ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ ᠠᠷᠪᠠᠳᠤᠭᠠᠷ ᠬᠤᠭᠤᠴᠠᠭᠠᠨ᠎ᠤ 《ᠨᠠᠮ᠎ᠤᠨ ᠲᠡᠦᠬᠡ᠎ᠶ᠋ᠢᠨ ᠰᠦᠨᠢᠵᠢᠨ ᠰᠤᠷᠭᠠᠭᠤᠯᠢ 》 ᠵᠢ ᠡᠷᠭᠢᠯᠡᠵᠦ᠍ ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠫᠷᠤᠹᠧᠰᠰᠤᠷ ᠦ᠋ ᠱᠢᠤ ᠬᠤᠸᠠ᠎ᠶ᠋ᠢ ᠤᠷᠢᠵᠦ᠍《ᠬᠡᠷᠡᠯ ᠰᠠᠴᠤᠷᠠᠩᠭᠤᠶ ᠨᠠᠮ᠎ᠤᠨ ᠲᠡᠦᠬᠡ᠎ᠶ᠋ᠢ ᠭᠦᠨᠵᠡᠭᠡᠶ ᠰᠤᠷᠤᠯᠴᠠᠵᠤ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠣᠢᠯᠠᠭᠠᠶ᠎ᠠ》 ᠭᠡᠬᠦ᠌ ᠲᠤᠰᠭᠠᠶ ᠰᠡᠳᠦᠪᠲᠦ ᠬᠠᠪᠰᠤᠷᠤᠨ ᠵᠢᠯᠣᠭᠣᠳᠭᠤ ᠮᠡᠳᠡᠭᠦᠯᠦᠯᠲᠡ ᠬᠢᠯᠭᠡᠪᠡ᠃
ᠡᠦ ᠱᠢᠤ ᠬᠤᠸᠠ ᠵᠠᠭᠤᠨ ᠵᠢᠯ᠎ᠦᠨ ᠭᠡᠷᠡᠯ ᠰᠠᠴᠤᠷᠠᠩᠭᠤᠶ ᠦᠨᠳᠦᠰᠦᠨ ᠰᠤᠳᠠᠰᠤ᠂ ᠵᠠᠭᠤᠨ ᠵᠢᠯ᠎ᠦᠨ ᠬᠤᠷᠠᠮᠳᠤᠭ᠍ᠰᠠᠨ ᠠᠭᠤᠤ ᠶᠡᠬᠡ ᠵᠣᠷᠢᠭ ᠰᠠᠨᠠᠭ᠎ᠠ ᠪᠣᠯᠤᠨ ᠢᠷᠡᠭᠡᠳᠦᠶ ᠵᠢ ᠨᠡᠭᠡᠭᠡᠬᠦ᠌ ᠦᠨᠳᠦᠰᠦᠨ ᠱᠠᠭᠠᠷᠳᠠᠯᠭ᠎ᠠ ᠵᠡᠷᠭᠡ ᠭᠤᠷᠪᠠᠨ ᠲᠠᠯ᠎ᠠ ᠡᠴᠡ ᠨᠠᠷᠢᠨ ᠲᠠᠢᠯᠪᠤᠷᠢᠯᠠᠵᠤ᠂ ᠰᠠᠭᠤᠷᠢᠨ ᠭᠠᠵᠠᠷ ᠪᠠᠢᠭᠤᠯᠤᠬ᠍ᠳᠠᠬᠰᠠᠨ᠂ ᠬᠥ᠋ ᠲᠢᠶᠠᠨ᠎ᠤ ᠬᠤᠷᠠᠯ᠂ ᠰᠣᠶᠣᠯ᠎ᠤᠨ ᠶᠡᠬᠡ ᠬᠤᠪᠢᠰᠭᠠᠯ᠂ ᠥᠭᠡᠷᠡᠴᠢᠯᠡᠯᠲᠡ ᠨᠡᠭᠡᠭᠡᠯᠲᠡ ᠬᠢᠭ᠌ᠰᠡᠨ ᠵᠡᠷᠭᠡ ᠲᠡᠦᠬᠡᠨ ᠬᠡᠷᠡᠭ ᠶᠠᠪᠤᠳᠠᠯ᠎ᠤᠨ ᠲᠤᠬᠠᠶ ᠵᠠᠳᠠᠯᠤᠯᠲᠠ ᠳᠤᠮᠳᠠ ᠡᠴᠡ ᠲᠤᠷᠱᠢᠯᠭ᠎ᠠ ᠳ᠋ᠦᠩᠨᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ 《ᠬᠢᠵᠦ᠍ ᠲᠡᠢ᠌ᠯᠬᠦ᠌》 ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ ᠶᠠᠭᠠᠬᠢᠭᠠᠳ 《ᠰᠠᠢᠨ ᠪᠠᠢ᠌ᠬᠤ》 ᠵᠡᠷᠭᠡ ᠴᠢᠬᠤᠯᠠ ᠶᠡᠬᠡ ᠠᠰᠠᠭᠤᠳᠠᠯ᠎ᠢ ᠶᠠᠷᠢᠵᠤ᠂ ᠮᠠᠷᠺᠰ᠎ᠤᠨ ᠦᠵᠡᠯ ᠶᠠᠭᠠᠬᠢᠭᠠᠳ 《ᠪᠤᠯᠬᠤ》 ᠢ᠋ᠢᠨ ᠳᠣᠲᠣᠭᠠᠳᠤ ᠱᠢᠯᠲᠠᠭᠠᠨ᠎ᠢ ᠲᠣᠳᠣᠷᠬᠠᠢᠯᠠᠵᠠᠶ᠃ ᠲᠤᠰᠭᠠᠢ ᠰᠡᠳᠦᠪᠲᠦ ᠬᠠᠪᠰᠤᠷᠤᠨ ᠵᠢᠯᠣᠭᠣᠳᠭᠤ ᠮᠡᠳᠡᠭᠦᠯᠦᠯᠲᠡ ᠨᠢ ᠭᠦᠨᠵᠡᠭᠡᠢ ᠪᠥᠭᠡᠳ ᠣᠢᠯᠠᠭᠠᠮᠵᠢᠲᠠᠢ ᠪᠠᠢᠵᠤ᠂ ᠡᠷᠲᠡᠨ᠎ᠦ ᠬᠢᠪᠡᠷ ᠲᠤᠯᠢ ᠪᠣᠯᠭᠠᠵᠤ ᠡᠳᠦᠭᠡ ᠬᠢ᠎ᠶ᠋ᠢ ᠥᠭᠦᠯᠡᠵᠦ᠍ ᠂ ᠮᠠᠰᠢ ᠴᠢᠩᠭ᠎ᠠ ᠢᠲᠡᠭᠡᠭᠦᠯᠬᠦ᠌ ᠬᠦᠴᠦᠨ᠂ ᠨᠡᠪᠲᠡᠯᠬᠦ᠌ ᠬᠦᠴᠦᠨ ᠪᠠ ᠬᠦᠳᠦᠯᠥᠨ ᠵᠢᠯᠣᠭᠣᠳᠭᠤ ᠬᠦᠴᠦᠨ᠎ᠲᠡᠶ ᠪᠠᠢᠵᠤ᠂ ᠲᠤᠬᠠᠢ᠎ᠶ᠋ᠢᠨ ᠲᠠᠯᠠᠪᠠᠢ᠎ᠶ᠋ᠢᠨ ᠨᠥᠬᠥᠳ᠎ᠲᠦ ᠭᠦᠨᠵᠡᠭᠡᠢ ᠪᠣᠳᠣᠯᠬᠢᠯᠠᠯ ᠪᠠ ᠰᠡᠩᠬᠡᠷᠡᠭᠦᠯᠦᠯ ᠥᠭ᠌ᠴᠡᠢ᠃
ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠺᠠᠳ᠋ᠷᠴᠤᠳ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠶᠠᠪᠤᠴᠠ᠎ᠳᠤ᠂ 《ᠳᠥᠷᠪᠡᠨ ᠲᠡᠦᠬᠡ 》 ᠢ᠋ᠢᠨ ᠰᠤᠷᠤᠯᠴᠠᠯᠭ᠎ᠠ᠎ᠪᠠᠷ ᠳᠡᠮᠵᠢᠨ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌ ᠢᠲᠡᠭᠡᠯ ᠵᠣᠷᠢᠭ᠎ᠢ ᠨᠠᠩ ᠪᠠᠲᠤᠳᠭᠠᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠰᠠᠢᠲᠤᠷ ᠬᠢᠬᠦ᠌ ᠲᠡᠦᠬᠡᠨ ᠡᠭᠦᠷᠭᠡᠲᠦ ᠰᠡᠳᠭᠢᠯᠭᠡ ᠵᠢ ᠨᠠᠩ ᠴᠢᠩᠭᠠᠳᠭᠠᠵᠤ ᠂ ᠬᠣᠢᠱᠢᠳᠠ ᠲᠤᠬᠠᠢᠯᠠᠭ᠍ᠰᠠᠨ ᠠᠵᠢᠯ᠎ᠳᠠᠭᠠᠨ ᠬᠢᠨᠠᠯᠲᠠ ᠲᠠᠯᠪᠢᠬᠤ ᠪᠠᠲᠤᠯᠠᠬᠤ ᠬᠡᠷᠡᠭ᠌ᠵᠢᠭᠦᠯᠬᠦ᠂ ᠠᠬᠢᠭᠤᠯᠬᠤ ᠲᠡᠭᠦᠯᠲᠡᠷᠵᠢᠭᠦᠯᠬᠦ᠌ ᠬᠦᠭ᠌ᠵᠢᠭᠦᠯᠬᠦ᠌ ᠦᠢᠯᠡᠲᠦᠯ᠎ᠢ ᠭᠦᠶ᠋ᠴᠡᠳ ᠪᠠᠳᠠᠷᠠᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠪᠥᠲᠥᠭᠡᠨ ᠪᠠᠢᠭᠤᠯᠬᠤ᠎ᠳᠤ ᠪᠠᠲᠤ ᠴᠢᠩᠭ᠎ᠠ ᠰᠠᠬᠢᠯᠭ᠎ᠠ ᠪᠠᠲᠤ᠎ᠶ᠋ᠢᠨ ᠪᠠᠲᠤᠯᠠᠭ᠎ᠠ ᠬᠠᠩᠭᠠᠨ᠎ᠠ ᠭᠡᠵᠦ᠍ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠣᠭᠣᠷᠢᠨ ᠪᠠᠢᠴᠠᠭᠠᠬᠤ ᠪᠠᠢᠭᠤᠯᠤᠮᠵᠢ ᠪᠣᠯᠤᠨ ᠡᠯ᠎ᠡ ᠠᠵᠢᠯ ᠦᠢᠯᠡᠰ᠎ᠦᠨ ᠨᠢᠭᠡᠴᠢ᠎ᠶ᠋ᠢᠨ ᠨᠠᠮ᠎ᠤᠨ ᠭᠡᠱᠢᠭᠦᠨ ᠺᠠᠳ᠋ᠷ ᠨᠡᠢ᠌ᠲᠡ 240 ᠭᠠᠷᠤᠢ ᠬᠥᠮᠦᠨ ᠰᠤᠷᠤᠯᠴᠠᠯᠭ᠎ᠠ᠎ᠳᠤ ᠣᠷᠣᠯᠴᠠᠪᠠ᠃