠭᠤᠳᠠᠯ᠎ᠢ ᠪᠥᠬᠥ᠌ ᠲᠠᠯ᠎ᠠ᠎ᠪᠠᠷ ᠴᠡᠭ᠌ᠴᠡᠯᠡᠨ ᠰᠠᠢᠵᠢᠷᠠᠭᠤᠯᠪᠠ᠃《ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠬᠦ᠌᠎ᠵᠢᠨ ᠲᠠᠭᠠᠤ ᠨᠤᠲᠤᠭ ᠪᠡᠯᠴᠢᠭᠡᠷ᠎ᠦᠨ ᠠᠮᠢ ᠠᠬᠤᠶ ᠶ᠋ᠢᠨ ᠬᠠᠮᠠᠭᠠᠯᠠᠯᠲᠠ ᠶ᠋ᠢ ᠴᠢᠩᠭᠠᠳᠭᠠᠬᠤ ᠲᠤᠬᠠᠶ ᠰᠠᠨᠠᠯ》᠎ᠢ᠋ ᠬᠢᠨᠠᠮᠠᠭᠠᠶ ᠨᠠᠢᠳᠠᠪᠤᠷᠢᠵᠢᠭᠤᠯᠵᠤ᠂ ᠨᠤᠲᠤᠭ ᠪᠡᠯᠴᠢᠭᠡᠷ ᠲᠸ᠋ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠬᠦ᠌ ᠲᠥᠷᠥᠯ ᠵᠦᠢᠯ᠎ᠢ ᠱᠢᠨ᠎ᠡ᠎ᠪᠡᠷ ᠪᠠᠢᠭᠤᠯᠬᠤ᠎ᠶ᠋ᠢ ᠴᠢᠩᠭ᠎ᠠ ᠬᠢᠵᠠᠭᠠᠷᠯᠠᠵᠤ᠂ ᠨᠢᠭᠡᠨᠲᠡ ᠪᠠᠢᠭᠤᠯᠤᠭ᠍ᠰᠠᠨ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠬᠦ᠌ ᠲᠥᠷᠥᠯ ᠵᠦᠢᠯ᠎ᠢ ᠴᠢᠩᠭ᠎ᠠ ᠵᠢᠷᠤᠮᠵᠢᠭᠤᠯᠵᠤ᠂ ᠨᠤᠲᠤᠭ ᠪᠡᠯᠴᠢᠭᠡᠷ ᠲᠦ᠍ ᠨᠢᠭᠡᠨᠲᠡ ᠪᠠᠢᠭᠤᠯᠤᠭ᠍ᠰᠠᠨ ᠪᠠ ᠪᠠᠢᠭᠤᠯᠵᠤ ᠪᠠᠢᠭ᠎ᠠ ᠠᠭᠤᠷᠬᠠᠶ᠎ᠶ᠋ᠢᠨ ᠡᠬᠢ ᠪᠠᠶᠠᠯᠢᠭ᠎ᠢ ᠨᠡᠭᠡᠭᠡᠬᠦ᠌ ᠲᠥᠷᠥᠯ ᠵᠦᠢᠯ᠎ᠦᠨ ᠲᠠᠯᠠᠪᠠᠶ᠎ᠪᠠᠨ ᠳᠠᠬᠢᠨ ᠥᠷᠭᠡᠳᠭᠡᠬᠦ᠌ ᠦᠭᠡᠶ᠂ ᠨᠤᠲᠤᠭ ᠪᠡᠯᠴᠢᠭᠡᠷ᠎ᠢ ᠡᠵᠡᠯᠡᠨ ᠬᠡᠷᠡᠭ᠌ᠯᠡᠬᠦ᠌᠎ᠳᠤ ᠬᠣᠯᠪᠣᠭ᠍ᠳᠠᠭᠰᠠᠨ ᠨᠢᠭᠡᠨᠲᠡ ᠪᠠᠢᠭᠤᠯᠤᠭ᠍ᠰᠠᠨ ᠠᠭᠤᠷᠬᠠᠶ᠎ᠶ᠋ᠢᠨ ᠭᠠᠷᠤᠯᠲᠠ᠎ᠶ᠋ᠢᠨ ᠡᠷᠬᠡ᠎ᠶ᠋ᠢᠨ ᠬᠤᠭᠤᠴᠠᠭ᠎ᠠ ᠨᠢ ᠲᠠᠭᠤᠰᠤᠭᠰᠠᠨᠦ ᠳᠠᠷᠠᠭ᠎ᠠ ᠤᠬᠤᠷᠢᠨ ᠭᠠᠷᠬᠤ ᠶ᠋ᠢ ᠲᠣᠳᠣᠷᠬᠠᠢᠯᠠᠵᠠᠢ᠃ᠭᠤᠷᠪᠠ᠎ᠳᠤ᠂ᠲᠠᠷᠢᠶᠠᠯᠠᠩ᠎ᠤᠨ ᠦᠶ᠋ᠯᠡᠳᠪᠦᠷᠢᠯᠡᠯ᠎ᠢ ᠴᠢᠩᠭᠠᠳᠬᠠᠪᠠ᠃《ᠥᠪᠥᠷ ᠮᠣᠩᠭᠣᠯ᠎ᠤᠨ ᠪᠠᠷᠠᠭᠤᠨ ᠯᠢᠶᠣᠤ ᠾᠧ ᠭᠣᠣᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ 》 ᠶ᠋ᠢ ᠲᠣᠭ᠍ᠲᠠᠭᠠᠨ ᠬᠡᠷᠡᠭ᠌ᠵᠢᠭᠦᠯᠵᠦ᠍ ᠂ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢ ᠬᠠᠮᠢᠶᠠᠷᠤᠨ ᠡᠵᠡᠮᠳᠡᠬᠦ᠌ ᠳᠦᠷᠢᠮ᠎ᠢ ᠨᠠᠢᠳᠠᠪᠤᠷᠢᠵᠢᠭᠤᠯᠤᠨ ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠢ ᠴᠢᠩᠭᠠᠷᠠᠭᠤᠯᠪᠠ᠃ ᠤᠯᠠᠭᠠᠨᠬᠠᠳᠠ ᠬᠣᠲᠠ᠎ᠶ᠋ᠢᠨ ᠰᠦᠩᠱᠠᠨ ᠲᠣᠭᠣᠷᠢᠭ ᠵᠡᠷᠭᠡ 5 ᠬᠣᠱᠢᠭᠤ ᠱᠢᠶᠠᠨ᠎ᠳᠤ ᠭᠠᠵᠠᠷ ᠳᠤᠤᠷᠠᠬᠢ ᠤᠰᠤᠨ᠎ᠤ《ᠤᠰᠤᠨ᠎ᠤ ᠬᠡᠮᠵᠢᠶ᠎ᠡ᠎ᠪᠡᠷ ᠬᠢᠬᠦ》 ᠲᠤᠷᠱᠢᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠥᠷᠨᠢᠭᠦᠯᠪᠠ᠃ ᠲᠦᠩᠯᠢᠶᠣᠤ ᠬᠣᠲᠠ᠂ ᠤᠯᠠᠭᠠᠨᠬᠠᠳᠠ ᠬᠣᠲᠠ ᠭᠠᠵᠠᠷ ᠳᠤᠤᠷᠠᠬᠢ ᠤᠰᠤ᠎ᠶ᠋ᠢ ᠠᠱᠢᠭ᠍ᠯᠠᠬᠤ ᠪᠠ ᠬᠠᠮᠠᠭᠠᠯᠠᠬᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠪᠠ᠃ ᠲᠦᠩᠯᠢᠶᠣᠤ ᠬᠣᠲᠠ᠂ ᠤᠯᠠᠭᠠᠨᠬᠠᠳᠠ ᠬᠣᠲᠠ᠎ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢᠨ ᠲᠠᠷᠢᠶᠠᠨ ᠭᠠᠵᠠᠷ᠎ᠢ 63 ᠲᠦᠮᠡᠨ ᠮᠥ᠍ ᠭᠠᠷᠭᠠᠵᠦ᠂ ᠤᠯᠠᠭᠠᠨᠴᠠᠪ ᠵᠡᠷᠭᠡ 8 ᠠᠢᠮᠠᠭ ᠬᠣᠲᠠ᠎ᠳᠤ 107 ᠲᠦᠮᠡᠨ ᠮᠥ᠍ ᠥᠨᠳᠥᠷ ᠪᠠᠷᠢᠮᠵᠢᠶᠠᠲᠤ ᠬᠠᠭᠤᠷᠠᠶ ᠲᠠᠷᠢᠶᠠᠨ ᠭᠠᠵᠠᠷ ᠭᠠᠷᠭᠠᠪᠠ᠃ ᠪᠥᠬᠥ᠌ ᠣᠷᠣᠨ᠎ᠤ 3 ᠤᠰᠤᠯᠠᠯᠲᠠ᠎ᠶ᠋ᠢᠨ ᠣᠷᠣᠨ᠎ᠢ ᠤᠯᠤᠰ᠎ᠤᠨ ᠳᠤᠮᠳᠠ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠤ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ᠌ ᠬᠢᠭᠡᠳ ᠤᠰᠤ ᠠᠷᠪᠢᠯᠠᠬᠤ ᠥᠭᠡᠷᠡᠴᠢᠯᠡᠯᠲᠡ᠎ᠶ᠋ᠢᠨ ᠲᠥᠷᠥᠯ ᠵᠦᠶ᠋ᠯ᠎ᠳᠦ ᠵᠢᠭ᠍ᠰᠠᠭᠠᠨ ᠣᠷᠣᠭᠤᠯᠵᠤ᠂ 2021 ᠣᠨ᠎ᠤ ᠭᠠᠵᠠᠷ ᠳᠤᠤᠷᠠᠬᠢ ᠤᠰᠤᠨ᠎ᠤ ᠬᠡᠷᠡᠭ᠌ᠯᠡᠬᠦ᠌ ᠤᠰᠤᠨ᠎ᠤ ᠶᠡᠷᠦᠩᠬᠡᠶ ᠬᠡᠮᠵᠢᠶ᠎ᠡ᠎ᠶ᠋ᠢ ᠡᠵᠡᠮᠳᠡᠬᠦ᠌ ᠬᠠᠷᠠᠯᠲᠠ᠎ᠶ᠋ᠢ ᠲᠣᠳᠣᠷᠬᠠᠢᠯᠠᠬᠤ᠎ᠶ᠋ᠢᠨ ᠬᠠᠮᠲᠤ ᠱᠠᠲᠤ ᠳᠠᠷᠠᠭᠠᠯᠠᠨ ᠬᠣᠱᠢᠭᠤ ᠱᠢᠶᠠᠨ᠎ᠳᠤ ᠬᠦᠷᠲᠡᠯ᠎ᠡ ᠵᠠᠳᠠᠯᠤᠯᠳᠠ ᠬᠢᠵᠤ᠂ 27 ᠵᠤᠷᠪᠤᠰ ᠴᠢᠬᠤᠯᠠ ᠭᠤᠤᠯ ᠮᠥᠷᠡᠨ᠎ᠦ ᠭᠠᠵᠠᠷ ᠳᠡᠭᠡᠷᠡᠬᠢ ᠤᠰᠤᠨ᠎ᠤ ᠬᠡᠮᠵᠢᠶ᠎ᠡ᠎ᠶ᠋ᠢᠨ ᠬᠤᠪᠢᠶᠠᠷᠢᠯᠠᠯᠳᠠ᠎ᠵᠢ ᠪᠡᠶᠡᠯᠡᠭᠦᠯᠦᠨ᠎ᠡ᠃ ᠤᠰᠤ ᠶᠡᠬᠡ ᠬᠣᠷᠣᠭ᠍ᠳᠠᠭᠤᠯᠬᠤ ᠲᠥᠷᠥᠯ ᠵᠦᠢᠯ᠎ᠦᠨ ᠤᠰᠤ ᠲᠠᠲᠠᠬᠤ᠎ᠶ᠋ᠢ ᠬᠢᠨᠠᠨ ᠵᠥᠪᠱᠢᠶᠡᠷᠡᠬᠦ᠌᠎ᠶ᠋ᠢ ᠴᠢᠩᠳᠠᠯᠠᠵᠤ᠂ ᠭᠠᠵᠠᠷ ᠳᠡᠭᠡᠷᠡᠬᠢ ᠤᠰᠤᠨ᠎ᠤ ᠳᠠᠭᠠᠭᠠᠴᠠ᠎ᠠᠴᠠ ᠬᠡᠲᠦᠷᠡᠭ᠌ᠰᠡᠨ 4 ᠣᠷᠣᠨ ᠪᠣᠯᠤᠨ ᠭᠠᠵᠠᠷ ᠳᠣᠣᠷᠠᠬᠢ ᠤᠰᠤᠨ᠎ᠤ ᠳᠠᠭᠠᠭᠠᠴᠠ᠎ᠠᠴᠠ ᠬᠡᠲᠦᠷᠡᠭ᠌ᠰᠡᠨ 5 ᠣᠷᠣᠨ᠎ᠤ ᠱᠢᠨ᠎ᠡ᠎ᠪᠡᠷ ᠨᠡᠮᠡᠵᠦ ᠤᠰᠤ ᠲᠠᠲᠠᠬᠤ᠌ ᠳ᠋ᠤ ᠵᠥᠪᠱᠢᠶᠡᠷᠡᠯ ᠤᠯᠭᠤᠬᠤ᠎ᠶ᠋ᠢ ᠲᠦᠷ ᠵᠤᠭᠰᠤᠭᠠᠨ᠎ᠠ᠃《ᠴᠠᠬᠢᠯᠭᠠᠨ ᠬᠡᠷᠡᠭᠯᠡᠭᠰᠡᠨ ᠬᠡᠮᠵᠢᠶ᠎ᠡ᠎ᠪᠡᠷ ᠤᠰᠤᠨ᠎ᠤ ᠦᠨ᠎ᠡ ᠵᠢ ᠨᠤᠭᠤᠯᠤᠨ ᠪᠤᠳᠤᠬᠤ》 ᠢᠯᠡᠳᠭᠡᠮᠵᠢ᠎ᠵᠢᠨ ᠨᠤᠷᠮ᠎ᠠ᠎ᠵᠢ ᠲᠣᠭ᠍ᠲᠠᠭᠠᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠬᠤᠳᠳᠤᠭ᠎ᠢᠶᠡᠷ ᠤᠰᠤᠯᠠᠬᠤ ᠣᠷᠣᠨ᠎ᠤ᠋ ᠤᠰᠤ ᠬᠡᠷᠡᠭ᠌ᠯᠡᠬᠦ᠌ ᠬᠡᠮᠵᠢᠯᠲᠡ ᠶ᠋ᠢ ᠠᠯᠬᠤᠮ ᠠᠯᠬᠤᠮᠵᠢᠡᠷ ᠪᠡᠶᠡᠯᠡᠭᠦᠯᠵᠦ᠂ ᠤᠰᠤ ᠠᠷᠪᠢᠯᠠᠨ ᠬᠡᠷᠡᠭ᠌ᠯᠡᠬᠦ᠌ ᠶ᠋ᠢ ᠠᠬᠢᠭᠤᠯᠤᠨ᠎ᠠ᠃
4᠂ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠠᠷᠭ᠎ᠠ ᠭᠡᠯᠪᠡᠷᠢ᠎ᠵᠢ ᠬᠤᠪᠢᠷᠠᠭᠤᠯᠬᠤ ᠠᠬᠢᠴᠠ᠎ᠵᠢ ᠲᠦᠷᠭᠡᠳᠬᠡᠪᠡ᠃ ᠨᠢᠭᠡ᠎ᠳᠦ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢᠷᠡᠭᠦᠯᠪᠡ᠃《ᠥᠪᠡᠷᠲᠡᠭᠡᠨ ᠵᠠᠰᠠᠬᠤ ᠣᠷᠣᠨ᠎ᠤ〈ᠠᠷᠪᠠᠨ ᠳᠥᠷᠪᠡᠳᠦᠭᠡᠷ ᠲᠠᠪᠤᠨ ᠵᠢᠯ 〉᠎ᠤ᠋ᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ》 ᠶ᠋ᠢ ᠨᠠᠢᠷᠠᠭᠤᠯᠤᠨ ᠵᠣᠬᠢᠶᠠᠵᠤ᠂ ᠠᠵᠤ ᠦᠶ᠋ᠯᠡᠰ᠎ᠦᠨ ᠪᠦᠲᠦᠴᠡ᠎ᠶ᠋ᠢᠨ ᠲᠣᠬᠢᠷᠠᠭᠤᠯᠤᠯᠲᠠ᠎ᠶ᠋ᠢ ᠬᠦᠴᠦᠯᠡᠨ ᠠᠬᠢᠭᠤᠯᠵᠠᠢ᠃ ᠬᠡᠰᠡᠭ ᠠᠵᠢᠯ ᠲᠥᠷᠥᠯ᠎ᠦᠨ ᠴᠠᠬᠢᠯᠭᠠᠨ᠎ᠤ ᠦᠨ᠎ᠡ᠎ᠶ᠋ᠢᠨ ᠲᠥᠷᠥ᠎ᠶ᠋ᠢᠨ ᠪᠣᠳᠣᠯᠭ᠎ᠠ ᠪᠣᠯᠤᠨ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠠᠷᠠᠯᠵᠢᠶᠠᠨ᠎ᠤ ᠲᠥᠷᠥ᠎ᠶ᠋ᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠵᠦ᠍᠂ ᠴᠠᠬᠢᠯᠭᠠᠨ᠎ᠤ ᠵᠥᠷᠢᠶᠡᠲᠦ ᠦᠨ᠎ᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠬᠢᠵᠠᠭᠠᠷᠯᠠᠬᠤ ᠲᠥᠷᠥᠯ᠎ᠦᠨ ᠠᠵᠤ ᠠᠬᠤᠢᠯᠠᠯ(ᠲᠣᠨᠣᠭ ᠲᠥᠬᠥᠭᠡᠷᠦᠮᠵᠢ)᠎ᠤ᠋ᠨ ᠨᠡᠷᠡᠰ᠎ᠢ ᠲᠣᠳᠣᠷᠬᠠᠶ ᠬᠡᠷᠡᠭ᠌ᠵᠢᠭᠦᠯᠪᠠ᠃ ᠪᠦᠬᠦ᠌ ᠣᠷᠣᠨ᠎ᠤ ᠤᠨᠴᠠ ᠲᠥᠷᠥᠯ᠎ᠦᠨ ᠲᠡᠮᠦᠷ᠎ᠦᠨ ᠬᠠᠢᠯᠤᠰᠢ᠎ᠶ᠋ᠢᠨ ᠠᠵᠤ ᠠᠬᠤᠢᠯᠠᠯ᠎ᠢ ᠤᠯᠠᠮ ᠨᠢᠭᠡ ᠠᠯᠬᠤᠮ ᠬᠢᠨᠠᠨ ᠬᠠᠷᠭᠤᠭᠤᠯᠵᠤ ᠮᠠᠭᠠᠳᠯᠠᠨ ᠲᠣᠭ᠍ᠲᠠᠭᠠᠵᠤ᠂ ᠤᠨᠴᠠ ᠲᠥᠷᠥᠯ᠎ᠦᠨ ᠲᠡᠮᠦᠷ᠎ᠦᠨ ᠬᠠᠢᠯᠤᠰᠢ᠎ᠶ᠋ᠢᠨ ᠠᠵᠤ ᠠᠬᠤᠢᠯᠠᠯ᠎ᠢ 40 ᠲᠣᠭ᠍ᠲᠠᠭᠠᠨ᠂ ᠦᠯᠡᠭᠦᠤ ᠦᠢᠯᠡᠳᠪᠦᠷᠢᠯᠡᠬᠦ᠌ ᠴᠢᠳᠠᠪᠤᠷᠢ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠡᠮᠬᠢ ᠵᠢᠷᠤᠮ᠎ᠲᠠᠶ᠎ᠪᠠᠷ ᠪᠤᠴᠠᠭᠠᠨ ᠭᠠᠷᠭᠠᠵᠠᠢ᠃ ᠭᠤᠤᠯᠳᠠᠯᠭ᠎ᠠ ᠲᠠᠶ ᠠᠵᠢᠯ ᠲᠥᠷᠥᠯ᠎ᠦᠨ ᠬᠢᠵᠠᠭᠠᠷᠯᠠᠬᠤ ᠲᠥᠷᠥᠯ᠎ᠦᠨ ᠠᠵᠤ ᠠᠬᠤᠢᠯᠠᠯ(ᠲᠣᠨᠣᠭ ᠲᠥᠬᠥᠭᠡᠷᠦᠮᠵᠢ) ᠤ᠋ᠨ ᠨᠠᠷᠢᠨ ᠬᠠᠭᠤᠳᠠᠰᠤ᠎ᠶ᠋ᠢ ᠲᠣᠭ᠍ᠲᠠᠭᠠᠵᠤ᠂ 2021 — 2023 ᠣᠨ᠎ᠳᠤ ᠪᠣᠯᠣᠳ ᠲᠡᠮᠦᠷ᠂ ᠲᠡᠮᠦᠷ᠎ᠦᠨ ᠬᠠᠢᠯᠤᠰᠢ᠂ ᠴᠠᠬᠢᠯᠠᠭᠤᠷ ᠴᠢᠯᠠᠭᠤ᠂ ᠬᠡᠸ᠋ᠷᠱᠢᠭᠦᠯᠬᠦ᠌᠂ ᠪᠠᠯ ᠴᠢᠯᠠᠭᠤᠨ ᠴᠠᠬᠢᠯᠭᠠᠨ ᠲᠤᠢᠯ ᠵᠡᠷᠭᠡ 5 ᠲᠥᠷᠥᠯ᠎ᠦᠨ ᠠᠵᠤ ᠠᠬᠤᠢᠯᠠᠯ 164 ᠡᠷᠦᠬᠡ᠎ᠶ᠋ᠢ ᠨᠡᠢᠳᠭᠡᠵᠤ ᠤᠬᠤᠷᠢᠨ ᠭᠠᠷᠭᠠᠬᠤ᠎ᠪᠠᠷ ᠲᠥᠯᠥᠪᠯᠡᠵᠦ᠍ ᠪᠣᠶ᠃ ᠪᠦᠬᠦ᠌ ᠣᠷᠣᠨ᠎ᠤ ᠵᠢᠯ᠎ᠤᠨ 60 ᠲᠦᠮᠡᠨ ᠲᠣᠨ ᠡᠴᠡ ᠲᠤᠷᠤᠭᠰᠢ ᠭᠠᠷᠤᠯᠳᠠ ᠲᠠᠢ 65 ᠨᠡᠭᠦᠷᠡᠰᠦᠨ ᠠᠭᠤᠷᠬᠠᠶ᠎ᠶ᠋ᠢᠨ ᠪᠠᠢᠳᠠᠯ᠎ᠢ ᠣᠢᠯᠠᠭᠠᠵᠤ᠂ ᠲᠥᠷᠥᠯ ᠬᠤᠪᠢᠶᠠᠨ ᠱᠢᠶ᠋ᠳᠪᠦᠷᠢᠯᠡᠬᠦ᠌ ᠠᠷᠭ᠎ᠠ ᠬᠡᠮᠵᠢᠶ᠎ᠡ ᠵᠢ ᠳᠤᠷᠠᠳᠴᠠᠢ᠃ ᠬᠣᠶᠠᠷ ᠲᠦ᠍᠂ ᠱᠢᠨᠵᠢᠯᠡᠬᠦ᠌ ᠤᠬᠠᠭᠠᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠪᠠ᠃ ᠦᠶ᠋ᠯᠡᠳᠬᠦ᠌ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠲᠡᠷᠢᠭᠦᠨ᠎ᠦ ᠦᠶ᠋ᠯᠡᠳᠬᠦ᠌ ᠦᠶ᠋ᠯᠡᠰ᠎ᠦᠨ ᠪᠦᠯᠦᠭᠵᠢᠯ᠂ ᠮᠡᠷᠭᠡᠵᠢᠯ᠎ᠦᠨ ᠰᠠᠢᠵᠢᠷᠠᠭᠤᠯᠤᠯᠲᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ ᠵᠡᠷᠭᠡ ᠬᠦᠷᠢᠶᠡᠨ᠎ᠳᠦ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠦᠵᠡᠭᠦᠯᠵᠠᠢ᠃ ᠪᠠᠯ ᠴᠢᠯᠠᠭᠤ(ᠠᠯᠺᠧᠨ)ᠵᠢᠨ ᠱᠢᠨ᠎ᠡ ᠮᠠᠲ᠋ᠧᠷᠢᠶᠠᠯ᠎ᠤᠨ ᠦᠶ᠋ᠯᠡᠳᠪᠦᠷᠢᠯᠡᠯ᠂ ᠰᠠᠯᠬᠢᠨ ᠬᠦᠴᠦᠨ᠎ᠵᠢᠡᠷ ᠴᠠᠬᠢᠯᠭᠠᠨ ᠭᠠᠷᠭᠠᠠᠬᠤ ᠲᠣᠨᠣᠭ ᠲᠥᠬᠥᠭᠡᠷᠦᠮᠵᠢ ᠦᠶ᠋ᠯᠡᠳᠬᠦ᠌᠂ ᠬᠡᠷᠡᠯᠴᠢ ᠴᠡᠨᠡᠭ᠎ᠦᠨ ᠠᠵᠤ ᠦᠶ᠋ᠯᠡᠰ ᠦᠶ᠋ᠯᠡᠳᠬᠦ᠌ ᠵᠡᠷᠭᠡ ᠨᠢᠭᠡ ᠪᠦᠯᠦᠭ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠪᠠ᠃ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠦᠶ᠋ᠯᠡᠰ᠎ᠦᠨ ᠬᠥᠭ᠌ᠵᠢᠯᠲᠡ᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠰᠠᠯᠬᠢᠨ ᠬᠦᠴᠦᠨ᠎ᠵᠢᠡᠷ ᠴᠠᠬᠢᠯᠭᠠᠨ ᠭᠠᠷᠭᠠᠠᠬᠤ᠂ ᠬᠡᠷᠡᠯᠴᠢ ᠴᠡᠨᠡᠭ ᠵᠡᠷᠭᠡ ᠠᠵᠤ ᠦᠶ᠋ᠯᠡᠰ᠎ᠢ ᠪᠤᠵᠠᠭᠠᠢᠷᠠᠭᠤᠯᠪᠠ᠃ ᠬᠣᠪᠣᠷ ᠱᠢᠷᠣᠶ ᠵᠢᠨ ᠲᠣᠭ᠍ᠲᠠᠮᠠᠯ ᠰᠣᠷᠢᠨᠵᠢᠨ᠂ ᠦᠡᠭᠭᠡᠯᠡᠬᠴᠢ ᠪᠤᠳᠠᠰ ᠵᠡᠷᠭᠡ 17 ᠲᠥᠷᠥᠯ ᠵᠦᠶ᠋ᠯ᠎ᠢ 2021 ᠣᠨ᠎ᠤ ᠳᠡᠭᠡᠳᠦ ᠱᠢᠨ᠎ᠡ ᠮᠡᠷᠭᠡᠵᠢᠯ᠎ᠦᠨ ᠬᠦᠷᠢᠶᠡᠨ᠎ᠳᠡᠬᠢ ᠭᠤᠤᠯᠳᠠᠯᠭ᠎ᠠ ᠲᠠᠶ ᠳᠡᠮᠵᠢᠬᠦ᠌ ᠲᠥᠷᠥᠯ ᠵᠦᠶ᠋ᠯ᠎ᠳᠦ ᠵᠢᠭ᠍ᠰᠠᠭᠠᠨ ᠤᠷᠤᠭᠤᠯᠵᠠᠢ᠃ ᠭᠤᠷᠪᠠ᠎ᠳᠤ᠂ ᠠᠵᠤ ᠦᠢᠯᠡᠰ᠎ᠦᠨ ᠪᠦᠲᠦᠴᠡ᠎ᠶ᠋ᠢ ᠲᠤᠬᠢᠷᠠᠭᠤᠯᠤᠨ ᠱᠢᠯᠢᠳᠡᠭ᠌ᠵᠢᠭᠦᠯᠬᠦ᠌᠎ᠶ᠋ᠢ ᠲᠦᠷᠭᠡᠳᠭᠡᠪᠡ᠃ ᠪᠣᠬᠢᠷᠲᠤᠯ ᠥᠬᠡᠶ ᠱᠢᠰᠲ᠋ᠧᠮ᠎ᠦᠨ ᠬᠤᠷᠠᠮᠠᠯ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠵᠢ ᠠᠬᠢᠭᠤᠯᠵᠤ᠂ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭ᠌ᠯᠡᠯ ᠺᠣᠮᠫᠠᠨᠢ᠂ ᠣᠷᠳᠣᠰ᠎ᠤᠨ ᠴᠠᠬᠢᠯᠭᠠᠨ ᠬᠦᠴᠦᠨ᠎ᠦ ᠲᠡᠮᠦᠷᠯᠢᠭ ᠬᠠᠢᠯᠤᠭᠤᠯᠬᠤ ᠪᠦᠯᠦᠭ᠌ᠯᠡᠯ᠎ᠢ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠠᠴᠠ ᠤᠯᠤᠰ᠎ᠤᠨ ᠲᠠᠰ᠎ᠤᠨ ᠪᠣᠬᠢᠷᠲᠤᠯ ᠥᠬᠡᠶ ᠦᠶ᠋ᠯᠡᠳᠪᠦᠷᠢ᠎ᠪᠡᠷ ᠮᠠᠭᠠᠳᠯᠠᠨ ᠲᠣᠭ᠍ᠲᠠᠭᠠᠪᠠ᠃ ᠪᠣᠬᠢᠷᠲᠤᠯ ᠥᠬᠡᠶ ᠦᠶ᠋ᠯᠡᠳᠬᠦ᠌ ᠱᠢᠰᠲ᠋ᠧᠮ ᠤ᠋ᠨ ᠪᠠᠢᠭᠤᠯᠤᠯᠲᠠ᠎ᠶ᠋ᠢ ᠠᠬᠢᠭᠤᠯᠵᠤ᠂ ᠡᠨᠡ ᠵᠢᠯ᠎ᠡᠴᠡ ᠨᠠᠭᠠᠰᠢ᠂ 59 ᠠᠵᠤ ᠠᠬᠤᠢᠯᠠᠯ᠂ 8 ᠵᠦᠶ᠋ᠯ᠎ᠦᠨ ᠦᠶ᠋ᠯᠡᠳᠬᠦᠨ᠂ 4 ᠬᠦᠷᠢᠶᠡᠯᠡᠩ ᠲᠣᠭᠣᠷᠢᠭ᠂ 2 ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠲᠣᠰ ᠲᠣᠰ ᠪᠣᠬᠢᠷᠲᠤᠯ ᠥᠬᠡᠶ ᠦᠶ᠋ᠯᠡᠳᠪᠦᠷᠢ᠂ ᠪᠣᠬᠢᠷᠲᠤᠯ ᠥᠬᠡᠶ ᠦᠶ᠋ᠯᠡᠳᠬᠦᠨ᠂ ᠪᠣᠬᠢᠷᠲᠤᠯ ᠥᠬᠡᠶ ᠬᠦᠷᠢᠶᠡᠯᠡᠩ ᠲᠣᠭᠣᠷᠢᠭ ᠪᠠ ᠪᠣᠬᠢᠷᠲᠤᠯ ᠥᠬᠡᠶ ᠬᠠᠩᠭᠠᠯᠭ᠎ᠠ᠎ᠶ᠋ᠢᠨ ᠬᠡᠯᠬᠢᠶ᠎ᠡ᠎ᠪᠡᠷ ᠮᠠᠭᠠᠳᠯᠠᠨ ᠲᠣᠭ᠍ᠲᠠᠭᠠᠵᠤ᠂ ᠠᠵᠤ ᠦᠶ᠋ᠯᠡᠳᠪᠦᠷᠢ᠎ᠶ᠋ᠢᠨ ᠪᠣᠬᠢᠷᠲᠤᠯ ᠥᠬᠡᠶ ᠪᠣᠯᠭᠠᠬᠤ ᠥᠭᠡᠷᠡᠴᠢᠯᠡᠯᠲᠡ᠎ᠶ᠋ᠢᠨ 33 ᠲᠥᠷᠥᠯ ᠵᠦᠶ᠋ᠯ᠎ᠳᠦ ᠪᠠᠯᠠ ᠮᠥᠩᠭᠥ᠎ᠶ᠋ᠢᠨ ᠳᠡᠮᠵᠢᠯᠭᠡ ᠦᠵᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠱᠢᠨ᠎ᠡ ᠮᠠᠲ᠋ᠧᠷᠢᠶᠠᠯ᠎ᠤᠨ ᠬᠥᠭ᠌ᠵᠢᠯᠲᠡ᠎ᠶ᠋ᠢ ᠲᠦᠷᠭᠡᠳᠭᠡᠬᠦ᠌ ᠵᠡᠷᠭᠡ ᠭᠤᠤᠯᠳᠠᠯᠭ᠎ᠠ ᠲᠠᠶ ᠠᠵᠤ ᠦᠶ᠋ᠯᠡᠰ᠎ᠦᠨ ᠬᠥᠭ᠌ᠵᠢᠯᠲᠡ ᠵᠢᠨ ᠬᠡᠷᠡᠭ᠌ᠵᠢᠭᠦᠯᠬᠦ᠌ ᠲᠥᠰᠦᠯ᠎ᠢ ᠨᠠᠢᠷᠠᠭᠤᠯᠤᠨ ᠵᠣᠬᠢᠶᠠᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠦᠪᠰᠢᠨᠢᠳᠡᠭᠡᠭ᠌ᠰᠢᠯᠡᠭᠦᠯᠵᠤ ᠪᠠᠢᠨ᠎ᠠ᠃《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ ᠵᠢᠨ ᠪᠦᠬᠦ᠌ ᠣᠷᠣᠨ᠎ᠤ ᠠᠵᠤ ᠦᠢᠯᠡᠳᠪᠦᠷᠢ᠎ᠶ᠋ᠢᠨ ᠲᠦᠷᠦᠯ ᠵᠦᠢᠯ᠎ᠦᠨ ᠦᠷᠭᠦᠯᠵᠢᠯᠡᠬᠦ᠌ ᠲᠥᠯᠥᠪᠯᠡᠭᠡ᠎ᠶ᠋ᠢ ᠲᠣᠭ᠍ᠲᠠᠭᠠᠵᠤ ᠂ ᠤᠳᠤ ᠦᠶ᠎ᠡ᠎ᠶ᠋ᠢᠨ ᠲᠣᠨᠣᠭ᠍ᠯᠠᠯ ᠦᠢᠯᠡᠳᠬᠦ᠌᠂ ᠥᠩᠭᠡᠲᠦ ᠲᠡᠮᠦᠷᠯᠢᠭ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ 5 ᠲᠡᠷᠢᠭᠦᠨ᠎ᠦ ᠦᠢᠯᠡᠳᠬᠦ᠌ ᠦᠢᠯᠡᠰ᠎ᠦᠨ ᠪᠦᠯᠦᠭ᠌ᠵᠢᠯ᠎ᠢ ᠶᠡᠬᠡ ᠪᠡᠷ ᠪᠣᠢᠵᠢᠭᠤᠯᠵᠤ ᠪᠠᠢᠨ᠎ᠠ᠃ ᠳᠥᠷᠪᠡ᠎ᠳᠦ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠶᠡᠬᠡ ᠪᠡᠷ ᠬᠥᠭ᠌ᠵᠢᠭᠦᠯᠪᠡ᠃ ᠪᠥᠬᠥ᠌ ᠣᠷᠣᠨ᠎ᠤ ᠲᠣᠭᠠᠴᠢᠯᠠᠭ᠍ᠰᠠᠨ ᠠᠵᠤ ᠠᠬᠤᠢ ᠵᠢᠨ ᠬᠥᠭ᠌ᠵᠢᠯᠲᠡ᠎ᠶ᠋ᠢᠨ ᠶᠡᠬᠡ ᠬᠤᠷᠠᠯ᠎ᠢ ᠬᠤᠷᠠᠯᠳᠤᠭᠤᠯᠵᠤ᠂《ᠥᠪᠡᠷᠲᠡᠭᠡᠨ ᠵᠠᠰᠠᠬᠤ ᠣᠷᠣᠨ᠎ᠤ ᠲᠤᠭ᠎ᠠ ᠪᠠᠷᠢᠮᠳᠠ᠎ᠵᠢᠨ ᠠᠵᠤ ᠦᠢᠯᠡᠰᠵᠢᠯᠲᠡ ᠠᠵᠤ ᠦᠢᠯᠡᠰ ᠲᠣᠭᠠᠴᠢᠯᠠᠭ᠍ᠰᠠᠨ ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ (2021 — 2023 ᠤᠨ )》 ᠢ᠋ ᠲᠣᠭ᠍ᠲᠠᠭᠠᠵᠤ᠂ ᠠᠵᠤ ᠦᠢᠯᠡᠰ᠎ᠦᠨ ᠲᠣᠭᠠᠴᠢᠯᠠᠯᠳᠠ᠂ ᠲᠤᠭ᠎ᠠ ᠪᠠᠷᠢᠮᠲᠠ᠎ᠵᠢᠨ ᠠᠵᠤ ᠦᠢᠯᠡᠰᠵᠢᠯᠲᠡ᠎ᠶ᠋ᠢ ᠲᠦᠷᠭᠡᠳᠭᠡᠨ ᠠᠬᠢᠭᠤᠯᠵᠤ ᠪᠠᠢᠨ᠎ᠠ᠃ ᠱᠢᠨ᠎ᠡ ᠰᠠᠭᠤᠷᠢ ᠪᠦᠲᠦᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠲᠦᠷᠭᠡᠳᠭᠡᠨ᠂ 5G ᠰᠠᠭᠤᠷᠢ ᠥᠷᠲᠡᠭᠡ᠎ᠶ᠋ᠢ 5772 ᠱᠢᠨ᠎ᠡ᠎ᠪᠡᠷ ᠪᠠᠢᠭᠤᠯᠵᠤ᠂ ᠪᠦᠬᠦ᠌ ᠣᠷᠣᠨ᠎ᠳᠤ ᠨᠡᠢᠲᠡ 15802᠎ᠢ ᠪᠠᠢᠭᠤᠯᠪᠠ᠃ ᠳ᠋ᠠᠢᠲ᠋ᠠ ᠶ᠋ᠢᠨ ᠲᠥᠪ᠎ᠦᠨ ᠪᠥᠲᠥᠭᠡᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠤᠨ᠂ ᠨᠡᠢᠲᠡ 413.2 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠬᠤ᠎ᠪᠠᠷ ᠲᠥᠯᠥᠪᠯᠡᠵᠦ᠍᠂ ᠪᠠᠷᠤᠭ 133 ᠲᠦᠮᠡᠨ ᠦᠢᠯᠡᠴᠢᠯᠡᠭᠦᠷᠢ ᠵᠢᠷᠤᠵᠤ ᠲᠥᠯᠥᠪᠯᠡᠨ᠎ᠡ᠃ ᠥᠪᠥᠷ ᠮᠣᠩᠭᠣᠯ᠎ᠤᠨ ᠲᠣᠭᠠᠴᠢᠯᠠᠭ᠍ᠰᠠᠨ ᠠᠵᠤ ᠠᠬᠤᠶ᠎ᠶ᠋ᠢᠨ ᠰᠤᠳᠤᠯᠭᠠᠨ᠎ᠤ ᠬᠦᠷᠢᠶᠡᠯᠡᠩ ᠂ ᠥᠪᠥᠷ ᠮᠣᠩᠭᠣᠯ᠎ᠤᠨ ᠴᠦᠷᠬᠡᠯᠡᠭᠡ ᠳ᠋ᠠᠢᠲ᠋ᠠ᠎ᠶ᠋ᠢᠨ ᠰᠤᠳᠤᠯᠭᠠᠨ᠎ᠤ ᠬᠦᠷᠢᠶᠡᠯᠡᠩ᠂ ᠠᠵᠤ ᠦᠶ᠋ᠯᠡᠳᠪᠦᠷᠢ᠎ᠶ᠋ᠢᠨ ᠲᠣᠮᠣ ᠳ᠋ᠠᠢᠲ᠋ᠠ᠎ᠶ᠋ᠢᠨ ᠬᠡᠷᠡᠭ᠌ᠯᠡᠭᠡᠨ᠎ᠦ ᠮᠡᠷᠭᠡᠵᠢᠯ᠎ᠦᠨ ᠤᠯᠤᠰ᠎ᠤᠨ ᠢᠨᠵᠧᠨᠧᠷᠢᠩ᠎ᠦᠨ ᠲᠤᠷᠱᠢᠯᠲᠠ᠎ᠶ᠋ᠢᠨ ᠲᠠᠰᠤᠭ᠎ᠤᠨ ᠥᠪᠥᠷ ᠮᠣᠩᠭᠣᠯ᠎ᠤᠨ ᠬᠤᠪᠢᠶᠠᠷᠢ ᠲᠥᠪ ᠵᠡᠷᠭᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢ ᠪᠠᠢᠭᠤᠯᠵᠤ᠂ ᠲᠣᠭᠠᠴᠢᠯᠠᠭ᠍ᠰᠠᠨ ᠠᠵᠤ ᠠᠬᠤᠶ᠎ᠶ᠋ᠢᠨ ᠬᠥᠭ᠌ᠵᠢᠯᠲᠡ᠎ᠳᠦ ᠲᠤᠯᠭᠠᠭᠤᠷᠢᠯᠠᠯ ᠬᠠᠩᠭᠠᠨ᠎ᠠ᠃《ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ᠎ᠶ᠋ᠢᠨ ᠲᠣᠭᠠᠴᠢᠯᠠᠯᠳᠠ ᠶᠢᠨ ᠬᠡᠯᠪᠡᠷᠢ᠎ᠵᠢ ᠬᠤᠪᠢᠷᠠᠭᠤᠯᠬᠤ ᠠᠵᠢᠯᠯᠠᠭᠠᠨ᠎ᠤ ᠲᠥᠰᠦᠯ(2021 — 2025 ᠤᠨ )》᠎ᠢ᠋ ᠨᠠᠢᠷᠠᠭᠤᠯᠤᠨ ᠵᠣᠬᠢᠶᠠᠵᠤ᠂ ᠦᠶ᠋ᠯᠡᠳᠬᠦ᠌ ᠦᠶ᠋ᠯᠡᠰ ᠦᠨ ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶᠡᠨ᠎ᠦ ᠢᠯᠭᠠᠬᠤ ᠲᠡᠮᠳᠡᠭ᠎ᠢ ᠵᠠᠳᠠᠯᠬᠤ ᠬᠣᠶᠠᠳᠤᠭᠠᠷ ᠳᠡᠰ᠎ᠤᠨ ᠵᠠᠡᠭᠭᠢᠯᠠᠭ᠎ᠠ᠎ᠵᠢᠨ ᠴᠡᠭ᠎ᠤᠨ ᠲᠠᠪᠴᠠᠩ᠎ᠤᠨ ᠪᠠᠢᠭᠤᠯᠤᠯᠲᠠ᠎ᠶ᠋ᠢ ᠠᠬᠢᠭᠤᠯᠤᠨ᠂ 5G + ᠲᠠᠯᠠᠪᠠᠶ᠎ᠶ᠋ᠢᠨ ᠬᠡᠷᠡᠭ᠌ᠯᠡᠭᠡᠨ ᠤ ᠳᠡᠯᠭᠡᠷᠡᠭᠦᠯᠦᠯᠲᠡ ᠵᠢ ᠲᠦᠷᠭᠡᠳᠬᠡᠨ᠎ᠡ᠃ ᠣᠶᠤᠨᠴᠢ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠂ ᠪᠥᠬᠥ᠌ ᠣᠷᠣᠨ᠎ᠤ ᠬᠣᠶᠠᠳᠤᠭᠠᠷ ᠲᠥᠷᠥᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ ᠪᠦᠬᠦᠨ᠎ᠳᠦ ᠣᠶᠤᠨᠴᠢᠯᠠᠭ᠍ᠰᠠᠨ ᠥᠭᠡᠷᠡᠴᠢᠯᠡᠯᠲᠡ ᠬᠢᠵᠦ᠍᠂ ᠵᠢᠯ᠎ᠦᠨ ᠰᠡᠭᠦᠯᠴᠢ᠎ᠡᠴᠡ ᠡᠮᠦᠨ᠎ᠡ ᠣᠶᠤᠨᠴᠢ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠶ᠋ᠢᠨ ᠬᠠᠮᠤᠷᠬᠤ ᠨᠣᠷᠮ᠎ᠠ᠎ᠵᠢ 60% ᠵᠢ ᠲᠠᠪᠠᠭᠤᠯᠤᠨ᠎ᠠ᠃
5 ᠂ ᠨᠢᠭᠡᠴᠢ ᠤᠷᠤᠨ ᠨᠤᠳᠤᠭ᠎ᠤᠨ ᠦᠢᠯᠡᠳᠪᠦᠷᠢᠯᠡᠯ᠎ᠦᠨ ᠶᠡᠷᠦᠩᠬᠡᠶ ᠥᠷᠲᠡᠭᠲᠡᠬᠢ ᠡᠨᠧᠷᠭᠢ᠎ᠶ᠋ᠢᠨ ᠬᠤᠷᠤᠭᠳᠠᠯᠢᠴᠢᠩᠭᠠ ᠡᠵᠡᠮᠳᠡᠵᠦ᠍᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠤᠷᠠᠭᠤᠯᠪᠠ᠃ ᠨᠢᠭᠡ᠎ᠳᠦ᠂ ᠡᠨᠧᠷᠭᠢ᠎ᠶ᠋ᠢᠨ ᠬᠤᠷᠤᠭᠳᠠᠯᠤᠨᠶᠡᠷᠦᠩᠬᠡᠶ ᠬᠡᠮᠵᠢᠶ᠎ᠡ᠎ᠶ᠋ᠢᠨ ᠨᠡᠮᠡᠭ᠌ᠳᠡᠯ᠎ᠢ ᠴᠢᠩᠭ᠎ᠠ ᠬᠢᠵᠠᠭᠠᠷᠯᠠᠪᠡ᠃ 《ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠢᠭᠡᠳ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠡᠨᠧᠷᠭᠢ᠎ᠶ᠋ᠢᠨ ᠬᠤᠷᠤᠭᠳᠠᠯ᠎ᠤᠨ ᠬᠤᠤᠰ ᠡᠵᠡᠮᠳᠡᠬᠦ ᠠᠵᠢᠯ᠎ᠤᠨ ᠡᠭᠦᠷᠭᠡ ᠬᠠᠷᠢᠭᠤᠴᠠᠯᠭ᠎ᠠ》 ᠪᠣᠯᠤᠨ ᠬᠢᠨᠠᠨ ᠱᠢᠯᠭᠠᠵᠤ ᠦᠨᠡᠯᠡᠬᠦ᠌ ᠪᠠᠷᠢᠮᠵᠢᠶ᠎ᠠ᠎ᠶ᠋ᠢ ᠲᠣᠭ᠍ᠲᠠᠭᠠᠨ ᠂ ᠡᠨᠧᠷᠭᠢ᠎ᠶ᠋ᠢᠨ ᠬᠤᠷᠤᠭᠳᠠᠯ᠎ᠤᠨ ᠬᠤᠤᠰ ᠡᠵᠡᠮᠳᠠᠯ᠎ᠤᠨ ᠬᠠᠷᠢᠭᠤᠴᠠᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠵᠠᠢ᠃《ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠡᠨᠧᠷᠭᠢ ᠠᠷᠪᠢᠯᠠᠬᠤ ᠬᠥᠭ᠌ᠵᠢᠯᠳᠠ ᠶ᠋ᠢᠨ ᠲᠥᠯᠥᠪᠵᠢᠭᠦᠯᠭᠡ》 ᠶ᠋ᠢ ᠨᠠᠢᠷᠠᠭᠤᠯᠤᠨ ᠵᠣᠬᠢᠶᠠᠵᠤ᠂ 《ᠬᠤᠶᠠᠷ ᠥᠨᠳᠥᠷ》 ᠲᠥᠷᠥᠯ ᠵᠦᠶ᠋ᠯ᠎ᠢ ᠰᠣᠬᠣᠷ ᠪᠠᠯᠠᠶ᠎ᠪᠠᠷ ᠬᠥᠭ᠌ᠵᠢᠭᠦᠯᠬᠦ᠌᠎ᠶ᠋ᠢ ᠡᠷᠡᠰ ᠬᠣᠷᠢᠭ᠍ᠯᠠᠬᠤ ᠠᠵᠢᠯ᠎ᠤᠨ ᠲᠥᠰᠦᠯ᠎ᠢ ᠲᠣᠭ᠍ᠲᠠᠭᠠᠵᠤ᠂ ᠡᠨᠧᠷᠭᠢ᠎ᠶ᠋ᠢᠨ ᠬᠡᠷᠡᠭ᠌ᠯᠡᠭᠡ᠎ᠶ᠋ᠢᠨ ᠶᠡᠷᠦᠩᠬᠡᠶ ᠬᠡᠮᠵᠢᠶ᠎ᠡ ᠪᠠ ᠡᠷᠴᠢᠮ᠎ᠢ ᠬᠢᠵᠠᠭᠠᠷᠯᠠᠬᠤ ᠵᠢᠴᠢ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠴᠢᠮ᠎ᠢ ᠡᠵᠡᠮᠳᠡᠬᠦ᠌ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠪᠠ᠃ 《ᠬᠣᠶᠠᠷ ᠦᠨᠳᠦᠷ》 ᠤ᠋ᠨ ᠲᠣᠭ᠍ᠲᠠᠭᠠᠯ᠎ᠠᠴᠠ ᠵᠥᠷᠢᠴᠡᠭ᠌ᠰᠡᠨ ᠲᠥᠷᠥᠯ ᠵᠦᠢᠯ᠎ᠢ ᠴᠡᠭᠴᠡᠯᠡᠨ ᠴᠡᠪᠡᠷᠯᠡᠬᠦ ᠲᠤᠰᠭᠠᠶ ᠠᠵᠢᠯᠯᠠᠭ᠎ᠠ ᠥᠷᠨᠢᠭᠦᠯᠵᠦ᠍᠂ ᠪᠠᠢᠭᠤᠯᠵᠤ ᠪᠠᠢᠭ᠎ᠠ ᠲᠥᠷᠥᠯ ᠵᠦᠢᠯ 78᠂ ᠬᠠᠳᠠᠭᠠᠯᠠᠯᠳᠠ᠎ᠶᠢᠨ ᠲᠥᠷᠥᠯ ᠵᠦᠢᠯ 96᠂ ᠪᠠᠢᠭᠤᠯᠬᠤ᠎ᠪᠠᠷ ᠪᠠᠢᠭ᠎ᠠ ᠲᠥᠷᠥᠯ ᠵᠦᠢᠯ 7 ᠵᠢ ᠴᠡᠭᠴᠡᠯᠡᠨ ᠴᠡᠪᠡᠷᠯᠡᠪᠡ᠃ ᠡᠨᠧᠷᠭᠢ᠎ᠶ᠋ᠢᠨ ᠬᠣᠷᠣᠭ᠍ᠳᠠᠯ᠎ᠤᠨ ᠲᠥᠰᠦᠪ᠎ᠦᠨ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠲᠥᠰᠦᠯ ᠪᠠ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠡᠨᠧᠷᠭᠢ᠎ᠶ᠋ᠢᠨ ᠬᠣᠷᠣᠭ᠍ᠳᠠᠯ᠎ᠤᠨ ᠬᠤᠤᠰ ᠡᠵᠡᠮᠳᠡᠯ᠎ᠦᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠡᠨᠧᠷᠭᠢ᠎ᠶ᠋ᠢᠨ ᠬᠣᠷᠣᠭ᠍ᠳᠠᠯ ᠶᠡᠬᠡᠲᠡᠶ ᠲᠥᠷᠥᠯ ᠵᠦᠶ᠋ᠯ᠎ᠢ ᠪᠦᠬᠦᠨ᠎ᠢ ᠡᠨᠧᠷᠭᠢ ᠬᠡᠷᠡᠭ᠌ᠯᠡᠬᠦ᠌ ᠲᠥᠰᠦᠪ᠎ᠦᠨ ᠬᠠᠮᠢᠶᠠᠷᠤᠯᠲᠠ᠎ᠳᠤ ᠣᠷᠣᠭᠤᠯᠤᠨ᠂ ᠡᠨᠧᠷᠭᠢ᠎ᠶ᠋ᠢᠨ ᠬᠣᠷᠣᠭ᠍ᠳᠠᠯ ᠶᠡᠬᠡᠲᠡᠶ ᠠᠵᠢᠯ ᠲᠥᠷᠥᠯ᠎ᠦᠨ ᠱᠢᠨ᠎ᠡ᠎ᠪᠡᠷ ᠨᠡᠮᠡᠭ᠌ᠳᠡᠬᠦ᠌ ᠦᠶ᠋ᠯᠡᠳᠪᠦᠷᠢᠯᠡᠬᠦ᠌ ᠴᠢᠳᠠᠪᠤᠷᠢ᠎ᠶ᠋ᠢ ᠴᠢᠩᠭ᠎ᠠ ᠬᠢᠵᠠᠭᠠᠷᠯᠠᠵᠠᠢ᠃ 2021ᠣᠨ᠎ᠤ ᠠᠵᠤ ᠦᠶ᠋ᠯᠡᠳᠪᠦᠷᠢ᠎ᠶ᠋ᠢᠨ ᠡᠨᠧᠷᠭᠢ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ᠎ᠶ᠋ᠢᠨ ᠭᠤᠤᠯᠳᠠᠯᠭ᠎ᠠ ᠲᠠᠶ ᠲᠥᠷᠥᠯ ᠵᠦᠶ᠋ᠯ᠎ᠦᠨ ᠲᠥᠯᠥᠪᠯᠡᠭᠡ᠎ᠶ᠋ᠢ ᠲᠣᠭ᠍ᠲᠠᠭᠠᠵᠤ᠂ 121.44 ᠲᠦᠮᠡᠨ ᠲᠣᠨ ᠪᠠᠷᠢᠮᠵᠢᠶᠠᠲᠤ ᠨᠡᠭᠦᠷᠡᠰᠦ᠎ᠵᠢᠨ ᠡᠨᠧᠷᠭᠢ ᠠᠷᠪᠢᠯᠠᠬᠤ ᠪᠠᠷ ᠵᠢᠱ᠌ᠢᠵᠤ ᠪᠤᠢ ᠃
《ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦ ᠴᠠᠬᠢᠯᠭᠠᠨ᠎ᠤ ᠡᠨᠧᠷᠭᠢ ᠠᠷᠪᠢᠯᠠᠵᠤ ᠬᠣᠷᠣᠭ᠍ᠳᠠᠯ᠎ᠢ ᠪᠠᠭᠠᠰᠭᠠᠬᠤᠵᠢᠴᠢ ᠤᠶᠠᠨ ᠬᠠᠳᠠᠨ ᠥᠭᠡᠷᠡᠴᠢᠯᠡᠬᠦ᠌ ᠠᠵᠢᠯᠯᠠᠭᠠᠨ᠎ᠤ ᠲᠥᠯᠥᠪᠯᠡᠭᠡ》 ᠶ᠋ᠢ ᠲᠣᠭ᠍ᠲᠠᠭᠠᠵᠤ᠂ 2021 — 2023 ᠣᠨ᠎ᠳᠤ ᠤᠳᠤᠬᠠᠨ ᠳ᠋ᠠᠭᠠᠨ ᠠᠵᠢᠯᠯᠠᠭᠤᠯᠵᠤ ᠪᠠᠢᠭ᠎ᠠ ᠨᠡᠭᠦᠷᠡᠰᠦ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢ 1200 ᠲᠦᠮᠡᠨ ᠺᠢᠯᠦᠸᠠᠲ ᠥᠭᠡᠷᠡᠴᠢᠯᠡᠬᠦ᠌᠎ᠪᠡᠷ ᠲᠥᠯᠥᠪᠯᠡᠵᠦ᠍ ᠪᠤᠶ᠃ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠬᠦᠷᠢᠶᠡᠨ᠎ᠦ ᠡᠨᠧᠷᠭᠢ᠎ᠶ᠋ᠢᠨ ᠬᠤᠷᠤᠭᠳᠠᠯ᠎ᠤᠨ ᠬᠤᠤᠰ ᠡᠵᠡᠮᠳᠠᠯ ᠤᠨ ᠠᠵᠢᠯ᠎ᠢ ᠴᠢᠩᠭᠠᠳᠭᠠᠨ᠂ ᠪᠠᠷᠢᠯᠭ᠎ᠠ᠎ᠶ᠋ᠢᠨ ᠡᠨᠧᠷᠭᠢ ᠠᠷᠪᠢᠯᠠᠬᠤ᠂ ᠪᠣᠬᠢᠷᠲᠤᠯ ᠦᠭᠡᠶ ᠪᠠᠷᠢᠯᠭ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ 8 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠦᠬᠦ᠌ ᠣᠷᠣᠨ᠎ᠳᠤ ᠪᠣᠬᠢᠷᠲᠤᠯ ᠦᠭᠡᠶ ᠪᠠᠷᠢᠯᠭ᠎ᠠ᠎ᠶ᠋ᠢᠨ ᠪᠠᠷᠢᠮᠵᠢᠶ᠎ᠠ᠎ᠶ᠋ᠢᠨ ᠢᠨᠵᠧᠨᠧᠷᠢᠩ᠎ᠢ 1118 ᠵᠦᠢᠯ᠂ 2004.86 ᠲᠦᠮᠡᠨ ᠲᠡᠭ᠌ᠰᠢ ᠳᠥᠷᠪᠡᠯᠵᠢᠨ ᠮᠧᠲᠷ ᠱᠢᠨ᠎ᠡ᠎ᠪᠡᠷ ᠪᠠᠢᠭᠤᠯᠪᠠ᠃ 《ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠡᠨᠧᠷᠭᠢ ᠬᠡᠷᠡᠭ᠌ᠯᠡᠬᠦ᠌ ᠨᠢᠭᠡᠴᠢ᠎ᠶ᠋ᠢᠨ ᠡᠨᠧᠷᠭᠢ ᠠᠷᠪᠢᠯᠠᠬᠤ ᠬᠠᠮᠢᠶᠠᠷᠤᠯᠲᠠ᠎ᠶ᠋ᠢᠨ ᠬᠡᠷᠡᠭ᠌ᠵᠢᠭᠦᠯᠬᠦ᠌ ᠨᠠᠷᠢᠨ ᠲᠦᠷᠢᠮ》᠎ᠢ᠋ ᠴᠢᠩᠭ᠎ᠠ ᠨᠠᠢᠳᠠᠪᠤᠷᠢᠵᠢᠭᠤᠯᠵᠤ᠂ 582 ᠠᠵᠤ ᠠᠬᠤᠢᠯᠠᠯ᠎ᠳᠤ ᠡᠮᠬᠢ ᠵᠢᠷᠤᠮ᠎ᠲᠠᠶ᠎ᠪᠠᠷ ᠡᠨᠧᠷᠭᠢ ᠬᠡᠷᠡᠭ᠌ᠯᠡᠬᠦ᠌᠂ ᠦᠶ᠋ᠯᠡᠳᠪᠦᠷᠢᠯᠡᠯ᠎ᠦᠨ ᠳᠠᠷᠤᠭᠠᠰᠤ ᠶ᠋ᠢ ᠪᠠᠭᠤᠷᠠᠭᠤᠯᠬᠤ᠂ ᠣᠷᠭᠢᠯ᠎ᠤᠨ ᠬᠤᠭᠤᠴᠠᠭ᠎ᠠ᠎ᠶ᠋ᠢ ᠵᠥᠷᠢᠭᠦᠯᠦᠨ ᠦᠶ᠋ᠯᠡᠳᠪᠦᠷᠢᠯᠡᠬᠦ᠌ ᠂ ᠤᠷᠢᠳᠴᠢᠯᠠᠨ ᠪᠠᠢᠴᠠᠭᠠᠨ ᠵᠠᠰᠠᠬᠤ ᠵᠡᠷᠭᠡ ᠠᠷᠭ᠎ᠠ ᠬᠡᠮᠵᠢᠶ᠎ᠡ ᠠᠪᠴᠤ᠌᠂ 824 ᠭᠤᠤᠯᠳᠠᠯᠭ᠎ᠠ᠎ᠲᠠᠶ ᠡᠨᠧᠷᠭᠢ ᠬᠡᠷᠡᠭ᠌ᠯᠡᠬᠦ᠌ ᠨᠢᠭᠡᠴᠢ᠎ᠶ᠋ᠢᠨ ᠡᠨᠧᠷᠭᠢ᠎ᠶ᠋ᠢᠨ ᠬᠣᠷᠣᠭ᠍ᠳᠠᠯ᠎ᠳᠤ ᠰᠦᠯᠵᠢᠶᠡᠨ ᠳᠡᠭᠡᠷ᠎ᠡ ᠬᠢᠨᠠᠨ ᠬᠡᠮᠵᠢᠬᠦ᠌᠎ᠶ᠋ᠢ ᠬᠡᠷᠡᠭ᠌ᠵᠢᠭᠦᠯᠪᠡ᠃ ᠬᠣᠶᠠᠷ᠎ᠲᠤ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠤᠷᠠᠭᠤᠯᠪᠠ ᠃ 《ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠲᠥᠯᠥᠪᠵᠢᠭᠦᠯᠭᠡ》 ᠵᠢ ᠨᠠᠢᠷᠠᠭᠤᠯᠤᠨ ᠵᠣᠬᠢᠶᠠᠵᠤ᠂ ᠬᠦᠯᠡᠮᠵᠢ᠎ᠶ᠋ᠢᠨ ᠬᠡᠢ ᠪᠡᠶᠡᠲᠦ᠍᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠬᠤ ᠡᠷᠴᠢᠮ᠎ᠢᠶᠡᠨ ᠴᠢᠩᠭᠠᠷᠠᠭᠤᠯᠪᠠ᠃ ᠪᠠᠭ᠎ᠠ ᠨᠡᠭᠦᠷᠡᠰᠦᠲᠥ᠋ᠷᠥᠭ᠌ᠴᠢᠲᠦ ᠡᠭᠦᠳᠦᠨ ᠪᠠᠢᠭᠤᠯᠬᠤᠬᠠᠮᠢᠶᠠᠷᠤᠯᠲᠠᠶ᠋ᠢᠨᠲᠦᠷᠢᠮ ᠲᠣᠭ᠍ᠲᠠᠭᠠᠯ᠂ ᠭᠦᠶ᠋ᠴᠡᠳᠭᠡᠬᠦᠲᠣᠭᠠᠶ᠋ᠢᠨ ᠲᠤᠬᠳᠠᠯᠴᠠᠭ᠎ᠠ ᠪᠠ ᠦᠨᠡᠯᠡᠨ ᠵᠢᠱ᠌ᠢᠬᠦ᠌ ᠪᠠᠷᠢᠮᠵᠢᠶ᠎ᠠ᠎ᠶ᠋ᠢ ᠲᠣᠭ᠍ᠲᠠᠭᠠᠬᠤ ᠠᠵᠢᠯ᠎ᠢ ᠡᠬᠢᠯᠡᠭᠦᠯᠵᠦ᠍᠂ ᠪᠠᠭ᠎ᠠ ᠨᠡᠭᠦᠷᠡᠰᠦᠲᠥ᠋ᠷᠥᠭ᠌ᠴᠢᠲᠦ ᠬᠣᠱᠢᠭᠤ ᠱᠢᠶᠠᠨ᠂ ᠪᠠᠭ᠎ᠠ ᠨᠡᠭᠦᠷᠡᠰᠦᠲᠥ᠋ᠷᠥᠭ᠌ᠴᠢᠲᠦ ᠬᠦᠷᠢᠶᠡᠯᠡᠩ ᠲᠣᠭᠣᠷᠢᠭ᠂ ᠪᠠᠭ᠎ᠠ ᠨᠡᠭᠦᠷᠡᠰᠦᠲᠥ᠋ᠷᠥᠭ᠌ᠴᠢᠲᠦ ᠨᠡᠢᠭᠡᠮ ᠲᠣᠭᠣᠷᠢᠭ᠂ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠣᠷᠣᠨ ᠵᠡᠷᠭᠡ ᠲᠤᠷᠱᠢᠯᠲᠠ᠎ᠶ᠋ᠢᠨ ᠴᠡᠭ᠎ᠢ ᠡᠭᠦᠳᠦᠨ ᠪᠠᠢᠭᠤᠯᠬᠤ ᠠᠵᠢᠯ᠎ᠢ ᠥᠷᠨᠢᠭᠦᠯᠵᠤ ᠪᠠᠢᠨ᠎ᠠ᠃
6᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠪᠠ᠃ ᠨᠢᠭᠡ᠎ᠳᠦ᠂ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠪᠤᠭᠤᠮᠳᠠ ᠰᠢᠪᠳᠤᠯᠬᠤ᠌ ᠠᠵᠢᠯᠯᠠᠭ᠎ᠠ ᠵᠢ ᠬᠡᠷᠡᠭ᠌ᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠰᠤᠳᠤᠯᠤᠨ ᠨᠡᠭᠡᠭᠡᠬᠦ᠌ ᠣᠷᠣᠭᠤᠯᠤᠯᠲᠠ ᠵᠢᠨ ᠪᠣᠭᠣᠮᠲᠠ ᠱᠢᠪᠲᠤᠯᠬᠤ ᠠᠵᠢᠯᠯᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠵᠤ᠂ 2021 ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠲᠥᠰᠦᠪ᠎ᠤᠨ ᠲᠤᠬᠢᠷᠠᠭᠤᠯᠤᠯᠳᠠ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠰᠭᠠᠢ ᠪᠡᠯᠡ ᠮᠥᠩᠭᠥ ᠵᠢ15.2 ᠳ᠋ᠦᠩᠱᠢᠭᠤᠷ ᠲᠥᠭᠥᠷᠢᠭ ᠲᠤᠬᠢᠷᠠᠭᠤᠯᠵᠤ᠂ ᠨᠢᠳᠤᠨᠤᠨ᠎ᠤ ᠬᠢ᠎ᠡᠴᠡ 7% ᠪᠡᠷ ᠨᠡᠮᠡᠭ᠌ᠳᠡᠪᠡ᠃ ᠠᠢᠮᠠᠭ ᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠣᠭᠤᠯᠤᠯᠲᠠ᠎ᠶ᠋ᠢᠨ ᠪᠠᠳᠤᠯᠠᠭᠠᠳᠠᠢ ᠨᠡᠮᠡᠭ᠌ᠳᠡᠯ᠎ᠢ ᠣᠨ᠎ᠤ ᠠᠵᠢᠯ᠎ᠤᠨ ᠪᠦᠲᠦᠮᠵᠢ᠎ᠶ᠋ᠢ ᠱᠢᠯᠭᠠᠨ ᠬᠢᠨᠠᠬᠤ ᠭᠦᠶ᠋ᠴᠡᠳᠭᠡᠬᠦ ᠲᠣᠭ᠎ᠠ᠎ᠶ᠋ᠢᠨ ᠲᠤᠬᠳᠠᠴᠠ᠎ᠳᠦ ᠣᠷᠣᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠠᠷᠤᠯᠭ᠎ᠠ᠎ᠶ᠋ᠢᠨ ᠬᠠᠷᠢᠭᠤᠴᠠᠯᠭ᠎ᠠ᠎ᠶ᠋ᠢ ᠱᠠᠯᠠᠪᠲᠠᠭᠤᠯᠤᠨ ᠨᠠᠢᠳᠠᠪᠤᠷᠢᠵᠢᠭᠤᠯᠵᠤ ᠪᠠᠢᠨ᠎ᠠ᠃ ᠬᠣᠶᠠᠷ᠎ᠲᠤ ᠂ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠪᠠᠢᠭᠠᠳ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢ ᠨᠡᠮᠡᠭ᠌ᠳᠡᠭᠦᠯᠪᠡ᠃ 《ᠠᠵᠤ ᠠᠬᠤᠢᠯᠠᠯ ᠡᠳ᠋ ᠤ᠋ᠨ ᠵᠠᠰᠠᠬ ᠤ᠋ᠨ ᠪᠠᠢᠳᠠᠯ ᠢ᠋ ᠰᠤᠳᠤᠯᠤᠨ ᠨᠡᠭᠡᠭᠡᠭᠰᠡᠨ ᠤ᠋ ᠳᠠᠷᠠᠭ᠎ᠠ ᠨᠥᠬᠥᠪᠥᠷᠢ ᠥᠭ᠌ᠬᠦ ᠠᠷᠭ᠎ᠠ 》 ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠢ ᠲᠣᠭ᠍ᠲᠠᠭᠠᠵᠤ᠂ ᠠᠵᠦ ᠠᠬᠤᠢᠯᠠᠯ ᠰᠤᠳᠤᠯᠤᠨ ᠨᠡᠭᠡᠭᠡᠬᠦ᠎ᠳᠤ ᠪᠡᠯᠡ ᠤᠷᠤᠭᠤᠯᠤᠭᠰᠠᠨ ᠤ᠋ ᠲᠠᠷᠠᠭ᠎ᠠ ᠨᠦᠬᠦᠪᠦᠷᠢ ᠦᠭᠬᠦ᠂ 《 ᠲᠤᠡᠭᠬᠠᠭ ᠨᠡᠢᠲᠡᠯᠡᠵᠦ᠍ ᠮᠠᠩᠯᠠᠢᠯᠠᠭᠤᠯᠬᠤ》 ᠵᠡᠷᠭᠡ ᠲᠦᠷᠢᠮ ᠲᠣᠭ᠍ᠲᠠᠴᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠱᠠᠩᠨᠠᠵᠤᠨᠥᠬᠥᠪᠥᠷᠢᠥᠭ᠌ᠬᠦᠲᠥᠷᠥᠶ᠋ᠢᠨᠪᠣᠳᠣᠯᠭᠠᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠪᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠬᠤᠯᠠ ᠶᠡᠬᠡ ᠲᠤᠰᠭᠠᠢ ᠵᠦᠢᠯ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ 2.7 ᠳ᠋ᠦᠩᠱᠢᠭᠤᠷ ᠲᠥᠭᠥᠷᠢᠭ᠎ᠦᠨ ᠪᠡᠯᠡ ᠮᠥᠩᠭᠥ᠌ ᠪᠠᠭᠤᠯᠭᠠᠪᠠ᠃ 2020 ᠣᠨ᠎ᠤ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠢ 414 ᠬᠢᠨᠠᠨ ᠲᠣᠭ᠍ᠲᠠᠭᠠᠵᠤ ᠂ 8980 ᠲᠦᠮᠡᠨ ᠲᠥᠭᠥᠷᠢᠭ᠎ᠦᠨ ᠰᠤᠳᠤᠯᠤᠨ ᠨᠡᠭᠡᠭᠡᠬᠦ᠌ ᠱᠠᠩᠨᠠᠯ ᠨᠥᠬᠥᠪᠥᠷᠢ᠎ᠶ᠋ᠢᠨ ᠵᠠᠷᠤᠳᠠᠯ᠎ᠢ ᠪᠠᠭᠤᠯᠭᠠᠪᠠ᠃《ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠵᠠᠷᠤᠳᠠᠯ᠎ᠢ ᠨᠠᠮᠠᠨ ᠪᠤᠳᠤᠵᠤ ᠰᠠᠭᠤᠯᠭᠠᠨ ᠠᠪᠬᠤ ᠲᠥᠷᠥᠯ ᠵᠦᠶ᠋ᠯ᠎ᠦᠨ ᠬᠢᠨᠠᠨ ᠲᠣᠭ᠍ᠲᠠᠭᠠᠬᠤ ᠠᠷᠭ᠎ᠠ》 ᠶ᠋ᠢ ᠲᠣᠭ᠍ᠲᠠᠭᠠᠵᠤ᠂ ᠪᠥᠬᠥ᠌ ᠣᠷᠣᠨ᠎ᠤ 2020 ᠣᠨ᠎ᠤ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠵᠠᠷᠤᠳᠠᠯ᠎ᠢ ᠨᠠᠮᠠᠨ ᠪᠤᠳᠤᠵᠤ ᠰᠠᠭᠤᠯᠭᠠᠨ ᠠᠪᠬᠤ ᠭᠤᠶᠤᠴᠢᠯᠠᠯ᠎ᠢ ᠪᠡᠶᠡᠯᠡᠭᠦᠯᠵᠦ᠍᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢ 81 ᠳ᠋ᠦᠩᠱᠢᠭᠤᠷ ᠲᠥᠭᠥᠷᠢᠭ ᠬᠢᠨᠠᠨ ᠲᠣᠭ᠍ᠲᠠᠭᠠᠵᠤ᠂ ᠲᠦᠷᠦᠭᠦᠦ ᠵᠢᠯ᠎ᠦᠨ᠎ᠬᠢ᠎ᠡᠴᠡ13 ᠳ᠋ᠦᠩᠱᠢᠭᠤᠷ ᠲᠥᠭᠥᠷᠢᠭ ᠰᠢᠬᠠᠮ ᠨᠡᠮᠡᠭ᠌ᠳᠡᠪᠡ᠃ ᠭᠤᠷᠪᠠ᠎ᠳᠤ᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠳᠡᠮᠵᠢᠬᠦ᠌ ᠡᠷᠴᠢᠮ᠎ᠢ ᠴᠢᠩᠭᠠᠷᠠᠭᠤᠯᠪᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢᠶᠡᠷ ᠳᠠᠨᠵᠢᠯᠠᠭ᠍ᠰᠠᠨ ᠪᠠᠯᠠ ᠮᠦᠡᠭᠭᠦ ᠤᠷᠤᠭᠤᠯᠬᠤ ᠲᠦᠭ᠌ᠰᠢᠭᠦᠷᠢ᠎ᠶ᠋ᠢᠨ ᠨᠥᠬᠥᠪᠥᠷᠢ ᠮᠥᠩᠭᠥ᠎ᠶ᠋ᠢᠨ ᠬᠥᠲᠥᠯᠦᠨ ᠵᠢᠯᠣᠭᠣᠳᠭᠤ ᠦᠶ᠋ᠯᠡᠳᠦᠯ᠎ᠢ ᠪᠠᠳᠠᠷᠠᠭᠤᠯᠵᠤ᠂ 11 ᠠᠵᠤ ᠠᠬᠤᠢᠯᠠᠯ᠎ᠤᠨ ᠳᠠᠨᠵᠢᠯᠠᠭ᠎ᠠ᠎ᠶ᠋ᠢᠨ ᠲᠤᠰᠭᠠᠶ ᠠᠱᠢᠭ᠎ᠢ 49 ᠵᠦᠶ᠋ᠯ ᠳᠡᠮᠵᠢᠵᠦ᠍᠂ 1410 ᠲᠦᠮᠡᠨ ᠲᠥᠭᠥᠷᠢᠭ᠎ᠦᠨ ᠨᠥᠬᠥᠪᠥᠷᠢ ᠮᠥᠩᠭᠥ᠎ᠶ᠋ᠢᠨ ᠪᠡᠯᠡᠳᠭᠡᠯ ᠮᠥᠩᠭᠥ᠎ᠶ᠋ᠢ ᠬᠡᠷᠡᠭ᠌ᠯᠡᠵᠦ᠍᠂ 7470 ᠲᠦᠮᠡᠨ ᠲᠥᠭᠥᠷᠢᠭ᠎ᠦᠨ ᠪᠠᠩᠬᠢ᠎ᠶ᠋ᠢᠨ ᠵᠢᠭᠡᠯᠡᠯᠭᠡ᠎ᠶ᠋ᠢ ᠰᠢᠯᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠰᠲ᠋ᠣᠺ᠎ᠤᠨ ᠡᠷᠬᠡ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠦ ᠪᠠᠢᠭ᠎ᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠱᠢᠯᠢᠳᠡᠭ ᠠᠵᠤ ᠠᠬᠤᠢᠯᠠᠯ᠎ᠢ 860 ᠲᠦᠮᠡᠨ ᠲᠥᠭᠥᠷᠢᠭ᠎ᠢᠶᠡᠷ ᠲᠡᠮᠵᠢᠵᠤ᠂ ᠵᠠᠬ᠎ᠠ ᠳᠡᠯᠭᠡᠭᠦᠷ᠎ᠲᠦ ᠭᠠᠷᠤᠭ᠍ᠰᠠᠨ ᠱᠠᠩᠨᠠᠯ ᠨᠥᠬᠥᠪᠥᠷᠢ᠎ᠶ᠋ᠢᠨ ᠪᠠᠯᠠ ᠮᠥᠩᠭᠥ᠌ ᠵᠢ1349 ᠲᠦᠮᠡᠨ ᠲᠥᠭᠥᠷᠢᠭ ᠪᠠᠭᠤᠯᠭᠠᠵᠤ᠂ 28 ᠠᠵᠤ ᠠᠬᠤᠢᠯᠠᠯ᠎ᠳᠤ ᠱᠠᠩᠨᠠᠯ ᠨᠦᠬᠦᠪᠦᠷᠢ ᠤᠯᠭᠤᠵᠠᠢ᠃
7᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠲᠦᠷᠭᠡᠳᠭᠡᠨ ᠪᠠᠢᠭᠤᠯᠪᠠ᠃ ᠨᠢᠭᠡ᠎ᠳᠦ᠂ ᠲᠥᠯᠥᠪᠵᠢᠭᠦᠯᠭᠡ᠎ᠪᠡᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠪᠠ᠃《ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠢᠭᠤᠯᠬᠤ ᠲᠥᠯᠥᠪᠵᠢᠭᠦᠯᠭᠡ (2021— 2035 ᠤᠨ )》᠂ 《ᠬᠠᠲᠤᠨ ᠭᠤᠤᠯ᠎ᠤᠨ ᠰᠠᠪᠠ ᠭᠠᠵᠠᠷ᠎ᠤᠨ ᠥᠪᠥᠷ ᠮᠣᠩᠭᠣᠯ᠎ᠳᠠᠬᠢ ᠬᠡᠰᠡᠭ᠎ᠦᠨ ᠠᠮᠢ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠶ᠋ᠢᠨ ᠲᠥᠯᠥᠪᠵᠢᠭᠦᠯᠭᠡ (2021— 2030 ᠤᠨ)》 ᠵᠢ ᠨᠠᠢᠷᠠᠭᠤᠯᠤᠨ ᠵᠣᠬᠢᠶᠠᠪᠠ᠃ 《ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠬᠠᠷᠢᠭᠤᠴᠠᠯᠭ᠎ᠠ᠎ᠶ᠋ᠢᠨ ᠨᠠᠷᠢᠨ ᠲᠠᠩᠰᠠ》 ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠠᠮᠢ ᠠᠬᠤᠶ᠎ᠶ᠋ᠢᠨ ᠠᠮᠤᠷᠲᠦᠪᠱᠢᠨᠦᠬᠠᠯᠬᠠᠪᠴᠢᠶ᠋ᠢᠨ ᠪᠠᠢᠭᠤᠯᠤᠯᠲᠠ᠎ᠶ᠋ᠢ ᠤᠳᠤᠷᠢᠳᠭᠤ ᠪᠠᠭ᠎ᠢ ᠬᠢᠨᠠᠨ ᠱᠢᠯᠭᠠᠬᠤ ᠠᠭᠤᠯᠭ᠎ᠠ᠎ᠳᠤ ᠣᠷᠣᠭᠤᠯᠵᠤ᠂ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠌᠂ ᠨᠢᠭᠡ ᠠᠵᠢᠯ᠎ᠤᠨ ᠪᠠᠢᠷᠢ᠎ᠳᠤ ᠬᠤᠤᠰ ᠬᠠᠷᠢᠭᠤᠴᠠᠯᠭ᠎ᠠ ᠪᠠᠢᠬᠤ》 ᠵᠢ ᠪᠣᠳᠠᠲᠠᠢᠵᠢᠭᠤᠯᠪᠡ᠃ ᠬᠣᠶᠠᠷ ᠲᠦ᠍᠂ ᠠᠮᠢ ᠠᠬᠤᠢ ᠵᠢᠨ ᠬᠠᠮᠠᠭᠠᠯᠠᠯᠲᠠ ᠵᠢ ᠴᠢᠩᠭᠠᠳᠭᠠᠪᠠ᠃ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠤᠨ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠢ ᠪᠠᠢᠭᠤᠯᠪᠠ᠃ ᠣᠶ ᠱᠢᠭᠤᠶ᠂ ᠡᠯᠡᠰᠦᠨ ᠴᠥᠯ ᠪᠠ ᠨᠤᠭᠤ ᠭᠠᠵᠠᠷ᠎ᠤᠨ ᠭᠤᠤᠯ ᠪᠣᠯᠬᠤ ᠠᠮᠢ ᠠᠬᠤᠶ᠎ᠶ᠋ᠢᠨ ᠱᠢᠰᠲ᠋ᠧᠮ᠎ᠦᠨ ᠲᠥᠷᠥᠯ ᠬᠡᠯᠪᠡᠷᠢᠶ᠋ᠢᠨᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠪᠠᠢᠴᠠᠭᠠᠯᠲᠠ᠎ᠶ᠋ᠢ ᠥᠷᠨᠢᠭᠦᠯᠵᠦ᠍᠂ ᠠᠮᠢᠳᠤ ᠪᠣᠳᠠᠰᠤᠨᠣᠯᠠᠨ ᠶᠠᠩᠵᠤᠲᠤ ᠴᠢᠨᠠᠷ᠎ᠤᠨ ᠲᠢᠩᠬᠢᠮ᠎ᠦᠨ ᠬᠣᠭᠣᠷᠣᠨᠳᠣᠬᠢ ᠬᠠᠮᠲᠤᠷᠠᠭ᠍ᠰᠠᠨ ᠬᠤᠷᠠᠯ᠎ᠤᠨ ᠲᠦᠷᠢᠮ᠎ᠢ ᠪᠠᠢᠭᠤᠯᠤᠨ᠂ ᠮᠡᠳᠡᠭᠡ ᠵᠠᠩᠭᠢ᠎ᠶ᠋ᠢ ᠬᠠᠮᠲᠤ ᠪᠠᠷ ᠡᠳ᠋ᠯᠡᠬᠦ ᠲᠣᠭ᠍ᠲᠠᠴᠠ᠎ᠶ᠋ᠢ ᠲᠡᠭᠦᠯᠳᠡᠷᠵᠢᠭᠦᠯᠵᠠᠢ᠃ 《ᠣᠶ ᠰᠢᠭᠤᠢ᠎ᠶ᠋ᠢᠨ ᠳᠠᠷᠤᠭ᠎ᠠ᠎ᠶ᠋ᠢᠨ ᠲᠦᠷᠢᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠬᠦ᠌ ᠲᠤᠬᠠᠶ ᠰᠠᠨᠠᠯ》 ᠢ᠋ ᠨᠡᠢᠲᠡᠯᠡᠵᠦ᠍᠂ ᠶᠡᠬᠡ ᠬᠡᠪᠴᠢᠶᠡᠨ᠎ᠦ ᠤᠯᠤᠰ᠎ᠤᠨ ᠨᠤᠲᠤᠭ ᠳᠡᠪᠢᠰᠭᠡᠷ᠎ᠢ ᠨᠣᠭᠣᠭᠠᠷᠠᠭᠤᠯᠬᠤ ᠠᠵᠢᠯᠯᠠᠭ᠎ᠠ ᠵᠢ ᠥᠷᠨᠢᠭᠦᠯᠵᠦ᠍᠂ ᠨᠢᠭᠡᠨᠳᠡ 313.49 ᠲᠦᠮᠡᠨ ᠮᠥ᠍ ᠣᠢᠵᠢᠭᠤᠯᠤᠨ ᠨᠣᠭᠣᠭᠠᠷᠠᠭᠤᠯᠵᠤ᠂ 1430.2 ᠲᠦᠮᠡᠨ ᠮᠥ᠍ ᠡᠪᠡᠰᠦ ᠳᠠᠷᠢᠵᠤ᠂ 512.7 ᠲᠦᠮᠡᠨ ᠮᠥ᠍ ᠡᠯᠡᠰᠦ᠎ᠶ᠋ᠢ ᠰᠡᠷᠭᠡᠢᠯᠡᠨ ᠵᠠᠰᠠᠪᠠ᠃ 40 ᠵᠤᠷᠪᠤᠰ ᠵᠢᠵᠢᠭ ᠰᠠᠪᠠ ᠭᠠᠵᠠᠷ᠎ᠤᠨ ᠬᠥᠷᠥᠰᠥ᠍ ᠱᠢᠷᠣᠢ᠎ᠶ᠋ᠢ ᠬᠠᠮᠠᠭᠠᠯᠠᠬᠤ ᠶᠡᠷᠦᠩᠬᠡᠢᠯᠡᠭ᠌ᠰᠡᠨ ᠢᠨᠵᠧᠨᠧᠷᠢᠩ᠎ᠢ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ 395.2 ᠲᠡᠭ᠌ᠰᠢ ᠳᠥᠷᠪᠡᠯᠵᠢᠨ ᠺᠢᠯᠣᠮᠧᠲ᠋ᠷ ᠵᠠᠰᠠᠬᠤ ᠠᠵᠢᠯ᠎ᠢ ᠪᠡᠶᠡᠯᠡᠭᠦᠯᠵᠦ᠍᠂ 1536 ᠤᠰᠤᠨ ᠰᠤᠷᠪᠤᠯᠵᠢ ᠵᠢᠨ ᠢᠨᠵᠧᠨᠧᠷᠢᠩ᠎ᠢ ᠪᠠᠢᠭᠤᠯᠵᠤ ᠳᠠᠭᠤᠰᠭᠠᠪᠠ᠃ ᠴᠢᠬᠤᠯᠠ ᠭᠤᠤᠯ ᠮᠥᠷᠡᠨ᠎ᠦ ᠰᠠᠪᠠ ᠭᠠᠵᠠᠷ᠎ᠲᠤ ᠠᠮᠢ ᠠᠬᠤᠶ᠎ᠶ᠋ᠢᠨ ᠵᠠᠰᠠᠯᠲᠠ᠎ᠶ᠋ᠢ ᠥᠷᠨᠢᠭᠦᠯᠵᠦ᠍᠂ ᠤᠯᠠᠭᠠᠨᠰᠤᠬᠠᠢ ᠵᠡᠷᠭᠡ 31 ᠥᠪᠡᠷᠲᠡᠭᠡᠨ ᠵᠠᠰᠠᠬᠤ ᠣᠷᠣᠨ᠎ᠤ ᠴᠢᠬᠤᠯᠠ ᠨᠤᠭᠤ ᠭᠠᠵᠠᠷ᠎ᠤᠨ ᠨᠡᠷᠡᠰ᠎ᠢ ᠨᠡᠢᠲᠡᠯᠡᠵᠦ᠍᠂ ᠨᠤᠭᠤ ᠭᠠᠵᠠᠷ᠎ᠤᠨ ᠲᠠᠯᠠᠪᠠᠶ 486.1 ᠲᠦᠮᠡᠨ ᠮᠦ᠍᠎ᠳᠦ ᠬᠥᠷᠪᠡ᠃ ᠬᠥᠯᠥᠨ ᠪᠣᠢᠷ᠂ ᠠᠯᠠᠱᠠ ᠠᠭᠤᠯᠠ᠎ᠶ᠋ᠢᠨ ᠤᠯᠤᠰ᠎ᠤᠨ ᠴᠡᠴᠡᠷᠯᠢᠭ᠎ᠢ ᠭᠤᠶᠤᠴᠢᠯᠠᠨ ᠪᠠᠢᠭᠤᠯᠬᠤ ᠠᠵᠢᠯ᠎ᠢ ᠲᠦᠷᠭᠡᠳᠭᠡᠨ ᠠᠬᠢᠭᠤᠯᠪᠠ᠃ ᠭᠤᠷᠪᠠ᠎ᠳᠤ ᠂ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠪᠠ᠃ 113 ᠠᠭᠤᠷᠬᠠᠶ᠎ᠶ᠋ᠢ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ᠎ᠶ᠋ᠢᠨ ᠨᠡᠷᠡᠰ᠎ᠲᠦ ᠵᠢᠭ᠍ᠰᠠᠭᠠᠨ ᠣᠷᠣᠭᠤᠯᠵᠤ᠂ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠱᠠᠭᠠᠷᠳᠠᠯᠭ᠎ᠠ᠎ᠳᠤ ᠨᠡᠢᠴᠡᠬᠦ᠌ ᠥᠬᠡᠶ 6 ᠠᠭᠤᠷᠬᠠᠶ᠎ᠶ᠋ᠢ ᠱᠢᠯᠵᠢᠭᠦᠯᠦᠨ ᠭᠠᠷᠭᠠᠵᠤ᠂ ᠪᠥᠬᠥ᠌ ᠣᠷᠣᠨ᠎ᠳᠤ ᠪᠣᠬᠢᠷᠲᠤᠯ ᠥᠬᠡᠶ ᠠᠭᠤᠷᠬᠠᠶ᠎ᠶ᠋ᠢ ᠨᠡᠢᠲᠡ 483 ᠪᠠᠢᠭᠤᠯᠵᠦ ᠳᠠᠭᠤᠰᠭᠠᠪᠠ᠃ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠦᠢᠯᠡᠳᠪᠦᠷᠢ ᠠᠭᠤᠷᠬᠠᠢ᠎ᠶ᠋ᠢᠨ ᠬᠠᠶᠠᠭ᠍ᠳᠠᠮᠠᠯ ᠭᠠᠵᠠᠷ᠎ᠢ ᠵᠠᠰᠠᠬᠤ᠎ᠶ᠋ᠢ ᠠᠬᠢᠭᠤᠯᠵᠤ᠂ 2021 ᠣᠨ᠎ᠤ ᠲᠥᠪ᠎ᠦᠨ ᠲᠤᠰᠭᠠᠢ ᠪᠡᠯᠡ ᠮᠥᠩᠭᠥ 3.7 ᠳ᠋ᠦᠩᠱᠢᠭᠤᠷ ᠲᠥᠭᠥᠷᠢᠭ᠎ᠢ ᠤᠯᠬᠤ᠎ᠪᠠᠷ ᠴᠢᠷᠮᠠᠢᠵᠤ᠂ 13 ᠦᠢᠯᠡᠳᠪᠦᠷᠢ ᠠᠭᠤᠷᠬᠠᠢ᠎ᠶ᠋ᠢᠨ ᠭᠠᠵᠠᠷ᠎ᠤᠨ ᠭᠠᠵᠠᠷ ᠱᠢᠷᠣᠢ᠎ᠶ᠋ᠢ ᠴᠡᠭ᠌ᠴᠡᠯᠡᠨ ᠵᠠᠰᠠᠬᠤ ᠵᠦᠢᠯᠡᠰ᠎ᠢ ᠯᠠᠪᠳᠠᠭᠤᠨ ᠪᠠᠲᠤᠲᠠᠢ ᠠᠬᠢᠭᠤᠯᠪᠠ᠃ ᠨᠡᠢᠲᠡᠯᠢᠭ ᠠᠮᠢ ᠠᠬᠤᠶ᠎ᠶ᠋ᠢᠨ ᠱᠢᠰᠲ᠋ᠧᠮ᠎ᠦᠨ ᠶᠠᠰᠤ ᠴᠢᠨᠠᠷ᠎ᠤᠨ ᠪᠠᠢᠳᠠᠯ᠎ᠳᠤ ᠦᠨᠡᠯᠡᠯᠲᠡ ᠬᠢᠬᠦ᠌ ᠲᠤᠷᠱᠢᠯᠲᠠ᠎ᠶ᠋ᠢᠨ ᠠᠵᠢᠯ᠎ᠢ ᠥᠷᠨᠢᠭᠦᠯᠪᠠ᠃ ᠲᠦᠷᠪᠡ᠎ᠳᠦ᠂ ᠠᠮᠢ ᠠᠬᠤᠢ᠎ᠶ᠋ᠢᠨ ᠣᠷᠴᠢᠨ ᠨᠥᠬᠥᠴᠡᠯ᠎ᠦᠨ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠦᠯᠲᠡ᠎ᠶ᠋ᠢ ᠴᠢᠩᠭᠠᠳᠭᠠᠪᠠ᠃ 《ᠠᠮᠢ ᠠᠬᠤᠶ᠎ᠶ᠋ᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠵᠦᠶ᠋ᠯᠡᠰ᠎ᠦᠨ ᠵᠢᠯᠣᠭᠣᠳᠭᠤ ᠭᠠᠷᠴᠠᠭ (2021 ᠳ᠋ᠤᠭᠡᠷ ᠬᠡᠪᠯᠡᠯ )》 ᠢ᠋ ᠲᠣᠭ᠍ᠲᠠᠭᠠᠵᠤ᠂ ᠨᠤᠲᠤᠭ ᠪᠡᠯᠴᠢᠭᠡᠷ ᠣᠢᠲᠤ ᠭᠠᠵᠠᠷ᠎ᠢ ᠡᠪᠳᠡᠭ᠌ᠰᠡᠨ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠴᠡᠭ᠌ᠴᠡᠯᠡᠨ ᠵᠠᠰᠠᠵᠦ᠍᠂ ᠳᠠᠭᠠᠭᠤᠯᠢ ᠣᠳᠣᠨ᠎ᠤ ᠰᠡᠭᠦᠳᠡᠷ ᠳᠦᠷᠰᠦ᠎ᠶ᠋ᠢᠨ ᠬᠤᠪᠢᠷᠠᠯᠲᠠ᠎ᠶ᠋ᠢᠨ ᠵᠢᠷᠤᠭ ᠲᠣᠯᠪᠣ᠎ᠶ᠋ᠢ ᠲᠤᠬᠠᠶ᠎ᠶ᠋ᠢᠨ ᠭᠠᠵᠠᠷ᠎ᠲᠤᠨᠢ ᠬᠠᠷᠭᠤᠭᠤᠯᠤᠨ ᠪᠠᠢᠴᠠᠭᠠᠬᠤ᠎ᠶ᠋ᠢ 11.15 ᠲᠦᠮᠡ ᠪᠡᠶᠡᠯᠡᠭᠦᠯᠪᠡ᠃ ᠬᠠᠲᠤᠨ ᠭᠤᠤᠯ᠎ᠤᠨ ᠰᠠᠪᠠ ᠭᠠᠵᠠᠷ ᠲᠠᠭᠠᠤ ᠵᠢᠨ 42 ᠬᠣᠱᠢᠭᠤ ᠱᠢᠶᠠᠨ᠎ᠳᠤ ᠬᠠᠤᠯᠢ ᠪᠤᠰᠤ᠎ᠪᠠᠷ ᠣᠶ ᠱᠢᠭᠤᠶ᠂ ᠨᠤᠲᠤᠭ ᠪᠡᠯᠴᠢᠭᠡᠷ ᠪᠠ ᠨᠤᠭᠤ ᠭᠠᠵᠠᠷ᠎ᠢ ᠡᠵᠡᠯᠡᠨ ᠬᠡᠷᠡᠭ᠌ᠯᠡᠬᠰᠡᠨ ᠪᠠᠢᠳᠠᠯ᠎ᠢ ᠲᠤᠰᠭᠠᠶ ᠴᠡᠭ᠌ᠴᠡᠯᠡᠨ ᠵᠠᠰᠠᠵᠤ᠂ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠠᠰᠠᠭᠤᠳᠠᠯ᠎ᠢ ᠴᠢᠩᠭ᠎ᠠ ᠱᠢᠶ᠋ᠳᠪᠦᠷᠢᠯᠡᠪᠡ᠃
