ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠡᠷᠡᠰ ᠪᠠᠲᠤ ᠴᠣᠭ᠍ᠴᠠᠯᠠᠵᠤ ᠱᠢᠨ᠎ᠡ ᠴᠠᠭ ᠦᠶ᠎ᠡ᠎ᠶ᠋ᠢᠨ ᠲᠦᠩᠯᠢᠶᠣᠤ᠎ᠶ᠋ᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠠᠬᠢᠭᠤᠯᠤᠨ᠎ᠠ
2021-11-02 09:30:06
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ  ᠪᠠᠢᠩᠭᠤ᠎ᠶ᠋ᠢᠨ ᠭᠡᠱᠢᠭᠦᠨ  ᠲᠦᠩᠯᠢᠶᠣᠤ ᠬᠣᠲᠠ᠎ᠶ᠋ᠢᠨ ᠨᠠᠮ᠎ᠤᠨ ᠬᠤᠷᠢᠶᠠᠨ᠎ᠤ ᠱᠦᠵᠢ   ᠮᠧᠩ ᠱᠢᠶᠠᠨ ᠳ᠋ᠦᠩ

 

ᠶᠡᠷᠦᠩᠬᠡᠶ ᠱᠦᠵᠢ ᠰᠢ᠎ᠶ᠋ᠢᠨ ᠫᠢᠩ᠎ᠦᠨ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠮᠠᠨ᠎ᠤ ᠨᠠᠮ᠎ᠤᠨ ᠦᠨᠳᠦᠰᠦᠲᠡᠨ᠎ᠦ ᠠᠵᠢᠯ᠎ᠤᠨ ᠵᠠᠭᠤᠨ ᠵᠢᠯ᠎ᠦᠨ ᠬᠡᠷᠡᠯ ᠰᠠᠴᠤᠷᠠᠩᠭᠤᠶ ᠥᠩᠭᠡᠷᠡᠯᠲᠡ ᠪᠠ ᠠᠭᠤᠤ ᠶᠡᠬᠡ ᠲᠡᠦᠬᠡᠨ ᠠᠮᠵᠢᠯᠲᠠ᠎ᠶ᠋ᠢ ᠪᠥᠬᠥ᠌ ᠲᠠᠯ᠎ᠠ᠎ᠪᠠᠷ ᠡᠷᠭᠢᠴᠡᠭᠦᠯᠵᠦ᠍᠂ ᠮᠠᠨ᠎ᠤ ᠨᠠᠮ᠎ᠤᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠭᠤᠤᠯᠳᠠᠯᠭ᠎ᠠ᠎ᠲᠠᠶ ᠡᠭᠦᠷᠭᠡ ᠪᠠ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠳᠣᠷᠬᠠᠶ ᠳᠤᠷᠠᠳᠤᠨ ᠭᠠᠷᠭᠠᠪᠠ᠂ ᠡᠨᠡ᠎ᠪᠤᠯ ᠨᠠᠮ᠎ᠤᠨ ᠦᠨᠳᠦᠰᠦᠲᠡᠨ᠎ᠦ ᠠᠵᠢᠯ᠎ᠤᠨ ᠦᠶ᠋ᠯᠡᠳᠦᠯᠭᠡ᠎ᠶ᠋ᠢᠨ ᠬᠠᠮᠤᠭ᠎ᠤᠨ ᠱᠢᠨ᠎ᠡ ᠳ᠋ᠦᠩᠨᠡᠯᠲᠡ᠂ ᠨᠠᠮ᠎ᠤᠨ ᠦᠨᠳᠦᠰᠦᠲᠡᠨ᠎ᠦ ᠱᠢᠨ᠎ᠡ᠎ᠶ᠋ᠢ ᠡᠭᠦᠳᠬᠦ᠌ ᠣᠨᠣᠯ᠎ᠤᠨ ᠬᠠᠮᠤᠭ᠎ᠤᠨ ᠱᠢᠨ᠎ᠡ ᠬᠠᠭᠤᠳᠠᠰᠤ᠂ ᠪᠢᠳᠡᠨ᠎ᠦ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢ ᠵᠢᠯᠣᠭᠣᠳᠭᠤ ᠠᠵᠢᠯᠯᠠᠭᠠᠨ᠎ᠤ ᠬᠥᠲᠥᠯᠪᠦᠷᠢ ᠪᠠ ᠱᠢᠨᠵᠢᠯᠡᠬᠦ᠌ ᠤᠬᠠᠭᠠᠨᠴᠢ ᠵᠦᠭ᠌ᠯᠡᠭᠦᠷ ᠮᠥᠨ᠃ ᠱᠢᠨ᠎ᠡ ᠠᠶᠠᠨ ᠵᠠᠮ᠎ᠳᠤ ᠂ ᠪᠢᠳᠡ ᠡᠨᠡ ᠬᠦ᠌ ᠴᠢᠬᠤᠯᠠ ᠦᠵᠡᠯ ᠰᠠᠨᠠᠭᠠᠨ᠎ᠤ ᠪᠠᠶᠠᠯᠢᠭ ᠠᠭᠤᠯᠤᠭ᠍ᠳᠠᠬᠤᠨ᠂ ᠵᠣᠷᠢᠭ ᠰᠠᠨᠠᠭᠠᠨ᠎ᠤ ᠮᠥᠨ ᠴᠢᠨᠠᠷ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠰᠤᠷᠤᠯᠴᠠᠨ ᠭᠦᠨᠵᠡᠭᠡᠶ ᠣᠢᠯᠠᠭᠠᠵᠤ᠂ ᠤᠯᠤᠰ ᠲᠥᠷᠥ᠎ᠶ᠋ᠢᠨ ᠤᠬᠠᠮᠰᠠᠷ᠎ᠢᠶᠠᠨ ᠴᠢᠩᠭᠠᠳᠭᠠᠨ᠂ ᠣᠨᠣᠯ᠎ᠢᠶᠠᠷ ᠵᠡᠪᠰᠡᠭ᠌ᠯᠡᠬᠦ᠌᠎ᠪᠡᠨ ᠴᠢᠩᠭᠠᠳᠭᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠴᠢᠩᠭ᠎ᠠ ᠠᠳᠭᠤᠨ᠂ ᠨᠠᠮ᠎ᠤᠨ ᠱᠢᠨ᠎ᠡ᠎ᠶ᠋ᠢ ᠡᠭᠦᠳᠬᠦ᠌ ᠣᠨᠣᠯ᠎ᠢ ᠦᠨᠡᠨ ᠬᠦ᠌ ᠱᠢᠨ᠎ᠡ ᠴᠠᠭ ᠦᠶ᠎ᠡ᠎ᠶ᠋ᠢᠨ ᠲᠦᠩᠯᠢᠶᠣᠤ᠎ᠶ᠋ᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠬᠤ ᠬᠡᠷᠡᠭ᠌ᠲᠡᠶ᠃