8᠂ 《ᠬᠥᠯᠥᠨ ᠨᠠᠭᠤᠷ᠂ ᠲᠠᠭ᠎ᠠ ᠵᠢᠨ ᠨᠠᠭᠤᠷ᠂ ᠤᠯᠠᠭᠠᠰᠤᠬᠠᠢ 》 ᠵᠢᠨ ᠶᠡᠷᠦᠩᠬᠡᠢᠯᠡᠭ᠌ᠰᠡᠨ ᠵᠠᠰᠠᠯᠲᠠ᠎ᠶ᠋ᠢ ᠠᠬᠢᠭᠤᠯᠪᠠ᠃ ᠨᠢᠭᠡ᠎ᠳᠦ᠂ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠪᠠᠨ ᠴᠢᠩᠭᠠᠳᠭᠠᠪᠠ᠃ ᠶᠡᠷᠦᠩᠬᠡᠶ ᠱᠦᠵᠢ ᠰᠢ᠎ᠶ᠋ᠢᠨ ᠫᠢᠩ᠎ᠦᠨ 《ᠬᠥᠯᠥᠨ ᠨᠠᠭᠤᠷ᠂ ᠲᠠᠭ᠎ᠠ ᠵᠢᠨ ᠨᠠᠭᠤᠷ᠂ ᠤᠯᠠᠭᠠᠰᠤᠬᠠᠢ 》 ᠵᠢᠨ ᠶᠡᠷᠦᠩᠬᠡᠢᠯᠡᠭ᠌ᠰᠡᠨ ᠵᠠᠰᠠᠯᠲᠠ᠎ᠶ᠋ᠢᠨ ᠲᠤᠬᠠᠶ ᠴᠢᠬᠤᠯᠠ ᠵᠢᠭᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶ᠎ᠠ ᠵᠠᠰᠠᠯᠲᠠ᠎ᠶ᠋ᠢᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠲᠤᠰᠭᠠᠶ ᠰᠡᠳᠦᠪ᠎ᠢᠶᠡᠷ ᠰᠣᠨᠣᠰᠴᠤ᠌᠂ ᠵᠠᠰᠠᠯᠲᠠ᠎ᠶ᠋ᠢ ᠭᠦᠨᠵᠡᠭᠡᠢᠷᠡᠭᠦᠯᠬᠦ᠌ ᠠᠷᠭ᠎ᠠ ᠬᠡᠮᠵᠢᠶ᠎ᠡ᠎ᠶ᠋ᠢ ᠰᠤᠳᠤᠯᠪᠠ᠃《ᠬᠥᠯᠥᠨ ᠨᠠᠭᠤᠷ᠂ᠲᠠᠭ᠎ᠠ ᠵᠢᠨ ᠨᠠᠭᠤᠷ᠂ ᠤᠯᠠᠭᠠᠰᠤᠬᠠᠢ 》 ᠵᠢᠨ ᠤᠰᠤᠨ᠎ᠤ ᠴᠢᠨᠠᠷ᠎ᠢ ᠠᠦ᠋ᠲ᠋ᠣ᠋᠎ᠪᠠᠷ ᠬᠢᠨᠠᠨ ᠱᠢᠨᠵᠢᠬᠦ᠌ 14 ᠥᠷᠲᠡᠭᠡ᠎ᠶ᠋ᠢᠨ ᠬᠢᠨᠠᠨ ᠱᠢᠨᠵᠢᠬᠦ᠌ ᠠᠵᠢᠯ ᠶᠠᠪᠤᠳᠠᠯ᠎ᠢ ᠬᠠᠮᠢᠶᠠᠷᠬᠤ ᠡᠷᠬᠡ᠎ᠶ᠋ᠢ ᠥᠪᠡᠷᠲᠡᠭᠡᠨ ᠵᠠᠰᠠᠬᠤ ᠣᠷᠣᠨ᠎ᠳᠤ ᠬᠣᠷᠢᠶᠠᠨ ᠠᠪᠴᠢᠷᠠᠵᠤ ᠨᠢᠭᠡᠳᠦᠯᠲᠡᠶ ᠬᠠᠮᠢᠶᠠᠷᠴᠤ᠌᠂ ᠤᠰᠤᠨ᠎ᠤ ᠴᠢᠨᠠᠷ᠎ᠢ ᠰᠠᠷ᠎ᠠ᠎ᠪᠠᠷ ᠬᠢᠨᠠᠨ ᠱᠢᠨᠵᠢᠵᠠᠢ᠃《ᠬᠥᠯᠥᠨ ᠨᠠᠭᠤᠷ᠂ ᠲᠠᠭ᠎ᠠ ᠵᠢᠨ ᠨᠠᠭᠤᠷ᠂ ᠤᠯᠠᠭᠠᠰᠤᠬᠠᠢ》 ᠵᠢᠨ ᠰᠠᠪᠠ ᠭᠠᠵᠠᠷ᠎ᠤᠨ 14 ᠬᠣᠲᠠ ᠪᠠᠯᠭᠠᠰᠤᠨ᠎ᠤ ᠪᠣᠬᠢᠷ ᠤᠰᠤ ᠱᠢᠶ᠋ᠳᠪᠦᠷᠢᠯᠡᠬᠦ᠌ ᠦᠶ᠋ᠯᠡᠳᠪᠦᠷᠢ᠂ 12 ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠪᠣᠬᠢᠷ ᠤᠰᠤ ᠱᠢᠶ᠋ᠳᠪᠦᠷᠢᠯᠡᠬᠦ᠌ ᠦᠶ᠋ᠯᠡᠳᠪᠦᠷᠢ ᠨᠢ ᠴᠥᠮ ᠨᠢᠭᠡᠳᠦᠭᠡᠷ ᠳᠡᠰ ᠤᠨ Aᠥᠭᠡᠷᠡᠴᠢᠯᠡᠯᠲᠡ᠎ᠶ᠋ᠢ ᠪᠡᠶᠡᠯᠡᠭᠦᠯᠦᠭ᠌ᠰᠡᠨ ᠪᠥᠭᠡᠳ ᠲᠣᠭ᠍ᠲᠠᠭᠤᠨ᠎ᠢᠶᠠᠷ ᠠᠵᠢᠯᠯᠠᠬᠤ᠎ᠶ᠋ᠢ ᠪᠠᠲᠤᠯᠠᠪᠠ᠃ ᠬᠣᠶᠠᠷ᠎ᠲᠤ᠂ ᠬᠥᠯᠥᠨ ᠨᠠᠭᠤᠷ ᠢ ᠬᠠᠮᠠᠭᠠᠯᠠᠵᠤ ᠵᠠᠰᠠᠬᠤ᠎ᠶ᠋ᠢ ᠠᠬᠢᠭᠤᠯᠪᠠ᠃《〈ᠠᠷᠪᠠᠨ ᠳᠥᠷᠪᠡᠳᠦᠭᠡᠷ ᠲᠠᠪᠤᠨ ᠵᠢᠯ 〉 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠬᠥᠯᠥᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠵᠠᠰᠠᠯᠲᠠ᠎ᠶ᠋ᠢᠨ ᠬᠡᠷᠡᠭ᠌ᠵᠢᠭᠦᠯᠬᠦ᠌ ᠲᠥᠰᠦᠯ》 ᠢ᠋ ᠲᠣᠭ᠍ᠲᠠᠭᠠᠵᠤ᠂ ᠬᠥᠯᠥᠨ ᠨᠠᠭᠤᠷ᠎ᠤᠨ ᠠᠮᠢ ᠠᠬᠤᠶ᠎ᠶ᠋ᠢᠨ ᠶᠡᠷᠦᠩᠬᠡᠢᠯᠡᠭ᠌ᠰᠡᠨ ᠦᠨᠡᠯᠡᠯᠲᠡ᠎ᠶ᠋ᠢᠨ ᠭᠦᠶ᠋ᠴᠡᠳᠭᠡᠬᠦ ᠲᠣᠭ᠎ᠠ᠎ᠶ᠋ᠢᠨ ᠲᠤᠬᠲᠠᠴᠠ ᠵᠢ ᠲᠡᠭᠦᠯᠳᠡᠷᠵᠢᠭᠦᠯᠵᠦ᠍᠂ ᠬᠥᠯᠥᠨ ᠨᠠᠭᠤᠷ᠎ᠤᠨ ᠠᠮᠢ ᠠᠬᠤᠶ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ ᠡᠬᠢᠯᠡᠭᠦᠯᠵᠦ᠍᠂ ᠤᠰᠤ ᠨᠥᠬᠥᠪᠥᠷᠢᠯᠡᠬᠦ᠌ ᠠᠵᠢᠯ᠎ᠢ ᠦᠷᠭᠦᠯᠵᠢᠯᠡᠨ ᠰᠠᠢᠲᠤᠷ ᠬᠢᠪᠡ᠃ ᠭᠤᠷᠪᠠ᠎ᠳᠤ᠂ ᠤᠯᠠᠭᠠᠨᠰᠤᠬᠠᠢ ᠨᠠᠭᠤᠷ᠎ᠤᠨ ᠵᠠᠰᠠᠯᠲᠠ᠎ᠶ᠋ᠢ ᠠᠬᠢᠭᠤᠯᠪᠡ᠃ 《〈ᠠᠷᠪᠠᠨ ᠳᠥᠷᠪᠡᠳᠦᠭᠡᠷ ᠲᠠᠪᠤᠨ ᠵᠢᠯ 〉᠎ᠤ᠋ᠨ ᠬᠤᠭᠤᠴᠠᠭᠠᠨ᠎ᠤ ᠤᠯᠠᠭᠠᠨᠰᠤᠬᠠᠢ᠎ᠶ᠋ᠢᠨ ᠤᠰᠤᠨ᠎ᠤ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠬᠢᠭᠡᠳ ᠪᠣᠬᠢᠷᠲᠤᠯ᠎ᠢ ᠰᠡᠷᠭᠡᠢᠯᠡᠨ ᠵᠠᠰᠠᠬᠤ ᠲᠥᠯᠥᠪᠵᠢᠭᠦᠯᠭᠡ》 ᠶ᠋ᠢ ᠨᠠᠢᠷᠠᠭᠤᠯᠤᠨ ᠵᠣᠬᠢᠶᠠᠵᠤ᠂ ᠤᠰᠤᠨ᠎ᠤ ᠠᠮᠢ ᠠᠬᠤᠶ᠎ᠶ᠋ᠢ ᠶᠡᠷᠦᠩᠬᠡᠢᠯᠡᠨ ᠵᠠᠰᠠᠬᠤ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠪᠠ᠃ ᠤᠯᠠᠭᠠᠨᠰᠤᠬᠠᠢ᠎ᠶ᠋ᠢᠨ ᠰᠠᠪᠠ ᠭᠠᠵᠠᠷ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢᠨ ᠲᠠᠷᠢᠶᠠᠨ ᠭᠠᠵᠠᠷ ᠢ᠋ 30.2 ᠲᠦᠮᠡᠨ ᠮᠥ᠍ ᠱᠢᠨ᠎ᠡ᠎ᠪᠡᠷ ᠨᠡᠮᠡᠭ᠌ᠳᠡᠭᠦᠯᠵᠦ᠍᠂ ᠪᠠᠢᠭᠤᠯᠵᠤ ᠪᠠᠢᠭ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 67.1 ᠲᠦᠮᠡᠨ ᠮᠥ᠍ ᠡᠬᠢᠯᠡᠭᠦᠯᠵᠦ᠍᠂ ᠨᠠᠢᠷᠠᠯᠭ᠎ᠠ ᠲᠠᠶ ᠪᠣᠷᠲᠣᠭᠣᠷ᠎ᠢ 610.5 ᠲᠦᠮᠡᠨ ᠮᠥ᠍ ᠲᠦᠭᠡᠮᠡᠯᠵᠢᠭᠦᠯᠵᠦ᠂ ᠣᠷᠭᠠᠨᠢᠭ ᠪᠣᠷᠲᠣᠭᠣᠷ ᠢ 427.7 ᠲᠦᠮᠡᠨ ᠮᠥ᠍ ᠨᠡᠮᠡᠵᠦ᠍ ᠣᠷᠣᠭᠤᠯᠪᠠ᠃ ᠡᠮ᠎ᠢ ᠴᠢᠩᠭ᠎ᠠ ᠬᠢᠵᠠᠭᠠᠷᠯᠠᠨ ᠬᠤᠤᠷ ᠬᠥᠨᠥᠭᠡᠯ᠎ᠢ ᠪᠠᠭᠠᠰᠭᠠᠵᠤ᠂ ᠪᠣᠬᠢᠷᠲᠤᠯ ᠥᠬᠡᠶ ᠰᠡᠷᠭᠡᠢᠯᠡᠨ ᠡᠵᠡᠮᠳᠡᠬᠦ᠌᠎ᠶ᠋ᠢ 616.5 ᠲᠦᠮᠡᠨ ᠮᠥ᠍ ᠪᠡᠶᠡᠯᠡᠭᠦᠯᠵᠦ᠍᠂ 465.8 ᠲᠦᠮᠡᠨ ᠮᠥ᠍ᠶ᠋ᠢ ᠨᠢᠭᠡᠳᠦᠯᠲᠡᠶ ᠰᠡᠷᠭᠡᠢᠯᠡᠨ ᠨᠢᠭᠡᠳᠦᠯᠲᠡᠶ ᠡᠵᠡᠮᠳᠡᠵᠦ᠍᠂ ᠰᠦᠯᠢᠶᠣᠣ ᠪᠦᠷᠬᠦᠪᠴᠢ᠎ᠶ᠋ᠢ 419.7 ᠲᠦᠮᠡᠨ ᠮᠥ᠍ ᠬᠣᠷᠢᠶᠠᠨ ᠠᠪᠤᠪᠠ᠃ ᠳᠥᠷᠪᠡ᠎ᠳᠦ᠂ ᠳᠠᠭ᠎ᠠ᠎ᠶ᠋ᠢᠨ ᠨᠠᠭᠤᠷ᠎ᠤᠨ ᠶᠡᠷᠦᠩᠬᠡᠢᠯᠡᠭ᠌ᠰᠡᠨ ᠵᠠᠰᠠᠯᠲᠠ᠎ᠶ᠋ᠢ ᠠᠬᠢᠭᠤᠯᠪᠠ᠃ 《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠬᠤᠭᠤᠴᠠᠭᠠᠨ᠎ᠤ ᠲᠠᠭ᠎ᠠ᠎ᠶ᠋ᠢᠨ ᠨᠠᠭᠤᠷ᠎ᠤᠨ ᠰᠠᠪᠠ ᠭᠠᠵᠠᠷ᠎ᠤᠨ ᠬᠠᠮᠠᠭᠠᠯᠠᠯᠲᠠ ᠵᠠᠰᠠᠯᠲᠠ᠎ᠶ᠋ᠢᠨ ᠬᠡᠷᠡᠭ᠌ᠵᠢᠭᠦᠯᠬᠦ᠌ ᠲᠥᠰᠦᠯ》 ᠢ᠋ ᠨᠠᠢᠷᠠᠭᠤᠯᠤᠨ ᠵᠣᠬᠢᠶᠠᠵᠤ᠂ ᠡᠷᠬᠢᠨ ᠲᠣᠭᠣᠷᠢᠨ᠎ᠤ ᠭᠠᠵᠠᠷ ᠣᠷᠣᠨ᠎ᠤ ᠲᠠᠷᠢᠶᠠᠯᠠᠩ᠎ᠤᠨ ᠲᠠᠷᠢᠮᠠᠯ᠎ᠤᠨ ᠪᠦᠲᠦᠴᠡ᠎ᠳᠦ ᠲᠣᠬᠢᠷᠠᠭᠤᠯᠤᠯᠲᠠ ᠬᠢᠵᠦ᠍᠂ 8.5 ᠲᠦᠮᠡᠨ ᠮᠥ᠍ ᠤᠰᠤᠯᠠᠯᠲᠠ᠎ᠶ᠋ᠢᠨ ᠭᠠᠵᠠᠷ᠎ᠢ ᠪᠦᠬᠦᠨ᠎ᠢ ᠳᠤᠰᠤᠯᠭᠠᠨ ᠤᠰᠤᠯᠠᠬᠤ ᠪᠣᠯᠭᠠᠨ ᠥᠭᠡᠷᠡᠴᠢᠯᠡᠵᠦ᠍᠂ ᠭᠠᠩ ᠳ᠋ᠤ ᠲᠠᠭᠠᠭᠠᠴᠠᠳᠠᠢ ᠠᠷᠪᠢᠳᠠᠢ ᠤᠰᠤᠯᠠᠯᠳᠠ ᠵᠢᠨ ᠡᠯᠳᠡᠪ ᠠᠮᠤ ᠡᠯᠳᠡᠪ ᠪᠤᠷᠴᠠᠭ᠎ᠤᠨ ᠲᠠᠷᠢᠮᠠᠯ᠎ᠤᠨ ᠲᠠᠯᠠᠪᠠᠶ 39.45 ᠲᠦᠮᠡᠨ ᠮᠥ᠍᠎ᠳᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 15.9 ᠲᠦᠮᠡᠨ ᠮᠥ᠍ ᠨᠡᠮᠡᠭ᠌ᠳᠡᠪᠡ;ᠤᠰᠤᠨ᠎ᠤ ᠬᠤᠷᠤᠬᠳᠠᠯ ᠵᠢᠡᠷ ᠶᠡᠭᠡ ᠡᠷᠳᠡᠨᠢ ᠱᠢᠰᠢ᠂ ᠲᠥᠮᠥᠰᠥ᠎ᠶ᠋ᠢᠨ ᠲᠠᠷᠢᠮᠠᠯᠤᠨᠲᠠᠯᠠᠪᠠᠶ14.9ᠲᠦᠮᠡᠨᠮᠥ᠍ᠪᠠᠢᠵᠤ᠂ᠠᠳᠠᠯᠢᠬᠤᠭᠤᠴᠠᠭᠠᠨᠤᠬᠢᠡᠴᠡ10.73ᠲᠦᠮᠡᠨᠮᠥ᠍ ᠪᠠᠭᠠᠰᠪᠠ᠃ ᠡᠨᠡ ᠵᠢᠯ᠎ᠡᠴᠡ ᠨᠠᠭᠠᠰᠢ ᠲᠠᠭ᠎ᠠ᠎ᠶ᠋ᠢᠨ ᠨᠠᠭᠤᠷ᠎ᠤᠨ ᠡᠷᠬᠢᠨ ᠲᠣᠭᠣᠷᠢᠨ᠎ᠳᠤ 300 ᠭᠠᠷᠤᠶ ᠴᠠᠬᠢᠯᠭᠠᠨ ᠮᠠᠱᠢᠨ ᠬᠤᠳᠳᠤᠭ᠎ᠢ ᠪᠢᠲᠡᠭᠦᠮᠵᠢᠯᠡᠪᠡ᠃ ᠲᠠᠭ᠎ᠠ᠎ᠶ᠋ᠢᠨ ᠨᠠᠭᠤᠷ᠎ᠤᠨ ᠪᠠᠴᠢᠮ ᠪᠠᠢᠳᠠᠯ᠎ᠢ ᠠᠷᠭᠠᠴᠠᠭᠠᠬᠤ ᠠᠮᠢ ᠠᠬᠤᠶ᠎ᠶ᠋ᠢᠨ ᠤᠰᠤ ᠨᠥᠬᠥᠪᠥᠷᠢᠯᠡᠬᠦ᠌ ᠢᠨᠵᠧᠨᠧᠷᠢᠩ᠎ᠢ ᠲᠦᠷᠭᠡᠳᠭᠡᠨ ᠠᠬᠢᠭᠤᠯᠵᠤ᠂ 11.38 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠᠶ᠋ᠢᠪᠡᠶᠡᠯᠡᠭᠦᠯᠵᠠᠢ᠃ᠲᠠᠪᠤ ᠳᠤ᠂ ᠴᠠᠭᠠᠨᠨᠠᠭᠤᠷ ᠤᠨ ᠠᠮᠢ ᠠᠬᠤᠢ ᠶ᠋ᠢᠨ ᠶᠡᠷᠦᠩᠬᠡᠢᠯᠡᠭ᠌ᠰᠡᠨ ᠵᠠᠰᠠᠯᠲᠠ᠎ᠶ᠋ᠢ ᠠᠬᠢᠭᠤᠯᠪᠠ᠃ 《ᠴᠠᠭᠠᠨᠨᠠᠭᠤᠷ᠎ᠤᠨ〈ᠠᠷᠪᠠᠨ ᠳᠥᠷᠪᠡᠳᠦᠭᠡᠷ ᠲᠠᠪᠤᠨ ᠵᠢᠯ 〉᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠮᠢ ᠠᠬᠤᠶ᠎ᠶ᠋ᠢ ᠬᠠᠮᠠᠭᠠᠯᠠᠬᠤ ᠪᠠ ᠰᠡᠷᠭᠦᠭᠡᠨ ᠵᠠᠰᠠᠬᠤ ᠲᠥᠯᠥᠪᠵᠢᠭᠦᠯᠭᠡ 》 ᠶ᠋ᠢ ᠨᠠᠢᠷᠠᠭᠤᠯᠤᠨ ᠵᠣᠬᠢᠶᠠᠵᠤ᠂ ᠴᠠᠭᠠᠨᠨᠠᠭᠤᠷ᠎ᠤᠨ ᠡᠷᠬᠢᠨ ᠲᠣᠭᠣᠷᠢᠨ ᠤ᠋ ᠲᠠᠷᠢᠶᠠᠨ ᠭᠠᠵᠠᠷ ᠲᠦ᠍《ᠤᠰᠤᠨ ᠠᠱᠢᠭ᠍ᠯᠠᠯᠲᠠ᠎ᠪᠠᠷ ᠭᠠᠩ ᠬᠠᠭ᠍ᠰᠠᠷᠠᠭᠠᠨ᠎ᠢ ᠥᠭᠡᠷᠡᠴᠢᠯᠡᠬᠦ᠌》ᠢᠨᠵᠧᠨᠧᠷᠢᠩ᠎ᠢ ᠬᠡᠷᠡᠭ᠌ᠵᠢᠭᠦᠯᠤᠨ᠂ ᠰᠠᠪᠠ ᠭᠠᠵᠠᠷ᠎ᠤᠨ ᠠᠮᠢ ᠠᠬᠤᠶ᠎ᠶ᠋ᠢ ᠬᠠᠮᠠᠭᠠᠯᠠᠬᠤ ᠪᠠ ᠰᠡᠷᠭᠦᠭᠡᠨ ᠵᠠᠰᠠᠬᠤ ᠢᠨᠵᠧᠨᠧᠷᠢᠩ᠎ᠦᠨ ᠪᠠᠯᠠ ᠮᠥᠩᠭᠥ᠎ᠶ᠋ᠢ 5000 ᠲᠦᠮᠡᠨ ᠲᠥᠭᠥᠷᠢᠭ ᠳᠣᠭᠢᠷᠠᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠨ ᠭᠠᠵᠠᠷ᠎ᠢ 6.6 ᠲᠦᠮᠡᠨ ᠮᠥ᠍ ᠪᠥᠲᠥᠭᠡᠨ ᠪᠠᠢᠭᠤᠯᠤᠨ᠂ 3.6 ᠲᠦᠮᠡᠨ ᠮᠦ᠍᠎ᠶᠢ ᠨᠢᠭᠡᠨᠲᠡ ᠪᠠᠷᠢᠯᠭ᠎ᠠ ᠳᠠᠭᠤᠰᠭᠠᠵᠤ᠂ ᠬᠠᠭᠤᠷᠠᠶ ᠲᠠᠷᠢᠮᠠᠯ ᠪᠠ ᠣᠷᠭᠠᠨᠢᠭ ᠲᠠᠷᠢᠮᠠᠯ᠎ᠤᠨ ᠲᠠᠯᠠᠪᠠᠶ᠎ᠶ᠋ᠢ 21.65 ᠲᠦᠮᠡᠨ ᠮᠥ᠍ ᠨᠠᠢᠳᠠᠪᠤᠷᠢᠵᠢᠭᠤᠯᠵᠤ᠂ ᠪᠣᠷᠣᠭᠠᠨᠤ᠋ ᠤᠰᠤ ᠵᠢ ᠠᠰᠢᠬᠯᠠᠬᠤ ᠲᠠᠷᠢᠶᠠᠯᠠᠩ᠎ᠤᠨ ᠪᠣᠬᠢᠷᠲᠤᠯ ᠥᠬᠡᠶ ᠴᠢᠨᠠᠷ ᠰᠠᠢᠲᠠᠶ ᠥᠨᠳᠥᠷ ᠦᠷ᠎ᠡ ᠠᠱᠢᠭ᠍ᠲᠤ ᠵᠢᠱ᠌ᠢᠶ᠎ᠡ ᠦᠵᠡᠭᠦᠯᠬᠦ᠌ ᠰᠠᠭᠤᠷᠢᠨ᠎ᠢ 1200 ᠮᠥ᠍ ᠪᠥᠲᠥᠭᠡᠨ ᠪᠠᠢᠭᠤᠯᠤᠨ᠎ᠠ᠃ ᠴᠠᠭᠠᠨᠨᠠᠭᠤᠷ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠢ ᠪᠠᠢᠭᠤᠯᠵᠤ᠂ ᠲᠥᠪ᠎ᠦᠨ ᠲᠥᠰᠦᠪ᠎ᠦᠨ ᠳᠣᠲᠣᠷᠠᠬᠢ ᠪᠡᠯᠡ ᠣᠷᠣᠭᠤᠯᠤᠯᠲᠠ᠎ᠶ᠋ᠢ 4412 ᠲᠦᠮᠡᠨ ᠲᠥᠭᠥᠷᠢᠭ ᠪᠠᠭᠤᠯᠭᠠᠨ᠂ ᠲᠥᠪ᠎ᠦᠨ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠲᠤᠰᠭᠠᠢ ᠪᠡᠯᠡ ᠮᠥᠩᠭᠥ᠎ᠶ᠋ᠢ 1 ᠳ᠋ᠦᠩᠱᠢᠭᠤᠷ ᠲᠥᠭᠥᠷᠢᠭ ᠲᠣᠬᠢᠷᠠᠭᠤᠯᠵᠤ᠂ ᠴᠠᠭᠠᠨᠨᠠᠭᠤᠷ᠎ᠤᠨ ᠠᠮᠢ ᠠᠬᠤᠢ᠎ᠶ᠋ᠢ ᠬᠠᠮᠠᠭᠠᠯᠠᠬᠤ ᠪᠠ ᠰᠡᠷᠭᠦᠭᠡᠨ ᠵᠠᠰᠠᠬᠤ ᠲᠥᠷᠦᠯ ᠵᠦᠢᠯ᠎ᠢ ᠲᠦᠷᠭᠡᠨ ᠬᠡᠷᠡᠭ᠌ᠵᠢᠭᠦᠯᠵᠠᠢ᠃
9᠂ ᠭᠤᠤᠯ ᠮᠥᠷᠡᠨ ᠨᠠᠭᠤᠷ ᠴᠥᠭᠥᠷᠥᠮ᠎ᠢ ᠬᠠᠮᠠᠭᠠᠯᠠᠵᠤ ᠵᠠᠰᠠᠬᠤ ᠪᠠ ᠬᠠᠲᠤᠨ ᠭᠤᠤᠯ ᠳᠠᠭᠠᠤ ᠤᠷᠤᠨ᠂ ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠶ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ᠎ᠶ᠋ᠢ ᠴᠢᠩᠭᠠᠳᠭᠠᠪᠠ᠃ ᠨᠢᠭᠡ᠎ᠳᠦ᠂ ᠨᠠᠭᠤᠷ ᠴᠥᠭᠥᠷᠥᠮ᠎ᠢ ᠬᠠᠮᠠᠭᠠᠯᠠᠵᠤ ᠵᠠᠰᠠᠬᠤ᠎ᠶ᠋ᠢ ᠴᠢᠩᠭᠠᠳᠭᠠᠪᠠ᠃ ᠨᠠᠭᠤᠷ ᠴᠥᠭᠥᠷᠥᠮ᠎ᠦᠨ ᠳᠠᠷᠤᠭ᠎ᠠ᠎ᠶ᠋ᠢᠨ ᠲᠦᠷᠢᠮ᠎ᠦᠨ ᠬᠤᠷᠠᠯ ᠵᠢᠴᠢ ᠭᠤᠤᠯ ᠮᠥᠷᠡᠨ ᠨᠠᠭᠤᠷ ᠴᠥᠭᠥᠷᠥᠮ᠎ᠦᠨ ᠬᠠᠮᠢᠶᠠᠷᠤᠯᠲᠠ ᠬᠠᠮᠠᠭᠠᠯᠠᠯᠲᠠ ᠥᠭᠡᠷᠡᠴᠢᠯᠡᠯᠲᠡ᠎ᠶ᠋ᠢ ᠴᠢᠩᠭᠠᠳᠭᠠᠬᠤ ᠬᠤᠷᠠᠯ ᠬᠤᠷᠠᠯᠳᠤᠭᠤᠯᠵᠤ᠂ ᠭᠤᠤᠯ ᠮᠥᠷᠡᠨ ᠨᠠᠭᠤᠷ ᠴᠥᠭᠥᠷᠥᠮ᠎ᠦᠨ ᠬᠠᠮᠠᠭᠠᠯᠠᠯᠲᠠ ᠵᠠᠰᠠᠯᠲᠠ᠎ᠶ᠋ᠢᠨ ᠠᠵᠢᠯ᠎ᠢ ᠪᠥᠬᠥ᠌ ᠲᠠᠯ᠎ᠠ᠎ᠪᠠᠷ ᠴᠢᠩᠭᠠᠳᠭᠠᠬᠤ᠎ᠶ᠋ᠢ ᠠᠬᠢᠭᠤᠯᠬᠤ ᠲᠤᠬᠠᠶ ᠪᠠᠢᠷᠢᠯᠠᠭᠤᠯᠪᠠ᠃ ᠪᠥᠬᠥ᠌ ᠣᠷᠣᠨ᠎ᠤ 655 ᠨᠠᠭᠤᠷ ᠴᠥᠭᠥᠷᠥᠮ᠎ᠦᠨ ᠨᠡᠷᠡᠰ᠎ᠦᠨ ᠵᠢᠭ᠍ᠰᠠᠭᠠᠯᠲᠠ᠂ ᠭᠠᠵᠠᠷ ᠵᠦᠶ᠎ᠶ᠋ᠢᠨ ᠪᠠᠢᠷᠢᠯᠠᠯ ᠵᠡᠷᠭᠡ᠎ᠳᠦ ᠳᠠᠬᠢᠨ ᠬᠢᠨᠠᠯᠲᠠ ᠬᠢᠵᠦ᠍᠂ ᠦᠨᠳᠦᠰᠦᠨ ᠮᠡᠳᠡᠭᠡ ᠵᠠᠩᠭᠢ᠎ᠶ᠋ᠢ ᠵᠠᠯᠠᠷᠠᠭᠤᠯᠤᠨ ᠲᠡᠭᠦᠯᠳᠡᠷᠵᠢᠭᠦᠯᠵᠦ᠍᠂ 8 ᠲᠥᠯᠥᠭᠡᠯᠡᠬᠦ᠌ ᠴᠢᠨᠠᠷᠲᠠᠶ ᠨᠠᠭᠤᠷ ᠴᠥᠭᠥᠷᠥᠮ᠎ᠢ ᠰᠣᠩᠭᠣᠨ ᠲᠣᠭ᠍ᠲᠠᠭᠠᠵᠤ ᠠᠭᠤᠷ ᠠᠮᠢᠰᠭᠤᠯ᠎ᠤᠨ ᠬᠡᠮᠵᠢᠶᠡᠵᠢᠭᠦᠯᠦᠭ᠌ᠰᠡᠨ ᠨᠥᠯᠥᠭᠡ ᠪᠠ ᠵᠣᠷᠢᠭᠤᠳᠠ ᠬᠠᠷᠱᠢᠯᠠᠯ ᠨᠥᠯᠥᠭᠡ ᠵᠢᠨ ᠬᠡᠮᠵᠢᠶ᠎ᠡ᠎ᠶ᠋ᠢᠨ ᠵᠠᠳᠠᠯᠤᠯᠲᠠ ᠬᠢᠵᠦ᠍᠂ ᠨᠠᠭᠤᠷ ᠴᠥᠭᠥᠷᠥᠮ᠎ᠦᠨ ᠬᠤᠪᠢᠷᠠᠯᠲᠠ᠎ᠶ᠋ᠢᠨ ᠪᠣᠶ ᠪᠣᠯᠤᠭ᠍ᠰᠠᠨ ᠱᠢᠯᠲᠠᠭᠠᠨ᠎ᠢ ᠲᠣᠳᠣᠷᠬᠠᠢᠯᠠᠬᠤ᠂ ᠲᠠᠯᠠᠪᠠᠶ ᠨᠢ ᠪᠠᠭᠠᠰᠤᠭᠰᠠᠨ ᠨᠠᠭᠤᠷ ᠴᠥᠭᠥᠷᠥᠮ᠎ᠢ ᠵᠠᠰᠠᠬᠤ᠎ᠳᠤ ᠦᠨᠳᠦᠰᠦᠯᠡᠯ ᠬᠠᠩᠭᠠᠵᠠᠢ᠃ ᠬᠠᠷᠠᠠᠤᠰᠤ ᠨᠠᠭᠤᠷ᠂ ᠳᠠᠯᠠᠢᠨᠠᠭᠤᠷ ᠵᠡᠷᠭᠡ ᠭᠣᠣᠯᠳᠠᠯᠭ᠎ᠠ᠎ᠲᠠᠶ ᠨᠠᠭᠤᠷ ᠴᠥᠭᠥᠷᠥᠮ᠎ᠢ ᠵᠠᠰᠠᠵᠤ ᠬᠠᠮᠠᠭᠠᠯᠠᠬᠤ᠎ᠶ᠋ᠢ ᠲᠦᠷᠭᠡᠳᠭᠡᠨ ᠠᠬᠢᠭᠤᠯᠵᠤ᠂ 2021 ᠣᠨ᠎ᠤ ᠭᠣᠣᠯ ᠮᠥᠷᠡᠨ ᠨᠠᠭᠤᠷ ᠴᠥᠭᠥᠷᠥᠮ᠎ᠢ ᠬᠠᠮᠢᠶᠠᠷᠴᠤ᠌ ᠬᠠᠮᠠᠭᠠᠯᠠᠬᠤ 《ᠬᠠᠪᠤᠷ᠎ᠤᠨ ᠤᠯᠠᠷᠢᠯ》᠂ 《ᠨᠠᠮᠤᠷ᠎ᠤᠨ ᠤᠯᠠᠷᠢᠯ 》 ᠤ᠋ᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ 《ᠳᠥᠷᠪᠡᠨ ᠰᠠᠮᠠᠭᠤᠨ》᠎ᠤ᠋ ᠠᠰᠠᠭᠤᠳᠠᠯ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠪᠠ᠃ ᠬᠣᠶᠠᠷ᠎ᠲᠤ ᠂ ᠭᠤᠤᠯ ᠮᠥᠷᠡᠨ ᠨᠠᠭᠤᠷ ᠴᠥᠭᠥᠷᠥᠮ᠎ᠦᠨ ᠠᠮᠢ ᠠᠬᠤᠶ᠎ᠳᠤ ᠬᠡᠷᠡᠭ᠌ᠯᠡᠬᠦ᠌ ᠤᠰᠤ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠦᠶ ᠵᠣᠬᠢᠰᠲᠠᠶ ᠲᠣᠬᠢᠷᠠᠭᠤᠯᠪᠠ᠃《ᠥᠪᠡᠷᠲᠡᠭᠡᠨ ᠵᠠᠰᠠᠬᠤ ᠣᠷᠣᠨ᠎ᠤ〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠤᠨ ᠠᠱᠢᠭ᠍ᠯᠠᠬᠤ ᠲᠥᠯᠥᠪᠵᠢᠭᠦᠯᠭᠡ》 ᠶ᠋ᠢ ᠨᠠᠢᠷᠠᠭᠤᠯᠤᠨ ᠵᠣᠬᠢᠶᠠᠵᠤ᠂ ᠳᠠᠬᠢᠨ ᠠᠰᠢᠭᠯᠠᠬᠤ ᠤᠰᠤ᠂ ᠨᠡᠭᠦᠷᠡᠰᠦᠨ ᠳᠠᠪᠬᠤᠷᠭ᠎ᠠ᠎ᠶ᠋ᠢᠨ ᠤᠰᠤ ᠵᠡᠷᠭᠡ ᠬᠡᠪ᠎ᠦᠨ ᠪᠤᠰᠤ ᠤᠰᠤᠨ ᠰᠤᠷᠪᠤᠯᠵᠢ᠎ᠶ᠋ᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠳᠤ ᠤᠷᠢᠳ ᠵᠢᠡᠷ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠬᠢᠨᠠᠨ ᠵᠥᠪᠱᠢᠶᠡᠷᠡᠭ᠌ᠰᠡᠨ ᠤᠰᠤᠨ᠎ᠤ ᠬᠡᠮᠵᠢᠶ᠎ᠡ᠎ᠶ᠋ᠢᠨ ᠬᠡᠪ᠎ᠦᠨ ᠪᠤᠰᠤ ᠤᠰᠤᠨ ᠰᠤᠷᠪᠤᠯᠵᠢ᠎ᠶ᠋ᠢᠨ ᠵᠥᠪᠱᠢᠶᠡᠷᠡᠯ᠎ᠦᠨ ᠤᠰᠤᠨ᠎ᠤ ᠬᠡᠮᠵᠢᠶ᠎ᠡ᠎ᠨᠢ 54%᠎ᠶ᠋ᠢ ᠡᠵᠡᠯᠡᠪᠡ᠃ ᠪᠠᠶᠠᠨᠨᠠᠭᠤᠷ ᠬᠣᠲᠠ ᠬᠢᠭᠡᠳ ᠦᠬᠠᠶ ᠬᠣᠲᠠ᠂ ᠣᠷᠳᠣᠰ ᠬᠣᠲᠠ᠂ ᠠᠯᠠᠱᠠ ᠠᠢᠮᠠᠭ᠎ᠤᠨ ᠤᠰᠤᠨ᠎ᠤ ᠡᠷᠬᠡ᠎ᠶ᠋ᠢᠨ ᠠᠷᠠᠯᠵᠢᠶ᠎ᠠ᠎ᠶ᠋ᠢ ᠦᠷᠭᠦᠯᠵᠢᠯᠡᠨ ᠠᠬᠢᠭᠤᠯᠪᠠ᠃ ᠤᠰᠤᠨ᠎ᠤ ᠡᠬᠢ ᠪᠠᠶᠠᠯᠢᠭ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠪᠥᠬᠥ᠌ ᠣᠷᠣᠨ᠎ᠤ ᠤᠰᠤ ᠲᠠᠳᠠᠬᠤ ᠭᠠᠵᠠᠷ ᠢ᠋ ᠪᠠᠢᠴᠠᠭᠠᠵᠤ ᠳᠠᠩᠰᠠᠯᠠᠬᠤ᠎ᠶ᠋ᠢ ᠪᠡᠶᠡᠯᠡᠭᠦᠯᠤᠨ᠂ ᠤᠰᠤ ᠲᠠᠳᠠᠬᠤ ᠭᠠᠵᠠᠷ ᠢ᠋ ᠨᠡᠢᠲᠡ 74.1 ᠲᠦᠮᠡ ᠳᠠᠩᠰᠠᠯᠠᠭᠤᠯᠵᠤ᠂ ᠲᠣᠭ᠍ᠲᠠᠭᠠᠯ᠎ᠠᠴᠠ ᠵᠥᠷᠢᠴᠡᠭ᠌ᠰᠡᠨ ᠤᠰᠤ ᠲᠠᠳᠠᠬᠤ ᠭᠠᠵᠠᠷ ᠢ᠋ ᠶᠠᠭ ᠵᠢᠷᠤᠮᠵᠢᠭᠤᠯᠤᠨ ᠴᠡᠭ᠌ᠴᠡᠯᠡᠨ ᠵᠠᠰᠠᠵᠤ ᠪᠠᠢᠨ᠎ᠠ᠃ ᠭᠠᠵᠠᠷ ᠳᠤᠤᠷᠠᠬᠢ ᠤᠰᠤ᠎ᠶ᠋ᠢ ᠬᠡᠲᠦ ᠲᠠᠳᠠᠭᠰᠠᠨ ᠣᠷᠣᠨᠢᠯᠠᠩᠭᠤᠶᠠ ᠲᠣᠮᠣ ᠬᠡᠯᠪᠡᠷᠢ᠎ᠶ᠋ᠢᠨ ᠬᠡᠲᠦ ᠲᠠᠳᠠᠭᠰᠠᠨ ᠣᠷᠣᠨ᠎ᠢ ᠵᠠᠰᠠᠬᠤ᠎ᠶ᠋ᠢ ᠲᠦᠷᠭᠡᠳᠭᠡᠨ ᠠᠬᠢᠭᠤᠯᠵᠤ᠂ ᠪᠥᠬᠥ᠌ ᠣᠷᠣᠨ᠎ᠤ ᠡᠩ᠎ᠦᠨ ᠬᠡᠲᠦ ᠮᠠᠯᠲᠠᠭ᠍ᠰᠠᠨ 30 ᠣᠷᠣᠨ᠎ᠢ ᠪᠦᠬᠦᠨ᠎ᠢ ᠵᠠᠰᠠᠵᠤ ᠳᠠᠭᠤᠰᠭᠠᠨ᠂ ᠬᠡᠲᠦ ᠮᠠᠯᠲᠠᠭ᠍ᠰᠠᠨ ᠣᠷᠣᠨ᠎ᠤ ᠳᠣᠲᠣᠷᠠᠬᠢ ᠱᠢᠨ᠎ᠡ᠎ᠪᠡᠷ ᠨᠡᠮᠡᠭ᠌ᠳᠡᠭ᠌ᠰᠡᠨ ᠮᠠᠯ ᠠᠵᠤ ᠠᠬᠤᠶ ᠲᠠᠷᠢᠶᠠᠯᠠᠩ ᠤ᠋ᠨ ᠦᠶ᠋ᠯᠡᠳᠪᠦᠷᠢᠯᠡᠯ᠎ᠳᠦ ᠬᠡᠷᠡᠭ᠌ᠯᠡᠬᠦ᠌ ᠤᠰᠤ᠎ᠶ᠋ᠢ ᠴᠥᠮ ᠬᠢᠨᠠᠨ ᠵᠥᠪᠱᠢᠶᠡᠷᠡᠬᠦ᠌ ᠥᠬᠡᠶ᠃ ᠪᠠᠷᠠᠭᠤᠨ ᠯᠢᠶᠣᠤ ᠾᠧ ᠭᠣᠣᠯ᠎ᠤᠨ ᠰᠠᠪᠠ ᠭᠠᠵᠠᠷ᠎ᠤᠨ ᠤᠰᠤᠨ᠎ᠤ ᠠᠮᠢ ᠠᠬᠤᠶ᠎ᠶ᠋ᠢ ᠬᠠᠮᠠᠭᠠᠯᠠᠬᠤ ᠪᠠ ᠰᠡᠷᠭᠦᠭᠡᠬᠦ᠌ ᠡᠷᠴᠢᠮ᠎ᠢ ᠴᠢᠩᠭᠠᠷᠠᠭᠤᠯᠵᠤ᠂ 《ᠥᠪᠥᠷ ᠮᠣᠩᠭᠣᠯ᠎ᠤᠨ ᠪᠠᠷᠠᠭᠤᠨ ᠯᠢᠶᠣᠤ ᠾᠧ ᠭᠣᠣᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ᠎ᠶ᠋ᠢ ᠬᠤᠪᠢᠶᠠᠷᠢᠯᠠᠬᠤ ᠲᠥᠰᠦᠯ(ᠵᠠᠰᠠᠪᠤᠷᠢ ᠣᠷᠣᠭᠤᠯᠤᠨ ᠨᠠᠢᠷᠠᠭᠤᠯᠬᠤ)》 ᠪᠠ 《ᠥᠪᠥᠷ ᠮᠣᠩᠭᠣᠯ᠎ᠤᠨ ᠪᠠᠷᠠᠭᠤᠨ ᠯᠢᠶᠣᠤ ᠾᠧ ᠭᠣᠣᠯ᠎ᠤᠨ ᠤᠰᠤᠨ᠎ᠤ ᠡᠬᠢ ᠪᠠᠶᠠᠯᠢᠭ᠎ᠢ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ 》 ᠶ᠋ᠢ ᠲᠣᠭ᠍ᠲᠠᠭᠠᠵᠤ᠂ ᠴᠢᠬᠤᠯᠠ ᠣᠭ᠍ᠲᠣᠯᠤᠭᠠᠰᠤ᠎ᠶ᠋ᠢᠨ ᠳᠣᠣᠷᠠᠬᠢ ᠤᠰᠤᠨ᠎ᠤ ᠬᠡᠮᠵᠢᠶ᠎ᠡ᠎ᠶ᠋ᠢ ᠬᠠᠮᠢᠶᠠᠷᠤᠨ ᠡᠵᠡᠮᠳᠡᠬᠦ᠌ ᠭᠦᠢᠴᠡᠳᠭᠡᠬᠦ᠌ ᠲᠣᠭ᠎ᠠ᠎ᠶ᠋ᠢ ᠲᠣᠳᠣᠷᠬᠠᠢᠯᠠᠨ᠂ ᠪᠠᠷᠠᠭᠤᠨ ᠯᠢᠶᠣᠤ ᠾᠧ ᠭᠣᠣᠯ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠤᠨ ᠬᠠᠮᠢᠶᠠᠷᠬᠤ ᠱᠢᠰᠲᠧᠮ᠎ᠢ ᠪᠠᠢᠭᠤᠯᠵᠤ᠂ ᠤᠰᠤᠨ᠎ᠤ ᠡᠬᠢ ᠪᠠᠶᠠᠯᠢᠭ᠎ᠢ ᠵᠠᠳᠠᠯᠤᠨ ᠬᠠᠮᠢᠶᠠᠷᠴᠤ᠌ ᠡᠵᠡᠮᠳᠡᠬᠦ᠌᠎ᠶ᠋ᠢ ᠴᠢᠩᠭᠠᠳᠬᠠᠪᠠ᠃ ᠭᠤᠷᠪᠠ᠎ᠳᠤ᠂ ᠬᠠᠲᠤᠨ ᠭᠣᠣᠯ ᠳᠠᠭᠠᠤ᠎ᠶ᠋ᠢᠨ ᠠᠮᠢ ᠠᠬᠤᠢ᠎ᠶ᠋ᠢᠨ ᠣᠷᠴᠢᠨ ᠨᠥᠬᠥᠴᠡᠯ᠎ᠦᠨ ᠶᠡᠷᠦᠩᠬᠡᠢᠯᠡᠭ᠌ᠰᠡᠨ ᠵᠠᠰᠠᠯᠲᠠ᠎ᠶ᠋ᠢ ᠴᠢᠩᠭᠠᠳᠭᠠᠪᠠ᠃ 《ᠬᠠᠳᠤᠨ ᠭᠤᠤᠯ᠎ᠤᠨ ᠰᠠᠪᠠ ᠭᠠᠵᠠᠷ᠎ᠤᠨ ᠥᠪᠥᠷ ᠮᠣᠩᠭᠣᠯ᠎ᠤᠨ ᠬᠡᠰᠡᠭ᠎ᠦᠨ ᠠᠮᠢ ᠠᠬᠤᠢ᠎ᠶ᠋ᠢᠨ ᠬᠣᠩᠭᠢᠯ ᠵᠠᠮ᠎ᠤᠨ ᠪᠦᠲᠦᠭᠡᠨ ᠪᠠᠢᠭᠤᠯᠤᠯᠲᠠ᠎ᠶ᠋ᠢᠨ ᠲᠥᠯᠥᠪᠵᠢᠭᠦᠯᠬᠡ (2021 — 2030 ᠤᠨ)》᠂ 《ᠥᠪᠡᠷᠲᠡᠭᠡᠨ ᠵᠠᠰᠠᠬᠤ ᠣᠷᠣᠨ᠎ᠤ ᠬᠠᠳᠤᠨ ᠭᠤᠤᠯ᠎ᠤᠨ ᠰᠠᠪᠠ ᠭᠠᠵᠠᠷ ᠤᠨ ᠤᠯᠤᠰ ᠤᠨ ᠭᠠᠵᠠᠷ ᠱᠢᠷᠣᠶ ᠶ᠋ᠢᠨ ᠣᠷᠣᠨ ᠵᠠᠶ ᠶ᠋ᠢᠨ ᠲᠥᠯᠥᠪᠵᠢᠭᠦᠯᠬᠡ》᠂ 《ᠥᠪᠡᠷᠲᠡᠭᠡᠨᠵᠠᠰᠠᠬᠤ ᠣᠷᠣᠨ᠎ᠤ ᠬᠠᠳᠤᠨ ᠭᠤᠤᠯ᠎ᠤᠨ ᠰᠠᠪᠠ ᠭᠠᠵᠠᠷ᠎ᠤᠨ ᠠᠮᠢᠠᠬᠤᠢᠶ᠋ᠢᠨᠬᠠᠮᠠᠭᠠᠯᠠᠯᠲᠠᠪᠠᠴᠢᠨᠠᠷ ᠰᠠᠢᠲᠠᠶ ᠬᠥᠭ᠌ᠵᠢᠯᠲᠡᠶ᠋ᠢᠨᠤᠰᠤᠨ ᠠᠱᠢᠭ᠍ᠯᠠᠯᠲᠠ᠎ᠶ᠋ᠢᠨ ᠲᠤᠰᠭᠠᠶ ᠲᠥᠯᠥᠪᠵᠢᠭᠦᠯᠬᠡ》 ᠶ᠋ᠢ ᠨᠠᠢᠷᠠᠭᠤᠯᠤᠨ ᠵᠣᠬᠢᠶᠠᠪᠠ᠃ ᠬᠠᠲᠤᠨ ᠭᠤᠤᠯ᠎ᠤᠨ ᠰᠠᠪᠠ ᠭᠠᠵᠠᠷ᠎ᠤᠨ ᠲᠠᠩ ᠣᠷᠣᠨ᠎ᠢ ᠳᠤᠷ᠎ᠠ᠎ᠪᠠᠷ ᠡᠵᠡᠯᠡᠨ ᠳᠤᠷ᠎ᠠ᠎ᠪᠠᠷ᠎ᠢᠶᠠᠨ ᠪᠠᠢᠭᠤᠯᠬᠤ ᠠᠰᠠᠭᠤᠳᠠᠯ᠎ᠢ ᠲᠤᠰᠭᠠᠶᠴᠡᠭ᠌ᠴᠡᠯᠡᠨ ᠵᠠᠰᠠᠵᠦ᠍᠂ ᠲᠣᠭ᠍ᠲᠠᠭᠠᠯ᠎ᠠᠴᠠ ᠵᠥᠷᠢᠴᠡᠨ ᠤᠰᠤ ᠲᠠᠲᠠᠬᠤ᠂ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠲᠣᠭ᠍ᠲᠠᠭᠠᠯ᠎ᠠᠴᠠ ᠵᠥᠷᠢᠴᠡᠨ ᠭᠠᠵᠠᠷ ᠳᠤᠤᠷᠠᠬᠢ ᠤᠰᠤ᠎ᠶ᠋ᠢ ᠲᠠᠲᠠᠵᠤ ᠬᠡᠷᠡᠭ᠌ᠯᠡᠬᠦ᠌ ᠵᠡᠷᠭᠡ ᠠᠰᠠᠭᠤᠳᠠᠯ᠎ᠢ ᠭᠤᠤᠯᠳᠠᠯᠭ᠎ᠠ᠎ᠲᠠᠶ ᠵᠠᠰᠠᠵᠠᠢ᠃ ᠬᠠᠲᠤᠨ ᠭᠣᠣᠯ᠎ᠤᠨ ᠭᠣᠣᠯ ᠤᠷᠤᠰᠭᠠᠯ ᠪᠠ ᠭᠣᠣᠯ ᠪᠣᠯᠬᠤ ᠰᠠᠯᠪᠤᠷᠢ ᠤᠷᠤᠰᠭᠠᠯ᠎ᠤᠨ ᠡᠷᠭᠢ ᠳᠠᠭᠠᠤ 3 ᠺᠢᠯᠣᠮᠧᠲ᠋ᠷ᠎ᠦᠨ ᠬᠡᠪᠴᠢᠶᠡᠨ᠎ᠳᠡᠬᠢ ᠬᠤᠲᠠ ᠬᠥᠳᠡᠭᠡ᠎ᠶ᠋ᠢᠨ ᠠᠮᠢᠳᠤᠷᠠᠯ᠎ᠤᠨ ᠪᠣᠬᠢᠷᠲᠤᠯ᠎ᠤᠨ ᠡᠬᠢ ᠰᠤᠷᠪᠤᠯᠵᠢ᠎ᠶ᠋ᠢ ᠳᠠᠷᠠᠭᠠᠯᠠᠨ ᠪᠠᠢᠴᠠᠭᠠᠵᠤ ᠵᠠᠰᠠᠬᠤ ᠠᠵᠢᠯ᠎ᠢ ᠥᠷᠨᠢᠭᠦᠯᠵᠦ᠍᠂ 1999 ᠲᠦᠮᠡᠨ ᠲᠣᠨ ᠬᠣᠭ ᠨᠣᠪᠰᠢ᠎ᠶ᠋ᠢ ᠴᠡᠪᠡᠷᠯᠡᠪᠡ᠃ ᠬᠠᠲᠤᠨ ᠭᠤᠤᠯ ᠳᠠᠭᠠᠤ᠎ᠶ᠋ᠢᠨ 5 ᠠᠢᠮᠠᠭ ᠬᠣᠲᠠ᠎ᠶ᠋ᠢᠨ 8ᠬᠣᠱᠢᠭᠤ ᠱᠢᠶᠠᠨ᠎ᠳᠤ ᠬᠢᠮᠢ᠎ᠶ᠋ᠢᠨ ᠪᠣᠷᠲᠣᠭᠣᠷ᠎ᠤᠨ ᠬᠡᠮᠵᠢᠶ᠎ᠡ᠎ᠶ᠋ᠢ ᠪᠠᠭᠠᠰᠭᠠᠵᠤ ᠦᠷ᠎ᠡ ᠠᠱᠢᠭ᠎ᠢ ᠨᠡᠮᠡᠭ᠌ᠳᠡᠭᠦᠯᠬᠦ᠌ ᠵᠢᠱ᠌ᠢᠶ᠎ᠡ ᠦᠵᠡᠭᠦᠯᠬᠦ᠌ ᠱᠢᠶᠠᠨ ᠪᠠᠢᠭᠤᠯᠵᠤ᠂ ᠬᠠᠲᠤᠨ ᠭᠤᠤᠯ᠎ᠤᠨ ᠰᠠᠪᠠ ᠭᠠᠵᠠᠷ᠎ᠤᠨ 7 ᠠᠢᠮᠠᠭ ᠬᠣᠲᠠ᠎ᠶ᠋ᠢᠨ 42 ᠬᠣᠱᠢᠭᠤ ᠱᠢᠶᠠᠨ᠎ᠳᠤ ᠮᠠᠯ ᠵᠢᠭᠦᠷᠲᠡᠨ᠎ᠦ ᠢᠯᠭᠠᠳᠠᠰᠤ᠎ᠶ᠋ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ᠎ᠶ᠋ᠢ ᠪᠥᠬᠥ᠌ ᠱᠢᠶᠠᠨ᠎ᠢᠶᠠᠷ᠎ᠨᠢ ᠠᠬᠢᠭᠤᠯᠬᠤ ᠲᠥᠷᠥᠯ ᠵᠦᠶ᠋ᠯ᠎ᠢ ᠬᠡᠷᠡᠭ᠌ᠵᠢᠭᠦᠯᠤᠨ᠂ ᠬᠠᠲᠤᠨ ᠭᠤᠤᠯ᠎ᠤᠨ ᠰᠠᠪᠠ ᠭᠠᠵᠠᠷ᠎ᠤᠨ ᠮᠠᠯ ᠵᠢᠭᠦᠷᠲᠡᠨ᠎ᠦ ᠢᠯᠭᠠᠳᠠᠰᠤ᠎ᠶ᠋ᠢ ᠶᠡᠷᠦᠩᠬᠡᠢᠯᠡᠨ ᠠᠱᠢᠭ᠍ᠯᠠᠬᠤ ᠨᠣᠷᠮ᠎ᠠ᠎ᠶ᠋ᠢ 92.61%᠎ᠳ᠋ᠤ ᠬᠦᠷᠭᠡᠪᠡ᠃ ᠳᠥᠷᠪᠡ᠎ᠳᠦ᠂ ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠶ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ ᠡᠷᠴᠢᠮ᠎ᠢ ᠴᠢᠩᠭᠠᠷᠠᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠶ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ᠂ ᠠᠵᠤ ᠦᠶ᠋ᠯᠡᠰ᠎ᠢ ᠬᠥᠭ᠌ᠵᠢᠭᠦᠯᠬᠦ᠌᠂ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ ᠪᠠ ᠠᠭᠤᠷᠬᠠᠶ᠎ᠶ᠋ᠢᠨ ᠭᠠᠵᠠᠷ᠎ᠤᠨ ᠣᠷᠴᠢᠨ ᠲᠣᠭᠣᠷᠢᠨ᠎ᠢ ᠵᠠᠰᠠᠬᠤ ᠵᠡᠷᠭᠡ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ᠂ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠵᠦ᠍ ᠬᠣᠯᠪᠣᠭᠠᠯᠠᠨ ᠵᠠᠰᠠᠬᠤ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ᠂ ᠠᠮᠢ ᠠᠬᠤᠶ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ ᠬᠢᠷᠢ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠠᠢ᠃ 241ᠠᠭᠤᠷᠬᠠᠶ᠎ᠶ᠋ᠢᠨ ᠠᠵᠤ ᠠᠬᠤᠢᠯᠠᠯ᠎ᠤᠨ ᠠᠭᠤᠷᠬᠠᠶ᠎ᠶ᠋ᠢᠨ ᠭᠠᠵᠠᠷᠵᠦᠢ ᠵᠢᠨ ᠰᠢᠨᠵᠢᠯᠡᠭᠡᠨ᠎ᠤ ᠣᠷᠴᠢᠨ ᠲᠣᠭᠣᠷᠢᠨᠤ᠋ ᠴᠡᠭᠴᠡᠯᠡᠨ ᠵᠠᠰᠠᠯᠳᠠᠶ᠋ᠢᠠᠬᠢᠭᠤᠯᠵᠤ᠂ ᠨᠢᠭᠡᠨᠲᠡ 74 ᠨᠢ ᠲᠠᠰ ᠳᠡᠪᠱᠢᠭᠦᠯᠦᠨᠥᠭᠡᠷᠡᠴᠢᠯᠡᠬᠦ᠌ᠶ᠋ᠢ ᠪᠡᠶᠡᠯᠡᠭᠦᠯᠪᠡ᠃ ᠨᠡᠭᠦᠷᠡᠰᠦᠨ ᠠᠭᠤᠷᠬᠠᠢ(ᠮᠠᠯᠲᠠᠵᠤ ᠬᠥᠨᠳᠡᠢᠷᠡᠭᠦᠯᠦᠭ᠌ᠰᠡᠨ ᠣᠷᠣᠨ)ᠵᠢᠨ ᠭᠠᠯ᠎ᠤᠨ ᠴᠡᠭ ᠪᠣᠯᠤᠨ ᠦᠢᠯᠡᠳᠪᠦᠷᠢᠯᠡᠯ ᠠᠵᠢᠯ᠎ᠤᠨ ᠲᠣᠭᠣᠰᠣ ᠳᠡᠭ᠌ᠳᠡᠬᠦ᠌ᠶ᠋ᠢ ᠴᠡᠭᠴᠡᠯᠡᠨ ᠵᠠᠰᠠᠬᠤ ᠵᠢ ᠠᠬᠢᠭᠤᠯᠵᠤ᠂ 43 ᠵᠠᠳᠠᠭᠠᠢ ᠨᠡᠭᠦᠷᠡᠰᠦᠨ ᠠᠭᠤᠷᠬᠠᠢ(ᠮᠠᠯᠲᠠᠵᠤ ᠬᠥᠨᠳᠡᠢᠷᠡᠭᠦᠯᠦᠭ᠌ᠰᠡᠨ ᠣᠷᠣᠨ)᠎ᠳ᠋ᠦ᠍ ᠪᠥᠬᠥᠨ᠎ᠢ ᠰᠥᠨᠢ᠎ᠪᠡᠷ ᠮᠠᠯᠲᠠᠬᠤ᠎ᠶ᠋ᠢ ᠴᠠᠭᠠᠵᠠᠯᠠᠬᠤ᠎ᠶ᠋ᠢ ᠪᠡᠶᠡᠯᠡᠭᠦᠯᠵᠦ᠍᠂ 25 ᠠᠭᠤᠷᠬᠠᠢ ᠵᠢᠨ ᠬᠤᠳᠳᠤᠭ᠎ᠤᠨ ᠨᠡᠭᠦᠷᠡᠰᠦᠨ ᠠᠭᠤᠷᠬᠠᠢ ᠵᠢᠨ ᠨᠡᠭᠦᠷᠡᠰᠦ ᠶ᠋ᠢ ᠳᠠᠮᠵᠢᠭᠤᠯᠤᠨ ᠲᠡᠭᠡᠭᠡᠪᠦᠷᠢᠯᠡᠬᠦ᠌᠎ᠳᠤ ᠪᠢᠳᠡᠭᠦᠮᠵᠢᠯᠡᠭᠰᠡᠨ ᠬᠡᠯᠪᠡᠷᠢ ᠵᠢᠨ ᠪᠦᠰᠡ᠎ᠪᠡᠷ ᠲᠡᠭᠡᠭᠡᠪᠦᠷᠢᠯᠡᠬᠦ᠌ ᠶ᠋ᠢ ᠬᠡᠷᠡᠭ᠌ᠵᠢᠭᠦᠯᠤᠨ᠂ 68 ᠨᠡᠭᠦᠷᠡᠰᠦᠨ ᠠᠭᠤᠷᠬᠠᠢ(ᠮᠠᠯᠲᠠᠵᠤ ᠬᠥᠨᠳᠡᠢᠷᠡᠭᠦᠯᠦᠭ᠌ᠰᠡᠨ ᠣᠷᠣᠨ) ᠵᠢᠨ ᠨᠡᠭᠦᠷᠡᠰᠦ ᠶ᠋ᠢ ᠭᠠᠳᠠᠭ᠍ᠰᠢ ᠲᠡᠭᠡᠭᠡᠪᠦᠷᠢᠯᠡᠬᠦ᠌ ᠪᠠ 99 ᠪᠣᠳᠠᠰ ᠣᠪᠣᠭᠠᠯᠠᠬᠤ ᠴᠡᠭ᠎ᠢ ᠪᠥᠬᠥᠨ᠎ᠢ ᠪᠢᠲᠡᠭᠦᠮᠵᠢᠯᠡᠬᠦ᠌ ᠶ᠋ᠢ ᠪᠡᠶᠡᠯᠡᠭᠦᠯᠪᠡ᠃ ᠦᠬᠠᠶ ᠵᠢᠴᠢ ᠡᠷᠬᠢᠨ ᠲᠣᠭᠣᠷᠢᠨ ᠤ ᠭᠠᠵᠠᠷ ᠣᠷᠣᠨ ᠤ 16 ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠪᠣᠬᠢᠷ ᠤᠰᠤᠨ᠎ᠤ ᠬᠣᠭᠣᠯᠠᠶ᠎ᠶ᠋ᠢᠨ ᠲᠤᠤᠷ᠎ᠤᠨ ᠪᠥᠲᠥᠭᠡᠨ ᠪᠠᠢᠭᠤᠯᠤᠯᠲᠠ ᠪᠠ ᠥᠭᠡᠷᠡᠴᠢᠯᠡᠨ ᠪᠠᠢᠭᠤᠯᠬᠤ ᠵᠦᠶ᠋ᠯᠡᠰ᠎ᠢ ᠨᠢᠭᠡᠨᠲᠡ 15 ᠵᠢ ᠪᠡᠶᠡᠯᠡᠭᠦᠯᠪᠡ᠃
10᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠲᠦᠷᠭᠡᠳᠭᠡᠨ ᠪᠠᠢᠭᠤᠯᠪᠠ᠃ ᠨᠢᠭᠡ᠎ᠳᠦ᠂ ᠲᠦᠷᠢᠮ᠎ᠦᠨ ᠱᠢᠰᠲ᠋ᠧᠮ᠎ᠢ ᠬᠦᠴᠦᠯᠡᠨ ᠲᠡᠭᠦᠯᠳᠡᠷᠵᠢᠭᠦᠯᠪᠠ᠃《ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ᠎ᠶ᠋ᠢ ᠴᠢᠨᠠᠭ᠍ᠰᠢᠳᠠ ᠪᠡᠬᠢᠵᠢᠭᠦᠯᠬᠦ᠌ ᠲᠤᠬᠠᠶ ᠰᠠᠨᠠᠯ 》 ᠢ᠋ ᠲᠣᠭ᠍ᠲᠠᠭᠠᠵᠤ᠂ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠢ 12 ᠢᠵᠢ ᠪᠦᠷᠢᠳᠦᠭᠦᠯᠦᠨ ᠨᠡᠢᠲᠡᠯᠡᠵᠦ᠂ ᠲᠦᠷᠢᠮ᠎ᠦᠨ ᠲᠤᠤᠷ᠎ᠢ ᠦᠷᠭᠦᠯᠵᠢᠯᠡᠨ ᠨᠢᠭ᠍ᠲᠠ ᠰᠦᠯᠵᠢᠪᠡ᠃ ᠬᠣᠶᠠᠷ᠎ᠲᠤ᠂ ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠵᠦ᠍ ᠪᠠᠢᠭᠠᠳ ᠬᠢᠯᠢ ᠬᠢᠵᠠᠭᠠᠷ᠎ᠢ ᠬᠦᠴᠦᠷᠬᠡᠭ᠌ᠵᠢᠭᠦᠯᠪᠠ᠃ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦᠨ᠎ᠢᠶᠡᠨ ᠬᠠᠮᠲᠤᠳᠭᠠᠨ ᠬᠢᠯᠢ᠎ᠶ᠋ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠲᠤᠱᠢᠶᠠᠯ ᠬᠠᠷᠢᠭᠤᠴᠠᠯᠭ᠎ᠠ ᠵᠡᠷᠭᠡ ᠲᠦᠷᠢᠮ ᠲᠣᠭ᠍ᠲᠠᠭᠠᠯ᠎ᠢ ᠲᠣᠭ᠍ᠲᠠᠭᠠᠵᠤ᠂ ᠬᠢᠯᠢ ᠬᠢᠵᠠᠭᠠᠷ᠎ᠢ ᠬᠦᠴᠦᠷᠬᠡᠭ᠌ᠵᠢᠭᠦᠯᠤᠨ ᠰᠡᠷᠭᠡᠢᠯᠡᠯᠲᠡ᠎ᠶ᠋ᠢ ᠪᠡᠬᠢᠵᠢᠭᠦᠯᠬᠦ᠌ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠠᠢ᠃ ᠬᠢᠯᠢ ᠬᠢᠵᠠᠭᠠᠷ ᠣᠷᠣᠨ᠎ᠤ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨᠪᠠᠢᠭᠤᠯᠤᠯᠲᠠᠶ᠋ᠢᠨ《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠲᠣᠭ᠍ᠲᠠᠭᠠᠵᠤ᠂ ᠮᠡᠳᠡᠭᠡ ᠵᠠᠩᠬᠢᠵᠢᠯᠳᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠪᠠ᠃ ᠪᠥᠬᠥ᠌ ᠣᠷᠣᠨ᠎ᠤ ᠪᠣᠶ ᠪᠥᠬᠥᠶ ᠬᠢᠯᠢ᠎ᠶ᠋ᠢᠨ ᠬᠣᠱᠢᠭᠤ ᠬᠣᠲᠠ᠎ᠳᠤ《ᠨᠠᠮ᠎ᠤᠨ ᠭᠡᠱᠢᠭᠦᠨ᠎ᠦ ᠭᠤᠤᠯᠳᠠᠯᠭᠠᠲᠦ ᠡᠷᠦᠬᠡ + ᠲᠦᠭ᠌ᠰᠢᠭᠦᠷᠢ ᠮᠡᠳᠡᠭᠦᠯᠬᠦ᠌ ᠴᠡᠭ + ᠴᠠᠭ᠍ᠳᠠᠭᠠᠨ᠎ᠤ ᠶᠠᠪᠤᠳᠠᠯ᠎ᠤᠨ ᠲᠠᠰᠤᠭ + ᠬᠢᠯᠢ᠎ᠶ᠋ᠢᠨ ᠪᠡᠬᠢᠯᠡᠯᠲᠡ᠎ᠶ᠋ᠢᠨ ᠡᠷᠦᠬᠡ》 ᠶ᠋ᠢᠨ ᠴᠠᠭ᠍ᠳᠠᠭᠠᠨ᠎ᠤ ᠶᠠᠪᠤᠳᠠᠯ᠎ᠤᠨ ᠵᠠᠭ᠍ᠪᠤᠷ᠎ᠢ ᠬᠡᠷᠡᠭ᠌ᠵᠢᠭᠦᠯᠪᠠ᠃
11᠂ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠲᠦᠷᠭᠡᠳᠭᠡᠨ ᠪᠠᠢᠭᠤᠯᠪᠠ᠃ ᠨᠢᠭᠡ᠎ᠳᠦ᠂ᠲᠥᠯᠥᠪᠵᠢᠭᠦᠯᠭᠡ᠎ᠪᠡᠷ ᠬᠥᠲᠥᠯᠥᠨ ᠳᠠᠭᠠᠭᠤᠯᠬᠤ᠎ᠶ᠋ᠢ ᠴᠢᠩᠭᠠᠳᠬᠠᠪᠠ᠃ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠠᠵᠤ ᠦᠶ᠋ᠯᠡᠳᠪᠦᠷᠢ ᠪᠠ ᠮᠡᠳᠡᠭᠡᠵᠠᠩᠭᠢᠵᠢᠯᠲᠠ᠂ ᠡᠨᠧᠷᠭᠢ᠂ ᠨᠡᠭᠦᠷᠡᠰᠦᠨ᠎ᠦ ᠠᠵᠤ ᠦᠶ᠋ᠯᠡᠳᠪᠦᠷᠢ᠂ ᠬᠣᠪᠣᠷ ᠱᠢᠷᠣᠶ᠎ᠶ᠋ᠢᠨ ᠠᠵᠤ ᠦᠶ᠋ᠯᠡᠰ ᠵᠡᠷᠭᠡ᠎ᠶ᠋ᠢᠨ ᠲᠥᠯᠥᠪᠵᠢᠭᠦᠯᠭᠡ᠎ᠶ᠋ᠢ ᠲᠣᠭ᠍ᠲᠠᠭᠠᠵᠤ᠂ ᠬᠥᠭ᠌ᠵᠢᠯᠲᠡ ᠶ᠋ᠢᠨ ᠰᠡᠳᠭᠢᠴᠡ ᠪᠠ ᠪᠣᠳᠠᠲᠠᠶ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠵᠠᠢ᠃ ᠬᠣᠶᠠᠷ᠎ᠲᠤ᠂ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠱᠢᠭ᠍ᠯᠠᠬᠤ᠎ᠶ᠋ᠢ ᠠᠬᠢᠭᠤᠯᠪᠠ᠃《ᠨᠡᠭᠦᠷᠡᠰᠦᠨ᠎ᠦ ᠠᠵᠤ ᠦᠶ᠋ᠯᠡᠳᠪᠦᠷᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠰᠠᠨᠠᠯ》 ᠢ᠋ ᠲᠣᠭ᠍ᠲᠠᠭᠠᠨ ᠬᠡᠷᠡᠭ᠌ᠵᠢᠭᠦᠯᠵᠦ᠍᠂ ᠨᠡᠭᠦᠷᠡᠰᠦᠨ᠎ᠦ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠵᠠᠢ᠃ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠣᠷᠴᠢᠯ ᠴᠡᠪᠡᠷ ᠦᠶ᠋ᠯᠡᠳᠪᠦᠷᠢᠯᠡᠯ ᠠᠱᠢᠭ᠍ᠯᠠᠯᠲᠠ᠎ᠶ᠋ᠢ ᠦᠷᠭᠦᠯᠵᠢᠯᠡᠨ ᠠᠬᠢᠭᠤᠯᠵᠤ᠂ 2021 ᠣᠨ᠎ᠠᠴᠠ ᠡᠬᠢᠯᠡᠨ ᠬᠡᠸ᠋ᠷᠡᠰᠦ ᠦᠶ᠋ᠯᠡᠳᠪᠦᠷᠢᠯᠡᠬᠦ᠌ ᠴᠢᠳᠠᠪᠤᠷᠢ᠎ᠶ᠋ᠢ ᠱᠢᠨ᠎ᠡ᠎ᠪᠡᠷ ᠨᠡᠮᠡᠭ᠌ᠳᠡᠭᠦᠯᠬᠦ᠌ ᠲᠥᠷᠥᠯ ᠵᠦᠶ᠋ᠯ᠎ᠢ ᠳᠠᠭᠢᠵᠤ ᠬᠢᠨᠠᠨ ᠵᠥᠪᠱᠢᠶᠡᠷᠡᠬᠦ᠌ ᠥᠬᠡᠶ᠃ ᠭᠤᠷᠪᠠ᠎ᠳᠤ᠂ ᠱᠢᠨ᠎ᠡ ᠡᠨᠧᠷᠭᠢ᠎ᠶ᠋ᠢ ᠪᠠᠭ᠍ᠲᠠᠭᠠᠨ ᠱᠢᠩᠭᠡᠭᠡᠬᠦ᠌ ᠵᠢ ᠦᠷᠭᠡᠳᠭᠡᠪᠠ᠃ ᠱᠢᠨ᠎ᠡ ᠡᠨᠧᠷᠭᠢ᠎ᠶ᠋ᠢ ᠳᠠᠬᠢᠨ᠎ᠢᠶᠠᠷ ᠨᠡᠮᠡᠭ᠌ᠳᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠲᠠᠷᠠᠬᠠᠶ ᠮᠠᠶᠢᠭ᠎ᠤᠨ ᠰᠠᠯᠬᠢᠨ ᠬᠦᠴᠦᠨ᠎ᠦ ᠴᠠᠬᠢᠯᠭᠠᠨ᠂ ᠲᠠᠷᠬᠠᠯᠲᠠ ᠵᠢᠨ ᠬᠡᠯᠪᠡᠷᠢ ᠵᠢᠨ ᠬᠡᠷᠡᠯ ᠴᠡᠨᠡᠭ᠎ᠢᠶᠡᠷ ᠴᠠᠬᠢᠯᠭᠠᠨ ᠭᠠᠷᠭᠠᠬᠤ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠪᠠ᠃ ᠪᠥᠬᠥ᠌ ᠵᠢᠯ᠎ᠳᠦ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢ 1000 ᠲᠦᠮᠡᠨ ᠺᠢᠯᠦᠸᠠᠲ ᠱᠢᠨ᠎ᠡ᠎ᠪᠡᠷ ᠨᠡᠮᠡᠭ᠌ᠳᠡᠭᠦᠯᠬᠦ᠌᠎ᠪᠡᠷ ᠲᠥᠯᠥᠪᠯᠡᠵᠦ᠍᠂ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠶᠡᠷᠦᠩᠬᠡᠶ ᠬᠡᠮᠵᠢᠶ᠎ᠡ ᠵᠢ 20.5% ᠳ᠋ᠤ ᠬᠦᠷᠭᠡᠵᠦ᠍᠂ ᠤᠰᠤ ᠴᠠᠬᠢᠯᠭᠠᠨ᠎ᠤ ᠪᠤᠰᠤ ᠭᠡᠷᠡᠭᠯᠡᠬᠦ ᠭᠡᠮᠵᠢᠶ᠎ᠡ᠎ᠵᠢ 19.5% ᠳ᠋ᠤ ᠬᠦᠷᠭᠡᠨ᠂ ᠦᠶ᠋ᠯᠡᠳᠪᠦᠷᠢᠯᠡᠯ᠂ ᠬᠡᠷᠡᠭ᠌ᠯᠡᠭᠡ ᠪᠠ ᠣᠯᠠᠨ ᠨᠡᠢᠲᠡ᠎ᠶ᠋ᠢᠨ ᠬᠦᠷᠢᠶᠡᠨ᠎ᠳᠦ ᠬᠡᠷᠡᠭ᠌ᠯᠡᠬᠦ᠌ ᠭᠡᠮᠵᠢᠶ᠎ᠠ ᠵᠢ ᠥᠷᠭᠡᠳᠭᠡᠵᠠᠢ᠃ 8 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠦᠬᠦ᠌ ᠣᠷᠣᠨ᠎ᠤ ᠳᠠᠬᠢᠨ ᠡᠭᠦᠰᠴᠦ᠍ ᠪᠣᠯᠬᠤ ᠡᠨᠧᠷᠭᠢ᠎ᠪᠡᠷ ᠴᠠᠬᠢᠯᠭᠠᠨ ᠭᠠᠷᠭᠠᠵᠤ ᠲᠣᠣᠷ᠎ᠲᠤ ᠤᠷᠤᠭᠤᠯᠤᠬᠰᠠᠨ ᠬᠡᠮᠵᠢᠶ᠎ᠡ 5506 ᠲᠦᠮᠡᠨ ᠺᠢᠯᠦᠸᠠᠲ᠎ᠲᠤ ᠬᠦᠷᠪᠡ᠃ ᠳᠥᠷᠪᠡ᠎ᠳᠦ᠂ ᠤᠰᠤᠲᠥ᠋ᠷᠥᠭ᠌ᠴᠢ ᠡᠨᠧᠷᠭᠢ᠎ᠶ᠋ᠢᠨ ᠪᠦᠷᠢᠨ ᠠᠵᠤ ᠦᠢᠯᠡᠰ᠎ᠦᠨ ᠭᠡᠯᠬᠢᠶ᠎ᠠ ᠵᠢ ᠪᠦᠬᠦ ᠬᠦᠴᠦᠨ ᠵᠢᠡᠷ ᠵᠢᠠᠨ ᠪᠠᠢᠭᠤᠯᠪᠠ᠃ 《ᠥᠪᠡᠷᠲᠡᠭᠡᠨ ᠵᠠᠰᠠᠬᠤ ᠣᠷᠣᠨ᠎ᠤ〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ》ᠶ᠋ᠢᠨᠠᠢᠷᠠᠭᠤᠯᠤᠨᠵᠣᠬᠢᠶᠠᠵᠤ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪᠤᠨᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠬᠤᠰᠢᠭᠤᠴᠢ ᠵᠢᠱ᠌ᠢᠶ᠎ᠡ ᠦᠵᠡᠭᠦᠯᠬᠦ᠌ ᠲᠤᠭᠤᠷᠢᠭ᠎ᠢ ᠭᠤᠤᠯᠳᠠᠯᠭ᠎ᠠ᠎ᠲᠠᠶ ᠪᠥᠲᠥᠭᠡᠨ ᠪᠠᠢᠭᠤᠯᠵᠤ᠂ ᠲᠡᠮᠦᠷᠯᠢᠭ ᠬᠠᠢᠯᠤᠭᠤᠯᠬᠤ᠂ ᠬᠢᠮᠢ᠎ᠶ᠋ᠢᠨ ᠠᠵᠤ ᠦᠶ᠋ᠯᠡᠳᠪᠦᠷᠢ᠂ ᠵᠠᠮ ᠬᠠᠷᠢᠯᠴᠠᠭ᠎ᠠ ᠵᠡᠷᠭᠡ ᠬᠦᠷᠢᠶᠡᠨᠳᠡᠬᠢᠤᠰᠤᠲᠥ᠋ᠷᠥᠭ᠌ᠴᠢᠶ᠋ᠢᠨ ᠵᠢᠱ᠌ᠢᠶ᠎ᠡ ᠦᠵᠡᠭᠦᠯᠬᠦ᠌ ᠬᠡᠷᠡᠭ᠌ᠯᠡᠯᠲᠡ᠎ᠶ᠋ᠢ ᠠᠬᠢᠭᠤᠯᠵᠠᠢ᠃ 2021ᠣᠨ᠎ᠳᠤ ᠵᠢᠯ᠎ᠤᠨ ᠦᠢᠯᠡᠳᠪᠦᠷᠢᠯᠡᠬᠦ ᠴᠢᠳᠠᠪᠤᠷᠢ 6.69 ᠲᠦᠮᠡᠨ ᠲᠣᠨ᠎ᠤ ᠪᠤᠬᠢᠷᠳᠤᠯ ᠦᠭᠡᠢ ᠤᠰᠤᠲᠥ᠋ᠷᠥᠭ᠌ᠴᠢ᠎ᠶ᠋ᠢᠨ ᠰᠠᠯᠬᠢᠨ ᠭᠡᠷᠡᠯᠵᠢᠡᠷ ᠤᠰᠤᠲᠥ᠋ᠷᠥᠭ᠌ᠴᠢ ᠦᠢᠯᠡᠳᠬᠦ᠎ᠶ᠋ᠢ ᠨᠢᠭᠡ ᠴᠣᠭ᠍ᠴᠠᠵᠢᠭᠤᠯᠤᠭ᠍ᠰᠠᠨ ᠵᠢᠱ᠌ᠢᠶ᠎ᠡ ᠦᠵᠡᠭᠦᠯᠬᠦ᠌ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠱᠢᠨ᠎ᠡ ᠡᠨᠧᠷᠭᠢ᠎ᠶ᠋ᠢ 221.95 ᠲᠦᠮᠡᠨ ᠺᠢᠯᠦᠸᠠᠲ ᠱᠢᠨ᠎ᠡ᠎ᠪᠡᠷ ᠪᠠᠢᠭᠤᠯᠪᠠ᠃ ᠲᠠᠪᠤ᠎ᠳᠤ᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠲᠦᠷᠭᠡᠳᠭᠡᠨ ᠪᠠᠢᠭᠤᠯᠪᠠ᠃ 《ᠥᠪᠡᠷᠲᠡᠭᠡᠨ ᠵᠠᠰᠠᠬᠤ ᠣᠷᠣᠨ᠎ᠤ〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ》᠎ᠶ᠋ᠢ ᠨᠠᠢᠷᠠᠭᠤᠯᠤᠨ ᠵᠣᠬᠢᠶᠠᠵᠤ᠂ ᠪᠠᠶᠠᠠᠠᠤᠪᠤᠭ᠎ᠠ ᠲᠡᠮᠦᠷ᠎ᠦᠨ ᠨᠠᠷᠢᠯᠢᠭ ᠠᠭᠤᠷᠬᠠᠶ᠂ ᠬᠣᠪᠣᠷ ᠱᠢᠷᠣᠶ᠎ᠶ᠋ᠢᠨ ᠨᠠᠷᠢᠯᠢᠭ ᠠᠭᠤᠷᠬᠠᠶ᠂ ᠬᠠᠢᠯᠤᠭᠤᠷ ᠵᠣᠩᠰᠢ᠎ᠶ᠋ᠢᠨ ᠨᠠᠷᠢᠯᠢᠭ ᠠᠭᠤᠷᠬᠠᠶ᠂ ᠨᠢᠦᠪᠢ᠎ᠶ᠋ᠢᠨ ᠨᠠᠷᠢᠯᠢᠭ ᠠᠭᠤᠷᠬᠠᠶ᠂ ᠰᠺᠠᠨᠳᠢ᠎ᠶ᠋ᠢᠨ ᠨᠠᠷᠢᠯᠢᠭ ᠠᠭᠤᠷᠬᠠᠶ ᠪᠠ ᠬᠦᠬᠦᠷ᠎ᠦᠨ ᠨᠠᠷᠢᠯᠢᠭ ᠠᠭᠤᠷᠬᠠᠶ᠎ᠶ᠋ᠢᠨ ᠡᠬᠢ ᠪᠠᠶᠠᠯᠢᠭ᠎ᠢ ᠶᠡᠷᠦᠩᠬᠡᠢᠯᠡᠨ ᠠᠱᠢᠭ᠍ᠯᠠᠬᠤ ᠵᠢᠱ᠌ᠢᠶ᠎ᠡ ᠦᠵᠡᠭᠦᠯᠬᠦ᠌ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠨᠢᠦᠪᠢ ᠲᠢᠲ᠋ᠠᠨ᠎ᠤ ᠬᠠᠢᠯᠤᠰᠢᠪᠣᠯᠪᠠᠰᠤᠷᠠᠭᠤᠯᠬᠤᠲᠤᠷᠱᠢᠯᠲᠠᠶ᠋ᠢᠨᠲᠠᠰᠤᠭᠢᠲᠠᠰᠳᠡᠪᠱᠢᠭᠦᠯᠦᠨ ᠥᠭᠡᠷᠡᠴᠢᠯᠡᠵᠠᠢ᠃
12᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠦᠨ ᠪᠤᠯᠪᠠᠰᠤᠷᠠᠭᠤᠯᠵᠤ ᠭᠠᠷᠭᠠᠬᠤ ᠰᠠᠭᠤᠷᠢᠨ᠎ᠢ ᠲᠦᠷᠭᠡᠳᠭᠡᠨ ᠪᠠᠢᠭᠤᠯᠪᠠ᠃ ᠨᠢᠭᠡ᠎ᠳᠦ᠂ ᠳᠠᠭᠠᠭᠤᠯᠤᠬᠴᠢ ᠠᠵᠤ ᠠᠬᠤᠢᠯᠠᠯ᠎ᠢ ᠢᠳᠡᠪᠬᠢᠲᠡᠶᠪᠣᠢᠵᠢᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠶ ᠲᠠᠷᠢᠶᠠᠯᠠᠩ᠎ᠤᠨ ᠠᠵᠤᠦᠢᠯᠡᠰᠵᠢᠭ᠌ᠰᠡᠨ ᠭᠤᠤᠯᠳᠠᠯᠭ᠎ᠠ᠎ᠲᠠᠶ ᠳᠠᠭᠠᠭᠤᠯᠤᠬᠴᠢ ᠠᠵᠤ ᠠᠬᠤᠢᠯᠠᠯ ᠢ ᠪᠣᠢᠵᠢᠭᠤᠯᠬᠤ ᠲᠠᠪᠤᠨ ᠵᠢᠯ ᠦᠨᠠᠵᠢᠯᠯᠠᠭᠠᠨᠤ ᠲᠥᠯᠥᠪᠯᠡᠭᠡ ᠶ᠋ᠢ ᠲᠣᠭ᠍ᠲᠠᠭᠠᠵᠤ᠂ ᠭᠤᠤᠯᠳᠠᠯᠭ᠎ᠠ ᠲᠠᠶ ᠳᠠᠭᠠᠭᠤᠯᠤᠬᠴᠢ ᠠᠵᠤ ᠠᠬᠤᠢᠯᠠᠯ᠎ᠢ ᠪᠣᠢᠵᠢᠭᠤᠯᠬᠤ ᠡᠷᠴᠢᠮ ᠢ ᠴᠢᠩᠭᠠᠷᠠᠭᠤᠯᠵᠤ᠂ 2025 ᠤᠨ ᠪᠣᠯᠬᠤ ᠳᠤ ᠤᠯᠤᠰ ᠤᠨ ᠭᠤᠤᠯᠳᠠᠯᠭ᠎ᠠ᠎ᠲᠠᠶ ᠳᠠᠭᠠᠭᠤᠯᠤᠬᠴᠢ ᠠᠵᠤ ᠠᠬᠤᠢᠯᠠᠯ᠎ᠢ 20 ᠪᠣᠢᠵᠢᠭᠤᠯᠬᠤ᠎ᠪᠠᠷ ᠴᠢᠷᠮᠠᠢᠵᠤ ᠪᠤᠢ᠃ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭ᠌ᠰᠢᠬᠢ ᠮᠠᠯ ᠠᠵᠤ ᠠᠬᠤᠶ ᠲᠠᠷᠢᠶᠠᠯᠠᠩ᠎ᠤᠨ ᠠᠵᠤ ᠦᠢᠯᠡᠰᠵᠢᠭ᠌ᠰᠡᠨ ᠳᠠᠭᠠᠭᠤᠯᠤᠬᠴᠢ ᠠᠵᠤ ᠠᠬᠤᠢᠯᠠᠯ᠎ᠢ ᠮᠥᠩᠭᠥᠨ ᠭᠦᠶ᠋ᠯᠭᠡᠭᠡᠨ᠎ᠦ ᠭᠤᠤᠯᠳᠠᠯᠭ᠎ᠠ᠎ᠲᠠᠶ ᠳᠡᠮᠵᠢᠬᠦ᠌ ᠠᠵᠤ ᠠᠬᠤᠢᠯᠠᠯ᠎ᠤᠨ ᠬᠥᠮᠥᠷᠭᠡ᠎ᠳᠦ ᠣᠷᠣᠭᠤᠯᠵᠤ᠂ ᠪᠠᠯᠠ ᠬᠤᠷᠠᠮᠳᠤᠭᠤᠯᠬᠤ᠎ᠶ᠋ᠢ ᠵᠣᠯᠭᠠᠭᠤᠯᠬᠤ ᠡᠬᠡ ᠲᠠᠩᠰᠠ᠎ᠶ᠋ᠢ ᠪᠠᠢᠭᠤᠯᠵᠤ᠂ ᠠᠵᠤ ᠠᠬᠤᠢᠯᠠᠯ᠎ᠤᠨ ᠢᠲᠡᠭᠡᠮᠵᠢᠲᠦ ᠵᠢᠭᠡᠯᠡᠯᠭᠡ᠎ᠶ᠋ᠢᠨ ᠪᠠᠯᠠ ᠮᠥᠩᠭᠥ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠦᠷᠭᠦᠯᠵᠢᠯᠡᠨ ᠬᠠᠡᠭᠭᠠᠪᠠ᠃ 1—8ᠰᠠᠷ᠎ᠠ᠎ᠳᠤ᠂ ᠪᠥᠬᠥ᠌ ᠣᠷᠣᠨᠤᠲᠠᠷᠢᠶᠠᠯᠠᠩᠳᠤ ᠬᠣᠯᠪᠣᠭ᠍ᠳᠠᠭ᠍ᠰᠠᠨ ᠵᠢᠭᠡᠯᠡᠯᠭᠡ᠎ᠶ᠋ᠢᠨ ᠦᠯᠡᠳᠡᠪᠦᠷᠢ ᠮᠦᠡᠭᠬᠦ 8862.7 ᠳ᠋ᠦᠩᠱᠢᠭᠤᠷ ᠲᠥᠭᠥᠷᠢᠭ᠎ᠲᠦ ᠬᠦᠷᠴᠦ᠍᠂ ᠵᠢᠯ᠎ᠦᠨ ᠡᠬᠢᠨᠦᠬᠢᠡᠴᠡ 494.4 ᠳ᠋ᠦᠩᠱᠢᠭᠤᠷ ᠲᠥᠭᠥᠷᠢᠭ ᠨᠡᠮᠡᠭ᠌ᠳᠡᠵᠦ᠍᠂ ᠮᠠᠯ ᠠᠵᠤ ᠠᠬᠤᠢ ᠲᠠᠷᠢᠶᠠᠯᠠᠩ᠎ᠳᠤ ᠬᠣᠯᠪᠣᠭ᠍ᠳᠠᠭ᠍ᠰᠠᠨ ᠠᠵᠢᠯ ᠲᠥᠷᠥᠯ᠎ᠦᠨ ᠭᠠᠢᠯᠢ ᠲᠤᠱᠢᠶᠠᠭ᠍ᠴᠢ᠎ᠶ᠋ᠢᠨ ᠭᠠᠢᠯᠢ᠎ᠵᠢ 37.46 ᠳ᠋ᠦᠩᠱᠢᠭᠤᠷ ᠲᠥᠭᠥᠷᠢᠭ ᠬᠠᠰᠤᠵᠤ ᠬᠡᠯᠲᠦᠷᠢᠭᠦᠯᠪᠡ᠃ 《ᠮᠠᠯ᠎ᠤᠨ ᠠᠱᠢᠭ ᠱᠢᠮ᠎ᠡ ᠲᠠᠷᠢᠶᠠᠯᠠᠩ ᠤᠨ ᠪᠦᠲᠦᠭᠡᠭ᠌ᠳᠡᠬᠦᠨ ᠦᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ᠎ᠦ ᠨᠠᠷᠠᠲᠤ ᠲᠥᠷᠥᠯ ᠲᠡᠮᠳᠡᠭ᠌ᠲᠦ᠍᠎ᠶ᠋ᠢᠨ ᠪᠠᠢᠭᠤᠯᠤᠯᠲᠠ᠎ᠶ᠋ᠢᠨ ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ 》 ᠢ᠋ ᠲᠣᠭ᠍ᠲᠠᠭᠠᠵᠤ᠂ ᠨᠡᠷᠡᠲᠤ ᠲᠥᠷᠥᠯ ᠲᠡᠮᠳᠡᠭ᠌ᠲᠦ᠍᠎ᠶ᠋ᠢᠨ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠵᠠᠢ᠃ ᠮᠠᠯ ᠠᠵᠤ ᠠᠬᠤᠶ ᠲᠠᠷᠢᠶᠠᠯᠠᠩ᠎ᠤᠨ ᠠᠵᠤ ᠦᠢᠯᠡᠰᠵᠢᠭ᠌ᠰᠡᠨ ᠳᠠᠭᠠᠭᠤᠯᠤᠬᠴᠢ ᠠᠵᠤ ᠠᠬᠤᠢᠯᠠᠯ᠎ᠤᠨ ᠨᠡᠢᠲᠡ ᠴᠣᠭ᠍ᠴᠠ᠎ᠶ᠋ᠢ ᠪᠣᠢᠵᠢᠭᠤᠯᠤᠨ ᠪᠤᠵᠠᠭᠠᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠠᠭᠠᠭᠤᠯᠤᠬᠴᠢ ᠠᠵᠤ ᠠᠬᠤᠢᠯᠠᠯ ᠢ᠋ 187 ᠱᠢᠨ᠎ᠡ᠎ᠪᠡᠷ ᠵᠦᠪᠰᠢᠶᠡᠷᠡᠨ ᠲᠣᠭ᠍ᠲᠠᠭᠠᠵᠤ᠂ ᠨᠡᠢᠲᠡ 670 ᠪᠤᠯᠵᠤ᠂ 2020 ᠣᠨ᠎ᠤ᠎ᠬᠢ᠎ᠡᠴᠡ 78 ᠨᠡᠮᠡᠭ᠌ᠳᠡᠪᠡ᠃ ᠬᠣᠶᠠᠷ᠎ᠲᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠡᠳ᠋ᠱᠢᠭᠦᠯᠤᠨ ᠪᠤᠯᠪᠠᠰᠤᠷᠠᠭᠤᠯᠬᠤ ᠦᠢᠯᠡᠰ᠎ᠢ ᠪᠤᠵᠠᠭᠠᠢᠷᠠᠭᠤᠯᠵᠠᠢ᠃ 《ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨᠵ᠋ ᠡᠳ᠋ᠱᠢᠭᠦᠯᠤᠨ ᠪᠤᠯᠪᠠᠰᠤᠷᠠᠭᠤᠯᠬᠤ ᠦᠶ᠋ᠯᠡᠰ ᠢ᠋ ᠬᠥᠭ᠌ᠵᠢᠬᠦᠯᠬᠦ ᠬᠡᠷᠡᠭ᠌ᠵᠢᠭᠦᠯᠬᠦ᠌ ᠲᠥᠰᠦᠯ (2021—2025 ᠤᠨ )》 ᠢ᠋ ᠲᠣᠭ᠍ᠲᠠᠭᠠᠵᠤ᠂ ᠴᠠᠭᠠᠨ ᠢᠳᠡᠭᠡᠨ᠂ ᠮᠢᠬᠠᠨ᠎ᠤ ᠵᠦᠶ᠋ᠯ᠂ ᠢᠮᠠᠭᠠᠨ ᠨᠣᠤᠯᠤᠭᠤᠷ᠂ ᠡᠷᠳᠡᠨᠢ ᠱᠢᠰᠢ ᠵᠡᠷᠭᠡ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠤᠨ ᠪᠤᠯᠪᠠᠰᠤᠷᠠᠭᠤᠯᠬᠤ ᠨᠣᠷᠮ᠎ᠠ᠎ᠶ᠋ᠢ ᠶᠡᠬᠡ ᠪᠡᠷ ᠳᠡᠭᠡᠭ᠌ᠰᠢᠯᠡᠭᠦᠯᠵᠦ᠍᠂ 2021 ᠣᠨ᠎ᠳᠤ ᠴᠠᠭᠠᠨ ᠢᠳᠡᠭᠡᠨ᠂ ᠮᠢᠬᠠᠨ᠎ᠤ ᠵᠦᠶ᠋ᠯ᠎ᠢ ᠡᠳ᠋ᠱᠢᠭᠦᠯᠤᠨ ᠪᠤᠯᠪᠠᠰᠤᠷᠠᠭᠤᠯᠬᠤ ᠵᠡᠷᠭᠡ 50 ᠲᠥᠷᠥᠯ ᠵᠦᠶ᠋ᠯ᠎ᠢ ᠡᠬᠢᠯᠡᠭᠦᠯᠪᠠ᠃ ᠠᠵᠤ ᠦᠶ᠋ᠯᠡᠰ᠎ᠢ ᠠᠭᠤᠰᠤᠯᠴᠠᠭᠤᠯᠤᠨ ᠬᠥᠭ᠌ᠵᠢᠭᠦᠯᠬᠦ᠌ ᠵᠢᠱ᠌ᠢᠶ᠎ᠡ ᠦᠵᠡᠭᠦᠯᠬᠦ᠌ᠬᠦᠷᠢᠶᠡᠯᠡᠩᠦᠨᠪᠥᠲᠥᠭᠡᠨᠪᠠᠢᠭᠤᠯᠤᠯᠲᠠᠶᠢᠴᠢᠩᠭᠠᠳᠬᠠᠵᠤ᠂ᠬᠢᠩᠭᠠᠨ ᠠᠢᠮᠠᠭ᠎ᠤᠨ ᠵᠠᠯᠠᠢᠳ ᠬᠣᠱᠢᠭᠤ ᠵᠡᠷᠭᠡ 5 ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠣᠷᠢᠭ ᠭᠤᠷᠪᠠᠳᠤᠭᠠᠷ ᠪᠦᠯᠦᠭ᠎ᠦᠨ ᠤᠯᠤᠰ᠎ᠤᠨ ᠠᠵᠤ ᠦᠶ᠋ᠯᠡᠰᠢᠠᠭᠤᠰᠤᠯᠴᠠᠭᠤᠯᠤᠨ ᠬᠥᠭ᠌ᠵᠢᠭᠦᠯᠬᠦ᠌ ᠵᠢᠱ᠌ᠢᠶ᠎ᠡ ᠦᠵᠡᠭᠦᠯᠬᠦ᠌ ᠬᠦᠷᠢᠶᠡᠯᠡᠩ᠎ᠢ ᠡᠭᠦᠳᠦᠨ ᠪᠠᠢᠭᠤᠯᠬᠤ ᠨᠡᠷᠡᠰ᠎ᠲᠦ ᠵᠢᠭ᠍ᠰᠠᠭᠠᠭ᠍ᠳᠠᠪᠠ᠃ ᠭᠤᠷᠪᠠ᠎ᠳᠤ᠂ ᠠᠵᠤ ᠦᠢᠯᠡᠰ᠎ᠦᠨ ᠰᠦᠷᠦᠭ᠌ᠵᠢᠯ᠎ᠦᠨ ᠪᠠᠢᠭᠤᠯᠤᠯᠲᠠ᠎ᠶ᠋ᠢ ᠴᠢᠩᠭᠠᠳᠬᠠᠨᠪᠠ᠃ 《ᠥᠪᠡᠷᠲᠡᠭᠡᠨ ᠵᠠᠰᠠᠬᠤ ᠣᠷᠣᠨ᠎ᠤ〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠮᠠᠯ ᠠᠵᠤ ᠠᠬᠤᠶ ᠲᠠᠷᠢᠶᠠᠯᠠᠩ᠎ᠤᠨ ᠳᠠᠪᠠᠭᠤᠯᠢᠭ ᠣᠨᠴᠠᠯᠢᠭ᠍ᠲᠤ ᠠᠵᠤ ᠦᠶ᠋ᠯᠡᠰ᠎ᠦᠨ ᠰᠦᠷᠦᠭᠵᠢᠯ᠎ᠦᠨ ᠪᠥᠲᠥᠭᠡᠨ ᠪᠠᠢᠭᠤᠯᠤᠯᠲᠠ᠎ᠶ᠋ᠢᠨ ᠲᠥᠯᠥᠪᠵᠢᠭᠦᠯᠭᠡ》 ᠵᠢ ᠨᠠᠢᠷᠠᠭᠤᠯᠤᠨ ᠵᠣᠬᠢᠶᠠᠵᠤ᠂ ᠰᠥ ᠵᠢᠨ ᠦᠶ᠋ᠯᠡᠰ᠂ ᠡᠷᠳᠡᠨᠢ ᠱᠢᠰᠢ ᠵᠡᠷᠭᠡ ᠳᠠᠪᠠᠭᠤᠯᠢᠭ ᠣᠨᠴᠠᠯᠢᠭ᠍ᠲᠤ ᠠᠵᠤ ᠦᠶ᠋ᠯᠡᠰ ᠦᠨ ᠰᠦᠷᠦᠭ᠌ᠵᠢᠯ ᠢ ᠱᠢᠯᠢᠳᠡᠭ᠌ᠵᠢᠭᠦᠯᠦᠨ ᠬᠦᠴᠦᠷᠬᠡᠭ᠌ᠵᠢᠭᠦᠯᠵᠦ᠍᠂ 2025 ᠤᠨᠪᠣᠯᠬᠤᠳᠤ ᠮᠢᠩᠭᠠᠨ ᠳ᠋ᠦᠩᠱᠢᠭᠤᠷ ᠲᠠᠰ᠎ᠤᠨ ᠠᠵᠤ ᠦᠶ᠋ᠯᠡᠰ᠎ᠦᠨ ᠰᠦᠷᠦᠭ᠌ᠵᠢᠯ᠎ᠢ 4 ᠪᠤᠯᠭᠠᠵᠤ᠂ ᠵᠠᠭᠤᠨ ᠳ᠋ᠦᠩᠱᠢᠭᠤᠷ ᠲᠠᠰ᠎ᠤᠨ ᠠᠵᠤ ᠦᠶ᠋ᠯᠡᠰ᠎ᠦᠨ ᠰᠦᠷᠦᠭ᠌ᠵᠢᠯ᠎ᠢ 10 ᠪᠤᠯᠭᠠᠬᠤ ᠪᠡᠷ ᠴᠢᠷᠮᠠᠢᠵᠤ ᠪᠠᠢᠨ᠎ᠠ᠃ ᠲᠠᠯ᠎ᠠ ᠨᠤᠲᠤᠭ᠎ᠤᠨ ᠮᠢᠬᠠᠨ᠎ᠤ ᠬᠣᠨᠢ ᠪᠠ ᠪᠣᠷᠣᠲᠣᠬᠣᠢ᠎ᠶ᠋ᠢᠨ ᠨᠡᠷᠡᠨ ᠬᠤᠸᠠᠷ 2 ᠠᠵᠤ ᠦᠢᠯᠡᠰ᠎ᠦᠨ ᠰᠦᠷᠦᠭ᠌ᠵᠢᠯ᠎ᠢ ᠦᠷᠭᠦᠯᠵᠢᠯᠡᠨ ᠪᠦᠲᠦᠭᠡᠨ ᠪᠠᠢᠭᠤᠯᠵᠤ᠂ ᠥᠪᠥᠷ ᠮᠣᠩᠭᠣᠯ᠎ᠤᠨ ᠬᠣᠷᠴᠢᠨ᠎ᠤ ᠮᠢᠬᠠᠨ᠎ᠤ ᠦᠬᠡᠷ᠂ ᠶᠡᠬᠡ ᠬᠢᠩᠭᠠᠨ ᠳᠠᠪᠠᠭᠠᠨ᠎ᠤ ᠱᠢᠷ᠎ᠠ ᠪᠤᠷᠴᠠᠭ 2 ᠤᠯᠤᠰ᠎ᠤᠨ ᠲᠡᠰ᠎ᠤᠨ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠦᠨ ᠰᠦᠷᠦᠭ᠌ᠵᠢᠯ᠂ ᠬᠡᠱᠢᠭ᠌ᠲᠡᠨ ᠬᠣᠱᠢᠭᠤᠨ᠎ᠤ ᠤᠯᠤᠰ᠎ᠤᠨ ᠣᠳᠣ ᠦᠶ᠎ᠡ᠎ᠶ᠋ᠢᠨ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ ᠪᠠ ᠲᠣᠭ᠍ᠲᠠᠬᠤ ᠱᠢᠶᠠᠨ᠎ᠤ ᠡᠷᠲᠡᠨ᠎ᠦ ᠬᠣᠲᠠ ᠪᠠᠯᠭᠠᠰᠤ ᠵᠡᠷᠭᠡ 11 ᠤᠯᠤᠰ᠎ᠤᠨ ᠲᠠᠷᠢᠶᠠᠯᠠᠩᠤᠨᠠᠵᠤᠦᠢᠯᠡᠰᠦᠨ ᠬᠦᠴᠦᠷᠬᠡᠭ ᠪᠠᠯᠭᠠᠰᠤ᠎ᠶ᠋ᠢ ᠪᠦᠲᠦᠭᠡᠨ ᠪᠠᠢᠭᠤᠯᠬᠤ᠎ᠪᠠᠷ ᠠᠮᠵᠢᠯᠲᠠ᠎ᠲᠠᠶ ᠭᠤᠶᠤᠴᠢᠯᠠᠨ ᠮᠡᠳᠡᠭᠦᠯᠵᠦ᠍᠂ 7 ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠢ᠎ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠢ ᠲᠦᠷᠭᠡᠳᠭᠡᠨ ᠪᠠᠢᠭᠤᠯᠵᠠᠢ᠃ ᠮᠠᠯᠤᠨᠠᠱᠢᠭᠱᠢᠮᠡᠲᠠᠷᠢᠶᠠᠯᠠᠩᠤᠨᠪᠦᠲᠦᠭᠡᠭ᠌ᠳᠡᠬᠦᠨᠢ ᠡᠳ᠋ᠱᠢᠭᠦᠯᠤᠨ ᠪᠤᠯᠪᠠᠰᠤᠷᠠᠭᠤᠯᠬᠤ ᠠᠵᠤ ᠠᠬᠤᠢᠯᠠᠯ᠎ᠢ ᠬᠦᠳᠤᠯᠤᠨ ᠲᠠᠭᠠᠭᠤᠯᠵᠤ ᠲᠣᠭᠠᠴᠢᠯᠠᠭ᠍ᠰᠠᠨ ᠪᠣᠬᠢᠷᠲᠤᠯ ᠥᠬᠡᠶ ᠲᠠᠢᠰᠢ ᠬᠦᠭᠵᠢᠬᠦᠯᠬᠦ᠎ᠶ᠋ᠢ ᠲᠦᠷᠭᠡᠳᠭᠡᠵᠦ᠍᠂ ᠵᠢᠯ᠎ᠦᠨ ᠳᠣᠲᠣᠷ᠎ᠠ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠤᠨ ᠪᠤᠯᠪᠠᠰᠤᠷᠠᠭᠤᠯᠬᠤ ᠣᠶᠤᠨᠴᠢ ᠠᠵᠤ ᠦᠶ᠋ᠯᠡᠳᠪᠦᠷᠢ(ᠲᠣᠭᠠᠴᠢᠯᠠᠭ᠍ᠰᠠᠨ ᠦᠶ᠋ᠯᠡᠳᠪᠦᠷᠢ᠎ᠶ᠋ᠢᠨ ᠲᠠᠰᠤᠭ) ᠶ᠋ᠢ ᠪᠠᠢᠭᠤᠯᠵᠤ᠂ 18 ᠠᠵᠤ ᠠᠬᠤᠢᠯᠠᠯ᠎ᠤᠨ ᠪᠣᠬᠢᠷᠲᠤᠯ ᠥᠬᠡᠶ ᠦᠶ᠋ᠯᠡᠳᠪᠦᠷᠢ ᠪᠠᠢᠭᠤᠯᠬᠤ᠎ᠶ᠋ᠢ ᠳᠡᠮᠵᠢᠵᠠᠢ᠃ ᠳᠥᠷᠪᠡ᠎ᠳᠦ᠂ ᠮᠥᠩᠭᠥᠨ ᠭᠦᠶ᠋ᠯᠭᠡᠭᠡᠨ᠎ᠦ ᠳᠡᠮᠵᠢᠯᠭᠡ᠎ᠶ᠋ᠢ ᠴᠢᠩᠭᠠᠳᠬᠠᠪᠠ᠃ ᠵᠠᠰᠠᠭ᠎ᠤᠨ ᠣᠷᠳᠣᠨ ᠮᠥᠩᠭᠥᠨ ᠭᠦᠶ᠋ᠯᠭᠡᠭᠡ ᠠᠵᠤ ᠠᠬᠤᠢᠯᠠᠯ᠎ᠢ ᠵᠣᠯᠭᠠᠭᠤᠯᠬᠤ ᠬᠤᠷᠠᠯ ᠬᠤᠷᠠᠯᠳᠤᠭᠤᠯᠵᠤ᠂ ᠲᠤᠬᠠᠶ᠎ᠶ᠋ᠢᠨ ᠲᠠᠯᠠᠪᠠᠶ᠎ᠳᠤ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠥᠷᠥᠯ ᠵᠦᠶ᠋ᠯ᠎ᠤᠨ3 ᠭᠡᠷᠡᠲᠣᠭ᠍ᠲᠠᠵᠤ᠂ 11.95 ᠳ᠋ᠦᠩᠱᠢᠭᠤᠷ ᠲᠥᠭᠥᠷᠢᠭ᠎ᠦᠨ ᠪᠠᠯᠠ ᠬᠤᠷᠠᠮᠳᠤᠭᠤᠯᠪᠠ᠃ 《ᠱᠢᠤᠳᠠᠨ᠎ᠤ ᠲᠠᠷᠢᠶᠠᠯᠠᠩ᠎ᠤᠨ ᠵᠢᠭᠡᠯᠡᠯᠭᠡ》᠂ ᠲᠠᠷᠢᠶᠠᠯᠠᠩ(ᠮᠠᠯ ᠠᠵᠤ ᠠᠬᠤᠶ)ᠠᠵᠤ ᠠᠬᠤᠢᠯᠠᠯ᠎ᠤᠨ ᠠᠱᠢᠭ ᠲᠤᠰᠠ᠎ᠶ᠋ᠢᠨ ᠬᠤᠯᠪᠤᠭᠠᠨ᠎ᠤ ᠲᠣᠭ᠍ᠲᠠᠴᠠ᠎ᠶ᠋ᠢᠨ ᠵᠢᠭᠡᠯᠡᠯᠭᠡ᠎ᠶ᠋ᠢᠨ ᠪᠠᠳᠤᠯᠠᠭ᠎ᠠ᠂ ᠭᠠᠳᠠᠭᠠᠳᠤ ᠠᠷᠠᠯᠵᠢᠶᠠᠨ᠎ᠤ ᠳᠤᠮᠳᠠ ᠵᠢᠵᠢᠭ ᠠᠵᠤ ᠠᠬᠤᠢᠯᠠᠯ᠎ᠤᠨ ᠪᠠᠯᠠ ᠬᠤᠷᠠᠮᠳᠤᠭᠤᠯᠬᠤ ᠵᠢᠭᠡᠯᠡᠯᠭᠡ ᠵᠡᠷᠭᠡ ᠠᠷᠭ᠎ᠠ ᠮᠠᠶᠢᠭ ᠵᠢᠡᠷ ᠱᠢᠨ᠎ᠡ᠎ᠶ᠋ᠢ ᠡᠭᠦᠳᠦᠨ ᠳᠡᠯᠭᠡᠷᠡᠭᠦᠯᠵᠦ᠍᠂ ᠳᠡᠭᠡᠷ᠎ᠡ ᠬᠠᠭᠠᠰ ᠵᠢᠯ᠎ᠳᠦ᠂ ᠪᠥᠬᠥ᠌ ᠣᠷᠣᠨ᠎ᠤ ᠪᠠᠯᠠ ᠬᠤᠷᠠᠮᠳᠤᠭᠤᠯᠬᠤ ᠲᠠᠭᠠᠭᠠᠨ ᠪᠠᠳᠤᠯᠠᠬᠤ ᠪᠠᠢᠭᠤᠯᠤᠮᠵᠢ᠎ᠶ᠋ᠢᠨ ᠲᠠᠷᠢᠶᠠᠯᠠᠩ᠎ᠳᠤ ᠬᠣᠯᠪᠣᠭ᠍ᠳᠠᠬᠰᠠᠨ ᠲᠠᠭᠠᠭᠠᠨ ᠪᠠᠳᠤᠯᠠᠬᠤ ᠦᠯᠡᠳᠡᠪᠦᠷᠢ ᠮᠦᠡᠭᠬᠦ 189.5 ᠳ᠋ᠦᠩᠱᠢᠭᠤᠷ ᠲᠥᠭᠥᠷᠢᠭ ᠪᠠᠢᠵᠤ᠂ ᠲᠠᠷᠢᠶᠠᠯᠠᠩ᠎ᠳᠤ ᠬᠣᠯᠪᠣᠭ᠍ᠳᠠᠬᠰᠠᠨ ᠲᠠᠭᠠᠭᠠᠨ ᠪᠠᠳᠤᠯᠠᠬᠤ ᠳᠠᠭᠠᠳᠭᠠᠯ᠎ᠳᠤ ᠤᠷᠤᠭᠰᠠᠨ ᠡᠷᠦᠬᠡ᠎ᠶ᠋ᠢᠨ ᠲᠣᠭ᠎ᠠ 7.5 ᠲᠦᠮᠡᠨ ᠳ᠋ᠦ ᠬᠦᠷᠴᠦ᠂ ᠠᠳᠠᠯᠢ ᠬᠤᠭᠤᠴᠠᠭᠠᠨ᠎ᠤ᠎ᠬᠢ᠎ᠡᠴᠡ 6.8% ᠪᠠᠷ ᠨᠡᠮᠡᠭ᠌ᠳᠡᠪᠡ᠃ ᠲᠠᠪᠤ᠎ᠳᠤ᠂ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠲᠤᠯᠭᠠᠭᠤᠷᠢᠯᠠᠯ᠎ᠢ ᠴᠢᠩᠭᠠᠳᠬᠠᠵᠠᠢ᠃ 《ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠦᠷ᠎ᠡ᠎ᠶ᠋ᠢᠨ ᠦᠶ᠋ᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ》᠎ᠶ᠋ᠢ ᠲᠣᠭ᠍ᠲᠠᠭᠠᠵᠤ᠂ 2025ᠤᠨᠪᠣᠯᠬᠤᠳᠤ ᠭᠤᠤᠯ ᠪᠣᠯᠬᠤ ᠲᠠᠷᠢᠮᠠᠯ᠎ᠤᠨ ᠵᠦᠶ᠋ᠯ᠎ᠦᠨ ᠰᠠᠢᠨ ᠡᠭᠦᠯᠳᠡᠷ᠎ᠦᠨ ᠪᠦᠷᠬᠦᠴᠡ᠎ᠶ᠋ᠢᠨ ᠨᠣᠷᠮ᠎ᠠ᠎ᠶ᠋ᠢ 98%᠎ᠡᠴᠡ ᠳᠡᠭᠡᠭ᠌ᠰᠢ᠎ᠳᠦ ᠲᠣᠭ᠍ᠲᠠᠪᠤᠷᠢᠵᠢᠭᠤᠯᠵᠤ᠂ ᠮᠠᠯ ᠵᠢᠭᠦᠷᠲᠡᠨ᠎ᠦ ᠦᠷ᠎ᠡ᠎ᠶ᠋ᠢᠨ ᠦᠶ᠋ᠯᠡᠰ᠎ᠦᠨ ᠰᠠᠢᠨ ᠡᠭᠦᠯᠳᠡᠷ᠎ᠦᠨ ᠨᠣᠷᠮ᠎ᠠ᠎ᠶ᠋ᠢ 95% ᠡᠴᠡ ᠳᠡᠭᠡᠭ᠌ᠰᠢ᠎ᠳᠦ ᠲᠣᠭ᠍ᠲᠠᠪᠤᠷᠢᠵᠢᠭᠤᠯᠬᠤ᠎ᠪᠠᠷ ᠴᠢᠷᠮᠠᠢᠵᠤ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠡᠷᠳᠡᠨᠢ ᠱᠢᠰᠢ᠂ ᠮᠢᠬᠠᠨ᠎ᠤ ᠦᠬᠡᠷ᠂ ᠲᠦᠭᠦᠭᠡᠷᠦᠮᠵᠢᠳᠦ ᠢᠳᠡᠱᠢᠨ ᠨᠣᠭᠣᠭ᠎ᠠ᠂ ᠲᠥᠮᠥᠰᠥ᠍᠂ ᠡᠪᠡᠰᠦᠨ ᠦᠷ᠎ᠡ᠎ᠶ᠋ᠢᠨ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠡᠬᠢᠯᠡᠭᠦᠯᠦᠨ ᠪᠠᠢᠭᠤᠯᠵᠤ᠂ 2021 ᠣᠨ᠎ᠳᠤ ᠲᠠᠷᠢᠮᠠᠯ᠎ᠤᠨ ᠰᠠᠢᠨ ᠦᠷ᠎ᠡ ᠦᠷᠡᠵᠢᠭᠦᠯᠦᠨ ᠪᠣᠢᠵᠢᠭᠤᠯᠬᠤ ᠰᠠᠭᠤᠷᠢᠨ᠎ᠢ 144 ᠲᠦᠮᠡᠨ ᠮᠦ᠍ ᠪᠠᠢᠭᠤᠯᠵᠤ᠂ ᠠᠳᠠᠯᠢ ᠬᠤᠭᠤᠴᠠᠭᠠᠨ᠎ᠤ ᠬᠢ᠎ᠡᠴᠡ 40 ᠲᠦᠮᠡᠨ ᠮᠦ᠍ ᠨᠡᠮᠡᠭ᠌ᠳᠡᠪᠡ᠃ ᠵᠠᠯᠠᠢᠳ ᠬᠣᠱᠢᠭᠤ᠎ᠶ᠋ᠢᠨ ᠲᠣᠭᠠᠴᠢᠯᠠᠭ᠍ᠰᠠᠨ ᠲᠠᠷᠢᠶᠠᠯᠠᠩ᠎ᠤᠨ ᠬᠡᠷᠡᠭ᠌ᠯᠡᠭᠡᠨ᠎ᠦ ᠳᠡᠯᠭᠡᠷᠡᠭᠦᠯᠬᠦ᠌ ᠰᠠᠭᠤᠷᠢᠨ ᠵᠡᠷᠭᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠠᠢ᠃
13᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠲᠦᠷᠭᠡᠳᠭᠡᠨ ᠪᠠᠢᠭᠤᠯᠪᠠ᠃ ᠨᠢᠭᠡ᠎ᠳᠦ᠂ ᠳᠦᠷᠢᠮ᠎ᠤᠨ ᠲᠣᠭ᠍ᠲᠠᠴᠠ᠎ᠶ᠋ᠢ ᠪᠦᠷᠢᠨᠱᠢᠭᠦᠯᠵᠠᠢ᠃ 《ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠪᠡᠬᠢᠯᠡᠯᠲᠡ ᠪᠠᠢᠭᠤᠯᠬᠤ ᠠᠵᠢᠯᠯᠠᠭᠠᠨ᠎ᠤ ᠲᠥᠰᠦᠯ》᠎ᠢ᠋ ᠲᠣᠭ᠍ᠲᠠᠭᠠᠵᠤ᠂ ᠤᠮᠠᠷᠠᠰᠢ ᠨᠡᠭᠡᠭᠡᠯᠲᠡ ᠬᠢᠬᠦ᠌ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠪᠠ᠃ 《ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠪᠣᠭᠣᠮᠲᠠ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ》 ᠶ᠋ᠢ ᠨᠠᠢᠷᠠᠭᠤᠯᠤᠨ ᠵᠣᠬᠢᠶᠠᠵᠤ᠂ ᠶᠡᠷᠦᠩᠬᠡᠢᠯᠡᠭ᠌ᠰᠡᠨ ᠬᠦᠶ᠋ᠰᠦ ᠪᠣᠭᠣᠮᠲᠠ᠂ ᠭᠤᠤᠯᠳᠠᠯᠭ᠎ᠠ᠎ᠲᠠᠶ ᠲᠤᠰᠭᠠᠶ ᠪᠣᠭᠣᠮᠲᠠ᠂ ᠡᠩ᠎ᠦᠨ ᠪᠣᠭᠣᠮᠲᠠ᠎ᠶ᠋ᠢᠨ ᠬᠥᠭ᠌ᠵᠢᠯᠲᠡ᠎ᠶ᠋ᠢᠨ ᠵᠠᠭ᠍ᠪᠤᠷ ᠶᠣᠰᠣᠭᠠᠷ᠂ ᠠᠳᠠᠯᠢ ᠪᠤᠰᠤ ᠲᠥᠷᠥᠯ ᠬᠡᠯᠪᠡᠷᠢ᠎ᠶ᠋ᠢᠨ ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ ᠬᠥᠭ᠌ᠵᠢᠯᠲᠡ᠎ᠶ᠋ᠢ ᠠᠬᠢᠭᠤᠯᠵᠠᠢ᠃ ᠪᠣᠭᠣᠮᠲᠠ᠎ᠶ᠋ᠢᠨ ᠪᠣᠭᠣᠮᠲᠠ ᠨᠡᠭᠡᠭᠡᠬᠦ ᠴᠢᠳᠠᠮᠵᠢ᠎ᠶ᠋ᠢ ᠥᠷᠭᠡᠳᠭᠡᠬᠦ᠌᠎ᠶ᠋ᠢ ᠨᠤᠲᠠᠯᠠᠬᠤ ᠲᠣᠭ᠍ᠲᠠᠴᠠ᠂ ᠪᠣᠭᠣᠮᠲᠠ᠎ᠶ᠋ᠢᠨ ᠲᠡᠭᠡᠭᠡᠪᠦᠷᠢ᠎ᠶ᠋ᠢᠨ ᠬᠡᠮᠵᠢᠶ᠎ᠡ᠎ᠶ᠋ᠢ ᠮᠡᠳᠡᠭᠳᠡᠬᠦ ᠲᠦᠷᠢᠮ᠎ᠢ ᠪᠠᠢᠭᠤᠯᠵᠤ᠂ ᠪᠣᠭᠣᠮᠲᠠ᠎ᠶ᠋ᠢᠨ ᠠᠵᠢᠯᠯᠠᠭᠠᠨ᠎ᠤ ᠦᠷ᠎ᠡ ᠠᠱᠢᠭ᠎ᠤᠨ ᠳᠡᠭᠡᠭ᠌ᠰᠢᠯᠡᠯᠲᠡ᠎ᠶ᠋ᠢ ᠠᠬᠢᠭᠤᠯᠪᠠ᠃ 1—8ᠰᠠᠷ᠎ᠠ᠎ᠳᠤ᠂ ᠪᠥᠬᠥ᠌ᠣᠷᠣᠨᠤ ᠪᠣᠭᠣᠮᠲᠠ᠎ᠵᠢᠨ ᠪᠠᠷᠠᠭ᠎ᠠ ᠥᠩᠭᠡᠷᠡᠭᠦᠯᠦᠭ᠌ᠰᠡᠨ ᠬᠡᠮᠵᠢᠶ᠎ᠡ 3676.4 ᠲᠦᠮᠡᠨ ᠲᠣᠨ᠎ᠳᠤ ᠬᠥᠷᠪᠡ᠃ ᠬᠣᠶᠠᠷ ᠲᠤ᠂ ᠰᠠᠭᠤᠷᠢ ᠲᠦᠭᠦᠭᠡᠷᠦᠮᠵᠢ ᠶ᠋ᠢᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠠᠢ᠃ ᠤᠯᠠᠭᠠᠨᠴᠠᠪ᠎ᠠᠴᠠ ᠡᠷᠢᠶᠡᠨ ᠬᠣᠲᠠ ᠬᠦᠷᠲᠡᠯᠡᠬᠢᠡᠬᠡ ᠬᠠᠭᠤᠷᠠᠶ᠎ᠶ᠋ᠢᠨ ᠭᠠᠷᠠᠮ᠎ᠤᠨ ᠬᠡᠯᠪᠡᠷᠢ᠎ᠶ᠋ᠢᠨ ᠤᠯᠤᠰ᠎ᠤᠨ ᠪᠠᠷᠠᠭᠠᠨ᠎ᠤ ᠭᠦᠶ᠋ᠯᠭᠡᠭᠡᠨ᠎ᠦ ᠬᠦᠶ᠋ᠰᠦ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠳᠡᠮᠵᠢᠵᠦ᠍᠂ 4000 ᠲᠦᠮᠡᠨ ᠲᠥᠭᠥᠷᠢᠭ᠎ᠦᠨ ᠪᠠᠯᠠ ᠮᠥᠩᠭᠥ᠎ᠶ᠋ᠢ ᠨᠠᠢᠳᠠᠪᠤᠷᠢᠵᠢᠭᠤᠯᠪᠠ᠃ ᠤᠯᠠᠭᠠᠨᠴᠠᠪ — ᠡᠷᠢᠶᠡᠨ ᠬᠣᠲᠠ᠎ᠶ᠋ᠢ ᠨᠢᠭᠡ ᠴᠣᠭ᠍ᠴᠠᠵᠢᠭᠤᠯᠬᠤ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠲᠦᠷᠭᠡᠳᠭᠡᠨ ᠨᠠᠢᠷᠠᠭᠤᠯᠤᠨ ᠵᠣᠬᠢᠶᠠᠵᠤ᠂ ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠶ᠋ᠢᠨ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠶ᠋ᠢ ᠠᠬᠢᠭᠤᠯᠪᠠ᠃ ᠪᠥᠬᠥ᠌ ᠣᠷᠣᠨ᠎ᠤ ᠠᠭᠠᠷ᠎ᠤᠨ ᠠᠶᠠᠯᠠᠯ᠎ᠤᠨ ᠪᠣᠭᠣᠮᠲᠠ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ ᠨᠡᠢᠳᠭᠡᠵᠤ᠂ ᠬᠥᠬᠡᠬᠣᠲᠠ ᠨᠢᠰᠭᠡᠯ᠎ᠦᠨ ᠪᠠᠭᠤᠳᠠᠯ᠎ᠢᠶᠠᠷ ᠬᠦᠶ᠋ᠰᠦ ᠪᠣᠯᠭᠠᠨ᠂ ᠬᠠᠢᠯᠠᠷ᠂ ᠪᠤᠭᠤᠲᠤ᠂ ᠡᠷᠢᠶᠡᠨ ᠬᠣᠲᠠ ᠵᠡᠷᠭᠡ ᠰᠠᠯᠪᠤᠷᠢ ᠱᠤᠭᠤᠮ᠎ᠤᠨ ᠨᠢᠰᠭᠡᠯ᠎ᠦᠨ ᠪᠠᠭᠤᠳᠠᠯ᠎ᠢ ᠵᠦᠷᠢᠶᠡᠵᠢᠭᠦᠯᠦᠨ ᠪᠠᠢᠷᠢ ᠲᠣᠭ᠍ᠲᠠᠭᠠᠵᠤ᠂ ᠣᠲᠣ᠎ᠶ᠋ᠢᠨ ᠪᠠᠢᠭ᠎ᠠ ᠠᠶᠠᠯᠠᠯ᠎ᠤᠨ ᠱᠤᠭᠤᠮ᠎ᠤᠨ ᠲᠤᠤᠷ ᠰᠦᠯᠵᠢᠶ᠎ᠡ᠎ᠶ᠋ᠢ ᠲᠡᠭᠦᠯᠳᠡᠷᠵᠢᠭᠦᠯᠪᠠ᠃ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠱᠢᠭᠤᠳ ᠬᠤᠳᠠᠯᠳᠤᠨ ᠠᠪᠬᠤ ᠲᠤᠬᠠᠢᠯᠠᠭ᠍ᠰᠠᠨ ᠠᠵᠢᠯ᠎ᠢ ᠡᠬᠢᠯᠡᠭᠦᠯᠦᠨ ᠡᠵᠡᠩᠨᠡᠵᠦ᠍᠂ ᠨᠢᠭᠡᠨᠲᠡ 6 ᠪᠦᠯᠦᠭ ᠬᠢᠯᠢ ᠠᠯᠤᠰᠯᠠᠭ᠍ᠰᠠᠨ ᠭᠠᠳᠠᠭᠠᠳᠤ᠎ᠳᠤ ᠭᠠᠷᠭᠠᠬᠤ ᠪᠠᠷᠠᠭ᠎ᠠ᠎ᠶ᠋ᠢ ᠪᠣᠭᠣᠮᠲᠠ᠂ ᠭᠠᠷᠠᠮ ᠵᠢᠡᠷ ᠭᠠᠷᠭᠠᠪᠠ᠃ ᠭᠤᠷᠪᠠ᠎ᠳᠤ᠂ ᠮᠠᠨᠳᠤᠯ ᠪᠣᠭᠣᠮᠲᠠ᠎ᠶ᠋ᠢᠨ ᠬᠥᠭ᠌ᠵᠢᠯᠲᠡᠶ᠋ᠢᠢᠳᠡᠪᠬᠢᠲᠡᠶ ᠠᠬᠢᠭᠤᠯᠵᠠᠢ᠃《ᠮᠠᠨᠳᠤᠯ ᠪᠣᠭᠣᠮᠲᠠ᠎ᠶ᠋ᠢᠨ ᠶᠡᠷᠦᠩᠬᠡᠶ ᠲᠥᠯᠥᠪᠵᠢᠭᠦᠯᠭᠡ(2016 — 2030 ᠤᠨ )》᠎ᠶ᠋ᠢ ᠵᠠᠰᠠᠨ ᠨᠠᠢᠷᠠᠭᠤᠯᠵᠤ᠂ ᠪᠠᠷᠠᠭ᠎ᠠ ᠥᠩᠭᠡᠷᠡᠭᠦᠯᠬᠦ᠌ ᠬᠡᠮᠵᠢᠶ᠎ᠡ᠎ᠶ᠋ᠢ ᠥᠷᠭᠡᠳᠭᠡᠬᠦ᠌᠎ᠶ᠋ᠢ ᠪᠣᠭᠣᠮᠲᠠ᠎ᠶ᠋ᠢᠨ ᠬᠥᠭ᠌ᠵᠢᠯᠲᠡ᠎ᠶ᠋ᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠰᠠᠨᠠᠭᠠᠴᠢᠯᠠᠭ᠎ᠠ ᠡᠴᠡ᠎ᠪᠠᠨ ᠠᠵᠤ ᠠᠬᠤᠢᠯᠠᠯ᠎ᠢ ᠬᠠᠪᠰᠤᠷᠤᠨ ᠵᠠᠬᠢᠶᠠᠯᠠᠭ᠎ᠠ᠂ ᠪᠠᠷᠠᠭᠠᠨ᠎ᠤ ᠢᠷᠡᠯᠲᠡ᠎ᠶ᠋ᠢ ᠡᠷᠢᠵᠦ᠍᠂ ᠪᠣᠭᠣᠮᠲᠠ᠎ᠪᠠᠷ ᠥᠩᠭᠡᠷᠡᠭᠦᠯᠬᠦ᠌ ᠣᠷᠴᠢᠨ ᠲᠣᠭᠣᠷᠢᠨ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠪᠣᠭᠣᠮᠲᠠ᠎ᠪᠠᠷ ᠥᠩᠭᠡᠷᠡᠭᠦ᠎ᠪᠡᠷ ᠤᠷᠢᠳᠴᠢᠯᠠᠨ ᠮᠡᠳᠡᠭᠦᠯᠬᠦ᠌ ᠵᠠᠭ᠍ᠪᠤᠷ᠎ᠢ ᠬᠡᠷᠡᠭ᠌ᠵᠢᠭᠦᠯᠵᠦ᠍᠂ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠥᠪᠡᠷ᠎ᠦᠨ ᠥᠷᠲᠡᠭ᠎ᠢ ᠪᠠᠭᠤᠷᠠᠭᠤᠯᠪᠠ᠃ ᠣᠳᠣᠬᠠᠨ ᠪᠣᠯᠲᠠᠯ᠎ᠠ᠂ ᠪᠣᠭᠣᠮᠲᠠᠶ᠋ᠢᠨᠪᠠᠷᠠᠭᠠ ᠥᠩᠭᠡᠷᠡᠭᠦᠯᠦᠭ᠌ᠰᠡᠨ ᠬᠡᠮᠵᠢᠶ᠎ᠡ ᠨᠡᠢᠲᠡ 114.56 ᠲᠦᠮᠡᠨ ᠲᠣᠨ ᠳᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 178.4%᠎ᠪᠠᠷ ᠨᠡᠮᠡᠭ᠌ᠳᠡᠪᠡ᠃ ᠲᠦᠷᠪᠡ᠎ᠳᠦ᠂ ᠳᠤᠮᠳᠠᠳᠤ ᠧᠦ᠋ᠷᠣᠫᠠᠶ᠋ᠢᠨᠵᠢᠱᠢᠶᠠᠨᠤᠭᠠᠯᠲᠤᠲᠡᠷᠭᠡᠨᠤ ᠠᠵᠢᠯᠯᠠᠭᠠᠨ᠎ᠳᠤ ᠪᠦᠬᠦ᠌ᠲᠠᠯᠠᠪᠠᠷ ᠣᠷᠣᠯᠴᠠᠪᠠ᠃ ᠳᠤᠮᠳᠠᠳᠤ ᠧᠦ᠋ᠷᠣᠫᠠ᠎ᠶ᠋ᠢᠨ ᠵᠢᠰᠢᠶᠠᠨ᠎ᠤ ᠭᠠᠯᠲᠤ ᠲᠡᠷᠭᠡ᠎ᠶ᠋ᠢᠨ ᠣᠨ᠎ᠤ ᠠᠶᠠᠯᠠᠯ ᠡᠬᠢᠯᠡᠭᠦᠯᠬᠦ᠌ ᠲᠥᠯᠥᠪᠯᠡᠭᠡ᠎ᠶ᠋ᠢ ᠲᠣᠭ᠍ᠲᠠᠭᠠᠵᠤ᠂ ᠮᠠᠨᠵᠤᠤᠷ᠎ᠤᠨ ᠲᠡᠮᠦᠷ ᠵᠠᠮ᠎ᠤᠨ ᠪᠣᠭᠣᠮᠲᠠ᠎ᠶ᠋ᠢᠨ ᠥᠷᠲᠡᠭᠡ᠎ᠶ᠋ᠢᠨ ᠣᠯᠠᠨ ᠤᠯᠤᠰ᠎ᠤᠨ ᠪᠠᠷᠠᠭ᠎ᠠ᠎ᠶ᠋ᠢᠨ ᠲᠠᠯᠠᠪᠠᠢ᠎ᠶ᠋ᠢᠨ ᠴᠢᠳᠠᠮᠵᠢ᠎ᠶ᠋ᠢ ᠥᠷᠭᠡᠳᠭᠡᠨ ᠥᠭᠡᠷᠡᠴᠢᠯᠡᠬᠦ᠌ ᠢᠨᠵᠧᠨᠧᠷᠢᠩ᠂ ᠡᠷᠢᠶᠡᠨ ᠬᠣᠲᠠ᠎ᠶ᠋ᠢᠨ ᠪᠣᠭᠣᠮᠲᠠ᠎ᠶ᠋ᠢᠨ ᠥᠷᠲᠡᠭᠡ᠎ᠶ᠋ᠢᠨ ᠴᠢᠩᠭᠡᠯᠢᠭ ᠰᠣᠯᠢᠵᠤ ᠠᠴᠢᠶᠠᠯᠠᠬᠤ ᠴᠢᠳᠠᠮᠵᠢ᠎ᠶ᠋ᠢ ᠥᠷᠭᠡᠳᠭᠡᠨ ᠥᠭᠡᠷᠡᠴᠢᠯᠡᠬᠦ᠌ ᠢᠨᠵᠧᠨᠧᠷᠢᠩ᠂ ᠵᠢᠨᠢᠩ ᠡᠴᠡ ᠡᠷᠢᠶᠡᠨ ᠬᠤᠲᠠ ᠬᠦᠷᠬᠦ ᠭᠠᠯᠲᠤ ᠲᠡᠷᠭᠡᠨ᠎ᠤ ᠱᠤᠭᠤᠮ᠎ᠤᠨ ᠴᠢᠳᠠᠮᠵᠢ᠎ᠶ᠋ᠢ ᠥᠷᠭᠡᠳᠭᠡᠨ ᠥᠭᠡᠷᠡᠴᠢᠯᠡᠬᠦ᠌ ᠢᠨᠵᠧᠨᠧᠷᠢᠩ᠎ᠢ ᠤᠯᠤᠰ᠎ᠤᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠲᠡᠭᠡᠭᠡᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢ ᠬᠡᠷᠡᠭ᠌ᠵᠢᠭᠦᠯᠬᠦ᠌ ᠲᠥᠰᠦᠯ᠎ᠳᠦ ᠣᠷᠣᠭᠤᠯᠬᠤ᠎ᠪᠠᠷ ᠢᠳᠡᠪᠬᠢᠳᠠᠢ ᠴᠢᠷᠮᠠᠢᠪᠠ᠃ ᠮᠠᠨᠵᠤᠤᠷ ᠪᠣᠭᠣᠮᠲᠠ᠎ᠶ᠋ᠢᠨ ᠣᠯᠠᠨ ᠤᠯᠤᠰ᠎ᠤᠨ ᠪᠠᠷᠠᠭ᠎ᠠ᠎ᠶ᠋ᠢᠨ ᠭᠦᠢᠯᠭᠡᠭᠡᠨ᠎ᠦ ᠲᠥᠪ᠎ᠦᠨ ᠲᠡᠮᠦᠷ ᠵᠠᠮ᠎ᠤᠨ ᠲᠤᠰᠭᠠᠢ ᠱᠤᠭᠤᠮ᠎ᠢ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ ᠡᠷᠢᠶᠡᠨ ᠬᠣᠲᠠ᠎ᠶ᠋ᠢᠨ ᠳᠤᠮᠳᠠᠳᠤ ᠧᠦ᠋ᠷᠣᠫᠠ᠎ᠶᠢᠨ ᠵᠢᠱᠢᠶᠠᠨ᠎ᠤ ᠭᠠᠯᠲᠤ ᠲᠡᠷᠭᠡ᠎ᠶ᠋ᠢᠨ ᠴᠤᠭ᠍ᠯᠠᠷᠠᠯ᠎ᠤᠨ ᠲᠥᠪ᠎ᠦᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠡᠮᠬᠢ ᠵᠢᠷᠤᠮ᠎ᠲᠠᠶ᠎ᠪᠠᠷ ᠠᠬᠢᠭᠤᠯᠪᠠ᠃ 1 — 8 ᠰᠠᠷ᠎ᠠ᠎ᠳᠤ᠂ ᠮᠠᠨᠵᠤᠤᠷ ᠪᠣᠭᠣᠮᠲᠠ᠎ᠶ᠋ᠢᠨ ᠬᠢᠯᠢ᠎ᠪᠡᠷ ᠣᠷᠣᠵᠤ ᠭᠠᠷᠤᠭ᠍ᠰᠠᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 2195 ᠴᠤᠪᠤᠭ᠎ᠠ ᠪᠠᠢᠵᠤ᠂ ᠨᠢᠳᠦᠨᠦᠨ᠎ᠤ ᠠᠳᠠᠯᠢ ᠬᠤᠭᠤᠴᠠᠭᠠᠨ᠎ᠤ᠎ᠬᠢ ᠡᠴᠡ 16.2%᠎ᠢᠶᠡᠷ ᠨᠡᠮᠡᠭ᠌ᠳᠡᠪᠡ; ᠡᠷᠢᠶᠡᠨ ᠬᠣᠲᠠ᠎ᠶ᠋ᠢᠨ ᠪᠣᠭᠣᠮᠲᠠ᠎ᠶ᠋ᠢᠨ ᠬᠢᠯᠢ᠎ᠪᠡᠷ ᠣᠷᠣᠵᠤ ᠭᠠᠷᠤᠭ᠍ᠰᠠᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 1712 ᠴᠤᠪᠤᠭ᠎ᠠ ᠪᠠᠢᠵᠤ᠂ ᠨᠢᠳᠦᠨᠦᠨ᠎ᠤ ᠠᠳᠠᠯᠢ ᠬᠤᠭᠤᠴᠠᠭᠠᠨ᠎ᠤ᠎ᠬᠢ ᠡᠴᠡ 15.4% ᠪᠠᠷ ᠨᠡᠮᠡᠭ᠌ᠳᠡᠪᠡ᠃ ᠲᠠᠪᠤ᠎ᠳᠤ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠪᠡ᠃ᠣᠷᠣᠰᠮᠣᠩᠭᠣᠯᠤᠨᠣᠷᠣᠨᠨᠤᠲᠤᠭᠤᠨᠵᠠᠰᠠᠭᠤᠨ ᠣᠷᠳᠣᠨ᠎ᠯᠤᠭ᠎ᠠ᠎ᠶ᠋ᠢᠨ ᠬᠣᠭᠣᠷᠣᠨᠳᠣᠬᠢ ᠨᠡᠪᠲᠡᠷᠡᠯᠴᠡᠵᠦ᠍ ᠰᠣᠯᠢᠯᠴᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠥᠪᠥᠷ ᠮᠣᠩᠭᠣᠯ ᠬᠢᠭᠡᠳ ᠣᠷᠣᠰ ᠮᠣᠩᠭᠣᠯ᠎ᠤᠨ ᠨᠥᠬᠥᠷᠰᠡᠭ ᠬᠣᠲᠠ᠎ᠶ᠋ᠢᠨ ᠬᠠᠮᠲᠤᠷᠠᠯᠴᠠᠭ᠎ᠠ ᠰᠣᠯᠢᠯᠴᠠᠭ᠎ᠠ᠎ᠶ᠋ᠢ ᠠᠬᠢᠭᠤᠯᠵᠤ᠂ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ᠎ᠢ ᠢᠳᠡᠪᠬᠢᠲᠡᠶ ᠪᠡᠯᠡᠳᠭᠡᠪᠡ᠃ ᠰᠠᠭᠤᠷᠢ ᠲᠦᠬᠦᠭᠡᠷᠦᠮᠵᠢ᠎ᠶ᠋ᠢᠨ ᠬᠤᠯᠪᠤᠯᠳᠤᠨ ᠨᠡᠪᠲᠡᠷᠡᠯᠴᠡᠬᠦ ᠠᠵᠢᠯᠯᠠᠭ᠎ᠠ᠎ᠶ᠋ᠢ ᠥᠷᠨᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠪᠦᠲᠦᠭᠡᠨ ᠪᠠᠢᠭᠤᠯᠤᠯᠲᠠ᠎ᠶ᠋ᠢᠨ ᠪᠡᠯᠡ ᠮᠥᠩᠭᠥ᠎ᠶ᠋ᠢ 3000 ᠲᠦᠮᠡᠨ ᠲᠥᠭᠥᠷᠢᠭ ᠨᠡᠮᠡᠭ᠌ᠳᠡᠭᠦᠯᠵᠦ᠍᠂ ᠮᠠᠨᠵᠤᠤᠷ᠂ ᠡᠷᠢᠶᠡᠨ ᠬᠣᠲᠠ᠎ᠶ᠋ᠢᠨ ᠪᠣᠭᠣᠮᠲᠠ᠎ᠶ᠋ᠢᠨ ᠴᠢᠳᠠᠮᠵᠢ᠎ᠶ᠋ᠢ ᠳᠡᠭᠡᠭ᠌ᠰᠢᠯᠡᠭᠦᠯᠪᠡ᠃ ᠡᠷᠢᠶᠡᠨ ᠬᠣᠲᠠ ᠡᠴᠡ ᠰᠠᠢᠬᠠᠨᠲᠠᠯ᠎ᠠ ᠬᠥᠷᠬᠥ᠌᠂ ᠬᠠᠢᠯᠠᠷ ᠡᠴᠡ ᠮᠠᠨᠵᠤᠤᠷ ᠬᠥᠷᠬᠥ᠌ ᠲᠦᠷᠭᠡᠨ᠎ᠤ ᠵᠠᠮ᠎ᠢ ᠪᠥᠲᠥᠭᠡᠨ ᠪᠠᠢᠭᠤᠯᠬᠤ ᠠᠵᠢᠯ᠎ᠢ ᠰᠡᠷᠭᠦᠭᠡᠵᠦ᠂ ᠪᠠᠶᠠᠨᠨᠠᠭᠤᠷ᠎ᠲᠠᠬᠢ 35 ᠺᠢᠯᠦᠸᠤᠯᠲ᠎ᠤᠨ ᠴᠠᠭᠠᠨ ᠬᠠᠳᠠ᠎ᠶᠢᠨ ᠴᠠᠬᠢᠯᠭᠠᠨ ᠬᠠᠩᠭᠠᠬᠤ ᠲᠥᠷᠥᠯ ᠵᠦᠶ᠋ᠯ᠎ᠦᠨ ᠪᠠᠷᠢᠯᠭ᠎ᠠ᠎ᠶ᠋ᠢ ᠨᠢᠭᠡᠨᠲᠡ ᠳᠠᠭᠤᠰᠭᠠᠵᠤ᠂ ᠳᠤᠮᠳᠠᠳᠤ ᠣᠷᠣᠰ(ᠮᠠᠨᠵᠤᠤᠷ — ᠬᠣᠢᠲᠤ ᠪᠠᠢᠭᠠᠯ)᠎ᠤ᠋ᠨ ᠬᠢᠯᠢ ᠠᠯᠤᠰᠯᠠᠭ᠍ᠰᠠᠨ ᠡᠬᠡ ᠬᠠᠭᠤᠷᠠᠶ᠎ᠶ᠋ᠢᠨ ᠳᠠᠮᠵᠢᠭᠤᠯᠬᠤ ᠱᠢᠰᠲ᠋ᠧᠮ᠎ᠢ ᠨᠢᠭᠡᠨᠲᠡ ᠵᠠᠯᠭᠠᠯᠳᠤᠭᠤᠯᠪᠠ᠃ ᠠᠷᠠᠯᠵᠢᠶ᠎ᠠ ᠶ᠋ᠢ ᠰᠠᠭᠠᠳ ᠥᠬᠡᠶ ᠨᠡᠪᠲᠡᠷᠡᠭᠦᠯᠬᠦ᠌ ᠠᠵᠢᠯᠯᠠᠭ᠎ᠠ᠎ᠶ᠋ᠢ ᠥᠷᠨᠢᠭᠦᠯᠵᠦ᠍᠂ ᠭᠠᠳᠠᠭᠠᠳᠤ ᠠᠷᠠᠯᠵᠢᠶᠠᠨ᠎ᠤ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠠᠪᠴᠠᠩ᠎ᠢ ᠪᠣᠢᠵᠢᠭᠤᠯᠤᠨ᠂ ᠥᠪᠡᠷᠲᠡᠭᠡᠨᠵᠠᠰᠠᠬᠤ ᠣᠷᠣᠨ᠎ᠤ ᠭᠠᠳᠠᠭᠠᠳᠤ ᠠᠷᠠᠯᠵᠢᠶᠠᠨ᠎ᠤ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ 5 ᠠᠵᠤ ᠠᠬᠤᠢᠯᠠᠯ᠎ᠢ ᠮᠠᠭᠠᠳᠯᠠᠨ ᠲᠣᠭ᠍ᠲᠠᠭᠠᠵᠤ᠂ ᠭᠠᠳᠠᠭᠠᠳᠤ ᠠᠷᠠᠯᠵᠢᠶᠠᠨ᠎ᠤ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ 6 ᠠᠵᠤ ᠠᠬᠤᠢᠯᠠᠯ᠎ᠢ ᠪᠣᠢᠵᠢᠭᠤᠯᠬᠤ ᠡᠲᠡᠭᠡᠳ ᠪᠤᠯᠭᠠᠵᠤ᠂ 736 ᠳᠤᠮᠳᠠ ᠪᠠᠭ᠎ᠠ ᠵᠢᠵᠢᠭ ᠠᠵᠤ ᠠᠬᠤᠢᠯᠠᠯ᠎ᠢ ᠳᠠᠢᠴᠢᠯᠠᠪᠠ᠃ ᠮᠠᠨᠵᠤᠤᠷ᠎ᠤᠨ ᠵᠠᠬ᠎ᠠ ᠳᠡᠯᠭᠡᠭᠦᠷ᠎ᠦᠨ ᠬᠤᠳᠠᠯᠳᠤᠨ ᠠᠪᠬᠤ ᠠᠷᠠᠯᠵᠢᠶᠠᠨ᠎ᠤ ᠲᠤᠷᠱᠢᠯᠲᠠ᠎ᠶ᠋ᠢᠨ ᠴᠡᠭ᠎ᠦᠨ ᠪᠦᠲᠦᠭᠡᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠵᠤ᠂ ᠶᠡᠷᠦᠩᠬᠡᠢᠯᠡᠭ᠌ᠰᠡᠨ ᠬᠠᠮᠢᠶᠠᠷᠤᠯᠲᠠ᠎ᠶ᠋ᠢᠨ ᠱᠢᠰᠲᠧᠮ ᠨᠢᠭᠡᠨᠲᠡ ᠤᠯᠤᠰ᠎ᠤᠨ ᠱᠢᠯᠭᠠᠨ ᠠᠪᠬᠤ᠎ᠳᠤ ᠪᠠᠲᠤᠯᠠᠭ᠍ᠳᠠᠪᠠ᠃ ᠡᠷᠢᠶᠡᠨ ᠬᠣᠲᠠ᠎ᠶ᠋ᠢᠨ ᠬᠢᠯᠢ᠎ᠶ᠋ᠢᠨ ᠠᠷᠠᠳ᠎ᠤᠨ ᠬᠠᠷᠢᠯᠴᠠᠨ ᠮᠠᠢᠮᠠᠢᠯᠠᠬᠤ ᠵᠠᠬ᠎ᠠ ᠳᠡᠯᠭᠡᠭᠦᠷ᠎ᠦᠨ ᠠᠷᠠᠯᠵᠢᠶᠠᠨ᠎ᠤ ᠲᠣᠭᠣᠷᠢᠭ᠎ᠤᠨ ᠭᠠᠳᠠᠭᠠᠳᠤ ᠡᠴᠡ ᠣᠷᠣᠭᠤᠯᠵᠤ ᠰᠠᠭᠤᠷᠢᠰᠢᠭᠤᠯᠤᠨ ᠡᠳ᠋ᠱᠢᠭᠦᠯᠬᠦ᠌ ᠲᠤᠷᠱᠢᠯᠲᠠ᠎ᠶ᠋ᠢᠨ ᠴᠡᠭ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠬᠢᠯᠢ᠎ᠶ᠋ᠢᠨ ᠠᠷᠠᠳ᠎ᠤᠨ ᠬᠠᠷᠢᠯᠴᠠᠨ ᠮᠠᠢᠮᠠᠢᠯᠠᠬᠤ ᠵᠠᠬ᠎ᠠ ᠳᠡᠯᠭᠡᠭᠦᠷ᠎ᠦᠨ ᠠᠷᠠᠯᠵᠢᠶ᠎ᠠ᠎ᠶ᠋ᠢᠨ ᠭᠠᠳᠠᠭᠠᠳᠤ ᠡᠴᠡ ᠣᠷᠣᠭᠤᠯᠵᠤ ᠰᠠᠭᠤᠷᠢᠱᠢᠭᠤᠯᠤᠨ ᠡᠳ᠋ᠱᠢᠭᠦᠯᠬᠦ᠌ ᠲᠠᠸᠠᠷ᠎ᠤᠨ ᠨᠡᠷᠡᠰ᠎ᠦᠨ ᠵᠢᠭ᠍ᠰᠠᠭᠠᠯᠲᠠ᠎ᠶ᠋ᠢ ᠨᠠᠢᠷᠠᠭᠤᠯᠤᠨ ᠵᠣᠬᠢᠶᠠᠪᠠ᠃ ᠵᠢᠱᠢᠶᠠᠨ᠎ᠤ ᠭᠠᠯᠲᠤ ᠲᠡᠷᠭᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯᠯᠠᠭ᠎ᠠ ᠥᠷᠨᠢᠭᠦᠯᠵᠦ᠍᠂ 1 — 8 ᠰᠠᠷ᠎ᠠ᠎ᠳᠤ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶᠢᠨ ᠬᠦᠷᠴᠦ ᠢᠷᠡᠭᠰᠡᠨ ᠪᠠ ᠮᠤᠷᠳᠠᠬᠰᠠᠨ ᠲᠤᠭ᠎ᠠ 271 ᠬᠦᠷᠴᠦ᠂ ᠠᠮᠤ ᠪᠤᠳᠠᠭ᠎ᠠ ᠲᠤᠰᠤ᠂ ᠮᠣᠳᠣᠨ ᠮᠠᠲ᠋ᠧᠷᠢᠶᠠᠯ ᠵᠡᠷᠭᠡ ᠲᠣᠬᠲᠠᠬᠰᠠᠨ ᠡᠳ᠋ ᠪᠤᠳᠠᠰ ᠵᠦᠭᠡᠭᠡᠪᠦᠷᠢᠯᠡᠭᠰᠡᠨ ᠵᠢᠱᠢᠶᠠᠨ᠎ᠤ ᠭᠠᠯᠲᠤ ᠲᠡᠷᠭᠡ᠎ᠶ᠋ᠢ 112 ᠵᠣᠬᠢᠶᠠᠨ ᠪᠠᠢᠭᠤᠯᠤᠨ ᠠᠶᠠᠯᠠᠭᠤᠯᠪᠠ᠃ ᠣᠯᠠᠨ ᠤᠯᠤᠰ᠎ᠤᠨ ᠦᠶ᠋ᠯᠡᠳᠪᠦᠷᠢᠯᠡᠬᠦ᠌ ᠴᠢᠳᠠᠪᠤᠷᠢ᠎ᠶ᠋ᠢᠨ ᠬᠠᠮᠲᠤᠷᠠᠯᠴᠠᠭᠠᠨᠤᠠᠵᠢᠯᠯᠠᠭᠠᠶ᠋ᠢ ᠥᠷᠨᠢᠭᠦᠯᠵᠦ᠍᠂ ᠬᠢᠯᠢ᠎ᠶ᠋ᠢᠨ ᠭᠠᠳᠠᠨ᠎ᠠ ᠪᠠᠯᠠ ᠣᠷᠣᠭᠤᠯᠤᠭ᠍ᠰᠠᠨ ᠠᠵᠤ ᠠᠬᠤᠢᠯᠠᠯ᠎ᠤᠨ ᠲᠥᠷᠥᠯ ᠵᠦᠶ᠋ᠯ᠎ᠢ ᠪᠦᠷᠢᠳᠭᠡᠨ ᠳᠠᠨᠭᠰᠠᠯᠠᠬᠤ ᠠᠵᠢᠯ᠎ᠢ ᠰᠠᠢᠲᠤᠷ ᠬᠢᠵᠦ᠍᠂ ᠮᠣᠩᠭᠣᠯ ᠤᠯᠤᠰ᠎ᠲᠤ ᠪᠠᠯᠠ ᠣᠷᠣᠭᠤᠯᠤᠭ᠍ᠰᠠᠨ 19 ᠲᠥᠷᠥᠯ ᠵᠦᠶ᠋ᠯ᠎ᠢ ᠪᠦᠷᠢᠳᠭᠡᠨ ᠳᠠᠩᠰᠠᠯᠠᠪᠠ᠃ ᠭᠠᠳᠠᠭᠠᠳᠤ ᠡᠴᠡ ᠣᠷᠣᠭᠤᠯᠤᠭ᠍ᠰᠠᠨ ᠲᠠᠷᠢᠶᠠᠯᠠᠩ᠎ᠤᠨ ᠪᠦᠲᠦᠭᠡᠭ᠌ᠳᠡᠬᠦᠨ᠎ᠦ ᠡᠬᠢ ᠪᠠᠶᠠᠯᠢᠭ᠎ᠢ ᠪᠣᠯᠪᠠᠰᠤᠷᠠᠭᠤᠯᠬᠤ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠵᠤ᠂ ᠮᠢᠬᠠᠨ᠎ᠤ ᠵᠦᠶ᠋ᠯ ᠪᠠ ᠠᠮᠤ ᠪᠤᠳᠠᠭ᠎ᠠ ᠲᠣᠰᠣ ᠪᠣᠯᠪᠠᠰᠤᠷᠠᠭᠤᠯᠬᠤ 3 ᠲᠥᠷᠥᠯ ᠵᠦᠶ᠋ᠯ᠎ᠢ ᠨᠢᠭᠡᠨᠲᠡ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ ᠨᠡᠢᠲᠡ 3.38 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠪᠠ᠃ ᠮᠠᠨ᠎ᠤ ᠣᠷᠣᠨ᠎ᠤ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠠᠳᠠᠭ᠍ᠰᠢ ᠤᠬᠠᠭᠤᠯᠤᠨ ᠲᠠᠨᠢᠯᠴᠠᠭᠤᠯᠬᠤ᠎ᠶ᠋ᠢ ᠴᠢᠩᠭᠠᠳᠭᠠᠪᠠ᠃ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠲᠤᠷᠱᠢᠯᠲᠠ᠎ᠶ᠋ᠢᠨ ᠣᠷᠣᠨ ᠪᠠ ᠶᠡᠷᠦᠩᠬᠡᠢᠯᠡᠭ᠌ᠰᠡᠨ ᠭᠠᠢᠯᠢ ᠦᠭᠡᠢ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ 1 — 8 ᠰᠠᠷ᠎ᠠ᠎ᠳᠤ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠵᠢᠵᠢᠭ᠌ᠯᠡᠨ ᠬᠤᠳᠠᠯᠳᠤᠬᠤ ᠭᠠᠳᠠᠭᠠᠳᠤ ᠡᠴᠡ ᠣᠷᠣᠭᠤᠯᠵᠤ ᠭᠠᠳᠠᠭᠠᠳᠤ᠎ᠳᠤ ᠭᠠᠷᠭᠠᠬᠤ ᠲᠤᠬᠠᠢᠯᠠᠭ᠍ᠰᠠᠨ ᠠᠵᠢᠯ᠎ᠢ ᠨᠡᠢᠲᠡ 89.9 ᠲᠦᠮᠡ ᠪᠡᠶᠡᠯᠡᠭᠦᠯᠵᠦ᠍᠂ ᠭᠠᠳᠠᠭᠠᠳᠤ ᠡᠴᠡ ᠣᠷᠣᠭᠤᠯᠵᠤ ᠭᠠᠳᠠᠭᠠᠳᠤ᠎ᠳᠤ ᠭᠠᠷᠭᠠᠬᠰᠠᠨ ᠬᠡᠮᠵᠢᠶ᠎ᠡ 1.03 ᠳ᠋ᠦᠩᠱᠢᠭᠤᠷ ᠲᠥᠭᠥᠷᠢᠭ ᠬᠦᠷᠪᠡ᠃ ᠮᠥᠩᠭᠥᠨ ᠭᠦᠶ᠋ᠯᠭᠡᠭᠡᠨ᠎ᠦ ᠬᠦᠷᠢᠶᠡᠨ᠎ᠤ ᠬᠠᠮᠲᠤᠷᠠᠯᠴᠠᠭ᠎ᠠ᠎ᠶ᠋ᠢᠨ ᠠᠵᠢᠯᠯᠠᠭ᠎ᠠ᠎ᠶ᠋ᠢ ᠥᠷᠨᠢᠭᠦᠯᠵᠦ᠍᠂ᠮᠥᠩᠭᠥᠨᠭᠦᠶ᠋ᠯᠭᠡᠭᠡᠨᠦ ᠪᠠᠢᠭᠤᠯᠤᠮᠵᠢ᠎ᠶ᠋ᠢᠨ ᠣᠷᠣᠰ ᠮᠣᠩᠭᠣᠯ᠎ᠯᠤᠭ᠎ᠠ ᠠᠵᠢᠯ ᠨᠢᠭᠡᠲᠡᠨ᠎ᠦ ᠲᠤᠬᠠᠢᠯᠠᠭ᠍ᠰᠠᠨ ᠠᠵᠢᠯ᠎ᠤᠨ ᠬᠠᠮᠲᠤᠷᠠᠯᠴᠠᠭ᠎ᠠ᠎ᠪᠠᠨ ᠴᠢᠩᠭᠠᠳᠭᠠᠬᠤ᠎ᠶ᠋ᠢ ᠠᠬᠢᠭᠤᠯᠪᠠ᠃ ᠰᠤᠶᠤᠯ ᠢᠷᠭᠡᠨᠰᠢᠯ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠥᠷᠨᠢᠭᠦᠯᠵᠦ᠍᠂ ᠣᠷᠣᠰ ᠮᠣᠩᠭᠣᠯ᠎ᠯᠤᠭ᠎ᠠ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠰᠣᠶᠣᠯ᠂ ᠪᠡᠶ᠎ᠡ᠎ᠶ᠋ᠢᠨ ᠲᠠᠮᠢᠷ᠂ ᠵᠢᠭᠤᠯᠴᠢᠯᠠᠯ᠂ ᠡᠷᠡᠭᠦᠯ ᠬᠠᠮᠠᠭᠠᠯᠠᠯ ᠵᠡᠷᠭᠡ ᠬᠦᠷᠢᠶᠡᠨ᠎ᠤ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠥᠷᠭᠡᠨ᠎ᠢᠶᠡᠷ ᠥᠷᠨᠢᠭᠦᠯᠪᠡ᠃
14᠂ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠪᠠ᠃ ᠨᠢᠭᠡ᠎ᠳᠦ᠂ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢ ᠰᠢᠢᠳᠪᠦᠷᠢᠯᠡᠬᠦ ᠠᠵᠢᠯ᠎ᠢ ᠡᠮᠬᠢ ᠵᠢᠷᠤᠮ᠎ᠲᠠᠶ ᠠᠬᠢᠭᠤᠯᠪᠠ᠃ ᠥᠷᠢ ᠥᠭ᠌ᠴᠡᠭᠡ᠎ᠶ᠋ᠢ ᠰᠢᠢᠳᠪᠦᠷᠢᠯᠡᠬᠦ ᠵᠢ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ᠎ᠶ᠋ᠢ ᠥᠷᠨᠢᠭᠦᠯᠵᠦ᠍᠂ ᠬᠤᠳᠠᠯ ᠬᠠᠭᠤᠷᠮᠠᠭ ᠥᠷᠢ ᠥᠭ᠌ᠴᠡᠭᠡ᠂ ᠲᠣᠭᠠᠴᠢᠯᠠᠯᠲᠠ᠎ᠶᠢᠨ ᠥᠷᠢ ᠥᠭ᠌ᠴᠡᠭᠡᠶ᠋ᠢᠴᠢᠩᠭᠠ ᠰᠡᠷᠭᠡᠢᠯᠡᠪᠡ᠃ᠬᠠᠤᠯᠢ᠎ᠪᠠᠷ ᠲᠣᠭ᠍ᠲᠠᠭᠠᠭ᠍ᠰᠠᠨ ᠥᠷᠢᠥᠭ᠌ᠴᠡᠭᠡᠶ᠋ᠢᠨᠬᠡᠪᠴᠢᠶᠡᠶ᠋ᠢᠪᠠᠭᠠᠰᠭᠠᠬᠤᠲᠣᠭ᠍ᠲᠠᠴᠠᠶ᠋ᠢᠴᠢᠩᠭᠠ ᠨᠠᠢᠳᠠᠪᠤᠷᠢᠵᠢᠭᠤᠯᠪᠠ᠃ ᠬᠣᠶᠠᠷ᠎ᠲᠤ᠂ ᠪᠠᠩᠬᠢ᠎ᠶ᠋ᠢᠨ ᠦᠢᠯᠡᠰ᠎ᠦᠨ ᠡᠷᠡᠭᠦᠯ ᠪᠤᠰᠤ ᠵᠢᠭᠡᠯᠡᠯᠭᠡ᠎ᠶ᠋ᠢᠨ ᠨᠣᠷᠮ᠎ᠠ᠎ᠶ᠋ᠢ ᠪᠠᠭᠤᠷᠠᠭᠤᠯᠪᠠ᠃ ᠠᠵᠢᠯ᠎ᠤᠨ ᠲᠥᠯᠥᠪᠵᠢᠭᠦᠯᠭᠡ ᠲᠣᠭ᠍ᠲᠠᠭᠠᠵᠤ᠂ ᠮᠥᠩᠭᠥᠨ ᠭᠦᠶ᠋ᠯᠭᠡᠭᠡᠨ᠎ᠦ ᠲᠦᠭ᠌ᠰᠢᠭᠦᠷᠢ᠎ᠶ᠋ᠢ ᠬᠢᠨᠠᠨ ᠬᠡᠮᠵᠢᠬᠦ᠎ᠶ᠋ᠢ ᠴᠢᠩᠭᠠᠳᠭᠠᠨ᠂ ᠱᠢᠶ᠋ᠳᠪᠦᠷᠢᠯᠡᠬᠦ᠌ ᠠᠬᠢᠴᠠ᠎ᠶ᠋ᠢᠨ ᠡᠬᠡ ᠲᠠᠩᠰᠠ᠎ᠶ᠋ᠢ ᠪᠠᠢᠭᠤᠯᠵᠤ᠂ ᠢᠲᠡᠭᠡᠮᠵᠢᠲᠦ ᠵᠢᠭᠡᠯᠡᠯᠭᠡ᠎ᠶ᠋ᠢᠨ ᠪᠥᠬᠥ᠌ ᠶᠠᠪᠤᠴᠠ᠎ᠶᠢᠨ ᠲᠤᠬᠠᠢᠯᠠᠭ᠍ᠰᠠᠨ ᠠᠵᠢᠯᠪᠠᠭᠤᠤᠯᠳᠠᠯᠭᠠᠲᠠᠶᠬᠦᠷᠢᠶᠡᠨᠤ ᠲᠦᠭ᠌ᠰᠢᠭᠦᠷᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠪᠠ᠃ ᠣᠷᠣᠨ ᠨᠤᠲᠤᠭ᠎ᠤᠨ ᠬᠠᠤᠯᠢ᠎ᠶ᠋ᠢᠨ ᠡᠷᠬᠡᠲᠡᠨ᠎ᠦ ᠪᠠᠩᠬᠢ᠎ᠶ᠋ᠢᠨ ᠺᠣᠮᠫᠠᠨᠢᠶᠢᠨᠵᠠᠰᠠᠯᠲᠠᠶᠢᠨ ᠪᠦᠲᠦᠴᠡ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠲᠦᠭ᠌ᠰᠢᠭᠦᠷᠢ᠎ᠶ᠋ᠢ ᠴᠠᠭᠲᠤᠬᠠᠶᠳᠤᠨᠢ ᠤᠷᠢᠳᠴᠢᠯᠠᠨ ᠰᠡᠷᠡᠮᠵᠢᠯᠡᠭᠦᠯᠵᠦ᠍ ᠢᠯᠭᠠᠨ ᠲᠣᠳᠣᠯᠠᠵᠤ ᠦᠨᠡᠯᠡᠨ ᠵᠢᠱ᠌ᠢᠬᠦ ᠵᠢ ᠵᠢᠭᠠᠨ ᠵᠢᠯᠤᠭᠤᠳᠪᠠ᠃
15᠂ ᠪᠣᠬᠢᠷᠲᠤᠯ᠎ᠢ ᠰᠡᠷᠭᠡᠢᠯᠡᠨ ᠵᠠᠰᠠᠬᠤ ᠪᠤᠭᠤᠮᠳᠠ ᠰᠢᠪᠳᠤᠯᠬᠤ ᠳᠠᠢᠯᠠᠯᠳᠤᠭᠠᠨ᠎ᠢ ᠰᠠᠢᠲᠤᠷ ᠬᠢᠪᠡ᠃ ᠨᠢᠭᠡ᠎ᠳᠦ᠂ ᠪᠣᠬᠢᠷᠲᠤᠯ᠎ᠢ ᠰᠡᠷᠭᠡᠢᠯᠡᠨ ᠵᠠᠰᠠᠬᠤ ᠡᠷᠴᠢᠮ᠎ᠢ ᠴᠢᠩᠭᠠᠷᠠᠭᠤᠯᠪᠠ᠃《ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠬᠤ ᠲᠥᠯᠥᠪᠵᠢᠭᠦᠯᠭᠡ》᠎ᠶ᠋ᠢ ᠨᠠᠢᠷᠠᠭᠤᠯᠤᠨ ᠵᠣᠬᠢᠶᠠᠵᠤ᠂《ᠭᠤᠷᠪᠠᠨ ᠱᠤᠭᠤᠮ ᠨᠢᠭᠡ ᠨᠠᠷᠢᠨ ᠳᠠᠨᠭᠰᠠ》᠎ᠶ᠋ᠢᠨ ᠠᠮᠢ ᠠᠬᠤᠶ ᠣᠷᠴᠢᠨ ᠲᠣᠭᠣᠷᠢᠨ᠎ᠢ ᠲᠣᠭᠣᠷᠢᠭ ᠬᠤᠪᠢᠶᠠᠨ ᠬᠠᠮᠢᠶᠠᠷᠤᠨ ᠡᠵᠡᠮᠳᠡᠬᠦ᠌᠎ᠶ᠋ᠢ ᠲᠦᠷᠭᠡᠳᠭᠡᠨ ᠬᠡᠷᠡᠭ᠌ᠵᠢᠭᠦᠯᠵᠦ᠍᠂ ᠪᠣᠬᠢᠷᠲᠤᠯ ᠭᠠᠳᠠᠭ᠍ᠰᠢᠯᠠᠭᠤᠯᠬᠤ ᠵᠥᠪᠱᠢᠶᠡᠷᠡᠯ᠎ᠦᠨ ᠬᠢᠨᠠᠯᠲᠠ ᠬᠠᠮᠢᠶᠠᠷᠤᠯᠲᠠ᠎ᠶ᠋ᠢᠨ ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠯᠡᠭᠡ᠎ᠶ᠋ᠢ ᠲᠣᠭ᠍ᠲᠠᠭᠠᠵᠤ᠂ 1935 ᠪᠣᠬᠢᠷᠲᠤᠯ ᠭᠠᠳᠠᠭ᠍ᠰᠢᠯᠠᠭᠤᠯᠬᠤ ᠨᠢᠭᠡᠴᠢ᠎ᠶ᠋ᠢᠨ ᠪᠣᠬᠢᠷᠲᠤᠯ ᠭᠠᠳᠠᠭ᠍ᠰᠢᠯᠠᠭᠤᠯᠬᠤ ᠵᠥᠪᠱᠢᠶᠡᠷᠡᠯ᠎ᠦᠨ ᠦᠨᠡᠮᠯᠡᠯ᠎ᠦᠨ ᠶᠠᠰᠤ ᠴᠢᠨᠠᠷ᠂ 5862 ᠪᠣᠬᠢᠷᠲᠤᠯ ᠭᠠᠳᠠᠭ᠍ᠰᠢᠯᠠᠭᠤᠯᠬᠤ ᠨᠢᠭᠡᠴᠢ᠎ᠶ᠋ᠢᠨ ᠬᠡᠷᠡᠭ᠌ᠵᠢᠭᠦᠯᠦᠭ᠌ᠰᠡᠨ ᠮᠡᠳᠡᠭᠦᠯᠦᠯᠲᠡ᠎ᠶ᠋ᠢᠨ ᠲᠤᠱᠢᠶᠠᠭ᠍ᠰᠠᠨ ᠨᠣᠷᠮ᠎ᠠ᠎ᠶ᠋ᠢ ᠪᠠᠢᠴᠠᠭᠠᠬᠤ ᠠᠵᠢᠯ᠎ᠢ ᠥᠷᠨᠢᠭᠦᠯᠪᠡ᠃ ᠴᠠᠬᠢᠯᠭᠠᠨ᠎ᠤ ᠪᠤᠰᠤ ᠠᠵᠢᠯ ᠲᠥᠷᠥᠯ᠎ᠦᠨ ᠬᠡᠲᠦ ᠳᠤᠤᠷ᠎ᠠ ᠭᠠᠳᠠᠭ᠍ᠰᠢᠯᠠᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠬᠡᠷᠡᠭ᠌ᠵᠢᠭᠦᠯᠵᠦ᠍᠂ ᠪᠥᠬᠥ᠌ ᠣᠷᠣᠨ ᠤ 10 ᠪᠣᠯᠣᠳ ᠲᠡᠮᠦᠷ ᠤᠨ ᠠᠵᠤ ᠠᠬᠤᠢᠯᠠᠯ ᠤᠨ ᠬᠡᠲᠦ ᠳᠤᠤᠷ᠎ᠠ ᠭᠠᠳᠠᠭ᠍ᠰᠢᠯᠠᠭᠤᠯᠤᠯᠲᠠ᠎ᠶ᠋ᠢᠨ ᠥᠭᠡᠷᠡᠴᠢᠯᠡᠯᠲᠡ ᠬᠢᠬᠦ᠌᠎ᠶ᠋ᠢ ᠠᠬᠢᠭᠤᠯᠵᠤ᠂ ᠠᠵᠤ ᠦᠶ᠋ᠯᠡᠳᠪᠦᠷᠢ᠎ᠶ᠋ᠢᠨ ᠵᠤᠤᠬ᠎ᠠ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ᠎ᠶ᠋ᠢ ᠠᠬᠢᠭᠤᠯᠵᠤ᠂ ᠨᠢᠭᠡᠨᠲᠡ 38 ᠶ᠋ᠢ ᠴᠡᠭ᠌ᠴᠡᠯᠡᠨ ᠵᠠᠰᠠᠪᠠ᠃ 12 ᠠᠢᠮᠠᠭ ᠬᠣᠲᠠ ᠬᠦᠨᠳᠦ ᠪᠣᠬᠢᠷᠲᠤᠯ᠎ᠲᠠᠶ ᠴᠠᠭ ᠠᠭᠤᠷ᠎ᠤᠨ ᠪᠠᠴᠢᠮ ᠪᠠᠢᠳᠠᠯ᠎ᠢ ᠠᠷᠭᠠᠴᠠᠭᠠᠵᠤ ᠪᠣᠬᠢᠷᠲᠤᠯ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ ᠨᠠᠷᠢᠨ ᠳᠠᠨᠭᠰᠠ ᠪᠠ《ᠨᠢᠭᠡ ᠦᠶ᠋ᠯᠡᠳᠪᠦᠷᠢ᠎ᠳᠦ ᠨᠢᠭᠡ ᠠᠷᠭ᠎ᠠ ᠬᠡᠮᠵᠢᠶ᠎ᠡ ᠠᠪᠬᠤ》 ᠪᠠᠴᠢᠮ ᠪᠠᠢᠳᠠᠯ᠎ᠢ ᠠᠷᠭᠠᠴᠠᠭᠠᠵᠤ ᠪᠣᠬᠢᠷᠲᠤᠯ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ ᠠᠷᠭ᠎ᠠ ᠬᠡᠮᠵᠢᠶ᠎ᠡ᠎ᠶ᠋ᠢ ᠱᠢᠨᠡᠳᠭᠡᠬᠦ᠌ ᠠᠵᠢᠯ᠎ᠢ ᠪᠡᠶᠡᠯᠡᠭᠦᠯᠪᠡ᠃ 1 — 8 ᠰᠠᠷ᠎ᠠ᠎ᠳᠤ᠂ ᠪᠥᠬᠥ᠌ ᠣᠷᠣᠨ᠎ᠤ ᠱᠢᠯᠢᠳᠡᠭ ᠰᠠᠢᠨ ᠡᠳᠦᠷ᠎ᠦᠨ ᠲᠣᠭ᠎ᠠ᠎ᠶ᠋ᠢᠨ ᠬᠠᠷᠢᠴᠠᠯ 85.9% ᠬᠦᠷᠴᠦ᠂ PM2.5 ᠶ᠋ᠢᠨ ᠳᠤᠮᠳᠠᠴᠢ ᠥᠳᠭᠡᠴᠡ᠎ᠨᠢ 23 ᠮᠢᠺᠷᠥᠭ᠌ᠷᠠᠮ / ᠪᠣᠰᠣᠭ᠎ᠠ ᠳᠥᠷᠪᠡᠯᠵᠢᠨ ᠮᠧᠲ᠋ᠷ᠎ᠲᠦ ᠬᠦᠷᠴᠦ᠍᠂ ᠨᠢᠳᠦᠨᠦᠨ᠎ᠤ ᠠᠳᠠᠯᠢ ᠬᠤᠭᠤᠴᠠᠭᠠᠨ᠎ᠤ᠎ᠬᠢ᠎ᠡᠴᠡ 20.7% ᠪᠠᠷ ᠪᠠᠭᠤᠷᠠᠪᠠ᠃ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂《ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠰᠠᠪᠠ ᠭᠠᠵᠠᠷ᠎ᠤᠨ ᠤᠰᠤᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠲᠥᠯᠥᠪᠵᠢᠭᠦᠯᠭᠡ》᠎ᠶ᠋ᠢ ᠨᠠᠢᠷᠠᠭᠤᠯᠤᠨ ᠵᠣᠬᠢᠶᠠᠵᠤ᠂ ᠬᠣᠲᠠ ᠪᠠᠯᠭᠠᠰᠤ᠎ᠶ᠋ᠢᠨ ᠪᠣᠬᠢᠷ ᠤᠰᠤ᠎ᠶ᠋ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ᠎ᠶ᠋ᠢ ᠲᠦᠷᠭᠡᠳᠭᠡᠨ ᠠᠬᠢᠭᠤᠯᠵᠤ᠂ 1 — 8 ᠰᠠᠷ᠎ᠠ᠎ᠳᠤ ᠪᠥᠬᠥ᠌ ᠣᠷᠣᠨ᠎ᠳᠤ ᠬᠣᠲᠠ ᠪᠠᠯᠭᠠᠰᠤ᠎ᠶ᠋ᠢᠨ ᠪᠣᠬᠢᠷ ᠤᠰᠤᠨ᠎ᠤ ᠬᠣᠭᠣᠯᠠᠶ᠎ᠶ᠋ᠢᠨ ᠲᠤᠤᠷ᠎ᠢ 139 ᠺᠢᠯᠣᠮᠧᠲ᠋ᠷ ᠱᠢᠨ᠎ᠡ᠎ᠪᠡᠷ ᠪᠠᠢᠭᠤᠯᠬᠤ ᠪᠠ ᠥᠭᠡᠷᠡᠴᠢᠯᠡᠨ ᠵᠠᠰᠠᠵᠤ᠂ ᠳᠠᠬᠢᠯᠲᠠ ᠤᠰᠤᠨ᠎ᠤ ᠠᠱᠢᠭ᠍ᠯᠠᠯᠲᠠ᠎ᠶ᠋ᠢᠨ ᠨᠣᠷᠮ᠎ᠠ 46%᠎ᠳᠤ ᠬᠦᠷᠪᠡ᠃ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠪᠣᠬᠢᠷ ᠤᠰᠤ᠎ᠶ᠋ᠢ ᠬᠣᠷᠢᠶᠠᠨ ᠴᠤᠭ᠍ᠯᠠᠭᠤᠯᠵᠤ ᠱᠢᠶ᠋ᠳᠪᠦᠷᠢᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠠᠰ ᠡᠴᠡ ᠳᠡᠭᠡᠭ᠌ᠰᠢᠬᠢ 64 ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ ᠪᠣᠬᠢᠷ ᠤᠰᠤ᠎ᠶ᠋ᠢ ᠲᠥᠪᠯᠡᠷᠡᠭᠦᠯᠦᠨ ᠱᠢᠶ᠋ᠳᠪᠦᠷᠢᠯᠡᠬᠦ᠌᠎ᠶ᠋ᠢ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠠᠰ ᠡᠴᠡ ᠳᠣᠷᠣᠭ᠍ᠰᠢᠬᠢ 48 ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ ᠪᠣᠬᠢᠷ ᠤᠰᠤ᠎ᠶ᠋ᠢ ᠲᠥᠪᠯᠡᠷᠡᠭᠦᠯᠦᠨ ᠱᠢᠶ᠋ᠳᠪᠦᠷᠢᠯᠡᠬᠦ᠌᠎ᠶ᠋ᠢ ᠪᠡᠶᠡᠯᠡᠭᠦᠯᠪᠡ᠃ ᠤᠤᠭᠤᠬᠤ ᠤᠰᠤᠨ᠎ᠤ ᠡᠬᠢ ᠰᠤᠷᠪᠤᠯᠵᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ 8 ᠰᠠᠷ᠎ᠠ᠎ᠳᠤ ᠪᠥᠬᠥ᠌ ᠣᠷᠣᠨ᠎ᠤ ᠬᠡᠷᠡᠭ᠌ᠯᠡᠵᠦ᠍ ᠪᠠᠢᠭ᠎ᠠ 45 ᠭᠠᠵᠠᠷ᠎ᠤᠨ ᠬᠣᠲᠠ᠎ᠶ᠋ᠢᠨ ᠲᠠᠰ᠎ᠤᠨ ᠤᠰᠤᠨ᠎ᠤ ᠡᠬᠢ ᠰᠤᠷᠪᠤᠯᠵᠢ᠎ᠶ᠋ᠢᠨ ᠭᠠᠵᠠᠷ᠎ᠤᠨ ᠤᠰᠤᠨ᠎ᠤ ᠴᠢᠨᠠᠷ᠎ᠤᠨ ᠱᠢᠯᠢᠳᠡᠭ ᠰᠠᠢᠨ ᠪᠠᠢᠬᠤ ᠨᠣᠷᠮ᠎ᠠ 82.22%ᠬᠦᠷᠪᠡ᠃ ᠬᠥᠷᠥᠰᠥ᠍ ᠱᠢᠷᠣᠶ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠴᠢᠩᠭᠠᠳᠭᠠᠵᠤ᠂ ᠺᠠᠳ᠋ᠮᠢ ᠵᠡᠷᠭᠡ ᠬᠦᠨᠳᠦ ᠲᠡᠮᠦᠷᠯᠢᠭ᠎ᠦᠨ ᠭᠤᠤᠯᠳᠠᠯᠭ᠎ᠠ᠎ᠲᠠᠶ ᠠᠵᠢᠯ ᠲᠥᠷᠥᠯ᠎ᠦᠨ ᠠᠵᠤ ᠠᠬᠤᠢᠯᠠᠯ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠥᠷᠨᠢᠭᠦᠯᠵᠦ᠍᠂ 139 ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠪᠣᠬᠢᠷᠲᠤᠭ᠍ᠰᠠᠨ ᠭᠠᠵᠠᠷ᠎ᠢ ᠤᠷᠢᠳ ᠵᠢᠨᠷ ᠬᠠᠮᠢᠶᠠᠷᠤᠨ ᠡᠵᠡᠮᠳᠡᠬᠦ᠌ ᠵᠢᠬᠰᠠᠭᠠᠯᠲᠠ᠎ᠳᠤ ᠣᠷᠣᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠶᠤᠯᠲᠠᠶ ᠬᠠᠶᠠᠭ᠍ᠳᠠᠮᠠᠯ ᠪᠣᠳᠠᠰ᠎ᠢ ᠠᠱᠢᠭ᠍ᠯᠠᠨ ᠱᠢᠶ᠋ᠳᠪᠦᠷᠢᠯᠡᠬᠦ᠌ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠣᠭ᠍ᠲᠠᠭᠠᠵᠤ᠂ ᠬᠠᠲᠤᠨ ᠭᠤᠤᠯ ᠳᠠᠭᠠᠤ᠎ᠶ᠋ᠢᠨ 7 ᠠᠢᠮᠠᠭ ᠬᠣᠲᠠ᠎ᠳᠤ ᠠᠶᠤᠯᠲᠠᠶ ᠬᠠᠶᠠᠭ᠍ᠳᠠᠮᠠᠯ ᠪᠣᠳᠠᠰᠬᠠᠲᠠᠭᠤᠪᠡᠶᠡᠲᠦ ᠬᠠᠶᠠᠬᠳᠠᠮᠠᠯ ᠪᠤᠳᠠᠰ᠎ᠢ ᠴᠡᠭ᠌ᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠬᠣᠶᠠᠷ᠎ᠲᠤ᠂ ᠬᠤᠲᠠ᠎ᠶᠢᠨ ᠬᠣᠭ ᠨᠣᠪᠰᠢ ᠵᠢ ᠭᠣᠣᠯᠳᠠᠯᠭ᠎ᠠ ᠲᠠᠢ ᠵᠠᠰᠠᠪᠠ᠃ ᠪᠥᠬᠥ᠌ ᠣᠷᠣᠨ᠎ᠤ 12 ᠠᠢᠮᠠᠭ ᠬᠣᠲᠠ ᠬᠣᠲᠠ᠎ᠶ᠋ᠢᠨ ᠲᠣᠭᠣᠷᠢᠭ ᠵᠢᠴᠢ ᠡᠷᠬᠢᠨ ᠲᠣᠭᠣᠷᠢᠨ᠎ᠤ ᠬᠡᠪᠴᠢᠶᠡᠨ᠎ᠳᠦ ᠨᠡᠢᠳᠡᠮ ᠪᠠᠢᠴᠠᠭᠠᠯᠲᠠ ᠬᠢᠵᠦ᠍᠂ ᠬᠣᠭ ᠨᠣᠪᠰᠢ᠎ᠶ᠋ᠢ ᠨᠡᠢᠲᠡ 29.3 ᠲᠦᠮᠡᠨ ᠲᠣᠨ ᠴᠡᠪᠡᠷᠯᠡᠪᠡ᠃ ᠬᠣᠲᠠ ᠪᠠᠯᠭᠠᠰᠤᠨ᠎ᠤ ᠣᠷᠴᠢᠨ ᠲᠣᠭᠣᠷᠢᠨ᠎ᠤ ᠠᠷᠢᠭᠤᠨ ᠴᠡᠪᠡᠷ᠎ᠢ ᠴᠡᠭ᠌ᠴᠡᠯᠡᠨ ᠵᠠᠰᠠᠬᠤ ᠲᠤᠰᠬᠠᠢ ᠠᠵᠢᠯᠯᠠᠭ᠎ᠠ᠎ᠶ᠋ᠢ ᠥᠷᠨᠢᠭᠦᠯᠵᠦ᠍᠂ ᠬᠣᠭ ᠨᠣᠪᠰᠢ᠎ᠶ᠋ᠢ ᠬᠤᠷᠢᠶᠠᠨ ᠲᠡᠭᠡᠭᠡᠪᠦᠷᠢᠯᠡᠵᠦ᠍ ᠱᠢᠶ᠋ᠳᠪᠦᠷᠢᠯᠡᠬᠦ᠌ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠬᠣᠭᠣᠯᠠᠨ ᠭᠡᠷ ᠲᠣᠭᠣᠭᠠᠨ ᠭᠡᠷ᠎ᠦᠨ ᠬᠣᠭ ᠨᠣᠪᠰᠢ ᠱᠢᠶ᠋ᠳᠪᠦᠷᠢᠯᠡᠬᠦ᠌ ᠲᠦᠬᠦᠭᠡᠷᠦᠮᠵᠢ᠎ᠶ᠋ᠢ 20 ᠪᠠᠢᠭᠤᠯᠤᠨ ᠳᠠᠭᠤᠰᠬᠠᠵᠤ᠂ 3 ᠵᠢ ᠤᠳᠤᠬᠠᠨ᠎ᠳᠤ ᠶᠠᠭ ᠪᠠᠢᠭᠤᠯᠤᠨ ᠪᠠᠢᠵᠤ᠂ ᠬᠣᠲᠠ ᠪᠠᠯᠭᠠᠰᠤᠨ᠎ᠤ ᠠᠮᠢᠳᠤᠷᠠᠯ᠎ᠤᠨ ᠬᠣᠭ ᠨᠣᠪᠰᠢ᠎ᠶ᠋ᠢ ᠬᠤᠤᠷ ᠥᠬᠡᠢᠳᠡᠭᠦᠯᠦᠨ ᠱᠢᠶ᠋ᠳᠪᠦᠷᠢᠯᠡᠬᠦ᠌ ᠴᠢᠳᠠᠪᠤᠷᠢ 19748 ᠲᠣᠨ / ᠡᠳᠦᠷ᠎ᠲᠤ ᠬᠦᠷᠴᠦ᠂ ᠬᠤᠤᠷ ᠥᠬᠡᠢᠳᠡᠭᠦᠯᠦᠨ ᠱᠢᠶ᠋ᠳᠪᠦᠷᠢᠯᠡᠬᠦ᠌ ᠨᠣᠷᠮ᠎ᠠ 99.05%᠎ᠳᠤ ᠬᠦᠷᠪᠡ᠃ ᠭᠤᠷᠪᠠ᠎ᠳᠤ᠂ ᠬᠦᠨᠳᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠤᠳᠠ᠎ᠶ᠋ᠢ ᠪᠦᠰᠡᠯᠡᠬᠦ ᠵᠢ ᠢᠳᠡᠪᠬᠢᠲᠡᠢ ᠴᠡᠭ᠌ᠴᠡᠯᠡᠨ ᠵᠠᠰᠠᠪᠠ᠃《ᠡᠨᠧᠷᠭᠢ᠎ᠶ᠋ᠢᠨ ᠬᠣᠷᠣᠭ᠍ᠳᠠᠭᠤᠯᠤᠯ ᠶᠡᠬᠡᠲᠡᠢ ᠭᠠᠳᠠᠭ᠍ᠰᠢᠯᠠᠭᠤᠯᠤᠯᠲᠠ ᠶᠡᠬᠡᠲᠡᠢ ᠲᠦᠷᠦᠯ ᠵᠦᠢᠯ ᠤᠷᠤᠭᠤᠯᠬᠤ ᠵᠥᠪᠱᠢᠶᠡᠷᠡᠯ᠎ᠦᠨ ᠬᠠᠮᠢᠶᠠᠷᠤᠯᠲᠠ᠎ᠶ᠋ᠢ ᠴᠢᠩᠭᠠᠳᠭᠠᠬᠤ ᠲᠤᠬᠠᠢ ᠰᠠᠨᠠᠯ》 ᠢ᠋ ᠳᠠᠷᠤᠮᠠᠯᠯᠠᠨ ᠲᠠᠷᠬᠠᠭᠠᠵᠤ᠂ ᠱᠢᠨ᠎ᠡ᠎ᠪᠡᠷ ᠨᠡᠮᠡᠭ᠌ᠳᠡᠬᠦ᠌ 《ᠡᠨᠧᠷᠭᠢ᠎ᠶ᠋ᠢᠨ ᠬᠣᠷᠣᠭ᠍ᠳᠠᠭᠤᠯᠤᠯ ᠶᠡᠬᠡᠲᠡᠢ ᠭᠠᠳᠠᠭ᠍ᠰᠢᠯᠠᠭᠤᠯᠤᠯᠲᠠ ᠶᠡᠬᠡᠲᠡᠢ》 ᠲᠦᠷᠦᠯ ᠵᠦᠢᠯᠤᠷᠤᠭᠤᠯᠬᠤ ᠵᠥᠪᠱᠢᠶᠡᠷᠡᠯ᠎ᠢ ᠴᠢᠩᠭ᠎ᠠ ᠡᠵᠡᠮᠳᠡᠬᠦ ᠪᠣᠳᠠᠲᠠᠢ ᠠᠷᠭ᠎ᠠ ᠬᠡᠮᠵᠢᠡᠶ᠋ᠢ ᠲᠣᠳᠣᠷᠬᠠᠢ ᠲᠣᠭ᠍ᠲᠠᠭᠠᠪᠠ᠃ ᠡᠨᠧᠷᠭᠢ᠎ᠶ᠋ᠢᠨ ᠬᠣᠷᠣᠭ᠍ᠳᠠᠭᠤᠯᠤᠯ ᠶᠡᠬᠡᠲᠡᠢ ᠪᠣᠬᠢᠷᠲᠤᠭᠤᠯᠤᠯ ᠶᠡᠬᠡᠲᠡᠢ ᠲᠦᠷᠦᠯ ᠵᠦᠢᠯ᠎ᠦᠨ ᠪᠠᠢᠷᠢᠱᠢᠯ᠎ᠢ ᠴᠢᠩᠭ᠎ᠠ ᠵᠢᠷᠤᠮᠵᠢᠭᠤᠯᠵᠤ᠂ ᠱᠢᠨ᠎ᠡ᠎ᠪᠡᠷ ᠪᠠᠢᠭᠤᠯᠬᠤ ᠬᠦᠨᠳᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠲᠦᠷᠦᠯ ᠵᠦᠢᠯ᠎ᠢ ᠡᠷᠬᠡᠪᠰᠢ ᠬᠦᠷᠢᠶᠡᠯᠡᠩ ᠲᠤᠭᠤᠷᠢᠭ ᠲᠦ᠍ ᠣᠷᠣᠭᠤᠯᠬᠤ ᠬᠡᠷᠡᠭ᠌ᠲᠡᠢ ᠭᠡᠵᠦ᠍ ᠲᠣᠳᠣᠷᠬᠠᠢ ᠲᠣᠭ᠍ᠲᠠᠭᠠᠨ᠂ ᠬᠦᠷᠢᠶᠡᠯᠡᠩ ᠲᠣᠭᠣᠷᠢᠭ᠎ᠤᠨ ᠭᠠᠳᠠᠨ᠎ᠠ ᠪᠠᠢᠷᠢᠯᠠᠭᠤᠯᠤᠭ᠍ᠰᠠᠨ ᠤᠳᠤ ᠪᠠᠢᠭ᠎ᠠ ᠬᠦᠨᠳᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠨ ᠦᠢᠯᠡᠳᠪᠦᠷᠢᠯᠡᠬᠦ᠌ ᠴᠢᠳᠠᠪᠤᠷᠢ᠎ᠶ᠋ᠢ ᠱᠢᠨ᠎ᠡ᠎ᠪᠡᠷ ᠨᠡᠮᠡᠭ᠌ᠳᠡᠭᠦᠯᠬᠦ᠌ ᠲᠦᠷᠦᠯ ᠵᠦᠢᠯ᠎ᠢ ᠤᠤᠯ ᠭᠠᠵᠠᠷ᠎ᠲᠤᠨᠢ ᠬᠢᠨᠠᠨ ᠵᠥᠪᠱᠢᠶᠡᠷᠡᠬᠦ᠌᠎ᠶ᠋ᠢ ᠴᠢᠩᠭ᠎ᠠ ᠴᠠᠭᠠᠵᠠᠯᠠᠪᠠ᠃ ᠪᠤᠭᠤᠲᠤ ᠬᠣᠲᠠ᠂ ᠦᠬᠠᠶ ᠬᠤᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ ᠢ᠋ ᠬᠦᠨᠳᠤ ᠬᠢᠮᠢ ᠵᠢᠨ ᠠᠵᠦ ᠦᠢᠯᠡᠳᠪᠦᠷᠢ ᠪᠦᠰᠡᠯᠡᠵᠦ᠍ ᠪᠠᠢᠭ᠎ᠠ ᠠᠰᠠᠭᠤᠳᠠᠯ᠎ᠢ ᠭᠣᠣᠯᠳᠠᠯᠭ᠎ᠠ᠎ᠲᠠᠶ ᠴᠡᠭ᠌ᠴᠡᠯᠡᠨ ᠵᠠᠰᠠᠵᠤ᠂ ᠪᠤᠭᠤᠲᠤ ᠬᠣᠲᠠ《ᠬᠣᠲᠠ ᠲᠤᠳᠤᠷ᠎ᠠ ᠪᠠᠢᠭᠤᠯᠤᠭᠰᠠᠨ ᠪᠣᠯᠣᠳ ᠲᠡᠮᠦᠷ᠂ ᠬᠢᠮᠢ᠎ᠶ᠋ᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ ᠵᠡᠷᠭᠡ ᠪᠣᠬᠢᠷᠲᠤᠯ᠎ᠲᠠᠶ ᠠᠵᠤ ᠠᠬᠤᠢᠯᠠᠯ ᠪᠣᠯᠤᠨ ᠦᠢᠯᠡᠳᠪᠦᠷᠢᠯᠡᠬᠦ ᠲᠠᠰᠤᠭ᠎ᠢ ᠨᠡᠭᠦᠯᠭᠡᠵᠦ ᠦᠭᠡᠷᠡᠴᠢᠯᠡᠨ ᠪᠠᠢᠭᠤᠯᠬᠤ᠎ᠶ᠋ᠢ ᠬᠡᠷᠡᠭ᠌ᠵᠢᠭᠦᠯᠬᠦ᠌ ᠲᠥᠰᠦᠯ》᠎ᠢ᠋ ᠲᠣᠭ᠍ᠲᠠᠭᠠᠵᠤ᠂ ᠠᠭᠤᠯᠠ᠎ᠶ᠋ᠢᠨ ᠡᠮᠦᠨᠡᠲᠦ ᠬᠡᠰᠡᠭ᠎ᠲᠦ《ᠡᠨᠧᠷᠭᠢ᠎ᠶ᠋ᠢᠨ ᠬᠣᠷᠣᠭ᠍ᠳᠠᠭᠤᠯᠤᠯ ᠶᠡᠬᠡᠲᠡᠢ ᠭᠠᠳᠠᠭ᠍ᠰᠢᠯᠠᠭᠤᠯᠤᠯᠲᠠ ᠶᠡᠬᠡᠲᠡᠢ》 ᠲᠥᠷᠥᠯ ᠵᠦᠢᠯ᠎ᠢ ᠳᠠᠬᠢᠵᠤ ᠱᠢᠨ᠎ᠡ᠎ᠪᠡᠷ ᠪᠠᠢᠭᠤᠯᠬᠤ ᠦᠭᠡᠶ ᠭᠡᠵᠦ᠍ ᠲᠣᠳᠣᠷᠬᠠᠢᠯᠠᠪᠠ; ᠦᠬᠠᠶ ᠬᠣᠲᠠ᠎ᠶ᠋ᠢᠨ《ᠬᠦᠨᠳᠦ ᠬᠢᠮᠢ᠎ᠶ᠋ᠢᠨ ᠠᠵᠤ ᠦᠢᠯᠡᠳᠪᠦᠷ ᠬᠣᠲᠠ᠎ᠶ᠋ᠢ ᠪᠦᠰᠡᠯᠡᠭᠰᠡᠨ》 ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ 《ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠠᠵᠤ ᠦᠶ᠋ᠯᠡᠰ᠎ᠦᠨ ᠬᠦᠭᠵᠢᠭᠦᠯᠦᠯᠳᠡ᠎ᠶ᠋ᠢᠨ ᠲᠥᠯᠥᠪᠵᠢᠭᠦᠯᠭᠡ》 ᠳ᠋ᠤ ᠣᠷᠣᠭᠤᠯᠵᠤ᠂ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠪᠥᠬᠥ᠌ ᠲᠠᠯ᠎ᠠ᠎ᠪᠠᠷ ᠠᠬᠢᠭᠤᠯᠪᠠ᠃
16᠂ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠱᠢᠪᠲᠤᠯᠤᠯᠲᠠ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠦᠨᠭᠦᠨᠵᠡᠭᠡᠢᠷᠡᠭᠦᠯᠪᠡ᠃ ᠨᠢᠭᠡ ᠳᠦ᠂ ᠵᠢᠭ᠍ᠰᠠᠭᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠎ᠶ᠋ᠢ ᠢᠳᠡᠪᠬᠢᠲᠡᠶ ᠠᠬᠢᠭᠤᠯᠪᠠ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠪᠠᠲᠤᠯᠠᠭ᠎ᠠ᠎ᠶ᠋ᠢᠨ ᠲᠠᠯ᠎ᠠ᠎ᠪᠠᠷ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠰᠤᠷᠭᠠᠭᠤᠯᠢ᠎ᠶ᠋ᠢᠨ ᠪᠠᠭ᠍ᠰᠢ᠎ᠶ᠋ᠢᠨ ᠣᠨᠴᠠᠭᠠᠶ ᠠᠵᠢᠯ᠎ᠤᠨ ᠪᠠᠢᠷᠢ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ 1171 ᠨᠡᠷᠡᠰ ᠣᠨᠴᠠᠭᠠᠶ ᠠᠵᠢᠯ᠎ᠤᠨ ᠪᠠᠢᠷᠢ᠎ᠶ᠋ᠢᠨ ᠪᠠᠭ᠍ᠰᠢ ᠡᠯᠰᠡᠪᠡ;ᠥᠪᠡᠷᠲᠡᠭᠡᠨ ᠵᠠᠰᠠᠬᠤ ᠣᠷᠣᠨ᠎ᠤ ᠠᠯᠪᠠᠨ᠎ᠤ ᠵᠠᠷᠤᠳᠠᠯ᠎ᠤᠨ ᠬᠠᠨᠳᠤᠯᠭᠠᠲᠠᠶᠪᠠᠷ ᠪᠠᠭ᠍ᠰᠢ ᠬᠥᠮᠦᠵᠢᠭᠦᠯᠬᠦ᠌ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠠᠯᠪᠠᠨ᠎ᠤ ᠵᠠᠷᠤᠳᠠᠯ᠎ᠦᠨ ᠪᠠᠭ᠍ᠰᠢ᠎ᠶ᠋ᠢᠨ ᠮᠡᠷᠭᠡᠵᠢᠯ᠎ᠦᠨ 723 ᠰᠣᠷᠣᠭ᠍ᠴᠢ᠎ᠶ᠋ᠢ ᠡᠯᠰᠡᠪᠡ; ᠱᠢᠶᠠᠨ᠎ᠤ ᠬᠡᠪᠴᠢᠶᠡᠨ᠎ᠳᠡᠬᠢ ᠬᠣᠲᠠ ᠬᠥᠳᠡᠭᠡ᠎ᠶ᠋ᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠰᠤᠷᠭᠠᠭᠤᠯᠢ᠎ᠶ᠋ᠢᠨ ᠪᠠᠭ᠍ᠰᠢ ᠵᠠᠬᠢᠷᠤᠯ᠎ᠤᠨ ᠠᠵᠢᠯ᠎ᠤᠨ ᠪᠠᠢᠷᠢ ᠰᠣᠯᠢᠯᠴᠠᠬᠤ᠎ᠶ᠋ᠢ ᠪᠠᠢᠩᠭᠤᠵᠢᠭᠤᠯᠬᠤ ᠲᠣᠭ᠍ᠲᠠᠴᠠ᠎ᠶ᠋ᠢ ᠪᠠᠢᠭᠤᠯᠵᠤ᠂ 2021 ᠣᠨ᠎ᠤ ᠬᠠᠪᠤᠷ᠎ᠤᠨ ᠤᠯᠠᠷᠢᠯ᠎ᠤᠨ ᠪᠥᠬᠥ᠌ ᠣᠷᠣᠨ᠎ᠤ ᠪᠠᠭ᠍ᠰᠢ ᠵᠠᠬᠢᠷᠤᠯ᠎ᠤᠨ ᠰᠣᠯᠢᠯᠴᠠᠭᠠᠨ᠎ᠳᠦ 4522 ᠬᠦᠮᠦᠨ ᠤᠷᠤᠯᠴᠠᠪᠠ᠃ ᠰᠤᠷᠭᠠᠨ ᠬᠥᠮᠦᠵᠢᠯ᠎ᠦᠨ ᠲᠤᠰᠭᠠᠶ ᠵᠠᠷᠤᠳᠠᠯ᠎ᠤᠨ ᠪᠠᠯᠠ ᠮᠥᠩᠭᠥ᠎ᠶ᠋ᠢ ᠶᠠᠳᠠᠭᠤ᠎ᠠᠴᠠ ᠠᠩᠭᠢᠵᠢᠷᠠᠭᠤᠯᠤᠭᠰᠠᠨ ᠭᠠᠵᠠᠷ ᠣᠷᠣᠨ᠎ᠳᠤ ᠤᠷᠢᠳ ᠵᠢᠡᠷ ᠲᠣᠬᠢᠷᠠᠭᠤᠯᠬᠤ᠎ᠶ᠋ᠢ ᠪᠠᠷᠢᠮᠲᠠᠯᠠᠵᠤ᠂ 2021 ᠣᠨ᠎ᠳᠤ ᠲᠥᠪ᠂ ᠥᠪᠡᠷᠲᠡᠭᠡᠨ ᠵᠠᠰᠠᠬᠤ ᠣᠷᠣᠨ ᠡᠴᠡ 32.77 ᠳ᠋ᠦᠩᠱᠢᠭᠤᠷ ᠲᠥᠭᠥᠷᠢᠭ᠎ᠤᠨ ᠲᠤᠰᠭᠠᠶ ᠪᠠᠯᠠ ᠮᠥᠩᠭᠥ᠌ ᠪᠠᠭᠤᠯᠭᠠᠵᠤ᠂ ᠡᠭᠦᠨ᠎ᠳᠦ ᠶᠠᠳᠠᠭᠤ ᠡᠴᠡ ᠠᠩᠭᠢᠵᠢᠷᠠᠭᠤᠯᠤᠭᠰᠠᠨ ᠭᠠᠵᠠᠷ ᠣᠷᠣᠨ᠎ᠳᠦ 7.54 ᠳ᠋ᠦᠩᠱᠢᠭᠤᠷ ᠲᠥᠭᠥᠷᠢᠭᠪᠠᠭᠤᠯᠭᠠᠨ᠂ ᠪᠦᠬᠦ ᠪᠡᠯᠡ ᠮᠦᠨᠭᠭᠦ ᠵᠢᠨ 23% ᠶ᠋ᠢ ᠡᠵᠡᠯᠡᠪᠡ᠃ ᠦᠨᠳᠦᠰᠦᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠠᠯ᠎ᠠ᠎ᠪᠠᠷ᠂《ᠥᠪᠡᠷᠲᠡᠭᠡᠨ ᠵᠠᠰᠠᠬᠤ ᠣᠷᠣᠨ᠎ᠤ ᠡᠷᠡᠭᠦᠯ ᠮᠡᠨᠳᠦ᠍᠎ᠪᠡᠷ ᠶᠠᠳᠠᠭᠤ᠎ᠶ᠋ᠢ ᠲᠡᠳᠬᠦᠬᠰᠡᠨ ᠦᠷ᠎ᠡ ᠪᠦᠲᠦᠭᠡᠯ᠎ᠢ ᠪᠡᠬᠢᠵᠢᠭᠦᠯᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ ᠵᠢ ᠬᠡᠷᠡᠭ᠌ᠵᠢᠭᠦᠯᠬᠦ᠌ ᠲᠥᠰᠦᠯ》 ᠢ᠋ ᠲᠣᠭ᠍ᠲᠠᠭᠠᠵᠤ᠂ ᠪᠥᠬᠥ᠌ ᠣᠷᠣᠨ᠎ᠤ ᠬᠣᠱᠢᠭᠤ ᠱᠢᠶᠠᠨ᠎ᠤ ᠱᠠᠲᠤᠨ᠎ᠤ ᠠᠯᠪᠠᠨ᠎ᠠᠴᠠ ᠪᠠᠢᠭᠤᠯᠤᠭ᠍ᠰᠠᠨ 201 ᠡᠮᠨᠡᠯᠭᠡ᠎ᠶ᠋ᠢᠨ ᠬᠣᠷᠢᠶ᠎ᠠ᠂ 1005 ᠡᠷᠡᠭᠦᠯ ᠬᠠᠮᠠᠭᠠᠯᠠᠯ᠎ᠤᠨ ᠬᠣᠷᠢᠶ᠎ᠠ᠂ 10297 ᠭᠠᠴᠠᠭ᠎ᠠ ᠲᠣᠰᠭᠣᠨ᠎ᠤ ᠡᠷᠡᠭᠦᠯ ᠬᠠᠮᠠᠭᠠᠯᠠᠯ᠎ᠤᠨ ᠲᠠᠰᠤᠭ᠎ᠤᠨ ᠲᠤᠬᠠᠢᠯᠠᠭ᠍ᠰᠠᠨ ᠠᠵᠢᠯ᠎ᠳᠤ ᠬᠡᠷᠡᠭ᠌ᠯᠡᠬᠦ᠌ ᠬᠡᠷ ᠪᠠᠢᠱᠢᠩ᠂ ᠪᠡᠯᠡᠳᠭᠡᠯ ᠲᠥᠬᠥᠭᠡᠷᠦᠮᠵᠢ᠂ ᠠᠵᠢᠯᠲᠠᠨ ᠪᠠ ᠡᠮ᠎ᠦᠨ ᠵᠦᠶ᠋ᠯ᠎ᠦᠨ ᠲᠣᠬᠢᠷᠠᠭᠤᠯᠤᠯᠲᠠ ᠵᠡᠷᠭᠡ᠎ᠶ᠋ᠢ ᠵᠢᠭ᠍ᠰᠠᠭᠠᠨ ᠪᠠᠢᠴᠠᠭᠠᠵᠤ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ 1443 ᠠᠵᠢᠯᠲᠠᠨ᠎ᠢ ᠨᠥᠬᠥᠪᠥᠷᠢᠯᠡᠪᠡ᠃ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠶ᠋ᠢᠨ ᠳᠠᠭᠠᠳᠭᠠᠯ᠎ᠳᠤ ᠣᠷᠣᠯᠴᠠᠬᠤ ᠠᠵᠢᠯ᠎ᠢ ᠰᠠᠢᠲᠤᠷ ᠬᠢᠵᠦ᠍᠂ ᠨᠢᠭᠡᠨᠲᠡ ᠪᠡᠶ᠎ᠡ᠎ᠶ᠋ᠢᠨ ᠭᠠᠷᠤᠯ᠎ᠤᠨ ᠮᠡᠳᠡᠭᠡ ᠵᠠᠩᠭᠢ᠎ᠶ᠋ᠢ ᠬᠢᠨᠠᠨ ᠵᠥᠪᠱᠢᠶᠡᠷᠡᠭ᠌ᠰᠡᠨ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠨᠣᠷᠮ᠎ᠠ 99.9% ᠳ᠋ᠤ ᠬᠦᠷᠴᠦ᠍᠂ ᠣᠨᠴᠠ ᠬᠦᠴᠢᠷᠳᠡᠯᠲᠡᠶ ᠬᠥᠮᠦᠰ ᠪᠦᠬᠦᠨ ᠵᠢᠡᠷᠢᠶᠡᠨᠦᠨᠳᠦᠰᠦᠨᠡᠮᠴᠢᠯᠡᠭᠡᠨᠦᠳᠠᠭᠠᠳᠭᠠᠯᠳᠤᠣᠷᠣᠯᠴᠠᠪᠠ᠃ᠣᠷᠣᠨ ᠰᠠᠭᠤᠴᠠ᠎ᠶ᠋ᠢᠨ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠲᠠᠯ᠎ᠠ᠎ᠪᠠᠷ᠂ ᠮᠠᠯᠵᠢᠬᠤ ᠲᠠᠷᠢᠶᠠᠯᠠᠬᠤ ᠣᠷᠣᠨ᠎ᠤ ᠬᠡᠷ ᠪᠠᠢᠱᠢᠩ᠎ᠤᠨ ᠠᠮᠤᠷ ᠲᠦᠪᠱᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠵᠦ᠍᠂ ᠨᠡᠢᠲᠡ 289.7 ᠲᠦᠮᠡᠨ ᠡᠷᠦᠬᠡ ᠵᠢᠨ ᠣᠷᠣᠨ ᠰᠠᠭᠤᠴᠠ᠎ᠶ᠋ᠢ ᠵᠢᠭ᠍ᠰᠠᠭᠠᠨ ᠪᠠᠢᠴᠠᠭᠠᠵᠤ᠂ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠌ ᠲᠥᠷᠥ᠎ᠶ᠋ᠢᠨ ᠪᠣᠳᠣᠯᠭ᠎ᠠ᠎ᠳᠤ ᠨᠡᠢᠴᠡᠬᠦ᠌ 6814 ᠡᠷᠦᠬᠡ᠎ᠶ᠋ᠢ ᠥᠭᠡᠷᠡᠴᠢᠯᠡᠨ ᠱᠢᠨᠡᠳᠭᠡᠬᠦ᠌ ᠬᠡᠪᠴᠢᠶᠡᠨ᠎ᠳᠦ ᠣᠷᠣᠭᠤᠯᠵᠤ᠂ ᠨᠡᠢᠲᠡ 2.19 ᠳ᠋ᠦᠩᠱᠢᠭᠤᠷ ᠲᠥᠭᠥᠷᠢᠭ᠎ᠦᠨ ᠨᠥᠬᠥᠪᠥᠷᠢ ᠮᠥᠩᠭᠥ᠌ ᠪᠠᠭᠤᠯᠭᠠᠨ᠂ ᠤᠨᠳᠤᠤ ᠭᠠᠵᠠᠷ᠎ᠲᠤ ᠨᠡᠭᠦᠯᠭᠡᠵᠦ᠍ ᠳᠤᠲᠠᠭᠤᠳᠠᠯ᠎ᠢ ᠨᠥᠬᠥᠪᠥᠷᠢᠯᠡᠬᠦ᠌ ᠲᠥᠷᠥᠯ ᠵᠦᠶ᠋ᠯ ᠪᠦᠬᠦᠨ ᠵᠢᠡᠷ ᠵᠢᠡᠨ ᠪᠠᠷᠢᠯᠭ᠎ᠠ ᠳᠠᠭᠤᠰᠪᠠ᠃ ᠶᠠᠳᠠᠭᠤ ᠠᠴᠠ ᠠᠩᠭᠢᠵᠢᠷᠠᠭᠤᠯᠤᠭ᠍ᠰᠠᠨᠬᠥᠮᠦᠨᠠᠮᠠᠶ᠋ᠢᠨ ᠠᠵᠢᠯ ᠣᠯᠭᠣᠯᠲᠠ᠎ᠶ᠋ᠢᠨ ᠲᠠᠯ᠎ᠠ᠎ᠪᠠᠷ᠂ ᠲᠥᠪᠯᠡᠷᠡᠭᠦᠯᠦᠨ ᠲᠥᠪᠬᠢᠨᠡᠭᠦᠯᠬᠦ᠌ ᠴᠡᠭ᠎ᠦᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠠᠪᠴᠠᠩ ᠪᠤᠶᠤ ᠴᠣᠩᠬᠣᠪᠴᠢ ᠵᠢ 445 ᠪᠠᠢᠭᠤᠯᠵᠤ᠂ ᠪᠥᠬᠥ᠌ ᠣᠷᠣᠨ᠎ᠤ 1135 ᠤᠨᠳᠤᠤ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠭᠰᠡᠨ ᠲᠥᠪᠯᠡᠷᠡᠭᠦᠯᠦᠨ ᠲᠥᠪᠬᠢᠨᠡᠭᠦᠯᠬᠦ᠌ ᠴᠡᠭ᠎ᠦᠨ ᠠᠵᠢᠯ ᠤᠯᠬᠤ ᠬᠦᠰᠡᠯ ᠡᠷᠡᠮᠡᠯᠵᠡᠯ᠎ᠲᠡᠶ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠎ᠦ 19302 ᠬᠥᠮᠦᠨ᠎ᠳᠦ ᠴᠥᠮ ᠠᠵᠢᠯ ᠣᠯᠭᠣᠪᠠ᠃ ᠤᠤᠭᠤᠬᠤ ᠤᠰᠤᠨ᠎ᠤ ᠠᠮᠤᠷ ᠲᠦᠪᠱᠢᠨ᠎ᠦ ᠲᠠᠯ᠎ᠠ᠎ᠪᠠᠷ᠂ ᠲᠥᠪᠯᠡᠷᠡᠭᠦᠯᠦᠨ ᠤᠰᠤ ᠬᠠᠩᠭᠠᠬᠤ ᠤᠰᠤᠨ ᠰᠤᠷᠪᠤᠯᠵᠢ᠎ᠶ᠋ᠢᠨ ᠪᠠᠷᠢᠯᠭ᠎ᠠ ᠡᠪᠳᠡᠭ᠌ᠳᠡᠭ᠌ᠰᠡᠨ᠂ ᠬᠣᠭᠣᠯᠠᠶ ᠬᠠᠭᠤᠴᠢᠷᠠᠭ᠍ᠰᠠᠨ ᠵᠢᠴᠢ ᠲᠥᠬᠥᠭᠡᠷᠦᠮᠵᠢ᠎ᠶ᠋ᠢᠨ ᠰᠠᠭᠠᠳ ᠬᠡᠮ ᠵᠡᠷᠭᠡ 861 ᠠᠰᠠᠭᠤᠳᠠᠯ᠎ᠢ ᠵᠢᠭ᠍ᠰᠠᠭᠠᠨ ᠪᠠᠢᠴᠠᠭᠠᠵᠤ᠂ 816 ᠶ᠋ᠢ ᠨᠢ ᠴᠡᠭ᠌ᠴᠡᠯᠡᠨ ᠰᠠᠢᠵᠢᠷᠠᠭᠤᠯᠪᠠ;ᠲᠠᠷᠠᠬᠠᠶ ᠪᠤᠲᠠᠷᠬᠠᠶ ᠮᠠᠶᠢᠭ᠎ᠤᠨ ᠤᠰᠤ ᠬᠠᠩᠭᠠᠬᠤ 2 ᠠᠰᠠᠭᠤᠳᠠᠯ᠎ᠢ ᠢᠯᠡᠷᠡᠭᠦᠯᠵᠦ᠍᠂ ᠭᠠᠭ᠍ᠴᠠ ᠡᠷᠦᠬᠡ᠎ᠶ᠋ᠢᠨ ᠤᠰᠤ ᠴᠡᠪᠡᠷᠱᠢᠭᠦᠯᠬᠦ᠌ ᠲᠥᠬᠥᠭᠡᠷᠦᠮᠵᠢ᠎ᠶ᠋ᠢ ᠬᠡᠷᠡᠭ᠌ᠯᠡᠬᠦ᠌ ᠠᠰᠠᠭᠤᠳᠠᠯ᠎ᠢ 7454 ᠢᠯᠡᠷᠡᠭᠦᠯᠦᠨ᠂ ᠪᠦᠬᠦᠨ᠎ᠢ ᠴᠡᠭ᠌ᠴᠡᠯᠡᠨ ᠰᠠᠢᠵᠢᠷᠠᠭᠤᠯᠪᠠ; ᠰᠤᠯᠢᠬᠤ ᠬᠤᠭᠤᠴᠠᠭ᠎ᠠ ᠨᠢ ᠲᠤᠯᠤᠭᠰᠠᠨ17.7 ᠲᠦᠮᠡᠨ ᠱᠦᠭᠦᠭᠦᠷ᠎ᠤᠨ ᠭᠤᠤᠯ᠎ᠢ ᠰᠣᠯᠢᠵᠤ᠂ ᠳ᠋ᠠᠩ ᠡᠷᠦᠬᠡ᠎ᠶ᠋ᠢᠨ ᠤᠰᠤ ᠴᠡᠪᠡᠷᠱᠢᠭᠦᠯᠬᠦ᠌ ᠲᠥᠬᠥᠭᠡᠷᠦᠮᠵᠢ᠎ᠶ᠋ᠢᠨ ᠬᠤᠳᠠᠯᠳᠤᠭ᠍ᠰᠠᠨᠤ ᠳᠠᠷᠠᠭᠠᠬᠢ ᠦᠶ᠋ᠯᠡᠴᠢᠯᠡᠭᠡᠨ᠎ᠦ ᠥᠷᠲᠡᠭᠡ᠎ᠶ᠋ᠢ 213 ᠪᠠᠢᠭᠤᠯᠪᠠ᠃ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠠᠯ᠎ᠠ᠎ᠪᠠᠷ᠂ ᠲᠠᠷᠢᠶᠠᠯᠠᠩ ᠮᠠᠯ ᠠᠵᠤ ᠠᠬᠤᠶ᠎ᠶ᠋ᠢᠨ ᠶᠠᠳᠠᠭᠤ᠎ᠶ᠋ᠢ ᠲᠡᠳᠬᠦᠬᠦ᠌ ᠠᠵᠤ ᠦᠶ᠋ᠯᠡᠰ᠎ᠦᠨ 20392 ᠲᠥᠷᠥᠯ ᠵᠦᠶ᠋ᠯ᠎ᠢ ᠵᠢᠭ᠍ᠰᠠᠭᠠᠨ ᠪᠠᠢᠴᠠᠭᠠᠵᠤ᠂ ᠠᠱᠢᠭ ᠣᠷᠣᠯᠭ᠎ᠠ᠎ᠨᠢ ᠲᠣᠭ᠍ᠲᠠᠭᠤᠨ ᠪᠤᠰᠤ ᠪᠠᠢᠬᠤ ᠠᠰᠠᠭᠤᠳᠠᠯ ᠣᠷᠣᠱᠢᠵᠤ ᠪᠠᠢᠭ᠎ᠠ 564 ᠲᠥᠷᠥᠯ ᠵᠦᠶ᠋ᠯ᠎ᠢ ᠢᠯᠡᠷᠡᠭᠦᠯᠦᠭ᠌ᠰᠡᠨᠦ ᠬᠠᠮᠲᠤ ᠴᠡᠭ᠌ᠴᠡᠯᠡᠨ ᠰᠠᠢᠵᠢᠷᠠᠭᠤᠯᠪᠠ᠃ ᠶᠠᠳᠠᠭᠤ᠎ᠠᠴᠠ ᠠᠩᠭᠢᠵᠢᠷᠠᠭᠰᠠᠨ 5 ᠬᠣᠱᠢᠭᠤ ᠱᠢᠶᠠᠨ᠎ᠳᠤ ᠥᠪᠡᠷᠲᠡᠭᠡᠨ ᠵᠠᠰᠠᠬᠤ ᠣᠷᠣᠨ᠎ᠤ ᠣᠳᠣ ᠦᠶ᠎ᠡ᠎ᠶ᠋ᠢᠨ ᠮᠠᠯ ᠠᠵᠤ ᠠᠬᠤᠢ᠎ᠲᠠᠷᠢᠶᠠᠯᠠᠩ ᠤ᠋ᠨ ᠠᠵᠤ ᠦᠢᠯᠡᠰ᠎ᠦᠨ ᠬᠦᠷᠢᠶᠡᠯᠡᠩ᠎ᠢ ᠪᠠᠢᠭᠤᠯᠪᠠ᠃ ᠬᠡᠷᠡᠭ᠌ᠯᠡᠭᠡ᠎ᠪᠡᠷ ᠬᠠᠪᠰᠤᠷᠤᠨᠲᠡᠳᠬᠦᠬᠦ᠌ ᠠᠴᠢᠶᠠᠯᠠᠪᠤᠷᠢ᠎ᠶ᠋ᠢ ᠢᠳᠡᠪᠬᠢᠲᠡᠶ ᠪᠠᠢᠭᠤᠯᠵᠤ᠂ ᠬᠡᠷᠡᠭ᠌ᠯᠡᠭᠡ᠎ᠪᠡᠷ ᠬᠠᠪᠰᠤᠷᠤᠨ ᠲᠡᠳᠬᠦᠬᠦ᠌ 169 ᠲᠤᠰᠭᠠᠶ ᠯᠠᠩᠭᠦᠶ᠎ᠶ᠋ᠢ ᠱᠢᠨ᠎ᠡ᠎ᠪᠡᠷ ᠤᠭ᠍ᠰᠠᠷᠠᠨ᠂ ᠬᠡᠷᠡᠭ᠌ᠯᠡᠭᠡ᠎ᠪᠡᠷ ᠬᠠᠪᠰᠤᠷᠤᠨ ᠲᠡᠳᠬᠦᠬᠦ᠌ ᠲᠤᠰᠭᠠᠶ ᠲᠣᠭᠣᠷᠢᠭ᠎ᠢ 122 ᠪᠠᠢᠭᠤᠯᠵᠤ᠂ 5918.66 ᠲᠦᠮᠡᠨ ᠲᠥᠭᠥᠷᠢᠭ᠎ᠦᠨ ᠪᠣᠷᠣᠯᠠᠭᠤᠯᠭ᠎ᠠ᠎ᠶ᠋ᠢ ᠪᠡᠶᠡᠯᠡᠭᠦᠯᠪᠡ᠃ 2949 ᠬᠠᠪᠰᠤᠷᠤᠨ ᠲᠡᠳᠬᠦᠬᠦ᠌ ᠪᠦᠲᠦᠭᠡᠭ᠌ᠳᠡᠬᠦᠨ᠎ᠢ ᠮᠠᠭᠠᠳᠯᠠᠨ ᠲᠣᠭ᠍ᠲᠠᠭᠠᠪᠠ᠃ ᠬᠣᠶᠠᠷ᠎ᠲᠤ᠂ ᠲᠡᠳᠬᠦᠨ ᠳᠡᠮᠵᠢᠬᠦ᠌ ᠲᠥᠷᠥ᠎ᠶ᠋ᠢᠨ ᠪᠣᠳᠣᠯᠭ᠎ᠠ ᠲᠣᠭ᠍ᠲᠠᠭᠠᠪᠠ᠃ 《ᠥᠪᠡᠷᠲᠡᠭᠡᠨ ᠵᠠᠰᠠᠬᠤ ᠣᠷᠣᠨ᠎ᠤ〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠬᠢᠭᠡᠳ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠵᠣᠯᠭᠠᠭᠤᠯᠬᠤ ᠲᠥᠯᠥᠪᠵᠢᠭᠦᠯᠭᠡ》 ᠶ᠋ᠢ ᠰᠤᠳᠤᠯᠤᠨ ᠨᠠᠢᠷᠠᠭᠤᠯᠤᠨ ᠵᠣᠬᠢᠶᠠᠵᠤ᠂ 《ᠠᠵᠤ ᠦᠶ᠋ᠯᠡᠰ᠎ᠢᠶᠡᠷ ᠶᠠᠳᠠᠭᠤ᠎ᠶ᠋ᠢ ᠲᠡᠳᠬᠦᠬᠦ᠌ ᠬᠢᠭᠡᠳ ᠠᠵᠤ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠵᠣᠯᠭᠠᠭᠤᠯᠬᠤ ᠲᠥᠷᠥ᠎ᠶ᠋ᠢᠨ ᠪᠣᠳᠣᠯᠭ᠎ᠠ ᠠᠷᠭ᠎ᠠᠬᠡᠮᠵᠢᠶ᠎ᠡ》ᠵᠡᠷᠭᠡ᠎ᠶ᠋ᠢ ᠨᠡᠢᠲᠡᠯᠡᠵᠦ᠍᠂ ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ᠎ᠳᠤ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠦᠵᠡᠭᠦᠯᠬᠦ᠌᠎ᠶ᠋ᠢ ᠴᠢᠩᠭᠠᠳᠭᠠᠪᠠ᠃ ᠭᠤᠷᠪᠠ᠎ᠳᠤ᠂ ᠪᠡᠯᠡ ᠮᠥᠩᠭᠥᠨ ᠦ ᠲᠦᠷᠦᠯ ᠵᠦᠢᠯ᠎ᠦᠨ ᠨᠠᠢᠳᠠᠪᠤᠷᠢᠵᠢᠭᠤᠯᠤᠯᠲᠠ᠎ᠶ᠋ᠢ ᠲᠦᠷᠭᠡᠳᠭᠡᠪᠡ᠃ ᠡᠳ᠋᠎ᠦᠨ ᠵᠠᠰᠠᠭ᠎ᠤᠨ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠶᠡᠷᠦᠩᠬᠡᠶ᠎ᠳᠡᠭᠡᠨ ᠲᠣᠭ᠍ᠲᠠᠭᠤᠨ ᠪᠠᠢᠯᠭᠠᠵᠤ᠂ 2021 ᠣᠨ᠎ᠤ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠵᠣᠯᠭᠠᠭᠤᠯᠬᠤ ᠪᠠᠯᠠ ᠮᠥᠩᠭᠥ᠎ᠶ᠋ᠢᠨ ᠲᠥᠰᠦᠪ᠎ᠢ ᠶᠡᠷᠦᠩᠬᠡᠶᠳ᠋ᠤᠨᠢ 51.5 ᠳ᠋ᠦᠩᠱᠢᠭᠤᠷ ᠲᠥᠭᠥᠷᠢᠭ᠎ᠢ ᠪᠠᠲᠤᠯᠠᠪᠠ᠃ ᠲᠥᠪ᠎ᠦᠨ ᠡᠳ᠋᠎ᠦᠨ ᠵᠠᠰᠠᠭ᠎ᠠᠴᠠ ᠪᠠᠭᠤᠯᠭᠠᠭ᠍ᠰᠠᠨ 215.87 ᠳ᠋ᠦᠩᠱᠢᠭᠤᠷ ᠲᠥᠭᠥᠷᠢᠭ᠎ᠦᠨ ᠲᠠᠷᠢᠶᠠᠯᠠᠩ ᠮᠠᠯ ᠠᠵᠤ ᠠᠬᠤᠶ᠎ᠶ᠋ᠢᠨ ᠪᠡᠯᠡ ᠮᠥᠩᠭᠥ᠎ᠶ᠋ᠢ ᠲᠥᠷᠥ ᠵᠢᠨ ᠪᠣᠳᠣᠯᠭ᠎ᠠ᠎ᠶ᠋ᠢᠨ ᠱᠠᠭᠠᠷᠳᠠᠯᠭ᠎ᠠ ᠶᠣᠰᠣᠭᠠᠷ ᠨᠥᠬᠥᠴᠡᠯ᠎ᠳᠦ ᠨᠡᠢᠴᠡᠬᠦ᠌ ᠶᠠᠳᠠᠭᠤ᠎ᠠᠴᠠ ᠠᠩᠭᠢᠵᠢᠷᠠᠭᠰᠠᠨ ᠬᠣᠱᠢᠭᠤ ᠱᠢᠶᠠᠨ ᠲᠡᠢᠰᠢ ᠦᠷᠭᠦᠯᠵᠢᠯᠡᠨ ᠬᠡᠯᠪᠡᠢᠯᠭᠡᠪᠡ᠃
17᠂ ᠵᠠᠰᠠᠯᠲᠠ᠎ᠶ᠋ᠢᠨ ᠱᠢᠰᠲ᠋ᠧᠮ ᠪᠠ ᠵᠠᠰᠠᠯᠲᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠠᠬᠢᠭᠤᠯᠪᠠ᠃ ᠨᠢᠭᠡ᠎ᠳᠦ᠂ ᠨᠡᠢᠭᠡᠮ᠎ᠦᠨ ᠵᠠᠰᠠᠯᠲᠠ᠎ᠶ᠋ᠢᠨ ᠲᠦᠷᠢᠮ᠎ᠦᠨ ᠱᠢᠰᠲ᠋ᠧᠮ᠎ᠢ ᠲᠡᠭᠦᠯᠳᠡᠷᠵᠢᠭᠦᠯᠪᠡ᠃ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠬᠡᠷᠡᠭ᠌ᠵᠢᠭᠦᠯᠦᠯᠲᠡ ᠵᠢᠨ ᠬᠥᠲᠥᠯᠪᠦᠷᠢ᠂ ᠬᠠᠤᠯᠢᠵᠢᠯ᠎ᠤᠨ ᠨᠡᠢᠭᠡᠮ᠎ᠦᠨ ᠪᠠᠢᠭᠤᠯᠤᠯᠲᠠ᠎ᠶ᠋ᠢᠨ ᠬᠡᠷᠡᠭ᠌ᠵᠢᠭᠦᠯᠦᠯᠲᠡ ᠵᠢᠨ ᠬᠥᠲᠥᠯᠪᠦᠷᠢ ᠪᠣᠯᠤᠨ ᠨᠠᠩ ᠥᠨᠳᠥᠷ ᠲᠦᠪᠱᠢᠨ ᠪᠥᠬᠥᠶ ᠠᠮᠤᠷ ᠠᠮᠤᠭᠤᠯᠠᠩ ᠳᠤᠮᠳᠠᠳᠤ ᠤᠯᠤᠰ᠎ᠢ ᠪᠥᠲᠥᠭᠡᠨ ᠪᠠᠢᠭᠤᠯᠬᠤ ᠰᠠᠨᠠᠯ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠬᠠᠤᠯᠢᠵᠢᠯ᠎ᠤᠨ ᠵᠠᠰᠠᠭ᠎ᠤᠨ ᠣᠷᠳᠣᠨ᠂ ᠬᠠᠤᠯᠢᠵᠢᠯ᠎ᠤᠨ ᠨᠡᠢᠭᠡᠮ ᠪᠣᠯᠤᠨ ᠠᠮᠤᠷ ᠠᠮᠤᠭᠤᠯᠠᠩ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠳᠤ ᠶᠡᠷᠦᠩᠬᠡᠶ ᠲᠣᠬᠢᠷᠠᠭᠤᠯᠤᠯᠲᠠᠬᠢᠪᠠ᠃ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠰᠠᠯᠠᠭ᠎ᠠ ᠮᠥᠴᠢᠷ᠎ᠦᠨ ᠬᠣᠲᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ ᠵᠢᠨ ᠠᠵᠢᠯ᠎ᠤᠨ ᠵᠢᠯᠣᠭᠣᠳᠤᠮᠵᠢ ᠪᠠ ᠬᠠᠷᠠᠯᠲᠠ ᠬᠠᠷᠢᠭᠤᠴᠠᠯᠭ᠎ᠠ᠎ᠶ᠋ᠢᠨ ᠨᠠᠷᠢᠨᠲᠠᠨᠭᠰᠠᠶ᠋ᠢ ᠲᠣᠭ᠍ᠲᠠᠭᠠᠵᠤ᠂ ᠰᠠᠷᠠᠳᠤᠲᠣᠬᠢᠷᠠᠭᠤᠯᠬᠤ᠂ ᠤᠯᠠᠷᠢᠯᠵᠢᠡᠷ ᠮᠡᠳᠡᠭᠳᠡᠬᠦ᠌ ᠠᠵᠢᠯ᠎ᠤᠨ ᠲᠣᠭ᠍ᠲᠠᠴᠠ᠎ᠶ᠋ᠢ ᠬᠡᠷᠡᠭ᠌ᠵᠢᠭᠦᠯᠦᠨ᠂ ᠵᠠᠰᠠᠯᠲᠠ ᠵᠢᠨ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠪᠠ᠃ 《ᠶᠡᠷᠦᠩᠬᠡᠢᠯᠡᠨ ᠵᠠᠰᠠᠬᠤ ᠲᠥᠪ᠎ᠦᠨ ᠪᠥᠲᠥᠭᠡᠨ ᠪᠠᠢᠭᠤᠯᠤᠯᠲᠠ ᠪᠠ ᠲᠤᠤᠷᠵᠢᠯᠠᠭ᠍ᠰᠠᠨ ᠦᠶ᠋ᠯᠡᠴᠢᠯᠡᠭᠡᠨ᠎ᠦ ᠬᠠᠮᠢᠶᠠᠷᠤᠯᠲᠠ᠎ᠶ᠋ᠢ ᠴᠢᠩᠭᠠᠳᠭᠠᠬᠤ ᠲᠤᠬᠠᠶ ᠵᠢᠯᠣᠭᠣᠳᠭᠤ ᠰᠠᠨᠠᠯ》᠎ᠢ᠋ ᠨᠡᠢᠲᠡᠯᠡᠵᠦ᠍ ᠂ ᠲᠤᠤᠷᠵᠢᠯᠠᠭ᠍ᠰᠠᠨ ᠦᠶ᠋ᠯᠡᠴᠢᠯᠡᠭᠡᠨ᠎ᠦ ᠬᠠᠮᠢᠶᠠᠷᠤᠯᠲᠠ᠎ᠶ᠋ᠢᠨ ᠠᠵᠢᠯ᠎ᠢ ᠪᠥᠬᠥ᠌ ᠲᠠᠯ᠎ᠠ᠎ᠪᠠᠷ ᠠᠬᠢᠭᠤᠯᠤᠨ᠂ ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ) ᠶ᠋ᠢᠨ ᠠᠮᠤᠷ ᠠᠮᠤᠭᠤᠯᠠᠩ ᠤ᠋ᠨ ᠠᠯᠪᠠᠨ ᠬᠡᠷ᠂ ᠶᠡᠷᠦᠩᠬᠡᠢᠯᠡᠨ ᠵᠠᠰᠠᠬᠤ ᠲᠥᠪ᠎ᠦᠨ ᠨᠢᠭᠡ ᠴᠣᠭ᠍ᠴᠠᠵᠢᠭᠤᠯᠤᠭ᠍ᠰᠠᠨ ᠪᠥᠲᠥᠭᠡᠨ ᠪᠠᠢᠭᠤᠯᠤᠯᠲᠠ ᠪᠠ ᠪᠣᠳᠠᠲᠤ ᠴᠣᠭ᠍ᠴᠠᠵᠢᠭᠤᠯᠤᠭ᠍ᠰᠠᠨ ᠠᠵᠢᠯᠯᠠᠭ᠎ᠠ ᠶᠢ ᠴᠢᠩᠭᠠᠳᠭᠠᠪᠠ᠃ ᠬᠣᠶᠠᠷ᠎ᠲᠤ᠂ ᠬᠠᠤᠯᠢ᠎ᠪᠠᠷ ᠵᠠᠰᠠᠬᠤ ᠤᠬᠠᠮᠰᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠰᠠᠯᠠᠭ᠎ᠠ ᠮᠥᠴᠢᠷ᠎ᠦᠨ 《 ᠬᠡᠨ ᠬᠠᠤᠯᠢ ᠬᠡᠷᠡᠭ᠌ᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ᠌》 ᠬᠠᠷᠢᠭᠤᠴᠠᠯᠭ᠎ᠠ᠎ᠶ᠋ᠢᠨ ᠲᠦᠷᠢᠮ᠎ᠦᠨ ᠵᠢᠯᠣᠭᠣᠳᠭᠤ ᠨᠠᠷᠢᠨ ᠲᠠᠨᠭᠰᠠ᠎ᠶ᠋ᠢ ᠪᠠᠭᠤᠯᠭᠠᠵᠤ᠂ ᠡᠯ᠎ᠡ ᠰᠠᠯᠠᠭ᠎ᠠ ᠮᠥᠴᠢᠷ ᠨᠢᠭᠡᠴᠢ᠎ᠶ᠋ᠢᠨ ᠬᠠᠤᠯᠢ ᠲᠦᠭᠡᠮᠡᠯᠵᠢᠭᠦᠯᠬᠦ᠌ ᠭᠤᠤᠯᠳᠠᠯᠭ᠎ᠠ᠎ᠲᠠᠶ ᠡᠭᠦᠷᠭᠡ᠂ ᠠᠵᠢᠯ᠎ᠤᠨ ᠠᠷᠭ᠎ᠠ ᠬᠡᠮᠵᠢᠶ᠎ᠡ ᠵᠡᠷᠭᠡ᠎ᠶ᠋ᠢ ᠲᠣᠳᠣᠷᠬᠠᠢᠯᠠᠨ᠂ ᠬᠠᠤᠯᠢ ᠲᠦᠭᠡᠮᠡᠯᠵᠢᠭᠦᠯᠬᠦ᠌ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠢᠵᠢᠭᠤᠯᠪᠠ ᠃ ᠦᠨᠳᠦᠰᠦᠨ ᠬᠠᠤᠯᠢ ᠬᠠᠤᠯᠢ ᠴᠠᠭᠠᠵᠠ ᠪᠠ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ᠎ᠤᠨ ᠬᠥᠮᠦᠵᠢᠯ ᠪᠣᠯᠪᠠᠰᠤᠷᠠᠯ᠎ᠢ ᠴᠢᠩᠭᠠᠳᠭᠠᠬᠤ᠎ᠶ᠋ᠢ ᠪᠥᠬᠥ᠌ ᠣᠷᠣᠨ᠎ᠤ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠲᠥᠯᠥᠪᠯᠡᠭᠡ᠎ᠳᠦ ᠣᠷᠣᠭᠤᠯᠵᠤ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠪᠠ ᠥᠪᠥᠷ ᠮᠣᠩᠭᠣᠯ᠎ᠤᠨ ᠺᠠᠳ᠋ᠷ᠎ᠤᠨ ᠪᠣᠯᠪᠠᠰᠤᠷᠠᠯ᠎ᠤᠨ ᠲᠤᠤᠷ ᠰᠦᠯᠵᠢᠶ᠎ᠡ᠎ᠶ᠋ᠢᠨ ᠳᠡᠭᠡᠳᠦ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠲᠣᠬᠢᠷᠠᠭᠤᠯᠤᠯᠲᠠ᠎ᠳᠤ ᠣᠷᠣᠭᠤᠯᠪᠠ᠃ 《ᠰᠢᠶ᠋ᠢᠨᠫᠢᠩᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ》 ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ᠂《ᠬᠠᠤᠯᠢᠵᠢᠯ᠎ᠤᠨ ᠥᠪᠥᠷ ᠮᠣᠩᠭᠣᠯ》᠎ᠤ᠋ᠨ ᠪᠠᠢᠭᠤᠯᠤᠯᠲᠠ᠎ᠶ᠋ᠢᠨ ᠰᠦᠯᠵᠢᠶᠡᠨ᠎ᠦ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ᠎ᠶ᠋ᠢ ᠡᠷᠭᠢᠯᠡᠵᠦ᠍᠂ ᠱᠢᠶᠠᠨ ᠭᠠᠵᠠᠷ᠎ᠤᠨ ᠲᠠᠰ᠎ᠠᠴᠠ ᠳᠡᠭᠡᠭ᠌ᠰᠢᠬᠢ ᠺᠠᠳ᠋ᠷ᠎ᠢ ᠨᠡᠢᠲᠡ ᠲᠦᠮᠡ ᠭᠠᠷᠤᠶ ᠬᠥᠮᠦᠨ ᠤᠳᠠᠭ᠎ᠠ ᠪᠣᠯᠪᠠᠰᠤᠷᠠᠭᠤᠯᠪᠠ᠃《ᠨᠠᠶ᠋ᠮᠠᠳᠤᠭᠠᠷ ᠲᠠᠪᠤᠨ ᠵᠢᠯ》 ᠤᠨ ᠬᠠᠤᠯᠢ ᠲᠦᠭᠡᠮᠡᠯᠵᠢᠭᠦᠯᠦᠯᠲᠡ᠎ᠵᠢᠨ ᠲᠥᠯᠥᠪᠵᠢᠭᠦᠯᠭᠡ᠎ᠶ᠋ᠢ ᠲᠣᠭ᠍ᠲᠠᠭᠠᠨ᠂ ᠥᠪᠡᠷᠲᠡᠭᠡᠨ ᠵᠠᠰᠠᠬᠤ ᠣᠷᠣᠨ᠎ᠤ ᠭᠤᠤᠯ ᠪᠣᠯᠬᠤ ᠮᠡᠳᠡᠭᠡ ᠵᠠᠭᠤᠴᠢᠯᠠᠭᠤᠷ᠎ᠤᠳ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠡᠬᠡ ᠪᠢᠴᠢᠭ᠎ᠢ 620 ᠭᠠᠷᠤᠶ ᠨᠡᠢᠲᠡᠯᠡᠵᠦ᠍᠂ 240 ᠬᠤᠭᠤᠴᠠᠭ᠎ᠠ ᠦᠶ᠋ᠯᠡᠳᠴᠦ᠍ ᠨᠡᠪᠲᠡᠷᠡᠭᠦᠯᠪᠡ᠃ ᠠᠷᠠᠳᠴᠢᠯᠠᠯ ᠬᠠᠤᠯᠢ᠎ᠪᠠᠷ ᠵᠠᠰᠠᠭᠰᠠᠨ ᠵᠢᠱ᠌ᠢᠶ᠎ᠡ ᠦᠵᠡᠭᠦᠯᠬᠦ᠌ ᠭᠠᠴᠠᠭ᠎ᠠ ᠲᠣᠰᠭᠣᠨ(ᠨᠡᠢᠭᠡᠮ ᠲᠣᠭᠣᠷᠢᠭ) ᠢ᠋ ᠱᠢᠯᠭᠠᠷᠠᠭᠤᠯᠬᠤ ᠠᠵᠢᠯᠯᠠᠭ᠎ᠠ᠎ᠶ᠋ᠢ ᠥᠷᠨᠢᠭᠦᠯᠪᠡ᠃ ᠭᠤᠷᠪᠠ᠎ᠳᠤ ᠂ ᠬᠦᠴᠦᠨ᠎ᠲᠡᠶ ᠪᠣᠯᠤᠭ᠍ᠰᠠᠨ ᠲᠠᠰᠤᠯᠤᠨ ᠲᠣᠭ᠍ᠲᠠᠭᠠᠯᠲᠠ᠎ᠶ᠋ᠢ ᠭᠦᠢᠴᠡᠳᠭᠡᠬᠦ᠌᠎ᠶ᠋ᠢ ᠴᠢᠩᠭᠠᠳᠭᠠᠪᠠ᠃ ᠱᠢᠯᠭᠠᠨ ᠬᠢᠨᠠᠵᠤ ᠮᠡᠳᠡᠭᠳᠡᠬᠦ᠌ ᠡᠷᠴᠢᠮ᠎ᠢᠶᠡᠨ ᠴᠢᠩᠭᠠᠷᠠᠭᠤᠯᠵᠤ᠂ ᠡᠯ᠎ᠡ ᠭᠠᠵᠠᠷ ᠣᠷᠣᠨ᠎ᠤ ᠬᠦᠴᠦᠨ᠎ᠲᠡᠶ ᠪᠣᠯᠤᠭ᠍ᠰᠠᠨ ᠱᠢᠭᠦᠨᠲᠠᠰᠤᠯᠤᠯᠲᠠᠶ᠋ᠢᠨᠪᠢᠴᠢᠭ᠂ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠬᠠᠷᠢᠭᠤᠴᠠᠯᠭᠠᠲᠠᠨ᠎ᠤ ᠱᠢᠭᠦᠯᠲᠡ᠎ᠳᠦ ᠣᠷᠣᠯᠴᠠᠨ ᠵᠠᠷᠭᠤ ᠬᠦᠯᠢᠶᠡᠭ᠌ᠰᠡᠨ ᠪᠠᠢᠳᠠᠯ᠎ᠢ ᠬᠠᠤᠯᠢ ᠶᠣᠰᠣᠭᠠᠷ ᠣᠷᠣᠨ᠎ᠢᠶᠠᠨ ᠵᠠᠰᠠᠬᠤ ᠱᠢᠯᠭᠠᠨ ᠬᠢᠨᠠᠯᠲᠠ᠎ᠳᠤ ᠣᠷᠣᠭᠤᠯᠵᠤ᠂ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠬᠠᠷᠢᠭᠤᠴᠠᠯᠭᠠᠲᠠᠨ᠎ᠤ ᠱᠢᠭᠦᠯᠲᠡ᠎ᠳᠦ ᠣᠷᠣᠯᠴᠠᠨ ᠵᠠᠷᠭᠤ ᠬᠦᠯᠢᠶᠡᠭ᠌ᠰᠡᠨ ᠪᠠᠢᠳᠠᠯ᠎ᠢ ᠰᠠᠷ᠎ᠠ ᠪᠦᠷᠢᠳᠦ ᠮᠡᠳᠡᠭᠳᠡᠬᠦ᠌ᠶ᠋ᠢ ᠬᠡᠷᠡᠭ᠌ᠵᠢᠭᠦᠯᠦᠨ᠂ ᠨᠠᠮᠵᠠᠰᠠᠭᠤᠨ ᠪᠠᠢᠭᠤᠯᠭ᠎ᠠ᠎ᠶ᠋ᠢᠨ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢ ᠠᠬᠢᠭᠤᠯᠪᠠ᠃
18᠂ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠶᠡᠬᠡᠪᠡᠷ ᠱᠢᠯᠢᠳᠡᠭ᠌ᠵᠢᠭᠦᠯᠪᠡ᠃ ᠨᠢᠭᠡ᠎ᠳᠦ᠂ ᠨᠠᠷᠢᠨ ᠨᠢᠮᠪᠠᠶ ᠳᠠᠢᠴᠢᠯᠠᠨ ᠪᠠᠢᠷᠢᠯᠠᠭᠤᠯᠪᠠ᠃ ᠪᠥᠬᠥ᠌ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠶᠡᠬᠡ ᠬᠤᠷᠠᠯ᠎ᠢ ᠬᠤᠷᠠᠯᠳᠤᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠨᠡᠯᠡᠬᠦ᠌ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ 《ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠴᠢᠨᠠᠬᠰᠢᠲᠠ ᠱᠢᠯᠢᠳᠡᠭ᠌ᠵᠢᠭᠦᠯᠬᠦ᠌ ᠲᠤᠬᠠᠶ ᠠᠯᠢ ᠤᠯᠠᠨ ᠠᠷᠭ᠎ᠠ ᠬᠡᠮᠵᠢᠶ᠎ᠡ》 ᠵᠢ ᠨᠡᠢᠲᠡᠯᠡᠵᠦ᠍᠂《ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠵᠢᠯᠯᠠᠭᠠᠨ᠎ᠤ ᠲᠥᠰᠦᠯ》 (2.0 ᠬᠡᠪᠯᠡᠯ) ᠢ᠋ ᠲᠣᠭ᠍ᠲᠠᠭᠠᠵᠤ᠂ ᠲᠣᠭ᠍ᠲᠠᠮᠠᠯ ᠬᠤᠭᠤᠴᠠᠭ᠎ᠠ ᠲᠠᠶᠪᠠᠷᠲᠣᠬᠢᠷᠠᠭᠤᠯᠬᠤᠲᠣᠭ᠍ᠲᠠᠴᠠᠶ᠋ᠢᠪᠠᠢᠭᠤᠯᠵᠤ᠂ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠲᠦᠷᠭᠡᠳᠭᠡᠨᠠᠬᠢᠭᠤᠯᠪᠠ᠃ ᠬᠣᠶᠠᠷ᠎ᠲᠤ᠂ ᠵᠠᠰᠠᠭ᠎ᠤᠨ ᠶᠠᠪᠤᠳᠠᠯᠤᠨᠦᠢᠯᠡᠴᠢᠯᠡᠭᠡᠨᠦ ᠥᠭᠡᠷᠡᠴᠢᠯᠡᠯᠲᠡ᠎ᠶ᠋ᠢ ᠲᠦᠷᠭᠡᠳᠭᠡᠪᠡ᠃《ᠨᠢᠭᠡ ᠰᠦᠯᠵᠢᠶ᠎ᠡ᠎ᠪᠡᠷ ᠭᠦᠶ᠋ᠴᠡᠳᠭᠡᠬᠦ᠌᠂ ᠠᠯᠠᠭᠠᠨ ᠳᠡᠭᠡᠷ᠎ᠡ ᠭᠦᠶ᠋ᠴᠡᠳᠭᠡᠬᠦ᠌᠂ ᠨᠢᠭᠡ ᠯᠡ ᠤᠳᠠᠭ᠎ᠠ᠎ᠳᠤ ᠭᠦᠶ᠋ᠴᠡᠳᠭᠡᠬᠦ᠌᠂ ᠲᠠᠨ᠎ᠳᠤ ᠲᠤᠰᠠᠯᠠᠬᠤ》 ᠳᠥᠷᠪᠡᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ 《ᠮᠥᠩᠬᠡ ᠰᠤᠪᠠᠭ》 APP ᠱᠢᠯᠵᠢᠮᠡᠯ ᠦᠵᠦᠭᠦᠷᠯᠢᠭ᠎ᠦᠨ 3.0 ᠬᠡᠪᠯᠡᠯ᠎ᠢ ᠰᠦᠯᠵᠢᠶᠡᠨ᠎ᠳᠦ ᠣᠷᠣᠭᠤᠯᠤᠨᠠᠵᠢᠯᠯᠠᠭᠤᠯᠵᠤ᠂《ᠢᠨᠲ᠋ᠧᠷᠰᠦᠯᠵᠢᠶᠡ + ᠵᠠᠰᠠᠭᠤᠨᠶᠠᠪᠤᠳᠠᠯᠤᠨ ᠦᠶ᠋ᠯᠡᠴᠢᠯᠡᠭᠡ》 ᠶ᠋ᠢᠨ ᠲᠠᠪᠴᠠᠩ᠎ᠤᠨ ᠪᠠᠢᠭᠤᠯᠤᠯᠲᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 14 ᠰᠠᠯᠠᠭ᠎ᠠ ᠮᠥᠴᠢᠷ᠎ᠦᠨ 41 ᠡᠭ᠌ᠴᠡ ᠪᠠᠢᠭᠤᠯᠤᠭ᠍ᠰᠠᠨ ᠲᠤᠬᠠᠢᠯᠠᠭ᠍ᠰᠠᠨ ᠠᠵᠢᠯ᠎ᠤᠨ ᠱᠢᠰᠲ᠋ᠧᠮ᠎ᠢ ᠡᠮᠬᠢᠯᠡᠬᠦ᠌ ᠪᠠ 28 ᠲᠤᠬᠠᠢᠯᠠᠭ᠍ᠰᠠᠨ ᠠᠵᠢᠯ᠎ᠤᠨ ᠱᠢᠰᠲ᠋ᠧᠮ᠎ᠢ ᠵᠣᠯᠭᠠᠭᠤᠯᠬᠤ ᠠᠵᠢᠯ᠎ᠢ ᠨᠢᠭᠡᠨᠲᠡ ᠪᠡᠶᠡᠯᠡᠭᠦᠯᠵᠦ᠍᠂ 405 ᠲᠦᠮᠡ ᠭᠠᠷᠤᠶ ᠵᠦᠶ᠋ᠯ᠎ᠦᠨ ᠭᠦᠶ᠋ᠴᠡᠳᠭᠡᠬᠦ᠌ ᠵᠦᠶ᠋ᠯ᠎ᠢ ᠲᠠᠨᠢᠯᠴᠠᠭᠤᠯᠤᠨ ᠬᠦᠷᠭᠡᠵᠦ᠍᠂《ᠶᠡᠷᠦᠩᠬᠡᠢᠯᠡᠭ᠌ᠰᠡᠨ ᠨᠢᠭᠡ ᠴᠣᠩᠬᠣᠪᠴᠢ᠎ᠪᠠᠷ ᠭᠥᠯᠢᠶᠡᠨ ᠠᠪᠴᠤ᠌ ᠱᠢᠶ᠋ᠳᠪᠦᠷᠢᠯᠡᠬᠦ᠌》 ᠱᠢᠰᠲ᠋ᠧᠮ᠎ᠢᠶᠡᠷ ᠳᠡᠮᠵᠢᠨ 113951 ᠬᠤᠪᠢ ᠭᠦᠶ᠋ᠴᠡᠳᠭᠡᠬᠦ᠌ ᠬᠡᠷᠡᠭ᠎ᠢ ᠭᠥᠯᠢᠶᠡᠨ ᠠᠪᠴᠤ᠌ ᠱᠢᠶ᠋ᠳᠪᠦᠷᠢᠯᠡᠪᠡ᠃ ᠡᠯ᠎ᠡ ᠱᠠᠲᠤ ᠡᠯ᠎ᠡ ᠰᠠᠯᠠᠭ᠎ᠠ ᠮᠥᠴᠢᠷ《ᠮᠥᠩᠬᠡ ᠰᠤᠪᠠᠭ》 ᠤ᠋ᠨ ᠱᠢᠯᠵᠢᠮᠡᠯ ᠦᠵᠦᠭᠦᠷᠯᠢᠭ᠎ᠲᠦ 1034 ᠵᠦᠶ᠋ᠯ᠎ᠤᠨ ᠬᠡᠷᠡᠭᠯᠡᠭᠡᠨ᠎ᠢ ᠵᠠᠯᠭᠠᠵᠤ ᠬᠡᠷᠡᠭ᠌ᠯᠡᠪᠡ᠃ ᠣᠯᠠᠨ ᠲᠠᠯ᠎ᠠ ᠡᠴᠡ ᠳᠠᠪᠬᠤᠷᠳᠠᠭᠤᠯᠤᠨ ᠬᠢᠨᠠᠨ ᠵᠥᠪᠱᠢᠶᠡᠷᠡᠬᠦ᠌᠎ᠶ᠋ᠢ ᠪᠥᠬᠥ᠌ ᠲᠠᠯ᠎ᠠ᠎ᠪᠠᠷ ᠢᠯᠭᠠᠷᠠᠭᠤᠯᠵᠤ᠂《ᠦᠨᠡᠮᠯᠡᠯ ᠪᠠ ᠭᠡᠷᠡᠴᠢ᠎ᠶ᠋ᠢ ᠰᠠᠯᠭᠠᠬᠤ》᠂ 《ᠠᠮᠠᠯᠠᠯᠲᠠ᠎ᠶ᠋ᠢᠨ ᠲᠦᠷᠢᠮ》᠂ 《ᠳᠤᠲᠠᠭ᠍ᠳᠠᠯ᠎ᠢ ᠠᠭᠤᠴᠢᠯᠠᠨ ᠭᠥᠯᠢᠶᠡᠨ ᠠᠪᠴᠤ᠌ ᠱᠢᠶ᠋ᠳᠪᠦᠷᠢᠯᠡᠬᠦ᠌》 ᠵᠡᠷᠭᠡ ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ᠎ᠶ᠋ᠢ ᠬᠤᠪᠢᠷᠠᠭᠤᠯᠬᠤ᠎ᠶ᠋ᠢ ᠠᠬᠢᠭᠤᠯᠬᠤ ᠪᠠ《ᠲᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠵᠣᠬᠢᠴᠠᠭᠤᠯᠬᠤ ᠳᠤᠭᠤᠢᠯᠠᠩ᠎ᠢ ᠲᠤᠬᠢᠷᠠᠭᠤᠯᠤᠨ ᠲᠡᠭᠦᠯᠳᠡᠷᠵᠢᠭᠦᠯᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠶᠠᠷᠱᠢᠭ ᠲᠦᠪᠡᠭ ᠪᠠ ᠳᠦᠭᠦᠮ ᠲᠦᠳᠡ ᠵᠢ ᠰᠠᠯᠭᠠᠬᠤ ᠲᠣᠭ᠍ᠲᠠᠴᠠ᠎ᠶ᠋ᠢ ᠪᠠᠢᠭᠤᠯᠤᠨ ᠱᠢᠯᠢᠳᠡᠭ᠌ᠵᠢᠭᠦᠯᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠰᠠᠢᠵᠢᠷᠠᠯᠲᠠ᠎ᠶ᠋ᠢ ᠦᠷᠭᠦᠯᠵᠢᠯᠡᠨ ᠠᠬᠢᠭᠤᠯᠪᠠ᠃ ᠭᠤᠷᠪᠠ᠎ᠳᠤ᠂ ᠬᠠᠤᠯᠢᠵᠢᠯ ᠤ᠋ᠨ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠠᠬᠢᠭᠤᠯᠪᠠ᠃ ᠵᠠᠬ᠎ᠠ ᠳᠡᠯᠭᠡᠭᠦᠷ᠎ᠲᠦ ᠵᠥᠪᠱᠢᠶᠡᠷᠡᠨ ᠣᠷᠣᠭᠤᠯᠬᠤ ᠨᠠᠵᠠᠭᠠᠢ ᠳᠠᠯ᠎ᠠ ᠵᠢᠨ ᠨᠠᠷᠢᠨ ᠳᠠᠩᠰᠠ ᠶ᠋ᠢᠨ ᠳᠦᠷᠢᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠬᠦ᠌ ᠠᠵᠢᠯ᠎ᠤᠨ ᠲᠢᠩᠬᠢᠮ ᠤᠨ ᠬᠣᠭᠣᠷᠣᠨᠳᠣᠬᠢ ᠬᠠᠮᠲᠤᠷᠠᠭ᠍ᠰᠠᠨ ᠬᠤᠷᠠᠯ᠎ᠤᠨ ᠳᠦᠷᠢᠮ᠎ᠢ ᠪᠠᠢᠭᠤᠯᠵᠤ᠂ ᠵᠠᠰᠠᠭ ᠵᠠᠬᠢᠷᠭᠠᠨ᠎ᠤ ᠵᠥᠪᠱᠢᠶᠡᠷᠡᠯ ᠦᠨ ᠵᠦᠶ᠋ᠯᠡᠰ᠎ᠢ ᠲᠤᠰᠭᠠᠢᠯᠠᠨ ᠢᠯᠭᠠᠷᠠᠭᠤᠯᠬᠤ᠎ᠶ᠋ᠢ ᠥᠷᠨᠢᠭᠦᠯᠪᠡ᠃《ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠱᠢᠢᠳᠭᠡᠯ ᠲᠣᠷᠭᠠᠭᠤᠯᠢ᠎ᠶ᠋ᠢᠨ ᠲᠠᠰᠤᠯᠤᠯᠲᠠ᠎ᠶ᠋ᠢᠨ ᠡᠷᠬᠡ᠎ᠶ᠋ᠢᠨ ᠰᠠᠭᠤᠷᠢ ᠪᠠᠷᠢᠮᠵᠢᠶ᠎ᠠ᠎ᠶ᠋ᠢ ᠵᠢᠷᠤᠮᠵᠢᠭᠤᠯᠬᠤ ᠠᠷᠭ᠎ᠠ》 ᠶ᠋ᠢ ᠲᠣᠭ᠍ᠲᠠᠭᠠᠵᠤ᠂ ᠵᠠᠰᠠᠭ ᠵᠠᠬᠢᠷᠭᠠᠨ᠎ᠤ ᠲᠠᠰᠤᠯᠤᠯᠲᠠ᠎ᠶ᠋ᠢᠨ ᠡᠷᠬᠡ᠎ᠶ᠋ᠢᠨ ᠰᠠᠭᠤᠷᠢ ᠪᠠᠷᠢᠮᠵᠢᠶ᠎ᠠ᠎ᠶ᠋ᠢᠨ ᠲᠦᠷᠢᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠪᠡ᠃ 《ᠬᠤᠤᠰ ᠲᠤᠬᠢᠶᠠᠯᠲᠦᠯ᠂ ᠨᠢᠭᠡ᠎ᠶ᠋ᠢ ᠢᠯᠡ ᠪᠣᠯᠭᠠᠬᠤ》 ᠶ᠋ᠢ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠨ ᠬᠠᠮᠢᠶᠠᠷᠬᠤ᠎ᠶ᠋ᠢ ᠠᠬᠢᠭᠤᠯᠵᠤ᠂ 《ᠦᠨᠡᠮᠯᠡᠯ᠎ᠢ ᠴᠥᠭᠡᠳᠭᠡᠨ ᠠᠷᠠᠳ᠎ᠲᠤ ᠲᠥᠬᠥᠮ ᠦᠵᠡᠭᠦᠯᠬᠦ᠌》 ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠣᠷᠣᠨ᠎ᠤ ᠱᠢᠭᠤᠳ ᠬᠠᠷᠢᠶ᠎ᠠ 19 ᠰᠠᠯᠠᠭ᠎ᠠ ᠮᠥᠴᠢᠷ 《ᠬᠤᠤᠰ ᠲᠤᠬᠢᠶᠠᠯᠳᠤᠯ》᠎ᠢ᠋ᠢᠡᠷ ᠡᠯ᠎ᠡ ᠲᠥᠷᠥᠯ᠎ᠦᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ 4.45 ᠲᠦᠮᠡᠨ ᠡᠷᠦᠬᠡ ᠵᠢ ᠰᠤᠭᠤᠴᠢᠨ ᠪᠠᠢᠴᠠᠭᠠᠵᠤ᠂ ᠰᠠᠯᠠᠭ᠎ᠠ ᠮᠥᠴᠢᠷ ᠬᠠᠮᠲᠤᠷᠠᠨ 5190 ᠡᠷᠦᠬᠡ ᠵᠢ ᠰᠤᠭᠤᠴᠢᠨ ᠪᠠᠢᠴᠠᠭᠠᠪᠠ᠃ ᠳᠥᠷᠪᠡ᠎ᠳᠦ᠂ ᠨᠡᠢᠭᠡᠮ᠎ᠦᠨ ᠢᠲᠡᠭᠡᠮᠵᠢ᠎ᠶ᠋ᠢᠨ ᠱᠢᠰᠲ᠋ᠧᠮ ᠤ᠋ᠨ ᠪᠠᠢᠭᠤᠯᠤᠯᠲᠠ᠎ᠶ᠋ᠢ ᠴᠢᠩᠭᠠᠳᠭᠠᠪᠠ᠃《ᠥᠪᠡᠷᠲᠡᠭᠡᠨ ᠵᠠᠰᠠᠬᠤ ᠣᠷᠣᠨ᠎ᠤ ᠣᠯᠠᠨ ᠨᠡᠢᠲᠡ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠲᠦᠷᠢᠮ》 ᠢ᠋ ᠨᠡᠢᠲᠡᠯᠡᠨ ᠬᠡᠷᠡᠭ᠌ᠵᠢᠭᠦᠯᠵᠦ᠍᠂ 《ᠥᠪᠡᠷᠲᠡᠭᠡᠨ ᠵᠠᠰᠠᠬᠤ ᠣᠷᠣᠨ᠎ᠤ〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠨᠡᠢᠭᠡᠮ᠎ᠦᠨ ᠢᠲᠡᠭᠡᠮᠵᠢ᠎ᠶ᠋ᠢᠨ ᠱᠢᠰᠲ᠋ᠧᠮ ᠤ᠋ᠨ ᠪᠠᠢᠭᠤᠯᠤᠯᠲᠠ᠎ᠶ᠋ᠢᠨ ᠲᠥᠯᠥᠪᠵᠢᠭᠦᠯᠭᠡ》 ᠶ᠋ᠢ ᠨᠠᠢᠷᠠᠭᠤᠯᠤᠨ ᠵᠣᠬᠢᠶᠠᠵᠤ᠂《ᠢᠲᠡᠭᠡᠮᠵᠢ᠎ᠪᠡᠨ ᠠᠯᠳᠠᠭ᠍ᠰᠠᠨ ᠬᠢᠵᠠᠭᠠᠷᠯᠠᠯ᠎ᠤᠨ ᠲᠦᠷᠢᠮ᠎ᠢ ᠤᠯᠠᠮ ᠴᠢᠨᠠᠭ᠍ᠰᠢᠳᠠ ᠲᠡᠭᠦᠯᠳᠡᠷᠵᠢᠭᠦᠯᠵᠦ᠍ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠢ᠋ ᠲᠣᠭ᠍ᠲᠠᠭᠠᠵᠤ᠂ ᠠᠷᠠᠳ ᠢᠷᠭᠡᠳ᠂ ᠨᠡᠢᠭᠡᠮ᠎ᠦᠨ ᠵᠣᠬᠢᠶᠠᠨ ᠪᠠᠢᠭᠤᠯᠤᠯᠲᠠ᠂ ᠠᠵᠤ ᠠᠬᠤᠢᠯᠠᠯ᠎ᠤᠨ ᠬᠠᠤᠯᠢ᠎ᠶ᠋ᠢ ᠰᠠᠬᠢᠭ᠍ᠰᠠᠨ ᠢᠲᠡᠭᠡᠮᠵᠢ᠎ᠶ᠋ᠢᠨ ᠲᠡᠮᠳᠡᠭ᠌ᠯᠡᠯ᠎ᠦᠨ ᠲᠦᠷᠢᠮ᠎ᠢ ᠨᠠᠢᠳᠠᠪᠤᠷᠢᠵᠢᠭᠤᠯᠪᠠ᠃《ᠵᠠᠰᠠᠭ᠎ᠤᠨ ᠶᠠᠪᠤᠳᠠᠯ᠎ᠤᠨ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠬᠡᠷᠡᠭ᠌ᠵᠢᠭᠦᠯᠬᠦ᠌ ᠲᠥᠰᠦᠯ》 ᠳ᠋ᠤ ᠵᠠᠰᠠᠪᠤᠷᠢ ᠣᠷᠣᠭᠤᠯᠵᠤ᠂ ᠢᠲᠡᠭᠡᠮᠵᠢ ᠪᠠᠨ ᠠᠯᠳᠠᠬᠤ᠎ᠶ᠋ᠢ ᠬᠢᠵᠠᠭᠠᠷᠯᠠᠬᠤ ᠠᠷᠭ᠎ᠠ ᠬᠡᠮᠵᠢᠶ᠎ᠡ᠎ᠶ᠋ᠢ ᠢᠯᠭᠠᠷᠠᠭᠤᠯᠬᠤ ᠠᠵᠢᠯ᠎ᠢ ᠥᠷᠨᠢᠭᠦᠯᠵᠦ᠍᠂ ᠢᠲᠡᠭᠡᠮᠵᠢ᠎ᠶ᠋ᠢ ᠰᠡᠷᠭᠦᠭᠡᠬᠦ᠌ ᠦᠶ᠋ᠯᠡᠴᠢᠯᠡᠭᠡᠨ᠎ᠦ ᠲᠡᠰ ᠲᠠᠷᠠᠭᠠᠯᠠᠯ ᠤ᠋ᠨ ᠴᠠᠭ᠎ᠤᠨ ᠬᠢᠵᠠᠭᠠᠷ᠎ᠢ ᠲᠠᠰᠤᠷᠠᠯᠲᠠ ᠥᠬᠡᠶ ᠱᠢᠯᠢᠳᠡᠭ᠌ᠵᠢᠭᠦᠯᠦᠨ᠂ ᠵᠠᠰᠠᠭ ᠵᠠᠬᠢᠷᠭᠠᠨ᠎ᠤ ᠱᠢᠢᠳᠭᠡᠯ ᠦᠭᠬᠦᠭᠰᠡᠨ ᠢᠲᠡᠭᠡᠮᠵᠢ᠎ᠶ᠋ᠢ ᠨᠡᠢᠲᠡ 326ᠤᠳᠠᠭᠠᠰᠡᠷᠭᠦᠭᠡᠪᠡ᠃ ᠢᠲᠡᠭᠡᠮᠵᠢ᠎ᠶ᠋ᠢᠨ ᠮᠡᠳᠡᠭᠡ ᠵᠠᠩᠭᠢ ᠶ᠋ᠢᠨ ᠲᠠᠪᠴᠠᠩ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠡᠯᠡᠲᠥᠷᠥᠯᠦᠨᠵᠠᠬᠠᠳᠡᠯᠭᠡᠭᠦᠷᠦᠨᠪᠡᠶᠡᠴᠢ ᠴᠣᠭ᠍ᠴᠠ᠎ᠶ᠋ᠢᠨ ᠮᠡᠳᠡᠭᠡ ᠵᠠᠩᠭᠢ᠎ᠶ᠋ᠢ 2.9 ᠳ᠋ᠦᠩᠱᠢᠭᠤᠷ ᠵᠤᠷᠪᠤᠰ ᠡᠮᠬᠢᠯᠡᠨ ᠴᠤᠭ᠍ᠯᠠᠭᠤᠯᠪᠠ᠃
19᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠠᠵᠢᠯ᠎ᠢ ᠨᠢᠭᠡᠳᠦᠯᠲᠡᠶ ᠲᠥᠯᠥᠪᠵᠢᠭᠦᠯᠦᠨᠠᠬᠢᠭᠤᠯᠪᠠ᠃ ᠨᠢᠭᠡ᠎ᠳᠦ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠪᠡ᠃《ᠭᠠᠳᠠᠨ᠎ᠠ ᠡᠴᠡ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠵᠦ᠍᠂ ᠳᠣᠲᠣᠭᠠᠳᠤ᠎ᠳᠠᠭᠠᠨ ᠳᠠᠬᠢᠨ ᠡᠭᠦᠰᠭᠦ᠎ᠶ᠋ᠢ ᠰᠡᠷᠭᠡᠢᠯᠡᠬᠦ᠌》᠎ᠶ᠋ᠢ ᠪᠠᠷᠢᠮᠲᠠᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠥᠰᠦᠯ᠎ᠳᠦ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍᠂ ᠠᠶᠤᠯ ᠲᠦᠭ᠌ᠰᠢᠭᠦᠷᠢ ᠶᠡᠬᠡᠲᠡᠶ ᠠᠵᠢᠯ ᠡᠷᠭᠢᠯᠡᠭ᠌ᠰᠡᠳᠦᠨ ᠰᠡᠷᠭᠡᠢᠯᠡᠨ ᠬᠠᠮᠠᠭᠠᠯᠠᠬᠤ ᠠᠷᠭ᠎ᠠᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠤᠯᠤᠰ᠎ᠤᠨ ᠳᠣᠲᠣᠭᠠᠳᠤ᠎ᠶ᠋ᠢᠨ ᠳᠤᠮᠳᠠ ᠥᠨᠳᠥᠷ ᠠᠶᠤᠯ ᠲᠦᠭ᠌ᠰᠢᠭᠦᠷᠢᠲᠡᠶ ᠭᠠᠵᠠᠷ ᠣᠷᠣᠨ ᠡᠴᠡ ᠢᠷᠡᠭ᠌ᠰᠡᠨ (ᠪᠤᠴᠠᠵᠤ ᠢᠷᠡᠭ᠌ᠰᠡᠨ) ᠬᠥᠮᠦᠰ᠎ᠢ ᠴᠢᠩᠭ᠎ᠠ ᠵᠢᠭ᠍ᠰᠠᠭᠠᠨ ᠪᠠᠢᠴᠠᠭᠠᠵᠤ ᠬᠠᠮᠢᠶᠠᠷᠤᠨ ᠡᠵᠡᠮᠳᠡᠪᠡ᠃ ᠨᠡᠢᠰᠯᠡᠯ᠎ᠦᠨ ᠨᠢᠰᠭᠡᠯ᠎ᠦᠨ ᠪᠠᠭᠤᠳᠠᠯ᠎ᠤᠨ ᠣᠯᠠᠨ ᠤᠯᠤᠰ᠎ᠤᠨ ᠵᠢᠱ᠋ᠢᠶᠠᠨᠤ ᠨᠢᠰᠭᠡᠯ᠎ᠢ ᠲᠠᠷᠬᠠᠭᠠᠨ ᠪᠠᠭᠤᠯᠭᠠᠬᠤ᠎ᠶ᠋ᠢ ᠱᠢᠶ᠋ᠳᠪᠦᠷᠢᠯᠡᠬᠦ᠌ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠬᠢᠯᠢ᠎ᠶ᠋ᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠬᠢᠯᠢ᠎ᠶ᠋ᠢᠨ ᠪᠣᠭᠣᠮᠲᠠ᠎ᠶ᠋ᠢᠨ《ᠬᠥᠮᠦᠨ》᠂《ᠪᠣᠳᠠᠰ》᠂ 《ᠣᠷᠴᠢᠨ ᠲᠣᠭᠣᠷᠢᠨ》 ᠤ᠋ ᠬᠠᠮᠲᠤ᠎ᠪᠠᠷ ᠰᠡᠷᠭᠡᠢᠯᠡᠬᠦ᠌ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠢᠯᠢ᠎ᠶ᠋ᠢᠨ ᠪᠣᠭᠣᠮᠲᠠ᠎ᠪᠠᠷ ᠬᠢᠯᠢ᠎ᠳᠦ ᠣᠷᠣᠵᠤ ᠢᠷᠡᠬᠦ᠌ ᠬᠥᠮᠦᠰ᠎ᠦᠨ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠭᠠᠳᠠᠭᠠᠳᠤ ᠡᠴᠡ ᠣᠷᠣᠭᠤᠯᠬᠤ ᠬᠦᠶ᠋ᠲᠡᠨ ᠬᠡᠯᠬᠢᠶᠡᠲᠦ ᠢᠳᠡᠭᠡᠨ ᠪᠠ ᠬᠦᠶ᠋ᠲᠡᠨ ᠬᠡᠯᠬᠢᠶᠡᠲᠦ ᠪᠤᠰᠤ ᠡᠳ᠋ ᠪᠣᠳᠠᠰ᠎ᠢ ᠪᠠᠢᠴᠠᠭᠠᠨ ᠬᠡᠮᠵᠢᠵᠦ᠍ ᠠᠷᠢᠭᠤᠳᠭᠠᠬᠤ᠎ᠶ᠋ᠢ ᠴᠢᠩᠭᠠᠳᠬᠠᠪᠠ᠃ ᠬᠦᠨᠳᠦ ᠶᠡᠬᠡ ᠬᠢᠵᠢᠭ᠎ᠦᠨ ᠪᠠᠢᠳᠠᠯ᠎ᠢ ᠣᠶᠤᠨᠴᠢ᠎ᠪᠠᠷ ᠣᠯᠠᠨ ᠲᠠᠯ᠎ᠠ ᠡᠴᠡ ᠬᠥᠨᠳᠡᠬᠦ᠌ ᠪᠠ ᠣᠯᠠᠨ ᠠᠷᠭ᠎ᠠ ᠵᠠᠮ᠎ᠢᠶᠠᠷ ᠬᠢᠨᠠᠨ ᠱᠢᠨᠵᠢᠵᠦ᠍ ᠰᠡᠷᠡᠮᠵᠢᠯᠡᠭᠦᠯᠬᠦ᠌ ᠲᠣᠭ᠍ᠲᠠᠴᠠ᠎ᠶ᠋ᠢ ᠪᠠᠢᠭᠤᠯᠵᠤ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠭᠡᠨᠡᠳᠲᠡ᠎ᠶ᠋ᠢᠨ ᠬᠡᠷᠡᠭ᠎ᠢ ᠠᠷᠭᠠᠴᠠᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠪᠡ᠃ ᠬᠣᠶᠠᠷ᠎ᠲᠤ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》 ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠪᠡ᠃ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠤᠨ ᠠᠵᠢᠯ ᠣᠯᠭᠣᠯᠲᠠ᠎ᠶ᠋ᠢ ᠪᠠᠲᠤᠯᠠᠬᠤ ᠲᠠᠯ᠎ᠠ ᠪᠠᠷ᠂ ᠠᠵᠤ ᠠᠬᠤᠢᠯᠠᠯ ᠢ ᠲᠤᠰᠠᠯᠠᠵᠤ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ ᠠᠵᠢᠯᠯᠠᠭ᠎ᠠ ᠪᠠ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ 1 — 8 ᠰᠠᠷ᠎ᠠ᠎ᠳᠤ᠂ ᠪᠥᠬᠥ᠌ ᠣᠷᠣᠨ᠎ᠤ ᠬᠣᠲᠠ ᠪᠠᠯᠭᠠᠰᠤ᠎ᠶ᠋ᠢᠨ 17.6 ᠲᠦᠮᠡᠨ ᠬᠥᠮᠦᠨ᠎ᠳᠦ ᠱᠢᠨ᠎ᠡ᠎ᠪᠡᠷ ᠠᠵᠢᠯ ᠣᠯᠭᠣᠵᠤ᠂ ᠣᠨ᠎ᠤ ᠲᠥᠯᠥᠪᠯᠡᠭᠡ᠎ᠶ᠋ᠢᠨ 88%᠎ᠶ᠋ᠢ ᠪᠡᠶᠡᠯᠡᠭᠦᠯᠪᠡ᠃ ᠠᠵᠢᠯ ᠠᠯᠳᠠᠯᠲᠠ᠎ᠶ᠋ᠢ ᠬᠢᠨᠠᠨ ᠬᠡᠮᠵᠢᠵᠦ᠍ ᠰᠡᠷᠡᠮᠵᠢᠯᠡᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ 19 ᠠᠵᠢᠯ ᠲᠥᠷᠥᠯ᠂ 5000 ᠡᠷᠦᠬᠡ ᠭᠣᠣᠯᠳᠠᠯᠭ᠎ᠠ᠎ᠲᠠᠶ ᠠᠵᠤ ᠠᠬᠤᠢᠯᠠᠯ᠎ᠳᠤ ᠬᠥᠳᠡᠯᠦᠩᠭᠦᠶ ᠬᠢᠨᠠᠨ ᠬᠡᠮᠵᠢᠯᠲᠡᠬᠢᠬᠦ᠌ᠶ᠋ᠢ ᠬᠡᠷᠡᠭ᠌ᠵᠢᠭᠦᠯᠵᠦ᠍᠂ ᠠᠵᠢᠯ ᠠᠯᠳᠠᠬᠤ ᠲᠦᠭ᠌ᠰᠢᠭᠦᠷᠢ᠎ᠶ᠋ᠢ ᠪᠦᠲᠦᠮᠵᠢᠲᠡᠶ ᠠᠷᠭᠠᠴᠠᠭᠠᠪᠠ᠃ ᠮᠥᠩᠭᠥᠨ ᠭᠦᠢᠯᠭᠡᠭᠡᠨ᠎ᠢ ᠲᠣᠭ᠍ᠲᠠᠪᠤᠷᠢᠵᠢᠭᠤᠯᠬᠤ ᠲᠠᠯ᠎ᠠ᠎ᠪᠠᠷ᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠳᠤ ᠱᠢᠭᠤᠳ ᠬᠦᠷᠬᠦ᠌ ᠵᠣᠭᠣᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠪᠠᠭᠠᠵᠢ᠎ᠶ᠋ᠢ ᠭᠦᠢᠴᠡᠳ ᠰᠠᠢᠲᠤᠷ ᠬᠡᠷᠡᠭ᠌ᠯᠡᠵᠦ᠍᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢ ᠬᠦᠳᠦᠯᠦᠨ ᠵᠢᠯᠣᠭᠣᠳᠴᠤ᠌ ᠪᠠᠢᠭᠠᠳ ᠠᠵᠤ ᠠᠬᠤᠢ᠎ᠶ᠋ᠢᠨ ᠦᠨᠳᠦᠰᠦᠨ ᠪᠠᠢᠳᠠᠯ᠎ᠢ ᠲᠣᠭ᠍ᠲᠠᠪᠤᠷᠢᠵᠢᠭᠤᠯᠬᠤ᠎ᠳᠤ ᠦᠢᠯᠡᠳᠦᠯ ᠦᠵᠡᠭᠦᠯᠪᠡ᠃ ᠭᠠᠳᠠᠭᠠᠳᠤ ᠠᠷᠠᠯᠵᠢᠶ᠎ᠠ᠎ᠶ᠋ᠢ ᠲᠣᠭ᠍ᠲᠠᠪᠤᠷᠢᠵᠢᠭᠤᠯᠵᠤ ᠭᠠᠳᠠᠭᠠᠳᠤ ᠪᠠᠯᠠ᠎ᠶ᠋ᠢ ᠲᠣᠭ᠍ᠲᠠᠪᠤᠷᠢᠵᠢᠭᠤᠯᠬᠤ ᠲᠠᠯ᠎ᠠ᠎ᠪᠠᠷ᠂ ᠤᠯᠤᠰ᠎ᠤᠨ《ᠨᠢᠭᠡ ᠪᠦᠰᠡ ᠨᠢᠭᠡ ᠵᠠᠮ》 ᠤ᠋ᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠳᠤ ᠢᠳᠡᠪᠬᠢᠲᠡᠶ ᠠᠭᠤᠰᠤᠯᠴᠠᠵᠤ᠂ ᠳᠤᠮᠳᠠᠳᠤ ᠣᠷᠣᠰ ᠮᠣᠩᠭᠣᠯᠤᠨᠠᠵᠤᠠᠬᠤᠶᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ᠂ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠠᠯᠠ ᠣᠷᠣᠭᠤᠯᠤᠯᠲᠠ᠎ᠶ᠋ᠢᠨ ᠬᠠᠤᠯᠢ ᠵᠢᠴᠢ ᠢᠵᠢ ᠪᠦᠷᠢᠲᠦᠭᠰᠡᠨ ᠬᠠᠤᠯᠢ ᠲᠣᠭ᠍ᠲᠠᠭᠠᠯ᠂ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠠᠯᠠ ᠣᠷᠣᠭᠤᠯᠬᠤ᠎ᠶ᠋ᠢ ᠵᠥᠪᠱᠢᠶᠡᠷᠡᠬᠦ᠌ ᠨᠠᠵᠠᠭᠠᠶ ᠲᠠᠯ᠎ᠠ᠎ᠶ᠋ᠢᠨ ᠨᠠᠷᠢᠨ ᠲᠠᠩᠰᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠱᠢᠨ᠎ᠡ᠎ᠪᠡᠷ ᠪᠠᠢᠭᠤᠯᠤᠭ᠍ᠰᠠᠨ 1 ᠳ᠋ᠦᠩᠱᠢᠭᠤᠷ ᠳ᠋ᠣᠯᠯᠠᠷ ᠡᠴᠡ ᠳᠡᠭᠡᠭ᠌ᠰᠢᠬᠢ ᠲᠣᠮᠣ ᠲᠥᠷᠥᠯ ᠵᠦᠶ᠋ᠯ᠎ᠢ ᠮᠥᠷᠳᠡᠨ ᠦᠶ᠋ᠯᠡᠴᠢᠯᠡᠬᠦ᠌ ᠡᠷᠴᠢᠮ᠎ᠢᠶᠡᠨ ᠴᠢᠩᠭᠠᠷᠠᠭᠤᠯᠤᠨ᠂ ᠭᠠᠳᠠᠭᠠᠳᠤ ᠠᠷᠠᠯᠵᠢᠶᠠᠨ᠎ᠤ ᠲᠣᠭ᠍ᠲᠠᠭᠤᠨ ᠪᠠᠢᠬᠤ᠎ᠶ᠋ᠢᠨ ᠵᠡᠷᠭᠡ᠎ᠳᠦ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃ 1 — 8 ᠰᠠᠷ᠎ᠠ᠎ᠳᠤ᠂ ᠪᠥᠬᠥ᠌ ᠣᠷᠣᠨ᠎ᠤ ᠭᠠᠳᠠᠭᠠᠳᠤ ᠠᠷᠠᠯᠵᠢᠶᠠᠨ᠎ᠤ ᠭᠠᠳᠠᠭᠠᠳᠤ ᠡᠴᠡ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠬᠡᠮᠵᠢᠶ᠎ᠡ 783 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢᠬᠤᠭᠤᠴᠠᠭᠠᠨᠤᠬᠢᠡᠴᠡ 16.9%᠎ᠪᠠᠷ ᠨᠡᠮᠡᠭ᠌ᠳᠡᠪᠡ᠃ ᠪᠠᠯᠠ ᠣᠷᠣᠭᠤᠯᠤᠯᠲᠠ᠎ᠶ᠋ᠢ ᠲᠣᠭ᠍ᠲᠠᠪᠤᠷᠢᠵᠢᠭᠤᠯᠬᠤ ᠲᠠᠯ᠎ᠠ᠎ᠪᠠᠷ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠶᠡᠬᠡ ᠬᠤᠷᠠᠯ ᠬᠤᠷᠠᠯᠳᠤᠭᠤᠯᠵᠤ᠂《ᠭᠤᠷᠪᠠᠨ ᠱᠠᠲᠤᠨ᠎ᠤ ᠤᠳᠤᠷᠢᠳᠤᠯᠭ᠎ᠠ》 ᠶ᠋ᠢᠨ ᠴᠢᠬᠤᠯᠠ ᠶᠡᠬᠡ ᠲᠥᠷᠥᠯ ᠵᠦᠶ᠋ᠯ᠎ᠢ ᠳᠠᠭᠠᠭᠠᠴᠢᠯᠠᠨ ᠬᠠᠷᠢᠯᠴᠠᠬᠤ ᠲᠦᠷᠢᠮ ᠪᠠ ᠴᠢᠬᠤᠯᠠ ᠶᠡᠬᠡ ᠲᠥᠷᠥᠯ ᠵᠦᠶ᠋ᠯ᠎ᠦᠨ ᠲᠢᠩᠬᠢᠮᠦᠨᠬᠣᠭᠣᠷᠣᠨᠳᠣᠬᠢ ᠬᠠᠮᠲᠤᠷᠠᠭ᠍ᠰᠠᠨ ᠬᠤᠷᠠᠯ᠎ᠤᠨ ᠲᠦᠷᠢᠮ᠎ᠢ ᠭᠦᠨᠵᠡᠭᠡᠶ ᠨᠠᠢᠳᠠᠪᠤᠷᠢᠵᠢᠭᠤᠯᠵᠤ᠂ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢᠨ ᠬᠡᠪᠴᠢᠶ᠎ᠡ᠎ᠶ᠋ᠢ ᠥᠷᠭᠡᠳᠭᠡᠪᠡ᠃ 1 — 8 ᠰᠠᠷ᠎ᠠ᠎ᠳᠤ᠂ ᠪᠥᠬᠥ᠌ ᠣᠷᠣᠨ᠎ᠤ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ 12.5% ᠪᠠᠷ ᠨᠡᠮᠡᠭ᠌ᠳᠡᠪᠡ᠃ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ 1 — 8 ᠰᠠᠷ᠎ᠠ᠎ᠳᠤ ᠪᠥᠬᠥ᠌ ᠣᠷᠣᠨ᠎ᠳᠤ 500 ᠲᠦᠮᠡᠨ ᠲᠥᠭᠥᠷᠢᠭ᠎ᠡᠴᠡ ᠳᠡᠭᠡᠭ᠌ᠰᠢᠬᠢ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ 1383 ᠲᠥᠷᠥᠯ ᠵᠦᠶ᠋ᠯ᠎ᠢ ᠬᠡᠷᠡᠭ᠌ᠵᠢᠭᠦᠯᠵᠦ᠍᠂ 1073.35 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠎ᠶ᠋ᠢ ᠲᠡᠳᠡᠨ ᠣᠷᠣᠭᠤᠯᠪᠠ᠃ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ ᠲᠠᠯ᠎ᠠ᠎ᠪᠠᠷ᠂ ᠤᠯᠤᠰ᠎ᠤᠨ ᠡᠳ᠋᠎ᠦᠨ ᠵᠠᠰᠠᠭ᠎ᠤᠨ ᠲᠦᠷᠦ᠍᠎ᠶ᠋ᠢᠨ ᠪᠤᠳᠤᠯᠭ᠎ᠠ ᠪᠠ ᠵᠣᠭᠣᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠨᠡᠢᠭᠡᠮ᠎ᠦᠨ ᠵᠢᠱ᠌ᠢᠯᠲᠡ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠨ᠂ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠴᠠᠭ ᠲᠤᠬᠠᠢᠳᠤᠨᠢ ᠬᠠᠷᠢᠭᠤᠯᠲᠠ ᠥᠭ᠌ᠴᠦ᠂ ᠮᠡᠳᠡᠭᠡ ᠵᠠᠩᠭᠢ ᠨᠡᠢᠲᠡᠯᠡᠬᠦ᠌ ᠪᠠ ᠲᠦᠷᠦ᠍᠎ᠶ᠋ᠢᠨ ᠪᠤᠳᠤᠯᠭ᠎ᠠ᠎ᠶ᠋ᠢ ᠲᠠᠢᠯᠪᠤᠷᠢᠯᠠᠬᠤ ᠠᠵᠢᠯ᠎ᠢ ᠰᠠᠢᠲᠤᠷ ᠬᠢᠵᠦ᠍᠂ ᠵᠠᠬ᠎ᠠ ᠳᠡᠯᠭᠡᠭᠦᠷ᠎ᠦᠨ ᠪᠡᠶᠡᠴᠢ ᠴᠣᠭ᠍ᠴᠠ᠎ᠶ᠋ᠢᠨ ᠢᠲᠡᠭᠡᠯ᠎ᠢ ᠨᠡᠮᠡᠭ᠌ᠳᠡᠭᠦᠯᠪᠡ᠃《ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ ᠤ᠋ ᠠᠵᠢᠯ ᠦᠶ᠋ᠯᠡᠰ᠎ᠦᠨ ᠴᠢᠨᠠᠷᠲᠠᠶ ᠰᠦᠶ᠋ᠳᠭᠡᠯ ᠬᠤᠷᠢᠶᠠᠬᠤ ᠭᠠᠷᠴᠠᠭ᠎ᠤᠨ ᠨᠠᠷᠢᠨ ᠳᠠᠩᠰᠠ》 ᠶ᠋ᠢ ᠴᠠᠭ ᠲᠤᠬᠠᠶ᠎ᠳᠤᠨᠢ ᠱᠢᠨᠡᠳᠭᠡᠵᠦ᠍᠂ ᠨᠠᠷᠢᠨ ᠳᠠᠩᠰᠠ ᠡᠴᠡ ᠭᠠᠳᠠᠭᠤᠷ ᠳᠤᠷ᠎ᠠ᠎ᠪᠠᠷ᠎ᠢᠶᠠᠨ ᠰᠦᠶ᠋ᠳᠭᠡᠯ ᠬᠤᠷᠢᠶᠠᠬᠤ ᠡᠴᠡ ᠰᠡᠷᠭᠡᠢᠯᠡᠪᠡ᠃ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯᠯᠠᠭᠠᠨ ᠲᠣᠭ᠍ᠲᠠᠭᠤᠨ᠎ᠤ ᠳᠤᠮᠳᠠ ᠰᠠᠢᠵᠢᠷᠠᠵᠤ᠂ ᠲᠣᠭ᠍ᠲᠠᠭᠤᠨ᠎ᠢᠶᠠᠷ ᠰᠡᠷᠭᠦᠬᠦ᠌ ᠪᠠᠢᠳᠠᠯ᠎ᠢᠶᠠᠨ ᠪᠠᠲᠤᠯᠠᠪᠠ᠃ ᠳᠡᠭᠡᠷ᠎ᠡ ᠬᠠᠭᠠᠰ ᠵᠢᠯ᠎ᠳᠦ᠂ ᠪᠥᠬᠥ᠌ ᠣᠷᠣᠨ᠎ᠤ ᠤᠷᠤᠨ ᠨᠤᠳᠤᠭ ᠤ᠋ᠨ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ 9103.6 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 10.4% ᠪᠠᠷ ᠨᠡᠮᠡᠭ᠌ᠳᠡᠪᠡ᠃ ᠭᠤᠷᠪᠠ᠎ᠳᠤ᠂《ᠵᠢᠷᠭᠤᠭ᠎ᠠ᠎ᠶ᠋ᠢ ᠪᠠᠲᠤᠯᠠᠬᠤ》 ᠡᠭᠦᠷᠭᠡ᠎ᠶ᠋ᠢ ᠪᠦᠬᠦ᠌ ᠬᠦᠴᠦᠨ᠎ᠢᠶᠡᠷ ᠨᠠᠢᠳᠠᠪᠤᠷᠢᠵᠢᠭᠤᠯᠪᠠ᠃ ᠠᠷᠠᠳ᠎ᠤᠨ ᠦᠨᠳᠦᠰᠦᠨ ᠠᠮᠢᠳᠤᠷᠠᠯ᠎ᠢ ᠪᠠᠲᠤᠯᠠᠬᠤ ᠲᠠᠯ᠎ᠠ᠎ᠪᠠᠷ᠂ ᠠᠷᠠᠳ᠎ᠤᠨ ᠦᠨᠳᠦᠰᠦᠨ ᠠᠮᠢᠳᠤᠷᠠᠯ᠎ᠤᠨ ᠣᠷᠣᠯᠭ᠎ᠠ᠎ᠶ᠋ᠢ ᠦᠷᠭᠦᠯᠵᠢᠯᠡᠨ ᠨᠡᠮᠡᠭ᠌ᠳᠡᠭᠦᠯᠵᠦ᠍᠂ ᠳᠡᠭᠡᠷ᠎ᠡ ᠬᠠᠭᠠᠰ ᠵᠢᠯ᠎ᠳᠦ᠂ ᠪᠥᠬᠥ᠌ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 16259 ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ ᠡᠴᠡ 11.2% ᠢ᠋ᠢᠡᠷ ᠨᠡᠮᠡᠭ᠌ᠳᠡᠪᠡ᠂ ᠡᠭᠦᠨ᠎ᠳᠦ ᠬᠣᠲᠠ ᠪᠠᠯᠭᠠᠰᠤ᠂ ᠮᠠᠯᠵᠢᠬᠤ ᠲᠠᠷᠢᠶᠠᠯᠠᠬᠤ ᠣᠷᠣᠨ᠎ᠤ ᠪᠠᠢᠩᠭᠤ ᠰᠠᠭᠤᠭ᠎ᠠ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ ᠲᠣᠰ ᠲᠣᠰ 10%᠂ 14.5% ᠪᠡᠷ ᠨᠡᠮᠡᠭ᠌ᠳᠡᠪᠡ᠃ ᠨᠡᠢᠭᠡᠮ᠎ᠦᠨ ᠪᠠᠲᠤᠯᠠᠭ᠎ᠠ᠎ᠶ᠋ᠢᠨ ᠡᠷᠴᠢᠮ᠎ᠢ ᠴᠢᠩᠭᠠᠷᠠᠭᠤᠯᠵᠤ᠂ 6 ᠰᠠᠷ᠎ᠠ᠎ᠶ᠋ᠢᠨ ᠡᠴᠦᠰ ᠪᠣᠯᠲᠠᠯ᠎ᠠ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠂ ᠬᠣᠲᠠ ᠪᠠᠯᠭᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠂ ᠠᠵᠢᠯ ᠠᠯᠳᠠᠯᠲᠠ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠳᠡᠭᠡᠷ᠎ᠡ ᠵᠢᠯ᠎ᠦᠨ ᠡᠴᠦᠰᠦᠨᠬᠢᠡᠴᠡ ᠲᠣᠰ ᠲᠣᠰ 2.57 ᠲᠦᠮᠡ᠂ 8.77 ᠲᠦᠮᠡ ᠪᠠ 4.94 ᠲᠦᠮᠡ ᠨᠡᠮᠡᠭ᠌ᠳᠡᠪᠡ᠃ ᠬᠣᠲᠠ ᠪᠠᠯᠭᠠᠰᠤᠨ᠎ᠤ ᠬᠠᠭᠤᠴᠢᠨ ᠰᠠᠭᠤᠭᠠᠯᠢ ᠠᠷᠠᠳ ᠤ᠋ᠨ ᠲᠣᠭᠣᠷᠢᠭ ᠪᠠ ᠳᠥᠭᠥᠮ ᠪᠦᠲᠦᠴᠡᠲᠦ ᠣᠷᠣᠨ ᠰᠠᠭᠤᠴᠠ᠎ᠶ᠋ᠢᠨ ᠲᠣᠭᠣᠷᠢᠭ᠎ᠤᠨ ᠥᠭᠡᠷᠡᠴᠢᠯᠡᠯᠲᠡ᠎ᠶ᠋ᠢ ᠲᠦᠷᠭᠡᠳᠭᠡᠵᠦ᠍᠂ ᠬᠣᠲᠠ ᠪᠠᠯᠭᠠᠰᠤᠨ᠎ᠤ ᠬᠠᠭᠤᠴᠢᠨ ᠰᠠᠭᠤᠭᠠᠯᠢ ᠠᠷᠠᠳ ᠤ᠋ᠨ ᠲᠣᠭᠣᠷᠢᠭ ᠤᠨ 21.1 ᠲᠦᠮᠡᠨ ᠡᠷᠦᠬᠡ᠎ᠶ᠋ᠢᠨ ᠪᠠᠷᠢᠯᠭ᠎ᠠ᠎ᠶ᠋ᠢ ᠡᠬᠢᠯᠡᠭᠦᠯᠵᠦ᠍᠂ 15339 ᠢᠵᠢ ᠳᠥᠭᠥᠮ ᠪᠦᠲᠦᠴᠡᠲᠦ ᠣᠷᠣᠨ ᠰᠠᠭᠤᠴᠠ᠎ᠶ᠋ᠢᠨ ᠥᠭᠡᠷᠡᠴᠢᠯᠡᠯᠲᠡ᠎ᠶ᠋ᠢ ᠡᠬᠢᠯᠡᠭᠦᠯᠪᠡ᠃ ᠰᠠᠷ᠎ᠠ ᠪᠦᠷᠢ᠎ᠶ᠋ᠢᠨ CPI ᠵᠢᠴᠢ ᠢᠳᠡᠭᠡᠨ᠎ᠦ ᠵᠦᠶ᠋ᠯ᠎ᠦᠨ ᠦᠨ᠎ᠡ ᠬᠠᠩᠰᠢ᠎ᠶ᠋ᠢᠨ ᠵᠢᠭᠠᠯᠲᠠ ᠲᠣᠭ᠎ᠠ᠎ᠶ᠋ᠢᠨ ᠬᠤᠪᠢᠷᠠᠯᠲᠠ᠎ᠶ᠋ᠢᠨ ᠪᠠᠢᠳᠠᠯ᠎ᠢ ᠦᠷᠭᠦᠯᠵᠢᠯᠡᠨ ᠠᠩᠬᠠᠷᠴᠤ᠌᠂ ᠨᠡᠢᠭᠡᠮ᠎ᠦᠨ ᠠᠪᠤᠷᠠᠨ ᠲᠤᠰᠠᠯᠠᠬᠤ ᠪᠠ ᠪᠠᠲᠤᠯᠠᠭ᠎ᠠ᠎ᠶ᠋ᠢᠨ ᠵᠡᠭᠦᠯᠲᠡ᠎ᠶ᠋ᠢ ᠪᠠᠷᠠᠭ᠎ᠠ᠎ᠶ᠋ᠢᠨ ᠦᠨ᠎ᠡ᠎ᠶ᠋ᠢᠨ ᠥᠰᠥᠯᠲᠡ᠎ᠯᠦᠭᠡ ᠬᠣᠯᠪᠣᠭ᠍ᠳᠠᠭᠤᠯᠵᠤ ᠬᠠᠮᠲᠤᠷᠠᠨ ᠬᠥᠳᠡᠯᠦᠯᠴᠡᠬᠦ᠌ ᠲᠣᠭ᠍ᠲᠠᠴᠠ᠎ᠶ᠋ᠢ ᠴᠠᠭ ᠲᠤᠬᠠᠶ᠎ᠳᠤᠨᠢ ᠡᠬᠢᠯᠡᠭᠦᠯᠦᠨ᠂ ᠠᠮᠤ ᠲᠣᠰᠣ᠂ ᠮᠢᠬᠠᠨ᠎ᠤ ᠵᠦᠶ᠋ᠯ ᠵᠡᠷᠭᠡ ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠦ ᠵᠦᠶ᠋ᠯ᠎ᠦᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ ᠠᠵᠢᠯ᠎ᠢ ᠰᠠᠢᠲᠤᠷ ᠬᠢᠪᠡ᠃ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢ ᠪᠠᠲᠤᠯᠠᠬᠤ ᠲᠠᠯ᠎ᠠ᠎ᠪᠠᠷ᠂ ᠠᠵᠦ ᠠᠬᠤᠢᠯᠠᠯ᠎ᠢ ᠬᠠᠪᠰᠤᠷᠤᠨ ᠬᠦᠴᠢᠷᠳᠡᠯ᠎ᠢ᠎ᠨᠢ ᠱᠢᠶ᠋ᠳᠪᠦᠷᠢᠯᠡᠬᠦ᠌ ᠪᠠ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠡᠪᠡᠷᠱᠢᠶᠡᠯ ᠬᠦᠴᠢᠷ ᠠᠰᠠᠭᠤᠳᠠᠯ᠎ᠢᠶᠠᠷ ᠬᠦᠴᠦᠯᠡᠬᠦ᠌ ᠴᠡᠭ ᠪᠣᠯᠭᠠᠵᠤ᠂《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠵᠡᠷᠭᠡ ᠭᠤᠤᠯᠳᠠᠯᠭ᠎ᠠ᠎ᠲᠠᠶ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠬᠦᠴᠦ᠍ ᠲᠠᠮᠢᠷ᠎ᠢᠶᠠᠨ ᠴᠢᠨᠠᠭ᠍ᠰᠢᠳᠠ ᠰᠡᠷᠭᠦᠭᠡᠬᠦ᠌᠎ᠳᠦ ᠬᠦᠴᠦᠨ ᠨᠡᠮᠡᠷᠢᠯᠡᠪᠡ᠃ ᠭᠠᠢᠯᠢ ᠰᠦᠶ᠋ᠳᠭᠡᠯ᠎ᠦᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠲᠡᠷᠡ ᠶᠣᠰᠣᠭᠠᠷ ᠨᠢ ᠨᠠᠢᠳᠠᠪᠤᠷᠢᠵᠢᠭᠤᠯᠵᠤ᠂ 1— 8 ᠰᠠᠷ᠎ᠠ᠎ᠳᠤ ᠨᠡᠢᠲᠡ 131.98 ᠳ᠋ᠦᠩᠱᠢᠭᠤᠷ ᠲᠥᠭᠥᠷᠢᠭ᠎ᠦᠨ ᠭᠠᠢᠯᠢ ᠵᠢ ᠬᠥᠩᠭᠡᠯᠡᠨ ᠰᠦᠶ᠋ᠳᠭᠡᠯ᠎ᠢ ᠪᠠᠭᠤᠷᠠᠭᠤᠯᠵᠦ᠂ ᠠᠵᠤ ᠠᠬᠤᠢᠯᠠᠯ᠎ᠤᠨ ᠴᠠᠬᠢᠯᠭᠠᠨ ᠬᠡᠷᠡᠭ᠌ᠯᠡᠬᠦ᠌ ᠥᠪᠡᠷ᠎ᠦᠨ ᠥᠷᠲᠡᠭ᠎ᠢ 60.28 ᠳ᠋ᠦᠩᠱᠢᠭᠤᠷ ᠲᠥᠭᠥᠷᠢᠭ ᠪᠠᠭᠤᠷᠠᠭᠤᠯᠵᠤ᠂ ᠵᠠᠮ᠎ᠤᠨ ᠰᠦᠶ᠋ᠳᠭᠡᠯ᠎ᠢ 7.55 ᠳ᠋ᠦᠩᠱᠢᠭᠤᠷ ᠲᠥᠭᠥᠷᠢᠭ ᠬᠠᠰᠤᠵᠤ ᠬᠡᠯᠲᠦᠷᠢᠭᠦᠯᠪᠡ᠃ ᠠᠷᠠᠳ᠎ᠤᠨ ᠠᠭᠠᠷ᠎ᠤᠨ ᠲᠡᠭᠡᠭᠡᠪᠦᠷᠢ ᠵᠡᠷᠭᠡ ᠪᠠᠷᠠᠭᠠᠨ᠎ᠤ ᠭᠦᠶ᠋ᠯᠭᠡᠭᠡᠨ᠎ᠦ ᠬᠦᠷᠢᠶ᠎ᠡ ᠴᠠᠷᠠᠭ᠎ᠠ᠂ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠵᠠᠭᠤᠴᠢ᠂ ᠠᠵᠢᠯ ᠲᠥᠷᠥᠯ᠎ᠦᠨ ᠨᠡᠢᠭᠡᠮᠯᠢᠭ᠎ᠦᠨ ᠬᠠᠮᠢᠶ᠎ᠠ ᠪᠥᠬᠥᠶ ᠬᠦᠷᠢᠶ᠎ᠡ ᠴᠠᠷᠠᠭ᠎ᠠ᠎ᠶ᠋ᠢᠨ ᠲᠣᠭ᠍ᠲᠠᠭᠠᠯ᠎ᠠᠴᠠ ᠵᠥᠷᠢᠴᠡᠨ ᠰᠦᠶ᠋ᠳᠭᠡᠯ ᠬᠤᠷᠢᠶᠠᠬᠤ ᠠᠰᠠᠭᠤᠳᠠᠯ᠎ᠢ ᠴᠡᠭ᠌ᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠠᠷᠠᠳ᠎ᠠᠴᠠ ᠡᠵᠡᠩᠨᠡᠭ᠌ᠰᠡᠨ ᠪᠠ ᠵᠢᠵᠢᠭ ᠪᠢᠴᠢᠯ ᠠᠵᠤ ᠠᠬᠤᠢᠯᠠᠯ᠎ᠳᠤ ᠢᠲᠡᠭᠡᠮᠵᠢᠲᠦ ᠵᠢᠭᠡᠯᠡᠯᠭᠡ᠎ᠶ᠋ᠢᠨ ᠳᠡᠮᠵᠢᠯᠭᠡ ᠦᠵᠡᠭᠦᠯᠬᠦ᠌᠎ᠶᠢ ᠨᠡᠮᠡᠭ᠌ᠳᠡᠭᠦᠯᠵᠦ᠍᠂ 《ᠲᠥᠷᠥᠯ ᠵᠦᠶ᠋ᠯ᠎ᠢ ᠪᠠᠲᠤᠯᠠᠬᠤ᠂ ᠬᠦᠷᠢᠶᠡᠯᠡᠩ ᠲᠣᠭᠣᠷᠢᠭ᠎ᠲᠤ ᠤᠷᠤᠬᠤ᠂ ᠠᠵᠤ ᠠᠬᠤᠢᠯᠠᠯ᠎ᠳᠤ ᠣᠷᠣᠬᠤ᠂ ᠬᠥᠳᠡᠭᠡ ᠳᠤᠰᠬᠤᠨ᠎ᠳᠤ ᠪᠠᠭᠤᠬᠤ》 ᠲᠤᠰᠭᠠᠶ ᠠᠵᠢᠯᠯᠠᠭ᠎ᠠ᠎ᠶ᠋ᠢ ᠭᠦᠨᠵᠡᠭᠡᠢᠷᠡᠭᠦᠯᠦᠨ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠵᠢᠭᠡᠯᠡᠯᠭᠡ᠎ᠶ᠋ᠢᠨ ᠡᠬᠡ ᠬᠦᠦ᠍ᠲᠡᠶᠨᠢ ᠪᠤᠴᠠᠭᠠᠬᠤ ᠬᠤᠭᠤᠴᠠᠭ᠎ᠠ᠎ᠶ᠋ᠢ ᠤᠷᠲᠤᠳᠭᠠᠬᠤ ᠲᠥᠷᠥ᠎ᠶ᠋ᠢᠨ ᠪᠣᠳᠣᠯᠭ᠎ᠠ ᠪᠠ ᠵᠢᠵᠢᠭ ᠪᠢᠴᠢᠯ ᠠᠵᠤ ᠠᠬᠤᠢᠯᠠᠯ᠎ᠳᠤ ᠨᠡᠢᠳᠡᠮ ᠠᠱᠢᠭ ᠬᠦᠷᠲᠡᠭᠡᠬᠦ᠌ ᠢᠲᠡᠭᠡᠮᠵᠢᠲᠦ ᠵᠢᠭᠡᠯᠡᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠪᠠ᠃ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠲᠠᠯ᠎ᠠ᠎ᠪᠠᠷ᠂ ᠪᠥᠬᠥ᠌ ᠣᠷᠣᠨ᠎ᠤ ᠠᠮᠤ ᠪᠤᠳᠠᠭᠠᠨ᠎ᠤ ᠲᠠᠷᠢᠮᠠᠯ᠎ᠤᠨ ᠲᠠᠯᠠᠪᠠᠶ 11141.4 ᠲᠦᠮᠡᠨ ᠮᠥ᠍ ᠪᠠᠢᠵᠤ᠂ ᠠᠳᠠᠯᠢ ᠬᠤᠭᠤᠴᠠᠭᠠᠨ᠎ᠤ᠎ᠬᠢ᠎ᠡᠴᠡ 2.9% ᠪᠠᠷ ᠨᠡᠮᠡᠭ᠌ᠳᠡᠵᠦ᠍᠂ ᠤᠯᠤᠰ᠎ᠠᠴᠠ ᠪᠠᠭᠤᠯᠭᠠᠭ᠍ᠰᠠᠨ ᠠᠮᠤ ᠪᠤᠳᠠᠭ᠎ᠠ ᠳᠠᠷᠢᠬᠤ ᠡᠭᠦᠷᠭᠡ᠎ᠶ᠋ᠢ ᠳᠠᠪᠠᠭᠤᠯᠤᠨ ᠪᠡᠶᠡᠯᠡᠭᠦᠯᠵᠦ᠍᠂ ᠪᠥᠬᠥ᠌ ᠣᠷᠣᠨ᠎ᠤ ᠠᠮᠤ ᠪᠤᠳᠠᠭᠠᠨ᠎ᠤ ᠤᠨᠠᠯᠲᠠ ᠠᠷᠪᠠᠨ ᠨᠠᠶ᠋ᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ ᠪᠣᠯᠤᠮᠵᠢᠲᠠᠶ ᠪᠤᠯᠪᠠ᠃ ᠪᠦᠬᠦ᠌ ᠤᠯᠤᠰ᠎ᠤᠨ ᠠᠩᠬᠠᠳᠠᠭ᠍ᠴᠢ ᠠᠮᠤ ᠪᠤᠳᠠᠭᠠᠨ᠎ᠤ ᠬᠥᠭ᠌ᠵᠢᠯᠲᠡ᠎ᠶ᠋ᠢᠨ ᠶᠡᠷᠦᠩᠬᠡᠢᠯᠡᠭ᠌ᠰᠡᠨ ᠦᠨᠡᠯᠡᠯᠲᠡ᠎ᠶ᠋ᠢᠨ ᠵᠢᠭᠠᠯᠲᠠ ᠲᠣᠭ᠎ᠠ᠎ᠶ᠋ᠢ ᠨᠡᠢᠲᠡᠯᠡᠵᠦ᠍᠂ ᠠᠮᠤ ᠪᠤᠳᠠᠭᠠᠨ᠎ᠤ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠠᠷᠭ᠎ᠠ ᠵᠠᠮ᠎ᠢ ᠢᠳᠡᠪᠬᠢᠲᠡᠢ ᠬᠠᠢᠨ ᠰᠦᠪᠡᠭ᠌ᠴᠢᠯᠡᠪᠡ᠃ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠲᠠᠯ᠎ᠠ᠎ᠪᠠᠷ᠂ ᠨᠡᠭᠦᠷᠡᠰᠦᠨ᠎ᠦ ᠵᠠᠬ᠎ᠠ ᠳᠡᠯᠭᠡᠭᠦᠷ᠎ᠦᠨ ᠲᠣᠭ᠍ᠲᠠᠭᠤᠨ ᠬᠠᠩᠭᠠᠯᠭ᠎ᠠ᠎ᠶ᠋ᠢ ᠪᠠᠲᠤᠯᠠᠵᠤ᠂ 1 — 8 ᠰᠠᠷ᠎ᠠ᠎ᠳᠤ ᠪᠥᠬᠥ᠌ ᠣᠷᠣᠨ᠎ᠤ ᠲᠦᠭᠦᠬᠡᠶ ᠨᠡᠭᠦᠷᠡᠰᠦᠨ᠎ᠦ ᠭᠠᠷᠤᠯᠲᠠ 6.49 ᠳ᠋ᠦᠩᠱᠢᠭᠤᠷ ᠲᠣᠨ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ ᠲᠠᠢ ᠲᠡᠩᠴᠡᠪᠡ; ᠪᠥᠬᠥ᠌ ᠣᠷᠣᠨ᠎ᠤ ᠴᠠᠬᠢᠯᠭᠠᠨ ᠭᠠᠷᠭᠠᠭ᠍ᠰᠠᠨ ᠬᠡᠮᠵᠢᠶ᠎ᠡ 3974 ᠳ᠋ᠦᠩᠱᠢᠭᠤᠷ ᠺᠢᠯᠦᠸᠠᠲ ᠴᠠᠭ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 7.7% ᠪᠠᠷ ᠨᠡᠮᠡᠭ᠌ᠳᠡᠨ᠂ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠭ᠍ᠰᠠᠨ ᠬᠡᠮᠵᠢᠶ᠎ᠡ 19.2% ᠢ᠋ ᠡᠵᠡᠯᠡᠵᠦ᠍᠂ ᠴᠠᠬᠢᠯᠭᠠᠨ ᠬᠦᠴᠦᠨ᠎ᠦ ᠦᠶ᠋ᠯᠡᠳᠪᠦᠷᠢᠯᠡᠯ᠎ᠦᠨ ᠪᠦᠲᠦᠴᠡ ᠦᠷᠭᠦᠯᠵᠢᠯᠡᠨ ᠱᠢᠯᠢᠳᠡᠭ᠌ᠵᠢᠪᠡ᠃ ᠡᠨᠧᠷᠭᠢ᠎ᠶ᠋ᠢᠨ ᠬᠣᠷᠣᠭ᠍ᠳᠠᠯ ᠶᠡᠬᠡᠲᠡᠶ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠴᠡᠪᠡᠷ ᠡᠨᠧᠷᠭᠢ᠎ᠶ᠋ᠢ ᠣᠷᠣᠯᠠᠭᠤᠯᠬᠤ ᠲᠥᠷᠥᠯ ᠵᠦᠶ᠋ᠯ᠎ᠦᠨ ᠲᠤᠷᠱᠢᠯᠲᠠ᠎ᠶ᠋ᠢᠨ ᠴᠢᠬᠢ ᠡᠬᠢᠯᠡᠭᠦᠯᠦᠨ ᠬᠡᠷᠡᠭ᠌ᠵᠢᠭᠦᠯᠵᠦ᠍᠂ ᠪᠥᠬᠥ᠌ ᠣᠷᠣᠨ᠎ᠤ ᠲᠠᠷᠬᠠᠮᠠᠯ ᠮᠠᠶᠢᠭ᠎ᠤᠨ ᠱᠢᠨ᠎ᠡ ᠡᠨᠧᠷᠭᠢ᠎ᠶ᠋ᠢᠨ ᠲᠥᠷᠥᠯ ᠵᠦᠶ᠋ᠯ᠎ᠦᠨ ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠯᠡᠭᠡ᠎ᠶ᠋ᠢ ᠨᠠᠢᠷᠠᠭᠤᠯᠤᠨ ᠵᠣᠬᠢᠶᠠᠪᠠ᠃ ᠣᠷᠳᠣᠰ᠎ᠤᠨ ᠨᠡᠭᠦᠷᠡᠰᠦ᠎ᠪᠡᠷ ᠲᠣᠰᠣ ᠬᠡᠢ ᠦᠢᠯᠡᠳᠬᠦ᠌ ᠪᠠᠢᠯᠳᠤᠬᠤ ᠪᠣᠳᠣᠯᠭ᠎ᠠ᠎ᠶ᠋ᠢᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢ ᠲᠦᠯᠬᠢᠨ ᠠᠬᠢᠭᠤᠯᠵᠤ᠂ ᠴᠠᠬᠢᠯᠭᠠᠨ᠎ᠤ ᠰᠤᠷᠪᠤᠯᠵᠢ᠂ᠴᠠᠬᠢᠯᠭᠠᠨ ᠲᠣᠣᠷ᠂ ᠳᠠᠭᠠᠭᠠᠴᠠ᠂ ᠨᠥᠭᠡᠴᠡ᠎ᠶ᠋ᠢ ᠨᠢᠭᠡ ᠴᠣᠭ᠍ᠴᠠᠵᠢᠭᠤᠯᠬᠤ᠂ ᠰᠠᠯᠬᠢᠨ ᠬᠦᠴᠦᠨ᠂ ᠭᠡᠷᠡᠯᠴᠢ ᠴᠡᠨᠡᠭ᠂ ᠨᠡᠭᠦᠷᠡᠰᠦ᠂ ᠨᠥᠭᠡᠴᠡ᠎ᠶ᠋ᠢ ᠨᠢᠭᠡ ᠴᠣᠭ᠍ᠴᠠᠵᠢᠭᠤᠯᠬᠤ ᠶᠡᠷᠦᠩᠬᠡᠢᠯᠡᠭ᠌ᠰᠡᠨ ᠬᠡᠷᠡᠭ᠌ᠯᠡᠭᠡᠨ᠎ᠦ ᠵᠢᠱ᠌ᠢᠶ᠎ᠡ ᠦᠵᠡᠭᠦᠯᠬᠦ᠌᠎ᠶ᠋ᠢ ᠥᠷᠨᠢᠭᠦᠯᠵᠦ᠍᠂ ᠤᠯᠤᠰ᠎ᠤᠨ ᠣᠳᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠵᠢᠱ᠌ᠢᠶ᠎ᠡ ᠦᠵᠡᠭᠦᠯᠬᠦ᠌ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠶ᠋ᠢ ᠲᠦᠯᠬᠢᠨ ᠠᠬᠢᠭᠤᠯᠪᠠ᠃ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ ᠪᠠᠢᠬᠤ᠎ᠶ᠋ᠢ ᠪᠠᠲᠤᠯᠠᠬᠤ ᠲᠠᠯ᠎ᠠ᠎ᠪᠠᠷ᠂ ᠬᠣᠪᠣᠷ ᠱᠢᠷᠣᠶ᠂ ᠰᠠᠯᠬᠢᠨ ᠬᠦᠴᠦᠨ᠎ᠦ ᠴᠠᠬᠢᠯᠭᠠᠨ ᠵᠡᠷᠭᠡ 7 ᠦᠶ᠋ᠯᠡᠳᠬᠦ᠌ ᠦᠶ᠋ᠯᠡᠰ᠎ᠦᠨ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢ ᠪᠥᠬᠥ᠌ ᠲᠠᠯ᠎ᠠ᠎ᠪᠠᠷ ᠡᠮᠬᠢᠯᠡᠵᠦ᠍᠂ ᠠᠵᠤ ᠦᠶ᠋ᠯᠡᠰ᠎ᠦᠨ ᠬᠡᠯᠬᠢᠶ᠎ᠡ᠎ᠶ᠋ᠢ ᠴᠢᠩᠭᠠᠳᠬᠠᠬᠤ᠂ ᠬᠡᠯᠬᠢᠶ᠎ᠡ᠎ᠶ᠋ᠢ ᠨᠥᠬᠥᠪᠥᠷᠢᠯᠡᠬᠦ᠌᠂ ᠬᠡᠯᠬᠢᠶ᠎ᠡ᠎ᠶ᠋ᠢ ᠤᠷᠲᠤᠳᠭᠠᠬᠤ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠲᠣᠳᠣᠷᠬᠠᠢᠯᠠᠨ᠂ ᠳᠠᠭᠠᠭᠤᠯᠤᠬᠴᠢ ᠠᠵᠤ ᠠᠬᠤᠢᠯᠠᠯ᠎ᠤᠨ ᠳᠠᠢᠴᠢᠯᠠᠬᠤ ᠦᠶ᠋ᠯᠡᠳᠦᠯ᠎ᠢᠶᠡᠨ ᠪᠠᠳᠠᠷᠠᠭᠤᠯᠬᠤ᠎ᠶ᠋ᠢ ᠳᠡᠮᠵᠢᠵᠦ᠍᠂ ᠠᠵᠤ ᠦᠶ᠋ᠯᠡᠰ᠎ᠦᠨ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠂ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠳᠡᠭᠡᠳᠦ ᠳᠤᠤᠷᠠᠳᠤ ᠤᠷᠤᠰᠭᠠᠯ᠎ᠤᠨ ᠲᠣᠭᠣᠷᠢᠨ᠎ᠳᠤ᠂ ᠠᠵᠤᠠᠬᠤᠢᠯᠠᠯᠤᠨᠳᠤᠲᠠᠭᠤᠳᠠᠯᠢ ᠨᠥᠬᠥᠪᠥᠷᠢᠯᠡᠬᠦ᠌᠂ ᠪᠠᠭᠤᠷᠠᠶ ᠲᠠᠯ᠎ᠠ᠎ᠪᠠᠨ ᠬᠦᠴᠦᠷᠬᠡᠭ᠌ᠵᠢᠭᠦᠯᠬᠦ᠌᠎ᠶ᠋ᠢ ᠣᠷᠣᠭᠤᠯᠤᠨ ᠠᠪᠴᠢᠷᠠᠵᠤ ᠢᠵᠢ ᠪᠦᠷᠢᠳᠦᠭᠦᠯᠦᠨ ᠤᠷᠲᠤᠳᠬᠠᠪᠠ᠃ 1 — 8 ᠰᠠᠷ᠎ᠠ᠎ᠳᠤ᠂ ᠪᠥᠬᠥ᠌ ᠣᠷᠣᠨ᠎ᠤ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ ᠠᠳᠠᠯᠢ ᠬᠤᠭᠤᠴᠠᠭᠠᠨ᠎ᠤ᠎ᠬᠢ᠎ᠡᠴᠡ 8% ᠪᠠᠷ ᠨᠡᠮᠡᠭ᠌ᠳᠡᠵᠦ᠍᠂ ᠵᠢᠷᠭᠤᠭᠠᠨ ᠶᠡᠬᠡ ᠠᠵᠢᠯ ᠲᠥᠷᠥᠯ ᠴᠥᠮ ᠡᠶᠡᠷᠭᠦ᠌ ᠨᠡᠮᠡᠭ᠌ᠳᠡᠯ᠎ᠢ ᠪᠡᠶᠡᠯᠡᠭᠦᠯᠵᠦ᠍᠂ ᠲᠡᠮᠦᠷᠯᠢᠭ᠂ ᠪᠠᠷᠢᠯᠭ᠎ᠠ᠎ᠶ᠋ᠢᠨ ᠮᠠᠲ᠋ᠧᠷᠢᠶᠠᠯ᠂ ᠬᠢᠮᠢ᠎ᠶ᠋ᠢᠨ ᠠᠵᠤ ᠦᠶ᠋ᠯᠡᠳᠪᠦᠷᠢ᠂ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ ᠬᠣᠶᠠᠷ ᠣᠷᠣᠨᠲᠤ ᠲᠣᠭ᠎ᠠ᠎ᠪᠠᠷ ᠨᠡᠮᠡᠭ᠌ᠳᠡᠬᠦ᠌᠎ᠶ᠋ᠢ ᠪᠡᠶᠡᠯᠡᠭᠦᠯᠵᠦ᠍᠂ ᠪᠥᠬᠥ᠌ ᠣᠷᠣᠨ᠎ᠤ ᠠᠵᠤ ᠦᠶ᠋ᠯᠡᠳᠪᠦᠷᠢ᠎ᠶ᠋ᠢᠨ ᠦᠶ᠋ᠯᠡᠳᠬᠦᠨ᠎ᠦ ᠦᠶ᠋ᠯᠡᠳᠪᠦᠷᠢᠯᠡᠯ ᠪᠣᠷᠣᠯᠠᠭᠤᠯᠭ᠎ᠠ᠎ᠶ᠋ᠢᠨ ᠨᠣᠷᠮ᠎ᠠ 100.3% ᠳ᠋ᠤ ᠬᠥᠷᠪᠡ᠃ ᠦᠨᠳᠦᠰᠦᠨ ᠱᠠᠲᠤᠨ᠎ᠤ ᠠᠵᠢᠯᠯᠠᠭ᠎ᠠ᠎ᠨᠢ ᠪᠠᠲᠤᠯᠠᠬᠤ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠩ᠎ᠦᠨ ᠴᠢᠨᠠᠷᠲᠠᠶ ᠵᠠᠷᠤᠯᠭ᠎ᠠ᠎ᠶ᠋ᠢ 20 ᠳ᠋ᠦᠩᠱᠢᠭᠤᠷ ᠲᠥᠭᠥᠷᠢᠭ ᠪᠠᠭᠠᠰᠭᠠᠵᠤ᠂ 103 ᠬᠣᠱᠢᠭᠤ ᠱᠢᠶᠠᠨ(ᠬᠣᠲᠠ᠂ ᠲᠣᠭᠣᠷᠢᠭ)᠎ᠤ᠋ 《ᠭᠤᠷᠪᠠ᠎ᠶ᠋ᠢ ᠪᠠᠲᠤᠯᠠᠬᠤ》 ᠪᠠᠢᠳᠠᠯ᠎ᠳᠤ ᠲᠥᠰᠦᠪ᠎ᠦᠨ ᠬᠢᠨᠠᠨ ᠪᠠᠢᠴᠠᠭᠠᠯᠲᠠ᠎ᠶ᠋ᠢ ᠥᠷᠨᠢᠭᠦᠯᠵᠦ᠍᠂ ᠵᠠᠷᠤᠯᠭ᠎ᠠ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠢ ᠰᠠᠷ᠎ᠠ᠎ᠪᠠᠷ ᠬᠢᠨᠠᠨ ᠡᠵᠡᠮᠳᠡᠵᠦ᠍᠂ ᠪᠡᠯᠡ ᠮᠥᠩᠭᠥ᠎ᠶ᠋ᠢ ᠴᠠᠭ ᠲᠤᠬᠠᠶ᠎ᠳᠤᠨᠢ ᠦᠨᠳᠦᠰᠦᠨ ᠱᠠᠲᠤᠨ᠎ᠳᠤ ᠱᠢᠭᠤᠳ ᠬᠦᠷᠭᠡᠪᠡ᠃ ᠬᠡᠳᠦ ᠥᠨᠳᠥᠷ ᠠᠮᠠᠯᠠᠯᠲᠠ᠂ ᠬᠡᠳᠦ ᠶᠡᠬᠡ ᠪᠠᠲᠤᠯᠠᠭ᠎ᠠ᠎ᠶ᠋ᠢᠨ ᠵᠠᠷᠤᠯᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠠᠯᠬᠤᠮ ᠠᠯᠬᠤᠮ᠎ᠢᠶᠠᠷ ᠢᠯᠭᠠᠷᠠᠭᠤᠯᠤᠨ ᠵᠢᠷᠤᠮᠵᠢᠭᠤᠯᠵᠤ᠂ ᠠᠷᠠᠳ᠎ᠤᠨ ᠠᠮᠢᠳᠤᠷᠠᠯ᠎ᠤᠨ ᠵᠠᠷᠤᠯᠭ᠎ᠠ᠎ᠶ᠋ᠢᠨ ᠨᠠᠷᠢᠨ ᠳᠠᠩᠰᠠ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠪᠠᠢᠭᠤᠯᠪᠠ᠃ ᠱᠢᠨ᠎ᠡ᠎ᠪᠡᠷ ᠨᠡᠮᠡᠭ᠌ᠳᠡᠭ᠌ᠰᠡᠨ ᠠᠷᠠᠳ᠎ᠤᠨ ᠠᠮᠢᠳᠤᠷᠠᠯ᠎ᠤᠨ ᠲᠦᠷᠦ᠍᠎ᠶ᠋ᠢᠨ ᠪᠤᠳᠤᠯᠭ᠎ᠠ᠎ᠶ᠋ᠢ ᠤᠷᠢᠳᠴᠢᠯᠠᠨ ᠨᠤᠲᠠᠯᠠᠵᠤ ᠦᠨᠡᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠡᠳ᠋᠎ᠦᠨ ᠵᠠᠰᠠᠭ᠎ᠤᠨ ᠵᠠᠷᠤᠯᠭ᠎ᠠ᠎ᠶ᠋ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠲᠡᠶ ᠵᠣᠬᠢᠴᠠᠭᠤᠯᠬᠤ᠎ᠶ᠋ᠢ ᠦᠨᠡᠨ ᠬᠦ᠌ ᠪᠠᠲᠤᠯᠠᠪᠠ᠃
20᠂ ᠦᠢᠯᠡᠴᠢᠯᠡᠭᠡᠨ᠎ᠦ ᠦᠢᠯᠡᠰ᠎ᠦᠨ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠪᠠ᠃ ᠨᠢᠭᠡ᠎ᠳᠦ᠂ ᠦᠢᠯᠡᠴᠢᠯᠡᠭᠡᠨ᠎ᠦ ᠦᠢᠯᠡᠰ᠎ᠦᠨ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠪᠠ᠃ 《ᠥᠪᠡᠷᠲᠡᠭᠡᠨ ᠵᠠᠰᠠᠬᠤ ᠣᠷᠣᠨ᠎ᠤ ᠦᠶ᠋ᠯᠡᠴᠢᠯᠡᠭᠡᠨ᠎ᠦ ᠦᠶ᠋ᠯᠡᠰ᠎ᠦᠨ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠬᠥᠭ᠌ᠵᠢᠯᠲᠡ᠎ᠶ᠋ᠢᠨ ᠲᠥᠯᠥᠪᠵᠢᠭᠦᠯᠭᠡ》 ᠶ᠋ᠢ ᠨᠠᠢᠷᠠᠭᠤᠯᠤᠨ ᠵᠣᠬᠢᠶᠠᠵᠤ᠂ ᠠᠵᠢᠯ ᠲᠥᠷᠥᠯ ᠬᠤᠪᠢᠶᠠᠨ ᠦᠶ᠋ᠯᠡᠴᠢᠯᠡᠭᠡᠨ᠎ᠦ ᠦᠶ᠋ᠯᠡᠰ᠎ᠢ ᠲᠦᠷᠭᠡᠳᠭᠡᠨ ᠰᠡᠷᠭᠦᠭᠡᠬᠦ᠌᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠪᠠ᠃ 2021 ᠣᠨ᠎ᠤ ᠦᠶ᠋ᠯᠡᠴᠢᠯᠡᠭᠡᠨ᠎ᠦ ᠦᠶ᠋ᠯᠡᠰ᠎ᠦᠨ ᠴᠢᠬᠤᠯᠠ ᠶᠡᠬᠡ ᠲᠥᠷᠥᠯ ᠵᠦᠶ᠋ᠯ᠎ᠦᠨ ᠪᠠᠯᠠ ᠣᠷᠣᠭᠤᠯᠤᠯᠲᠠ᠎ᠶ᠋ᠢᠨ ᠲᠥᠯᠥᠪᠯᠡᠭᠡ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ 5000 ᠲᠦᠮᠡᠨ ᠲᠥᠭᠥᠷᠢᠭ᠎ᠡᠴᠡ ᠳᠡᠭᠡᠭ᠌ᠰᠢᠬᠢ ᠦᠶ᠋ᠯᠡᠴᠢᠯᠡᠭᠡᠨ᠎ᠦ ᠦᠶ᠋ᠯᠡᠰ᠎ᠦᠨ ᠴᠢᠬᠤᠯᠠ ᠶᠡᠬᠡ ᠲᠥᠷᠥᠯ ᠵᠦᠶ᠋ᠯ᠎ᠦᠨ ᠪᠠᠷᠢᠯᠭ᠎ᠠ ᠡᠬᠢᠯᠡᠭᠦᠯᠵᠦ᠍ ᠪᠥᠲᠥᠭᠡᠨ ᠪᠠᠢᠭᠤᠯᠬᠤ᠎ᠶ᠋ᠢ ᠠᠬᠢᠭᠤᠯᠪᠠ᠃ ᠳᠡᠭᠡᠷ᠎ᠡ ᠬᠠᠭᠠᠰ ᠵᠢᠯ᠎ᠳᠦ᠂ ᠪᠥᠬᠥ᠌ ᠣᠷᠣᠨ᠎ᠤ ᠦᠶ᠋ᠯᠡᠴᠢᠯᠡᠭᠡᠨ᠎ᠦ ᠦᠶ᠋ᠯᠡᠰ ᠲᠣᠭ᠍ᠲᠠᠭᠤᠨ᠎ᠢᠶᠠᠷ ᠰᠡᠷᠭᠦᠵᠦ᠂ ᠭᠤᠷᠪᠠᠳᠤᠭᠠᠷ ᠠᠵᠤ ᠦᠶ᠋ᠯᠡᠰ 4626.2 ᠳ᠋ᠦᠩᠱᠢᠭᠤᠷ ᠲᠥᠭᠥᠷᠢᠭ᠎ᠦᠨ ᠨᠡᠮᠡᠭ᠌ᠳᠡᠯ ᠥᠷᠲᠡᠭ᠎ᠢ ᠪᠡᠶᠡᠯᠡᠭᠦᠯᠵᠦ᠍᠂ ᠠᠳᠠᠯᠢ ᠬᠤᠭᠤᠴᠠᠭᠠᠨ᠎ᠤ᠎ᠬᠢ᠎ᠡᠴᠡ 10.9% ᠪᠠᠷ ᠨᠡᠮᠡᠭ᠌ᠳᠡᠪᠡ᠃ 1 — 7 ᠰᠠᠷ᠎ᠠ᠎ᠳᠤ᠂ ᠪᠥᠬᠥ᠌ ᠣᠷᠣᠨ᠎ᠤ ᠬᠡᠪᠴᠢᠶᠡᠵᠢᠯ᠎ᠡᠴᠡ ᠳᠡᠭᠡᠭ᠌ᠰᠢᠬᠢ ᠦᠶ᠋ᠯᠡᠴᠢᠯᠡᠭᠡᠨ᠎ᠦ ᠦᠶ᠋ᠯᠡᠰ᠎ᠦᠨ ᠡᠵᠡᠩᠨᠡᠯᠲᠡ᠎ᠶ᠋ᠢᠨ ᠣᠷᠣᠯᠭ᠎ᠠ ᠠᠳᠠᠯᠢ ᠬᠤᠭᠤᠴᠠᠭᠠᠨ᠎ᠤ᠎ᠬᠢ᠎ᠡᠴᠡ 14 % ᠪᠠᠷ ᠨᠡᠮᠡᠭ᠌ᠳᠡᠵᠦ᠍᠂ 31 ᠦᠶ᠋ᠯᠡᠴᠢᠯᠡᠭᠡᠨ᠎ᠦ ᠠᠵᠢᠯ ᠲᠥᠷᠥᠯ᠎ᠦᠨ ᠲᠣᠮᠣ ᠲᠥᠷᠥᠯ᠎ᠦᠨ ᠳᠣᠲᠣᠷ᠎ᠠ᠂ ᠵᠢᠷᠭᠤᠭᠠᠨ ᠬᠤᠪᠢ᠎ᠶ᠋ᠢ ᠳᠠᠪᠠᠭ᠍ᠰᠠᠨ ᠡᠵᠡᠩᠨᠡᠯᠲᠡ᠎ᠶ᠋ᠢᠨ ᠣᠷᠣᠯᠭ᠎ᠠ ᠵᠢᠨ ᠨᠡᠮᠡᠭ᠌ᠳᠡᠯ᠎ᠢ ᠪᠠᠶᠡᠯᠡᠬᠦᠯᠪᠡ᠃ ᠬᠣᠶᠠᠷ᠎ᠲᠤ᠂ ᠴᠢᠬᠤᠯᠠ ᠶᠡᠬᠡ ᠲᠥᠷᠥᠯ ᠵᠦᠢᠯ᠎ᠦᠨ ᠨᠥᠭᠡᠴᠡ᠎ᠶ᠋ᠢ ᠴᠢᠩᠭᠠᠳᠬᠠᠪᠠ᠃ 2021 ᠣᠨ᠎ᠤ ᠭᠤᠤᠯᠳᠠᠯᠭ᠎ᠠ᠎ᠲᠠᠶ ᠲᠥᠷᠥᠯ ᠵᠦᠶ᠋ᠯ ᠪᠠ ᠪᠠᠯᠠ ᠣᠷᠣᠭᠤᠯᠤᠯᠲᠠ᠎ᠶ᠋ᠢᠨ ᠨᠠᠷᠢᠨ ᠳᠠᠩᠰᠠ᠎ᠶ᠋ᠢ ᠨᠠᠢᠷᠠᠭᠤᠯᠤᠨ ᠵᠣᠬᠢᠶᠠᠵᠤ᠂ 8 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠥ᠌ ᠣᠷᠣᠨ᠎ᠤ ᠴᠢᠬᠤᠯᠠ ᠶᠡᠬᠡ ᠲᠥᠷᠥᠯ ᠵᠦᠶ᠋ᠯᠦᠨᠠᠵᠢᠯᠢᠶᠠᠨ ᠡᠬᠢᠯᠡᠭᠦᠯᠦᠭ᠌ᠰᠡᠨᠪᠠ ᠰᠡᠷᠭᠦᠭᠡᠭ᠌ᠰᠡᠨᠨᠣᠷᠮᠠ 92.8% ᠳ᠋ᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 6.6% ᠪᠠᠷ ᠳᠡᠭᠡᠭ᠌ᠰᠢᠯᠡᠵᠦ᠍᠂ ᠣᠨ᠎ᠤ ᠲᠥᠯᠥᠪᠯᠡᠭ᠌ᠰᠡᠨ ᠪᠠᠯᠠ ᠣᠷᠣᠭᠤᠯᠤᠯᠲᠠ᠎ᠶ᠋ᠢ 2836 ᠳ᠋ᠦᠩᠱᠢᠭᠤᠷ ᠲᠥᠭᠥᠷᠢᠭ ᠪᠡᠶᠡᠯᠡᠭᠦᠯᠵᠦ᠍᠂ ᠪᠡᠶᠡᠯᠡᠭᠦᠯᠦᠭ᠌ᠰᠡᠨ ᠨᠣᠷᠮ᠎ᠠ 59.3% ᠳ᠋ᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 9.8% ᠪᠠᠷ ᠳᠡᠭᠡᠭ᠌ᠰᠢᠯᠡᠪᠡ᠃ 1— 8 ᠰᠠᠷ᠎ᠠ᠎ᠳᠤ᠂ 5000 ᠲᠦᠮᠡᠨ ᠲᠥᠭᠥᠷᠢᠭ᠎ᠡᠴᠡ ᠳᠡᠭᠡᠭ᠌ᠰᠢᠬᠢ ᠪᠠᠯᠠ ᠣᠷᠣᠭᠤᠯᠤᠯᠲᠠ᠎ᠲᠠᠶ 511 ᠦᠶ᠋ᠯᠡᠴᠢᠯᠡᠭᠡᠨ᠎ᠦ ᠦᠶ᠋ᠯᠡᠰ᠎ᠦᠨ ᠴᠢᠬᠤᠯᠠ ᠶᠡᠬᠡ ᠲᠥᠷᠥᠯ ᠵᠦᠶ᠋ᠯ᠎ᠦᠨ 361.8 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠨᠢᠭᠡᠨᠲᠡ ᠪᠡᠶᠡᠯᠡᠭᠦᠯᠪᠡ᠃
21᠂ᠨᠠᠰᠤᠵᠢᠯ᠎ᠤᠨ ᠳᠠᠭᠠᠳᠭᠠᠯ᠎ᠤᠨ ᠪᠠᠲᠤᠯᠠᠭ᠎ᠠ᠎ᠶ᠋ᠢᠨ ᠬᠢᠷᠢ ᠬᠡᠮᠵᠢᠶ᠎ᠡ᠎ᠶ᠋ᠢ ᠦᠷᠭᠦᠯᠵᠢᠯᠡᠨ ᠳᠡᠭᠡᠭ᠌ᠰᠢᠯᠡᠭᠦᠯᠪᠡ᠃ ᠨᠢᠭᠡ᠎ᠳᠦ᠂ ᠨᠢᠭᠡᠳᠦᠯᠲᠡᠢ ᠣᠷᠣᠯᠭ᠎ᠠ ᠨᠢᠭᠡᠳᠦᠯᠲᠡᠢ ᠵᠠᠷᠤᠯᠭ᠎ᠠ᠎ᠶ᠋ᠢ ᠴᠢᠩᠭᠠᠳᠬᠠᠪᠠ᠃ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠳᠠᠭᠠᠳᠭᠠᠯ᠎ᠤᠨ ᠲᠠᠯ᠎ᠠ᠎ᠪᠠᠷ ᠬᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠢᠭᠡᠳᠦᠯᠲᠡᠶ ᠬᠤᠷᠢᠶᠠᠵᠤ ᠨᠢᠭᠡᠳᠦᠯᠲᠡᠶ ᠵᠠᠷᠤᠬᠤ᠎ᠶ᠋ᠢ ᠵᠢᠷᠤᠮᠵᠢᠭᠤᠯᠵᠤ᠂ ᠨᠠᠰᠤᠵᠢᠯ᠎ᠤᠨ ᠳᠠᠭᠠᠳᠭᠠᠯ᠎ᠤᠨ ᠰᠠᠭᠤᠷᠢ ᠮᠥᠩᠭᠥ᠎ᠶ᠋ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠴᠢᠳᠠᠪᠤᠷᠢ᠎ᠶ᠋ᠢ ᠨᠡᠮᠡᠭ᠌ᠳᠡᠭᠦᠯᠵᠦ᠍᠂ 8 ᠰᠠᠷ᠎ᠠ᠎ᠶ᠋ᠢᠨ ᠰᠡᠭᠦᠯᠴᠢ᠎ᠪᠡᠷ ᠪᠦᠬᠦ᠌ ᠣᠷᠣᠨ᠎ᠤ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭᠠᠳᠭᠠᠯ᠎ᠤᠨ ᠰᠠᠭᠤᠷᠢ ᠮᠥᠩᠭᠥ᠎ᠶ᠋ᠢ ᠨᠢᠭᠡᠨᠲᠡ 298.6 ᠳ᠋ᠦᠩᠱᠢᠭᠤᠷ ᠲᠥᠭᠥᠷᠢᠭ᠎ᠢ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠤᠰᠭᠠᠶ ᠳᠠᠩᠰᠠᠨ᠎ᠳᠤ ᠣᠷᠣᠭᠤᠯᠪᠠ᠃ ᠬᠣᠶᠠᠷ᠎ᠲᠤ᠂ ᠪᠠᠯᠠ ᠮᠥᠩᠭᠥ᠌ ᠬᠤᠷᠠᠮᠳᠤᠭᠤᠯᠬᠤ᠎ᠶ᠋ᠢ ᠴᠢᠩᠭᠠᠳᠬᠠᠪᠠ᠃ ᠰᠠᠭᠤᠷᠢ ᠮᠥᠩᠭᠥ᠎ᠶ᠋ᠢᠨ ᠣᠷᠣᠯᠭ᠎ᠠ ᠵᠠᠷᠤᠯᠭ᠎ᠠ᠎ᠶ᠋ᠢᠨ ᠦᠯᠡᠳᠡᠪᠦᠷᠢ᠎ᠶ᠋ᠢᠨ ᠪᠠᠢᠳᠠᠯ᠎ᠤᠨ ᠬᠦᠰᠦᠨᠦᠭ᠌ᠲᠦ᠍᠎ᠶ᠋ᠢ ᠰᠠᠷ᠎ᠠ᠎ᠪᠠᠷ ᠨᠠᠢᠷᠠᠭᠤᠯᠤᠨ ᠵᠣᠬᠢᠶᠠᠵᠤ᠂ ᠬᠥᠳᠡᠯᠦᠩᠭᠦᠶ ᠬᠢᠨᠠᠨ ᠱᠢᠨᠵᠢᠬᠦ᠌᠎ᠶ᠋ᠢ ᠴᠢᠩᠭᠠᠳᠭᠠᠨ᠂ ᠨᠠᠰᠤᠵᠢᠯ᠎ᠤᠨ ᠮᠥᠩᠭᠥ᠎ᠶ᠋ᠢ ᠴᠠᠭ ᠲᠤᠬᠠᠶ᠎ᠳᠤᠨᠢ ᠲᠣᠭ᠎ᠠ ᠶᠣᠰᠣᠭᠠᠷ ᠭᠦᠶ᠋ᠴᠡᠳ ᠣᠯᠭᠣᠬᠤ᠎ᠶ᠋ᠢ ᠦᠨᠡᠨ ᠬᠦ᠌ ᠪᠠᠲᠤᠯᠠᠪᠠ᠃ ᠭᠤᠷᠪᠠ᠎ᠳᠤ᠂ ᠬᠢᠨᠠᠨ ᠬᠠᠮᠢᠶᠠᠷᠬᠤ ᠡᠷᠴᠢᠮ᠎ᠢᠶᠡᠨ ᠴᠢᠩᠭᠠᠷᠠᠭᠤᠯᠪᠠ᠃ ᠲᠣᠭ᠍ᠲᠠᠭᠠᠯ᠎ᠠᠴᠠ ᠵᠥᠷᠢᠴᠡᠨ ᠤᠷᠢᠳᠴᠢᠯᠠᠨ ᠠᠵᠢᠯ᠎ᠠᠴᠠ᠎ᠪᠠᠨ ᠪᠠᠭᠤᠵᠤ ᠠᠮᠠᠷᠠᠬᠤ᠂ ᠨᠡᠢᠭᠡᠮ᠎ᠦᠨ ᠳᠠᠭᠠᠳᠭᠠᠯ᠎ᠤᠨ ᠮᠥᠩᠭᠥ᠎ᠶ᠋ᠢ ᠳᠠᠪᠬᠤᠷ ᠠᠪᠬᠤ᠂ ᠲᠣᠭ᠍ᠲᠠᠭᠠᠯ᠎ᠠᠴᠠ ᠵᠥᠷᠢᠴᠡᠨ ᠨᠢᠭᠡ ᠯᠡ ᠤᠳᠠᠭ᠎ᠠ ᠳᠡᠭᠡᠷ᠎ᠡ ᠨᠥᠬᠥᠵᠦ᠍ ᠲᠤᠱᠢᠶᠠᠬᠤ ᠵᠡᠷᠭᠡ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ᠎ᠶ᠋ᠢ ᠥᠷᠨᠢᠭᠦᠯᠪᠠ᠃ ᠳᠥᠷᠪᠡ᠎ᠳᠦ᠂ ᠪᠥᠬᠥ᠌ ᠲᠠᠯ᠎ᠠ᠎ᠪᠠᠷ ᠳᠠᠭᠠᠳᠭᠠᠯ᠎ᠳᠤ ᠣᠷᠣᠯᠴᠠᠬᠤ ᠲᠥᠯᠥᠪᠯᠡᠭᠡ᠎ᠶ᠋ᠢ ᠨᠠᠢᠳᠠᠪᠤᠷᠢᠵᠢᠭᠤᠯᠪᠠ᠃ ᠪᠥᠬᠥ᠌ ᠠᠷᠠᠳ᠎ᠢᠶᠠᠷ᠎ᠢᠶᠠᠨ ᠳᠠᠭᠠᠳᠭᠠᠯ᠎ᠳᠤ ᠣᠷᠣᠯᠴᠠᠬᠤ ᠲᠥᠯᠥᠪᠯᠡᠭᠡᠲᠦ ᠨᠠᠰᠤᠵᠢᠯᠤᠨᠳᠠᠭᠠᠳᠭᠠᠯᠤᠨᠬᠡᠪᠴᠢᠶᠡᠶ᠋ᠢᠥᠷᠭᠡᠳᠭᠡᠬᠦ᠌ ᠲᠤᠰᠭᠠᠶ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ 8 ᠰᠠᠷ᠎ᠠ᠎ᠶ᠋ᠢᠨ ᠰᠡᠭᠦᠯᠴᠢᠪᠣᠯᠲᠠᠯᠠ᠂ 238859 ᠬᠥᠮᠦᠨ᠎ᠤ ᠬᠡᠪᠴᠢᠶᠡᠪᠠᠨᠥᠷᠭᠡᠳᠭᠡᠬᠦ᠌ ᠡᠭᠦᠷᠭᠡ᠎ᠶ᠋ᠢ ᠪᠡᠶᠡᠯᠡᠭᠦᠯᠪᠡ᠃ ᠨᠠᠰᠤᠵᠢᠯ᠎ᠤᠨ ᠳᠠᠭᠠᠳᠭᠠᠯ᠎ᠤᠨ ᠬᠡᠪᠴᠢᠶ᠎ᠡ᠎ᠶ᠋ᠢ ᠥᠷᠭᠡᠳᠭᠡᠨ ᠲᠠᠲᠠᠪᠤᠷᠢᠯᠠᠨ ᠲᠤᠱᠢᠶᠠᠬᠤ ᠡᠷᠴᠢᠮ ᠵᠢᠡᠨ ᠴᠢᠩᠭᠠᠷᠠᠭᠤᠯᠵᠤ᠂ ᠬᠤᠷᠢᠶᠠᠪᠠᠰᠤ ᠵᠣᠬᠢᠬᠤ᠎ᠶ᠋ᠢ᠎ᠨᠢ ᠪᠦᠬᠦᠨ᠎ᠢ ᠬᠤᠷᠢᠶᠠᠪᠠ᠃
22᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠳᠦᠷᠢᠮ᠎ᠢ ᠬᠢᠨᠠᠮᠠᠭᠠᠶ ᠭᠦᠨᠵᠡᠭᠡᠶ ᠨᠠᠢᠳᠠᠪᠤᠷᠢᠵᠢᠭᠤᠯᠪᠠ᠃ ᠨᠢᠭᠡ᠎ᠳᠦ᠂ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢᠷᠡᠭᠦᠯᠪᠠ᠃ ᠶᠡᠷᠦᠩᠬᠡᠶ ᠱᠦᠵᠢ ᠰᠢ᠎ᠶ᠋ᠢᠨ ᠫᠢᠩ᠎ᠦᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠱᠢᠶᠠᠨ᠎ᠤ ᠱᠠᠲᠤᠨ᠎ᠠᠴᠠ ᠳᠡᠭᠡᠭ᠌ᠰᠢᠬᠢ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠶ᠋ᠢᠨ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠣᠨ᠎ᠤ ᠰᠤᠷᠤᠯᠴᠠᠯᠭ᠎ᠠ ᠪᠠ ᠨᠠᠮ᠎ᠤᠨ ᠰᠤᠷᠭᠠᠭᠤᠯᠢ᠎ᠶ᠋ᠢᠨ ᠭᠤᠤᠯ ᠴᠣᠭ᠍ᠴᠠ᠎ᠶ᠋ᠢᠨ ᠠᠩᠭᠢ᠎ᠶ᠋ᠢᠨ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠣᠨᠣᠯ ᠰᠤᠷᠤᠯᠴᠠᠬᠤ ᠭᠤᠤᠯ ᠳᠤᠭᠤᠢᠯᠠᠩ᠎ᠤᠨ᠎ᠬᠢᠨ ᠲᠤᠰᠭᠠᠶ ᠰᠡᠳᠦᠪ᠎ᠢᠶᠡᠷ ᠰᠤᠷᠤᠯᠴᠠᠨ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠣᠨᠣᠯ᠎ᠤᠨ ᠭᠤᠤᠯᠯᠠᠭ᠍ᠴᠢ ᠬᠦᠴᠦᠨ᠂ ᠠᠢᠮᠠᠭ ᠬᠣᠲᠠ ᠪᠠ ᠬᠣᠱᠢᠭᠤ ᠱᠢᠶᠠᠨ᠎ᠤ ᠤᠬᠠᠭᠤᠯᠬᠤ ᠬᠡᠯᠲᠡᠰ᠎ᠦᠨ ᠳᠠᠷᠤᠭ᠎ᠠ᠂ ᠤᠯᠠᠭᠠᠨᠮᠥ᠋ᠴᠢᠷ᠎ᠦᠨ ᠠᠩᠭᠢ᠎ᠶ᠋ᠢᠨ ᠳᠠᠷᠤᠭ᠎ᠠ ᠵᠢᠯᠣᠭᠣᠳᠣᠭ᠍ᠴᠢ ᠵᠡᠷᠭᠡ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ᠎ᠶ᠋ᠢ ᠡᠷᠭᠢᠯᠡᠪᠡ᠃ ᠬᠣᠶᠠᠷ᠎ᠲᠤ᠂ ᠳᠦᠷᠢᠮ ᠲᠣᠭ᠍ᠲᠠᠴᠠ᠎ᠶ᠋ᠢ ᠪᠦᠷᠢᠨᠱᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠᠢᠩᠭᠤ᠎ᠶ᠋ᠢᠨ ᠬᠣᠷᠢᠶᠠᠨ᠎ᠤ ᠬᠤᠷᠠᠯ ᠬᠤᠷᠠᠯᠳᠤᠭᠤᠯᠵᠤ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠢ ᠰᠤᠳᠤᠯᠤᠨ ᠪᠠᠢᠷᠢᠯᠠᠭᠤᠯᠵᠤ᠂ ᠲᠤᠰᠭᠠᠶ ᠰᠡᠳᠦᠪ᠎ᠢᠶᠡᠷ ᠲᠥᠪ᠎ᠦᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠠᠵᠢᠯ᠎ᠢᠶᠠᠨ ᠴᠢᠩᠭᠠᠳᠭᠠᠨ ᠰᠠᠢᠵᠢᠷᠠᠭᠤᠯᠬᠤ ᠪᠣᠳᠠᠲᠠᠶ ᠠᠷᠭ᠎ᠠ ᠬᠡᠮᠵᠢᠶ᠎ᠡ᠎ᠶ᠋ᠢ ᠰᠤᠳᠤᠯᠵᠤ᠂ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠨᠢᠭᠡᠴᠢ᠎ᠶ᠋ᠢᠨ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ) ᠶ᠋ᠢᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠤᠷᠠᠯ᠎ᠢ ᠬᠤᠷᠠᠯᠳᠤᠭᠤᠯᠵᠤ᠂ ᠵᠠᠰᠠᠭ ᠵᠠᠬᠢᠷᠭᠠᠨ᠎ᠤ ᠬᠠᠮᠢᠶᠠᠷᠤᠯᠲᠠ᠂ ᠠᠵᠢᠯ ᠲᠥᠷᠥᠯ᠎ᠦᠨ ᠬᠠᠮᠢᠶᠠᠷᠤᠯᠲᠠ᠂ ᠨᠡᠢᠭᠡᠮ᠎ᠦᠨ ᠬᠠᠮᠢᠶᠠᠷᠤᠯᠲᠠ ᠳᠤᠮᠳᠠᠬᠢ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠪᠠ᠃ ᠭᠤᠷᠪᠠ᠎ᠳᠤ᠂ ᠰᠤᠷᠭᠠᠭᠤᠯᠢ᠎ᠶ᠋ᠢᠨ ᠬᠦᠷᠢᠶᠡᠨ᠎ᠦ ᠵᠢᠭ᠍ᠰᠠᠭᠠᠯ᠎ᠤᠨ ᠭᠠᠵᠠᠷ᠎ᠤᠨ ᠬᠠᠮᠢᠶᠠᠷᠤᠯᠲᠠ᠎ᠶ᠋ᠢ ᠴᠢᠩᠭᠠᠳᠬᠠᠪᠠ᠃ ᠶᠡᠬᠡ ᠳᠡᠭᠡᠳᠦ ᠰᠤᠷᠭᠠᠭᠤᠯᠢ᠎ᠶ᠋ᠢᠨ ᠨᠠᠮ᠎ᠤᠨ ᠬᠣᠷᠢᠶᠠᠨ᠎ᠤ ᠤᠳᠤᠷᠢᠳᠭᠤ ᠪᠠᠭ᠂ ᠳᠡᠭᠡᠳᠦ ᠰᠤᠷᠭᠠᠭᠤᠯᠢ ᠰᠠᠯᠪᠤᠷᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠥᠷᠥ᠎ᠶ᠋ᠢᠨ ᠪᠠᠢᠭᠤᠯᠤᠯᠲᠠ ᠪᠠ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠪᠠᠭ᠍ᠰᠢ᠎ᠶ᠋ᠢᠨ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠳᠡᠭᠡᠳᠦ ᠵᠡᠷᠭᠡ᠎ᠶ᠋ᠢᠨ ᠰᠤᠷᠭᠠᠭᠤᠯᠢ᠎ᠶ᠋ᠢᠨ ᠪᠠᠢᠳᠠᠯ ᠲᠥᠷᠥ᠎ᠶ᠋ᠢᠨ ᠪᠣᠳᠣᠯᠭ᠎ᠠ᠎ᠶ᠋ᠢᠨ ᠮᠡᠳᠡᠭᠦᠯᠦᠯᠲᠡ᠎ᠶ᠋ᠢᠨ ᠬᠤᠷᠠᠯ᠂ ᠣᠨᠣᠯ᠎ᠤᠨ ᠤᠬᠠᠭᠤᠯᠤᠯᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ ᠵᠡᠷᠭᠡ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠤᠳᠤᠷᠢᠳᠭᠤ ᠨᠥᠬᠥᠳ ᠲᠦᠷᠦᠭᠦᠯᠡᠨ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ᠎ᠶ᠋ᠢ ᠥᠷᠨᠢᠭᠦᠯᠦᠨ᠂ ᠶᠡᠬᠡ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠢ ᠭᠦᠨᠵᠡᠭᠡᠶ ᠥᠷᠨᠢᠭᠦᠯᠬᠦ᠌᠎ᠶ᠋ᠢ ᠬᠥᠲᠥᠯᠦᠨ ᠳᠠᠢᠴᠢᠯᠠᠪᠠ᠃
23᠂ ᠤᠯᠠᠨ ᠲᠦᠮᠡᠨ᠎ᠦ ᠲᠤᠰᠭᠠᠯ ᠶᠡᠬᠡᠲᠡᠢ ᠲᠤᠪᠤᠢ᠌ᠮ᠎ᠠ ᠠᠰᠠᠭᠤᠳᠠᠯ᠎ᠢ ᠦᠨᠡᠨ ᠬᠦ᠌ ᠱᠢᠢᠳᠪᠦᠷᠢᠯᠡᠪᠡ᠃ ᠨᠢᠭᠡ᠎ᠳᠦ᠂ ᠤᠳᠤᠷᠢᠳᠤᠯᠭ᠎ᠠ ᠬᠡᠷᠡᠭ᠎ᠢ ᠳᠠᠭᠠᠭᠠᠴᠢᠯᠠᠬᠤ᠂ ᠵᠠᠬᠢᠳᠠᠯ ᠰᠤᠷᠪᠤᠯᠵᠢᠯᠠᠯ᠎ᠢ ᠬᠦᠯᠢᠶᠡᠨ ᠠᠪᠬᠤ ᠪᠠ ᠳᠣᠷᠣᠭ᠍ᠰᠢ ᠪᠠᠭᠤᠵᠤ ᠰᠤᠷᠪᠤᠯᠵᠢᠯᠠᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠮᠤᠵᠢ᠎ᠶ᠋ᠢᠨ ᠱᠠᠲᠤᠨ᠎ᠤ ᠤᠳᠤᠷᠢᠳᠭᠤ ᠨᠥᠬᠥᠳᠲᠦᠷᠦᠭᠦᠯᠡᠨ ᠭᠣᠣᠯᠳᠠᠯᠭ᠎ᠠ᠎ᠲᠠᠶ ᠵᠠᠬᠢᠳᠠᠯ ᠰᠤᠷᠪᠤᠯᠵᠢᠯᠠᠯ᠎ᠤᠨ ᠵᠦᠢᠯᠡᠰ᠎ᠢ ᠱᠠᠯᠠᠪᠳᠠᠭᠤᠯᠤᠨ ᠱᠢᠶ᠋ᠳᠪᠦᠷᠢᠯᠡᠵᠦ᠍᠂ ᠬᠡᠷᠡᠭ᠎ᠢ ᠳᠠᠭᠠᠭᠠᠴᠢᠯᠠᠵᠤ᠂ ᠨᠠᠮᠳᠠᠭᠤᠯᠵᠤ᠂ ᠠᠢᠮᠠᠭ ᠬᠣᠲᠠ᠂ ᠬᠣᠱᠢᠭᠤ ᠱᠢᠶᠠᠨ᠎ᠤ ᠤᠳᠤᠷᠢᠳᠭᠤ ᠺᠠᠳ᠋ᠷ ᠨᠡᠢᠲᠡ 11432 ᠬᠥᠮᠦᠨ ᠤᠳᠠᠭ᠎ᠠ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠨᠠᠪᠴᠤ᠌᠂ ᠰᠤᠷᠪᠤᠯᠵᠢᠯᠠᠨᠢᠷᠡᠭ᠌ᠰᠡᠨ ᠣᠯᠠᠨ ᠲᠦᠮᠡᠨ᠎ᠢ 48485 ᠬᠥᠮᠦᠨᠤᠳᠠᠭᠠ ᠬᠦᠯᠢᠶᠡᠨᠠᠪᠴᠤ᠌᠂ 2605 ᠠᠰᠠᠭᠤᠳᠠᠯ᠎ᠢ ᠱᠢᠶ᠋ᠳᠪᠦᠷᠢᠯᠡᠪᠡ; ᠠᠢᠮᠠᠭ ᠬᠣᠲᠠ᠂ ᠬᠣᠱᠢᠭᠤ ᠱᠢᠶᠠᠨ᠎ᠤ ᠤᠳᠤᠷᠢᠳᠭᠤ ᠺᠠᠳ᠋ᠷ ᠨᠡᠢᠲᠡ 2224 ᠬᠥᠮᠦᠨ ᠤᠳᠠᠭ᠎ᠠ ᠳᠣᠷᠣᠭ᠍ᠰᠢ ᠪᠠᠭᠤᠵᠤ ᠰᠤᠷᠪᠤᠯᠵᠢᠯᠠᠨ᠂ ᠰᠤᠷᠪᠤᠯᠵᠢᠯᠠᠨ ᠢᠷᠡᠭᠰᠡᠨ ᠤᠯᠠᠨ ᠲᠦᠮᠡᠨ᠎ᠢ 9094 ᠬᠥᠮᠦᠨ ᠤᠳᠠᠭ᠎ᠠ ᠭᠥᠯᠢᠶᠡᠨ ᠠᠪᠴᠤ᠌᠂ 1870 ᠭᠠᠷᠤᠶ ᠠᠰᠠᠭᠤᠳᠠᠯ᠎ᠢ ᠱᠢᠶ᠋ᠳᠪᠦᠷᠢᠯᠡᠪᠡ᠃ ᠬᠣᠶᠠᠷ᠎ᠲᠤ᠂ ᠬᠡᠷ ᠭᠠᠵᠠᠷ᠎ᠤᠨ ᠬᠥᠷᠥᠩᠭᠡ᠎ᠶ᠋ᠢᠨ ᠬᠦᠷᠢᠶᠡᠨ᠎ᠳᠡᠬᠢ 《ᠦᠨᠡᠮᠯᠡᠯ ᠬᠦᠢᠴᠡᠳᠭᠡᠭᠦ᠎ᠳᠤ ᠬᠦᠴᠢᠷᠲᠡᠶ》 ᠪᠠᠢᠬᠤ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠪᠡ᠃ ᠪᠥᠬᠥ᠌ ᠣᠷᠣᠨ᠎ᠳᠤ ᠬᠡᠷ ᠭᠠᠵᠠᠷ᠎ᠤᠨ ᠬᠥᠷᠥᠩᠭᠡ᠎ᠶ᠋ᠢᠨ ᠦᠯᠡᠳᠡᠭ᠌ᠳᠡᠵᠦ᠍ ᠪᠠᠢᠭ᠎ᠠ 《ᠦᠨᠡᠮᠯᠡᠯ ᠭᠦᠶ᠋ᠴᠡᠳᠭᠡᠬᠦ᠌᠎ᠳᠦ ᠬᠦᠴᠢᠷᠲᠡᠶ》 ᠲᠥᠷᠥᠯ ᠵᠦᠶ᠋ᠯ ᠢ᠋ ᠨᠡᠢᠲᠡ 2339 ᠡᠮᠬᠢᠯᠡᠨ ᠭᠠᠷᠭᠠᠵᠤ᠂ ᠨᠢᠭᠡᠨᠲᠡ ᠬᠡᠷ ᠪᠠᠢᠱᠢᠩ᠎ᠤᠨ ᠦᠮᠴᠢᠯᠡᠯ ᠤ᠋ᠨ ᠡᠷᠭᠡ ᠵᠢᠨ ᠦᠨᠡᠮᠯᠡᠯ ᠬᠦᠢᠴᠡᠳᠭᠡᠭᠰᠡᠨ ᠲᠥᠷᠥᠯ ᠵᠦᠶ᠋ᠯ ᠨᠢ 2302 ᠪᠠᠢᠵᠤ᠂ ᠠᠩᠬ᠎ᠠ ᠤᠳᠠᠭ᠎ᠠ ᠳᠠᠩᠰᠠᠯᠠᠭᠤᠯᠤᠭ᠍ᠰᠠᠨ ᠨᠣᠷᠮ᠎ᠠ ᠨᠢ 98.42 % ᠪᠠᠢᠵᠤ᠂ 117.81 ᠲᠦᠮᠡᠨ ᠢᠵᠢ ᠬᠡᠷ ᠪᠠᠢᠱᠢᠩ᠎ᠳᠤ ᠬᠣᠯᠪᠣᠭ᠍ᠳᠠᠵᠤ᠂ 90.34 ᠲᠦᠮᠡᠨ ᠢᠵᠢ ᠬᠤᠪᠢ ᠬᠥᠮᠦᠨ᠎ᠦ ᠡᠷᠦᠬᠡ ᠬᠤᠪᠢᠶᠠᠭ᠍ᠰᠠᠨ ᠳᠡᠩᠰᠡᠯᠡᠯᠲᠡ᠎ᠶ᠋ᠢ ᠭᠦᠶ᠋ᠴᠡᠳᠭᠡᠨ ᠳᠠᠭᠤᠰᠭᠠᠵᠦ᠂ ᠠᠩᠬ᠎ᠠ ᠤᠳᠠᠭ᠎ᠠ ᠳᠠᠩᠰᠠᠯᠠᠭᠤᠯᠤᠭ᠍ᠰᠠᠨ ᠬᠡᠮᠵᠢᠶ᠎ᠡ ᠵᠢᠨ 76.69%ᠵᠢ ᠡᠵᠡᠯᠡᠪᠡ᠃ ᠭᠤᠷᠪᠠ᠎ᠳᠤ᠂ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠪᠡ᠃ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠬᠦᠷᠢᠶᠡᠨ᠎ᠳᠡᠬᠢ 《ᠳᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠨᠢ ᠵᠠᠰᠠᠭᠤᠨᠶᠠᠪᠤᠳᠠᠯᠤᠨ ᠦᠶ᠋ᠯᠡᠴᠢᠯᠡᠭᠡᠨ᠎ᠦ ᠲᠢᠩᠬᠢᠮ᠎ᠳᠦ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠴᠣᠩᠬᠤᠪᠴᠢ ᠪᠠᠢᠭᠤᠯᠤᠨ᠂ 24 ᠵᠦᠶ᠋ᠯ᠎ᠦᠨ ᠲᠣᠰ ᠱᠠᠲᠤᠨ᠎ᠤ ᠵᠦᠶ᠋ᠯᠡᠰ ᠤ᠋ᠨ ᠨᠢᠭᠤᠴᠠ᠎ᠳᠤ ᠬᠣᠯᠪᠣᠭ᠍ᠳᠠᠬᠤ ᠵᠦᠶ᠋ᠯᠡᠰ ᠡᠴᠡ ᠪᠤᠰᠤᠳ᠎ᠢ ᠴᠥᠮ ᠰᠦᠯᠵᠢᠶᠡᠨ ᠳᠡᠭᠡᠷ᠎ᠡ ᠭᠦᠶ᠋ᠴᠡᠳᠭᠡᠵᠦ᠍ ᠪᠣᠯᠤᠨ᠎ᠠ᠃ 《ᠥᠪᠥᠷ ᠮᠣᠩᠭᠣᠯ᠎ᠤᠨ ᠳᠣᠲᠣᠭᠠᠳᠤ᠎ᠶ᠋ᠢ ᠬᠠᠮᠠᠭᠠᠯᠠᠬᠤ 》 ᠵᠢᠷᠬᠢᠶ᠎ᠠ ᠵᠢᠨ ᠣᠯᠠᠨ ᠨᠡᠢᠲᠡ᠎ᠶ᠋ᠢᠨ ᠳ᠋ᠤᠭᠠᠷ᠎ᠢ ᠨᠡᠪᠲᠡᠷᠡᠭᠦᠯᠵᠦ᠍᠂ ᠳᠣᠲᠣᠭᠠᠳᠤ᠎ᠶ᠋ᠢ ᠬᠠᠮᠠᠭᠠᠯᠠᠬᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ 《 ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌》 ᠶ᠋ᠢ ᠠᠩᠬ᠎ᠠ ᠠᠯᠬᠤᠮ ᠪᠡᠶᠡᠯᠡᠭᠦᠯᠵᠡᠢ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ 39 ᠵᠦᠶ᠋ᠯ᠎ᠦᠨ ᠠᠯᠪᠠᠨ ᠭᠡᠷᠡᠴᠢᠯᠡᠯᠳᠡ᠎ᠶ᠋ᠢᠨ ᠵᠦᠶ᠋ᠯᠡᠰ ᠨᠢ ᠨᠢᠭᠡᠨᠲᠡ《ᠨᠢᠭᠡᠯᠡ ᠤᠳᠠᠭ᠎ᠠ᠎ᠳᠤ ᠬᠦᠢᠴᠡᠳᠭᠡᠬᠦ》 ᠶ᠋ᠢ ᠪᠡᠶᠡᠯᠡᠭᠦᠯᠵᠦ᠍᠂ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ 《ᠭᠤᠷᠪᠠᠨᠲᠠᠪᠴᠠᠡᠭᠢ ᠠᠭᠤᠰᠤᠯᠴᠠᠭᠤᠯᠬᠤ 》 ᠲᠥᠷᠥᠯ ᠵᠦᠶ᠋ᠯ᠎ᠢ ᠡᠮᠬᠢ ᠵᠢᠷᠤᠮ᠎ᠲᠠᠶ ᠠᠬᠢᠭᠤᠯᠪᠠ᠃
(ᠬᠣᠶᠠᠷ) ᠭᠤᠤᠯ ᠴᠣᠭ᠍ᠴᠠ᠎ᠶ᠋ᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠪᠠ
1᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶ᠋ᠢ ᠴᠢᠩᠭᠠᠳᠭᠠᠪᠠ᠃ ᠨᠢᠭᠡ᠎ᠳᠦ ᠂ ᠨᠠᠮ᠎ᠤᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ᠎ᠶ᠋ᠢᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠪᠡ᠃ 《ᠢᠯᠵᠠᠷᠠᠬᠤ᠎ᠠᠴᠠ ᠵᠢᠷᠦᠬᠡᠱᠢᠶᠡᠬᠦ᠌᠂ ᠢᠯᠵᠠᠷᠠᠵᠤ ᠪᠣᠯᠬᠤ ᠥᠬᠡᠶ᠂ ᠢᠯᠵᠠᠷᠠᠬᠤ᠎ᠶ᠋ᠢ ᠪᠤᠳᠤᠬᠤ ᠥᠬᠡᠶ ᠪᠠᠢᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ ᠲᠤᠬᠠᠶ ᠠᠵᠢᠯ᠎ᠤᠨ ᠰᠠᠨᠠᠯ》᠎ᠢ᠋ ᠲᠣᠭ᠍ᠲᠠᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶ᠋ᠢᠨ ᠳᠣᠯᠣᠳᠤᠭᠠᠷ ᠤᠳᠠᠭ᠎ᠠ ᠵᠢᠨ ᠪᠦᠬᠦᠳᠡ ᠬᠤᠷᠠᠯ᠎ᠢ ᠬᠤᠷᠠᠯᠳᠤᠭᠤᠯᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠠ ᠢᠯᠵᠠᠷᠠᠯ᠎ᠢ ᠡᠰᠡᠷᠭᠦᠴᠡᠬᠦ᠌ ᠠᠵᠢᠯ᠎ᠳᠤ ᠪᠠᠢᠷᠢᠯᠠᠭᠤᠯᠤᠯᠲᠠ ᠬᠢᠵᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶ᠋ᠢᠨ ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ ᠢ᠋ ᠬᠤᠷᠠᠯᠳᠤᠭᠤᠯᠵᠤ᠂ ᠭᠤᠤᠯᠳᠠᠯᠭ᠎ᠠ᠎ᠲᠠᠶ ᠡᠭᠦᠷᠭᠡ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ ᠨᠥᠬᠥᠳ᠎ᠦᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶ᠋ᠢᠨ ᠬᠠᠷᠢᠭᠤᠴᠠᠯᠭ᠎ᠠ ᠪᠠᠨ ᠨᠠᠢᠳᠠᠪᠤᠷᠢᠵᠢᠭᠤᠯᠬᠤ ᠨᠠᠷᠢᠨ ᠲᠠᠩᠰᠠ᠎ᠶ᠋ᠢ ᠲᠤᠬᠳᠠᠭᠠᠵᠤ᠂ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠲᠣᠭ᠍ᠲᠠᠴᠠ᠎ᠶ᠋ᠢ ᠪᠠᠢᠭᠤᠯᠪᠠ᠃ ᠬᠣᠶᠠᠷ᠎ᠲᠤ᠂ ᠰᠠᠬᠢᠯᠭ᠎ᠠ ᠪᠠᠲᠤ ᠬᠡᠷᠡᠭ᠌ᠵᠢᠭᠦᠯᠦᠨ ᠬᠡᠷᠡᠭ ᠱᠢᠢᠳᠪᠦᠷᠢᠯᠡᠬᠦ᠌ ᠴᠢᠳᠠᠪᠤᠷᠢ ᠪᠠ ᠲᠤᠰᠭᠠᠢᠵᠢᠭ᠍ᠰᠠᠨ ᠲᠦᠪᠱᠢᠨ᠎ᠢ ᠳᠡᠭᠡᠭ᠌ᠰᠢᠯᠡᠭᠦᠯᠪᠡ᠃ 《〈ᠵᠠᠭᠤ ᠮᠢᠩᠭ᠎ᠠ ᠲᠦᠮᠡᠨ ᠴᠢᠳᠠᠪᠤᠷᠢᠲᠠᠨ᠎ᠤ ᠢᠨᠵᠧᠨᠧᠷᠢᠩ〉 ᠤ᠋ᠨ ᠬᠥᠳᠡᠯᠦᠩᠭᠦᠶ ᠬᠠᠮᠢᠶᠠᠷᠤᠯᠲᠠ᠎ᠶ᠋ᠢᠨ ᠠᠷᠭ᠎ᠠ》 ᠶ᠋ᠢ ᠲᠣᠭ᠍ᠲᠠᠭᠠᠵᠤ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠯᠤᠭ᠎ᠠ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠲᠤᠱᠢᠶᠠᠯᠲᠠᠨ᠎ᠤ ᠪᠣᠯᠪᠠᠰᠤᠷᠠᠯ᠎ᠤᠨ ᠳᠡᠭᠡᠳᠦ ᠰᠤᠷᠭᠠᠭᠤᠯᠢ᠎ᠶ᠋ᠢ ᠬᠠᠮᠲᠤ ᠪᠠᠷ ᠪᠠᠢᠭᠤᠯᠵᠤ᠂《ᠬᠣᠱᠢᠭᠤᠴᠢ ᠭᠠᠪᠱᠢᠭᠠᠶᠠᠩᠭᠢ》 ᠶ᠋ᠢ ᠬᠥᠮᠦᠵᠢᠭᠦᠯᠦᠨ ᠪᠤᠯᠪᠠᠰᠤᠷᠠᠭᠤᠯᠬᠤ ᠵᠢ ᠴᠢᠩᠭᠠᠳᠭᠠᠪᠠ᠃ ᠬᠢᠨᠠᠯᠲᠠ ᠲᠠᠯᠪᠢᠬᠤ ᠰᠠᠬᠢᠯᠭ᠎ᠠ ᠪᠠᠲᠤ ᠵᠢ ᠬᠡᠷᠡᠭ᠌ᠵᠢᠭᠦᠯᠬᠦ᠌ ᠬᠠᠤᠯᠢ ᠬᠡᠷᠡᠭ᠌ᠵᠢᠭᠦᠯᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠲᠠᠪᠴᠠᠩ᠎ᠢ ᠪᠠᠢᠭᠤᠯᠵᠤ᠂ 《ᠣᠶᠤᠨᠴᠢ ᠬᠡᠷᠡᠭ᠎ᠦᠨ ᠬᠠᠮᠢᠶᠠᠷᠤᠯᠲᠠ》 ᠶ᠋ᠢᠨ ᠱᠢᠰᠲ᠋ᠧᠮ᠎ᠢ ᠵᠣᠬᠢᠶᠠᠨ ᠪᠠᠢᠭᠤᠯᠤᠨ ᠰᠤᠳᠤᠯᠤᠨ ᠨᠡᠭᠡᠭᠡᠵᠦ᠍᠂ ᠮᠡᠳᠡᠭᠡ ᠵᠠᠩᠭᠢᠵᠢᠯᠲᠠ᠂ ᠲᠣᠮᠣ ᠳ᠋ᠠᠢᠲ᠋ᠠ ᠬᠢᠭᠡᠳ ᠬᠢᠨᠠᠨ ᠪᠠᠢᠴᠠᠭᠠᠯᠲᠠ ᠬᠢᠬᠦ᠌ ᠠᠵᠢᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠪᠠ᠃
2᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠪᠠ᠃ ᠨᠢᠭᠡ᠎ᠳᠦ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠬᠢᠨᠠᠮᠠᠭᠠᠢ ᠨᠠᠢᠳᠠᠪᠤᠷᠢᠵᠢᠭᠤᠯᠪᠠ᠃ 《ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠶ᠋ᠢᠨ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠲᠣᠭ᠍ᠲᠠᠭᠠᠯ》 ᠪᠠ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠨᠠᠷᠢᠨ ᠲᠠᠩᠰᠠ》 ᠶ᠋ᠢ ᠴᠢᠩᠭ᠎ᠠ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠬᠠᠭᠠᠰ ᠵᠢᠯ᠎ᠳᠦ ᠠᠳᠠᠭ᠎ᠲᠠᠭᠠᠨ 1 ᠤᠳᠠᠭ᠎ᠠ ᠪᠠᠢᠩᠭᠤ᠎ᠶ᠋ᠢᠨ ᠬᠣᠷᠢᠶᠠᠨ᠎ᠤ ᠬᠤᠷᠠᠯ ᠬᠤᠷᠠᠯᠳᠤᠭᠤᠯᠵᠦ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠲᠤᠰᠭᠠᠶ ᠰᠡᠳᠦᠪ᠎ᠢᠶᠡᠷ ᠰᠤᠳᠤᠯᠵᠤ᠂ ᠵᠢᠯ ᠪᠦᠷᠢ 1 ᠤᠳᠠᠭ᠎ᠠ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠎ᠶ᠋ᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢ ᠠᠳᠭᠤᠬᠤ ᠲᠤᠱᠢᠶᠠᠯ᠎ᠤᠨ ᠮᠡᠳᠡᠭᠦᠯᠦᠯᠲᠡ᠎ᠶ᠋ᠢ ᠦᠨᠡᠯᠡᠨ ᠱᠢᠯᠭᠠᠬᠤ ᠠᠵᠢᠯᠯᠠᠭ᠎ᠠ ᠦᠷᠨᠢᠬᠦᠯᠵᠦ᠂ ᠵᠢᠯ ᠪᠦᠷᠢ 1 ᠤᠳᠠᠭ᠎ᠠ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠮᠡᠳᠡᠭᠳᠡᠬᠦ ᠵᠡᠷᠭᠡ 《ᠲᠠᠪᠤᠨ ᠨᠢᠭᠡ》 ᠶ᠋ᠢᠨ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ ᠬᠡᠷᠡᠭᠵᠢᠬᠦᠯᠵᠦ᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠷᠢᠯᠢᠬ᠍ᠵᠢᠭᠤᠯᠤᠨ ᠪᠣᠳᠠᠲᠠᠢᠵᠢᠭᠤᠯᠬᠤ᠎ᠶ᠋ᠢ ᠠᠬᠢᠭᠤᠯᠪᠠ᠃ ᠬᠣᠶᠠᠷ᠎ᠲᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠭᠦᠢᠴᠡᠳᠭᠡᠭ᠌ᠰᠡᠨ ᠪᠠᠢᠳᠠᠯ᠎ᠳᠤ ᠬᠢᠨᠠᠯᠲᠠ ᠲᠠᠯᠪᠢᠬᠤ᠎ᠪᠠᠨ ᠴᠢᠩᠭᠠᠳᠭᠠᠪᠠ᠃《ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ 〈ᠨᠢᠭᠡᠳᠦᠭᠡᠷ ᠭᠠᠷ〉 ᠪᠣᠯᠤᠨ ᠤᠳᠤᠷᠢᠳᠭᠤ ᠪᠠᠭ᠎ᠤᠨ ᠬᠢᠨᠠᠯᠲᠠ ᠲᠠᠯᠪᠢᠬᠤ᠎ᠶ᠋ᠢ ᠴᠢᠩᠭᠠᠳᠭᠠᠬᠤ ᠲᠤᠬᠠᠶ ᠰᠠᠨᠠᠯ (ᠲᠤᠷᠱᠢᠨ ᠬᠡᠷᠡᠭ᠌ᠵᠢᠭᠦᠯᠬᠦ᠌)》 ᠂ 《〈ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ〉 ᠳᠦᠷᠢᠮᠵᠢᠯᠲᠡ᠎ᠶ᠋ᠢ ᠪᠠᠢᠩᠭᠤᠵᠢᠭᠤᠯᠬᠤ᠎ᠶ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》᠎ᠢ᠋ ᠲᠣᠭ᠍ᠲᠠᠭᠠᠵᠤ᠂ ᠪᠦᠬᠦ᠌ ᠣᠷᠣᠨ᠎ᠳᠤ ᠦᠬᠠᠶ ᠬᠣᠲᠠ᠂ ᠬᠥᠬᠡᠬᠣᠲᠠ᠎ᠶ᠋ᠢᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ᠎ᠤᠨ ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ ᠲᠤᠷᠱᠢᠯᠭ᠎ᠠ ᠠᠷᠭ᠎ᠠ ᠬᠢᠳᠡᠯ᠎ᠢ ᠳᠡᠯᠭᠡᠷᠡᠭᠦᠯᠵᠦ᠍᠂ ᠲᠦᠩᠯᠢᠶᠣᠤ ᠬᠣᠲᠠ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠱᠢᠰᠲ᠋ᠧᠮ᠎ᠦᠨ ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ ᠠᠵᠢᠯ᠎ᠢ ᠠᠬᠢᠭᠤᠯᠵᠤ᠂ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠪᠡ᠃ ᠤᠳᠤᠷᠢᠳᠭᠤ ᠺᠠᠳ᠋ᠷ ᠬᠤᠪᠢ ᠬᠥᠮᠦᠨ᠎ᠦ ᠬᠣᠯᠪᠣᠭ᠍ᠳᠠᠯ ᠪᠦᠬᠦᠢ ᠤᠴᠢᠷ ᠶᠠᠪᠤᠳᠠᠯ᠎ᠢᠶᠠᠨ ᠮᠡᠳᠡᠭᠦᠯᠬᠦ᠌᠂ ᠠᠯᠪᠠᠨ ᠲᠤᠱᠢᠶᠠᠯᠲᠠᠨ᠎ᠤ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠤᠴᠢᠷ ᠶᠠᠪᠤᠳᠠᠯ᠎ᠢᠶᠠᠨ ᠲᠠᠨᠭᠰᠠᠯᠠᠨ ᠮᠡᠳᠡᠭᠦᠯᠬᠦ᠌ ᠵᠡᠷᠭᠡ ᠲᠦᠷᠢᠮ᠎ᠢ ᠴᠢᠩᠭ᠎ᠠ ᠬᠡᠷᠡᠭ᠌ᠵᠢᠭᠦᠯᠵᠦ᠍᠂ 《ᠨᠢᠭᠡᠳᠦᠭᠡᠷ ᠭᠠᠷ》 ᠪᠠ ᠵᠠᠩᠭᠢᠯᠠᠭ᠎ᠠ᠎ᠶ᠋ᠢᠨ ᠠᠵᠢᠯ᠎ᠤᠨ ᠪᠠᠢᠷᠢ᠎ᠶ᠋ᠢᠨ ᠺᠠᠳ᠋ᠷᠲᠤᠬᠢᠨᠠᠯᠲᠠ ᠲᠠᠯᠪᠢᠬᠤ ᠪᠠᠨ ᠭᠣᠣᠯᠳᠠᠯᠭ᠎ᠠ᠎ᠲᠠᠶ ᠴᠢᠩᠭᠠᠳᠭᠠᠪᠠ᠃ ᠭᠤᠷᠪᠠ᠎ᠳᠤ᠂ ᠬᠢᠨᠠᠨ ᠰᠢᠯᠭᠠᠵᠦ ᠦᠨᠡᠯᠡᠬᠦ᠌᠎ᠶ᠋ᠢ ᠴᠢᠩᠭᠠᠳᠭᠠᠵᠤ᠂ ᠬᠢᠨᠠᠨ ᠰᠢᠯᠭᠠᠵᠦ ᠦᠨᠡᠯᠡᠬᠦ᠌ᠭᠦᠶ᠋ᠴᠡᠳᠭᠡᠯ ᠲᠣᠭ᠎ᠠ᠎ᠶ᠋ᠢᠨ ᠱᠢᠰᠲ᠋ᠧᠮᠵᠢ᠎ᠶ᠋ᠢ ᠲᠡᠭᠦᠯᠳᠡᠷᠵᠢᠭᠦᠯᠵᠦ᠍᠂ ᠦᠷ᠎ᠡ ᠪᠦᠲᠦᠭᠡᠯ᠎ᠦᠨ ᠬᠡᠷᠡᠭ᠌ᠯᠡᠯᠲᠡ᠎ᠶ᠋ᠢ ᠴᠢᠩᠭᠠᠳᠭᠠᠪᠠ᠃ 2020 ᠣᠨ᠎ᠤ ᠬᠢᠨᠠᠨ ᠱᠢᠯᠭᠠᠯᠲᠠ᠎ᠳᠤ᠂ 6 ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠪᠠ ᠱᠢᠭᠤᠳ ᠬᠠᠷᠢᠶ᠎ᠠ ᠠᠵᠤ ᠠᠬᠤᠢᠯᠠᠯ᠎ᠤᠨ ᠤᠳᠤᠷᠢᠳᠭᠤ ᠪᠠᠭ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶ᠋ᠢ ᠴᠢᠩᠭ᠎ᠠ ᠠᠳᠭᠤᠭ᠍ᠰᠠᠨ ᠦᠭᠡᠢ᠂ ᠱᠢᠰᠲ᠋ᠧᠮ᠎ᠦᠨ ᠢᠯᠵᠠᠷᠠᠯ᠎ᠤᠨ ᠬᠡᠷᠡᠭ ᠤᠯᠠᠨ ᠡᠭᠦᠰᠦᠭ᠌ᠰᠡᠨ᠎ᠡᠴᠡ ᠪᠤᠯᠵᠤ 《 ᠡᠩ᠎ᠦᠨ 》 ᠲᠡᠰ ᠵᠢᠡᠷ ᠦᠨᠡᠯᠡᠭ᠌ᠳᠡᠪᠡ᠃
3᠂ ᠭᠤᠤᠯᠳᠠᠯᠭ᠎ᠠ᠎ᠲᠠᠶ ᠬᠦᠷᠢᠶᠡᠨ᠎ᠳᠡᠬᠢ ᠢᠯᠵᠠᠷᠠᠯ᠎ᠤᠨ ᠠᠰᠠᠭᠤᠳᠠᠯ᠎ᠤᠨ ᠵᠠᠰᠠᠯᠲᠠ᠎ᠶ᠋ᠢ ᠭᠦᠨᠵᠡᠭᠡᠢᠷᠡᠭᠦᠯᠪᠡ᠃ ᠨᠢᠭᠡ᠎ᠳᠦ᠂ ᠨᠡᠭᠦᠷᠡᠰᠦᠨ᠎ᠦ ᠡᠬᠢ ᠪᠠᠶᠠᠯᠢᠭ᠎ᠤᠨ ᠬᠦᠷᠢᠶᠡᠨ᠎ᠳᠡᠬᠢ ᠲᠦᠷᠢᠮ ᠲᠣᠭ᠍ᠲᠠᠭᠠᠯ᠎ᠠᠴᠠ ᠵᠥᠷᠢᠴᠡᠵᠦ᠍ ᠬᠠᠤᠯᠢ᠎ᠠᠴᠠ ᠵᠥᠷᠢᠴᠡᠭ᠌ᠰᠡᠨ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠪᠡ᠃ ᠡᠷᠡᠰ ᠪᠠᠲᠤ ᠣᠪᠣᠷ᠂ ᠬᠦᠴᠦᠨ ᠪᠦᠬᠦᠢ ᠪᠦᠲᠦᠮᠵᠢᠲᠡᠶ ᠠᠷᠭ᠎ᠠ ᠬᠡᠮᠵᠢᠶ᠎ᠡ᠎ᠪᠡᠷ ᠨᠡᠭᠦᠷᠡᠰᠦᠨ᠎ᠦ ᠡᠬᠢ ᠪᠠᠶᠠᠯᠢᠭ᠎ᠤᠨ ᠬᠦᠷᠢᠶᠡᠨ᠎ᠳᠡᠬᠢ ᠲᠦᠷᠢᠮ ᠲᠣᠭ᠍ᠲᠠᠭᠠᠯ᠎ᠠᠴᠠ ᠵᠥᠷᠢᠴᠡᠵᠦ᠍ ᠬᠠᠤᠯᠢ᠎ᠠᠴᠠ ᠵᠥᠷᠢᠴᠡᠭ᠌ᠰᠡᠨ ᠠᠰᠠᠭᠤᠳᠠᠯ᠎ᠢ ᠵᠠᠰᠠᠬᠤ ᠡᠯ᠎ᠡ ᠵᠦᠶ᠋ᠯ᠎ᠦᠨ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠨᠢᠭᠡ ᠪᠦᠯᠦᠭ ᠴᠢᠬᠤᠯᠠ ᠶᠡᠬᠡ ᠠᠰᠠᠭᠤᠳᠠᠯ᠎ᠢ ᠱᠢᠶ᠋ᠳᠪᠦᠷᠢᠯᠡᠬᠦ᠌᠂ ᠨᠢᠭᠡ ᠪᠦᠯᠦᠭ ᠴᠢᠬᠤᠯᠠ ᠶᠡᠬᠡ ᠬᠡᠷᠡᠭ᠎ᠢ ᠪᠠᠢᠴᠠᠭᠠᠨ ᠱᠢᠶ᠋ᠳᠪᠦᠷᠢᠯᠡᠬᠦ᠌᠂ ᠨᠢᠭᠡ ᠪᠦᠯᠦᠭ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠬᠣᠬᠢᠷᠠᠯ᠎ᠢ ᠡᠭᠡᠭᠦᠯᠦᠨ ᠠᠪᠴᠢᠷᠠᠬᠤ᠂ ᠨᠢᠭᠡ ᠪᠦᠯᠦᠭ ᠲᠦᠷᠢᠮ᠎ᠦᠨ ᠳᠤᠲᠠᠭᠤᠳᠠᠯ᠎ᠢ ᠨᠥᠬᠥᠪᠥᠷᠢᠯᠡᠬᠦ᠌ ᠲᠠᠯ᠎ᠠ᠎ᠪᠠᠷ ᠱᠢᠨ᠎ᠡ ᠠᠬᠢᠴᠠ ᠱᠢᠨ᠎ᠡ ᠦᠷ᠎ᠡ ᠪᠦᠲᠦᠮᠵᠢ ᠤᠯᠪᠠ᠃ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠦᠷᠢᠶᠡᠨ᠎ᠳᠡᠬᠢ ᠢᠯᠵᠠᠷᠠᠯ᠎ᠤᠨ ᠠᠰᠠᠭᠤᠳᠠᠯ᠎ᠤᠨ ᠵᠠᠰᠠᠯᠲᠠ᠎ᠶ᠋ᠢ ᠭᠦᠨᠵᠡᠭᠡᠢᠷᠡᠭᠦᠯᠪᠡ᠃ 《ᠠᠯᠪᠠᠨ ᠲᠤᠱᠢᠶᠠᠯᠲᠠᠨ᠎ᠤ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠵᠦᠶ᠋ᠯᠡᠰ᠎ᠢ ᠳᠡᠩᠰᠡᠯᠡᠨ ᠲᠡᠮᠳᠡᠭ᠌ᠯᠡᠵᠦ᠍ ᠮᠡᠳᠡᠭᠦᠯᠬᠦ᠌ ᠠᠷᠭ᠎ᠠ》 ᠶ᠋ᠢ ᠴᠢᠩᠭ᠎ᠠ ᠨᠠᠢᠳᠠᠪᠤᠷᠢᠵᠢᠭᠤᠯᠵᠤ᠂ ᠡᠯ᠎ᠡ ᠱᠠᠲᠤᠨ᠎ᠤ ᠺᠠᠳ᠋ᠷ᠎ᠢ ᠵᠣᠬᠢᠶᠠᠨ ᠪᠠᠢᠭᠤᠯᠤᠨ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠵᠦᠶ᠋ᠯᠡᠰ᠎ᠢ ᠲᠠᠭ᠍ᠯᠠᠨ ᠮᠡᠳᠡᠭᠦᠯᠵᠦ᠍᠂ ᠲᠣᠭ᠍ᠲᠠᠭᠠᠯ᠎ᠳᠤ ᠨᠡᠢᠴᠡᠬᠦ᠌ ᠥᠬᠡᠶ᠎ᠶ᠋ᠢ᠎ᠨᠢ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠱᠢᠶ᠋ᠳᠪᠦᠷᠢᠯᠡᠪᠡ᠃ ᠬᠣᠶᠠᠷ᠎ᠲᠤ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠬᠦᠷᠢᠶᠡᠨ᠎ᠳᠡᠬᠢ ᠢᠯᠵᠠᠷᠠᠯ᠎ᠤᠨ ᠠᠰᠠᠭᠤᠳᠠᠯ᠎ᠤᠨ ᠵᠠᠰᠠᠯᠲᠠ᠎ᠶ᠋ᠢ ᠭᠦᠨᠵᠡᠭᠡᠢᠷᠡᠭᠦᠯᠪᠡ᠃ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠦ ᠬᠥᠮᠦᠵᠢᠯ ᠴᠡᠭ᠌ᠴᠡᠯᠡᠯᠲᠡ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠤᠯᠠᠨ ᠨᠡᠢᠳᠡ ᠳ᠋ᠤ ᠬᠦᠨᠦᠭᠡᠯᠳᠡᠢ ᠬᠦᠮᠦᠰ ᠢ᠋ ᠡᠷᠡᠰ ᠴᠡᠪᠡᠷᠯᠡᠨ ᠠᠷᠢᠯᠭᠠᠬᠤ᠂ ᠠᠷᠬᠠᠭ ᠭᠡᠮ᠎ᠢ ᠴᠡᠭ᠌ᠴᠡᠯᠡᠨ ᠵᠠᠰᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ ᠲᠦᠷᠦ᠍ ᠬᠠᠤᠯᠢ ᠴᠠᠭᠠᠵᠠ᠎ᠶ᠋ᠢᠨ ᠪᠠᠢᠭᠤᠯᠭ᠎ᠠ᠎ᠶ᠋ᠢᠨ ᠬᠢᠳᠤᠭᠠᠨᠤ ᠢᠷ᠎ᠢ ᠳᠣᠲᠣᠭ᠍ᠰᠢ ᠬᠠᠨᠳᠤᠭᠤᠯᠬᠤ ᠵᠣᠷᠢᠭ ᠰᠠᠨᠠᠭ᠎ᠠ᠎ᠪᠠᠷ ᠪᠠᠢᠴᠠᠭᠠᠨ ᠵᠠᠯᠠᠷᠠᠭᠤᠯᠵᠤ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠬᠤ᠎ᠶ᠋ᠢ ᠠᠬᠢᠭᠤᠯᠪᠠ᠃ ᠬᠠᠤᠯᠢ ᠬᠡᠷᠡᠭ᠌ᠵᠢᠭᠦᠯᠬᠦ᠌ ᠬᠠᠤᠯᠢ ᠶᠠᠪᠤᠭᠤᠯᠬᠤ᠎ᠳᠠᠭᠠᠨ ᠭᠣᠣᠯᠴᠢ ᠪᠤᠰᠤ ᠴᠢᠩᠭ᠎ᠠ ᠪᠤᠰᠤ ᠦᠢᠯᠡ ᠠᠵᠢᠯᠯᠠᠭ᠎ᠠ᠎ᠶ᠋ᠢ ᠪᠦᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠬᠠᠤᠯᠢ ᠶᠠᠪᠤᠭᠤᠯᠬᠤ᠎ᠳᠤ ᠭᠠᠷ ᠲᠦᠷᠦᠭᠦ᠎ᠶ᠋ᠢ ᠰᠡᠷᠭᠡᠢᠯᠡᠬᠦ᠌ 《ᠭᠤᠷᠪᠠᠨ ᠲᠣᠭ᠍ᠲᠠᠭᠠᠯ》 ᠢ᠋ ᠪᠣᠳᠠᠲᠠᠢ ᠳ᠋ᠤ ᠨᠠᠢᠳᠠᠪᠤᠷᠢᠵᠢᠭᠤᠯᠤᠭ᠍ᠰᠠᠨ ᠦᠭᠡᠢ ᠠᠰᠠᠭᠤᠳᠠᠯ᠎ᠢ ᠲᠤᠰᠭᠠᠢ ᠴᠡᠭ᠌ᠴᠡᠯᠡᠨ ᠵᠠᠰᠠᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ 《ᠬᠠᠮᠠᠭᠠᠯᠠᠭ᠍ᠴᠢ ᠱᠢᠬᠦᠷ ᠲᠦ ᠴᠣᠬᠢᠯᠲᠠ ᠥᠭ᠌ᠴᠦ ᠬᠠᠷᠢᠴᠠᠭᠠᠨ᠎ᠤ ᠲᠣᠣᠷ᠎ᠢ ᠡᠪᠳᠡᠬᠦ᠌ 》 ᠠᠵᠢᠯᠯᠠᠭ᠎ᠠ᠎ᠶ᠋ᠢ ᠦᠷᠭᠦᠯᠵᠢᠯᠡᠨ ᠠᠬᠢᠭᠤᠯᠵᠤ᠂ 《ᠡᠷᠡᠬᠦᠦ ᠰᠢᠢᠳᠭᠡᠯ ᠢ᠋ ᠨᠢ ᠬᠦᠡᠭᠭᠡᠷᠡᠬᠦᠯᠬᠦ᠂ ᠲᠡᠡᠭᠰᠡ ᠰᠤᠯᠠᠯᠠᠬᠤ᠂ ᠲᠦᠷ ᠬᠢᠨᠳᠡᠠ ᠤ᠋ ᠭᠠᠳᠠᠨ᠎ᠠ ᠬᠦᠢᠴᠡᠳᠭᠡᠭᠦ》 ᠲᠤᠰᠭᠠᠢ ᠴᠡᠭ᠌ᠴᠡᠯᠡᠨ ᠵᠠᠰᠠᠬᠤ ᠠᠵᠢᠯ᠎ᠢ ᠭᠦᠨᠵᠡᠭᠡᠢ ᠥᠷᠨᠢᠭᠦᠯᠪᠡ᠃ ᠬᠣᠱᠢᠭᠤ ᠱᠢᠶᠠᠨ᠎ᠤ ᠱᠠᠲᠤᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠪᠠᠢᠴᠠᠭᠠᠬᠤ ᠬᠤᠷᠢᠶ᠎ᠠ ᠱᠢᠭᠦᠬᠦ᠌ ᠬᠤᠷᠢᠶ᠎ᠠ ᠵᠢᠨ ᠤᠳᠤᠷᠢᠳᠭᠤ ᠪᠠᠭ᠎ᠤᠨ ᠲᠣᠬᠢᠷᠠᠭᠤᠯᠤᠯᠲᠠ᠎ᠶ᠋ᠢ ᠠᠬᠢᠭᠤᠯᠵᠤ᠂ ᠺᠠᠳ᠋ᠷ ᠤ᠋ᠨ ᠰᠣᠯᠢᠯᠴᠠᠭ᠎ᠠ ᠬᠢᠵᠦ ᠨᠡᠪᠳᠡᠷᠡᠯᠴᠡᠬᠦ ᠡᠷᠴᠢᠮ᠎ᠢ ᠴᠢᠩᠭᠠᠷᠠᠭᠤᠯᠪᠠ᠃ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶᠠᠨ᠎ᠤ ᠬᠠᠤᠯᠢ ᠬᠡᠷᠡᠭ᠌ᠵᠢᠭᠦᠯᠦᠯᠲᠡ᠎ᠳᠦ ᠬᠢᠨᠠᠯᠲᠠ ᠲᠠᠯᠪᠢᠬᠤ ᠠᠵᠢᠯ᠎ᠤᠨ ᠨᠠᠷᠢᠨ ᠲᠦᠷᠢᠮ》᠎ᠢ᠋ ᠨᠡᠢᠲᠡᠯᠡᠵᠦ᠍᠂ ᠬᠠᠤᠯᠢ ᠬᠡᠷᠡᠭ᠌ᠵᠢᠭᠦᠯᠦᠯᠲᠡ᠎ᠳᠦ ᠬᠢᠨᠠᠯᠲᠠ ᠲᠠᠯᠪᠢᠬᠤ ᠠᠵᠢᠯ᠎ᠢ ᠴᠢᠨᠠᠭ᠍ᠰᠢᠳᠠ ᠴᠢᠩᠭᠠᠳᠭᠠᠵᠤ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠺᠠᠳ᠋ᠷ ᠴᠠᠭ᠍ᠳᠠᠭ᠎ᠠ᠎ᠶ᠋ᠢᠨ ᠴᠢᠩᠭ᠎ᠠ ᠵᠢᠷᠤᠮᠵᠢᠭᠤᠨ ᠲᠥᠪ ᠭᠤᠤᠯᠴᠢ ᠠᠷᠢᠭᠤᠨ ᠴᠢᠬᠡᠴᠢ ᠪᠣᠯᠪᠠᠰᠤᠨ᠎ᠢᠶᠠᠷ ᠬᠠᠤᠯᠢ ᠬᠡᠷᠡᠭ᠌ᠵᠢᠭᠦᠯᠬᠦ᠌᠎ᠶ᠋ᠢ ᠠᠬᠢᠭᠤᠯᠪᠠ᠃ ᠭᠤᠷᠪᠠ᠎ᠳᠤ᠂ ᠮᠥᠩᠭᠥᠨ ᠭᠦᠢᠯᠭᠡᠭᠡᠨ᠎ᠦ ᠬᠦᠷᠢᠶᠡᠨ᠎ᠳᠡᠬᠢ ᠢᠯᠵᠠᠷᠠᠯᠤᠨᠵᠠᠰᠠᠯᠲᠠᠶ᠋ᠢᠭᠦᠨᠵᠡᠭᠡᠢᠷᠡᠭᠦᠯᠪᠡ᠃ ᠣᠷᠣᠨᠤᠳᠣᠲᠣᠷᠠᠬᠢ ᠮᠥᠩᠭᠥᠨ ᠭᠦᠢᠯᠭᠡᠭᠡᠨ᠎ᠦ ᠬᠦᠷᠢᠶᠡᠨ ᠳᠡᠬᠢ ᠢᠯᠵᠠᠷᠠᠯ ᠤᠨ ᠠᠰᠠᠭᠤᠳᠠᠯ ᠤᠨ ᠰᠦᠪᠡᠭ᠌ᠴᠢ᠎ᠶ᠋ᠢ ᠪᠠᠢᠴᠠᠭᠠᠨ ᠱᠢᠢᠳᠪᠦᠷᠢᠯᠡᠬᠦ᠌ᠡᠷᠴᠢᠮᠢᠶᠡᠨ ᠴᠢᠩᠭᠠᠷᠠᠭᠤᠯᠵᠤ᠂ ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠪᠠ᠃ 《ᠥᠪᠥᠷ ᠮᠣᠩᠭᠣᠯ᠎ᠤᠨ ᠪᠠᠩᠬᠢ᠎ᠶ᠋ᠢᠨ ᠦᠢᠯᠡᠰ᠎ᠦᠨ ᠠᠷᠢᠭᠤᠨ ᠴᠢᠬᠡᠴᠢ ᠮᠥᠩᠭᠥᠨ ᠭᠦᠢᠯᠭᠡᠭᠡᠨ᠎ᠦ ᠰᠣᠶᠣᠯ᠎ᠤᠨ ᠪᠠᠢᠭᠤᠯᠤᠯᠲᠠ᠎ᠶ᠋ᠢᠨ ᠨᠡᠢᠲᠡ᠎ᠶ᠋ᠢᠨ ᠭᠡᠷ᠎ᠡ》᠎ᠶ᠋ᠢ ᠲᠣᠭ᠍ᠲᠠᠭᠠᠵᠤ᠂ ᠠᠷᠢᠭᠤᠨ ᠴᠢᠬᠡᠴᠢ ᠰᠣᠶᠣᠯ᠎ᠢ ᠪᠠᠢᠭᠤᠯᠬᠤ᠎ᠶ᠋ᠢ ᠠᠬᠢᠭᠤᠯᠪᠠ᠃ ᠲᠦᠷᠪᠡ᠎ᠳᠦ᠂ ᠤᠯᠤᠰ᠎ᠤᠨ ᠥᠮᠴᠢᠯᠡᠯ᠎ᠳᠤ ᠠᠵᠤ ᠠᠬᠤᠢᠯᠠᠯ᠂ ᠰᠤᠷᠭᠠᠨ ᠬᠥᠮᠦᠵᠢᠯ᠎ᠦᠨ ᠬᠦᠷᠢᠶᠡᠨ᠎ᠳᠡᠬᠢ ᠢᠯᠵᠠᠷᠠᠯ᠎ᠤᠨ ᠠᠰᠠᠭᠤᠳᠠᠯ᠎ᠤᠨ ᠵᠠᠰᠠᠯᠲᠠ᠎ᠶ᠋ᠢ ᠭᠦᠨᠵᠡᠭᠡᠢᠷᠡᠭᠦᠯᠪᠡ᠃ ᠢᠯᠵᠠᠷᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠣᠷᠣᠨ᠎ᠤ ᠱᠢᠭᠤᠳ ᠬᠠᠷᠢᠶ᠎ᠠ ᠠᠵᠤ ᠠᠬᠤᠢᠯᠠᠯ᠎ᠤᠨ ᠤᠳᠤᠷᠢᠳᠭᠤ ᠪᠠᠭ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ 《ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠺᠣᠮᠫᠠᠨᠢ᠎ᠶ᠋ᠢᠨ ᠵᠠᠰᠠᠯᠲᠠ᠎ᠶ᠋ᠢ ᠲᠡᠭᠦᠯᠳᠡᠷᠵᠢᠭᠦᠯᠬᠦ᠌ ᠳᠤᠮᠳᠠᠨᠠᠮᠤᠨ ᠤᠳᠤᠷᠢᠳᠤᠯᠭ᠎ᠠ᠎ᠶ᠋ᠢ ᠴᠢᠩᠭᠠᠳᠭᠠᠬᠤ ᠲᠤᠬᠠᠶ ᠲᠦᠷᠢᠮ ᠠᠷᠭ᠎ᠠ ᠬᠡᠮᠵᠢᠶ᠎ᠡ》 ᠶ᠋ᠢ ᠲᠣᠭ᠍ᠲᠠᠭᠠᠵᠤ᠂ ᠠᠵᠤ ᠠᠬᠤᠢᠯᠠᠯ᠎ᠤᠨ ᠨᠠᠮ᠎ᠤᠨ ᠬᠣᠷᠢᠶ᠎ᠠ᠎ᠶ᠋ᠢᠨ ᠬᠡᠷᠡᠭ ᠵᠥᠪᠯᠡᠵᠦ᠍ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠣᠷᠣᠨ᠎ᠤ ᠱᠢᠭᠤᠳ ᠬᠠᠷᠢᠶ᠎ᠠ 24 ᠠᠵᠤ ᠠᠬᠤᠢᠯᠠᠯ᠎ᠤᠨ ᠪᠦᠯᠦᠭ᠌ᠯᠡᠯ᠎ᠦᠨ ᠲᠠᠰ ᠳᠠᠪᠬᠤᠷᠭ᠎ᠠ ᠵᠢᠴᠢ ᠬᠠᠷᠢᠶ᠎ᠠ ᠪᠥᠬᠥᠶ 315 ᠪᠥᠬᠥ᠌ ᠪᠠᠯᠠ᠂ ᠤᠯᠤᠰ᠎ᠤᠨ ᠥᠮᠴᠢᠯᠡᠯᠲᠦ ᠬᠤᠪᠢ ᠡᠵᠡᠮᠳᠡᠭ᠌ᠰᠡᠨ ᠠᠵᠤ ᠠᠬᠤᠢᠯᠠᠯ᠎ᠳᠤ ᠴᠥᠮ ᠨᠠᠮ᠎ᠤᠨ ᠬᠣᠷᠢᠶ᠎ᠠ᠎ᠶ᠋ᠢᠨ ᠬᠡᠷᠡᠭ ᠵᠥᠪᠯᠡᠬᠦ᠌ ᠲᠦᠷᠢᠮ᠎ᠢ ᠪᠠᠢᠭᠤᠯᠪᠠ᠃ ᠬᠢᠨᠠᠨ ᠱᠢᠯᠭᠠᠵᠤ ᠬᠢᠨᠠᠯᠲᠠ ᠲᠠᠯᠪᠢᠬᠤ᠎ᠶ᠋ᠢ ᠴᠢᠩᠭᠠᠳᠭᠠᠨ᠂ ᠣᠷᠣᠨ᠎ᠤ ᠱᠢᠭᠤᠳ ᠬᠠᠷᠢᠶ᠎ᠠ ᠠᠵᠤ ᠠᠬᠤᠢᠯᠠᠯ᠎ᠤᠨ ᠣᠨ᠎ᠤ ᠬᠢᠨᠠᠨ ᠱᠢᠯᠭᠠᠯᠲᠠ ᠪᠣᠯᠤᠨ ᠲᠤᠱᠢᠶᠠᠯ᠎ᠤᠨ ᠬᠤᠭᠤᠴᠠᠭᠠᠨ᠎ᠤ ᠬᠢᠨᠠᠨ ᠱᠢᠯᠭᠠᠯᠲᠠ᠎ᠶ᠋ᠢᠨ ᠪᠠᠢᠳᠠᠯ᠎ᠢ ᠦᠨᠳᠦᠰᠦᠯᠡᠨ᠂ ᠪᠠᠭ᠎ᠤᠨ ᠪᠦᠷᠢᠯᠳᠦᠬᠦᠨ᠎ᠦ ᠲᠤᠱᠢᠶᠠᠯ᠎ᠤᠨ ᠬᠤᠭᠤᠴᠠᠭᠠᠨ᠎ᠤ ᠢᠯᠡᠷᠡᠯ᠎ᠢ ᠶᠡᠷᠦᠩᠬᠡᠢᠯᠡᠨ ᠵᠠᠳᠠᠯᠵᠤ᠂ ᠢᠯᠡᠷᠡᠯ᠎ᠢᠶᠡᠷ ᠠᠨᠠᠶ ᠬᠡᠰᠡᠭ ᠠᠵᠤ ᠠᠬᠤᠢᠯᠠᠯ᠎ᠤᠨ ᠤᠳᠤᠷᠢᠳᠭᠤ ᠪᠠᠭ᠎ᠤᠨ ᠪᠦᠷᠢᠯᠳᠦᠬᠦᠨ᠎ᠳᠦ ᠲᠣᠬᠢᠷᠠᠭᠤᠯᠤᠯᠲᠠ ᠬᠢᠵᠦ᠍᠂《ᠡᠩ᠎ᠦᠨ》 ᠲᠠᠰ ᠵᠢᠨᠷ ᠦᠨᠡᠯᠡᠨ ᠲᠣᠭ᠍ᠳᠠᠭᠠᠭ᠍ᠳᠠᠭ᠍ᠰᠠᠨ ᠠᠵᠤ ᠠᠬᠤᠢᠯᠠᠯ᠎ᠤᠨ ᠭᠤᠤᠯ ᠬᠠᠷᠢᠭᠤᠴᠠᠯᠭᠠᠲᠠᠨ᠎ᠲᠠᠶ ᠪᠣᠯᠵᠣᠨ ᠶᠠᠷᠢᠯᠴᠠᠵᠠᠢ᠃ ᠶᠠᠬᠡ ᠳᠡᠭᠡᠳᠦ ᠰᠤᠷᠭᠠᠭᠤᠯᠢ᠎ᠶ᠋ᠢᠨ ᠤᠳᠤᠷᠢᠳᠭᠤ ᠪᠠᠭ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ 30 ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠱᠦᠵᠢ᠎ᠶ᠋ᠢ ᠴᠥᠮ ᠰᠠᠯᠭᠠᠨ ᠭᠠᠷᠭᠠᠵᠤ᠂ ᠶᠠᠬᠡ ᠳᠡᠭᠡᠳᠦ ᠰᠤᠷᠭᠠᠭᠤᠯᠢ᠎ᠶ᠋ᠢᠨ ᠨᠠᠮ᠎ᠤᠨ ᠪᠠᠢᠭᠤᠯᠤᠯᠲᠠ ᠪᠠ ᠰᠠᠬᠢᠯᠭ᠎ᠠ ᠪᠠᠲᠤ ᠪᠠᠢᠴᠠᠭᠠᠬᠤ ᠠᠵᠢᠯ᠎ᠤᠨ ᠬᠦᠴᠦᠨ᠎ᠢ ᠴᠢᠨᠠᠭᠰᠢᠲᠠ ᠴᠢᠩᠭᠠᠳᠬᠠᠪᠠ᠃ ᠰᠤᠷᠭᠠᠨ ᠬᠥᠮᠦᠵᠢᠯ᠎ᠦᠨ ᠱᠢᠰᠲ᠋ᠧᠮ᠎ᠦᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠬᠤᠷᠠᠯ᠂ ᠰᠡᠷᠡᠮᠵᠢᠯᠡᠭᠦᠯᠬᠦ᠌ ᠬᠥᠮᠦᠵᠢᠯ᠎ᠦᠨ ᠬᠤᠷᠠᠯ᠎ᠢ ᠬᠤᠷᠠᠯᠳᠤᠭᠤᠯᠵᠤ᠂ ᠪᠦᠬᠦ᠌ ᠣᠷᠣᠨ᠎ᠤ 49 ᠠᠯᠪᠠᠨ᠎ᠠᠴᠠ ᠡᠷᠬᠢᠯᠡᠭ᠌ᠰᠡᠨ ᠶᠡᠬᠡ ᠳᠡᠭᠡᠳᠦ ᠰᠤᠷᠭᠠᠭᠤᠯᠢ᠎ᠶ᠋ᠢᠨ ᠨᠠᠮ᠎ᠤᠨ ᠬᠣᠷᠢᠶ᠎ᠠ᠂ ᠰᠤᠷᠭᠠᠭᠤᠯᠢ᠎ᠶ᠋ᠢᠨ ᠵᠠᠬᠢᠷᠤᠯ᠎ᠤᠨ ᠠᠯᠪᠠᠨ ᠠᠵᠢᠯ᠎ᠤᠨ ᠬᠤᠷᠠᠯ᠎ᠤᠨ ᠲᠦᠷᠢᠮ᠎ᠳᠦ ᠵᠠᠰᠠᠪᠤᠷᠢ ᠣᠷᠣᠭᠤᠯᠬᠤ ᠠᠵᠢᠯ᠎ᠢ ᠪᠡᠶᠡᠯᠡᠭᠦᠯᠵᠠᠢ᠃
4᠂ ᠤᠯᠤᠰ ᠲᠥᠷᠥ᠎ᠶ᠋ᠢᠨ ᠠᠮᠢ ᠠᠬᠤᠶ᠎ᠶ᠋ᠢ ᠦᠷᠭᠦᠯᠵᠢᠯᠡᠨ ᠴᠡᠪᠡᠷᠱᠢᠭᠦᠯᠪᠠ᠃ ᠨᠢᠭᠡ᠎ᠳᠦ᠂ ᠬᠤᠭᠤᠴᠠᠭ᠎ᠠ ᠰᠣᠯᠢᠬᠤ ᠠᠵᠢᠯ᠎ᠤᠨ ᠰᠠᠬᠢᠯᠭ᠎ᠠ ᠪᠠᠲᠤ᠎ᠶ᠋ᠢ ᠴᠢᠩᠳᠠᠯᠠᠵᠠᠢ᠃ ᠬᠤᠭᠤᠴᠠᠭ᠎ᠠ ᠰᠣᠯᠢᠬᠤ ᠠᠵᠢᠯ᠎ᠤᠨ ᠪᠠᠢᠭᠤᠯᠤᠮᠵᠢ᠎ᠶ᠋ᠢ ᠪᠠᠢᠭᠤᠯᠵᠤ᠂ ᠬᠤᠭᠤᠴᠠᠭ᠎ᠠ ᠰᠣᠯᠢᠬᠤ ᠬᠡᠪ ᠰᠤᠷᠲᠠᠯ᠎ᠢ ᠬᠢᠨᠠᠨ ᠵᠢᠯᠣᠭᠣᠳᠴᠤ᠌ ᠪᠠᠢᠴᠠᠭᠠᠬᠤ 6 ᠳᠤᠭᠤᠢᠯᠠᠩ ᠲᠣᠮᠢᠯᠠᠨ ᠠᠢᠮᠠᠭ ᠬᠣᠲᠠ᠎ᠳᠤ ᠣᠴᠢᠭᠤᠯᠤᠨ ᠲᠤᠬᠠᠶ᠎ᠶ᠋ᠢᠨ ᠭᠠᠵᠠᠷ᠎ᠲᠤᠨᠢ ᠬᠢᠨᠠᠨ ᠵᠢᠯᠣᠭᠣᠳᠴᠤ᠌᠂ 12 ᠠᠢᠮᠠᠭ ᠬᠣᠲᠠ 94 ᠬᠤᠭᠤᠴᠠᠭ᠎ᠠ ᠰᠣᠯᠢᠬᠤ ᠬᠢᠨᠠᠨ ᠪᠠᠢᠴᠠᠭᠠᠵᠤ ᠵᠢᠯᠣᠭᠣᠳᠭᠤ ᠳᠤᠭᠤᠢᠯᠠᠩ ᠲᠣᠮᠢᠯᠠᠵᠤ᠂ 103 ᠬᠣᠱᠢᠭᠤ ᠱᠢᠶᠠᠨ(ᠬᠣᠲᠠ᠂ ᠲᠣᠭᠣᠷᠢᠭ) ᠤ᠋ᠬᠤᠭᠤᠴᠠᠭᠠ ᠰᠣᠯᠢᠬᠤ ᠠᠵᠢᠯ᠎ᠢ ᠲᠤᠬᠠᠶ᠎ᠶ᠋ᠢᠨ ᠭᠠᠵᠠᠷ᠎ᠲᠤᠨᠢ ᠬᠢᠨᠠᠨ ᠵᠢᠯᠣᠭᠣᠳᠴᠤ᠌᠂ ᠬᠤᠭᠤᠴᠠᠭ᠎ᠠ ᠰᠣᠯᠢᠬᠤ ᠬᠡᠪ ᠰᠤᠷᠲᠠᠯ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠪᠠ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶ᠋ᠢ ᠴᠢᠩᠳᠠᠯᠠᠵᠤ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠠᠰᠠᠭᠤᠳᠠᠯ᠎ᠳᠤ ᠬᠣᠯᠪᠣᠭ᠍ᠳᠠᠭ᠍ᠰᠠᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠵᠠᠷᠯᠠᠨ ᠨᠡᠢᠲᠡᠯᠡᠵᠦ᠍᠂ ᠰᠡᠷᠡᠮᠵᠢᠯᠡᠭᠦᠯᠬᠦ᠌ ᠬᠥᠮᠦᠵᠢᠯ᠎ᠢ ᠴᠢᠩᠭᠠᠳᠭᠠᠪᠠ᠃ ᠬᠣᠶᠠᠷ᠎ᠲᠤ᠂ 《ᠳᠥᠷᠪᠡᠨ ᠡᠷᠬᠡᠪᠰᠢ》 ᠶ᠋ᠢ ᠬᠢᠨᠠᠮᠠᠭᠠᠶ ᠨᠠᠢᠳᠠᠪᠤᠷᠢᠵᠢᠭᠤᠯᠵᠠᠢ᠃ ᠺᠠᠳ᠋ᠷ᠎ᠢ ᠱᠢᠯᠢᠨ ᠳᠡᠪᠱᠢᠭᠦᠯᠵᠦ᠍ ᠬᠡᠷᠡᠭ᠌ᠯᠡᠬᠦ᠌ ᠶᠠᠪᠤᠴᠠ᠎ᠳᠤ᠂ ᠤᠯᠤᠰ ᠲᠥᠷᠥ᠎ᠶ᠋ᠢᠨ ᠬᠡᠪ ᠴᠢᠨᠠᠷ᠎ᠢ ᠱᠢᠯᠭᠠᠨ ᠪᠠᠢᠴᠠᠭᠠᠬᠤ᠂ 《ᠳᠥᠷᠪᠡᠨ ᠡᠷᠬᠡᠪᠰᠢ》 ᠶ᠋ᠢ ᠳᠤᠷᠠᠳᠭᠤ᠂ ᠴᠢᠬᠡᠴᠢ ᠵᠠᠰᠠᠭ᠎ᠤᠨ ᠰᠠᠨᠠᠯ᠎ᠳᠤ《ᠬᠤᠤᠰ ᠭᠠᠷᠤᠨ ᠥᠰᠥᠭ ᠵᠢᠷᠤᠬᠤ》 ᠵᠡᠷᠭᠡ ᠲᠠᠰ ᠳᠠᠷᠠᠭᠠᠯᠠᠯ᠎ᠢ ᠲᠣᠭ᠍ᠲᠠᠭᠠᠯ ᠶᠣᠰᠣᠭᠠᠷ ᠴᠢᠩᠭ᠎ᠠ ᠭᠦᠶ᠋ᠴᠡᠳᠭᠡᠪᠠ᠃《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠬᠠᠮᠢᠶᠠᠷᠤᠯᠲᠠ᠎ᠶ᠋ᠢᠨ ᠲᠤᠱᠢᠶᠠᠯ᠎ᠳᠤ ᠲᠣᠮᠢᠯᠠᠬᠤ᠎ᠪᠠᠷ ᠪᠠᠢᠭ᠎ᠠ ᠺᠠᠳ᠋ᠷ᠎ᠢ ᠲᠤᠱᠢᠶᠠᠯ᠎ᠳᠤ ᠲᠣᠮᠢᠯᠠᠬᠤ᠎ᠠᠴᠠ ᠡᠮᠦᠨ᠎ᠡ ᠵᠠᠷᠯᠠᠨ ᠨᠡᠢᠲᠡᠯᠡᠵᠦ᠍ ᠢᠯᠡᠴᠢᠯᠡᠨ ᠮᠡᠳᠡᠭᠦᠯᠬᠦ᠌᠎ᠶ᠋ᠢ ᠭᠥᠯᠢᠶᠡᠨ ᠠᠪᠴᠤ᠌ ᠱᠢᠶ᠋ᠳᠪᠦᠷᠢᠯᠡᠬᠦ᠌ ᠠᠷᠭ᠎ᠠ(ᠲᠤᠷᠱᠢᠨ ᠬᠡᠷᠡᠭ᠌ᠵᠢᠭᠦᠯᠬᠦ᠌)》 ᠶ᠋ᠢ ᠴᠢᠩᠭ᠎ᠠ ᠬᠡᠷᠡᠭ᠌ᠵᠢᠭᠦᠯᠵᠦ᠍᠂《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠬᠠᠮᠢᠶᠠᠷᠤᠯᠲᠠ᠎ᠶ᠋ᠢᠨ ᠺᠠᠳ᠋ᠷ᠎ᠢ ᠲᠤᠱᠢᠶᠠᠯ᠎ᠳᠤ ᠲᠣᠮᠢᠯᠠᠬᠤ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠰᠠᠨᠠᠯ᠎ᠢ ᠬᠤᠷᠢᠶᠠᠬᠤ ᠠᠵᠢᠯ᠎ᠤᠨ ᠭᠦᠶ᠋ᠴᠡᠳᠭᠡᠬᠦ᠌ ᠴᠤᠪᠤᠷᠠᠯ》 ᠢ᠋ ᠲᠣᠭ᠍ᠲᠠᠭᠠᠵᠤ᠂ ᠺᠠᠳ᠋ᠷ᠎ᠢ ᠰᠣᠩᠭᠣᠨ ᠬᠡᠷᠡᠭ᠌ᠯᠡᠬᠦ᠌ ᠲᠠᠰ ᠳᠠᠷᠠᠭᠠᠯᠠᠯ᠎ᠢ ᠴᠢᠨᠠᠭᠰᠢᠲᠠ ᠵᠢᠷᠤᠮᠵᠢᠭᠤᠯᠵᠠᠢ᠃ ᠰᠣᠩᠭᠣᠨ ᠬᠡᠷᠡᠭ᠌ᠯᠡᠬᠦ᠌ ᠭᠡᠵᠦ᠍ ᠪᠠᠢᠭ᠎ᠠ ᠬᠥᠮᠦᠨ᠎ᠦ ᠠᠷᠢᠭᠤᠨ ᠴᠢᠬᠡᠴᠢ᠎ᠶ᠋ᠢᠨ ᠪᠠᠢᠳᠠᠯ᠎ᠢ ᠴᠢᠩᠭ᠎ᠠ ᠬᠢᠨᠠᠨ ᠪᠠᠢᠴᠠᠭᠠᠵᠤ᠂ ᠺᠠᠳ᠋ᠷ᠎ᠢ《ᠠᠰᠠᠭᠤᠳᠠᠯ᠎ᠲᠠᠶ ᠪᠠᠢᠲᠠᠯ᠎ᠠ ᠱᠢᠯᠢᠨ ᠳᠡᠪᠱᠢᠭᠦᠯᠬᠦ᠌》 ᠵᠢ ᠰᠡᠷᠭᠡᠢᠯᠡᠪᠠ᠃ ᠭᠤᠷᠪᠠ᠎ᠳᠤ᠂ ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ᠎ᠶ᠋ᠢ ᠴᠢᠩᠭᠠᠳᠭᠠᠵᠠᠢ᠃ 2020 ᠣᠨ᠎ᠤ ᠢᠯᠵᠠᠷᠠᠯ᠎ᠤᠨ ᠠᠰᠠᠭᠤᠳᠠᠯ᠎ᠤᠨ ᠰᠦᠪᠡᠭ᠌ᠴᠢ᠎ᠶ᠋ᠢᠨ ᠲᠤᠰᠭᠠᠯ ᠲᠥᠪᠯᠡᠷᠡᠩᠭᠦᠶ᠂ ᠨᠡᠭᠦᠷᠡᠰᠦ᠎ᠳᠦ ᠬᠣᠯᠪᠣᠭ᠍ᠳᠠᠭ᠍ᠰᠠᠨ ᠢᠯᠵᠠᠷᠠᠯ᠎ᠤᠨ ᠠᠰᠠᠭᠤᠳᠠᠯ᠎ᠤᠨ ᠰᠦᠪᠡᠭ᠌ᠴᠢ᠎ᠶ᠋ᠢᠨ ᠬᠠᠳᠠᠭᠠᠯᠠᠯᠲᠠ᠎ᠶ᠋ᠢᠨ ᠬᠡᠮᠵᠢᠶ᠎ᠡ ᠨᠡᠯᠢᠶᠡᠳ ᠶᠡᠬᠡ᠂ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠤᠨ ᠲᠣᠭ᠎ᠠ ᠬᠡᠮᠵᠢᠶ᠎ᠡ ᠨᠡᠯᠢᠶᠡᠳ ᠶᠡᠬᠡ ᠵᠡᠷᠭᠡ ᠲᠣᠭ᠎ᠠ ᠪᠠᠷᠢᠮᠲᠠ᠎ᠶ᠋ᠢᠨ ᠭᠦᠶ᠋ᠴᠡᠳᠭᠡᠯ ᠲᠣᠭ᠎ᠠ᠎ᠶ᠋ᠢ ᠶᠡᠷᠦᠩᠬᠡᠢᠯᠡᠨ ᠵᠠᠳᠠᠯᠵᠤ᠂ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠬᠦ᠌᠎ᠳᠦ ᠭᠤᠤᠯᠳᠠᠯᠭ᠎ᠠ᠎ᠲᠠᠶ ᠭᠠᠵᠠᠷ ᠣᠷᠣᠨ ᠪᠠ ᠰᠠᠯᠠᠭ᠎ᠠ ᠮᠥᠴᠢᠷ᠎ᠢ ᠣᠨᠣᠪᠴᠢᠲᠠᠶ ᠡᠷᠢᠵᠦ᠍ ᠤᠯᠪᠠ᠃ ᠳᠥᠷᠪᠡ᠎ᠳᠦ᠂《ᠳᠥᠷᠪᠡᠨ ᠵᠦᠶ᠋ᠯ᠎ᠦᠨ ᠬᠡᠯᠪᠡᠷᠢ ᠪᠠᠢᠳᠠᠯ》 ᠤ᠋ᠨ ᠬᠡᠷᠡᠭ᠌ᠯᠡᠯᠲᠡ᠎ᠶ᠋ᠢ ᠭᠦᠨᠵᠡᠭᠡᠢᠷᠡᠭᠦᠯᠪᠠ᠃ ᠡᠨᠡ ᠵᠢᠯ᠎ᠡᠴᠡ ᠨᠠᠭᠠᠰᠢ᠂ ᠪᠥᠬᠥ᠌ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶ᠋ᠢᠨ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭ᠌ᠵᠢᠭᠦᠯᠬᠦ᠌ ᠨᠢᠭᠡᠳᠦᠭᠡᠷ ᠵᠦᠶ᠋ᠯ᠎ᠦᠨ ᠬᠡᠯᠪᠡᠷᠢ ᠪᠠᠢᠳᠠᠯ᠎ᠨᠢ 76.8% ᠶ᠋ᠢ ᠡᠵᠡᠯᠡᠵᠦ᠍᠂ ᠬᠣᠶᠠᠳᠤᠭᠠᠷ ᠵᠦᠶ᠋ᠯ᠎ᠦᠨ ᠬᠡᠯᠪᠡᠷᠢ ᠪᠠᠢᠳᠠᠯ᠎ᠨᠢ 16.4% ᠶ᠋ᠢ ᠡᠵᠡᠯᠡᠵᠦ᠍᠂ ᠭᠤᠷᠪᠠᠳᠤᠭᠠᠷ ᠵᠦᠶ᠋ᠯ᠎ᠦᠨ ᠬᠡᠯᠪᠡᠷᠢ ᠪᠠᠢᠳᠠᠯ᠎ᠨᠢ 3.1% ᠶ᠋ᠢ ᠡᠵᠡᠯᠡᠵᠦ᠍᠂ ᠳᠥᠷᠪᠡᠳᠦᠭᠡᠷ ᠵᠦᠶ᠋ᠯ᠎ᠦᠨ ᠬᠡᠯᠪᠡᠷᠢ ᠪᠠᠢᠳᠠᠯ᠎ᠨᠢ 3.6% ᠶ᠋ᠢ ᠡᠵᠡᠯᠡᠵᠠᠢ᠃
5᠂ ᠤᠯᠤᠰ ᠲᠥᠷᠥ᠎ᠶ᠋ᠢᠨ ᠬᠢᠨᠠᠯᠲᠠ ᠲᠠᠯᠪᠢᠬᠤ ᠡᠷᠴᠢᠮ᠎ᠢ ᠨᠡᠮᠡᠭ᠌ᠳᠡᠭᠦᠯᠵᠠᠢ᠃ ᠨᠢᠭᠡ᠎ᠳᠦ᠂ ᠤᠯᠤᠰ ᠲᠦᠷᠦ᠍᠎ᠶ᠋ᠢᠨ ᠬᠢᠨᠠᠯᠲᠠ᠎ᠶ᠋ᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ《ᠤᠯᠤᠰ ᠲᠦᠷᠦ᠍᠎ᠶ᠋ᠢᠨ ᠬᠢᠨᠠᠯᠲᠠ ᠲᠠᠯᠪᠢᠬᠤ ᠠᠵᠢᠯ᠎ᠤᠨ ᠲᠦᠷᠢᠮ ᠲᠣᠭ᠍ᠲᠠᠴᠠ᠎ᠶ᠋ᠢ ᠤᠯᠠᠮ ᠴᠢᠨᠠᠭ᠍ᠰᠢᠳᠠ ᠪᠦᠷᠢᠨᠱᠢᠬᠦᠯᠬᠦ᠌ ᠲᠤᠬᠠᠢ ᠮᠡᠳᠡᠭ᠌ᠳᠡᠯ》 ᠪᠠᠭᠤᠯᠭᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠬᠢᠨᠠᠯᠲᠠ ᠲᠠᠯᠪᠢᠬᠤ ᠭᠣᠣᠯᠳᠠᠯᠭ᠎ᠠ ᠪᠣᠯᠭᠠᠪᠠ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠪᠠᠢᠩᠭᠤ᠎ᠶ᠋ᠢᠨ ᠬᠣᠷᠢᠶᠠᠨ᠎ᠤ ᠬᠤᠷᠠᠯ ᠤᠯᠠᠷᠢᠯ ᠪᠦᠷᠢᠳᠦ ᠤᠯᠤᠰ ᠲᠦᠷᠦ᠍᠎ᠶ᠋ᠢᠨ ᠬᠢᠨᠠᠯᠲᠠ ᠲᠠᠯᠪᠢᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠢᠨᠠᠯᠲᠠ ᠲᠠᠯᠪᠢᠬᠤ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠪᠠ᠃ ᠬᠣᠶᠠᠷ᠎ᠲᠤ᠂ ᠱᠠᠯᠠᠪᠳᠠᠭᠤᠯᠤᠨ ᠬᠢᠯᠭᠡᠵᠦ᠍ ᠮᠥᠷᠳᠡᠨ ᠱᠢᠢᠳᠪᠦᠷᠢᠯᠡᠬᠦ᠌᠎ᠶ᠋ᠢ ᠴᠢᠩᠭᠠᠳᠭᠠᠵᠠᠢ᠃ ᠶᠡᠷᠦᠩᠬᠡᠶ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠤᠯᠤᠰ ᠲᠥᠷᠥ᠎ᠶ᠋ᠢᠨ ᠬᠢᠨᠠᠯᠲᠠ ᠲᠠᠯᠪᠢᠬᠤ ᠬᠤᠪᠢᠶᠠᠷᠢ ᠡᠬᠡ ᠲᠠᠩᠰᠠᠨ᠎ᠳᠤ ᠣᠷᠣᠭᠤᠯᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠠᠰᠤᠭ᠎ᠤᠨ ᠠᠵᠢᠯ ᠲᠥᠷᠥᠯ᠎ᠢᠶᠡᠷ᠎ᠢᠶᠡᠨ ᠬᠠᠷᠢᠯᠴᠠᠬᠤ ᠨᠢᠭᠡᠴᠢ᠎ᠶ᠋ᠢᠨ ᠲᠤᠰᠭᠠᠶ ᠮᠡᠳᠡᠭᠦᠯᠬᠦ᠌ ᠲᠦᠷᠢᠮ ᠪᠠ ᠨᠠᠷᠢᠨ ᠲᠠᠩᠰᠠᠴᠢᠯᠠᠭ᠍ᠰᠠᠨ ᠬᠢᠨᠠᠯᠲᠠ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠪᠠ᠃
6᠂ ᠬᠢᠨᠠᠯᠲᠠ ᠲᠠᠯᠪᠢᠬᠤ ᠬᠠᠮᠳᠤᠷᠠᠯ ᠬᠦᠴᠦᠨ᠎ᠢ ᠪᠦᠷᠢᠯᠳᠦᠭᠦᠯᠬᠦ᠌᠎ᠶ᠋ᠢ ᠠᠬᠢᠭᠤᠯᠵᠠᠢ᠃ ᠨᠢᠭᠡ᠎ᠳᠦ᠂ ᠠᠳᠠᠯᠢ ᠱᠠᠲᠤᠨ᠎ᠤ ᠬᠢᠨᠠᠯᠲᠠ᠎ᠶ᠋ᠢ ᠴᠢᠩᠭᠠᠳᠭᠠᠪᠠ᠃《ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠴᠢᠬᠤᠯᠠ ᠶᠡᠬᠡ ᠬᠢᠨᠠᠯᠲᠠ ᠲᠠᠯᠪᠢᠬᠤ ᠵᠦᠶ᠋ᠯᠡᠰ᠎ᠢ ᠮᠡᠳᠡᠭᠦᠯᠬᠦ᠌ ᠠᠷᠭ᠎ᠠ(ᠲᠤᠷᠱᠢᠨ ᠬᠡᠷᠡᠭ᠌ᠵᠢᠭᠦᠯᠬᠦ᠌)》 ᠶ᠋ᠢ ᠲᠣᠭ᠍ᠲᠠᠭᠠᠵᠤ᠂ ᠬᠢᠨᠠᠨ ᠪᠠᠢᠴᠠᠭᠠᠬᠤ ᠳᠤᠮᠳᠠ ᠢᠯᠡᠷᠡᠭᠦᠯᠦᠭ᠌ᠰᠡᠨ ᠡᠮ ᠡᠮᠨᠡᠯᠭᠡ᠎ᠶ᠋ᠢᠨ ᠬᠦᠷᠢᠶᠡᠨ᠎ᠳᠡᠬᠢ ᠥᠭᠡᠷᠡᠴᠢᠯᠡᠯᠲᠡ᠂ ᠠᠨᠠᠭᠠᠬᠤ ᠤᠬᠠᠭᠠᠨ᠎ᠤ ᠰᠤᠷᠭᠠᠨ ᠬᠥᠮᠦᠵᠢᠯ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ ᠵᠡᠷᠭᠡ ᠲᠠᠯ᠎ᠠ᠎ᠶ᠋ᠢᠨ ᠴᠢᠬᠤᠯᠠ ᠶᠡᠬᠡ ᠬᠢᠨᠠᠯᠲᠠ ᠲᠠᠯᠪᠢᠬᠤ ᠵᠦᠶ᠋ᠯᠡᠰ᠎ᠲᠦ ᠦᠷᠭᠦᠯᠵᠢᠯᠡᠨ ᠳᠠᠭᠠᠵᠤ ᠬᠢᠨᠠᠯᠲᠠ ᠲᠠᠯᠪᠢᠵᠠᠢ᠃ 2020 ᠣᠨ᠎ᠤ ᠪᠥᠬᠥ᠌ ᠣᠷᠣᠨ᠎ᠤ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶ᠋ᠢᠨ ᠭᠥᠯᠢᠶᠡᠨ ᠠᠪᠴᠤ᠌ ᠱᠢᠶ᠋ᠳᠪᠦᠷᠢᠯᠡᠭ᠌ᠰᠡᠨ ᠵᠠᠬᠢᠳᠠᠯ ᠰᠤᠷᠪᠤᠯᠵᠢᠯᠠᠯ᠎ᠤᠨ ᠬᠡᠷᠡᠭ᠎ᠦᠨ ᠪᠠᠢᠳᠠᠯ᠎ᠳᠤ ᠵᠠᠳᠠᠯᠤᠯᠲᠠ ᠬᠢᠬᠦ᠌᠎ᠶ᠋ᠢᠨ ᠬᠠᠮᠲᠤ ᠵᠠᠷᠯᠠᠨ ᠮᠡᠳᠡᠭ᠌ᠳᠡᠵᠦ᠍᠂ ᠪᠥᠬᠥ᠌ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶ᠋ᠢᠨ 2020 ᠣᠨ᠎ᠤ ᠬᠢᠨᠠᠯᠲᠠ ᠳᠠᠯᠪᠢᠨ ᠪᠠᠢᠴᠠᠭᠠᠬᠤ᠂ ᠬᠢᠨᠠᠨ ᠪᠠᠢᠴᠠᠭᠠᠵᠤ ᠪᠠᠢᠴᠠᠭᠠᠯᠲᠠ ᠬᠢᠵᠦ᠍ ᠳᠠᠭᠤᠰᠭᠠᠭ᠍ᠰᠠᠨ ᠲᠣᠭ᠎ᠠ ᠪᠦᠷᠢᠳᠭᠡᠯ᠎ᠳᠤ ᠵᠠᠳᠠᠯᠤᠯᠲᠠ ᠬᠢᠬᠦ᠌᠎ᠶ᠋ᠢᠨ ᠬᠠᠮᠲᠤ ᠪᠥᠬᠥ᠌ ᠣᠷᠣᠨ᠎ᠳᠤ ᠵᠠᠷᠯᠠᠨ ᠮᠡᠳᠡᠭ᠌ᠳᠡᠪᠡ᠃ ᠣᠷᠣᠨ ᠪᠦᠰᠡ᠎ᠶ᠋ᠢᠨ ᠤᠯᠤᠰ ᠲᠥᠷᠥ᠎ᠶ᠋ᠢᠨ ᠠᠮᠢ ᠠᠬᠤᠶ᠎ᠶ᠋ᠢᠨ ᠦᠨᠡᠯᠡᠯᠲᠡ᠎ᠶ᠋ᠢᠨ ᠱᠢᠰᠲ᠋ᠧᠮ᠎ᠢ ᠰᠤᠳᠤᠯᠤᠨ ᠨᠡᠭᠡᠭᠡᠵᠦ᠍᠂ ᠣᠷᠣᠨ ᠪᠦᠰᠡ᠎ᠶ᠋ᠢᠨ ᠤᠯᠤᠰ ᠲᠥᠷᠥ᠎ᠶ᠋ᠢᠨ ᠠᠮᠢ ᠠᠬᠤᠶ᠎ᠳᠤ ᠲᠣᠭᠠᠴᠢᠯᠠᠭ᠍ᠰᠠᠨ ᠵᠢᠷᠤᠭ᠍ᠯᠠᠯ ᠬᠢᠵᠦ᠍᠂ ᠪᠥᠬᠥ᠌ ᠣᠷᠣᠨ᠎ᠤ ᠤᠯᠤᠰ ᠲᠥᠷᠥ᠎ᠶ᠋ᠢᠨ ᠠᠮᠢ ᠠᠬᠤᠶ᠎ᠶ᠋ᠢᠨ ᠦᠨᠡᠯᠡᠯᠲᠡ᠎ᠶ᠋ᠢᠨ ᠵᠢᠭᠠᠯᠲᠠ ᠲᠣᠭ᠎ᠠ᠎ᠶ᠋ᠢ ᠪᠦᠷᠢᠯᠳᠦᠭᠦᠯᠪᠡ᠃ ᠬᠣᠶᠠᠷ᠎ᠲᠤ᠂ ᠡᠳᠦᠷ ᠲᠤᠳᠤᠮ᠎ᠤᠨ ᠬᠢᠨᠠᠯᠲᠠ᠎ᠶ᠋ᠢ ᠴᠢᠩᠭᠠᠳᠭᠠᠵᠠᠢ᠃《ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭ᠌ᠵᠢᠭᠦᠯᠬᠦ᠌〈ᠳᠥᠷᠪᠡᠨ ᠵᠦᠶ᠋ᠯ᠎ᠦᠨ ᠬᠡᠯᠪᠡᠷᠢ ᠪᠠᠢᠳᠠᠯ〉 ᠢ᠋ ᠦᠶ᠋ᠯᠡᠳᠦᠯᠭᠡᠵᠢᠭᠦᠯᠬᠦ᠌ ᠲᠤᠬᠠᠶ ᠵᠢᠯᠣᠭᠣᠳᠭᠤ ᠰᠠᠨᠠᠯ》 ᠢ᠋ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠨᠢᠭᠤᠷ ᠤᠯᠠᠢᠯᠭᠠᠨ ᠬᠥᠯᠥᠰᠥ᠍ ᠭᠠᠷᠭᠠᠬᠤ᠎ᠶ᠋ᠢ ᠬᠡᠪ᠎ᠦᠨ ᠪᠠᠢᠳᠠᠯ ᠪᠣᠯᠭᠠᠬᠤ᠎ᠶ᠋ᠢ ᠪᠠᠷᠢᠮᠲᠠᠯᠠᠵᠤ᠂ ᠡᠷᠲᠡ᠎ᠡᠴᠡ ᠠᠳᠭᠤᠵᠤ ᠪᠠᠭᠠᠳᠤᠨᠢ ᠠᠳᠭᠤᠵᠤ᠂ ᠭᠠᠷ᠎ᠢᠶᠠᠨ ᠲᠠᠲᠠᠬᠤ ᠥᠬᠡᠶ ᠰᠠᠨᠠᠭ᠎ᠠ᠎ᠪᠠᠨ ᠬᠤᠷᠢᠶᠠᠬᠤ ᠥᠬᠡᠶ ᠪᠠᠢᠬᠤ᠎ᠶ᠋ᠢ ᠡᠷᠡᠰ ᠪᠠᠢᠴᠠᠭᠠᠨ ᠱᠢᠶ᠋ᠳᠪᠦᠷᠢᠯᠡᠪᠠ᠃ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭ᠌ᠵᠢᠭᠦᠯᠬᠦ᠌ ᠬᠠᠤᠯᠢ ᠬᠡᠷᠡᠭ᠌ᠵᠢᠭᠦᠯᠬᠦ᠌᠎ᠶ᠋ᠢ ᠨᠢᠭᠡ ᠴᠤᠬ᠍ᠴᠠᠵᠢᠭᠤᠯᠬᠤ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠲᠠᠪᠴᠠᠩ᠎ᠤᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠰᠠᠬᠢᠯᠭ᠎ᠠ ᠪᠠᠲᠤ᠎ᠪᠠᠷ ᠬᠢᠨᠠᠯᠲᠠ ᠲᠠᠯᠪᠢᠬᠤ᠂ ᠬᠢᠨᠠᠨ ᠪᠠᠢᠴᠠᠭᠠᠵᠤ ᠬᠢᠨᠠᠯᠲᠠ ᠲᠠᠯᠪᠢᠬᠤ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ᠂ ᠲᠣᠭᠣᠷᠢᠨ ᠪᠠᠢᠴᠠᠭᠠᠵᠤ ᠬᠢᠨᠠᠯᠲᠠ ᠲᠠᠯᠪᠢᠬᠤ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠂ ᠨᠡᠪᠲᠡᠷᠡᠯᠴᠡᠨ ᠠᠭᠤᠰᠤᠯᠴᠠᠬᠤ ᠲᠣᠭ᠍ᠲᠠᠴᠠ᠎ᠶ᠋ᠢ ᠪᠠᠢᠭᠤᠯᠵᠤ᠂ ᠡᠳᠦᠷ ᠲᠤᠳᠤᠮ᠎ᠤᠨ ᠬᠢᠨᠠᠯᠲᠠ ᠲᠠᠯᠪᠢᠬᠤ ᠮᠡᠳᠡᠭᠡ ᠵᠠᠩᠭᠢ ᠲᠡᠩᠴᠡᠭᠦᠷᠢ ᠦᠭᠡᠢ᠂ ᠪᠦᠷᠬᠦᠴᠡ ᠨᠢ ᠪᠦᠬᠦ᠌ ᠲᠠᠯ᠎ᠠ᠎ᠶ᠋ᠢᠨ ᠪᠤᠰᠤ ᠠᠰᠠᠭᠤᠳᠠᠯ᠎ᠢ ᠱᠢᠢᠳᠪᠦᠷᠢᠯᠡᠵᠠᠢ᠃《ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠲᠣᠮᠢᠯᠠᠨ ᠰᠠᠭᠤᠯᠭᠠᠭ᠍ᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠰᠣᠯᠪᠢᠴᠠᠭᠤᠯᠤᠨ ᠬᠢᠨᠠᠨ ᠪᠠᠢᠴᠠᠭᠠᠬᠤ ᠠᠵᠢᠯ᠎ᠤᠨ ᠬᠡᠷᠡᠭ᠌ᠵᠢᠭᠦᠯᠬᠦ᠌ ᠲᠥᠰᠦᠯ》 ᠢ᠋ ᠲᠣᠭ᠍ᠲᠠᠭᠠᠵᠤ᠂ ᠰᠣᠯᠪᠢᠴᠠᠭᠤᠯᠤᠨ ᠬᠢᠨᠠᠨ ᠪᠠᠢᠴᠠᠭᠠᠬᠤ ᠠᠵᠢᠯ᠎ᠢ ᠪᠥᠬᠥ᠌ ᠲᠠᠯ᠎ᠠ᠎ᠪᠠᠷ ᠡᠬᠢᠯᠡᠭᠦᠯᠪᠡ᠃ ᠭᠤᠷᠪᠠ᠎ᠳᠤ᠂ ᠲᠣᠮᠢᠯᠠᠨ ᠰᠠᠭᠤᠯᠭᠠᠭ᠍ᠰᠠᠨ ᠰᠠᠬᠢᠯᠭ᠎ᠠ ᠪᠠᠲᠤ ᠪᠠᠢᠴᠠᠭᠠᠬᠤ ᠳᠤᠭᠤᠢᠯᠠᠩ᠎ᠤᠨ ᠬᠡᠷᠡᠭ ᠱᠢᠢᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠠᠢ᠃《ᠥᠪᠡᠷᠲᠡᠭᠡᠨ ᠵᠠᠰᠠᠬᠤ ᠣᠷᠣᠨ᠎ᠤ〈ᠲᠠᠰᠤᠭ ᠳᠤᠭᠤᠢᠯᠠᠩ ᠭᠠᠵᠠᠷ〉ᠬᠠᠮᠲᠤᠷᠠᠨ ᠬᠡᠷᠡᠭ ᠱᠢᠶ᠋ᠳᠪᠦᠷᠢᠯᠡᠬᠦ᠌ ᠵᠢᠯᠣᠭᠣᠳᠭᠤ ᠰᠠᠨᠠᠯ》 ᠢ᠋ ᠳᠠᠷᠤᠮᠠᠯᠯᠠᠨ ᠲᠠᠷᠬᠠᠭᠠᠵᠤ᠂ 《ᠲᠠᠰᠤᠭ ᠳᠤᠭᠤᠢᠯᠠᠩ ᠭᠠᠵᠠᠷ》 ᠬᠠᠮᠲᠤᠷᠠᠨ ᠬᠡᠷᠡᠭ ᠱᠢᠶ᠋ᠳᠪᠦᠷᠢᠯᠡᠬᠦ᠌ ᠲᠣᠭ᠍ᠲᠠᠴᠠ᠎ᠶ᠋ᠢ ᠪᠠᠢᠭᠤᠯᠤᠨ᠂ 32 ᠬᠠᠮᠵᠢᠯᠴᠠᠬᠤ ᠳᠤᠭᠤᠢᠯᠠᠩ᠎ᠢ ᠵᠣᠬᠢᠶᠠᠨ ᠪᠠᠢᠭᠤᠯᠵᠤ᠂ ᠲᠣᠮᠢᠯᠠᠨ ᠰᠠᠭᠤᠯᠭᠠᠭ᠍ᠰᠠᠨ ᠰᠠᠬᠢᠯᠭ᠎ᠠ ᠪᠠᠲᠤ ᠪᠠᠢᠴᠠᠭᠠᠬᠤ ᠳᠤᠭᠤᠢᠯᠠᠩ᠎ᠤᠨ ᠰᠣᠯᠪᠢᠴᠠᠨ ᠬᠢᠨᠠᠯᠲᠠ ᠲᠠᠯᠪᠢᠵᠤ ᠪᠠᠢᠴᠠᠭᠠᠬᠤ ᠠᠵᠢᠯ᠎ᠳᠤ ᠱᠢᠨ᠎ᠡ᠎ᠶ᠋ᠢ ᠡᠭᠦᠳᠦᠨ ᠥᠷᠨᠢᠭᠦᠯᠵᠦ᠍᠂ ᠰᠣᠯᠪᠢᠴᠠᠨ ᠬᠢᠨᠠᠯᠲᠠ ᠲᠠᠯᠪᠢᠵᠤ ᠪᠠᠢᠴᠠᠭᠠᠬᠤ᠎ᠶ᠋ᠢ ᠨᠡᠢᠲᠡ 1480 ᠤᠳᠠᠭ᠎ᠠ ᠥᠷᠨᠢᠭᠦᠯᠦᠨ᠂ ᠬᠢᠨᠠᠯᠲᠠ ᠲᠠᠯᠪᠢᠭ᠍ᠳᠠᠵᠤ ᠪᠠᠢᠭ᠎ᠠ ᠨᠢᠭᠡᠴᠢ᠎ᠶ᠋ᠢ 92 ᠤᠳᠠᠭ᠎ᠠ ᠪᠠᠢᠴᠠᠭᠠᠵᠠᠢ᠃ ᠲᠣᠭ᠍ᠲᠠᠮᠠᠯ ᠬᠤᠭᠤᠴᠠᠭ᠎ᠠ᠎ᠲᠠᠶ᠎ᠪᠠᠷ ᠵᠠᠷᠯᠠᠨ ᠮᠡᠳᠡᠭ᠌ᠳᠡᠬᠦ᠌᠂ ᠠᠳᠠᠭ᠎ᠲᠦ ᠤᠷᠤᠬᠰᠠᠨ ᠳᠠᠢ ᠨᠢ ᠪᠣᠯᠵᠣᠨ ᠶᠠᠷᠢᠯᠴᠠᠬᠤ ᠲᠦᠷᠢᠮ᠎ᠢ ᠪᠠᠢᠭᠤᠯᠵᠤ᠂ ᠲᠣᠮᠢᠯᠠᠨ ᠰᠠᠭᠤᠯᠭᠠᠭ᠍ᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠰᠠᠢ᠌ᠨ ᠬᠢᠷᠢ ᠪᠦᠲᠦᠮᠵᠢ᠎ᠶ᠋ᠢᠨ ᠬᠠᠭᠤᠳᠠᠰᠤ ᠲᠤᠱᠢᠶᠠᠬᠤ᠎ᠶ᠋ᠢ ᠠᠬᠢᠭᠤᠯᠪᠠ᠃
7᠂ ᠬᠣᠱᠢᠭᠤ ᠱᠢᠶᠠᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠬᠠᠪᠠ᠃ ᠨᠢᠭᠡ᠎ᠳᠦ᠂ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠴᠢᠩᠭᠠᠳᠭᠠᠵᠠᠢ᠃ ᠦᠨᠳᠦᠰᠦᠨ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠺᠠᠳ᠋ᠷ᠎ᠤᠨ ᠪᠣᠯᠪᠠᠰᠤᠷᠠᠯ᠎ᠤᠨ ᠡᠷᠴᠢᠮ᠎ᠢ ᠴᠢᠩᠭᠠᠷᠠᠭᠤᠯᠵᠤ᠂ ᠠᠵᠢᠯ᠎ᠠᠴᠠ᠎ᠪᠠᠨ ᠰᠠᠯᠬᠤ ᠪᠣᠯᠪᠠᠰᠤᠷᠠᠯ᠎ᠤᠨ ᠠᠩᠭᠢ᠎ᠶ᠋ᠢ 5 ᠬᠤᠭᠤᠴᠠᠭ᠎ᠠ ᠵᠣᠬᠢᠶᠠᠨ ᠪᠠᠢᠭᠤᠯᠵᠤ᠂ ᠰᠦᠯᠵᠢᠶᠡᠨ ᠳᠡᠭᠡᠷᠡᠬᠢ ᠪᠣᠯᠪᠠᠰᠤᠷᠠᠯ᠎ᠢ ᠪᠠᠢᠩᠭᠤ ᠥᠷᠨᠢᠭᠦᠯᠪᠡ᠃ 《〈ᠵᠠᠭᠤ ᠮᠢᠩᠭ᠎ᠠ ᠲᠦᠮᠠᠨ ᠴᠢᠳᠠᠪᠤᠷᠢᠲᠠᠨ᠎ᠤ ᠢᠨᠵᠧᠨᠧᠷᠢᠩ〉 ᠤ᠋ᠨ ᠬᠥᠳᠡᠯᠦᠩᠭᠦᠢ ᠬᠠᠮᠢᠶᠠᠷᠤᠯᠲᠠ᠎ᠶ᠋ᠢᠨ ᠠᠷᠭ᠎ᠠ 》 ᠶ᠋ᠢ ᠲᠣᠭ᠍ᠲᠠᠭᠠᠵᠤ᠂ 《ᠵᠠᠭᠤ ᠮᠢᠩᠭ᠎ᠠ ᠲᠦᠮᠠᠨ ᠴᠢᠳᠠᠪᠤᠷᠢᠲᠠᠨ》 ᠢ᠋ ᠨᠥᠬᠥᠪᠥᠷᠢᠯᠡᠨ ᠲᠤᠬᠢᠷᠠᠭᠤᠯᠬᠤ ᠪᠠ ᠡᠮᠬᠢᠵᠢᠷᠤᠮᠲᠠᠶᠪᠠᠷ ᠤᠬᠤᠷᠢᠨ ᠭᠠᠷᠬᠤ᠎ᠶ᠋ᠢ ᠦᠷᠭᠦᠯᠵᠢᠯᠡᠨ ᠠᠬᠢᠭᠤᠯᠪᠠ᠃ 《ᠬᠣᠱᠢᠭᠤᠴᠢ ᠭᠠᠪᠱᠢᠭᠠᠢ ᠠᠡᠭᠬᠢ》᠎ᠶ᠋ᠢ ᠪᠣᠯᠪᠠᠰᠤᠷᠠᠭᠤᠯᠤᠨ ᠬᠦᠴᠦᠷᠬᠡᠭ᠌ᠵᠢᠭᠦᠯᠵᠦ᠍᠂《ᠬᠣᠱᠢᠭᠤᠴᠢ ᠭᠠᠪᠱᠢᠭᠠᠢ ᠠᠡᠭᠬᠢ》᠎ᠶ᠋ᠢᠨ ᠳ᠋ᠦᠩᠨᠡᠨ ᠰᠠᠢᠱᠢᠶᠠᠬᠤᠬᠤᠷᠠᠯᠢ ᠬᠤᠷᠠᠯᠳᠤᠭᠤᠯᠤᠨ᠂ ᠬᠣᠱᠢᠭᠤᠴᠢ ᠴᠡᠷᠢᠭ᠎ᠢ ᠬᠥᠮᠦᠵᠢᠭᠦᠯᠬᠦ᠌ ᠠᠵᠢᠯ᠎ᠤᠨ ᠲᠡᠰ ᠳᠡᠪᠱᠢᠬᠦ᠌᠎ᠶ᠋ᠢ ᠠᠬᠢᠭᠤᠯᠪᠠ᠃ ᠬᠣᠶᠠᠷ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠠᠢ᠃ ᠪᠥᠬᠥ᠌ ᠣᠷᠣᠨ᠎ᠤ ᠬᠣᠱᠢᠭᠤ ᠱᠢᠶᠠᠨ(ᠬᠣᠲᠠ ᠂ ᠲᠣᠭᠣᠷᠢᠭ) ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠬᠡᠷᠡᠭ ᠱᠢᠶ᠋ᠳᠪᠦᠷᠢᠯᠡᠬᠦ᠌ ᠠᠵᠢᠯ᠎ᠤᠨ ᠰᠣᠯᠢᠯᠴᠠᠭᠠᠨ᠎ᠤ ᠬᠤᠷᠠᠯ ᠬᠤᠷᠠᠯᠳᠤᠭᠤᠯᠵᠤ᠂ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶ᠋ᠢᠨ ᠬᠡᠷᠡᠭ ᠪᠠᠢᠴᠠᠭᠠᠨ ᠱᠢᠶ᠋ᠳᠪᠦᠷᠢᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠵᠢᠯᠣᠭᠣᠳᠤᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ᠂ ᠠᠷᠠᠳ᠎ᠤᠨ ᠪᠠᠢᠴᠠᠭᠠᠬᠤ ᠬᠣᠷᠢᠶ᠎ᠠ᠎ᠲᠠᠶ ᠬᠠᠮᠲᠤᠷᠠᠨ《ᠠᠷᠪᠠᠨ ᠶᠡᠬᠡ ᠰᠣᠳᠣᠨ ᠬᠡᠷᠡᠭ᠎ᠦᠨ ᠵᠢᠱ᠌ᠢᠢ᠎ᠡ》 ᠵᠢ ᠨᠡᠢᠲᠡᠯᠡᠵᠦ᠍᠂ ᠴᠢᠨᠠᠷ ᠰᠠᠢᠲᠠᠢ ᠬᠡᠷᠡᠭ᠎ᠦᠨ ᠵᠢᠱ᠌ᠢᠢ᠎ᠡ᠎ᠪᠡᠷ ᠬᠠᠤᠯᠢ ᠬᠡᠷᠡᠭ᠌ᠵᠢᠭᠦᠯᠵᠦ᠍ ᠬᠡᠷᠡᠭ ᠱᠢᠢᠳᠪᠦᠷᠢᠯᠡᠬᠦ᠌ ᠲᠦᠪᠱᠢᠨ᠎ᠢ ᠳᠡᠭᠡᠭ᠌ᠰᠢᠯᠡᠭᠦᠯᠵᠠᠢ᠃ ᠭᠤᠷᠪᠠ᠎ᠳᠤ᠂ ᠠᠵᠢᠯ᠎ᠤᠨ ᠲᠣᠭ᠍ᠲᠠᠴᠠ᠎ᠶ᠋ᠢ ᠪᠦᠷᠢᠨᠱᠢᠭᠦᠯᠪᠠ᠃ ᠬᠣᠱᠢᠭᠤ ᠱᠢᠶᠠᠨ ᠲᠣᠭᠣᠷᠢᠭ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠬᠡᠷᠡᠭ᠎ᠢ ᠪᠠᠢᠴᠠᠭᠠᠨ ᠱᠢᠢᠳᠪᠦᠷᠢᠯᠡᠬᠦ᠌ ᠭᠣᠣᠯ ᠠᠵᠢᠯ᠎ᠤᠨ ᠭᠦᠢᠴᠡᠳᠭᠡᠯ ᠲᠣᠭ᠎ᠠ᠎ᠶ᠋ᠢᠨ ᠠᠭᠤᠯᠭ᠎ᠠ᠎ᠶ᠋ᠢ ᠤᠯᠠᠷᠢᠯ᠎ᠢᠶᠠᠷ ᠵᠠᠷᠯᠠᠬᠤ ᠪᠠ ᠠᠳᠠᠭ᠎ᠲᠦ ᠤᠷᠤᠬᠰᠠᠨ ᠳᠠᠢ ᠨᠢ ᠪᠣᠯᠵᠣᠨ ᠶᠠᠷᠢᠯᠴᠠᠬᠤ ᠲᠣᠭ᠍ᠲᠠᠴᠠ᠎ᠶ᠋ᠢ ᠪᠠᠢᠭᠤᠯᠵᠤ᠂《ᠲᠦᠷᠪᠡᠨ ᠱᠢᠢᠳᠪᠦᠷᠢᠯᠡᠬᠦ᠌》 ᠲᠣᠭ᠍ᠲᠠᠴᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠬᠣᠱᠢᠭᠤ ᠱᠢᠶᠠᠨ᠎ᠤ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠬᠡᠷᠡᠭ ᠱᠢᠢᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠬᠤ᠎ᠶ᠋ᠢ ᠱᠠᠯᠠᠪᠳᠠᠭᠤᠯᠪᠠ᠃
8᠂《ᠳᠥᠷᠪᠡᠨ ᠰᠤᠷᠲᠠᠯ》 ᠤ᠋ᠨ ᠠᠰᠠᠭᠤᠳᠠᠯ᠎ᠢ ᠴᠦᠬᠦᠷᠡᠰᠢ ᠦᠭᠡᠶ ᠵᠠᠯᠠᠷᠠᠭᠤᠯᠤᠨ ᠵᠠᠰᠠᠵᠠᠢ᠃ ᠨᠢᠭᠡ᠎ᠳᠦ᠂ ᠪᠠᠢᠳᠠᠯ᠎ᠢ ᠣᠨᠣᠪᠴᠢᠲᠠᠶ ᠡᠵᠡᠮᠱᠢᠪᠠ᠃ 2020 ᠣᠨ᠎ᠤ 《ᠳᠥᠷᠪᠡᠨ ᠰᠤᠷᠲᠠᠯ》 ᠤ᠋ᠨ ᠠᠰᠠᠭᠤᠳᠠᠯ᠎ᠢ ᠪᠠᠢᠴᠠᠭᠠᠨ ᠱᠢᠶ᠋ᠳᠪᠦᠷᠢᠯᠡᠭ᠌ᠰᠡᠨ ᠪᠠᠢᠳᠠᠯ᠎ᠢ ᠶᠡᠷᠦᠩᠬᠡᠢᠯᠡᠨ ᠵᠠᠳᠠᠯᠬᠤ᠎ᠶ᠋ᠢ ᠪᠡᠶᠡᠯᠡᠭᠦᠯᠵᠦ᠍᠂ 《ᠳᠥᠷᠪᠡᠨ ᠰᠤᠷᠲᠠᠯ》 ᠤ᠋ᠨ ᠠᠰᠠᠭᠤᠳᠠᠯ᠎ᠢ ᠴᠡᠭ᠌ᠴᠡᠯᠡᠨ ᠵᠠᠰᠠᠬᠤ ᠴᠢᠭ᠌ᠯᠡᠯ᠎ᠢ ᠪᠥᠬᠥ᠌ ᠲᠠᠯ᠎ᠠ᠎ᠪᠠᠷ ᠣᠨᠣᠪᠴᠢᠲᠠᠶ ᠡᠷᠢᠪᠠ᠃ ᠨᠢᠭᠤᠴᠠ᠎ᠪᠠᠷ ᠰᠤᠷᠪᠤᠯᠵᠢᠯᠠᠬᠤ ᠠᠵᠢᠯ ᠪᠠ《ᠳᠥᠷᠪᠡᠨ ᠰᠤᠷᠲᠠᠯ》 ᠢ᠋ ᠵᠠᠯᠠᠷᠠᠭᠤᠯᠬᠤ᠂ ᠱᠢᠨ᠎ᠡ ᠰᠤᠷᠲᠠᠯ᠎ᠢ ᠪᠣᠶ ᠪᠣᠯᠭᠠᠬᠤ ᠲᠤᠰᠭᠠᠶ ᠪᠠᠢᠴᠠᠭᠠᠨ ᠰᠤᠳᠤᠯᠤᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ 《ᠳᠥᠷᠪᠡᠨ ᠰᠤᠷᠲᠠᠯ》 ᠤ᠋ᠨ ᠱᠢᠨ᠎ᠡ ᠬᠠᠨᠳᠤᠰᠢ ᠱᠢᠨ᠎ᠡ ᠢᠯᠡᠷᠡᠯ᠎ᠢ ᠪᠥᠬᠥ᠌ ᠲᠠᠯ᠎ᠠ᠎ᠪᠠᠷ ᠡᠵᠡᠮᠱᠢᠵᠠᠢ᠃ ᠬᠣᠶᠠᠷ᠎ᠲᠤ᠂ ᠵᠠᠯᠠᠷᠠᠭᠤᠯᠤᠨ ᠵᠠᠰᠠᠬᠤ ᠡᠷᠴᠢᠮ᠎ᠢᠶᠡᠨ ᠴᠢᠩᠭᠠᠷᠠᠭᠤᠯᠪᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠡᠭ᠌ᠴᠡᠯᠡᠨ ᠰᠠᠢᠵᠢᠷᠠᠭᠤᠯᠬᠤᠶ᠋ᠢᠠᠷᠠᠳᠤᠨ ᠠᠮᠢᠳᠤᠷᠠᠯ᠎ᠤᠨ ᠬᠦᠷᠢᠶᠡᠨ᠎ᠳᠦ ᠠᠭᠤᠰᠤᠯᠴᠠᠭᠤᠯᠵᠤ ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠱᠢᠰᠲ᠋ᠧᠮ᠎ᠦᠨ ᠰᠠᠬᠢᠯᠭ᠎ᠠ ᠪᠠᠲᠤ ᠬᠠᠤᠯᠢ ᠴᠠᠭᠠᠵᠠ ᠡᠴᠨ ᠵᠥᠷᠢᠴᠡᠭ᠌ᠰᠡᠨ ᠠᠰᠠᠭᠤᠳᠠᠯ ᠵᠡᠷᠭᠡ᠎ᠶ᠋ᠢ ᠲᠤᠰᠭᠠᠢ ᠴᠡᠭ᠌ᠴᠡᠯᠡᠨ ᠰᠠᠢᠵᠢᠷᠠᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ ᠂ ᠬᠠᠮᠲᠤ᠎ᠪᠠᠷ ᠥᠷᠨᠢᠭᠦᠯᠵᠦ᠍᠂ ᠤᠨᠢᠨ ᠲᠡᠭᠡᠷ᠎ᠡ ᠨᠢ ᠵᠠᠰᠠᠪᠠ᠃ ᠭᠤᠷᠪᠠ᠎ᠳᠤ᠂ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ᠎ᠶ᠋ᠢ ᠴᠢᠩᠭᠠᠳᠭᠠᠪᠠ᠃ ᠡᠨᠡ ᠵᠢᠯ᠎ᠡᠴᠡ ᠨᠠᠭᠠᠰᠢ 3700 ᠭᠠᠷᠤᠶ ᠤᠳᠠᠭ᠎ᠠ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠪᠠ᠃
9᠂ ᠱᠠᠯᠠᠪᠳᠠᠭᠤᠯᠤᠨ ᠪᠠᠢᠴᠠᠭᠠᠵᠤ ᠪᠠᠢᠴᠠᠭᠠᠯᠳᠠ ᠬᠢᠵᠦ ᠬᠢᠨᠠᠨ ᠱᠢᠯᠭᠠᠬᠤ᠎ᠶ᠋ᠢ ᠨᠢᠭᠡᠳᠦᠯᠲᠡᠶ ᠲᠥᠯᠥᠪᠯᠡᠨ ᠵᠢᠷᠤᠮᠵᠢᠭᠤᠯᠪᠠ᠃ ᠨᠢᠭᠡ᠎ᠳᠦ᠂ ᠠᠰᠠᠭᠤᠳᠠᠯ᠎ᠢ ᠴᠠᠭ ᠲᠤᠬᠠᠢᠳᠤᠨᠢ ᠴᠡᠭ᠌ᠴᠡᠯᠡᠨ ᠰᠠᠢᠵᠢᠷᠠᠭᠤᠯᠪᠠ᠃ ᠣᠨᠴᠠ ᠵᠠᠷᠢᠮ ᠠᠢᠮᠠᠭ ᠬᠣᠲᠠ᠎ᠶ᠋ᠢᠨ 2020 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ ᠳᠠᠪᠬᠤᠷᠭ᠎ᠠ᠎ᠶ᠋ᠢᠨ ᠱᠠᠯᠠᠪᠳᠠᠭᠤᠯᠤᠨ ᠪᠠᠢᠴᠠᠭᠠᠵᠤ ᠬᠢᠨᠠᠨ ᠱᠢᠯᠭᠠᠬᠤ᠎ᠶ᠋ᠢ ᠬᠦᠯᠢᠶᠡᠭ᠌ᠰᠡᠨ ᠪᠠᠢᠳᠠᠯ᠎ᠢ ᠪᠥᠬᠥ᠌ ᠲᠠᠯ᠎ᠠ᠎ᠪᠠᠷ ᠡᠮᠬᠢᠯᠡᠨ ᠵᠠᠳᠠᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠳᠤᠷᠢᠳᠭᠤ ᠨᠥᠬᠥᠳ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ᠎ᠶ᠋ᠢᠨ9 ᠭᠣᠣᠯ ᠬᠠᠷᠢᠭᠤᠴᠠᠯᠭᠠᠲᠠᠨ᠎ᠲᠠᠶ ᠪᠣᠯᠵᠣᠨ ᠶᠠᠷᠢᠯᠴᠠᠵᠤ᠂ ᠣᠷᠣᠱᠢᠵᠤ ᠪᠠᠢᠭ᠎ᠠ ᠠᠰᠠᠭᠤᠳᠠᠯ᠎ᠢ ᠵᠠᠷᠯᠠᠨ ᠮᠡᠳᠡᠭ᠌ᠳᠡᠵᠦ᠍ ᠂ ᠴᠡᠭ᠌ᠴᠡᠯᠡᠨ ᠰᠠᠢᠵᠢᠷᠠᠭᠤᠯᠬᠤ ᠱᠠᠭᠠᠷᠳᠠᠯᠭ᠎ᠠ ᠳᠤᠷᠠᠳᠴᠠᠢ᠃ ᠬᠣᠶᠠᠷ᠎ᠲᠤ᠂ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠪᠠ᠃《ᠬᠡᠯᠪᠡᠷᠢᠴᠢ ᠦᠵᠡᠯ᠎ᠦᠨ ᠠᠰᠠᠭᠤᠳᠠᠯ᠎ᠢ ᠤᠯᠠᠮ ᠨᠢᠭᠡ ᠠᠯᠬᠤᠮ ᠱᠢᠶ᠋ᠳᠪᠦᠷᠢᠯᠡᠵᠦ᠍ 2021ᠣᠨ᠎ᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠠᠵᠢᠯ᠎ᠢ ᠰᠠᠢᠲᠤᠷ ᠬᠢᠬᠦ᠌ ᠲᠤᠬᠠᠶ ᠭᠤᠤᠯᠳᠠᠯᠭ᠎ᠠ᠎ᠲᠠᠶ ᠠᠷᠭ᠎ᠠ ᠬᠡᠮᠵᠢᠶ᠎ᠡ》 ᠶ᠋ᠢ ᠪᠠᠭᠤᠯᠭᠠᠵᠤ ᠂ ᠥᠪᠡᠷᠲᠡᠭᠡᠨ ᠵᠠᠰᠠᠬᠤ ᠣᠷᠣᠨ᠎ᠤ 2021 ᠣᠨ᠎ᠤ ᠱᠠᠯᠠᠪᠳᠠᠭᠤᠯᠤᠨᠪᠠᠢᠴᠠᠭᠠᠵᠤ ᠪᠠᠢᠴᠠᠭᠠᠯᠳᠠ ᠬᠢᠵᠦ ᠬᠢᠨᠠᠨ ᠱᠢᠯᠭᠠᠬᠤ ᠲᠥᠯᠥᠪᠯᠡᠭᠡ᠎ᠶ᠋ᠢ ᠲᠣᠭ᠍ᠲᠠᠭᠠᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ ᠡᠴᠨ 46 ᠵᠦᠶ᠋ᠯ᠎ᠢ ᠱᠠᠯᠠᠪᠳᠠᠭᠤᠯᠤᠨ ᠪᠠᠢᠴᠠᠭᠠᠵᠤ ᠬᠢᠨᠠᠨ ᠱᠢᠯᠭᠠᠬᠤ᠎ᠪᠠᠷ ᠲᠥᠯᠥᠪᠯᠡᠵᠦ᠍᠂ 2020 ᠣᠨ᠎ᠤ᠎ᠬᠢ ᠡᠴᠨ 13.2%᠎ᠢᠶᠠᠷ ᠪᠠᠭᠠᠰᠪᠠ᠃《ᠱᠠᠯᠠᠪᠳᠠᠭᠤᠯᠤᠨ ᠪᠠᠢᠴᠠᠭᠠᠵᠤ ᠪᠠᠢᠴᠠᠭᠠᠯᠳᠠ ᠬᠢᠵᠦ ᠬᠢᠨᠠᠨ ᠱᠢᠯᠭᠠᠬᠤ ᠠᠵᠢᠯ᠎ᠢ ᠨᠢᠭᠡᠳᠦᠯᠲᠡᠶ ᠲᠥᠯᠥᠪᠯᠡᠨ ᠵᠢᠷᠤᠮᠵᠢᠭᠤᠯᠬᠤ ᠬᠣᠯᠪᠣᠭ᠍ᠳᠠᠯ ᠪᠥᠬᠥᠶ ᠪᠣᠳᠠᠲᠠᠶ ᠵᠦᠶ᠋ᠯᠡᠰ᠎ᠢ ᠬᠢᠨᠠᠮᠠᠭᠠᠶ ᠰᠠᠢᠲᠤᠷ ᠬᠢᠬᠦ᠌ ᠲᠤᠬᠠᠶ ᠮᠡᠳᠡᠭ᠌ᠳᠡᠯ》 ᠢ᠋ ᠬᠢᠨᠠᠮᠠᠭᠠᠶ ᠲᠤᠭᠤᠰᠢᠯᠠᠭᠤᠯᠵᠤ᠂ ᠲᠥᠯᠥᠪᠯᠡᠭᠡ᠎ᠳᠦ ᠣᠷᠣᠭᠤᠯᠤᠭ᠍ᠰᠠᠨᠱᠠᠯᠠᠪᠳᠠᠭᠤᠯᠤᠨ ᠪᠠᠢᠴᠠᠭᠠᠵᠤ ᠪᠠᠢᠴᠠᠭᠠᠯᠳᠠ ᠬᠢᠵᠦ ᠬᠢᠨᠠᠨ ᠱᠢᠯᠭᠠᠬᠤ ᠵᠦᠶ᠋ᠯᠡᠰ᠎ᠢ ᠴᠢᠩᠭ᠎ᠠ ᠠᠳᠭᠤᠵᠤ᠂ ᠵᠢᠯ᠎ᠦᠨ ᠡᠬᠢ᠂ ᠵᠢᠯ᠎ᠦᠨ ᠳᠤᠮᠳᠠ ᠬᠤᠪᠢᠶᠠᠨ ᠲᠥᠪᠯᠡᠷᠡᠭᠦᠯᠦᠨ ᠨᠢᠭᠡᠳᠦᠯᠲᠡᠶ ᠲᠥᠯᠥᠪᠯᠡᠨ ᠥᠷᠨᠢᠭᠦᠯᠬᠦ᠌ ᠬᠡᠷᠡᠭ᠌ᠲᠡᠶ ᠭᠡᠵᠦ᠍ ᠲᠣᠳᠣᠷᠬᠠᠢᠯᠠᠪᠠ ᠃ ᠣᠨ᠎ᠤ ᠲᠥᠯᠥᠪᠯᠡᠭᠡ᠎ᠳᠦ ᠣᠷᠣᠭᠤᠯᠤᠭ᠍ᠰᠠᠨ ᠥᠬᠡᠶ ᠵᠦᠶ᠋ᠯᠡᠰ᠎ᠲᠦ ᠪᠦᠷᠢᠳᠭᠡᠨ ᠳᠠᠩᠰᠠᠯᠠᠬᠤ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠲᠦᠷ ᠴᠠᠭ ᠥᠷᠨᠢᠭᠦᠯᠦᠭ᠌ᠰᠡᠨ ᠪᠠᠢᠪᠠᠯ ᠨᠢᠭᠡ ᠤᠴᠢᠷ ᠶᠠᠪᠤᠳᠠᠯ᠎ᠢ ᠨᠢᠭᠡ ᠮᠡᠳᠡᠭᠦᠯᠬᠦ᠌᠎ᠶ᠋ᠢ ᠴᠢᠩᠭ᠎ᠠ ᠬᠡᠷᠡᠭ᠌ᠵᠢᠭᠦᠯᠦᠨ᠂ ᠡᠯ᠎ᠡ ᠰᠠᠯᠠᠭ᠎ᠠ ᠮᠥᠴᠢᠷ᠎ᠢ ᠬᠡᠳᠡᠷᠬᠦ ᠰᠢᠬᠠᠮᠳᠠᠭᠤᠯᠤᠨ ᠱᠠᠯᠠᠪᠳᠠᠭᠤᠯᠤᠨ ᠪᠠᠢᠴᠠᠭᠠᠵᠤ ᠪᠠᠢᠴᠠᠭᠠᠯᠳᠠ ᠬᠢᠵᠦ ᠬᠢᠨᠠᠨ ᠱᠢᠯᠭᠠᠬᠤ ᠵᠦᠶ᠋ᠯᠡᠰ᠎ᠢ ᠪᠠᠭᠠᠰᠬᠠᠪᠠ᠃
10᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠢᠩᠭ᠎ᠠ ᠬᠡᠷᠡᠭ᠌ᠵᠢᠭᠦᠯᠪᠡ᠃ ᠨᠢᠭᠡ᠎ᠳᠦ᠂ ᠡᠳᠦᠷ ᠲᠤᠳᠤᠮ᠎ᠤᠨ ᠬᠢᠨᠠᠯᠲᠠ᠎ᠪᠠᠨ ᠴᠢᠩᠭᠠᠳᠭᠠᠪᠠ᠃ ᠱᠢᠨ᠎ᠡ ᠵᠢᠯ᠂ ᠴᠠᠭᠠᠨ ᠰᠠᠷ᠎ᠠ ᠂ ᠬᠠᠩᠰᠢ ᠵᠡᠷᠭᠡ ᠴᠢᠬᠤᠯᠠ ᠴᠠᠭ ᠬᠤᠭᠤᠴᠠᠭ᠎ᠠ᠎ᠶ᠋ᠢᠨ ᠵᠠᠩᠭᠢᠯᠠᠭ᠎ᠠ᠎ᠶ᠋ᠢᠨ ᠴᠡᠭ᠎ᠢ ᠴᠢᠩᠭ᠎ᠠ ᠠᠩᠬᠠᠷᠴᠤ᠌ ᠂ ᠴᠢᠬᠡᠴᠢ ᠵᠠᠰᠠᠭ᠎ᠤᠨ ᠶᠠᠷᠢᠯᠴᠠᠭ᠎ᠠ ᠬᠥᠮᠦᠵᠢᠯ ᠂ ᠵᠢᠷᠬᠢᠶ᠎ᠡ ᠶ᠋ᠢᠨ ᠤᠯᠠᠨ ᠨᠡᠢᠲᠡ᠎ᠶ᠋ᠢᠨ ᠳ᠋ᠤᠭᠠᠷ᠎ᠤᠨ ᠤᠬᠠᠭᠤᠯᠭ᠎ᠠ ᠂ ᠳᠣᠲᠣᠨᠣᠰᠣᠭ ᠰᠠᠨᠠᠭᠤᠯᠤᠮᠵᠢ᠎ᠶ᠋ᠢᠨ ᠺᠠᠷᠲ᠎ᠢᠶᠠᠷ ᠰᠠᠨᠠᠭᠤᠯᠬᠤ ᠵᠡᠷᠭᠡ ᠠᠷᠭ᠎ᠠ ᠬᠡᠯᠪᠡᠷᠢ᠎ᠶ᠋ᠢ ᠥᠷᠨᠢᠭᠦᠯᠬᠦ᠌᠎ᠪᠡᠷ ᠲᠠᠮᠵᠢᠨ ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠭᠦᠢᠴᠡᠳᠭᠡᠬᠦ ᠂ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠬᠦᠢᠴᠡᠳᠬᠡᠬᠦ ᠵᠢ ᠱᠠᠯᠠᠪᠳᠠᠭᠤᠯᠪᠠ᠃ ᠺᠠᠳ᠋ᠷ ᠤᠯᠠᠨ ᠲᠦᠮᠡᠨ᠎ᠦ ᠳᠤᠮᠳᠠ ᠭᠦᠨᠵᠡᠭᠡᠢᠷᠡᠨᠤᠳᠤᠷᠢᠳᠭᠤᠺᠠᠳ᠋ᠷᠤᠨ ᠠᠯᠪᠠᠨ᠎ᠤ ᠵᠣᠭᠣᠰ᠎ᠢᠶᠠᠷ ᠢᠳᠡᠵᠦ᠍ ᠤᠤᠭᠤᠬᠤᠨᠢᠭᠤᠭ᠍ᠳᠠᠮᠠᠯ ᠬᠡᠯᠪᠡᠷᠢ᠎ᠪᠠᠨ ᠬᠤᠪᠢᠷᠠᠭᠤᠯᠬᠤ ᠠᠷᠭ᠎ᠠ ᠬᠡᠯᠪᠡᠷᠢ᠎ᠶ᠋ᠢ ᠪᠠᠢᠴᠠᠭᠠᠨ ᠰᠤᠳᠤᠯᠵᠤ ᠡᠵᠡᠮᠱᠢᠨ᠂ ᠬᠡᠷᠡᠭ᠎ᠢ ᠪᠠᠢᠴᠠᠭᠠᠨ ᠱᠢᠢᠳᠪᠦᠷᠢᠯᠡᠬᠦ᠌ ᠳᠤᠮᠳᠠ《ᠨᠢᠭᠡ ᠱᠢᠷᠡᠭᠡ ᠬᠣᠭᠣᠯᠠ》᠂ ᠠᠯᠪᠠᠨ᠎ᠤ ᠵᠣᠭᠣᠰ᠎ᠢᠶᠠᠷ《ᠶᠡᠬᠡ ᠦᠨᠡᠲᠦ ᠴᠠᠢ》ᠤᠤᠭᠤᠬᠤ ᠵᠡᠷᠭᠡ ᠠᠰᠠᠭᠤᠳᠠᠯ᠎ᠤᠨ ᠰᠦᠪᠡᠭ᠌ᠴᠢ᠎ᠶ᠋ᠢ ᠴᠤᠭ᠍ᠯᠠᠭᠤᠯᠬᠤ᠎ᠶ᠋ᠢ ᠠᠩᠬᠠᠷᠪᠠ᠃ ᠬᠣᠶᠠᠷ᠎ᠲᠤ᠂ ᠨᠠᠷᠢᠯᠢᠭ ᠣᠨᠣᠴᠠᠲᠠᠢ᠎ᠪᠠᠷ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ᠌ ᠠᠵᠢᠯ᠎ᠢ ᠥᠷᠨᠢᠭᠦᠯᠪᠡ᠃ ᠠᠯᠪᠠᠨ᠎ᠤ ᠮᠠᠰᠢᠨ ᠲᠡᠷᠭᠡ᠎ᠶ᠋ᠢ ᠲᠣᠭ᠍ᠲᠠᠭᠠᠯ ᠡᠴᠨ ᠵᠥᠷᠢᠴᠡᠨ ᠬᠡᠷᠡᠭ᠌ᠯᠡᠬᠦ᠌ ᠵᠡᠷᠭᠡ ᠠᠰᠠᠭᠤᠳᠠᠯ᠎ᠢ ᠴᠢᠩᠭ᠎ᠠ ᠪᠠᠢᠴᠠᠭᠠᠨ ᠱᠢᠢᠳᠪᠦᠷᠢᠯᠡᠵᠦ᠍ ᠂ ᠵᠢᠷᠭᠠᠨ ᠴᠡᠩᠭᠡᠬᠦ᠌ ᠦᠵᠡᠯ ᠂ ᠱᠠᠯᠢᠨ ᠪᠦᠷᠢᠯᠭᠡᠬᠦ᠌ ᠰᠤᠷᠲᠠᠯ᠎ᠢ ᠡᠷᠡᠰ ᠵᠠᠯᠠᠷᠠᠭᠤᠯᠪᠠ᠃
(ᠭᠤᠷᠪᠠ)ᠤᠳᠤᠷᠢᠳᠬᠤ ᠪᠠᠬ ᠪᠠ ᠤᠳᠤᠷᠢᠳᠭᠤ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶ᠋ᠢ ᠦᠨᠡᠨ ᠬᠦ᠌ ᠴᠢᠩᠭᠠᠳᠭᠠᠵᠤ ᠂ ᠱᠢᠨ᠎ᠡ ᠴᠠᠭ ᠦᠶ᠎ᠡ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠨᠠᠷᠢᠨ ᠬᠢᠨᠠᠮᠠᠭᠠᠶ ᠲᠤᠭᠤᠰᠢᠯᠠᠭᠤᠯᠪᠠ
1᠂ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢᠩᠭᠤ ᠵᠢᠨ ᠬᠤᠷᠢᠶᠠᠨ᠎ᠤ ᠪᠠᠭ᠎ᠤᠨ ᠤᠯᠤᠰ ᠲᠦᠷᠦ ᠵᠢᠨ ᠪᠠᠢᠭᠤᠯᠤᠯᠳᠠ ᠵᠢ ᠴᠢᠩᠭᠠᠳᠬᠠᠪᠠ᠃ ᠣᠷᠣᠨ ᠨᠤᠲᠤᠭ᠎ᠤᠨ ᠨᠠᠮ᠎ᠤᠨ ᠬᠣᠷᠢᠶᠠᠨ᠎ᠤ ᠠᠵᠢᠯ᠎ᠤᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢ᠎ᠶ᠋ᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠡᠷᠡᠰ ᠬᠠᠮᠠᠭᠠᠯᠠᠬᠤ ᠲᠣᠭ᠍ᠲᠠᠭᠠᠯ》 ᠢ᠋ ᠲᠦᠷᠦᠭᠦᠯᠡᠨ ᠬᠡᠷᠡᠭ᠌ᠵᠢᠭᠦᠯᠵᠦ᠍᠂《ᠳᠥᠷᠪᠡᠨ ᠤᠬᠠᠮᠰᠠᠷ》 ᠵᠢᠡᠨ ᠴᠢᠩᠭᠠᠳᠭᠠᠵᠤ ᠂ 《ᠳᠥᠷᠪᠡᠨ ᠢᠲᠡᠭᠡᠯ》 ᠵᠢᠡᠨ ᠪᠠᠲᠤᠳᠭᠠᠵᠤ ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠪᠡ᠃ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠲᠦᠷᠦᠭᠦᠯᠡᠨ ᠰᠠᠢᠲᠤᠷ ᠣᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢ ᠬᠢᠵᠦ᠍᠂ ᠤᠯᠤᠰ ᠲᠦᠷᠦ᠍᠎ᠶ᠋ᠢᠨ ᠴᠢᠳᠠᠪᠤᠷᠢ᠂ ᠵᠠᠰᠠᠯᠲᠠ᠎ᠶ᠋ᠢᠨ ᠴᠢᠳᠠᠪᠤᠷᠢ᠂ ᠲᠡᠮᠡᠴᠡᠯ᠎ᠦᠨ ᠴᠢᠳᠠᠪᠤᠷᠢ᠎ᠪᠠᠨ ᠲᠠᠰᠤᠷᠠᠯᠳᠠ ᠦᠭᠡᠢ ᠲᠡᠭᠡᠭᠰᠢᠯᠡᠬᠦᠯᠪᠡ᠃ ᠡᠨᠡ ᠵᠢᠯ᠎ᠡᠴᠡ ᠨᠠᠭᠠᠰᠢ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠨᠤᠯ ᠰᠤᠷᠤᠯᠴᠠᠬᠤ ᠭᠣᠣᠯ ᠳᠤᠭᠤᠢᠯᠠᠩ 12 ᠤᠳᠠᠭ᠎ᠠ ᠬᠠᠮᠲᠤ᠎ᠶ᠋ᠢᠨ ᠰᠤᠷᠤᠯᠴᠠᠯᠭ᠎ᠠ ᠥᠷᠨᠢᠭᠦᠯᠪᠡ᠃ ᠲᠦᠷᠦᠭᠦᠯᠡᠨ ᠤᠯᠤᠰ ᠲᠦᠷᠦ᠍᠎ᠶ᠋ᠢᠨ ᠡᠭᠦᠷᠭᠡᠯᠡᠯ᠎ᠢᠶᠡᠨ ᠴᠢᠩᠭᠠᠳᠭᠠᠵᠤ᠂ ᠬᠠᠷᠢᠭᠤᠴᠠᠯᠭ᠎ᠠ᠎ᠪᠠᠨ ᠰᠡᠳᠭᠢᠯ᠎ᠳᠡᠭᠡᠨ ᠮᠡᠳᠡᠵᠦ᠍ ᠂ ᠪᠡᠶ᠎ᠡ᠎ᠳᠡᠭᠡᠨ ᠬᠠᠷᠢᠭᠤᠴᠠᠯᠭ᠎ᠠ ᠡᠭᠦᠷᠭᠡᠯᠡᠵᠦ᠍ ᠂ ᠬᠠᠷᠢᠭᠤᠴᠠᠯᠭ᠎ᠠ᠎ᠪᠠᠨ ᠭᠦᠢᠴᠡᠳᠭᠡᠵᠦ᠍ ᠂ ᠡᠯ᠎ᠡ ᠵᠦᠢᠯ᠎ᠦᠨ ᠠᠶᠤᠯ ᠲᠦᠭ᠌ᠰᠢᠭᠦᠷᠢ᠎ᠶ᠋ᠢ ᠢᠯᠭᠠᠨ ᠵᠠᠳᠠᠯᠬᠤ ᠪᠠ ᠱᠢᠢᠳᠪᠦᠷᠢᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ ᠶ᠋ᠢ ᠲᠡᠷᠡ ᠶᠣᠰᠣᠭᠠᠷ ᠨᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠬᠤᠪᠠ᠃ ᠲᠦᠷᠦᠭᠦᠯᠡᠨ ᠰᠤᠷᠲᠠᠯ᠎ᠢᠶᠠᠨ ᠭᠦᠨᠵᠡᠭᠡᠢ ᠰᠠᠢᠵᠢᠷᠠᠭᠤᠯᠵᠤ ᠂ ᠪᠠᠢᠴᠠᠭᠠᠨ ᠰᠤᠳᠤᠯᠤᠯᠲᠠ ᠬᠢᠬᠦ᠌᠎ᠪᠡᠨ ᠴᠢᠩᠭᠠᠳᠭᠠᠵᠤ ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠪᠡ᠃
2᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠴᠢᠩᠳᠠᠯᠠᠪᠠ᠃ ᠨᠢᠭᠡ᠎ᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶᠠᠨ᠎ᠤ ᠤᠳᠤᠷᠢᠳᠭᠤ ᠪᠠᠭ᠎ᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠᠷᠢᠨ ᠬᠡᠷᠡᠭ᠌ᠵᠢᠭᠦᠯᠵᠦ᠍ ᠪᠠᠷᠢᠨ ᠴᠡᠭ᠌ᠴᠡᠯᠡᠨ ᠰᠠᠢᠵᠢᠷᠠᠭᠤᠯᠬᠤ᠂ ᠲᠦᠷᠦᠭᠦᠯᠡᠨ ᠴᠡᠭ᠌ᠴᠡᠯᠡᠨ ᠰᠠᠢᠵᠢᠷᠠᠭᠤᠯᠬᠤ᠎ᠶ᠋ᠢ ᠪᠠᠷᠢᠮᠲᠠᠯᠠᠵᠤ ᠂ 2020 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠵᠢᠴᠢ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠲᠤᠰᠭᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠲᠥᠪ ᠴᠢᠩᠭ᠎ᠠ ᠨᠠᠷᠢᠨ ᠬᠢᠨᠠᠮᠠᠭᠠᠶ ᠬᠤᠷᠠᠯᠳᠤᠭᠤᠯᠵᠤ ᠂ ᠬᠤᠷᠠᠯ ᠡᠴᠨ ᠡᠮᠦᠨ᠎ᠡ ᠬᠣᠯᠪᠣᠭ᠍ᠳᠠᠯ ᠪᠥᠬᠥᠶ ᠮᠠᠲ᠋ᠧᠷᠢᠶᠠᠯ ᠪᠠ ᠡᠯ᠎ᠡ ᠪᠠᠢᠩᠭᠤ᠎ᠶ᠋ᠢᠨ ᠭᠡᠱᠢᠭᠦᠨ᠎ᠦ ᠱᠢᠭᠦᠮᠵᠢᠯᠡᠭ᠌ᠰᠡᠨ ᠰᠠᠨᠠᠯ᠎ᠢ ᠲᠥᠪ᠎ᠦᠨ ᠱᠠᠯᠠᠪᠳᠠᠭᠤᠯᠤᠨ ᠵᠢᠯᠣᠭᠣᠳᠭᠤ ᠳᠤᠭᠤᠢᠯᠠᠩ᠎ᠳᠤ ᠮᠡᠳᠡᠭᠦᠯᠦᠨ ᠬᠢᠨᠠᠨ ᠬᠠᠷᠭᠤᠭᠤᠯᠵᠤ᠂ ᠬᠤᠷᠠᠯ ᠳᠡᠭᠡᠷ᠎ᠡ ᠨᠠᠷᠢᠨ ᠬᠢᠨᠠᠮᠠᠭᠠᠶ ᠬᠠᠷᠭᠤᠭᠤᠯᠤᠨ ᠪᠠᠢᠴᠠᠭᠠᠵᠤ᠂ ᠠᠰᠠᠭᠤᠳᠠᠯ᠎ᠢ ᠭᠦᠨᠵᠡᠭᠡᠶ ᠵᠠᠳᠠᠯᠵᠤ᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ᠎ᠢ ᠲᠥᠪ ᠴᠢᠩᠭ᠎ᠠ ᠥᠷᠨᠢᠭᠦᠯᠵᠦ᠍ ᠂ ᠬᠤᠷᠠᠯ᠎ᠤᠨ ᠳᠠᠷᠠᠭ᠎ᠠ ᠴᠡᠭ᠌ᠴᠡᠯᠡᠨ ᠰᠠᠢᠵᠢᠷᠠᠭᠤᠯᠬᠤ ᠲᠥᠰᠦᠯ ᠲᠣᠭ᠍ᠲᠠᠭᠠᠵᠤ ᠂ 5 ᠲᠠᠯ᠎ᠠ᠎ᠶ᠋ᠢᠨ 18 ᠵᠤᠷᠪᠤᠰ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠳᠤᠷᠠᠳᠴᠤ᠌᠂ ᠴᠡᠭ᠌ᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠶ᠋ᠢ ᠨᠢᠭᠡᠳ ᠨᠢᠭᠡ᠎ᠪᠡᠷ ᠲᠣᠳᠣᠷᠬᠠᠢᠯᠠᠵᠤ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠦᠷᠭᠦᠯᠵᠢᠯᠡᠨ ᠰᠠᠢᠲᠤᠷ ᠠᠳᠭᠤᠵᠤ᠂ ᠣᠳᠣᠬᠠᠨ᠎ᠳᠤ ᠨᠢᠭᠡᠨᠲᠡ15 ᠵᠤᠷᠪᠤᠰ᠎ᠢ ᠴᠡᠭ᠌ᠴᠡᠯᠡᠨ ᠰᠠᠢᠵᠢᠷᠠᠭᠤᠯᠵᠤ᠂ 3 ᠵᠤᠷᠪᠤᠰ᠎ᠢ ᠦᠷᠭᠦᠯᠵᠢᠯᠡᠨ ᠴᠡᠭ᠌ᠴᠡᠯᠡᠨ ᠰᠠᠢᠵᠢᠷᠠᠭᠤᠯᠪᠠ᠃ ᠬᠣᠶᠠᠷ᠎ᠲᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ᠎ᠢ ᠵᠢᠯᠣᠭᠣᠳᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠢᠲᠤᠷ ᠬᠢᠪᠡ᠃ ᠥᠪᠡᠷᠲᠡᠭᠡᠨ ᠵᠠᠰᠠᠬᠤ ᠣᠷᠣᠨ ᠡᠴᠨ 15 ᠱᠠᠯᠠᠪᠳᠠᠭᠤᠯᠤᠨ ᠵᠢᠯᠣᠭᠣᠳᠭᠤ ᠳᠤᠭᠤᠢᠯᠠᠩ ᠪᠠᠢᠭᠤᠯᠵᠤ᠂ ᠠᠢᠮᠠᠭ ᠬᠣᠲᠠ᠂ ᠣᠷᠣᠨ᠎ᠤ ᠱᠢᠭᠤᠳ ᠬᠠᠷᠢᠶ᠎ᠠ ᠰᠠᠯᠠᠭ᠎ᠠ ᠮᠥᠴᠢᠷ᠎ᠦᠨ 2020 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠲᠤᠬᠠᠶ᠎ᠶ᠋ᠢᠨ ᠭᠠᠵᠠᠷ᠎ᠲᠤᠨᠢ ᠱᠠᠯᠠᠪᠳᠠᠭᠤᠯᠤᠨ ᠵᠢᠯᠣᠭᠣᠳᠴᠤ᠌ ᠂ ᠰᠤᠷᠤᠯᠴᠠᠵᠤ ᠰᠤᠳᠤᠯᠤᠨ ᠶᠠᠷᠢᠯᠴᠠᠬᠤ ᠂ ᠰᠠᠨᠠᠯ ᠬᠤᠷᠢᠶᠠᠬᠤ᠂ ᠰᠡᠳᠭᠢᠯ᠎ᠦᠨ ᠦᠭᠡ᠎ᠪᠡᠨ ᠶᠠᠷᠢᠯᠴᠠᠬᠤ ᠂ ᠮᠠᠲ᠋ᠧᠷᠢᠶᠠᠯ ᠪᠢᠴᠢᠬᠦ᠌ ᠂ ᠱᠢᠭᠦᠮᠵᠢᠯᠡᠯ ᠥᠷᠨᠢᠭᠦᠯᠬᠦ᠌ ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠵᠡᠷᠭᠡ《ᠵᠢᠷᠭᠤᠭᠠᠨ ᠪᠣᠭᠣᠮᠲᠠ》 ᠶ᠋ᠢ ᠴᠢᠩᠭ᠎ᠠ ᠠᠳᠭᠤᠵᠤ᠂ ᠶᠠᠰᠤ ᠴᠢᠨᠠᠷ ᠵᠢᠡᠷ ᠦᠨᠡᠯᠡᠨ ᠵᠢᠱ᠌ᠢᠬᠦ᠌᠎ᠶ᠋ᠢ ᠴᠢᠩᠭᠠᠳᠭᠠᠨ᠂ ᠬᠣᠢᠱᠢᠯᠠᠭᠤᠯᠤᠨ ᠬᠤᠷᠠᠯᠳᠤᠭᠤᠯᠬᠤ ᠂ ᠴᠠᠭ ᠲᠤᠬᠠᠶ᠎ᠳᠤᠨᠢ ᠳᠠᠭᠤᠳᠠᠵᠤ ᠵᠣᠭ᠍ᠰᠣᠭᠠᠬᠤ᠂ ᠬᠢᠴᠢᠶᠡᠯ ᠨᠥᠬᠥᠵᠦ᠍ ᠳᠠᠬᠢᠨ ᠪᠣᠯᠪᠠᠰᠤᠷᠠᠭᠤᠯᠬᠤ ᠂ ᠵᠠᠷᠯᠢᠭ᠍ᠳᠠᠵᠤ ᠪᠠᠢᠭᠠᠳ ᠳᠠᠭᠢᠵᠤ ᠡᠬᠢᠯᠡᠭᠦᠯᠬᠦ᠌ ᠵᠡᠷᠭᠡ᠎ᠪᠡᠷ ᠳᠠᠮᠵᠢᠭᠤᠯᠤᠨ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠶᠠᠰᠤ ᠴᠢᠨᠠᠷ᠎ᠢ ᠦᠨᠡᠨ ᠬᠦ᠌ ᠳᠡᠭᠡᠭ᠌ᠰᠢᠯᠡᠭᠦᠯᠪᠡ᠃
3᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠬᠡᠪ ᠰᠤᠷᠲᠠᠯ᠎ᠢ ᠵᠠᠯᠠᠷᠠᠭᠤᠯᠪᠠ᠃ ᠨᠢᠭᠡ᠎ᠳᠦ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠳᠦ ᠬᠢᠨᠠᠯᠲᠠ ᠲᠠᠯᠪᠢᠬᠤ᠎ᠶ᠋ᠢ ᠭᠦᠨᠵᠡᠭᠡᠢᠷᠡᠭᠦᠯᠪᠡ᠃ 2020 ᠣᠨ᠎ᠤ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ᠎ᠢ ᠬᠢᠨᠠᠨ ᠱᠢᠯᠭᠠᠬᠤ᠎ᠲᠠᠶ ᠤᠶᠠᠯᠳᠤᠭᠤᠯᠤᠨ ᠂ ᠠᠢᠮᠠᠭ ᠬᠣᠲᠠ ᠂ ᠣᠷᠣᠨ᠎ᠤ ᠱᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ᠎ᠳᠦ《ᠨᠢᠭᠡ ᠮᠡᠳᠡᠭᠦᠯᠦᠯᠲᠡ ᠬᠣᠶᠠᠷ ᠦᠨᠡᠯᠡᠯᠲᠡ》᠎ᠶ᠋ᠢ ᠨᠡᠢᠳᠡᠮ ᠥᠷᠨᠢᠭᠦᠯᠵᠦ᠍ ᠂ 1856 ᠺᠠᠳ᠋ᠷ᠎ᠢ ᠦᠨᠡᠯᠡᠪᠡ᠃ ᠠᠷᠪᠠᠳᠤᠭᠠᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠶᠢᠰᠦᠳᠦᠭᠡᠷ ᠡᠭᠡᠯᠵᠢ᠎ᠶ᠋ᠢᠨ ᠲᠣᠭᠣᠷᠢᠨ ᠪᠠᠢᠴᠠᠭᠠᠯᠲᠠ᠎ᠳᠤ᠂ ᠲᠣᠭᠣᠷᠢᠨ ᠪᠠᠢᠴᠠᠭᠠᠯᠲᠠ᠎ᠶ᠋ᠢ ᠬᠦᠯᠢᠶᠡᠭ᠌ᠰᠡᠨ 33 ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠥᠮᠦᠨ ᠰᠣᠩᠭᠣᠵᠤ ᠬᠥᠮᠦᠨ ᠬᠡᠷᠡᠭ᠌ᠯᠡᠭ᠌ᠰᠡᠨ ᠪᠠᠢᠳᠠᠯ᠎ᠳᠤ ᠲᠤᠰᠭᠠᠢ ᠪᠠᠢᠴᠠᠭᠠᠯᠲᠠ ᠥᠷᠨᠢᠭᠦᠯᠪᠡ᠃ ᠬᠣᠶᠠᠷ᠎ᠲᠤ᠂《ᠠᠰᠠᠭᠤᠳᠠᠯ᠎ᠲᠠᠶ ᠪᠠᠢᠳᠠᠯ᠎ᠠ ᠰᠢᠯᠢᠨ ᠳᠡᠪᠱᠢᠭᠦᠯᠬᠦ᠌》 ᠵᠢ ᠭᠡᠳᠡᠷᠭᠦ᠌ ᠪᠠᠢᠴᠠᠭᠠᠯᠲᠠ ᠥᠷᠨᠢᠭᠦᠯᠪᠡ᠃ 《ᠺᠠᠳ᠋ᠷ᠎ᠢ ᠱᠢᠯᠢᠨ ᠳᠡᠪᠱᠢᠭᠦᠯᠵᠦ᠍ ᠲᠣᠮᠢᠯᠠᠨ ᠬᠡᠷᠡᠭ᠌ᠯᠡᠬᠦ᠌ ᠠᠵᠢᠯ᠎ᠤᠨ ᠬᠢᠨᠠᠯᠲᠠ ᠳᠠᠯᠪᠢᠨ ᠪᠠᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ᠌ ᠠᠷᠭ᠎ᠠ》 ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠪᠠ ᠡᠯ᠎ᠡ ᠠᠢᠮᠠᠭ ᠬᠣᠲᠠ᠎ᠶ᠋ᠢᠨ 2019᠂ 2020 ᠣᠨ᠎ᠳᠤ ᠪᠠᠢᠴᠠᠭᠠᠨ ᠱᠢᠶ᠋ᠳᠪᠦᠷᠢᠯᠡᠭ᠌ᠰᠡᠨ 《ᠠᠰᠠᠭᠤᠳᠠᠯ᠎ᠲᠠᠶ ᠪᠠᠢᠳᠠᠯ᠎ᠠ ᠱᠢᠯᠢᠨ ᠳᠡᠪᠱᠢᠭᠦᠯᠬᠦ᠌》 ᠶᠠᠪᠤᠴᠠ᠎ᠳᠤ ᠭᠡᠳᠡᠷᠭᠦ᠌ ᠪᠠᠢᠴᠠᠭᠠᠯᠲᠠ ᠬᠢᠵᠦ᠍᠂ ᠨᠢᠭᠡᠳ ᠨᠢᠭᠡ᠎ᠪᠡᠷ ᠡᠮᠬᠢᠯᠡᠵᠦ᠍᠂ ᠢᠯᠡᠷᠡᠭᠦᠯᠦᠭ᠌ᠰᠡᠨ ᠠᠰᠠᠭᠤᠳᠠᠯ᠎ᠢ ᠴᠢᠩᠭ᠎ᠠ ᠱᠢᠶ᠋ᠳᠪᠦᠷᠢᠯᠡᠪᠡ᠃ ᠭᠤᠷᠪᠠ᠎ᠳᠤ᠂ ᠺᠠᠳ᠋ᠷ᠎ᠢ ᠰᠣᠩᠭᠣᠨ ᠲᠣᠮᠢᠯᠠᠬᠤ ᠪᠣᠭᠣᠮᠲᠠ᠎ᠶ᠋ᠢ ᠴᠢᠩᠭ᠎ᠠ ᠠᠳᠬᠤᠪᠠ᠃ ᠱᠢᠶᠠᠨ ᠭᠠᠵᠠᠷ᠎ᠤᠨ ᠲᠡᠰ ᠡᠴᠨ ᠳᠡᠭᠡᠭ᠌ᠰᠢᠬᠢ ᠺᠠᠳ᠋ᠷ᠎ᠢ ᠲᠤᠱᠢᠶᠠᠯ᠎ᠳᠤ ᠲᠣᠮᠢᠯᠠᠬᠤ ᠡᠴᠨᠡᠮᠦᠨᠡ ᠬᠢᠨᠠᠨ ᠬᠠᠷᠭᠤᠭᠤᠯᠵᠤ᠂ ᠠᠰᠠᠭᠤᠳᠠᠯᠳᠠᠢ ᠵᠢ ᠲᠦᠷ ᠬᠣᠢᠱᠢᠯᠠᠭᠤᠯᠤᠨ ᠬᠡᠷᠡᠭᠯᠡᠪᠡ᠃ ᠬᠣᠲᠠ ᠱᠢᠶᠠᠨ᠎ᠤ ᠤᠳᠤᠷᠢᠳᠭᠤ ᠪᠠᠭ᠎ᠤᠨ ᠬᠤᠭᠤᠴᠠᠭ᠎ᠠ ᠰᠣᠯᠢᠬᠤ ᠳᠤᠮᠳᠠ᠂ ᠤᠯᠤᠰ ᠲᠥᠷᠥ᠎ᠶ᠋ᠢᠨ ᠲᠠᠯ᠎ᠠ᠎ᠪᠠᠷ ᠂ ᠠᠷᠢᠭᠤᠨ ᠴᠢᠬᠡᠴᠢ᠎ᠶ᠋ᠢᠨ ᠲᠠᠯ᠎ᠠ᠎ᠪᠠᠷ ᠠᠰᠠᠭᠤᠳᠠᠯ᠎ᠲᠠᠶ ᠪᠣᠯ ᠨᠡᠷ᠎ᠡ ᠲᠤᠷᠠᠳᠤᠬᠳᠠᠬᠤ ᠬᠢᠷᠢ ᠬᠡᠮ᠎ᠢ ᠨᠢ ᠬᠠᠰᠤᠪᠠ᠃ ᠳᠥᠷᠪᠡ᠎ᠳᠦ᠂ ᠬᠤᠭᠤᠴᠠᠭ᠎ᠠ ᠰᠣᠯᠢᠬᠤ ᠬᠡᠪ ᠰᠤᠷᠲᠠᠯ᠎ᠳᠤ ᠬᠢᠨᠠᠯᠲᠠ ᠲᠠᠯᠪᠢᠬᠤ᠎ᠪᠠᠨ ᠴᠢᠩᠭᠠᠳᠭᠠᠪᠠ᠃ ᠪᠥᠬᠥ᠌ ᠣᠷᠣᠨ᠎ᠤ ᠬᠣᠲᠠ ᠱᠢᠶᠠᠨ ᠱᠢᠶᠠᠩ᠎ᠤᠨ ᠤᠳᠤᠷᠢᠳᠭᠤ ᠪᠠᠭ᠎ᠤᠨ ᠬᠤᠭᠤᠴᠠᠭ᠎ᠠ ᠰᠣᠯᠢᠬᠤ ᠠᠵᠢᠯ᠎ᠤᠨ ᠲᠧᠯᠸᠢᠰ ᠤᠳᠠᠰᠤ ᠬᠤᠷᠠᠯ ᠪᠠ ᠬᠤᠭᠤᠴᠠᠭ᠎ᠠ ᠰᠣᠯᠢᠬᠤ᠎ᠶ᠋ᠢ ᠱᠠᠯᠠᠪᠳᠠᠭᠤᠯᠤᠨ ᠪᠠᠢᠴᠠᠭᠠᠵᠤ ᠵᠢᠯᠣᠭᠣᠳᠭᠤ ᠠᠵᠢᠯ᠎ᠤᠨ ᠳᠠᠢᠴᠢᠯᠠᠯᠲᠠ ᠪᠠᠢᠷᠢᠯᠠᠭᠤᠯᠤᠯᠲᠠ᠎ᠶ᠋ᠢᠨ ᠬᠤᠷᠠᠯ᠎ᠢ ᠬᠤᠷᠠᠯᠳᠤᠭᠤᠯᠵᠤ ᠂ 《ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶ᠋ᠢ ᠴᠢᠩᠳᠠᠯᠠᠵᠤ ᠬᠤᠭᠤᠴᠠᠭ᠎ᠠ ᠰᠣᠯᠢᠬᠤ ᠬᠡᠪ ᠰᠤᠷᠲᠠᠯ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠬᠤ ᠠᠵᠢᠯ᠎ᠤᠨ ᠲᠥᠰᠦᠯ》 ᠢ᠋ ᠲᠣᠭ᠍ᠲᠠᠭᠠᠵᠤ ᠂ ᠬᠤᠭᠤᠴᠠᠭ᠎ᠠ ᠰᠣᠯᠢᠬᠤ ᠬᠡᠪ ᠰᠤᠷᠲᠠᠯ᠎ᠢ ᠱᠠᠯᠠᠪᠳᠠᠭᠤᠯᠤᠨ ᠵᠢᠯᠣᠭᠣᠳᠭᠤ 6 ᠳᠤᠭᠤᠢᠯᠠᠩ ᠲᠣᠮᠢᠯᠠᠨ ᠪᠥᠬᠥ᠌ ᠣᠷᠣᠨ᠎ᠤ ᠬᠤᠭᠤᠴᠠᠭ᠎ᠠ ᠰᠣᠯᠢᠬᠤ ᠠᠵᠢᠯ᠎ᠢ ᠲᠤᠬᠠᠶ᠎ᠶ᠋ᠢᠨ ᠭᠠᠵᠠᠷ᠎ᠲᠤᠨᠢ ᠱᠠᠯᠠᠪᠳᠠᠭᠤᠯᠤᠨ ᠵᠢᠯᠣᠭᠣᠳᠪᠠ᠃ ᠬᠥᠮᠦᠨ ᠰᠣᠩᠭᠣᠵᠦ ᠬᠦᠮᠦᠨ ᠬᠡᠷᠡᠭ᠌ᠯᠡᠬᠦ᠌ ᠠᠰᠠᠭᠤᠳᠠᠯᠳᠠᠢ 7 ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠵᠠᠷᠯᠠᠨ ᠨᠡᠢᠲᠡᠯᠡᠵᠦ᠍ ᠂ ᠬᠤᠭᠤᠴᠠᠭ᠎ᠠ ᠰᠣᠯᠢᠬᠤ ᠲᠥᠪ ᠴᠢᠬᠡᠴᠢ ᠣᠷᠴᠢᠨ ᠨᠥᠬᠥᠴᠡᠯ᠎ᠢ ᠬᠦᠴᠦᠯᠡᠨ ᠪᠣᠶᠪᠣᠯᠭᠠᠪᠠ᠃ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠭᠦᠯᠦᠭ᠌ᠰᠡᠨ ᠢ ᠪᠠᠢᠴᠠᠭᠠᠨ ᠬᠠᠷᠭᠤᠭᠤᠯᠬᠤ ᠡᠷᠴᠢᠮ᠎ᠢᠶᠡᠨ ᠴᠢᠩᠭᠠᠷᠠᠭᠤᠯᠵᠦ᠂ ᠰᠤᠮᠤ ᠱᠢᠶᠠᠩ ᠪᠠᠯᠭᠠᠰᠤ᠂ ᠬᠣᠱᠢᠭᠤ ᠱᠢᠶᠠᠨ᠎ᠤ ᠬᠤᠭᠤᠴᠠᠭ᠎ᠠ ᠰᠣᠯᠢᠬᠤ ᠠᠰᠠᠭᠤᠳᠠᠯ᠎ᠤᠨ ᠰᠦᠪᠡᠭ᠌ᠴᠢ᠎ᠶ᠋ᠢ ᠨᠡᠢᠲᠡ 149 ᠬᠤᠪᠢ ᠬᠦᠯᠢᠶᠡᠨ ᠠᠪᠴᠤ᠌ ᠂103 ᠬᠤᠪᠢ᠎ᠶ᠋ᠢ ᠨᠢ ᠱᠢᠶ᠋ᠳᠪᠦᠷᠢᠯᠡᠵᠦ᠍ ᠳᠠᠭᠤᠰᠭᠠᠪᠠ᠃
4᠂ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶ᠋ᠢ ᠴᠢᠩᠭᠠᠳᠬᠠᠪᠠ᠃ ᠨᠢᠭᠡ᠎ᠳᠦ᠂ ᠤᠳᠤᠷᠢᠳᠭᠤ ᠪᠠᠭ᠎ᠤᠨ ᠨᠠᠰᠤᠨ᠎ᠤ ᠪᠦᠲᠦᠴᠡ᠎ᠶ᠋ᠢᠨ ᠬᠥᠳᠡᠯᠦᠩᠭᠦᠢ ᠤᠷᠢᠳᠴᠢᠯᠠᠨ ᠰᠡᠷᠡᠮᠵᠢᠯᠡᠭᠦᠯᠬᠦ᠌ ᠲᠣᠭ᠍ᠲᠠᠴᠠ᠎ᠶ᠋ᠢ ᠪᠠᠢᠭᠤᠯᠪᠠ᠃ ᠪᠠᠢᠩᠭᠤᠵᠢᠭᠤᠯᠤᠨ ᠵᠠᠳᠠᠯᠵᠤ ᠰᠤᠳᠤᠯᠤᠨ ᠮᠠᠭᠠᠳᠯᠠᠬᠤ᠎ᠶ᠋ᠢ ᠴᠢᠩᠭᠠᠳᠭᠠᠨ᠂ ᠡᠯ᠎ᠡ ᠬᠦᠷᠢᠶ᠎ᠡ ᠴᠠᠷᠠᠭ᠎ᠠ᠎ᠶ᠋ᠢᠨ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ᠎ᠤᠨ ᠳ᠋ᠠᠢᠲ᠋ᠠ ᠬᠥᠮᠥᠷᠭᠡ᠎ᠶ᠋ᠢ ᠱᠢᠨᠡᠳᠭᠡᠬᠦ᠌ ᠠᠵᠢᠯ᠎ᠢ ᠪᠡᠶᠡᠯᠡᠭᠦᠯᠵᠦ᠍᠂ ᠠᠢᠮᠠᠭ ᠬᠣᠲᠠ᠂ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠂ ᠶᠡᠬᠡ ᠳᠡᠭᠡᠳᠦ ᠰᠤᠷᠭᠠᠭᠤᠯᠢ ᠪᠣᠯᠤᠨ ᠠᠵᠢᠯ ᠦᠢᠯᠡᠰ᠎ᠦᠨ ᠪᠠᠢᠭᠤᠯᠭ᠎ᠠ ᠨᠢᠭᠡᠴᠢ ᠂ ᠣᠷᠣᠨ᠎ᠤ ᠱᠢᠭᠤᠳ ᠬᠠᠷᠢᠶ᠎ᠠ ᠠᠵᠤ ᠠᠬᠤᠢᠯᠠᠯ᠎ᠤᠨ ᠤᠳᠤᠷᠢᠳᠭᠤ ᠪᠠᠭ᠎ᠢ ᠲᠣᠬᠢᠷᠠᠭᠤᠯᠤᠭ᠍ᠰᠠᠨ ᠪᠠᠢᠳᠠᠯ᠎ᠳᠤ ᠰᠠᠷ᠎ᠠ ᠰᠠᠷ᠎ᠠ᠎ᠪᠠᠷ ᠵᠠᠳᠠᠯᠤᠯᠲᠠ ᠬᠢᠵᠦ᠍ ᠂ ᠡᠯ᠎ᠡ ᠱᠠᠲᠤᠨ᠎ᠤ ᠤᠳᠤᠷᠢᠳᠭᠤ ᠪᠠᠭ᠎ᠢ ᠲᠣᠬᠢᠷᠠᠭᠤᠯᠬᠤ᠎ᠳᠤ ᠦᠨᠳᠦᠰᠦ ᠪᠠᠷᠢᠮᠲᠠ ᠬᠠᠩᠭᠠᠪᠠ᠃ ᠬᠣᠲᠠ ᠱᠢᠶᠠᠨ ᠱᠢᠶᠠᠩ᠎ᠤᠨ ᠤᠳᠤᠷᠢᠳᠭᠤ ᠪᠠᠭ᠎ᠤᠨ ᠬᠤᠭᠤᠴᠠᠭ᠎ᠠ ᠰᠣᠯᠢᠬᠤ ᠳᠤᠮᠳᠠ᠂ ᠤᠯᠤᠰ ᠲᠥᠷᠥ᠎ᠶ᠋ᠢᠨ ᠪᠠᠷᠢᠮᠵᠢᠶ᠎ᠠ᠎ᠶ᠋ᠢ ᠳᠣᠪᠣᠢᠯᠭᠠᠵᠤ᠂ ᠺᠠᠳ᠋ᠷ᠎ᠢ ᠣᠨᠣᠴᠠᠲᠠᠶ ᠱᠢᠨᠵᠢᠯᠡᠬᠦ᠌ ᠤᠬᠠᠭᠠᠨᠴᠢ᠎ᠪᠠᠷ ᠰᠣᠩᠭᠣᠨ᠂ ᠤᠳᠤᠷᠢᠳᠭᠤ ᠪᠠᠭ᠎ᠢ ᠲᠣᠬᠢᠷᠠᠭᠤᠯᠵᠤ᠂ ᠡᠯ᠎ᠡ ᠱᠠᠲᠤᠨ᠎ᠤ ᠤᠳᠤᠷᠢᠳᠭᠤ ᠪᠠᠭ᠎ᠤᠨ ᠨᠠᠰᠤ᠂ ᠲᠤᠰᠭᠠᠶ ᠮᠡᠷᠭᠡᠵᠢᠯ᠂ ᠥᠩᠭᠡᠷᠡᠯᠲᠡ᠂ ᠦᠨᠳᠦᠰᠦᠲᠡᠨ ᠵᠡᠷᠭᠡ ᠳᠥᠷᠪᠡᠨ ᠲᠠᠯ᠎ᠠ᠎ᠶ᠋ᠢᠨ ᠪᠦᠲᠦᠴᠡ᠎ᠶ᠋ᠢ ᠢᠯᠡᠳᠲᠡ ᠱᠢᠯᠢᠳᠡᠭ᠌ᠵᠢᠭᠦᠯᠪᠡ᠃ ᠬᠣᠶᠠᠷ᠎ᠲᠤ᠂《8266 ᠲᠥᠯᠥᠪᠯᠡᠭᠡ》᠎ᠶ᠋ᠢ ᠭᠦᠨᠵᠡᠭᠡᠢ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ(ᠬᠣᠲᠠ᠂ ᠲᠣᠭᠣᠷᠢᠭ)ᠵᠣᠬᠢᠬᠤ ᠲᠣᠭᠠᠨ᠎ᠤ ᠱᠢᠯᠢᠳᠡᠭ ᠵᠠᠯᠠᠭᠤ ᠺᠠᠳ᠋ᠷ᠎ᠢ ᠱᠠᠲᠤ ᠬᠤᠪᠢᠶᠠᠨ ᠡᠵᠡᠮᠱᠢᠵᠦ᠍᠂ ᠬᠥᠮᠦᠵᠢᠭᠦᠯᠵᠦ᠍ ᠰᠣᠩᠭᠣᠨ ᠬᠡᠷᠡᠭ᠌ᠯᠡᠬᠦ᠌ ᠡᠷᠴᠢᠮ᠎ᠢᠶᠡᠨ ᠴᠢᠩᠭᠠᠷᠠᠭᠤᠯᠪᠠ᠂ ᠡᠨᠡ ᠵᠢᠯ᠎ᠡᠴᠡ ᠨᠠᠭᠠᠰᠢ᠂ ᠪᠥᠬᠥ᠌ ᠣᠷᠣᠨ᠎ᠵᠢᠡᠷ ᠵᠢᠡᠨ ᠱᠢᠯᠢᠳᠡᠭ ᠵᠠᠯᠠᠭᠤ ᠺᠠᠳ᠋ᠷ᠎ᠢ ᠲᠢᠩᠬᠢᠮ᠎ᠦᠨ ᠲᠠᠰ᠎ᠲᠦ 89 ᠬᠥᠮᠦᠨ᠂ ᠭᠠᠵᠠᠷ᠎ᠤᠨ ᠲᠠᠰ ᠲᠸ᠋ 109 ᠬᠥᠮᠦᠨ᠂ ᠳᠡᠳ᠋ ᠭᠠᠵᠠᠷ᠎ᠤᠨ ᠲᠠᠰᠲᠸ᠋ 240 ᠬᠥᠮᠦᠨ᠎ᠢ ᠳᠡᠪᠱᠢᠭᠦᠯᠦᠨ ᠬᠡᠷᠡᠭ᠌ᠯᠡᠪᠡ᠃ ᠭᠤᠷᠪᠠ᠎ᠳᠤ᠂ ᠰᠣᠩᠭᠣᠨ ᠲᠤᠮᠢᠯᠠᠬᠤ ᠰᠣᠷᠣᠭ᠍ᠴᠢ᠎ᠶ᠋ᠢᠨ 《81 ᠴᠢᠳᠠᠪᠤᠷᠢᠲᠠᠨ ᠬᠥᠮᠦᠵᠢᠭᠦᠯᠬᠦ᠌ ᠢᠨᠵᠧᠨᠧᠷᠢᠩ》᠎ᠢ᠋ ᠭᠦᠨᠵᠡᠭᠡᠢᠷᠡᠭᠦᠯᠪᠡ᠃ ᠡᠨᠡ ᠵᠢᠯ᠎ᠡᠴᠡ ᠨᠠᠭᠠᠰᠢ 1345 ᠨᠡᠷ᠎ᠡ ᠶᠡᠬᠡ ᠰᠤᠷᠭᠠᠭᠤᠯᠢ ᠲᠡᠭᠦᠰᠦᠭ᠌ᠰᠡᠨ ᠱᠢᠯᠢᠳᠡᠭ ᠣᠶᠤᠲᠠᠨ᠎ᠢ ᠰᠣᠩᠭᠣᠨ ᠡᠯᠰᠡᠵᠦ᠍᠂ ᠺᠠᠳ᠋ᠷ᠎ᠤᠨ ᠡᠩᠨᠡᠭᠡᠨ᠎ᠦ ᠪᠦᠲᠦᠴᠡ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠪᠡ᠃
5᠂ ᠥᠨᠳᠥᠷ ᠬᠡᠪ ᠪᠣᠯᠪᠠᠰᠤᠷᠠᠯ᠎ᠲᠠᠶ ᠲᠤᠰᠭᠠᠢᠵᠢᠭ᠍ᠰᠠᠨ ᠺᠠᠳ᠋ᠷ᠎ᠤᠨ ᠴᠢᠳᠠᠪᠤᠷᠢᠲᠠᠨ᠎ᠤ ᠡᠩᠨᠡᠭᠡ᠎ᠶ᠋ᠢ ᠪᠠᠢᠭᠤᠯᠪᠠ᠃ ᠨᠢᠭᠡ᠎ᠳᠦ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠶ᠋ᠢᠨ ᠤᠳᠤᠷᠢᠳᠭᠤ ᠪᠠᠭ᠎ᠤᠨ ᠪᠠᠢᠭᠤᠯᠤᠯᠲᠠ᠎ᠶ᠋ᠢ ᠴᠢᠩᠭᠠᠳᠭᠠᠪᠠ᠃ ᠠᠵᠢᠯ᠎ᠤᠨ ᠪᠠᠢᠷᠢ᠎ᠶ᠋ᠢᠨ ᠲᠤᠱᠢᠶᠠᠯ ᠡᠭᠦᠷᠭᠡᠯᠡᠬᠦ᠌ ᠬᠢᠷᠢ ᠬᠡᠮ᠎ᠦᠨ ᠨᠥᠬᠥᠴᠡᠯ᠎ᠳᠦ ᠨᠡᠢᠴᠡᠬᠦ᠌᠂ ᠰᠣᠨᠢᠨ ᠮᠡᠳᠡᠭᠡᠨ᠎ᠦ ᠳᠠᠮᠵᠢᠭᠤᠯᠭ᠎ᠠ᠎ᠶ᠋ᠢᠨ ᠲᠤᠰᠭᠠᠶ ᠮᠡᠷᠭᠡᠵᠢᠯ ᠲᠠᠢ ᠬᠠᠷᠢᠴᠠᠭ᠎ᠠ ᠬᠤᠯᠪᠤᠭ᠎ᠠ ᠲᠠᠢ᠂ ᠰᠣᠨᠢᠨ ᠮᠡᠳᠡᠭᠡᠨ᠎ᠦ ᠦᠶ᠋ᠯᠡᠳᠦᠯᠭᠡ᠎ᠶ᠋ᠢᠨ ᠲᠤᠷᠱᠢᠯᠭ᠎ᠠ᠎ᠲᠠᠶ ᠺᠠᠳ᠋ᠷ᠎ᠢ ᠪᠦᠷᠢᠳᠬᠡᠵᠦ᠂ ᠤᠳᠤᠷᠢᠳᠭᠤ ᠪᠠᠭ᠎ᠲᠤ ᠰᠣᠩᠭᠣᠨ ᠲᠣᠮᠢᠯᠠᠨ ᠣᠷᠣᠭᠤᠯᠪᠠ᠃ ᠬᠣᠶᠠᠷ᠎ᠲᠤ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠪᠠᠢᠴᠠᠭᠠᠬᠤ ᠬᠤᠷᠢᠢ᠎ᠠ ᠱᠢᠭᠦᠬᠦ᠌ ᠬᠤᠷᠢᠶ᠎ᠠ ᠵᠢᠨ ᠤᠳᠤᠷᠢᠳᠭᠤ ᠪᠠᠭ᠎ᠤᠨ ᠪᠠᠢᠭᠤᠯᠤᠯᠲᠠ᠎ᠶ᠋ᠢ ᠴᠢᠩᠭᠠᠳᠬᠠᠪᠠ᠃ ᠠᠢᠮᠠᠭ ᠬᠣᠲᠠ᠂ ᠬᠣᠱᠢᠭᠤ ᠱᠢᠶᠠᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠪᠠᠢᠴᠠᠭᠠᠬᠤ ᠬᠤᠷᠢᠶ᠎ᠠ ᠱᠢᠭᠦᠬᠦ᠌ ᠬᠣᠷᠢᠶᠠᠨ᠎ᠤ ᠤᠳᠤᠷᠢᠳᠭᠤ ᠪᠠᠭ᠎ᠢ ᠲᠥᠪᠯᠡᠷᠡᠭᠦᠯᠦᠨ ᠳᠣᠭᠢᠷᠠᠭᠤᠯᠵᠤ᠂ ᠠᠢᠮᠠᠭ ᠬᠣᠲᠠ᠂ ᠬᠣᠱᠢᠭᠤ ᠱᠢᠶᠠᠨ᠎ᠳᠤ ᠤᠯᠤᠰ ᠲᠥᠷᠥ᠍ ᠬᠠᠤᠯᠢ ᠴᠠᠭᠠᠵᠠ᠎ᠶ᠋ᠢᠨ ᠲᠥᠷᠥᠯ᠎ᠦᠨ ᠲᠤᠰᠭᠠᠶ ᠮᠡᠷᠭᠡᠵᠢᠯ᠎ᠦᠨ ᠰᠤᠷᠤᠯᠭ᠎ᠠ᠎ᠶ᠋ᠢᠨ ᠨᠠᠮᠲᠠᠷ᠎ᠲᠠᠶ ᠪᠠ ᠬᠠᠮᠢᠶ᠎ᠠ ᠪᠥᠬᠥᠶ ᠠᠵᠢᠯ᠎ᠤᠨ ᠥᠩᠭᠡᠷᠡᠯᠲᠡ᠎ᠲᠡᠶ ᠺᠠᠳ᠋ᠷ᠎ᠢ ᠨᠥᠬᠥᠪᠥᠷᠢᠯᠡᠵᠦ᠍ ᠥᠭ᠌ᠪᠡ᠃ ᠭᠤᠷᠪᠠ᠎ᠳᠤ᠂ ᠲᠤᠰᠭᠠᠢ ᠮᠡᠷᠬᠡᠵᠢᠯ᠎ᠤᠨ ᠺᠠᠳ᠋ᠷ᠎ᠢ ᠬᠥᠮᠦᠵᠢᠭᠦᠯᠵᠦ᠍ ᠰᠣᠩᠭᠣᠨ ᠳᠡᠪᠱᠢᠭᠦᠯᠬᠦ᠌ ᠡᠷᠴᠢᠮ᠎ᠢ ᠴᠢᠩᠭᠠᠷᠠᠭᠤᠯᠪᠡ᠃ 《ᠲᠠᠯ᠎ᠠ ᠨᠤᠲᠤᠭ᠎ᠤᠨ ᠴᠢᠳᠠᠪᠤᠷᠢᠲᠠᠨ》᠎ᠤ᠋ ᠬᠥᠮᠥᠷᠭᠡ ᠪᠠ《ᠵᠠᠯᠠᠭᠤ ᠣᠷᠣᠢᠯᠠᠭ᠍ᠰᠠᠨ ᠴᠢᠳᠠᠪᠤᠷᠢᠲᠠᠨ》 ᠤ᠋ ᠬᠥᠮᠥᠷᠭᠡ᠎ᠶ᠋ᠢ ᠪᠥᠬᠥ᠌ ᠲᠠᠯ᠎ᠠ᠎ᠪᠠᠷ ᠡᠮᠬᠢᠯᠡᠵᠦ᠍᠂ ᠠᠵᠢᠯ ᠦᠶ᠋ᠯᠡᠰ᠎ᠦᠨ ᠨᠢᠭᠡᠴᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠪᠠ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠠᠴᠠ ᠬᠤᠳᠠᠯᠳᠤᠭᠠᠨ᠎ᠤ ᠶᠠᠪᠤᠳᠠᠯ ᠠᠷᠠᠯᠵᠢᠶ᠎ᠠ᠂ ᠮᠥᠩᠭᠥᠨ ᠭᠦᠶ᠋ᠯᠭᠡᠭᠡᠨ᠎ᠦ ᠬᠠᠮᠢᠶᠠᠷᠤᠯᠲᠠ᠂ ᠬᠣᠲᠠ᠎ᠶ᠋ᠢᠨ ᠬᠠᠮᠢᠶᠠᠷᠤᠯᠲᠠ ᠵᠡᠷᠭᠡ ᠬᠦᠷᠢᠶᠡᠨ᠎ᠳᠡᠬᠢ 320 ᠲᠤᠰᠭᠠᠶ ᠮᠡᠷᠭᠡᠵᠢᠯ᠎ᠦᠨ ᠴᠢᠳᠠᠪᠤᠷᠢᠲᠠᠨ᠎ᠢ ᠰᠢᠯᠢᠵᠦ ᠰᠤᠩᠭᠤᠪᠠ᠃ ᠤᠳᠤᠷᠢᠳᠭᠤ ᠪᠠᠭ᠎ᠤᠨ ᠲᠤᠰᠭᠠᠶ ᠮᠡᠷᠭᠡᠵᠢᠯ᠎ᠦᠨ ᠪᠦᠲᠦᠴᠡ᠎ᠶ᠋ᠢ ᠲᠣᠭ᠍ᠲᠠᠮᠠᠯ ᠬᠤᠭᠤᠴᠠᠭᠠᠲᠠᠶᠪᠠᠷᠵᠠᠳᠠᠯᠤᠨ ᠰᠤᠳᠤᠯᠵᠤ ᠮᠠᠭᠠᠳᠯᠠᠨ᠂ ᠬᠠᠨᠳᠤᠯᠭᠠᠲᠤ ᠴᠢᠨᠠᠷᠲᠠᠶ᠎ᠪᠠᠷ ᠲᠣᠬᠢᠷᠠᠭᠤᠯᠤᠯᠲᠠ ᠬᠢᠪᠡ᠃
6᠂ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠪᠠ᠃ ᠨᠢᠭᠡ᠎ᠳᠦ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰᠤᠨᠣᠨᠴᠠᠯᠢᠭᠲᠠᠶᠨᠡᠢᠭᠡᠮ ᠵᠢᠷᠤᠮ᠎ᠤᠨ ᠦᠵᠡᠯ ᠰᠠᠨᠠᠭᠠᠨ᠎ᠤ ᠬᠥᠮᠦᠵᠢᠯ ᠪᠣᠯᠪᠠᠰᠤᠷᠠᠯ᠎ᠤᠨ ᠲᠥᠯᠥᠪᠯᠡᠭᠡ᠎ᠶ᠋ᠢ ᠭᠦᠨᠵᠡᠭᠡᠢ ᠬᠡᠷᠡᠭ᠌ᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠤᠳᠤᠯᠤᠨ ᠰᠤᠷᠤᠯᠴᠠᠬᠤ ᠠᠩᠭᠢ ᠵᠡᠷᠭᠡ ᠲᠤᠰᠭᠠᠶ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ᠎ᠶ᠋ᠢ 5 ᠬᠤᠭᠤᠴᠠᠭ᠎ᠠ ᠡᠷᠭᠢᠯᠡᠵᠦ᠍᠂ ᠱᠢᠶᠠᠨ ᠭᠠᠵᠠᠷ᠎ᠤᠨ ᠲᠠᠰ᠎ᠠᠴᠠ ᠳᠡᠭᠡᠭ᠌ᠰᠢᠬᠢ ᠺᠠᠳ᠋ᠷ᠎ᠢ ᠨᠡᠢᠲᠡ 2 ᠲᠦᠮᠡ ᠭᠠᠷᠤᠶ ᠬᠥᠮᠦᠨ ᠤᠳᠠᠭ᠎ᠠ ᠪᠣᠯᠪᠠᠰᠤᠷᠠᠭᠤᠯᠪᠠ᠃ ᠬᠣᠶᠠᠷ᠎ᠲᠤ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠢᠯᠡ ᠲᠣᠳᠣ ᠤᠳᠤᠷᠢᠳᠤᠮᠵᠢ᠎ᠶ᠋ᠢ ᠪᠤᠢ ᠪᠣᠯᠭᠠᠪᠠ᠃ ᠭᠤᠷᠪᠠᠨ ᠶᠡᠬᠡ ᠪᠣᠭᠣᠮᠲᠠ ᠱᠢᠪᠲᠤᠯᠬᠤ ᠳᠠᠢᠯᠠᠯᠳᠤᠭᠠᠨ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ ᠵᠡᠷᠭᠡ ᠴᠢᠬᠤᠯᠠ ᠶᠡᠬᠡ ᠡᠭᠦᠷᠭᠡ ᠳᠤᠮᠳᠠ ᠲᠣᠪᠣᠢᠮ᠎ᠠ ᠢᠯᠡᠷᠡᠯ᠎ᠲᠡᠶ ᠺᠠᠳ᠋ᠷ᠎ᠢ ᠶᠡᠬᠡᠪᠡᠷ ᠰᠣᠩᠭᠣᠨ ᠬᠡᠷᠡᠭ᠌ᠯᠡᠵᠦ᠍ ᠂ ᠥᠷᠭᠡᠨ ᠣᠯᠠᠨ ᠺᠠᠳ᠋ᠷᠴᠤᠳ᠎ᠤᠨ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠠᠵᠢᠯ ᠬᠢᠵᠦ᠍ ᠦᠶ᠋ᠯᠡᠰ ᠪᠤᠰᠭᠠᠬᠤ᠂ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠶ᠋ᠢ ᠬᠥᠲᠥᠯᠥᠨ ᠵᠢᠯᠣᠭᠣᠳᠪᠠ᠃ ᠭᠤᠷᠪᠠ᠎ᠳᠤ ᠂ ᠱᠢᠯᠢᠳᠡᠭ᠎ᠢ ᠨᠢ ᠱᠠᠩᠨᠠᠵᠤ ᠮᠠᠭᠤ᠎ᠶ᠋ᠢ ᠨᠢ ᠲᠣᠷᠭᠠᠬᠤ ᠬᠢᠨᠠᠨ ᠱᠢᠯᠭᠠᠬᠤ ᠤᠳᠤᠷᠢᠳᠤᠮᠵᠢ᠎ᠶ᠋ᠢ ᠪᠤᠢ ᠪᠣᠯᠭᠠᠪᠠ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠭ᠍ᠰᠠᠨ ᠪᠠᠢᠳᠠᠯ᠎ᠢ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ᠎ᠤᠨ ᠵᠠᠰᠠᠭ᠎ᠤᠨ ᠠᠵᠢᠯ᠎ᠤᠨ ᠠᠮᠵᠢᠯᠲᠠ ᠪᠦᠳᠦᠮᠵᠢ᠎ᠶ᠋ᠢ ᠬᠢᠨᠠᠨ ᠰᠢᠯᠭᠠᠬᠤ᠂ ᠣᠨ᠎ᠤ ᠬᠢᠨᠠᠨ ᠰᠢᠯᠭᠠᠬᠤ ᠴᠢᠬᠤᠯᠠ ᠠᠭᠤᠯᠭ᠎ᠠ᠎ᠳᠤ ᠣᠷᠣᠭᠤᠯᠵᠤ ᠂ ᠡᠯ᠎ᠡ ᠭᠠᠵᠠᠷ ᠣᠷᠣᠨ ᠪᠣᠯᠤᠨ ᠰᠠᠯᠠᠭ᠎ᠠ ᠮᠥᠴᠢᠷ ᠨᠢᠭᠡᠴᠢ᠎ᠳᠦ ᠪᠦᠬᠦᠨ᠎ᠢ ᠬᠠᠮᠤᠷᠤᠭᠰᠠᠨ᠂ ᠵᠦᠷᠢᠶᠡᠴᠢᠯᠡᠨ ᠬᠢᠨᠠᠨ ᠰᠢᠯᠭᠠᠬᠤ᠎ᠶ᠋ᠢ ᠬᠡᠷᠡᠭ᠌ᠵᠢᠭᠦᠯᠪᠡ᠃《ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠭᠰᠠᠨ ᠵᠠᠰᠠᠭ᠎ᠤᠨ ᠠᠵᠢᠯ᠎ᠤᠨ ᠠᠮᠵᠢᠯᠲᠠ ᠪᠦᠲᠦᠮᠵᠢ᠎ᠶ᠋ᠢ ᠬᠢᠨᠠᠨ ᠱᠢᠯᠭᠠᠬᠤ ᠵᠢ ᠬᠠᠯᠠᠨ ᠰᠠᠢᠵᠢᠷᠠᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》 ᠪᠠ 2021 ᠣᠨ᠎ᠤ ᠠᠵᠢᠯ᠎ᠤᠨ ᠠᠮᠵᠢᠯᠲᠠ ᠪᠦᠲᠦᠮᠵᠢ᠎ᠶ᠋ᠢ ᠬᠢᠨᠠᠨ ᠱᠢᠯᠭᠠᠬᠤ ᠵᠢᠭᠠᠯᠳᠠ ᠲᠣᠭ᠎ᠠ᠎ᠶ᠋ᠢ ᠲᠣᠭ᠍ᠲᠠᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠭᠰᠠᠨ ᠪᠠᠢᠳᠠᠯ᠎ᠢ ᠬᠢᠨᠠᠨ ᠱᠢᠯᠭᠠᠬᠤ ᠵᠢᠭᠠᠯᠳᠠ ᠲᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠯ᠎ᠡ ᠱᠠᠲᠤᠨ᠎ᠤ ᠤᠳᠤᠷᠢᠳᠭᠤ ᠪᠠᠭ ᠪᠠ ᠤᠳᠤᠷᠢᠳᠭᠤ ᠺᠠᠳ᠋ᠷ᠎ᠢ ᠬᠥᠲᠥᠯᠥᠨ ᠵᠢᠯᠣᠭᠣᠳᠴᠤ᠌ ᠵᠥᠪ ᠬᠥᠭ᠌ᠵᠢᠯᠲᠡ᠎ᠶ᠋ᠢᠨ ᠦᠵᠡᠯᠲᠡ᠂ ᠵᠠᠰᠠᠭ᠎ᠤᠨ ᠠᠵᠢᠯ᠎ᠤᠨ ᠠᠮᠵᠢᠯᠲᠠ ᠪᠦᠳᠦᠮᠵᠢ᠎ᠶ᠋ᠢᠨ ᠦᠵᠡᠯᠲᠡ᠎ᠶ᠋ᠢ ᠪᠣᠶ ᠪᠣᠯᠭᠠᠪᠠ᠃ ᠲᠦᠷᠪᠡ᠎ᠳᠦ ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠪᠠ᠃ 《7·1 ᠤ᠋ ᠭᠠᠪᠢᠶᠠᠨ ᠲᠡᠮᠳᠡᠭ》 ᠬᠦᠷᠳᠡᠭᠴᠢ ᠵᠢᠨ ᠵᠢᠱ᠌ᠢᠭ᠌ᠳᠡᠭ᠌ᠴᠢ ᠵᠢ 1᠂ ᠪᠥᠬᠥ᠌ ᠤᠯᠤᠰ᠎ᠤᠨ 《 ᠬᠣᠶᠠᠷ ᠱᠢᠯᠢᠳᠡᠭ ᠨᠢᠭᠡ ᠲᠡᠷᠢᠭᠦᠨ》 ᠵᠢᠡᠷ ᠬᠦᠬᠢᠬᠦᠯᠦᠨ ᠰᠠᠢᠰᠢᠶᠠᠬᠤ ᠵᠢᠱ᠌ᠢᠭ᠌ᠳᠡᠭ᠌ᠴᠢ ᠵᠢ 23 ᠲᠡᠪᠰᠢᠬᠦᠯᠦᠨ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ《ᠬᠣᠶᠠᠷ ᠱᠢᠯᠢᠳᠡᠭ ᠨᠢᠭᠡ ᠲᠡᠷᠢᠭᠦᠨ》 ᠢ᠋ ᠱᠢᠯᠭᠠᠷᠠᠭᠤᠯᠤᠨ ᠬᠥᠬᠢᠭᠦᠯᠬᠦ᠌ ᠠᠵᠢᠯᠯᠠᠭ᠎ᠠ᠎ᠶ᠋ᠢ ᠥᠷᠨᠢᠭᠦᠯᠵᠦ᠍᠂《ᠬᠣᠶᠠᠷ ᠱᠢᠯᠢᠳᠡᠭ ᠨᠢᠭᠡ ᠲᠡᠷᠢᠭᠦᠨ》᠎ᠤ᠋ ᠨᠡᠢᠲᠡᠯᠢᠭ ᠵᠢᠱ᠌ᠢᠶ᠎ᠡ᠎ᠶ᠋ᠢ 400 ᠬᠦᠬᠢᠬᠦᠯᠦᠨ ᠰᠠᠢᠱᠢᠶᠠᠪᠠ ᠃《ᠭᠦᠳᠭᠡᠨ ᠵᠠᠭᠠᠯᠳᠤᠵᠤ ᠬᠣᠣᠷᠯᠠᠨ ᠬᠥᠨᠥᠭᠡᠭ᠌ᠰᠡᠨ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠦᠯᠦᠯᠲᠡ᠎ᠶ᠋ᠢ ᠪᠠᠢᠴᠠᠭᠠᠨ ᠱᠢᠶ᠋ᠳᠪᠦᠷᠢᠯᠡᠵᠦ᠍ ᠺᠠᠳ᠋ᠷ᠎ᠤᠨ ᠨᠡᠷ᠎ᠡ ᠬᠦᠨᠳᠦ᠍᠎ᠶ᠋ᠢ ᠰᠡᠷᠭᠦᠭᠡᠵᠦ ᠦᠭᠬᠦ ᠲᠤᠬᠠᠶ ᠬᠡᠷᠡᠭ᠌ᠵᠢᠭᠦᠯᠬᠦ᠌ ᠠᠷᠭ᠎ᠠ (ᠲᠤᠷᠱᠢᠨ ᠬᠡᠷᠡᠭ᠌ᠵᠢᠭᠦᠯᠬᠦ᠌ )》 ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠭᠦᠳᠭᠡᠨ ᠵᠠᠭᠠᠯᠳᠤᠵᠤ ᠬᠣᠣᠷᠯᠠᠨ ᠬᠥᠨᠥᠭᠡᠭ᠌ᠰᠡᠨ᠂ ᠮᠠᠭᠤ ᠰᠠᠨᠠᠭ᠎ᠠ᠎ᠪᠠᠷ ᠢᠯᠡᠴᠢᠯᠡᠨ ᠮᠡᠳᠡᠭᠦᠯᠦᠭ᠌ᠰᠡᠨ ᠦᠢᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠶ᠋ᠳᠪᠦᠷᠢᠯᠡᠵᠦ᠍᠂ ᠺᠠᠳ᠋ᠷ᠎ᠤᠨ ᠨᠡᠷ᠎ᠡ ᠬᠦᠨᠳᠦ᠍᠎ᠶ᠋ᠢ ᠰᠡᠷᠭᠦᠭᠡᠵᠦ ᠦᠭᠪᠡ᠃ ᠠᠯᠪᠠᠲᠠᠨ᠎ᠤ ᠲᠤᠱᠢᠶᠠᠯ ᠬᠢᠭᠡᠳ ᠲᠤᠱᠢᠶᠠᠯ᠎ᠤᠨ ᠳᠡᠰ᠎ᠢ ᠵᠡᠷᠭᠡᠴᠡᠭᠦᠯᠬᠦ᠌ ᠳᠦᠷᠢᠮ᠎ᠢ ᠨᠠᠢᠳᠠᠪᠤᠷᠢᠵᠢᠭᠤᠯᠬᠤ ᠡᠷᠴᠢᠮ᠎ᠢ ᠴᠢᠩᠭᠠᠷᠠᠭᠤᠯᠤᠨ᠂ ᠪᠦᠬᠦ᠌ ᠣᠷᠣᠨ᠎ᠵᠢᠡᠷ ᠵᠢᠡᠨ ᠳᠥᠷᠪᠡᠳᠦᠭᠡᠷ ᠲᠡᠰ᠎ᠤᠨ ᠪᠠᠢᠴᠠᠭᠠᠨ ᠰᠤᠳᠤᠯᠤᠭ᠍ᠴᠢ᠎ᠠᠴᠠ ᠳᠡᠭᠡᠭ᠌ᠰᠢᠬᠢ 3000 ᠬᠥᠮᠦᠨ ᠤᠳᠠᠭ᠎ᠠ᠎ᠶ᠋ᠢ ᠳᠡᠪᠱᠢᠭᠦᠯᠵᠦ᠍᠂ ᠡᠯ᠎ᠡ ᠳᠡᠰ ᠳᠠᠪᠬᠤᠷᠭ᠎ᠠ᠎ᠶ᠋ᠢᠨ ᠵᠡᠷᠭᠡ ᠲᠡᠰ ᠳᠡᠪᠱᠢᠭᠰᠡᠨ ᠬᠥᠮᠦᠨ᠎ᠦ ᠲᠣᠭ᠎ᠠ ᠵᠢᠴᠢ ᠲᠣᠬᠢᠷᠠᠭᠤᠯᠤᠭᠰᠠᠨ ᠬᠠᠷᠢᠴᠠᠯ ᠴᠥᠮ ᠨᠡᠯᠢᠶᠡᠳ ᠶᠡᠬᠡ ᠬᠡᠮᠵᠢᠶ᠎ᠡ᠎ᠪᠡᠷ ᠳᠡᠭᠡᠭ᠌ᠰᠢᠯᠡᠪᠡ᠃ ᠠᠯᠪᠠᠲᠠᠨ᠎ᠤ ᠠᠵᠢᠯ᠎ᠤᠨ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ᠎ᠶ᠋ᠢᠨ ᠲᠤᠷᠱᠢᠯᠲᠠ᠎ᠶ᠋ᠢᠨ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂《ᠥᠪᠡᠷᠲᠡᠭᠡᠨ ᠵᠠᠰᠠᠬᠤ ᠣᠷᠣᠨ᠎ᠤ ᠠᠯᠪᠠᠲᠠᠨ᠎ᠤ ᠠᠵᠢᠯ᠎ᠤᠨ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ᠎ᠶ᠋ᠢᠨ ᠲᠤᠷᠱᠢᠯᠲᠠ᠎ᠶ᠋ᠢᠨ ᠨᠢᠭᠡᠴᠢ᠎ᠶ᠋ᠢᠨ ᠱᠠᠩᠨᠠᠯ᠎ᠤᠨ ᠴᠢᠨᠠᠷᠲᠠᠶ ᠠᠵᠢᠯ᠎ᠤᠨ ᠠᠮᠵᠢᠯᠲᠠ ᠪᠦᠲᠦᠮᠵᠢ᠎ᠶ᠋ᠢᠨ ᠬᠤᠪᠢᠶᠠᠷᠢᠯᠠᠯᠲᠠ᠎ᠶ᠋ᠢᠨ ᠲᠤᠬᠠᠢ ᠬᠡᠷᠡᠭ᠌ᠵᠢᠭᠦᠯᠬᠦ᠌ ᠰᠠᠨᠠᠯ (ᠲᠤᠷᠱᠢᠨ ᠬᠡᠷᠡᠭ᠌ᠵᠢᠭᠦᠯᠬᠦ᠌)》᠎ᠢ᠋ ᠲᠣᠭ᠍ᠲᠠᠭᠠᠵᠤ᠂ ᠺᠠᠳ᠋ᠷ᠎ᠤᠨ ᠢᠳᠡᠪᠬᠢᠵᠢᠯ᠎ᠢ ᠳᠠᠢᠴᠢᠯᠠᠪᠠ᠃ ᠲᠠᠪᠤ᠎ᠳᠤ᠂ ᠺᠠᠳ᠋ᠷᠴᠤᠳ᠎ᠲᠦ ᠬᠠᠢᠷ᠎ᠠ ᠬᠠᠯᠠᠮᠵᠢ ᠬᠦᠷᠳᠡᠭᠡᠪᠡ᠃ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠡᠴᠡ ᠬᠠᠮᠢᠶᠠᠷᠴᠤ᠌ ᠪᠠᠢᠭ᠎ᠠ ᠤᠨᠳᠤᠤ ᠭᠠᠵᠠᠷ᠎ᠲᠤ ᠰᠣᠯᠢᠯᠴᠠᠨ ᠲᠤᠱᠢᠶᠠᠯ ᠡᠭᠦᠷᠭᠡᠯᠡᠭᠦᠯᠬᠦ᠌ ᠤᠳᠤᠷᠢᠳᠭᠤ ᠺᠠᠳ᠋ᠷ᠎ᠤᠨ ᠢᠷᠡᠵᠦ᠍ ᠶᠠᠪᠤᠬᠤ ᠵᠠᠮ ᠬᠠᠷᠢᠯᠴᠠᠭᠠᠨ᠎ᠤ ᠪᠠᠲᠤᠯᠠᠭ᠎ᠠ᠎ᠶ᠋ᠢᠨ ᠠᠷᠭ᠎ᠠ》᠎ᠶ᠋ᠢ ᠲᠣᠭ᠍ᠲᠠᠭᠠᠵᠤ᠂ 7 ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ᠎ᠶ᠋ᠢ ᠳᠤᠷᠠᠳᠴᠤ᠌᠂ ᠺᠠᠳ᠋ᠷᠴᠤᠳ᠎ᠢ ᠰᠠᠨᠠᠭ᠎ᠠ ᠠᠮᠤᠷ ᠪᠡᠶ᠎ᠡ ᠲᠠᠢᠪᠤᠩ ᠠᠵᠢᠯ ᠦᠢᠯᠡᠰ ᠵᠢᠡᠨ ᠦᠷᠨᠢᠬᠦᠯᠬᠦ ᠵᠢ ᠪᠠᠳᠤᠯᠠᠪᠠ ᠃
7᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠪᠠ᠃ ᠨᠢᠭᠡ᠎ᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠪᠠᠢᠭᠤᠯᠤᠯᠲᠠ᠎ᠶ᠋ᠢ ᠠᠳᠭᠤᠬᠤ ᠠᠵᠢᠯ᠎ᠤᠨ ᠲᠣᠭ᠍ᠲᠠᠴᠠ᠎ᠶ᠋ᠢ ᠪᠦᠷᠢᠨᠱᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠤᠷᠢᠶ᠎ᠠ ᠨᠠᠮ᠎ᠤᠨ ᠪᠠᠢᠭᠤᠯᠤᠯᠲᠠ᠎ᠶ᠋ᠢ ᠠᠳᠭᠤᠬᠤ ᠬᠠᠷᠢᠯᠴᠠᠬᠤ ᠴᠡᠭ᠎ᠦᠨ ᠲᠦᠷᠢᠮ᠎ᠢ ᠪᠠᠢᠭᠤᠯᠵᠤ᠂ ᠡᠯ᠎ᠡ ᠪᠠᠢᠩᠭᠤ᠎ᠶ᠋ᠢᠨ ᠬᠡᠰᠢᠬᠦᠨ ᠵᠢᠯ ᠪᠦᠷᠢ 1 ᠤᠳᠠᠭ᠎ᠠ ᠨᠠᠮ᠎ᠤᠨ ᠪᠠᠢᠭᠤᠯᠤᠯᠲᠠ᠎ᠶ᠋ᠢ ᠠᠳᠭᠤᠬᠤ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠵᠦ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶᠠᠨ᠎ᠤ ᠤᠳᠤᠷᠢᠳᠭᠤ ᠪᠠᠭ᠎ᠤᠨ ᠪᠦᠷᠢᠯᠳᠦᠬᠦᠨ ᠵᠢᠯ ᠪᠦᠷᠢ ᠨᠠᠭᠠᠳᠤ ᠵᠠᠬ᠎ᠠ᠎ᠳᠠᠭᠠᠨ ᠨᠢᠭᠡ ᠤᠳᠠᠭ᠎ᠠ ᠬᠤᠪᠢᠳᠠᠨ ᠬᠠᠮᠢᠶᠠᠷᠴᠤ᠌ ᠪᠠᠢᠭ᠎ᠠ ᠰᠠᠯᠠᠭ᠎ᠠ ᠮᠥᠴᠢᠷ ᠪᠠ ᠨᠢᠭᠡᠴᠢ᠎ᠶ᠋ᠢᠨ ᠤᠳᠤᠷᠢᠳᠭᠤ ᠪᠠᠭ᠎ᠤᠨ ᠪᠦᠷᠢᠯᠳᠦᠬᠦᠨ᠎ᠲᠡᠶ ᠰᠡᠳᠭᠢᠯ᠎ᠦᠨ ᠦᠭᠡ᠎ᠪᠡᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ᠎ᠢ ᠬᠤᠷᠠᠯᠳᠤᠭᠤᠯᠵᠤ᠂ ᠭᠤᠤᠯᠳᠠᠯᠭ᠎ᠠ᠎ᠲᠠᠶ ᠡᠭᠦᠷᠭᠡ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃ ᠬᠣᠶᠠᠷ᠎ᠲᠤ᠂ ᠬᠢᠨᠠᠯᠲᠠ ᠲᠠᠯᠪᠢᠵᠤ ᠪᠠᠢᠴᠠᠭᠠᠬᠤ ᠵᠢ ᠴᠢᠩᠭᠠᠳᠭᠠᠪᠠ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠴᠢᠬᠤᠯᠠ ᠶᠡᠬᠡ ᠬᠢᠨᠠᠯᠲᠠ ᠲᠠᠯᠪᠢᠬᠤ ᠵᠦᠶ᠋ᠯᠡᠰ᠎ᠢ ᠮᠡᠳᠡᠭᠦᠯᠬᠦ᠌ ᠠᠷᠭ᠎ᠠ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠠᠵᠢᠯ᠎ᠤᠨ ᠳᠤᠮᠳᠠ᠎ᠪᠠᠨ ᠢᠯᠡᠷᠡᠭᠦᠯᠦᠭ᠌ᠰᠡᠨ ᠡᠮ ᠡᠮᠨᠡᠯᠭᠡ᠎ᠶ᠋ᠢᠨ ᠬᠦᠷᠢᠶᠡᠨ᠎ᠦ ᠥᠭᠡᠷᠡᠴᠢᠯᠡᠯᠲᠡ᠂ ᠠᠨᠠᠭᠠᠬᠤ ᠤᠬᠠᠭᠠᠨ᠎ᠤ ᠰᠤᠷᠭᠠᠨ ᠬᠥᠮᠦᠵᠢᠯ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ ᠵᠡᠷᠭᠡ ᠴᠢᠬᠤᠯᠠ ᠶᠡᠬᠡ ᠬᠢᠨᠠᠯᠲᠠ ᠲᠠᠯᠪᠢᠬᠤ ᠵᠦᠶ᠋ᠯᠡᠰ᠎ᠢ ᠴᠠᠭ ᠲᠤᠬᠠᠶ᠎ᠳᠤᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠳᠤ ᠮᠡᠳᠡᠭᠦᠯᠬᠦ᠌᠎ᠶ᠋ᠢᠨ ᠬᠠᠮᠲᠤ ᠦᠷᠭᠦᠯᠵᠢᠯᠡᠨ ᠳᠠᠭᠠᠵᠤ ᠬᠢᠨᠠᠯᠲᠠ ᠲᠠᠯᠪᠢᠪᠠ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ ᠪᠣᠯᠤᠨ ᠬᠢᠨᠠᠯᠲᠠ ᠲᠠᠯᠪᠢᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠠᠷᠪᠠᠳᠤᠭᠠᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠶᠢᠰᠦᠳᠦᠭᠡᠷ ᠡᠭᠡᠯᠵᠢ᠎ᠶ᠋ᠢᠨ ᠲᠣᠭᠣᠷᠢᠨ ᠪᠠᠢᠴᠠᠭᠠᠯᠲᠠ᠎ᠶ᠋ᠢᠨ ᠴᠢᠬᠤᠯᠠ ᠠᠭᠤᠯᠭ᠎ᠠ ᠪᠣᠯᠭᠠᠵᠤ᠂ ᠡᠯ᠎ᠡ ᠲᠦᠷᠦᠯ᠎ᠦᠨ ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠬᠦ᠌ ᠪᠠ ᠱᠠᠯᠠᠪᠳᠠᠭᠤᠯᠤᠨ ᠴᠡᠭ᠌ᠴᠡᠯᠡᠵᠦ ᠰᠠᠢᠵᠢᠷᠠᠭᠤᠯᠪᠠ᠃ ᠭᠤᠷᠪᠠ᠎ᠳᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢ ᠠᠳᠭᠤᠵᠤ ᠲᠤᠱᠢᠶᠠᠯ᠎ᠤᠨ ᠮᠡᠳᠡᠭᠦᠯᠦᠯᠲᠡ ᠬᠢᠵᠦ᠍ ᠦᠨᠡᠯᠡᠨ ᠱᠢᠯᠭᠠᠬᠤ ᠠᠵᠢᠯ᠎ᠢ ᠥᠷᠨᠢᠭᠦᠯᠪᠡ᠃《ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ)᠎ᠶ᠋ᠢᠨ ᠱᠦᠵᠢ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠠᠳᠭᠤᠭ᠍ᠰᠠᠨ ᠲᠤᠬᠠᠶ ᠲᠤᠱᠢᠶᠠᠯ᠎ᠤᠨ ᠮᠡᠳᠡᠭᠦᠯᠦᠯᠲᠡ᠎ᠶ᠋ᠢ ᠦᠨᠡᠯᠡᠨ ᠱᠢᠯᠭᠠᠬᠤ ᠠᠷᠭ᠎ᠠ》 ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶᠠᠨ᠎ᠤ ᠬᠤᠷᠠᠯ᠎ᠠᠴᠠ ᠠᠢᠮᠠᠭ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠨᠠᠮ᠎ᠤᠨ ᠠᠵᠢᠯᠯᠠᠬᠤ ᠬᠣᠷᠢᠶᠠᠨ᠎ᠤ ᠱᠦᠵᠢ᠎ᠶ᠋ᠢᠨ 2020 ᠣᠨ᠎ᠤ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢ ᠠᠳᠭᠤᠭ᠍ᠰᠠᠨ ᠪᠠᠢᠳᠠᠯ᠎ᠤᠨ ᠲᠤᠬᠠᠶ ᠲᠤᠱᠢᠶᠠᠯ᠎ᠤᠨ ᠮᠡᠳᠡᠭᠦᠯᠦᠯᠲᠡ᠎ᠶ᠋ᠢ ᠰᠣᠨᠣᠰᠴᠤ᠌᠂ 8 ᠨᠠᠮ᠎ᠤᠨ ᠠᠵᠢᠯᠯᠠᠬᠤ ᠬᠣᠷᠢᠶᠠᠨ᠎ᠤ ᠱᠦᠵᠢ 《ᠰᠠᠢᠨ》 ᠵᠢᠡᠷ ᠦᠨᠡᠯᠡᠭ᠌ᠳᠡᠵᠦ᠍᠂ 4 ᠱᠦᠵᠢ《ᠨᠡᠯᠢᠶᠡᠳᠰᠠᠢᠨ》 ᠵᠢᠡᠷ ᠦᠨᠡᠯᠡᠭ᠌ᠳᠡᠵᠦ᠍᠂ 3 ᠱᠦᠵᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠠᠳᠭᠤᠭ᠍ᠰᠠᠨ᠎ᠢᠶᠠᠷ 《ᠡᠩ᠎ᠦᠨ》 ᠳᠡᠰ ᠵᠢᠡᠷ ᠦᠨᠡᠯᠡᠭ᠌ᠳᠡᠪᠡ᠃ ᠵᠢᠷᠭᠤᠭᠠᠨ ᠬᠡᠰᠡᠭ ᠬᠤᠷᠠᠯ ᠬᠤᠪᠢᠶᠠᠵᠤ᠂ ᠣᠷᠣᠨ᠎ᠤ ᠱᠢᠭᠤᠳ ᠬᠠᠷᠢᠶ᠎ᠠ ᠨᠢᠭᠡᠴᠢ᠎ᠶ᠋ᠢᠨ 93 ᠪᠠᠢᠭᠤᠯᠭ᠎ᠠ᠎ᠶ᠋ᠢᠨ ᠨᠠᠮ᠎ᠤᠨ ᠬᠣᠷᠢᠶᠠᠨ᠎ᠤ ᠱᠦᠵᠢ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠠᠳᠭᠤᠭ᠍ᠰᠠᠨ ᠣᠨ᠎ᠤ ᠲᠤᠱᠢᠶᠠᠯ᠎ᠤᠨ ᠮᠡᠳᠡᠭᠦᠯᠦᠯᠲᠡ᠎ᠶ᠋ᠢ ᠰᠣᠨᠣᠰᠪᠠ᠃ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠠᠵᠢᠯ᠎ᠤᠨ ᠬᠣᠷᠢᠶ᠎ᠠ᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ ᠲᠣᠰ ᠲᠣᠰ ᠱᠢᠭᠤᠳ ᠬᠠᠷᠢᠶ᠎ᠠ ᠶᠡᠬᠡ ᠳᠡᠭᠡᠳᠦ ᠰᠤᠷᠭᠠᠭᠤᠯᠢ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠨᠠᠮ᠎ᠤᠨ ᠬᠣᠷᠢᠶᠠᠨ᠎ᠤ ᠱᠦᠵᠢ᠎ᠶ᠋ᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢ ᠠᠳᠭᠤᠭ᠍ᠰᠠᠨ ᠲᠤᠱᠢᠶᠠᠯ ᠤᠨ ᠮᠡᠳᠡᠭᠦᠯᠦᠯᠲᠡ ᠶ᠋ᠢ ᠦᠨᠡᠯᠡᠬᠦ᠌ ᠬᠤᠷᠠᠯ ᠬᠤᠷᠠᠯᠳᠤᠭᠤᠯᠵᠤ᠂ ᠨᠠᠮ᠎ᠤᠨ ᠪᠠᠢᠭᠤᠯᠤᠯᠲᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃
8᠂ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠴᠢᠩᠭᠠᠳᠭᠠᠨ ᠰᠠᠢᠵᠢᠷᠠᠭᠤᠯᠪᠠ᠃ ᠨᠢᠭᠡ᠎ᠳᠦ᠂ ᠤᠮᠠᠷᠠᠲᠤ ᠬᠢᠯᠢ᠎ᠶ᠋ᠢᠨ ᠵᠢᠱ᠌ᠢᠶᠡᠴᠢ ᠪᠠᠢᠭᠤᠯᠭ᠎ᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠪᠡ᠃ 《〈ᠨᠠᠮ᠎ᠤᠨ ᠲᠥᠪ ᠬᠣᠷᠢᠶ᠎ᠠ᠎ᠶ᠋ᠢ ᠰᠠᠨᠠᠭ᠎ᠠ ᠠᠮᠤᠷ ᠪᠠᠢᠯᠭᠠᠵᠤ᠂ ᠠᠷᠠᠳ ᠣᠯᠠᠨ᠎ᠢ ᠰᠡᠳᠭᠢᠯ ᠬᠠᠨᠤᠮᠵᠢᠲᠠᠶ ᠪᠠᠢᠯᠭᠠᠬᠤ〉ᠤᠮᠠᠷᠠᠲᠤ ᠬᠢᠯᠢ᠎ᠶ᠋ᠢᠨ ᠵᠢᠱ᠌ᠢᠶᠡᠴᠢ ᠪᠠᠢᠭᠤᠯᠭ᠎ᠠ᠎ᠶ᠋ᠢ ᠡᠭᠦᠳᠦᠨ ᠪᠠᠢᠭᠤᠯᠬᠤ ᠠᠵᠢᠯ᠎ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠲᠤᠬᠠᠶ ᠲᠥᠰᠦᠯ》 ᠢ᠋ ᠲᠣᠭ᠍ᠲᠠᠭᠠᠵᠤ᠂ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ 2021 ᠣᠨ᠎ᠤ ᠨᠠᠮ᠎ᠤᠨ ᠠᠵᠢᠯ ᠵᠢᠴᠢ ᠰᠠᠬᠢᠯᠭ᠎ᠠ ᠪᠠᠲᠤ ᠪᠠᠢᠴᠠᠭᠠᠬᠤ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠤᠮᠠᠷᠠᠲᠤ ᠬᠢᠯᠢ᠎ᠶ᠋ᠢᠨ ᠵᠢᠱ᠌ᠢᠶᠡᠴᠢ ᠪᠠᠢᠭᠤᠯᠭ᠎ᠠ᠎ᠶ᠋ᠢ ᠡᠭᠦᠳᠦᠨ ᠪᠠᠢᠭᠤᠯᠬᠤ ᠠᠵᠢᠯ᠎ᠢ ᠠᠬᠢᠭᠤᠯᠪᠠ᠃ ᠬᠣᠶᠠᠷ᠎ᠲᠤ᠂ ᠪᠠᠢᠭᠤᠯᠭ᠎ᠠ᠎ᠶ᠋ᠢᠨ ᠨᠠᠮ᠎ᠤᠨ ᠠᠵᠢᠯ᠎ᠤᠨ ᠠᠵᠢᠯᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠪᠠ᠃ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠨᠢᠭᠡᠴᠢ᠎ᠶ᠋ᠢᠨ ᠨᠠᠮ᠎ᠤᠨ ᠬᠣᠷᠢᠶ᠎ᠠ᠎ᠶ᠋ᠢᠨ ᠲᠤᠰᠭᠠᠶ ᠲᠤᠱᠢᠶᠠᠯᠲᠤ ᠳᠡᠳ᠋ ᠱᠦᠵᠢ᠎ᠶ᠋ᠢᠨ ᠪᠣᠯᠪᠠᠰᠤᠷᠠᠯ᠎ᠤᠨ ᠠᠩᠭᠢ᠎ᠶ᠋ᠢ ᠡᠷᠭᠢᠯᠡᠵᠦ᠍ ᠂ 94 ᠪᠠᠢᠭᠤᠯᠭ᠎ᠠ᠎ᠶ᠋ᠢᠨ ᠨᠠᠮ᠎ᠤᠨ ᠬᠣᠷᠢᠶᠠᠨ᠎ᠤ ᠲᠤᠰᠭᠠᠶ ᠲᠤᠱᠢᠶᠠᠯᠲᠤ ᠳᠡᠳ᠋ ᠱᠦᠵᠢᠨᠠᠷᠤᠨ ᠪᠣᠯᠪᠠᠰᠤᠷᠠᠯ᠎ᠢ ᠡᠷᠭᠢᠯᠡᠪᠡ᠃ ᠡᠯ᠎ᠡ ᠠᠢᠮᠠᠭ ᠬᠣᠲᠠ ᠨᠠᠮ᠎ᠤᠨ ᠠᠵᠢᠯ᠎ᠤᠨ ᠠᠵᠢᠯᠲᠠᠨ᠎ᠤ ᠪᠣᠯᠪᠠᠰᠤᠷᠠᠯ᠎ᠤᠨ ᠠᠩᠭᠢ᠎ᠶ᠋ᠢ 24 ᠬᠤᠭᠤᠴᠠᠭ᠎ᠠ ᠡᠷᠭᠢᠯᠡᠵᠦ᠍ ᠂ 3000 ᠱᠢᠬᠠᠮ ᠬᠥᠮᠦᠨ ᠤᠳᠠᠭ᠎ᠠ ᠪᠣᠯᠪᠠᠰᠤᠷᠠᠯ ᠬᠦᠷᠳᠡᠬᠡᠪᠡ᠃ ᠭᠤᠷᠪᠠ᠎ᠳᠤ᠂ ᠲᠤᠱᠢᠶᠠᠯ᠎ᠤᠨ ᠮᠡᠳᠡᠭᠦᠯᠦᠯᠲᠡ ᠬᠢᠵᠦ᠍ ᠦᠨᠡᠯᠡᠨ ᠶᠠᠷᠢᠯᠴᠠᠵᠤ ᠬᠢᠨᠠᠨ ᠱᠢᠯᠭᠠᠬᠤ᠎ᠶ᠋ᠢ ᠴᠢᠩᠭᠠᠳᠭᠠᠪᠠ᠃ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠠᠵᠢᠯ ᠦᠶ᠋ᠯᠡᠰ᠎ᠦᠨ ᠨᠢᠭᠡᠴᠢ᠎ᠶ᠋ᠢᠨ 2020 ᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢᠨᠠᠷᠤᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠲᠤᠱᠢᠶᠠᠯ᠎ᠤᠨ ᠮᠡᠳᠡᠭᠦᠯᠦᠯᠲᠡ᠎ᠶ᠋ᠢ ᠦᠨᠡᠯᠡᠨ ᠱᠢᠯᠭᠠᠬᠤ ᠠᠵᠢᠯ᠎ᠢ ᠥᠷᠨᠢᠭᠦᠯᠵᠦ᠍᠂ 93 ᠨᠢᠭᠡᠴᠢ ᠪᠠ ᠬᠥᠬᠡᠬᠣᠲᠠ᠎ᠳᠤ ᠰᠠᠭᠤᠭ᠎ᠠ 14 ᠱᠢᠭᠤᠳ ᠬᠠᠷᠢᠶ᠎ᠠ ᠶᠡᠬᠡ ᠳᠡᠭᠡᠳᠦ ᠰᠤᠷᠭᠠᠭᠤᠯᠢ᠎ᠶ᠋ᠢᠨ ᠦᠨᠡᠯᠡᠯᠲᠡ᠎ᠶ᠋ᠢᠨ ᠳᠡᠰ᠎ᠢ ᠲᠣᠭ᠍ᠲᠠᠭᠠᠵᠤ᠂ ᠠᠰᠠᠭᠤᠳᠠᠯ᠎ᠢ ᠦᠨᠡᠯᠡᠨ ᠴᠡᠭ᠌ᠴᠡᠯᠡᠨ ᠰᠠᠢᠵᠢᠷᠠᠭᠤᠯᠬᠤ ᠲᠠᠩᠰᠠ᠎ᠶ᠋ᠢ ᠪᠠᠢᠭᠤᠯᠵᠤ᠂ ᠦᠨᠡᠯᠡᠯᠲᠡ᠎ᠶ᠋ᠢᠨ ᠳᠡᠰ ᠨᠢ 《ᠡᠩ᠎ᠦᠨ》 ᠪᠤᠯᠤᠭᠰᠠᠨ 5 ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ ) ᠶ᠋ᠢᠨ ᠱᠦᠵᠢ᠎ᠲᠡᠶ ᠵᠣᠬᠢᠶᠠᠨ ᠪᠠᠢᠭᠤᠯᠤᠯᠲᠠ᠎ᠡᠴᠡ ᠪᠣᠯᠵᠣᠨ ᠶᠠᠷᠢᠯᠴᠠᠭᠰᠠᠨ ᠪᠠᠢᠨ᠎ᠠ᠃
9᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠨᠠᠮ᠎ᠤᠨ ᠪᠠᠢᠭᠤᠯᠤᠯᠲᠠ ᠬᠢᠭᠡᠳ ᠲᠤᠬᠠᠢᠯᠠᠭ᠍ᠰᠠᠨ ᠠᠵᠢᠯ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠪᠠ᠃ ᠨᠢᠭᠡ᠎ᠳᠦ᠂ ᠣᠷᠣᠨ᠎ᠤ ᠬᠠᠷᠢᠶ᠎ᠠ ᠤᠯᠤᠰ᠎ᠤᠨ ᠥᠮᠴᠢᠯᠡᠯ ᠤᠨ ᠠᠵᠤ ᠠᠬᠤᠢᠯᠠᠯ᠎ᠤᠨ ᠨᠠᠮ᠎ᠤᠨ ᠬᠣᠷᠢᠶ᠎ᠠ᠎ᠶ᠋ᠢᠨ ᠨᠠᠮ᠎ᠤᠨ ᠤᠳᠤᠷᠢᠳᠤᠯᠭ᠎ᠠ ᠵᠢ ᠨᠠᠢᠳᠠᠪᠤᠷᠢᠵᠢᠭᠤᠯᠬᠤ ᠵᠢ ᠺᠣᠮᠫᠠᠨᠢ᠎ᠶ᠋ᠢᠨ ᠵᠠᠰᠠᠯᠲᠠ ᠲᠠᠢ ᠠᠭᠤᠰᠤᠯᠴᠠᠭᠤᠯᠬᠤ ᠲᠦᠷᠢᠮ᠎ᠢ ᠪᠠᠢᠭᠤᠯᠤᠨ ᠪᠦᠷᠢᠨᠱᠢᠭᠦᠯᠪᠡ᠃《ᠥᠪᠥᠷ ᠮᠣᠩᠭᠣᠯ᠎ᠤᠨ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠡᠮᠦᠨᠡᠬᠢ ᠬᠤᠭᠤᠴᠠᠭᠠᠨ᠎ᠤ ᠰᠤᠳᠤᠯᠭᠠᠨ᠎ᠤ ᠵᠦᠶ᠋ᠯᠡᠰ᠎ᠦᠨ ᠨᠠᠷᠢᠨ ᠳᠠᠩᠰᠠ》ᠵᠢ ᠨᠠᠢᠳᠠᠪᠤᠷᠢᠵᠢᠭᠤᠯᠵᠤ᠂ ᠣᠷᠣᠨ᠎ᠤ ᠱᠢᠭᠤᠳ ᠬᠠᠷᠢᠶ᠎ᠠ 16 ᠠᠵᠤ ᠠᠬᠤᠢᠯᠠᠯ ᠪᠠ 107 ᠬᠣᠶᠠᠳᠤᠭᠠᠷ ᠳᠡᠰ ᠵᠢᠴᠢ ᠲᠡᠭᠦᠨ᠎ᠡᠴᠡ ᠳᠣᠷᠣᠭ᠍ᠰᠢᠬᠢ ᠨᠢᠭᠡᠴᠢ ᠨᠢᠭᠡᠨᠲᠡ ᠠᠵᠤ ᠠᠬᠤᠢᠯᠠᠯ᠎ᠤᠨ ᠨᠠᠮ᠎ᠤᠨ ᠵᠣᠬᠢᠶᠠᠨ ᠪᠠᠢᠭᠤᠯᠤᠯᠲᠠ ᠵᠢᠨ ᠡᠮᠦᠨᠡᠬᠢ ᠬᠤᠭᠤᠴᠠᠭᠠᠨ᠎ᠤ ᠰᠤᠳᠤᠯᠭᠠᠨ᠎ᠤ ᠵᠦᠶ᠋ᠯᠡᠰ᠎ᠦᠨ ᠨᠠᠷᠢᠨ ᠳᠠᠩᠰᠠ᠎ᠶ᠋ᠢ ᠲᠣᠭ᠍ᠲᠠᠭᠠᠪᠠ᠃ ᠬᠣᠶᠠᠷ᠎ᠲᠤ᠂ ᠣᠷᠣᠨ᠎ᠤ ᠬᠠᠷᠢᠶ᠎ᠠ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠨᠠᠮ᠎ᠤᠨ ᠬᠣᠷᠢᠶᠠᠨ᠎ᠤ ᠱᠦᠵᠢᠨᠠᠮᠤᠨ ᠪᠠᠢᠭᠤᠯᠤᠯᠲᠠ᠎ᠶ᠋ᠢᠨ ᠠᠵᠢᠯ᠎ᠢ ᠠᠳᠭᠤᠭ᠍ᠰᠠᠨ ᠲᠤᠬᠠᠶ ᠲᠤᠱᠢᠶᠠᠯ᠎ᠤᠨ ᠮᠡᠳᠡᠭᠦᠯᠦᠯᠲᠡ ᠪᠠ ᠦᠨᠡᠯᠡᠯᠲᠡ ᠬᠢᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶ᠋ᠢᠨ ᠬᠢᠨᠠᠨ ᠬᠠᠮᠢᠶᠠᠷᠬᠤ ᠵᠥᠪᠯᠡᠯ᠎ᠡᠴᠡ ᠪᠠᠯᠠ ᠭᠠᠷᠭᠠᠨ ᠬᠢᠨᠠᠨ ᠬᠠᠮᠢᠶᠠᠷᠴᠤ᠌ ᠪᠠᠢᠭ᠎ᠠ ᠠᠵᠤ ᠠᠬᠤᠢᠯᠠᠯ᠎ᠤᠨ ᠨᠠᠮ᠎ᠤᠨ ᠬᠣᠷᠢᠶᠠᠨ᠎ᠤ ᠱᠦᠵᠢ᠎ᠶ᠋ᠢᠨ ᠨᠠᠮ᠎ᠤᠨ ᠪᠠᠢᠭᠤᠯᠤᠯᠲᠠ ᠵᠢᠨ ᠠᠵᠢᠯ᠎ᠤᠨ ᠲᠤᠰᠢᠶᠠᠯ᠎ᠤᠨ ᠮᠡᠳᠡᠭᠦᠯᠦᠯᠲᠡ᠎ᠶ᠋ᠢᠨ ᠬᠤᠷᠠᠯ᠎ᠢ ᠬᠤᠷᠠᠯᠳᠤᠭᠤᠯᠵᠤ᠂ 17 ᠠᠵᠤ ᠠᠬᠤᠢᠯᠠᠯ᠎ᠤᠨ ᠨᠠᠮ᠎ᠤᠨ ᠬᠤᠷᠢᠶᠠᠨ᠎ᠤ ᠱᠦᠵᠢ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠠᠳᠭᠤᠭ᠍ᠰᠠᠨ ᠲᠤᠰᠢᠶᠠᠯ᠎ᠤᠨ ᠮᠡᠳᠡᠭᠦᠯᠦᠯᠲᠡ᠎ᠶ᠋ᠢ ᠰᠣᠨᠣᠰᠴᠤ᠌᠂ ᠲᠤᠷᠠᠳᠤᠭᠰᠠᠨ ᠠᠰᠠᠭᠤᠳᠠᠯ᠎ᠳᠤ ᠴᠢᠭ᠌ᠯᠡᠭᠦᠯᠦᠨ ᠴᠡᠭ᠌ᠴᠡᠯᠡᠵᠦ ᠰᠠᠢᠵᠢᠷᠠᠭᠤᠯᠬᠤ ᠲᠠᠩᠰᠠ ᠵᠢ ᠪᠠᠢᠭᠤᠯᠵᠤ᠂ 121 ᠵᠤᠷᠪᠤᠰ ᠴᠡᠭ᠌ᠴᠡᠯᠡᠵᠦ ᠰᠠᠢᠵᠢᠷᠠᠭᠤᠯᠬᠤ ᠠᠷᠭ᠎ᠠ ᠬᠡᠮᠵᠢᠶ᠎ᠡ ᠵᠢ ᠲᠣᠭ᠍ᠲᠠᠭᠠᠵᠤ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠦᠷᠭᠦᠯᠵᠢᠯᠡᠨ ᠠᠬᠢᠭᠤᠯᠪᠠ᠃ ᠭᠤᠷᠪᠠ᠎ᠳᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ《ᠳᠥᠷᠪᠡᠨ ᠬᠦᠴᠦᠷᠬᠡᠭ ᠳᠥᠷᠪᠡᠨ ᠱᠢᠯᠢᠳᠡᠭ》 ᠢ᠋ ᠡᠭᠦᠳᠦᠨ ᠪᠠᠢᠭᠤᠯᠬᠤ ᠠᠵᠢᠯ᠎ᠢ ᠭᠦᠨᠵᠡᠭᠡᠶ ᠠᠬᠢᠭᠤᠯᠪᠠ᠃ 2021 ᠣᠨ᠎ᠢ《ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠥᠷᠥ᠎ᠶ᠋ᠢᠨ ᠴᠢᠳᠠᠪᠬᠢ ᠪᠠ ᠵᠣᠬᠢᠶᠠᠨ ᠪᠠᠢᠭᠤᠯᠤᠯᠳᠠ ᠵᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠤᠨ》 ᠵᠢᠡᠷ ᠲᠣᠭ᠍ᠲᠠᠭᠠᠵᠤ᠂《ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠥᠷᠥ᠎ᠶ᠋ᠢᠨ ᠴᠢᠳᠠᠪᠬᠢ ᠪᠠ ᠵᠣᠬᠢᠶᠠᠨ ᠪᠠᠢᠭᠤᠯᠤᠯᠳᠠ ᠵᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠣᠨ᠎ᠤ ᠬᠡᠷᠡᠭ᠌ᠵᠢᠭᠦᠯᠬᠦ᠌ ᠲᠥᠰᠦᠯ》᠂《ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ〈ᠳᠥᠷᠪᠡᠨ ᠬᠦᠴᠦᠷᠬᠡᠭ ᠳᠥᠷᠪᠡᠨ ᠱᠢᠯᠢᠳᠡᠭ〉 ᠢ᠋ ᠬᠥᠬᠢᠭᠦᠯᠦᠨ ᠰᠠᠢᠱᠢᠶᠠᠬᠤ ᠲᠥᠰᠦᠯ》 ᠢ᠋ ᠲᠣᠭ᠍ᠲᠠᠭᠠᠵᠤ᠂ 50《ᠳᠥᠷᠪᠡᠨ ᠬᠦᠴᠦᠷᠬᠡᠭ》ᠨᠠᠮ᠎ᠤᠨ ᠵᠣᠬᠢᠶᠠᠨ ᠪᠠᠢᠭᠤᠯᠤᠯᠲᠠ ᠪᠠ 50《ᠳᠥᠷᠪᠡᠨ ᠱᠢᠯᠢᠳᠡᠭ》ᠡᠪ ᠬᠠᠮᠲᠤ ᠨᠠᠮ᠎ᠤᠨ ᠭᠡᠱᠢᠭᠦᠨ᠎ᠢ ᠬᠥᠬᠢᠭᠦᠯᠦᠨ ᠰᠠᠢᠱᠢᠶᠠᠵᠤ᠂ ᠠᠵᠤ ᠠᠬᠤᠢᠯᠠᠯ᠎ᠤᠨ ᠨᠠᠮ᠎ᠤᠨ ᠵᠣᠬᠢᠶᠠᠨ ᠪᠠᠢᠭᠤᠯᠤᠯᠲᠠ᠂ ᠦᠨᠳᠦᠰᠦᠨ ᠱᠠᠲᠤᠨ᠎ᠤ ᠨᠠᠮ᠎ᠤᠨ ᠡᠭᠦᠷ᠎ᠦᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠭᠤᠤᠯ ᠡᠭᠦᠷᠭᠡ᠎ᠵᠢᠨ ᠲᠤᠭᠤᠷᠢᠨ ᠳ᠋ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠲᠥᠷᠥᠯ ᠲᠡᠮᠳᠡᠭ᠌ᠵᠢᠭᠦᠯᠬᠦ᠌ ᠪᠠᠢᠭᠤᠯᠤᠯᠲᠠ᠎ᠶ᠋ᠢ ᠳᠥᠯᠭᠢᠨ ᠠᠬᠢᠭᠤᠯᠪᠠ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ 《ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》ᠦᠶ᠋ᠯᠡᠳᠦᠯᠭᠡ᠎ᠶ᠋ᠢᠨ ᠠᠵᠢᠯᠯᠠᠭ᠎ᠠ᠎ᠲᠠᠶ ᠤᠶᠠᠯᠳᠤᠭᠤᠯᠤᠨ᠂ ᠴᠣᠩᠬᠤᠪᠴᠢ ᠦᠶ᠋ᠯᠡᠴᠢᠯᠡᠭᠡᠨ᠎ᠦ ᠨᠢᠭᠡᠴᠢ᠎ᠶ᠋ᠢᠨ ᠨᠠᠮ᠎ᠤᠨ ᠭᠡᠱᠢᠭᠦᠨ᠎ᠦ《ᠨᠠᠮ᠎ᠤᠨ ᠰᠦᠯᠳᠡ᠎ᠵᠢ ᠵᠡᠭᠦᠵᠦ᠂ ᠪᠡᠶ᠎ᠡ᠎ᠶ᠋ᠢᠨ ᠭᠠᠷᠤᠯ᠎ᠢᠶᠠᠨ ᠲᠤᠳᠤᠷᠬᠠᠢᠯᠠᠵᠤ᠂ ᠪᠣᠳᠠᠲᠤ ᠶᠠᠪᠤᠳᠠᠯ ᠬᠢᠵᠦ᠂ ᠳᠦᠷᠢ ᠲᠥᠷᠬᠦ᠌᠎ᠶ᠋ᠢ ᠱᠤᠭᠤᠬᠤ》ᠠᠵᠢᠯᠯᠠᠭ᠎ᠠ ᠥᠷᠨᠢᠭᠦᠯᠬᠦ᠌᠎ᠶ᠋ᠢ ᠠᠬᠢᠭᠤᠯᠵᠤ᠂ 29 ᠠᠵᠤ ᠠᠬᠤᠢᠯᠠᠯ 7515 ᠪᠣᠳᠠᠲᠤ ᠶᠠᠪᠤᠳᠠᠯ ᠬᠢᠬᠦ᠌᠎ᠶ᠋ᠢ ᠳᠤᠷᠠᠳᠴᠤ᠌᠂ ᠣᠳᠣᠬᠠᠨ᠎ᠳᠤ ᠨᠢᠭᠡᠨᠲᠡ 5521 ᠶ᠋ᠢ ᠪᠡᠶᠡᠯᠡᠭᠦᠯᠪᠡ᠃