ᠨᠢᠭᠡ ᠂ ᠪᠠᠢᠩᠭᠤ ᠰᠤᠷᠤᠯᠴᠠᠵᠤ ᠪᠠᠢᠩᠭᠤ ᠱᠢᠨᠡᠴᠢᠯᠡᠬᠦ᠌᠎ᠶ᠋ᠢ ᠪᠠᠷᠢᠮᠲᠠᠯᠠᠵᠤ᠂ ᠪᠠᠢᠩᠭᠤ ᠣᠢᠯᠠᠭᠠᠵᠤ ᠪᠠᠢᠩᠭᠤ ᠳᠠᠪᠰᠢᠬᠤ᠎ᠶ᠋ᠢ ᠪᠡᠶᠡᠯᠡᠭᠦᠯᠵᠦ᠍᠂ ᠱᠢᠨ᠎ᠡ ᠴᠠᠭ᠎ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠬᠦ᠌ ᠬᠡᠷᠡᠭ᠌ᠲᠡᠢ᠃ ᠤᠨᠤᠯ ᠪᠣᠯ ᠦᠢᠯᠡᠳᠦᠯᠭᠡ᠎ᠶ᠋ᠢᠨ ᠤᠳᠤᠷᠢᠳᠤᠮᠵᠢ ᠮᠥᠨ᠂ ᠦᠵᠡᠯ ᠰᠠᠨᠠᠭ᠎ᠠ ᠪᠣᠯ ᠤᠷᠤᠭ᠍ᠰᠢᠯᠠᠯᠲᠠ᠎ᠶ᠋ᠢᠨ ᠲᠤᠭ ᠮᠥᠨ᠃ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠤᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ ᠶᠠᠮᠠᠷ ᠲᠤᠭ᠎ᠢ ᠮᠠᠨᠳᠤᠭᠤᠯᠬᠤ ᠂ ᠶᠠᠮᠠᠷ ᠵᠠᠮ᠎ᠢᠶᠠᠷ ᠵᠠᠮᠨᠠᠬᠤ ᠵᠡᠷᠭᠡ ᠦᠨᠳᠦᠰᠦᠨ ᠴᠢᠨᠠᠷᠲᠠᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠠᠰᠠᠭᠤᠳᠠᠯ᠎ᠳᠤ ᠱᠢᠨᠵᠢᠯᠡᠬᠦ᠌ ᠤᠬᠠᠭᠠᠨᠴᠢ ᠬᠠᠷᠢᠭᠤᠯᠲᠠ ᠥᠭ᠌ᠴᠦ᠂ ᠮᠠᠨ᠎ᠤ ᠨᠠᠮ᠎ᠤᠨ ᠦᠨᠳᠦᠰᠦᠲᠡᠨ᠎ᠦ ᠠᠵᠢᠯ᠎ᠤᠨ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ᠎ᠶ᠋ᠢ ᠱᠢᠨ᠎ᠡ ᠦᠨᠳᠦᠷᠴᠡ ᠳ᠋ᠤ ᠬᠦᠷᠭᠡᠵᠦ᠍᠂ ᠮᠠᠷᠺᠰ᠎ᠤᠨ ᠦᠵᠡᠯ᠎ᠦᠨ ᠦᠨᠳᠦᠰᠦᠲᠡᠨ᠎ᠦ ᠤᠨᠤᠯ᠎ᠤᠨ ᠱᠢᠨ᠎ᠡ ᠠᠬᠤᠢ ᠪᠠᠢᠳᠠᠯ᠎ᠢ ᠨᠡᠭᠡᠭᠡᠪᠡ᠃ ᠲᠦᠩᠯᠢᠶᠣᠤ ᠬᠤᠳᠠ᠂ ᠪᠥᠬᠥ᠌ ᠣᠷᠣᠨ᠎ᠤ ᠴᠥᠭᠡᠨ ᠲᠣᠭᠠᠲᠤ ᠦᠨᠳᠦᠰᠦᠲᠡᠨ᠎ᠦ ᠣᠯᠠᠨ ᠲᠦᠮᠡᠨ᠎ᠦ ᠬᠠᠷᠢᠴᠠᠯ ᠨᠡᠯᠢᠶᠡᠳ ᠶᠡᠬᠡ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠡᠷᠬᠡᠪᠰᠢ ᠬᠠᠷᠢᠭᠤᠴᠠᠯᠭᠠᠲᠤ ᠰᠡᠳᠭᠢᠯᠭᠡ ᠡᠬᠦᠷᠬᠡᠳᠦ ᠰᠡᠳᠬᠢᠯᠭᠡ  ᠪᠠᠨ ᠦᠨᠡᠨ ᠬᠦ᠌ ᠴᠢᠩᠭᠠᠳᠭᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠪᠦᠷᠢᠨ ᠪᠦᠲᠦᠨ ᠵᠥᠪ ᠣᠨᠣᠪᠴᠢᠲᠠᠶ ᠪᠥᠬᠥ᠌ ᠲᠠᠯ᠎ᠠ᠎ᠪᠠᠷ ᠡᠵᠡᠮᠱᠢᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠣᠨᠣᠯ᠎ᠢᠶᠠᠷ ᠵᠡᠪᠰᠡᠭ᠌ᠯᠡᠬᠦ᠌᠎ᠶ᠋ᠢ ᠰᠠᠢᠲᠤᠷ ᠠᠳᠭᠤᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠤᠯᠤᠰ ᠲᠥᠷᠥ᠎ᠪᠡᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂  ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠂ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠰᠠᠭᠤᠷᠢ᠎ᠶ᠋ᠢ ᠪᠡᠬᠢᠵᠢᠬᠦᠯᠬᠦ ᠬᠡᠷᠡᠭᠳᠡᠢ᠃ ᠪᠣᠳᠠᠲᠠᠶ ᠠᠵᠢᠯ᠎ᠤᠨ ᠳᠤᠮᠳᠠ᠂ ᠬᠣᠲᠠ᠎ᠶ᠋ᠢᠨ ᠨᠠᠮ᠎ᠤᠨ ᠬᠣᠷᠢᠶ᠎ᠠ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠢᠨ ᠲᠣᠭᠣᠷᠢᠨ᠎ᠳᠤ᠂ ᠲᠢᠩᠬᠢᠮ᠎ᠦᠨ ᠳᠡᠰ᠎ᠤᠨ  ᠤᠳᠤᠷᠢᠳᠭᠤ ᠺᠠᠳ᠋ᠷ᠎ᠢ ᠵᠣᠬᠢᠶᠠᠨ ᠪᠠᠢᠭᠤᠯᠵᠤ ᠬᠤᠪᠢᠳᠠᠨ ᠬᠠᠮᠢᠶᠠᠷᠴᠤ᠌ ᠪᠠᠢᠭ᠎ᠠ ᠬᠦᠷᠢᠶ᠎ᠡ ᠴᠠᠷᠠᠭ᠎ᠠ ᠪᠠ  ᠬᠤᠪᠢᠳᠠᠨ ᠬᠠᠮᠢᠶᠠᠷᠴᠤ ᠪᠠᠢᠭ᠎ᠠ ᠹᠷᠣᠨᠲ ᠲᠤ᠌  ᠬᠦᠨᠵᠡᠭᠡᠢᠷᠡᠨ᠂ ᠤᠯᠠᠮᠵᠢᠯᠠᠨ ᠲᠠᠮᠵᠢᠭᠤᠯᠵᠤ ᠳᠠᠭᠠᠭᠤᠯᠤᠨ ᠰᠤᠷᠤᠯᠴᠠᠨ᠎ᠠ᠃ ᠬᠣᠱᠢᠭᠤ ᠱᠢᠶᠠᠨ ᠬᠣᠲᠠ ᠵᠢᠨ ᠲᠣᠭᠣᠷᠢᠭ᠂ ᠬᠤᠳᠠ᠎ᠶ᠋ᠢᠨ ᠱᠢᠭᠤᠳ ᠬᠠᠷᠢᠶ᠎ᠠ ᠰᠠᠯᠠᠭ᠎ᠠ ᠮᠥᠴᠢᠷ᠂ ᠨᠢᠭᠡᠳᠦᠮᠡᠯ ᠹᠷᠣᠨᠲ ᠪᠠ ᠦᠨᠳᠦᠰᠦᠲᠡᠨ᠎ᠦ ᠬᠡᠷᠡᠭ ᠡᠷᠬᠢᠯᠡᠬᠦ᠌ ᠵᠦᠪᠯᠡᠯ᠎ᠤᠨ ᠱᠢᠰᠲ᠋ᠧᠮ᠂ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠵᠢᠴᠢ ᠡᠯ᠎ᠡ ᠱᠠᠲᠤᠨ᠎ᠤ ᠯᠧᠺᠲ᠋ᠣᠷ᠎ᠤᠨ ᠪᠦᠯᠬᠦᠮ ᠵᠡᠷᠭᠡ ᠵᠢ ᠭᠤᠤᠯᠳᠠᠯᠭ᠎ᠠ᠎ᠲᠠᠶ ᠱᠠᠯᠠᠪᠳᠠᠨ ᠰᠤᠷᠤᠯᠴᠠᠭᠤᠯᠵᠤ᠂ ᠡᠯ᠎ᠡ ᠱᠠᠲᠤᠨ᠎ᠤ ᠣᠨᠣᠯ ᠰᠤᠷᠤᠯᠴᠠᠬᠤ ᠭᠤᠤᠯ ᠳᠤᠭᠤᠢᠯᠠᠩ᠂ ᠦᠨᠳᠦᠰᠦᠨ ᠱᠠᠲᠤᠨ᠎ᠤ ᠨᠠᠮ᠎ᠤᠨ ᠡᠭᠦᠷ᠎ᠤᠨ ᠲᠥᠪᠯᠡᠷᠡᠭᠦᠯᠦᠨ ᠰᠤᠳᠤᠯᠤᠨ ᠰᠤᠷᠤᠯᠴᠠᠬᠤ ᠠᠵᠢᠯᠯᠠᠭ᠎ᠠ ᠦᠷᠨᠢᠬᠦᠯᠵᠦ᠂ ᠦᠨᠳᠦᠰᠦᠨ ᠱᠠᠲᠤᠨ᠎ᠳᠤ ᠬᠠᠨᠳᠤᠭᠤᠯᠵᠤ᠂ ᠣᠯᠠᠨ ᠲᠦᠮᠡᠨ᠎ᠳᠦ ᠬᠠᠨᠳᠤᠭᠤᠯᠵᠤ ᠶᠡᠬᠡ ᠪᠡᠷ ᠤᠬᠠᠭᠤᠯᠤᠨ ᠲᠠᠢᠯᠪᠤᠷᠢᠯᠠᠬᠤ ᠵᠢᠨ ᠬᠠᠮᠳᠤ᠂ ᠡᠬᠦᠨ᠎ᠤ ᠰᠠᠭᠤᠷᠢᠨ ᠳᠡᠭᠡᠷ᠎ᠡ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠱᠢᠨ᠎ᠡ ᠴᠠᠭ ᠦᠶ᠎ᠡ᠎ᠶ᠋ᠢᠨ ᠲᠦᠩᠯᠢᠶᠣᠤ᠎ᠶ᠋ᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠨᠠᠢᠳᠠᠪᠤᠷᠢᠵᠢᠭᠤᠯᠬᠤ ᠲᠥᠰᠦᠯ᠎ᠢ ᠲᠤᠭᠤᠷᠪᠢᠵᠤ ᠲᠣᠭ᠍ᠲᠠᠭᠠᠨ᠎ᠠ᠂ ᠨᠠᠮ᠎ᠤᠨ ᠦᠨᠳᠦᠰᠦᠲᠡᠨ᠎ᠦ ᠠᠵᠢᠯ᠎ᠤᠨ ᠬᠠᠮᠤᠭ᠎ᠤᠨ ᠱᠢᠨ᠎ᠡ ᠣᠨᠣᠯ᠎ᠤᠨ ᠦᠷ᠎ᠡ ᠪᠦᠲᠦᠭᠡᠯ᠎ᠢᠶᠡᠷ ᠦᠵᠡᠯ ᠰᠠᠨᠠᠭ᠎ᠠ᠎ᠪᠠᠨ ᠨᠢᠭᠡᠳᠭᠡᠵᠦ᠂ ᠵᠤᠷᠢᠭ ᠰᠠᠨᠭ᠎ᠠ ᠪᠠᠨ ᠨᠢᠬᠡᠳᠬᠡᠵᠦ᠂ ᠦᠢᠯᠡ ᠠᠵᠢᠯᠯᠠᠭ᠎ᠠ ᠪᠠᠨ ᠨᠢᠬᠡᠳᠬᠡᠵᠦ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠰᠦᠷ ᠳᠠᠯᠠᠢᠴᠠᠲᠠᠶ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠨᠢᠭ᠍ᠲᠠᠷᠠᠭᠤᠯᠬᠤ ᠬᠡᠷᠡᠭᠳᠡᠢ᠃

ᠬᠣᠶᠠᠷ ᠂ ᠭᠤᠤᠯ ᠱᠤᠭᠤᠮ ᠪᠠ ᠬᠥᠲᠥᠯᠪᠦᠷᠢ᠎ᠵᠢᠨ ᠲᠤᠭᠤᠷᠢᠨ ᠳ᠋ᠤ ᠠᠳᠠᠯᠢ ᠴᠢᠭ᠌ᠯᠡᠯ᠎ᠢᠶᠡᠷ ᠬᠦᠴᠦᠯᠡᠬᠦ᠌᠎ᠶ᠋ᠢ ᠦᠨᠡᠨ ᠬᠦ᠌ ᠪᠠᠲᠤᠯᠠᠵᠤ᠂ ᠦᠨᠳᠦᠰᠦᠨ ᠱᠠᠲᠤᠨ᠎ᠤ ᠦᠨᠳᠦᠰᠦᠲᠡᠨ᠎ᠦ ᠠᠵᠢᠯ᠎ᠤᠨ ᠲᠠᠰᠤᠷᠠᠯᠲᠠ ᠥᠬᠡᠶ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ᠎ᠶ᠋ᠢ ᠬᠥᠲᠥᠯᠥᠨ ᠵᠢᠯᠣᠭᠣᠳᠴᠤ᠌ ᠠᠬᠢᠭᠤᠯᠬᠤ ᠬᠡᠷᠡᠭᠳᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠤᠯᠤᠰ ᠭᠡᠷ᠎ᠤᠨ ᠨᠢᠭᠡᠳᠦᠯ᠎ᠦᠨ ᠰᠠᠭᠤᠷᠢ᠂ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ᠂ ᠤᠶᠤᠨ ᠰᠠᠨᠠᠭᠠᠨ᠎ᠤ ᠬᠦᠴᠦᠨ ᠴᠢᠳᠠᠯ᠎ᠤᠨ ᠰᠦᠭ ᠰᠦᠨᠡᠰᠦ ᠮᠥᠨ᠃ ᠶᠡᠷᠦᠩᠬᠡᠶ ᠱᠦᠵᠢ ᠰᠢ᠎ᠶ᠋ᠢᠨ ᠫᠢᠩ᠎ᠦᠨ ᠴᠢᠬᠤᠯᠠ ᠶᠠᠷᠢᠶ᠎ᠠ᠎ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ  ᠪᠠᠲᠤ ᠴᠣᠭ᠍ᠴᠠᠯᠠᠬᠤ᠎ᠶ᠋ᠢᠨ ᠴᠢᠬᠤᠯᠠ ᠠᠴᠢ ᠬᠣᠯᠪᠣᠭ᠍ᠳᠠᠯ᠂ ᠴᠢᠬᠤᠯᠠ ᠶᠡᠬᠡ ᠬᠠᠷᠢᠴᠠᠭ᠎ᠠ᠂ ᠭᠤᠤᠯᠳᠠᠯᠭ᠎ᠠ᠎ᠲᠠᠶ ᠡᠭᠦᠷᠭᠡ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠦ᠍ ᠂ ᠪᠢᠳᠡᠨ᠎ᠦ ᠦᠨᠳᠦᠰᠦᠨ ᠱᠠᠲᠤᠨ᠎ᠤ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠨ ᠥᠭ᠌ᠴᠦ᠂ ᠦᠨᠳᠦᠰᠦᠨ ᠵᠢᠷᠤᠮᠯᠠᠯ ᠬᠠᠩᠭᠠᠪᠠ᠃ ᠲᠦᠩᠯᠢᠶᠣᠤ᠎ᠶ᠋ᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠲᠦᠯᠬᠢᠨ ᠠᠬᠢᠭᠤᠯᠬᠤ ᠳ᠋ᠸ᠋ ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠤᠭᠤᠮ ᠪᠠ ᠬᠥᠲᠥᠯᠪᠦᠷᠢ᠎ᠲᠡᠶ ᠨᠢᠭ᠍ᠲᠠ ᠤᠶᠠᠯᠳᠤᠭᠤᠯᠵᠤ᠂ ᠬᠠᠮᠲᠤ᠎ᠶ᠋ᠢᠨ ᠴᠢᠨᠠᠷ᠎ᠢ ᠨᠡᠮᠡᠭ᠌ᠳᠡᠭᠦᠯᠬᠦ᠌ ᠴᠢᠭ᠌ᠯᠡᠯ᠎ᠢᠶᠡᠷ ᠦᠨᠳᠦᠰᠦᠲᠡᠨ᠎ᠦ ᠠᠵᠢᠯ᠎ᠢ ᠡᠷᠡᠰ ᠴᠢᠩᠭᠠᠳᠭᠠᠨ ᠰᠠᠢᠵᠢᠷᠠᠭᠤᠯᠵᠤ ᠂ 《ᠠᠷᠪᠠᠨ ᠳᠥᠷᠪᠡᠳᠦᠭᠡᠷ ᠲᠠᠪᠤᠨ ᠵᠢᠯ》 ᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠴᠢᠨᠠᠷ ᠰᠠᠢᠲᠠᠶ ᠡᠭᠦᠳᠦᠨ ᠪᠠᠢᠭᠤᠯᠬᠤ᠎ᠪᠠᠷ ᠴᠢᠷᠮᠠᠢᠬᠤ ᠬᠡᠷᠡᠭᠳᠡᠢ᠃ ᠨᠢᠭᠡ ᠳ᠋ᠤ᠂ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ ᠳᠤᠮᠳᠠ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠎ᠵᠢ ᠨᠡᠮᠡᠭᠳᠡᠬᠦᠯᠬᠦ ᠬᠡᠷᠡᠭᠳᠡᠢ᠃ ᠤᠯᠤᠰ ᠲᠥᠷᠥ᠎ᠪᠡᠷ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠰᠣᠶᠣᠯ᠎ᠢᠶᠠᠷ ᠤᠮᠳᠠᠯᠠᠵᠤ᠂ 《ᠳᠥᠷᠪᠡᠨ ᠲᠡᠦᠬᠡ》《ᠲᠠᠪᠤᠨ ᠦᠵᠡᠯᠲᠡ》᠂ ᠨᠡᠢᠭᠡᠮ ᠵᠢᠷᠤᠮ᠎ᠤᠨ ᠭᠤᠤᠯᠯᠠᠬᠴᠢ ᠥᠷᠲᠡᠭ᠎ᠦᠨ ᠦᠵᠡᠯᠲᠡ᠎ᠶ᠋ᠢᠨ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭ᠌ᠵᠢᠭᠦᠯᠬᠦ᠂ ᠣᠳᠣ ᠦᠶ᠎ᠡ᠎ᠶ᠋ᠢᠨ ᠪᠣᠯᠪᠠᠰᠤᠨ᠎ᠤ ᠬᠥᠮᠦᠵᠢᠯ᠂ ᠰᠣᠶᠣᠯ ᠵᠢᠡᠷ ᠠᠷᠠᠳ᠎ᠲᠤ ᠠᠱᠢᠭ ᠬᠦᠷᠲᠡᠭᠡᠬᠦ᠌ ᠵᠡᠷᠭᠡ ᠭᠤᠤᠯᠳᠠᠯᠭ᠎ᠠ᠎ᠲᠠᠶ ᠢᠨᠵᠧᠨᠧᠷᠢᠩ᠎ᠢ  ᠪᠦᠳᠦᠭᠡᠯᠴᠢ ᠪᠡᠷ ᠬᠡᠷᠡᠭ᠌ᠵᠢᠭᠦᠯᠵᠦ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠦᠨ ᠲᠦᠷᠦ᠍᠎ᠶ᠋ᠢᠨ ᠪᠤᠳᠤᠯᠭ᠎ᠠ᠎ᠶ᠋ᠢ ᠲᠡᠷᠡ ᠶᠣᠰᠣᠭᠠᠷ ᠨᠢ ᠰᠠᠢᠲᠤᠷ ᠨᠠᠢᠳᠠᠪᠤᠷᠢᠵᠢᠭᠤᠯᠤᠨ᠎ᠠ᠂ ᠲᠤᠰ ᠭᠠᠵᠠᠷ ᠣᠷᠣᠨ᠎ᠤ᠎ᠪᠠᠨ ᠲᠡᠦᠬᠡᠨ ᠪᠣᠳᠠᠲᠤ ᠬᠡᠷᠡᠭ᠂ ᠰᠣᠶᠣᠯ᠎ᠤᠨ ᠦᠯᠡᠳᠡᠭ᠌ᠳᠡᠯ᠎ᠢ ᠭᠦᠢᠴᠡᠳ ᠠᠭᠤᠳᠠᠯᠤᠨ ᠪᠦᠲᠦᠮᠵᠢᠲᠡᠶ᠎ᠪᠡᠷ ᠬᠡᠷᠡᠭᠯᠡᠵᠦ᠂ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ᠎ᠢ ᠬᠥᠮᠦᠵᠢᠭᠦᠯᠵᠦ᠍ ᠳᠤᠮᠳᠠᠳᠤ᠎ᠶ᠋ᠢᠨ ᠪᠣᠯᠪᠠᠰᠤᠨ᠎ᠤ ᠣᠯᠠᠨ ᠡᠱᠢᠲᠦ ᠨᠢᠭᠡ ᠴᠣᠭ᠍ᠴᠠᠵᠢᠭ᠍ᠰᠠᠨ ᠪᠠᠢᠷᠢᠱᠢᠯ᠎ᠤᠨ ᠲᠤᠬᠠᠶ ᠭᠦᠨᠵᠡᠭᠡᠶ ᠣᠢᠯᠠᠭᠠᠯᠲᠠ᠎ᠶ᠋ᠢ ᠨᠡᠮᠡᠭᠳᠡᠬᠦᠯᠵᠦ᠂ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ᠎ᠵᠢᠡᠨ ᠬᠠᠮᠲᠤᠳᠬᠠᠬᠤ᠂ ᠤᠢ᠍ᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ᠎ᠬᠠᠮᠲᠤ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠭᠦᠨ ᠬᠠᠳᠠᠩᠰᠢᠭᠤᠯᠬᠤ ᠭᠡᠷᠡᠭᠲᠡᠢ᠃ ᠬᠣᠶᠠᠷ᠎ᠲᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠳᠤᠮᠳᠠ ᠬᠠᠮᠲᠤ᠎ᠪᠠᠷ ᠣᠳᠣᠬᠢᠴᠢᠯᠠᠯᠲᠠ ᠲᠡᠢᠰᠢ ᠤᠷᠤᠭ᠍ᠰᠢᠯᠠᠬᠤ ᠬᠡᠷᠡᠭᠲᠡᠢ᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠪᠠᠢᠷᠢ ᠰᠠᠭᠤᠷᠢ᠎ᠶ᠋ᠢ ᠪᠠᠲᠤ ᠡᠵᠡᠮᠳᠡᠵᠦ᠂ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠵᠡᠭᠦᠨ ᠬᠡᠰᠡᠭ᠎ᠦᠨ ᠠᠢᠮᠠᠭ ᠬᠣᠲᠠ᠎ᠶ᠋ᠢᠨ ᠬᠥᠭ᠌ᠵᠢᠯᠲᠡ᠎ᠵᠢᠨ ᠲᠤᠬᠠᠢ ᠳᠤᠷᠠᠳᠤᠭᠰᠠᠨ ᠱᠠᠭᠠᠷᠳᠠᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠡᠷᠡᠰ ᠭᠤᠢᠪᠢᠰᠢ ᠥᠬᠡᠶ ᠪᠡᠷ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ  ᠵᠢᠨ ᠲᠤᠭᠤᠷᠢᠨ ᠳ᠋ᠤ᠂ ᠲᠦᠩᠯᠢᠶᠣᠤ᠎ᠶ᠋ᠢᠨ ᠬᠥᠭ᠌ᠵᠢᠯᠲᠡ᠎ᠶ᠋ᠢ ᠲᠥᠯᠥᠪᠵᠢᠭᠦᠯᠵᠦ᠍᠂ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠪᠠᠢᠭᠤᠯᠤᠯᠲᠠ᠎ᠶ᠋ᠢ ᠴᠢᠩᠭᠠᠳᠬᠠᠵᠤ᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠶ᠋ᠯᠡᠳᠪᠦᠷᠢᠯᠡᠯ᠎ᠦᠨ ᠰᠠᠭᠤᠷᠢᠨ᠂ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠤ ᠦᠶ᠋ᠯᠡᠰ᠎ᠦᠨ ᠰᠠᠭᠤᠷᠢᠨ᠂ ᠬᠥᠩᠭᠡᠨ ᠴᠠᠭᠠᠨ ᠨᠢᠺᠧᠯ ᠴᠠᠬᠢᠭᠤᠷ᠎ᠤᠨ ᠪᠣᠬᠢᠷᠲᠤᠯ ᠦᠭᠡᠢ ᠱᠢᠨ᠎ᠡ ᠮᠠᠲ᠋ᠧᠷᠢᠶᠠᠯ᠎ᠤᠨ ᠰᠠᠭᠤᠷᠢᠨ  ᠪᠠ ᠣᠳᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠵᠢ ᠲᠦᠷᠭᠡᠳᠭᠡᠨ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠴᠦᠨ᠎ᠢ ᠨᠢᠭ᠍ᠲᠠᠷᠠᠭᠤᠯᠵᠤ᠂《ᠣᠷᠣᠨ ᠪᠦᠰᠡ᠎ᠶ᠋ᠢᠨ ᠲᠥᠪ ᠬᠣᠲᠠ》ᠵᠢᠨ ᠪᠥᠲᠥᠭᠡᠨ ᠪᠠᠢᠭᠤᠯᠤᠯᠲᠠ᠎ᠶ᠋ᠢ ᠨᠡᠯᠢᠶᠡᠳ ᠶᠡᠬᠡ ᠱᠢᠪᠲᠤᠯᠤᠯᠲᠠ᠎ᠲᠠᠶ ᠪᠣᠯᠭᠠᠬᠤ᠎ᠶ᠋ᠢ  ᠠᠬᠢᠭᠤᠯᠬᠤ ᠬᠡᠷᠡᠭᠳᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠤᠳᠤ ᠦᠶ᠎ᠡ᠎ᠶ᠋ᠢᠨ ᠠᠵᠤ ᠦᠢᠯᠡᠰ᠎ᠢ ᠪᠣᠢᠵᠢᠭᠤᠯᠬᠤ᠂ ᠬᠤᠳᠠ ᠬᠥᠳᠡᠭᠡ᠎ᠶ᠋ᠢ ᠨᠢᠭᠡᠳᠦᠯᠲᠡᠢ ᠲᠥᠯᠥᠪᠵᠢᠭᠦᠯᠦᠨ ᠬᠥᠭ᠌ᠵᠢᠭᠦᠯᠬᠦ᠌᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠂ ᠨᠡᠢᠭᠡᠮ᠎ᠦᠨ ᠵᠠᠰᠠᠯᠲᠠ᠎ᠶ᠋ᠢ ᠭᠦᠨᠵᠡᠭᠡᠢᠷᠡᠭᠦᠯᠬᠦ᠌ ᠵᠡᠷᠭᠡ ᠭᠣᠣᠯᠳᠠᠯᠭ᠎ᠠ᠎ᠲᠠᠶ ᠠᠵᠢᠯ᠎ᠳᠤ ᠭᠦᠨ ᠦᠨᠳᠦᠰᠦᠯᠡᠭᠦᠯᠵᠦ᠍᠂《ᠴᠦᠩᠬᠦ ᠵᠢ ᠨᠢ ᠳᠦᠭᠦᠷᠭᠡᠬᠦ》ᠪᠠ《ᠲᠠᠷᠢᠬᠢ ᠲᠣᠯᠣᠭᠠᠢ᠎ᠶ᠋ᠢ ᠨᠢ ᠵᠡᠪᠰᠡᠭᠯᠡᠬᠦ》ᠵᠢ ᠵᠡᠷᠭᠡ ᠎ᠪᠡᠷ ᠠᠬᠢᠭᠤᠯᠵᠤ᠂ ᠰᠠᠨᠠᠭᠠᠴᠢᠯᠠᠭ᠎ᠠ᠎ᠠᠴᠠ᠎ᠪᠠᠨ ᠨᠥᠬᠥᠴᠡᠯ ᠪᠦᠷᠢᠯᠳᠦᠭᠦᠯᠦᠨ ᠦᠭᠴᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠨ ᠵᠠᠢ᠂ ᠰᠣᠶᠣᠯ᠂ ᠠᠵᠤ ᠠᠬᠤᠢ᠂ ᠨᠡᠢᠭᠡᠮ᠂ ᠰᠡᠳᠭᠢᠴᠡ ᠵᠡᠷᠭᠡ ᠲᠠᠯ᠎ᠠ᠎ᠪᠠᠷ ᠪᠦᠬᠦ᠌ ᠲᠠᠯ᠎ᠠ᠎ᠪᠡᠷ ᠠᠭᠤᠰᠤᠯᠴᠠᠬᠤ ᠵᠢ ᠪᠡᠶᠡᠯᠡᠭᠦᠯᠵᠦ᠍᠂ ᠬᠠᠮᠲᠤ᠎ᠪᠠᠷ ᠬᠥᠭ᠌ᠵᠢᠬᠦ᠌᠂ ᠬᠠᠮᠲᠤ᠎ᠪᠠᠷ ᠴᠢᠨᠡᠭᠡᠯᠢᠭ᠌ᠵᠢᠬᠦ᠌᠂ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠢᠰᠢ ᠤᠷᠤᠭ᠍ᠰᠢᠯᠠᠬᠤ ᠵᠢ ᠠᠬᠢᠭᠤᠯᠬᠤ ᠬᠡᠷᠡᠭ᠌ᠲᠡᠢ᠃ ᠭᠤᠷᠪᠠ᠎ᠳᠤ᠂ ᠨᠡᠢᠭᠡᠮ᠎ᠦᠨ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠳᠤᠮᠳᠠ ᠠᠶᠤᠯ ᠲᠦᠭ᠌ᠰᠢᠭᠦᠷᠢ ᠭᠡᠮ ᠰᠣᠭᠣᠭ᠎ᠢ ᠰᠡᠷᠭᠡᠢᠯᠡᠬᠦ᠌ ᠬᠡᠷᠡᠭ᠌ᠲᠡᠢ᠃ ᠨᠠᠮ᠎ᠤᠨ ᠦᠨᠳᠦᠰᠦᠲᠡᠨ᠎ᠦ ᠲᠦᠷᠦ᠍ ᠵᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠵᠤ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠨ᠂ ᠡᠯ᠎ᠡ ᠵᠦᠢᠯ᠎ᠦᠨ ᠨᠡᠪᠴᠢᠯᠲᠡ ᠨᠤᠷᠠᠭᠠᠯᠲᠠ ᠡᠪᠳᠡᠯᠡᠭᠡ᠎ᠶ᠋ᠢᠨ ᠠᠵᠢᠯᠯᠠᠭ᠎ᠠ᠂ ᠦᠨᠳᠦᠰᠦᠲᠡᠨ᠎ᠢ ᠬᠠᠭᠠᠴᠠᠭᠤᠯᠬᠤ ᠠᠵᠢᠯᠯᠠᠭ᠎ᠠ᠎ᠳᠤ ᠡᠷᠡᠰ ᠴᠣᠬᠢᠯᠲᠠ ᠥᠭ᠌ᠴᠦ᠂ ᠦᠨᠳᠦᠰᠦᠲᠡᠨ᠎ᠦ ᠬᠦᠷᠢᠶ᠎ᠡ ᠴᠠᠷᠠᠭᠠᠨ᠎ᠳᠡᠬᠢ ᠬᠦᠨᠳᠦ ᠶᠡᠬᠡ ᠠᠶᠤᠯ ᠲᠦᠭ᠌ᠰᠢᠭᠦᠷᠢ᠎ᠶ᠋ᠢᠨ ᠳᠠᠯᠳᠠ ᠭᠡᠮ᠎ᠢ ᠴᠢᠩᠭ᠎ᠠ ᠰᠡᠷᠭᠡᠢᠯᠡᠨ᠂ ᠦᠨᠳᠦᠰᠦᠲᠡᠨ᠎ᠦ ᠬᠦᠴᠦᠨ ᠵᠦᠢᠯ᠎ᠳᠦ ᠬᠣᠯᠪᠣᠭ᠍ᠳᠠᠬᠤ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠰᠠᠭᠤᠳᠠᠯ᠎ᠢ ᠢᠳᠡᠪᠬᠢᠲᠡᠢ ᠪᠥᠭᠡᠳ ᠯᠠᠪᠳᠠᠭᠤᠨ ᠲᠣᠬᠢᠲᠠᠢ ᠱᠢᠢᠳᠪᠦᠷᠢᠯᠡᠵᠦ᠍᠂ ᠬᠠᠤᠯᠢ ᠪᠡᠷ ᠵᠠᠰᠠᠬᠤ᠎ᠶ᠋ᠢ ᠪᠠᠷᠢᠮᠲᠠᠯᠠᠬᠤ ᠳᠤᠮᠳᠠ ᠦᠨᠳᠦᠰᠦᠲᠡᠨ᠎ᠦ ᠪᠦᠯᠬᠦᠮᠳᠡᠯ᠎ᠦᠨ ᠰᠠᠭᠤᠷᠢ᠎ᠶ᠋ᠢ ᠨᠡᠩ ᠪᠠᠲᠤ᠂ ᠬᠡᠯᠬᠢᠶ᠎ᠡ ᠬᠣᠯᠪᠣᠭᠠᠰᠤ᠎ᠶ᠋ᠢ ᠨᠡᠩ ᠪᠡᠬᠢ ᠪᠤᠯᠭᠠᠬᠤ ᠬᠡᠷᠡᠭᠲᠡᠢ᠃

ᠭᠤᠷᠪᠠ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠨ᠂ ᠠᠵᠢᠯ᠎ᠤᠨ ᠪᠠᠲᠤᠯᠠᠭ᠎ᠠ᠎ᠶ᠋ᠢ ᠴᠢᠩᠭᠠᠳᠭᠠᠵᠤ᠂ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠪᠠᠢᠷᠢᠱᠢᠯ᠎ᠤᠨ ᠱᠢᠰᠲ᠋ᠧᠮ᠎ᠢ ᠪᠦᠷᠢᠨᠱᠢᠭᠦᠯᠦᠨ ᠲᠡᠭᠦᠯᠳᠡᠷᠵᠢᠭᠦᠯᠬᠦ᠌ ᠬᠡᠷᠡᠭ᠌ᠲᠡᠢ᠃ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠪᠣᠯ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠪᠠᠲᠤᠯᠠᠭ᠎ᠠ ᠮᠥᠨ᠃ ᠨᠠᠮ᠎ᠤᠨ ᠦᠨᠳᠦᠰᠦᠲᠡᠨ᠎ᠦ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠨ ᠲᠡᠭᠦᠯᠳᠡᠷᠵᠢᠭᠦᠯᠬᠦ᠌᠎ᠶ᠋ᠢᠨ ᠵᠠᠩᠭᠢᠯᠠᠭ᠎ᠠ ᠨᠢ ᠨᠠᠮ᠎ᠤᠨ ᠬᠤᠷᠢᠶ᠎ᠡ ᠨᠢᠭᠡᠳᠦᠯᠲᠡᠢ ᠤᠳᠤᠷᠢᠳᠭᠤ᠂ ᠵᠠᠰᠠᠭ᠎ᠤᠨ ᠣᠷᠳᠣᠨ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ᠎ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ᠎ᠦ ᠠᠵᠢᠯ᠎ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌᠂ ᠡᠯ᠎ᠡ ᠰᠠᠯᠠᠭ᠎ᠠ ᠮᠥᠴᠢᠷ ᠬᠦᠴᠦ᠍᠎ᠪᠡᠨ ᠬᠠᠮᠲᠤᠳᠭᠠᠨ ᠬᠠᠮᠲᠤᠷᠠᠯᠴᠠᠬᠤ᠂ ᠪᠦᠬᠦ᠌ ᠨᠡᠢᠭᠡᠮ᠎ᠢᠶᠡᠷ᠎ᠢᠶᠡᠨ ᠬᠠᠮᠲᠤ᠎ᠪᠠᠷ ᠣᠷᠣᠯᠴᠠᠬᠤ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠬᠤ᠎ᠳᠤ ᠪᠤᠢ᠃ ᠡᠯ᠎ᠡ ᠱᠠᠲᠤᠨ᠎ᠤ ᠨᠠᠮ᠎ᠤᠨ ᠬᠣᠷᠢᠶᠠᠨ᠎ᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠡᠯ᠎ᠡ ᠱᠠᠲᠤᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠠᠵᠢᠯ᠎ᠤᠨ ᠤᠳᠤᠷᠢᠳᠭᠤ ᠳᠤᠭᠤᠢᠯᠠᠩ ᠪᠣᠯᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠭᠡᠱᠢᠭᠦᠨ᠎ᠦ ᠲᠦᠷᠢᠮ᠎ᠦᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠦᠨᠳᠦᠰᠦᠨ ᠱᠠᠲᠤᠨ᠎ᠤ ᠦᠨᠳᠦᠰᠦᠲᠡᠨ᠎ᠦ ᠠᠵᠢᠯ᠎ᠤᠨ ᠱᠢᠰᠲ᠋ᠧᠮ᠎ᠦᠨ ᠪᠠᠢᠭᠤᠯᠤᠯᠲᠠ᠎ᠶ᠋ᠢ ᠪᠥᠬᠥ᠌᠎ᠲᠠᠯ᠎ᠠ᠎ᠪᠠᠷ ᠴᠢᠩᠭᠠᠳᠭᠠᠵᠤ᠂ ᠦᠨᠳᠦᠰᠦᠨ ᠱᠠᠲᠤᠨ᠎ᠤ ᠠᠵᠢᠯ᠎ᠤᠨ ᠶᠠᠪᠤᠭᠳᠠᠬᠤ᠎ᠶ᠋ᠢ ᠪᠠᠲᠤᠯᠠᠬᠤ᠂ ᠺᠠᠳ᠋ᠷ᠎ᠢ ᠬᠥᠮᠦᠵᠢᠭᠦᠯᠦᠨ ᠬᠡᠷᠡᠭ᠌ᠯᠡᠬᠦ᠌᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ ᠵᠡᠷᠭᠡ ᠲᠠᠯ᠎ᠠ᠎ᠶ᠋ᠢᠨ ᠲᠥᠷᠥ᠎ᠶ᠋ᠢᠨ ᠪᠣᠳᠣᠯᠭ᠎ᠠ ᠲᠦᠷᠢᠮ᠎ᠢ ᠲᠣᠭ᠍ᠲᠠᠭᠠᠨ ᠨᠡᠢᠲᠡᠯᠡᠵᠦ᠍᠂ ᠪᠤᠳᠠᠳᠠᠢ ᠦᠷ᠎ᠡ ᠪᠦᠳᠦᠮᠵᠢ᠎ᠶ᠋ᠢ ᠬᠢᠨᠠᠨ ᠱᠢᠯᠭᠠᠬᠤ᠂ ᠺᠠᠳ᠋ᠷ᠎ᠢ ᠱᠢᠯᠭᠠᠨ ᠪᠠᠢᠴᠠᠭᠠᠬᠤ ᠳᠤᠮᠳᠠ ᠤᠯᠤᠰ ᠲᠥᠷᠥ᠎ᠶ᠋ᠢᠨ ᠢᠯᠡᠷᠡᠯ ᠪᠣᠯᠤᠨ ᠦᠨᠳᠦᠰᠦᠲᠡᠨ᠎ᠦ ᠠᠵᠢᠯ᠎ᠤᠨ ᠴᠢᠳᠠᠪᠤᠷᠢ᠎ᠶ᠋ᠢ ᠨᠠᠩ ᠴᠢᠬᠤᠯᠠᠴᠢᠯᠠᠵᠤ᠂ 《ᠳᠥᠷᠪᠡᠨ ᠣᠨᠴᠠᠭᠠᠶ》ᠱᠠᠭᠠᠷᠳᠠᠯᠭ᠎ᠠ᠎ᠳᠤ ᠨᠡᠢᠴᠡᠭ᠌ᠰᠡᠨ ᠦᠨᠳᠦᠰᠦᠲᠡᠨ᠎ᠦ ᠭᠠᠵᠠᠷ ᠣᠷᠣᠨ᠎ᠤ ᠺᠠᠳ᠋ᠷ᠎ᠤᠨ ᠡᠩᠨᠡᠭᠡ᠎ᠶ᠋ᠢ ᠬᠦᠴᠦᠯᠡᠨ ᠪᠠᠢᠭᠤᠯᠵᠤ᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠦᠶ᠋ᠯᠡᠴᠢᠯᠡᠬᠦ᠌ ᠴᠢᠳᠠᠪᠤᠷᠢ ᠲᠦᠪᠱᠢᠨ᠎ᠢᠶᠡᠨ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ᠃ 

ᠶᠡᠷᠦᠩᠬᠡᠶ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠰᠢᠵᠢᠮ ᠪᠣᠯᠭᠠᠵᠤ ᠱᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠬᠡᠷᠡᠭᠲᠡᠢ ᠂ ᠢᠨᠭᠬᠢᠬᠥ ᠨᠢ  ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠤᠯᠬᠤ ᠮᠥᠷᠲᠡᠬᠡᠨ ᠮᠥᠨ ᠴᠦ᠍ ᠠᠯᠤᠰ ᠬᠡᠳᠦ᠍᠎ᠶ᠋ᠢᠨ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠪᠣᠯᠤᠨ᠎ᠠ᠂ ᠪᠢᠳᠡ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠤᠬᠠᠮᠰᠠᠷ᠎ᠢᠶᠠᠷ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠲᠥᠷᠥ ᠶ᠋ᠢᠨ ᠪᠣᠳᠣᠯᠭ᠎ᠠ᠎ᠶ᠋ᠢᠨ᠎ᠣᠨᠣᠯ᠎ᠢ ᠰᠤᠷᠤᠯᠴᠠᠨ ᠣᠢᠯᠠᠭᠠᠵᠤ ᠨᠡᠪᠲᠡᠷᠡᠲᠡᠯ᠎ᠡ ᠤᠬᠠᠵᠤ᠂ ᠠᠵᠢᠯ᠎ᠤᠨ ᠠᠷᠭ᠎ᠠ ᠬᠡᠮᠵᠢᠶ᠎ᠡ᠎ᠪᠠᠨ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ᠎ᠢ  ᠬᠦᠳᠦᠯᠦᠨ ᠲᠠᠭᠠᠭᠤᠯᠵᠤ᠂ ᠡᠯᠢᠭᠡᠰᠡᠭ ᠳᠣᠲᠣᠨᠣ ᠡᠶ᠎ᠡ ᠨᠠᠢᠷᠰᠠᠭ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ᠋ ᠡᠷᠬᠢᠮ ᠳᠡᠭᠡᠳᠦ ᠢᠷᠠᠭᠤ ᠠᠯᠳᠠᠷ᠎ᠵᠢᠡᠨ ᠨᠠᠨᠳᠢᠩᠨᠠᠨ᠎ᠬᠠᠮᠠᠭᠠᠯᠠᠵᠤ᠂ 《ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢ ᠪᠦᠲᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠵᠢ ᠬᠠᠮᠲᠤ ᠪᠠᠷ ᠲᠡᠷᠭᠡᠯᠱᠢᠭᠦᠯᠬᠦ᠌》 ᠳ᠋ᠤ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号