10᠂ ᠶᠡᠬᠡ ᠳᠡᠭᠡᠳᠦ ᠰᠤᠷᠭᠠᠭᠤᠯᠢ᠎ᠶ᠋ᠢᠨ ᠨᠠᠮ᠎ᠤᠨ ᠬᠣᠷᠢᠶᠠᠨ᠎ᠤ ᠪᠠᠭ᠎ᠤᠨ ᠪᠠᠢᠭᠤᠯᠤᠯᠲᠠ᠎ᠶ᠋ᠢ ᠴᠢᠩᠭᠠᠳᠭᠠᠪᠠ᠃ ᠨᠢᠭᠡ᠎ᠳᠦ᠂ ᠣᠷᠣᠨ᠎ᠤ ᠱᠢᠭᠤᠳ ᠬᠠᠷᠢᠶ᠎ᠠ ᠶᠡᠬᠡ ᠳᠡᠭᠡᠳᠦ ᠰᠤᠷᠭᠠᠭᠤᠯᠢ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠱᠦᠵᠢ᠎ᠶ᠋ᠢ ᠨᠥᠬᠥᠪᠥᠷᠢᠯᠡᠨ ᠪᠦᠷᠢᠨᠰᠢᠬᠦᠯᠵᠦ᠂ 30 ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠱᠦᠵᠢ᠎ᠶ᠋ᠢ ᠠᠰᠲᠤᠨᠢ ᠲᠣᠬᠢᠷᠠᠭᠤᠯᠬᠤ ᠪᠠ ᠠᠵᠢᠯ ᠲᠣᠬᠢᠷᠠᠭᠤᠯᠬᠤ ᠵᠢ ᠪᠡᠶᠡᠯᠡᠭᠦᠯᠪᠡ᠃ ᠬᠣᠶᠠᠷ᠎ᠲᠤ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ᠂ ᠤᠬᠠᠭᠤᠯᠬᠤ ᠬᠡᠯᠲᠡᠰ᠎ᠦᠨ ᠳᠠᠷᠤᠭ᠎ᠠ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠶᠡᠬᠡ ᠳᠡᠭᠡᠳᠦ ᠰᠤᠷᠭᠠᠭᠤᠯᠢ᠎ᠶ᠋ᠢᠨ ᠨᠠᠮ᠎ᠤᠨ ᠬᠣᠷᠢᠶᠠᠨ᠎ᠤ ᠤᠳᠤᠷᠢᠳᠭᠤ ᠪᠠᠭ᠎ᠲᠤ ᠣᠷᠣᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠬᠣᠯᠪᠣᠭ᠍ᠳᠠᠯ ᠪᠥᠬᠥᠶ ᠪᠠᠢᠳᠠᠯ᠎ᠢ ᠪᠥᠬᠥ᠌ ᠲᠠᠯ᠎ᠠ᠎ᠪᠠᠷ ᠡᠮᠬᠢᠯᠡᠵᠦ᠍᠂ ᠤᠳᠤᠷᠢᠳᠭᠤ ᠪᠠᠭ᠎ᠲᠤ ᠤᠷᠤᠭ᠎ᠠ ᠥᠬᠡᠶ ᠵᠢ ᠨᠢ ᠴᠠᠭ ᠲᠤᠬᠠᠶ᠎ᠳᠤᠨᠢ ᠱᠢᠯᠵᠢᠭᠦᠯᠦᠨ ᠲᠣᠬᠢᠷᠠᠭᠤᠯᠪᠠ᠃
11᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠤᠭᠴᠠᠯᠠᠯᠳᠠ᠎ᠶ᠋ᠢ ᠴᠢᠩᠭᠠᠳᠬᠠᠪᠠ᠃ ᠨᠢᠭᠡ᠎ᠳᠦ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢ ᠠᠳᠭᠤᠵᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ᠎ᠢ ᠬᠤᠷᠠᠯᠳᠤᠭᠤᠯᠵᠤ᠂ ᠬᠣᠯᠪᠣᠭ᠍ᠳᠠᠯ ᠪᠥᠬᠥᠶ ᠪᠠᠢᠳᠠᠯ᠎ᠤᠨ ᠬᠠᠷᠢᠭᠤ ᠮᠡᠳᠡᠭᠦᠯᠦᠯᠲᠡ ᠵᠢ ᠲᠤᠰᠭᠠᠶ ᠰᠡᠳᠦᠪ᠎ᠢᠶᠡᠷ ᠰᠣᠨᠣᠰᠴᠤ᠌᠂ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢ ᠰᠤᠳᠤᠯᠤᠨ ᠲᠣᠬᠢᠷᠠᠭᠤᠯᠪᠠ᠃《ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠲᠤᠪᠤᠢ᠌ᠮ᠎ᠠ ᠠᠰᠠᠭᠤᠳᠠᠯ᠎ᠢ ᠲᠤᠰᠭᠠᠢ ᠴᠡᠭ᠌ᠴᠡᠯᠡᠨ ᠵᠠᠰᠠᠵᠤ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠠᠵᠢᠯ᠎ᠤᠨ ᠲᠤᠬᠠᠢ ᠲᠥᠰᠦᠯ》 ᠢ᠋ ᠲᠣᠭ᠍ᠲᠠᠭᠠᠵᠤ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠳᠤ ᠣᠷᠣᠱᠢᠵᠤ ᠪᠠᠢᠭ᠎ᠠ ᠲᠤᠪᠤᠢ᠌ᠮ᠎ᠠ ᠠᠰᠠᠭᠤᠳᠠᠯ᠎ᠳᠤ ᠴᠢᠭ᠌ᠯᠡᠭᠦᠯᠦᠨ᠂ ᠨᠠᠮ᠎ᠤᠨ ᠭᠡᠱᠢᠭᠦᠨ᠎ᠦ ᠬᠥᠮᠦᠵᠢᠯ ᠬᠠᠮᠢᠶᠠᠷᠤᠯᠲᠠ ᠬᠢᠨᠠᠯᠲᠠ ᠲᠠᠯᠪᠢᠯᠳᠠ ᠰᠤᠯᠠᠷᠠᠭ᠍ᠰᠠᠨ᠂ ᠲᠤᠷᠤᠢ ᠪᠠᠭᠤᠷᠠᠢ ᠰᠤᠯᠠ ᠵᠠᠳᠠᠭᠠᠢ ᠨᠠᠮ᠎ᠤᠨ ᠵᠣᠬᠢᠶᠠᠨ ᠪᠠᠢᠭᠤᠯᠤᠯᠲᠠ᠂ ᠶᠡᠬᠡ ᠳᠡᠭᠡᠳᠦ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ ᠰᠤᠯᠠ ᠂ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ 《 ᠳ᠋ᠸᠨᠭ ᠤᠨ ᠲᠤᠤᠷ᠎ᠠ ᠬᠠᠷᠠᠩᠭᠤᠢ 》 ᠪᠠᠢᠭ᠎ᠠ ᠵᠡᠷᠭᠡ 4 ᠲᠤᠰᠭᠠᠢ ᠴᠡᠭ᠌ᠴᠡᠯᠡᠨ ᠵᠠᠰᠠᠯᠲᠠ᠎ᠶ᠋ᠢ ᠭᠦᠨᠵᠡᠭᠡᠢ ᠥᠷᠨᠢᠭᠦᠯᠪᠡ᠃ ᠬᠣᠶᠠᠷ᠎ᠲᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ ᠥᠷᠨᠢᠭᠦᠯᠪᠠ᠃ 6.4 ᠲᠦᠮᠡᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠎ᠶ᠋ᠢ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠵᠤ᠂《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》ᠭᠤᠤᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ᠎ᠶ᠋ᠢ 7.8 ᠲᠦᠮᠡᠨ ᠤᠳᠠᠭ᠎ᠠ ᠥᠷᠨᠢᠭᠦᠯᠵᠦ᠍᠂ 5.03 ᠲᠦᠮᠡᠨ ᠤᠳᠠᠭ᠎ᠠ ᠲᠤᠰᠭᠠᠶ ᠰᠡᠳᠦᠪᠲᠦ ᠨᠠᠮ᠎ᠤᠨ ᠬᠢᠴᠢᠶᠡᠯ ᠣᠷᠣᠪᠠ᠃ ᠭᠤᠷᠪᠠ᠎ᠳᠤ ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠤᠭᠴᠠᠯᠠᠯᠳᠠ᠎ᠶ᠋ᠢ ᠴᠢᠩᠭᠠᠳᠭᠠᠪᠠ᠃ 《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠤ᠋ᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠲᠤᠰᠭᠠᠶ ᠰᠡᠳᠦᠪᠲᠦ ᠲᠣᠬᠢᠷᠠᠭᠤᠯᠤᠯᠲᠠ᠎ᠶ᠋ᠢᠨ ᠬᠤᠷᠠᠯ ᠬᠤᠷᠠᠯᠳᠤᠭᠤᠯᠵᠤ ᠠᠵᠢᠯ᠎ᠤᠨ ᠨᠠᠢᠳᠠᠪᠤᠷᠢᠵᠢᠭᠤᠯᠤᠯᠲᠠ ᠵᠢ ᠠᠬᠢᠭᠤᠯᠤᠨ᠂ ᠵᠢᠯ᠎ᠦᠨ ᠰᠡᠭᠦᠯᠴᠢ᠎ᠡᠴᠡ ᠡᠮᠦᠨ᠎ᠡ ᠪᠥᠬᠥ᠌ ᠣᠷᠣᠨ᠎ᠤ 30% ᠡᠴᠡ ᠳᠡᠭᠡᠭ᠌ᠰᠢᠬᠢ ᠨᠠᠮ᠎ᠤᠨ ᠡᠭᠦᠷ᠎ᠢ《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠤ᠋ᠨ ᠪᠠᠷᠢᠮᠵᠢᠶ᠎ᠠ᠎ᠳᠤ ᠬᠦᠷᠦᠭᠦᠯᠬᠦ᠌ᠶ᠋ᠢ ᠪᠠᠲᠤᠯᠠᠨ᠎ᠠ᠃
(ᠳᠥᠷᠪᠡ)ᠲᠥᠪ᠎ᠦᠨ ᠲᠣᠭᠣᠷᠢᠨ ᠪᠠᠢᠴᠠᠭᠠᠯᠲᠠ᠂ ᠬᠢᠨᠠᠨ ᠪᠤᠳᠤᠯᠲᠠ ᠵᠡᠷᠭᠡ᠎ᠡᠴᠡ ᠢᠯᠡᠷᠡᠭᠦᠯᠦᠭ᠌ᠰᠡᠨ ᠠᠰᠠᠭᠤᠳᠠᠯ ᠪᠠ《ᠣᠭ ᠰᠠᠨᠠᠭ᠎ᠠ᠎ᠪᠠᠨ ᠥᠯᠥ᠍ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》ᠭᠤᠤᠯ ᠰᠡᠳᠦᠪᠲᠦ ᠬᠥᠮᠦᠵᠢᠯ᠎ᠦᠨ ᠲᠤᠮᠳᠠ ᠪᠠᠢᠴᠠᠭᠠᠨ ᠦᠵᠡᠭ᠌ᠰᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠦᠷᠭᠦᠯᠵᠢᠯᠡᠨ ᠠᠬᠢᠭᠤᠯᠪᠠ᠃
1᠂ ᠴᠡᠭ᠌ᠴᠡᠯᠡᠨ ᠰᠠᠢᠵᠢᠷᠠᠭᠤᠯᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠬᠢᠨᠠᠮᠠᠭᠠᠶ ᠭᠦᠶ᠋ᠴᠡᠳᠭᠡᠪᠡ᠃ ᠨᠢᠭᠡ᠎ᠳᠦ᠂ ᠨᠢᠭᠡᠳᠦᠯᠲᠡᠶ ᠲᠥᠯᠥᠪᠯᠡᠨ ᠠᠷᠭ᠎ᠠ ᠰᠦᠪᠡᠭ᠌ᠴᠢᠯᠡᠬᠦ᠌᠎ᠶ᠋ᠢ ᠴᠢᠩᠭᠠᠳᠭᠠᠪᠠ᠃ ᠳᠡᠭᠡᠷ᠎ᠡ ᠤᠳᠠᠭᠠᠨ᠎ᠤ ᠲᠣᠭᠣᠷᠢᠨ ᠪᠠᠢᠴᠠᠭᠠᠯᠲᠠ᠎ᠳᠤ ᠵᠢᠭᠠᠵᠤ ᠭᠠᠷᠭᠠᠭ᠍ᠰᠠᠨ ᠤᠯᠤᠰ ᠲᠥᠷᠥ᠎ᠶ᠋ᠢᠨ ᠰᠠᠬᠢᠯᠭ᠎ᠠ ᠪᠠᠲᠤ ᠪᠠ ᠤᠯᠤᠰ ᠲᠥᠷᠥ᠎ᠶ᠋ᠢᠨ ᠶᠣᠰᠣ ᠲᠦᠷᠢᠮ᠎ᠢ ᠴᠢᠩᠭ᠎ᠠ ᠬᠡᠷᠡᠭ᠌ᠵᠢᠭᠦᠯᠦᠭ᠌ᠰᠡᠨ ᠥᠬᠡᠶ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠢ ᠴᠢᠬᠤᠯᠠᠴᠢᠯᠠᠭ᠍ᠰᠠᠨ᠎ᠢᠶᠠᠷ ᠬᠦᠷᠦᠯᠴᠡᠬᠦ᠌ ᠥᠬᠡᠶ᠂ ᠬᠡᠰᠡᠭ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠣᠷᠣᠶ ᠪᠠᠭᠤᠷᠠᠶ ᠰᠤᠯᠠ ᠵᠠᠳᠠᠭᠠᠶ ᠵᠡᠷᠭᠡ ᠵᠢ ᠴᠡᠭ᠌ᠴᠡᠯᠡᠨ ᠰᠠᠢᠵᠢᠷᠠᠭᠤᠯᠬᠤ ᠲᠠᠯ᠎ᠠ᠎ᠪᠠᠷ ᠲᠤᠢᠯᠪᠤᠷᠢᠲᠠᠶ ᠪᠤᠰᠤ ᠪᠠᠢᠬᠤ ᠠᠰᠠᠭᠤᠳᠠᠯ᠎ᠢ ᠲᠣᠰ ᠡᠭᠡᠯᠵᠢ᠎ᠶ᠋ᠢᠨ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠎ᠳᠤ ᠣᠷᠣᠭᠤᠯᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠰᠤᠳᠤᠯᠤᠨ ᠲᠣᠭ᠍ᠲᠠᠭᠠᠵᠤ᠂ ᠨᠢᠭᠡ ᠴᠤᠭ᠍ᠴᠠᠵᠢᠭᠤᠯᠤᠨ ᠨᠠᠢᠳᠠᠪᠤᠷᠢᠵᠢᠭᠤᠯᠬᠤ ᠵᠢ ᠠᠬᠢᠭᠤᠯᠪᠠ᠃ ᠬᠣᠶᠠᠷ᠎ᠲᠤ᠂ ᠪᠡᠶᠡᠴᠢ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠤᠬᠠᠮᠰᠠᠷ᠎ᠠᠴᠠ᠎ᠪᠠᠨ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠠᠵᠢᠯ᠎ᠤᠨ ᠤᠳᠤᠷᠢᠳᠭᠤ ᠳᠤᠭᠤᠢᠯᠠᠩ ᠪᠣᠯᠤᠨ 13 ᠲᠤᠰᠭᠠᠢ ᠴᠡᠭ᠌ᠴᠡᠯᠡᠨ ᠰᠠᠢᠵᠢᠷᠠᠭᠤᠯᠬᠤ ᠳᠤᠭᠤᠢᠯᠠᠩ ᠪᠠᠢᠭᠤᠯᠵᠤ᠂ 4 ᠤᠳᠠᠭ᠎ᠠ᠎ᠶ᠋ᠢᠨ ᠪᠠᠢᠩᠭᠤ᠎ᠶ᠋ᠢᠨ ᠬᠣᠷᠢᠶᠠᠨ᠎ᠤ ᠬᠤᠷᠠᠯ ᠬᠤᠷᠠᠯᠳᠤᠭᠤᠯᠵᠤ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠵᠤ᠂ ᠨᠠᠮ᠎ᠤᠨ ᠤᠨᠤᠯ ᠰᠤᠷᠤᠯᠴᠠᠬᠤ ᠭᠤᠤᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠎ᠶ᠋ᠢᠨ ᠬᠤᠷᠠᠯ ᠬᠤᠷᠠᠯᠳᠤᠭᠤᠯᠵᠤ ᠲᠤᠰᠭᠠᠢ ᠰᠡᠳᠦᠪ᠎ᠢᠶᠡᠷ ᠰᠤᠳᠤᠯᠤᠨ ᠶᠠᠷᠢᠯᠴᠠᠪᠠ᠃ ᠪᠠᠢᠩᠭᠤ᠎ᠶ᠋ᠢᠨ ᠬᠣᠷᠢᠶᠠᠨ᠎ᠤ ᠤᠳᠤᠷᠢᠳᠭᠤ ᠪᠠᠭ᠎ᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠵᠤ ᠠᠰᠠᠭᠤᠳᠠᠯ᠎ᠢ ᠪᠠᠢᠴᠠᠭᠠᠨ ᠦᠵᠡᠵᠦ᠍᠂ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠲᠠᠢ᠌ᠴᠢᠯᠠᠯᠳᠠ ᠪᠠᠢᠷᠢᠯᠠᠭᠤᠯᠤᠯᠲᠠ᠎ᠶ᠋ᠢᠨ ᠬᠤᠷᠠᠯ ᠬᠤᠷᠠᠯᠳᠤᠭᠤᠯᠵᠤ᠂ ᠴᠡᠭ᠌ᠴᠡᠯᠡᠨ ᠰᠠᠢᠵᠢᠷᠠᠭᠤᠯᠬᠤ ᠡᠭᠦᠷᠭᠡ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃ ᠭᠤᠷᠪᠠ᠎ᠳᠤ᠂ ᠬᠢᠨᠠᠯᠲᠠ ᠲᠠᠯᠪᠢᠵᠤ ᠪᠠᠢᠴᠠᠭᠠᠬᠤ᠎ᠪᠠᠨ ᠴᠢᠩᠭᠠᠳᠭᠠᠪᠠ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠎ᠳᠤ ᠬᠢᠨᠠᠯᠲᠠ ᠲᠠᠯᠪᠢᠬᠤ ᠠᠵᠢᠯ᠎ᠤᠨ ᠲᠠᠩᠰᠠ ᠵᠢ ᠪᠠᠢᠭᠤᠯᠵᠤ᠂ ᠤᠳᠤᠷᠢᠳᠤᠯᠭ᠎ᠠ ᠳᠠᠭᠠᠭᠠᠴᠢᠯᠠᠨ ᠬᠣᠯᠪᠣᠭᠠᠯᠠᠬᠤ᠂ ᠳᠠᠩᠰᠠᠨ ᠡᠴᠡ ᠭᠠᠷᠭᠠᠬᠤ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ᠎ᠢ ᠪᠣᠳᠠᠲᠠᠶ ᠴᠡᠭ᠌ᠴᠡᠯᠡᠨ ᠰᠠᠢᠵᠢᠷᠠᠭᠤᠯᠬᠤ᠎ᠶ᠋ᠢ ᠦᠨᠡᠨ ᠬᠦ᠌ ᠪᠠᠲᠤᠯᠠᠪᠠ᠃
2᠂ ᠬᠢᠨᠠᠨ ᠪᠤᠳᠤᠯᠲᠠ ᠵᠢᠨ ᠬᠠᠷᠢᠭᠤ ᠲᠤᠰᠭᠠᠭ᠍ᠰᠠᠨ ᠠᠰᠠᠭᠤᠳᠠᠯ᠎ᠢ ᠭᠦᠨᠵᠡᠭᠡᠶ ᠴᠡᠭ᠌ᠴᠡᠯᠡᠨ ᠰᠠᠢᠵᠢᠷᠠᠭᠤᠯᠪᠠ᠃ ᠨᠢᠭᠡ᠎ᠳᠦ᠂ ᠬᠢᠨᠠᠨ ᠪᠤᠳᠤᠯᠲᠠ᠎ᠶ᠋ᠢᠨ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠴᠢᠩᠭᠠᠳᠭᠠᠪᠠ᠃ ᠪᠣᠳᠠᠲᠠᠢ ᠠᠰᠠᠭᠤᠳᠠᠯ᠎ᠢ ᠪᠣᠳᠠᠲᠠᠢ᠎ᠪᠠᠷ ᠵᠠᠳᠠᠯᠬᠤ᠎ᠶ᠋ᠢ ᠪᠠᠷᠢᠮᠲᠠᠯᠠᠵᠤ᠂ ᠰᠠᠬᠢᠯᠭ᠎ᠠ ᠪᠠᠲᠤ᠎ᠶ᠋ᠢ ᠬᠡᠷᠡᠭ᠌ᠵᠢᠭᠦᠯᠵᠦ᠍ ᠬᠠᠷᠢᠭᠤᠴᠠᠯᠭ᠎ᠠ ᠨᠡᠬᠡᠮᠵᠢᠯᠡᠬᠦ᠌᠂ ᠺᠠᠳ᠋ᠷ᠎ᠢ ᠬᠢᠨᠠᠨ ᠱᠢᠯᠭᠠᠬᠤ᠂ ᠪᠡᠯᠡ ᠮᠥᠩᠭᠥ᠎ᠶ᠋ᠢ ᠱᠢᠯᠵᠢᠭᠦᠯᠦᠨ ᠲᠤᠬᠢᠷᠠᠭᠤᠯᠬᠤ ᠵᠡᠷᠭᠡ ᠠᠷᠭ᠎ᠠ ᠪᠠᠷᠢᠯ᠎ᠢ ᠶᠡᠷᠦᠩᠬᠡᠢᠯᠡᠨ ᠬᠡᠷᠡᠭ᠌ᠯᠡᠵᠦ᠍᠂ ᠬᠢᠨᠠᠨ ᠪᠤᠳᠤᠯᠳᠠ ᠬᠢᠭᠰᠡᠨ ᠨᠢᠭᠡᠴᠢ᠎ᠶ᠋ᠢᠨ ᠠᠰᠠᠭᠤᠳᠠᠯ᠎ᠤᠨ ᠦᠨᠳᠦᠰᠦ ᠰᠤᠷᠪᠤᠯᠵᠢ᠎ᠶ᠋ᠢ ᠭᠦᠨᠵᠡᠭᠡᠢ ᠠᠭᠤᠳᠠᠯᠬᠤ᠎ᠶ᠋ᠢ ᠠᠬᠢᠭᠤᠯᠵᠤ᠂ ᠨᠢᠭᠡ᠎ᠡᠴᠡ ᠵᠦᠢᠴᠢᠯᠡᠨ ᠨᠦᠬᠦᠭᠡ᠎ᠶ᠋ᠢ ᠮᠡᠳᠡᠵᠦ᠂ ᠲᠣᠭ᠍ᠲᠠᠴᠠ᠎ᠶ᠋ᠢ ᠪᠦᠷᠢᠨᠱᠢᠬᠦᠯᠵᠦ᠍᠂ ᠠᠳᠠᠯᠢ ᠲᠦᠷᠦᠯ᠎ᠦᠨ ᠠᠰᠠᠭᠤᠳᠠᠯ᠎ᠤᠨ ᠲᠠᠬᠢᠨ ᠡᠭᠦᠰᠭᠦ᠎ᠶ᠋ᠢ ᠰᠡᠷᠭᠡᠢᠯᠡᠪᠡ᠃ ᠬᠣᠶᠠᠷ᠎ᠲᠤ᠂ ᠵᠠᠰᠠᠭ᠎ᠤᠨ ᠣᠷᠳᠣᠨ᠎ᠤ ᠪᠡᠯᠡ ᠮᠥᠩᠭᠥ᠌ ᠱᠢᠯᠵᠢᠭᠦᠯᠦᠨ ᠥᠭ᠌ᠬᠦ ᠠᠬᠢᠴᠠ᠎ᠶ᠋ᠢ ᠲᠦᠷᠭᠡᠳᠭᠡᠪᠡ᠃ ᠬᠠᠤᠯᠢ᠎ᠪᠠᠷ ᠲᠣᠭ᠍ᠲᠠᠭᠠᠭ᠍ᠰᠠᠨ ᠴᠠᠭ ᠬᠤᠭᠤᠴᠠᠭᠠᠨ ᠳᠤᠳᠤᠷ᠎ᠠ ᠵᠠᠰᠠᠭ᠎ᠤᠨ ᠣᠷᠳᠣᠨ᠎ᠤ ᠡᠯ᠎ᠡ ᠵᠦᠢᠯ᠎ᠦᠨ ᠪᠡᠯᠡ ᠮᠥᠩᠭᠥ᠎ᠶ᠋ᠢ ᠪᠠᠭᠤᠯᠭᠠᠬᠤ ᠵᠢ ᠴᠢᠩᠭ᠎ᠠ ᠪᠠᠷᠢᠮᠳᠠᠯᠠᠨ᠂ ᠡᠳ᠋᠎ᠦᠨ ᠵᠠᠰᠠᠭ᠎ᠤᠨ ᠪᠡᠯᠡ ᠮᠥᠩᠭᠥ᠎ᠶ᠋ᠢ ᠱᠢᠭᠤᠳ ᠬᠦᠷᠭᠡᠬᠦ᠌ ᠲᠣᠭ᠍ᠲᠠᠴᠠ᠎ᠶ᠋ᠢ ᠨᠠᠢᠳᠠᠪᠤᠷᠢᠵᠢᠭᠤᠯᠬᠤ᠎ᠵᠢᠨ ᠬᠠᠮᠲᠤ ᠬᠠᠮᠤᠷᠬᠤ ᠬᠡᠪᠴᠢᠶ᠎ᠡ᠎ᠶ᠋ᠢ ᠠᠯᠬᠤᠮ ᠠᠯᠬᠤᠮ᠎ᠢᠶᠠᠷ ᠥᠷᠭᠡᠳᠭᠡᠪᠡ᠃ ᠲᠥᠰᠦᠪ᠎ᠦᠨ ᠬᠠᠮᠢᠶᠠᠷᠤᠯᠲᠠ᠎ᠶ᠋ᠢ ᠨᠢᠭᠡ ᠴᠣᠭ᠍ᠴᠠᠵᠢᠭᠤᠯᠬᠤ ᠱᠢᠰᠲ᠋ᠧᠮ᠎ᠢ ᠬᠡᠷᠡᠭ᠌ᠵᠢᠭᠦᠯᠵᠦ᠍᠂ ᠲᠥᠷᠥᠯ ᠵᠦᠶ᠋ᠯ᠎ᠦᠨ ᠬᠦᠴᠦᠨ ᠪᠦᠬᠦᠢᠬᠤᠭᠤᠴᠠᠭᠠᠨᠤ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠵᠠᠷᠤᠯᠭ᠎ᠠ᠎ᠶ᠋ᠢᠨ ᠠᠬᠢᠴᠠ᠎ᠶ᠋ᠢᠨ ᠪᠠᠢᠳᠠᠯ᠎ᠢ ᠬᠢᠨᠠᠨ ᠱᠢᠯᠭᠠᠵᠤ ᠨᠡᠢᠳᠡᠯᠡᠪᠡ᠃ ᠭᠤᠷᠪᠠ᠎ᠳᠤ᠂ ᠲᠥᠷᠥᠯ ᠵᠦᠶ᠋ᠯ᠎ᠢ ᠠᠬᠢᠭᠤᠯᠬᠤ ᠡᠷᠴᠢᠮ᠎ᠢ ᠴᠢᠩᠭᠠᠷᠠᠭᠤᠯᠪᠠ᠃ 2016 ᠣᠨ᠎ᠠᠴᠠ 2020 ᠤᠨ ᠪᠣᠯᠲᠠᠯᠠᠬᠢ ᠲᠥᠪ᠎ᠦᠨ ᠲᠥᠰᠦᠪ᠎ᠦᠨ ᠳᠣᠲᠣᠷᠠᠬᠢ ᠲᠥᠷᠥᠯ ᠵᠦᠶ᠋ᠯ᠎ᠦᠨ ᠠᠰᠠᠭᠤᠳᠠᠯ᠎ᠤᠨ ᠡᠭᠡ ᠲᠠᠩᠰᠠ᠎ᠶ᠋ᠢ ᠪᠠᠢᠭᠤᠯᠵᠤ᠂ ᠬᠤᠭᠤᠴᠠᠭ᠎ᠠ ᠶᠣᠰᠣᠭᠠᠷ ᠠᠵᠢᠯ ᠵᠢᠡᠨ ᠡᠬᠢᠯᠡᠭᠦᠯᠦᠭ᠌ᠰᠡᠨ ᠥᠬᠡᠶ ᠪᠤᠶᠤ ᠬᠤᠭᠤᠴᠠᠭ᠎ᠠ ᠬᠡᠲᠦᠷᠡᠭᠰᠡᠨ ᠪᠠᠢᠳᠠᠯ᠎ᠠ ᠠᠵᠢᠯ ᠵᠢᠡᠨ ᠪᠡᠶᠡᠯᠡᠭᠦᠯᠦᠭ᠌ᠰᠡᠨ ᠥᠬᠡᠶ ᠲᠥᠷᠥᠯ ᠵᠦᠶ᠋ᠯ᠎ᠳᠦ ᠨᠢᠭᠡ ᠨᠢᠭᠡ᠎ᠪᠡᠷ ᠱᠢᠶ᠋ᠳᠪᠦᠷᠢᠯᠡᠬᠦ᠌ ᠠᠷᠭ᠎ᠠ ᠬᠡᠮᠵᠢᠶ᠎ᠡ ᠲᠣᠭ᠍ᠲᠠᠭᠠᠪᠠ; ᠦᠨᠡᠨ ᠪᠣᠳᠠᠲᠠᠶ ᠠᠬᠢᠴᠠ ᠥᠬᠡᠶ ᠪᠤᠶᠤ ᠠᠬᠢᠴᠠ᠎ᠨᠢ ᠬᠦᠨᠳᠦ ᠨᠣᠴᠢᠲᠠᠶ ᠬᠣᠴᠣᠷᠴᠤ᠌ ᠪᠠᠢᠭ᠎ᠠ ᠲᠥᠷᠥᠯ ᠵᠦᠶ᠋ᠯ᠎ᠳᠦ᠂ ᠦᠯᠡᠳᠡᠵᠦ ᠪᠠᠢᠭ᠎ᠠ ᠪᠠᠯᠠ ᠮᠥᠩᠭᠥ ᠳ᠋ᠤ ᠬᠠᠤᠯᠢ ᠲᠣᠭ᠍ᠲᠠᠭᠠᠯ ᠶᠣᠰᠣᠭᠠᠷ ᠳᠣᠭᠢᠷᠠᠭᠤᠯᠤᠯᠳᠠ ᠬᠢᠵᠦ ᠬᠣᠷᠢᠶᠠᠨ ᠠᠪᠴᠤ᠌᠂ ᠪᠥᠬᠥ᠌ ᠣᠷᠣᠨ᠎ᠳᠤ ᠨᠢᠭᠡᠳᠦᠯᠲᠡᠶ ᠲᠥᠯᠥᠪᠯᠡᠵᠦ᠍ ᠳᠣᠭᠢᠷᠠᠭᠤᠯᠤᠨ ᠬᠡᠷᠡᠭ᠌ᠯᠡᠪᠡ᠃ ᠳᠥᠷᠪᠡ᠎ᠳᠦ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠳᠤᠮᠳᠠ ᠪᠠᠭ᠎ᠠ ᠠᠵᠤ ᠠᠬᠤᠢᠯᠠᠯ᠎ᠳᠤ ᠥᠷᠢᠲᠦᠵᠦ᠍ ᠪᠠᠢᠭ᠎ᠠ ᠳᠠᠩᠰᠠᠨ ᠳ᠋ᠡᠬᠢ ᠵᠣᠭᠣᠰ᠎ᠤᠨ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠪᠡ᠃ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠭ᠎ᠠ ᠠᠵᠤ ᠠᠬᠤᠢᠯᠠᠯ᠎ᠤᠨ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠲᠠᠪᠴᠠᠩ ᠨᠢ ᠳᠤᠮᠳᠠ ᠪᠠᠭ᠎ᠠ ᠠᠵᠤ ᠠᠬᠤᠢᠯᠠᠯ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠳᠤ ᠥᠷᠢᠲᠦᠵᠦ᠍ ᠪᠠᠢᠭ᠎ᠠ ᠳᠠᠩᠰᠠᠨ᠎ᠳᠠᠬᠢ ᠵᠣᠭᠣᠰ᠎ᠤᠨ ᠵᠠᠭᠠᠯᠳᠤᠯᠭ᠎ᠠ ᠵᠢᠨ ᠲᠤᠰᠭᠠᠶ ᠲᠠᠪᠴᠠᠩ᠎ᠢ ᠪᠠᠢᠭᠤᠯᠵᠤ᠂ ᠵᠠᠭᠠᠯᠳᠤᠵᠤ ᠢᠯᠡᠴᠢᠯᠡᠨ ᠮᠡᠳᠡᠭᠦᠯᠦᠭ᠌ᠰᠡᠨ ᠡᠯ᠎ᠡ ᠵᠦᠢᠯ᠎ᠦᠨ ᠰᠦᠪᠡᠭ᠌ᠴᠢ ᠵᠢᠴᠢ ᠲᠤᠰᠭᠠᠶ ᠵᠦᠢᠯ᠎ᠢᠶᠡᠷ ᠱᠠᠯᠠᠪᠳᠠᠭᠤᠯᠤᠨ ᠪᠠᠢᠴᠠᠭᠠᠬᠤ ᠪᠠ ᠬᠢᠨᠠᠨ ᠪᠣᠳᠣᠬᠤ ᠳᠤᠮᠳᠠ ᠢᠯᠡᠷᠡᠬᠦᠯᠦᠭᠰᠡᠨ ᠠᠰᠠᠭᠤᠳᠠᠯ᠎ᠢ ᠨᠢᠭᠡᠳ ᠨᠢᠭᠡ᠎ᠪᠡᠷ ᠬᠢᠨᠠᠨ ᠬᠠᠷᠭᠤᠭᠤᠯᠵᠤ᠂ ᠥᠷᠢᠲᠦᠵᠦ᠍ ᠪᠠᠢᠭ᠎ᠠ ᠭᠣᠣᠯ ᠴᠣᠭ᠍ᠴᠠ ᠵᠢ ᠱᠠᠯᠠᠪᠳᠠᠭᠤᠯᠤᠨ ᠵᠣᠭᠣᠰ ᠪᠤᠴᠠᠭᠠᠬᠤ ᠲᠥᠯᠥᠪᠯᠡᠭᠡ ᠲᠣᠭ᠍ᠲᠠᠭᠠᠯᠭᠠᠵᠤ᠂ ᠥᠷᠢᠲᠦᠵᠦ᠍ ᠪᠠᠢᠭ᠎ᠠ ᠵᠣᠭᠣᠰ᠎ᠢ ᠴᠠᠭ ᠲᠤᠬᠠᠶ᠎ᠳᠤᠨᠢ ᠪᠤᠴᠠᠭᠠᠯᠭᠠᠪᠠ᠃《ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠳᠤᠮᠳᠠ ᠪᠠᠭ᠎ᠠ ᠠᠵᠤ ᠠᠬᠤᠢᠯᠠᠯ᠎ᠳᠤ ᠵᠣᠭᠣᠰ ᠥᠷᠢᠲᠦᠬᠦ᠌᠎ᠶ᠋ᠢ ᠰᠡᠷᠭᠡᠢᠯᠡᠬᠦ᠌ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠢ᠋ ᠪᠠᠭᠤᠯᠭᠠᠵᠤ᠂ ᠤᠷᠢᠳᠴᠢᠯᠠᠨ ᠰᠡᠷᠭᠡᠢᠯᠡᠬᠦ᠌᠂ ᠵᠠᠯᠬᠠᠭᠠᠨ ᠴᠡᠭᠡᠷᠯᠡᠭᠦᠯᠬᠦ᠌᠂ ᠱᠠᠯᠠᠪᠳᠠᠭᠤᠯᠤᠨ ᠪᠠᠢᠴᠠᠭᠠᠵᠤ ᠱᠠᠯᠠᠪᠳᠠᠭᠤᠯᠤᠨ ᠭᠦᠶ᠋ᠴᠡᠳᠭᠡᠬᠦ᠌ ᠪᠠ ᠵᠣᠬᠢᠶᠠᠨ ᠪᠠᠢᠭᠤᠯᠵᠤᠪᠠᠲᠤᠯᠠᠬᠤᠵᠡᠷᠭᠡ ᠠᠵᠢᠯ᠎ᠤᠨ ᠱᠢᠰᠲ᠋ᠧᠮ᠎ᠢ ᠪᠠᠢᠭᠤᠯᠤᠨ ᠪᠦᠷᠢᠨᠱᠢᠬᠦᠯᠪᠡ᠃
3᠂ ᠭᠤᠤᠯ ᠰᠡᠳᠦᠪᠲᠦ ᠬᠥᠮᠦᠵᠢᠯ᠎ᠦᠨ ᠪᠠᠢᠴᠠᠭᠠᠵᠤ ᠦᠵᠡᠭᠰᠡᠨ ᠠᠰᠠᠭᠤᠳᠠᠯ᠎ᠢ ᠴᠡᠭ᠌ᠴᠡᠯᠡᠵᠦ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠪᠠ᠃ ᠨᠢᠭᠡ᠎ᠳᠦ᠂ ᠭᠤᠤᠯ ᠰᠡᠳᠦᠪᠲᠦ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢᠷᠡᠭᠦᠯᠪᠡ᠃ ᠭᠣᠣᠯ ᠰᠡᠳᠦᠪᠲᠦ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢᠷᠡᠭᠦᠯᠬᠦ᠌ ᠲᠤᠬᠠᠢ ᠲᠥᠪ᠎ᠦᠨ ᠰᠠᠨᠠᠯ᠎ᠢ ᠨᠠᠷᠢᠨ ᠬᠢᠨᠠᠮᠠᠭᠠᠢ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ ᠠᠷᠭ᠎ᠠ ᠬᠡᠮᠵᠢᠢ᠎ᠡ ᠪᠣᠯᠤᠨ ᠠᠵᠢᠯ᠎ᠤᠨ ᠬᠤᠪᠢᠶᠠᠷᠢᠯᠠᠯ᠎ᠤᠨ ᠲᠥᠰᠦᠯ᠎ᠢ ᠲᠣᠭ᠍ᠲᠠᠭᠠᠨ ᠬᠡᠷᠡᠭ᠌ᠵᠢᠭᠦᠯᠵᠦ᠍᠂ 9 ᠲᠠᠯ᠎ᠠ᠎ᠶ᠋ᠢᠨ 34 ᠵᠦᠢᠯ᠎ᠦᠨ ᠪᠣᠳᠠᠲᠠᠢ ᠠᠷᠭ᠎ᠠ ᠬᠡᠮᠵᠢᠡᠶ᠋ᠢ ᠲᠣᠳᠣᠷᠬᠠᠢᠯᠠᠪᠠ᠃ ᠭᠤᠤᠯ ᠰᠡᠳᠦᠪᠲᠦᠬᠥᠮᠦᠵᠢᠯᠦᠨᠪᠠᠢᠴᠠᠭᠠᠵᠤ ᠦᠵᠡᠭ᠌ᠰᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠦᠷᠭᠦᠯᠵᠢᠯᠡᠨ ᠰᠠᠢᠲᠤᠷ ᠠᠳᠭᠤᠵᠤ᠂ ᠭᠤᠤᠯ ᠰᠡᠳᠦᠪᠲᠦ ᠬᠥᠮᠦᠵᠢᠯ᠎ᠦᠨ ᠥᠩᠭᠡᠨ ᠲᠠᠯ᠎ᠠ᠎ᠶ᠋ᠢᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠪᠠ《10 + 4 》ᠲᠤᠰᠭᠠᠶ ᠰᠡᠳᠦᠪ ᠵᠢᠡᠷ ᠴᠡᠭ᠌ᠴᠡᠯᠡᠨ ᠵᠠᠰᠠᠬᠤ《ᠡᠷᠬᠢᠨ ᠬᠠᠷᠠᠬᠤ》ᠠᠵᠢᠯᠯᠠᠭ᠎ᠠ ᠥᠷᠨᠢᠭᠦᠯᠵᠦ᠍᠂ ᠥᠪᠥᠷ ᠮᠣᠩᠭᠣᠯ᠎ᠤᠨ ᠡᠳᠦᠷ᠎ᠦᠨ ᠰᠣᠨᠢᠨ ᠵᠡᠷᠭᠡ ᠭᠤᠤᠯ ᠵᠠᠭᠤᠴᠢᠯᠠᠭᠤᠷ᠎ᠲᠤ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠢᠶᠠᠨ ᠮᠡᠳᠡᠭ᠌ᠳᠡᠵᠦ᠍᠂ ᠨᠡᠢᠭᠡᠮ᠎ᠦᠨ ᠦᠨᠡᠯᠡᠯᠲᠡ ᠪᠠ ᠬᠢᠨᠠᠯᠲᠠ᠎ᠶ᠋ᠢ ᠬᠦᠯᠢᠶᠡᠪᠡ᠃ ᠬᠣᠶᠠᠷ᠎ᠲᠤ᠂ ᠵᠠᠯᠠᠷᠠᠭᠤᠯᠤᠨ ᠵᠠᠰᠠᠬᠤ ᠡᠷᠴᠢᠮ᠎ᠢᠶᠡᠨ ᠴᠢᠩᠭᠠᠷᠠᠭᠤᠯᠪᠠ᠃《ᠬᠡᠯᠪᠡᠷᠢᠴᠢ ᠦᠵᠡᠯ᠎ᠦᠨ ᠠᠰᠠᠭᠤᠳᠠᠯ᠎ᠢ ᠤᠯᠠᠮ ᠨᠢᠭᠡ ᠠᠯᠬᠤᠮ ᠱᠢᠶ᠋ᠳᠪᠦᠷᠢᠯᠡᠵᠦ᠍ 2021ᠣᠨ᠎ᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠠᠵᠢᠯ᠎ᠢ ᠰᠠᠢᠲᠤᠷ ᠬᠢᠬᠦ᠌ ᠲᠤᠬᠠᠶ ᠭᠤᠤᠯᠳᠠᠯᠭ᠎ᠠ᠎ᠲᠠᠶ ᠠᠷᠭ᠎ᠠ ᠬᠡᠮᠵᠢᠶ᠎ᠡ》ᠵᠢ ᠪᠠᠭᠤᠯᠭᠠᠵᠤ᠂ ᠴᠡᠭ᠌ᠴᠡᠯᠡᠨ ᠵᠠᠰᠠᠵᠤ ᠱᠠᠯᠠᠪᠳᠠᠭᠤᠯᠤᠨ ᠪᠠᠢᠴᠠᠭᠠᠬᠤ ᠬᠢᠨᠠᠨᠰᠢᠯᠭᠠᠬᠤ ᠠᠵᠢᠯ ᠬᠡᠲᠦ ᠤᠯᠠᠨ ᠪᠠᠢᠬᠤ ᠵᠡᠷᠭᠡ ᠠᠰᠠᠭᠤᠳᠠᠯ᠎ᠤᠨ ᠲᠣᠭᠣᠷᠢᠨ᠎ᠳᠤ 85 ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ᠎ᠶ᠋ᠢ ᠳᠤᠷᠠᠳᠴᠤ᠌᠂ ᠴᠡᠭ᠌ᠴᠡᠯᠡᠨ ᠰᠠᠢᠵᠢᠷᠠᠭᠤᠯᠬᠤ᠎ᠶ᠋ᠢ ᠦᠷᠭᠦᠯᠵᠢᠯᠡᠨ ᠠᠬᠢᠭᠤᠯᠪᠠ᠃
4᠂ ᠴᠡᠭ᠌ᠴᠡᠯᠡᠨ ᠰᠠᠢᠵᠢᠷᠠᠭᠤᠯᠬᠤ ᠳ᠋ᠤ ᠬᠢᠨᠠᠯᠲᠠ ᠲᠠᠯᠪᠢᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠴᠢᠩᠭᠠᠳᠭᠠᠪᠠ᠃ ᠨᠢᠭᠡ᠎ᠳᠦ᠂ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠵᠢ ᠴᠢᠩᠭᠠᠳᠭᠠᠪᠠ᠃ ᠬᠢᠨᠠᠯᠲᠠ ᠲᠠᠯᠪᠢᠬᠤ ᠬᠠᠷᠢᠭᠤᠴᠠᠯᠭ᠎ᠠ᠎ᠶ᠋ᠢ ᠴᠢᠩᠭᠠᠳᠭᠠᠬᠤ ᠪᠠ《ᠳᠥᠷᠪᠡᠨ ᠰᠤᠷᠲᠠᠯ》᠎ᠤ᠋ᠨ ᠠᠰᠠᠭᠤᠳᠠᠯ᠎ᠢ ᠵᠠᠰᠠᠬᠤ ᠲᠤᠰᠭᠠᠶ ᠴᠡᠭ᠌ᠴᠡᠯᠡᠨ ᠰᠠᠢᠵᠢᠷᠠᠭᠤᠯᠬᠤ ᠳᠤᠭᠤᠢᠯᠠᠩ ᠪᠠᠢᠭᠤᠯᠵᠤ᠂ ᠠᠵᠢᠯ᠎ᠤᠨ ᠲᠤᠱᠢᠶᠠᠯ ᠬᠠᠷᠢᠭᠤᠴᠠᠯᠭ᠎ᠠ᠎ᠶ᠋ᠢ ᠲᠣᠳᠣᠷᠬᠠᠢᠯᠠᠨ᠂ ᠴᠡᠭ᠌ᠴᠡᠯᠡᠨ ᠰᠠᠢᠵᠢᠷᠠᠭᠤᠯᠬᠤ ᠠᠵᠢᠯ᠎ᠳᠤ ᠬᠢᠨᠠᠯᠲᠠ ᠲᠠᠯᠪᠢᠬᠤᠵᠤᠬᠢᠶᠠᠨ ᠪᠠᠢᠭᠤᠯᠤᠯᠳᠠ ᠵᠢᠨ ᠤᠳᠤᠷᠢᠳᠤᠯᠭ᠎ᠠ᠂ ᠨᠢᠭᠡᠳᠦᠯᠲᠡᠶ ᠲᠥᠯᠥᠪᠯᠡᠨ ᠲᠤᠬᠢᠷᠠᠭᠤᠯᠬᠤ ᠵᠢ ᠴᠢᠩᠭᠠᠳᠬᠠᠪᠠ᠃ ᠬᠣᠶᠠᠷ᠎ᠲᠤ᠂ ᠨᠠᠵᠠᠭᠠᠢ ᠪᠤᠷᠤᠭᠤ ᠵᠢ ᠴᠠᠭ ᠲᠤᠬᠠᠶ᠎ᠳᠤᠨᠢ ᠵᠠᠯᠠᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠬᠢᠴᠠ᠎ᠶ᠋ᠢᠨ ᠪᠠᠢᠳᠠᠯ ᠵᠢᠴᠢ ᠣᠷᠣᠱᠢᠵᠤ ᠪᠠᠢᠭ᠎ᠠ ᠠᠰᠠᠭᠤᠳᠠᠯ᠂ ᠭᠣᠣᠯ ᠰᠡᠳᠦᠪᠲᠦ ᠬᠥᠮᠦᠵᠢᠯ᠎ᠦᠨ ᠠᠰᠠᠭᠤᠳᠠᠯ᠎ᠢ ᠪᠠᠢᠴᠠᠭᠠᠨ ᠦᠵᠡᠵᠦ᠍ ᠴᠡᠭ᠌ᠴᠡᠯᠡᠨ ᠰᠠᠢᠵᠢᠷᠠᠭᠤᠯᠤᠭ᠍ᠰᠠᠨ ᠪᠠ ᠲᠤᠰᠭᠠᠢ ᠴᠡᠭ᠌ᠴᠡᠯᠡᠨ ᠵᠠᠰᠠᠭ᠍ᠰᠠᠨ ᠪᠠᠢᠳᠠᠯ᠎ᠢ ᠲᠣᠭ᠍ᠲᠠᠭᠰᠠᠨ ᠬᠤᠭᠤᠴᠠᠭ᠎ᠠ᠎ᠲᠠᠶ ᠪᠡᠷ ᠣᠢᠯᠠᠭᠠᠵᠤ᠂ ᠠᠰᠠᠭᠤᠳᠠᠯ᠎ᠢ ᠢᠯᠡᠷᠡᠭᠦᠯᠪᠡᠯ ᠴᠠᠭ ᠲᠤᠬᠠᠢᠳᠤᠨᠢ ᠰᠠᠨᠠᠭᠤᠯᠵᠤ ᠵᠠᠯᠠᠷᠠᠭᠤᠯᠪᠠ᠃
ᠭᠤᠷᠪᠠ᠂ ᠤᠯᠤᠰ ᠲᠦᠷᠦ᠍᠎ᠶ᠋ᠢᠨ ᠡᠭᠦᠷᠭᠡᠯᠡᠯ᠎ᠢᠶᠡᠨ ᠦᠷᠭᠦᠯᠵᠢᠯᠡᠨ ᠴᠢᠩᠭᠠᠳᠭᠠᠵᠤ᠂ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠪᠡᠷ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠤᠨ᠎ᠠ
ᠲᠥᠪ ᠦᠨ ᠲᠣᠭᠣᠷᠢᠨ ᠪᠠᠢᠴᠠᠭᠠᠭᠰᠠᠨ ᠰᠠᠨᠠᠯ ᠵᠢᠡᠨ ᠬᠠᠷᠢᠭᠤ ᠲᠤᠰᠭᠠᠭ᠍ᠰᠠᠨ ᠡᠴᠡ ᠨᠠᠭᠠᠰᠢ᠂ ᠰᠢ᠎ᠶ᠋ᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠥ᠌ ᠣᠷᠣᠨ᠎ᠤ ᠴᠡᠭ᠌ᠴᠡᠯᠡᠨ ᠰᠠᠢᠵᠢᠷᠠᠭᠤᠯᠬᠤ ᠠᠵᠢᠯ ᠡᠮᠬᠢ ᠵᠢᠷᠤᠮ᠎ᠲᠠᠶ ᠬᠦᠴᠦᠲᠡᠶ ᠠᠭᠢᠪᠠ᠃ ᠲᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠤᠬᠠᠮᠰᠠᠷᠠᠴᠠᠪᠠᠨ《ᠳᠥᠷᠪᠡᠨ ᠤᠬᠠᠮᠰᠠᠷ》ᠢ᠋ᠶ᠋ᠠᠨ ᠴᠢᠩᠭᠠᠳᠭᠠᠬᠤ᠂ 《ᠳᠥᠷᠪᠡᠨ ᠢᠲᠡᠭᠡᠯ》 ᠢ᠋ᠶ᠋ᠠᠨ ᠪᠠᠲᠤᠳᠭᠠᠬᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌ ᠤᠯᠤᠰ ᠲᠥᠷᠥ᠎ᠶ᠋ᠢᠨ ᠦᠨᠳᠦᠷᠴᠡ᠎ᠠᠴᠠ ᠪᠠᠷᠢᠮᠵᠢᠶ᠎ᠠ᠎ᠶ᠋ᠢ ᠪᠠᠭᠤᠷᠠᠭᠤᠯᠬᠤ ᠥᠬᠡᠶ᠂ ᠠᠢᠵᠠᠮ᠎ᠢ ᠤᠳᠠᠭᠠᠱᠢᠷᠠᠭᠤᠯᠬᠤ ᠥᠬᠡᠶ᠂ ᠡᠷᠴᠢᠮ᠎ᠢ ᠰᠤᠯᠠᠷᠠᠭᠤᠯᠬᠤ ᠥᠬᠡᠶ ᠪᠠᠢᠬᠤ᠎ᠶ᠋ᠢ ᠭᠤᠢᠪᠢᠰᠢ ᠦᠭᠡᠢ ᠪᠠᠷᠢᠮᠲᠠᠯᠠᠵᠤ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠦᠷᠭᠦᠯᠵᠢᠯᠡᠨ ᠭᠦᠨᠵᠡᠭᠡᠶ ᠰᠠᠢᠲᠤᠷ ᠠᠳᠭᠤᠵᠤ᠂ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠭᠡᠯ᠎ᠢᠶᠡᠨ ᠲᠠᠰᠤᠷᠠᠯᠲᠠ ᠥᠬᠡᠶ ᠪᠡᠬᠢᠵᠢᠭᠦᠯᠦᠨ ᠥᠷᠭᠡᠳᠭᠡᠨ᠎ᠡ᠃
ᠨᠢᠭᠡ᠎ᠳᠦ᠂ ᠤᠬᠠᠮᠰᠠᠷ᠎ᠠᠴᠠ᠎ᠪᠠᠨ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠢᠶᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠵᠦ᠍᠂ ᠦᠢᠯᠡᠳᠦᠯᠭᠡ᠎ᠪᠡᠨ ᠵᠢᠯᠤᠭᠤᠳᠤᠭᠤᠯᠤᠨ᠂ᠠᠵᠢᠯ᠎ᠢᠶᠠᠨ ᠠᠬᠢᠭᠤᠯᠵᠤ᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠤᠬᠠᠬᠤ ᠴᠢᠳᠠᠪᠤᠷᠢ᠂ ᠤᠯᠤᠰ ᠲᠦᠷᠦ᠍᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠳᠠ ᠦᠭᠡᠢ ᠴᠢᠩᠭᠠᠳᠭᠠᠨ᠎ᠠ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂《ᠲᠦᠷᠪᠡᠨ ᠤᠬᠠᠮᠰᠠᠷ》 ᠵᠢᠡᠨ ᠴᠢᠩᠭᠠᠳᠭᠠᠬᠤ᠂ 《ᠲᠦᠷᠪᠡᠨ ᠢᠲᠡᠭᠡᠯ》 ᠵᠢᠡᠨ ᠪᠠᠲᠤᠳᠭᠠᠬᠤ᠂《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ᠌᠎ᠶ᠋ᠢ ᠥᠪᠥᠷ ᠮᠣᠩᠭᠣᠯ᠎ᠤᠨ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠯ᠎ᠡ ᠵᠦᠢᠯ᠎ᠦᠨ ᠠᠵᠢᠯ᠎ᠳᠤ ᠦᠨᠡᠨ ᠬᠦ᠌ ᠨᠠᠢᠳᠠᠪᠤᠷᠢᠵᠢᠭᠤᠯᠤᠨ᠎ᠠ᠃ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠨᠡᠪᠳᠡᠷᠡᠳᠡᠯ᠎ᠠ ᠣᠢᠯᠠᠭᠠᠵᠤ ᠪᠠᠲᠤᠲᠠᠢ ᠦᠢᠯᠡᠳᠦᠯᠭᠡᠵᠢᠭᠦᠯᠵᠦ᠍᠂ ᠪᠠᠶᠠᠯᠢᠭ ᠠᠭᠤᠯᠤᠭ᠍ᠳᠠᠬᠤᠨ᠂ ᠵᠣᠷᠢᠭ ᠰᠠᠨᠠᠭᠠᠨ᠎ᠤ ᠮᠥᠨ ᠴᠢᠨᠠᠷ᠂ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠡᠵᠡᠮᠱᠢᠵᠦ᠍᠂ ᠤᠬᠠᠮᠰᠠᠷ᠎ᠠᠴᠠ᠎ᠪᠠᠨ ᠦᠢᠯᠡᠳᠦᠯᠭᠡ᠎ᠪᠡᠨ ᠵᠢᠯᠤᠭᠤᠳᠤᠭᠤᠯᠵᠤ᠂ ᠠᠵᠢᠯ᠎ᠢᠶᠠᠨ ᠠᠬᠢᠭᠤᠯᠵᠤ᠂ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠡᠶ᠋ᠢ ᠭᠦᠨᠵᠡᠭᠡᠢ ᠰᠤᠳᠤᠯᠵᠤ᠂ ᠲᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠲᠡᠷᠡ ᠶᠣᠰᠣᠭᠠᠷ ᠨᠢ ᠰᠠᠢᠲᠤᠷ ᠠᠳᠭᠤᠨ᠎ᠠ᠃
ᠬᠣᠶᠠᠷ᠎ᠲᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠠᠢ᠎ᠪᠠᠷ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠤᠨᠢᠨ ᠳᠡᠭᠡᠷ᠎ᠡ ᠨᠢ ᠪᠣᠳᠠᠲᠠᠢ᠎ᠶ᠋ᠢ ᠡᠷᠬᠢᠮᠯᠡᠬᠦ᠌ ᠠᠷᠭ᠎ᠠ ᠬᠡᠮᠵᠢᠡᠪᠡᠷ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ᠃ ᠱᠢᠨ᠎ᠡ ᠬᠥᠭ᠌ᠵᠢᠯᠲᠡ᠎ᠶ᠋ᠢᠨ ᠱᠠᠳᠤ᠎ᠶ᠋ᠢ ᠣᠨᠣᠪᠴᠢᠲᠠᠢ ᠡᠵᠡᠮᠳᠡᠵᠦ᠍᠂ ᠱᠢᠨᠡᠬᠥᠭ᠌ᠵᠢᠯᠲᠡᠶ᠋ᠢᠨ ᠤᠢ᠍ᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠨ ᠦᠢᠯᠡᠴᠢᠯᠡᠵᠦ᠍᠂ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠤᠨ ᠪᠤᠳᠠᠳᠠᠢ ᠪᠠᠢᠳᠠᠯ᠎ᠳᠤ ᠲᠤᠬᠢᠷᠠᠭᠤᠯᠤᠨ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠠᠵᠢᠯᠯᠠᠭᠠᠨ᠎ᠤ ᠬᠥᠲᠥᠯᠪᠦᠷᠢ᠎ᠶ᠋ᠢ ᠡᠷᠡᠰ ᠨᠠᠢᠳᠠᠪᠤᠷᠢᠵᠢᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ 《ᠬᠣᠶᠠᠷ ᠬᠠᠯᠬᠠᠪᠴᠢ》 ᠂ 《ᠬᠣᠶᠠᠷ ᠰᠠᠭᠤᠷᠢᠨ》 ᠪᠣᠯᠤᠨ 《ᠨᠢᠭᠡ ᠪᠡᠬᠢᠯᠡᠯᠲᠡ》 ᠵᠢᠨ ᠪᠦᠳᠦᠭᠡᠨ ᠪᠠᠢᠭᠤᠯᠤᠯᠲᠠ᠎ᠶ᠋ᠢ ᠱᠢᠰᠲ᠋ᠧᠮ ᠲᠡᠶ ᠲᠥᠯᠥᠪᠵᠢᠭᠦᠯᠦᠨ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠬᠣᠷᠢᠭ᠎ᠠ ᠱᠤᠭᠤᠮ᠎ᠤᠨ ᠰᠡᠳᠭᠢᠬᠦᠶ᠎ᠶ᠋ᠢ ᠪᠠᠲᠤ ᠪᠣᠶ ᠪᠣᠯᠭᠠᠵᠤ᠂ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠡᠷᠡᠰ ᠰᠡᠷᠭᠡᠢᠯᠡᠨ ᠠᠷᠢᠯᠭᠠᠵᠤ᠂ ᠬᠥᠭ᠌ᠵᠢᠯᠲᠡ ᠪᠠ ᠠᠮᠤᠷ ᠲᠦᠪᠱᠢᠨ᠎ᠤ ᠬᠣᠶᠠᠷ ᠶᠡᠬᠡ ᠶᠠᠪᠤᠳᠠᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠵᠤ᠂ ᠡᠯ᠎ᠡ ᠲᠥᠷᠥᠯ᠎ᠦᠨ ᠠᠶᠤᠯ ᠲᠦᠭ᠌ᠰᠢᠭᠦᠷᠢ᠎ᠶ᠋ᠢᠨ ᠬᠡᠮ ᠰᠣᠭᠣᠭ᠎ᠢ ᠭᠦᠨᠵᠡᠭᠡᠶ ᠨᠠᠷᠢᠯᠢᠭ ᠡᠮᠬᠢᠯᠡᠨ ᠵᠢᠭ᠍ᠰᠠᠭᠠᠨ ᠪᠠᠢᠴᠠᠭᠠᠵᠤ᠂ ᠣᠨᠴᠠ ᠵᠠᠷᠢᠮ ᠠᠶᠤᠯ ᠲᠦᠭ᠌ᠰᠢᠭᠦᠷᠢ᠎ᠶ᠋ᠢᠨ ᠶᠡᠷᠦᠩᠬᠡᠢᠯᠡᠭ᠌ᠰᠡᠨ ᠠᠶᠤᠯ ᠲᠦᠭ᠌ᠰᠢᠭᠦᠷᠢ ᠪᠣᠯᠵᠣ ᠬᠤᠪᠢᠷᠬᠠᠸ᠋᠂ ᠬᠡᠰᠡᠭ ᠲᠠᠯ᠎ᠠ᠎ᠶ᠋ᠢᠨ ᠠᠶᠤᠯ ᠲᠦᠭ᠌ᠰᠢᠭᠦᠷᠢ᠎ᠶ᠋ᠢᠨ ᠱᠢᠰᠲ᠋ᠧᠮ᠎ᠦᠨ ᠴᠢᠨᠠᠷᠲᠠᠶ ᠠᠶᠤᠯ ᠲᠦᠭ᠌ᠰᠢᠭᠦᠷᠢ ᠪᠣᠯᠵᠣ ᠬᠤᠪᠢᠷᠬᠠᠸ᠋᠂ ᠡᠩ᠎ᠦᠨ ᠠᠶᠤᠯ ᠲᠦᠭ᠌ᠰᠢᠭᠦᠷᠢ᠎ᠶ᠋ᠢᠨ ᠤᠯᠤᠰ ᠲᠥᠷᠥ᠎ᠶ᠋ᠢᠨ ᠠᠶᠤᠯ ᠲᠦᠭ᠌ᠰᠢᠭᠦᠷᠢ ᠪᠣᠯᠵᠣ ᠬᠤᠪᠢᠷᠠᠬᠤ᠎ᠶ᠋ᠢ ᠪᠦᠲᠦᠮᠵᠢᠲᠡᠶ ᠰᠡᠷᠭᠡᠢᠯᠡᠨ᠎ᠡ᠃
ᠭᠤᠷᠪᠠ᠎ᠳᠤ᠂ ᠦᠨᠳᠦᠰᠦᠲᠡᠨ ᠦ ᠠᠵᠢᠯ ᠳᠠᠬᠢ ᠨᠠᠮ ᠤᠨᠤᠳᠤᠷᠢᠳᠤᠯᠭ᠎ᠠ ᠶ᠋ᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠨ᠎ᠠ᠃ ᠶᠡᠷᠦᠩᠬᠡᠶ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠳᠤᠭᠤᠰᠢᠯᠠᠭᠤᠯᠤᠨ ᠨᠠᠢᠳᠠᠪᠤᠷᠢᠵᠢᠭᠤᠯᠤᠨ᠎ᠠ᠃ ᠤᠯᠤᠰ ᠲᠥᠷᠥ᠎ᠶ᠋ᠢᠨ ᠲᠠᠯ᠎ᠠ᠎ᠪᠠᠷ᠂ ᠦᠨᠳᠦᠰᠦᠲᠡᠨ᠎ᠦ ᠠᠵᠢᠯ᠎ᠢ ᠪᠦᠬᠦ᠌ ᠲᠠᠯ᠎ᠠ᠎ᠪᠠᠷ ᠲᠠᠨᠢᠵᠤ ᠡᠵᠡᠮᠱᠢᠵᠦ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠤᠨ ᠲᠡᠦᠬᠡᠨ ᠪᠠᠢᠷᠢ ᠰᠠᠭᠤᠷᠢ ᠪᠠ ᠴᠢᠬᠤᠯᠠ ᠲᠡᠦᠭᠡᠳᠦ ᠡᠭᠦᠷᠭᠡ᠎ᠶ᠋ᠢ ᠣᠨᠣᠪᠴᠢᠲᠠᠶ ᠡᠵᠡᠮᠳᠡᠨ᠂ ᠠᠰᠠᠭᠤᠳᠠᠯᠪᠠ ᠵᠦᠷᠢᠶ᠎ᠡ ᠳ᠋ᠤ ᠵᠥᠪ᠎ᠢᠶᠡᠷ ᠬᠠᠨᠳᠤᠵᠤ᠂ ᠠᠶᠤᠯ ᠲᠦᠭ᠌ᠰᠢᠭᠦᠷᠢ᠎ᠶ᠋ᠢᠨ ᠳᠠᠯᠳᠠ ᠭᠡᠮ᠎ᠢ ᠲᠣᠳᠣᠷᠬᠠᠶ ᠲᠠᠨᠢᠵᠤ᠂ ᠨᠠᠮ᠎ᠤᠨ ᠦᠨᠳᠦᠰᠦᠲᠡᠨ᠎ᠦ ᠠᠵᠢᠯ ᠳᠠᠬᠢ ᠪᠦᠬᠦ᠌ ᠲᠠᠯ᠎ᠠ ᠶ᠋ᠢᠨ ᠤᠳᠤᠷᠢᠳᠤᠯᠭ᠎ᠠ ᠶ᠋ᠢ ᠦᠨᠡᠨ ᠬᠦ᠌ ᠴᠢᠩᠭᠠᠳᠭᠠᠨ᠎ᠠ᠃ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠴᠢᠩᠭᠠᠷᠠᠭᠤᠯᠤᠨ ᠨᠠᠷᠢᠯᠢᠬ᠍ᠵᠢᠭᠤᠯᠵᠤ᠂ ᠦᠨᠳᠦᠰᠦᠲᠡᠨ᠎ᠦ ᠠᠵᠢᠯ᠎ᠳᠤ ᠣᠷᠣᠱᠢᠵᠤ ᠪᠠᠢᠭ᠎ᠠ ᠨᠠᠵᠠᠭᠠᠢ ᠪᠤᠷᠤᠭᠤᠵᠦᠢᠯᠢ ᠡᠷᠡᠰ ᠵᠠᠯᠠᠷᠠᠭᠤᠯᠵᠤ᠂ ᠮᠠᠨ᠎ᠤ ᠣᠷᠣᠨ᠎ᠤ ᠦᠨᠳᠦᠰᠦᠲᠡᠨ᠎ᠦ ᠬᠦᠷᠢᠶᠡᠨ᠎ᠦ ᠡᠯ᠎ᠡ ᠵᠦᠶ᠋ᠯ᠎ᠦᠨ ᠠᠵᠢᠯ᠎ᠢ ᠨᠠᠩ ᠱᠢᠨᠵᠢᠯᠡᠬᠦ᠌ ᠤᠬᠠᠭᠠᠨᠴᠢ᠂ ᠣᠨᠣᠴᠠᠲᠠᠶ᠂ ᠦᠷ᠎ᠡ ᠪᠦᠲᠦᠮᠵᠢᠲᠡᠶ ᠰᠠᠢᠲᠤᠷ ᠬᠢᠨ᠎ᠡ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠦᠨᠳᠦᠰᠦᠲᠡᠨ᠎ᠦ ᠠᠵᠢᠯ᠎ᠤᠨ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠦᠨᠳᠦᠰᠦᠲᠡᠨ᠎ᠦ ᠠᠰᠠᠭᠤᠳᠠᠯ᠎ᠢ ᠱᠢᠶ᠋ᠳᠪᠦᠷᠢᠯᠡᠬᠦ᠌ ᠵᠥᠪ ᠵᠠᠮ᠎ᠢᠶᠠᠷ ᠭᠤᠢᠪᠢᠰᠢ ᠦᠭᠡᠶ ᠵᠠᠮᠨᠠᠵᠤ᠂ ᠱᠢᠨ᠎ᠡ ᠴᠠᠭ ᠦᠶ᠎ᠡ᠎ᠳᠦ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠨ᠎ᠠ᠃
ᠳᠥᠷᠪᠡ᠎ᠳᠦ᠂ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ 《ᠬᠣᠶᠠᠷ ᠬᠠᠷᠢᠭᠤᠴᠠᠯᠭ᠎ᠠ》 ᠶ᠋ᠢ ᠡᠷᠡᠰ ᠨᠠᠢᠳᠠᠪᠤᠷᠢᠵᠢᠭᠤᠯᠵᠤ᠂ ᠤᠯᠤᠰ ᠲᠥᠷᠥ᠎ᠶ᠋ᠢᠨ ᠠᠮᠢ ᠠᠬᠤᠶ᠎ᠶ᠋ᠢ ᠬᠦᠴᠦᠯᠡᠨ ᠴᠡᠪᠡᠷᠱᠢᠭᠦᠯᠬᠦ ᠪᠠ ᠵᠠᠰᠠᠨ ᠰᠡᠷᠭᠦᠭᠡᠨ᠎ᠡ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠴᠢᠭ᠌ᠯᠡᠯᠲᠡ᠎ᠶ᠋ᠢ ᠭᠦᠨᠵᠡᠭᠡᠢᠲᠤᠭᠤᠱᠢᠯᠠᠭᠤᠯᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠬᠠᠮᠰᠠᠷ᠎ᠢᠶᠠᠨ ᠤᠯᠠᠮ ᠨᠢᠭᠡ ᠠᠯᠬᠤᠮ ᠴᠢᠩᠭᠠᠳᠭᠠᠨ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠪᠡᠶᠡᠴᠢ ᠴᠣᠭ᠍ᠴᠠ᠎ᠶ᠋ᠢᠨ ᠬᠠᠷᠢᠭᠤᠴᠠᠯᠭ᠎ᠠ ᠶ᠋ᠢᠨ ᠲᠣᠭ᠍ᠲᠠᠭᠠᠯ ᠢ ᠴᠢᠩᠭ᠎ᠠ ᠨᠠᠢᠳᠠᠪᠤᠷᠢᠵᠢᠭᠤᠯᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠤᠨ᠎ᠠ᠃ ᠡᠷᠬᠡ᠎ᠶ᠋ᠢᠨ ᠠᠵᠢᠯᠯᠠᠭᠠᠨ᠎ᠳᠤ ᠬᠢᠨᠠᠯᠲᠠ ᠲᠠᠯᠪᠢᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠤᠯᠤᠰ ᠲᠥᠷᠥ᠎ᠶ᠋ᠢᠨ ᠬᠢᠨᠠᠯᠲᠠ᠎ᠶ᠋ᠢ ᠴᠢᠩᠭᠠᠳᠭᠠᠨ᠂ ᠡᠳᠦᠷ ᠲᠤᠲᠤᠮ᠎ᠤᠨ ᠬᠢᠨᠠᠯᠲᠠ ᠲᠠᠯᠪᠢᠯᠳᠠ᠎ᠶ᠋ᠢ ᠪᠣᠳᠠᠲᠠᠢᠵᠢᠭᠤᠯᠵᠤ᠂ 《ᠬᠣᠶᠠᠷ ᠬᠠᠷᠢᠭᠤᠴᠠᠯᠭ᠎ᠠ》᠎ᠶ᠋ᠢ ᠨᠢᠭᠡ ᠴᠤᠭ᠍ᠴᠠᠵᠢᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ᠃ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠭᠤᠢᠪᠢᠰᠢ ᠦᠭᠡᠢ ᠭᠦᠨᠵᠡᠭᠡᠢᠷᠡᠭᠦᠯᠵᠦ᠍᠂ ᠢᠯᠵᠠᠷᠠᠬᠤ᠎ᠠᠴᠠ ᠵᠢᠷᠦᠬᠡᠱᠢᠶᠡᠬᠦ᠌᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠴᠢᠩᠭ᠎ᠠ ᠭᠣᠣᠯ ᠬᠦᠭ ᠠᠶᠠᠰ᠎ᠢ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢᠨ ᠦᠨᠳᠦᠰᠦᠨ ᠴᠢᠨᠠᠷᠲᠠᠢ ᠰᠠᠢᠵᠢᠷᠠᠯᠲᠠ᠎ᠶ᠋ᠢ ᠠᠬᠢᠭᠤᠯᠤᠨ᠎ᠠ᠃ 《ᠲᠦᠷᠪᠡᠨ ᠰᠤᠷᠲᠠᠯ》 ᠢ᠋ ᠥᠴᠦᠬᠡᠨ ᠴᠦ᠍ ᠰᠤᠯᠠᠷᠠᠭᠤᠯᠤᠯ ᠦᠭᠡᠢ ᠵᠠᠯᠠᠷᠠᠭᠤᠯᠤᠨ ᠵᠠᠰᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠴᠥᠬᠥᠷᠡᠰᠢ ᠦᠭᠡᠢ ᠰᠠᠢᠲᠤᠷ ᠠᠳᠭᠤᠵᠤ᠂ ᠤᠯᠠᠨ ᠲᠦᠮᠡᠨ᠎ᠦ ᠳᠡᠷᠭᠡᠳᠡᠬᠢ ᠢᠯᠵᠠᠷᠡᠯ ᠪᠣᠯᠤᠨ ᠰᠤᠷᠲᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ ᠡᠷᠴᠢᠮ᠎ᠢᠶᠡᠨ ᠴᠢᠩᠭᠠᠷᠠᠭᠤᠯᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠠᠵᠢᠯ᠎ᠢ ᠭᠦᠨᠵᠡᠭᠡᠢᠷᠡᠭᠦᠯᠦᠨ ᠥᠷᠭᠡᠳᠭᠡᠵᠦ᠍᠂ ᠰᠤᠷᠲᠠᠯ᠎ᠤᠨ ᠪᠠᠢᠭᠤᠯᠤᠯᠲᠠ ᠪᠦᠬᠦ᠌ ᠲᠠᠯ᠎ᠠ᠎ᠪᠠᠷ ᠴᠢᠩᠭ᠎ᠠ ᠪᠠᠢᠬᠤ᠂ ᠲᠤᠢᠯᠪᠤᠷᠢᠳᠠᠢ ᠴᠢᠩᠭ᠎ᠠ ᠪᠠᠢᠬᠤ᠎ᠶ᠋ᠢ ᠪᠠᠳᠤᠯᠠᠨ᠎ᠠ᠃
ᠲᠠᠪᠤ᠎ᠳᠤ᠂ ᠱᠢᠨᠡᠴᠠᠭᠦᠶᠡᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠭᠦᠨᠵᠡᠭᠡᠢ ᠲᠤᠭᠤᠱᠢᠯᠠᠭᠤᠯᠵᠤ᠂ ᠤᠳᠤᠷᠢᠳᠭᠤ ᠪᠠᠭ ᠪᠣᠯᠤᠨ ᠺᠠᠳ᠋ᠷ᠎ᠤᠨ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶᠠᠨ᠎ᠤ ᠤᠳᠤᠷᠢᠳᠭᠤ ᠪᠠᠭ᠎ᠤᠨ ᠪᠠᠢᠭᠤᠯᠤᠯᠲᠠ᠎ᠶ᠋ᠢ ᠲᠦᠷᠦᠭᠦᠯᠡᠨ ᠰᠠᠢᠲᠤᠷ ᠠᠳᠭᠤᠵᠤ᠂ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠳᠤᠲᠠᠭᠤᠳᠠᠯ ᠶ᠋ᠢᠡᠨ ᠨᠥᠬᠥᠪᠥᠷᠢᠯᠡᠵᠦ᠍᠂ ᠪᠠᠭᠤᠷᠠᠢ ᠲᠠᠯ᠎ᠠ᠎ᠪᠠᠨ ᠬᠦᠴᠦᠷᠬᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠴᠢᠭ᠌ᠯᠡᠯ᠎ᠢ ᠡᠵᠡᠮᠳᠡᠬᠦ᠌᠂ ᠶᠡᠬᠡ ᠲᠠᠯ᠎ᠠ᠎ᠶ᠋ᠢ ᠬᠠᠮᠢᠶᠠᠷᠬᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠨᠠᠢᠳᠠᠪᠤᠷᠢᠵᠢᠭᠤᠯᠤᠯᠲᠠ᠎ᠶ᠋ᠢ ᠪᠠᠲᠤᠯᠠᠬᠤ ᠴᠢᠳᠠᠪᠤᠷᠢ ᠲᠦᠪᠱᠢᠨ᠎ᠢ ᠦᠨᠡᠨ ᠬᠦ᠌ ᠳᠡᠭᠡᠭ᠌ᠰᠢᠯᠡᠭᠦᠯᠦᠨ᠎ᠡ᠃ ᠨᠠᠮ᠎ᠤᠨ ᠪᠠᠢᠭᠤᠯᠤᠯᠲᠠ᠎ᠶ᠋ᠢ ᠠᠳᠭᠤᠬᠤ ᠪᠣᠯ ᠲᠤᠬᠠᠢᠯᠠᠭ᠍ᠰᠠᠨ ᠠᠵᠢᠯ ᠮᠥᠨ᠂ ᠨᠠᠮ᠎ᠤᠨ ᠪᠠᠢᠭᠤᠯᠤᠯᠲᠠ᠎ᠶ᠋ᠢ ᠠᠳᠭᠤᠬᠤ ᠦᠭᠡᠢ ᠪᠣᠯ ᠬᠠᠷᠢᠭᠤᠴᠠᠯᠭ᠎ᠠ᠎ᠪᠠᠨ ᠠᠯᠳᠠᠭ᠍ᠰᠠᠨ ᠶᠠᠪᠤᠳᠠᠯ ᠮᠥᠨ᠂ ᠨᠠᠮ᠎ᠤᠨ ᠪᠠᠢᠭᠤᠯᠤᠯᠲᠠ᠎ᠶ᠋ᠢ ᠰᠠᠢᠲᠤᠷ ᠠᠳᠭᠤᠬᠤ ᠦᠭᠡᠢ ᠪᠣᠯ ᠲᠤᠱᠢᠶᠠᠯ᠎ᠢᠶᠠᠨ ᠤᠰᠤᠯᠳᠠᠭᠰᠠᠨ ᠶᠠᠪᠤᠳᠠᠯ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠵᠣᠬᠢᠶᠠᠨ ᠪᠠᠢᠭᠤᠯᠬᠤ ᠬᠦᠴᠦᠨ ᠪᠠ ᠲᠠᠢ᠌ᠴᠢᠨ ᠬᠦᠴᠦᠨ ᠢ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ᠃ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ᠎ᠶ᠋ᠢ ᠪᠠᠲᠤ ᠪᠤᠢ ᠪᠣᠯᠭᠠᠵᠤ᠂ ᠤᠯᠤᠰ ᠲᠦᠷᠦ᠍᠎ᠶ᠋ᠢᠨ ᠪᠠᠷᠢᠮᠵᠢᠶ᠎ᠠ᠎ᠪᠠᠷ ᠨᠢᠭᠡᠳᠦᠭᠡᠷ ᠪᠠᠷᠢᠮᠵᠢᠶ᠎ᠠ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠰᠠᠢ᠌ᠨ ᠺᠠᠳ᠋ᠷ᠎ᠤᠨ ᠪᠠᠷᠢᠮᠵᠢᠶ᠎ᠠ᠎ᠶ᠋ᠢ ᠪᠠᠷᠢᠮᠲᠠᠯᠠᠵᠤ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠤᠯᠤᠰ ᠲᠦᠷᠦ᠍᠎ᠶ᠋ᠢᠨ ᠪᠣᠭᠣᠮᠲᠠ᠂ ᠵᠠᠩ ᠰᠤᠷᠲᠠᠯ᠎ᠤᠨ ᠪᠣᠭᠣᠮᠲᠠ᠂ ᠴᠢᠳᠠᠪᠤᠷᠢ᠎ᠶ᠋ᠢᠨ ᠪᠣᠭᠣᠮᠲᠠ᠂ ᠰᠤᠷᠲᠠᠯ᠎ᠤᠨ ᠪᠣᠭᠣᠮᠲᠠ᠂ ᠠᠷᠢᠭᠤᠨ ᠴᠢᠬᠡᠴᠢ᠎ᠶ᠋ᠢᠨ ᠪᠣᠭᠣᠮᠲᠠ᠎ᠶ᠋ᠢ ᠴᠢᠩᠭ᠎ᠠ ᠠᠳᠬᠤᠨ᠎ᠠ᠃ ᠣᠷᠣᠨ ᠨᠤᠲᠤᠭ᠎ᠤᠨ ᠬᠤᠭᠤᠴᠠᠭ᠎ᠠ ᠰᠣᠯᠢᠬᠤ᠎ᠲᠠᠶ ᠤᠶᠠᠯᠳᠤᠭᠤᠯᠤᠨ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠬᠡᠪ ᠰᠤᠷᠲᠠᠯ᠎ᠢ ᠴᠡᠪᠡᠷᠱᠢᠭᠦᠯᠵᠦ᠍᠂ ᠱᠢᠯᠢᠳᠡᠭ ᠵᠠᠯᠠᠭᠤ ᠺᠠᠳ᠋ᠷ᠎ᠢ ᠶᠡᠬᠡᠪᠡᠷ ᠰᠣᠩᠭᠣᠨ ᠬᠡᠷᠡᠭ᠌ᠯᠡᠵᠦ᠍᠂ ᠤᠯᠤᠰ ᠲᠥᠷᠥ᠎ᠶ᠋ᠢᠨ ᠲᠠᠯ᠎ᠠ᠎ᠪᠠᠷ ᠪᠠᠲᠤ ᠴᠢᠩᠭ᠎ᠠ᠂ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶ᠋ᠢ ᠤᠳᠤᠷᠢᠳᠭᠤ ᠴᠢᠳᠠᠪᠤᠷᠢ᠎ᠲᠠᠶ ᠥᠨᠳᠥᠷ ᠬᠡᠪ ᠪᠤᠯᠪᠠᠰᠤᠷᠠᠯ ᠲᠠᠢ ᠲᠤᠰᠭᠠᠢᠵᠢᠭ᠍ᠰᠠᠨ ᠺᠠᠳ᠋ᠷ᠎ᠤᠨ ᠡᠩᠨᠡᠭᠡ᠎ᠶ᠋ᠢ ᠬᠦᠴᠦᠯᠡᠨ ᠪᠠᠢᠭᠤᠯᠤᠨ᠎ᠠ᠃ ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ᠎ᠶ᠋ᠢ ᠤᠶᠠᠯᠳᠤᠭᠤᠯᠬᠤ᠂ ᠤᠷᠮᠠᠱᠢᠭᠤᠯᠬᠤ ᠪᠠ ᠬᠢᠵᠠᠭᠠᠷᠯᠠᠬᠤ᠎ᠶ᠋ᠢ ᠵᠡᠷᠭᠡᠳᠡ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠺᠠᠳ᠋ᠷ᠎ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠨᠥᠯᠥᠭᠡᠯᠡᠵᠦ᠍ ᠪᠠᠢᠭ᠎ᠠ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠬᠦᠳᠦᠯᠦᠨ ᠵᠢᠯᠤᠭᠤᠳᠴᠤ᠂ ᠤᠭ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠴᠤᠴᠠᠯᠲᠠ ᠦᠭᠡᠢ ᠤᠷᠤᠭ᠍ᠰᠢᠯᠠᠵᠤ᠂ ᠱᠢᠨ᠎ᠡ ᠴᠠᠭ ᠦᠶ᠎ᠡ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠍᠂ ᠱᠢᠨ᠎ᠡ ᠴᠠᠭ ᠦᠶ᠎ᠡ᠎ᠵᠢᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭᠯᠡᠨ᠎ᠡ᠃
ᠥᠷᠭᠡᠨ ᠤᠯᠠᠨ ᠺᠠᠳ᠋ᠷ ᠤᠯᠠᠨ ᠲᠦᠮᠡᠨ ᠲᠣᠭᠣᠷᠢᠨ ᠪᠠᠢᠴᠠᠭᠠᠵᠤ ᠬᠠᠷᠢᠭᠤ ᠲᠤᠰᠬᠠᠭᠰᠠᠨ ᠰᠠᠨᠠᠯ ᠵᠢᠡᠷ ᠴᠡᠭ᠌ᠴᠡᠯᠡᠨ ᠰᠠᠢᠵᠢᠷᠠᠭᠤᠯᠵᠤ ᠪᠠᠢᠭ᠎ᠠ ᠪᠠᠢᠳᠠᠯ᠎ᠳᠤ ᠬᠢᠨᠠᠯᠲᠠ ᠲᠠᠯᠪᠢᠬᠤ᠎ᠶ᠋ᠢ ᠪᠠᠶᠠᠷᠯᠠᠨ ᠤᠭ᠍ᠲᠤᠵᠤ ᠪᠠᠢᠨ᠎ᠠ᠃ ᠬᠡᠷᠪᠡ ᠰᠠᠨᠠᠯ ᠰᠠᠨᠠᠭᠤᠯᠭ᠎ᠠ ᠪᠠᠢᠪᠠᠯ ᠴᠠᠭ ᠲᠤᠬᠠᠶ᠎ᠳᠤ ᠨᠢ ᠪᠢᠳᠡᠨ᠎ᠳᠦ ᠲᠤᠰᠬᠠᠭᠠᠷᠠᠢ᠃
ᠬᠠᠷᠢᠯᠴᠠᠬᠤ ᠤᠲᠠᠰᠤ᠄ 0471— 4827395;
ᠱᠢᠤᠳᠠᠨ᠎ᠤ ᠵᠠᠬᠢᠳᠠᠯ᠎ᠤᠨ ᠬᠠᠢᠷᠴᠠᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠴᠢᠩ ᠴᠧᠩ ᠭᠤᠳᠤᠮᠵᠢ᠎ᠶ᠋ᠢᠨ 1 ᠳ᠋ᠤᠭᠡᠷ ᠨᠣᠮᠧᠷ (ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠤᠬᠠᠭᠤᠯᠬᠤ ᠬᠡᠯᠲᠡᠰ);
ᠢᠮᠧᠯ ᠄ nmgxjs@126.com
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ
2021ᠣᠨ᠎ᠤ10 ᠰᠠᠷ᠎ᠠ᠎ᠶ᠋ᠢᠨ23᠎ᠤ᠋ ᠡᠳᠦᠷ