ᠨᠢᠬᠡᠳᠤᠯᠳᠠᠢ ᠲᠦᠯᠦᠪᠵᠢᠬᠦᠯᠵᠤ ᠨᠡᠢᠳᠡᠮ ᠳ᠋ᠤᠨᠢ ᠬᠠᠷᠠᠭᠠᠯᠵᠠᠭᠰᠠᠨ ᠬᠦᠭᠵᠢᠯᠳᠡ ᠵᠢᠨ ᠪᠠᠢᠷᠢᠰᠢᠭᠤᠯᠤᠯᠳᠠ
2021-11-21 11:12:33
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆


      2016 ᠤᠨ᠎ᠳᠤ ᠂ ᠦᠨᠳᠦᠷ ᠲᠤᠯᠠᠭᠠᠨ ᠎ᠤ ᠬᠡᠢ ᠪᠡᠶᠡᠳᠦ ᠬᠦᠷᠦᠭᠡᠭᠴᠢᠳᠤ ᠵᠤᠤᠬ᠎ᠠ ᠎ᠶᠢᠨ ᠴᠦᠮ᠎ᠠ ᠎ᠶᠢᠨ ᠲᠦᠯᠡᠰᠢ ᠎ᠶᠢᠨ ᠦᠢᠯᠡᠳᠪᠤᠷᠢᠯᠡᠯ ᠎ᠤᠨ ᠱᠤᠭᠤᠮ ᠪᠤᠭᠤᠳᠤ ᠬᠤᠳᠠᠨ᠎ᠠ ᠠᠰᠢᠡᠡᠯᠠᠯᠳᠠ ᠳ᠋ᠤ ᠤᠷᠤᠪᠠ ᠃  ᠡᠨᠡ ᠵᠢᠯ ᠎ᠤᠨ ᠡᠬᠢᠨ ᠎ᠳᠤ ᠂ ᠲᠤᠰ ᠦᠢᠯᠡᠳᠪᠤᠷᠢᠯᠡᠯ ᠎ᠤᠨ ᠱᠤᠭᠤᠮ  ᠡᠴᠡ ᠦᠢᠯᠡᠳᠪᠤᠷᠢᠯᠡᠭᠰᠡᠨ ᠲᠦᠷᠦᠭᠦᠦ ᠪᠦᠯᠦᠭ ᠪᠦᠮᠪᠦᠭᠡᠨ ᠬᠡᠯᠪᠡᠷᠢᠳᠠᠢ ᠴᠦᠮ᠎ᠠ ᠎ᠶᠢᠨ ᠲᠦᠯᠡᠰᠢ ᠎ᠶᠢ ᠱᠠᠨᠳ᠋ᠦ᠋ᠩ ᠎ᠤᠨ ᠱᠢ ᠳ᠋ᠤᠤ ᠸᠠᠨ ᠎ᠤ ᠴᠦᠮ᠎ᠠ ᠎ᠶᠢᠨ ᠴᠠᠬᠢᠯᠭᠠᠨ ᠦᠷᠳᠡᠭᠡ ᠤᠷᠤᠭᠤ ᠵᠦᠭᠡᠭᠡᠪᠤᠷᠢᠯᠡᠪᠡ᠃ ᠡᠨᠡ ᠨᠢ ᠮᠠᠨ᠎ᠤ ᠤᠯᠤᠰ ᠴᠢᠨᠠᠷ ᠰᠠᠢᠳᠠᠢ ᠴᠦᠮ᠎ᠠ ᠎ᠶᠢᠨ ᠲᠦᠯᠡᠰᠢ ᠎ᠶᠢ ᠬᠠᠩᠭᠠᠬᠤ ᠴᠢᠳᠠᠪᠤᠷᠢ ᠲᠠᠢ ᠪᠤᠯᠵᠤ ᠂ ᠮᠠᠨ ᠎ᠤ ᠤᠯᠤᠰ ᠎ᠤᠨ ᠲᠡᠷᠢᠭᠦᠨ  ᠤ᠋ ᠴᠦᠮ᠎ᠠ ᠎ᠶᠢᠨ ᠲᠦᠯᠡᠰᠢ᠎ᠶᠢ ᠰᠤᠳᠤᠯᠤᠨ ᠦᠢᠯᠡᠳᠪᠤᠷᠢᠯᠡᠬᠦ ᠮᠡᠷᠭᠡᠵᠢᠯ ᠳᠡᠯᠡᠬᠡᠢ ᠎ᠶᠢᠨ ᠲᠡᠷᠢᠭᠦᠨ ᠎ᠤ ᠡᠩᠨᠡᠭᠡᠨ ᠳ᠋ᠤ ᠤᠷᠤᠭᠰᠠᠨ ᠎ᠢ ᠬᠠᠷᠠᠭᠤᠯᠵᠤ ᠪᠠᠢᠨ᠎ᠠ ᠃

2019 ᠤᠨ ᠳ᠋ᠤ ᠮᠠᠨ ᠎ᠤ ᠤᠷᠤᠨ ᠎ᠤ ᠠᠮᠢ ᠠᠬᠤᠢ ᠎ᠶᠢᠨ ᠪᠦᠲᠦᠭᠡᠭᠳᠡᠭᠦᠨ ᠎ᠤ  ᠶᠡᠷᠦᠩᠬᠡᠢ ᠦᠷᠳᠡᠭ 4.48 ᠳ᠋ᠦᠩᠰᠢᠭᠤᠷ ᠰᠢᠬᠠᠮ ᠲᠦᠭᠦᠷᠢᠭ ᠲᠦ᠍ ᠬᠦᠷᠴᠤ ᠂ ᠤᠷᠤᠨ ᠨᠤᠳᠤᠭ ᠎ᠤᠨ ᠦᠢᠯᠡᠳᠪᠤᠷᠢᠯᠡᠯ ᠎ᠤᠨ ᠶᠡᠷᠦᠩᠬᠡᠢ ᠦᠷᠳᠡᠭ ᠎ᠤᠨ 2.6 ᠳᠠᠬᠢᠨ ᠲᠠᠢ ᠲᠠᠩᠴᠡᠪᠠ ᠃ ᠡᠨᠡ ᠨᠢ ᠮᠠᠨ ᠎ᠤ ᠤᠷᠤᠨ ᠎ᠤ ᠠᠮᠢ ᠠᠬᠤᠢ ᠵᠢᠨ ᠴᠢᠳᠠᠮᠵᠢ ᠨᠢ ᠦᠢᠯᠡᠳᠪᠤᠷᠢᠯᠡᠯ ᠎ᠤᠨ ᠴᠢᠳᠠᠮᠵᠢ ᠡᠴᠡ ᠬᠤᠯᠠ ᠶᠡᠬᠡ ᠪᠠᠢᠬᠤ ᠎ᠶᠢ ᠬᠠᠷᠠᠭᠤᠯᠵᠤ ᠪᠤᠢ᠃

2020 ᠤᠨ᠎ᠤ ᠰᠡᠭᠦᠯᠴᠢ ᠪᠡᠷ ᠂ ᠦᠪᠡᠷᠳᠡᠭᠡᠨ ᠵᠠᠰᠠᠬᠤ ᠤᠷᠤᠨ ᠡᠴᠡ ᠪᠦᠬᠦ ᠤᠷᠤᠨ ᠎ᠤ  50% ᠡᠴᠡ ᠳᠡᠭᠡᠭᠰᠢᠬᠢ ᠤᠯᠤᠰ ᠎ᠤᠨ ᠨᠤᠳᠤᠭ ᠳᠡᠪᠢᠰᠭᠡᠷ ᠎ᠢ ᠠᠮᠢ ᠠᠬᠤᠢ ᠎ᠶᠢᠨ ᠬᠠᠮᠠᠭᠠᠯᠠᠯᠳᠠ ᠎ᠶᠢᠨ ᠤᠯᠠᠭᠠᠨ ᠱᠤᠭᠤᠮ ᠲᠤᠳᠤᠷ᠎ᠠ ᠤᠷᠤᠭᠤᠯᠵᠤ ᠂ ᠲᠠᠯ᠎ᠠ ᠨᠤᠳᠤᠭ᠎ᠤᠨ ᠴᠢᠬᠤᠯᠠ ᠠᠮᠢ ᠠᠬᠤᠢ ᠎ᠶᠢᠨ  ᠴᠢᠳᠠᠮᠵᠢ ᠎ᠶᠢᠨ ᠤᠷᠤᠨ  ᠳ᠋ᠤ ᠠᠭᠤᠷᠬᠠᠢ ᠨᠡᠭᠡᠭᠡᠬᠦ ᠂ ᠰᠠᠯᠬᠢᠨ ᠬᠦᠴᠦᠨ᠎ᠤ ᠴᠠᠬᠢᠯᠭᠠᠨ ᠂ ᠭᠡᠷᠡᠯᠴᠢ ᠴᠡᠨᠡᠭ ᠎ᠤᠨ ᠲᠦᠷᠦᠯ ᠵᠦᠢᠯ ᠎ᠢ  ᠰᠢᠨ᠎ᠠ ᠪᠡᠷ ᠪᠠᠢᠭᠤᠯᠬᠤ ᠦᠭᠡᠢ ᠂  ᠨᠢᠭᠡᠨᠳᠡ ᠪᠠᠢᠭᠤᠯᠤᠭᠰᠠᠨ ᠎ᠢ ᠨᠢ ᠡᠮᠬᠢ ᠵᠢᠷᠦᠮ ᠲᠠᠢ ᠪᠡᠷ ᠪᠤᠴᠠᠭᠠᠨ ᠭᠠᠷᠭᠠᠵᠤ ᠪᠤᠢ ᠃

ᠦᠪᠡᠷᠳᠡᠭᠡᠨ ᠵᠠᠰᠠᠬᠤ ᠤᠷᠤᠨ ᠎ᠤ ᠠᠷᠪᠠᠳᠤᠭᠠᠷ ᠤᠳᠠᠭ᠎ᠠ ᠵᠢᠨ ᠨᠠᠮ ᠎ᠤᠨ ᠲᠦᠯᠦᠭᠡᠯᠡᠭᠴᠢᠳ ᠎ᠤᠨ ᠶᠡᠬᠡ ᠬᠤᠷᠠᠯ ᠡᠴᠡ ᠨᠠᠭᠠᠰᠢ ᠂  ᠮᠠᠨ ᠎ᠤ ᠤᠷᠤᠨ ᠰᠢᠨ᠎ᠠ ᠬᠦᠭᠵᠢᠯᠳᠠ ᠵᠢᠨ ᠤᠢᠯᠠᠭᠠᠭᠳᠠᠬᠤᠨ ᠎ᠢ ᠪᠦᠷᠢᠨ ᠪᠦᠳᠦᠨ ᠂ ᠵᠦᠪ ᠤᠨᠤᠪᠴᠢᠳᠠᠢ ᠂ ᠪᠦᠬᠦ ᠲᠠᠯ᠎ᠠ ᠪᠡᠷ ᠤᠢᠯᠠᠭᠠᠨ ᠲᠤᠭᠤᠰᠢᠯᠠᠭᠤᠯᠵᠦ᠂ ᠠᠮᠢ ᠠᠬᠤᠢ  ᠵᠢ ᠤᠷᠢᠳ ᠵᠢᠡᠷ ᠪᠤᠳᠤᠯᠬᠢᠯᠠᠵᠤ ᠪᠣᠬᠢᠷᠲᠤᠯ ᠥᠬᠡᠢ ᠬᠦᠭᠵᠢᠭᠦᠯᠬᠦ ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ ᠵᠢᠨ ᠱᠢᠨ᠎ᠡ ᠵᠠᠮ ᠵᠢᠡᠷ ᠭᠤᠢᠪᠢᠱᠢ ᠥᠬᠡᠢ ᠵᠠᠮᠨᠠᠨ᠂ ᠬᠦᠭᠵᠢᠯᠳᠡ ᠵᠢᠨ ᠤᠷᠤᠨ ᠵᠠᠢ ᠵᠢ ᠨᠢᠬᠡᠳᠤᠯᠳᠠᠢ ᠲᠦᠯᠦᠪᠵᠢᠬᠦᠯᠦᠨ ᠰᠢᠨᠵᠢᠯᠡᠬᠦ ᠤᠬᠠᠭᠠᠨᠴᠢ ᠪᠡᠷ ᠪᠠᠢᠷᠢᠰᠢᠭᠤᠯᠵᠤ᠂ ᠦᠵᠡᠰᠭᠦᠯᠡᠩᠳᠦ ᠰᠠᠢᠬᠠᠨ ᠬᠢᠬᠡᠳ ᠦᠷᠨᠢᠩᠭᠦᠢ ᠬᠦᠭᠵᠢᠯᠳᠡ ᠵᠢᠨ ᠰᠢᠨ᠎ᠠ ᠠᠮᠵᠢᠯᠳᠠ ᠵᠢ ᠡᠭᠦᠳᠴᠡᠢ ᠃

ᠤᠯᠤᠰ ᠎ᠤᠨ ᠨᠤᠳᠤᠭ ᠳᠡᠪᠢᠰᠭᠡᠷ ᠎ᠤᠨ ᠨᠡᠭᠡᠭᠡᠯᠳᠡ ᠬᠠᠮᠠᠭᠠᠯᠠᠯᠳᠠ ᠵᠢᠨ ᠰᠢᠨ᠎ᠠ ᠪᠠᠢᠷᠢᠰᠢᠯ ᠎ᠢ ᠪᠦᠷᠢᠯᠳᠦᠭᠦᠯᠬᠦ ᠱᠠᠭᠠᠷᠳᠠᠯᠭ᠎ᠠ ᠪᠡᠷ ᠤᠷᠤᠨ ᠪᠦᠰᠡ ᠵᠢᠨ ᠵᠦᠷᠢᠶᠡᠴᠢᠯᠡᠭᠰᠡᠨ ᠵᠤᠬᠢᠴᠠᠩᠭᠤᠢ ᠬᠦᠭᠵᠢᠯᠳᠡ ᠵᠢᠨ《ᠨᠠᠢᠷᠠᠯ ᠬᠦᠭᠵᠢᠮ》ᠢ᠋ ᠴᠢᠪᠬᠠᠳᠠᠪᠠ ᠃ ᠮᠠᠨ ᠎ᠤ ᠤᠷᠤᠨ ᠬᠤᠷᠢᠭ᠎ᠠ ᠱᠤᠭᠤᠮ ᠎ᠤᠨ ᠰᠡᠳᠬᠢᠭᠦᠢ ᠎ᠶᠢ ᠪᠠᠷᠢᠮᠳᠠᠯᠠᠨ ᠠᠮᠢ ᠠᠬᠤᠢ ᠵᠢᠨ ᠤᠷᠤᠨ ᠂ ᠮᠠᠯ ᠠᠵᠤ ᠠᠬᠤᠢ ᠲᠠᠷᠢᠶᠠᠯᠠᠩ ᠎ᠤᠨ ᠤᠷᠤᠨ ᠂ ᠬᠤᠳᠠ ᠪᠠᠯᠭᠠᠰᠤᠨ ᠎ᠤ  ᠤᠷᠤᠨ ᠪᠤᠯᠤᠨ ᠠᠮᠢ ᠠᠬᠤᠢ ᠵᠢᠨ ᠬᠠᠮᠠᠭᠠᠯᠠᠯᠳᠠ ᠎ᠶᠢᠨ ᠤᠯᠠᠭᠠᠨ ᠱᠤᠭᠤᠮ ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ ᠎ᠤᠨ  ᠬᠠᠮᠠᠭᠠᠯᠠᠯᠳᠠ ᠎ᠶᠢᠨ ᠤᠯᠠᠭᠠᠨ ᠱᠤᠭᠤᠮ ᠂ ᠬᠤᠳᠠ ᠪᠠᠯᠭᠠᠰᠤᠨ ᠎ᠤ  ᠨᠡᠭᠡᠭᠡᠯᠳᠡ ᠎ᠶᠢᠨ ᠬᠢᠵᠠᠭᠠᠷ ᠱᠤᠭᠤᠮ ᠎ᠤᠨ《ᠭᠤᠷᠪᠠᠨ ᠤᠷᠤᠨ ᠭᠤᠷᠪᠠᠨ ᠱᠤᠭᠤᠮ》ᠢ᠋ ᠠᠵᠤ ᠠᠬᠤᠢ ᠵᠢᠨ ᠪᠦᠲᠦᠴᠡ ᠵᠢ ᠳᠤᠬᠢᠷᠠᠭᠤᠯᠬᠤ ᠂ ᠠᠵᠤ ᠦᠢᠯᠡᠰ ᠎ᠤᠨ  ᠬᠦᠭᠵᠢᠯᠳᠡ ᠎ᠶᠢ ᠲᠦᠯᠦᠪᠵᠢᠭᠦᠯᠬᠦ ᠂ ᠬᠤᠳᠠ ᠪᠠᠯᠭᠠᠰᠤᠵᠢᠯᠳᠠ ᠎ᠶᠢ  ᠠᠬᠢᠭᠤᠯᠬᠤ ᠎ᠶᠢᠨ ᠳᠠᠪᠠᠵᠤ ᠪᠤᠯᠤᠰᠢ ᠦᠭᠡᠢ ᠤᠯᠠᠭᠠᠨ ᠱᠤᠭᠤᠮ ᠪᠤᠯᠭᠠᠵᠤ᠂ ᠭᠤᠤᠯ ᠴᠤᠭᠴᠠ᠎ᠶᠢᠨ ᠴᠢᠳᠠᠮᠵᠢ ᠵᠢᠨ ᠪᠠᠢᠷᠢ ᠳᠤᠭᠳᠠᠭᠠᠯᠳᠠ ᠪᠡᠷ ᠤᠷᠤᠨ ᠪᠦᠰᠡ ᠎ᠶᠢᠨ ᠬᠦᠭᠵᠢᠯᠳᠡ ᠎ᠶᠢᠨ ᠲᠦᠷᠦ ᠎ᠶᠢᠨ  ᠪᠤᠳᠤᠯᠭ᠎ᠠ᠎ᠶᠢ  ᠤᠨᠤᠪᠴᠢᠳᠠᠢ ᠳᠤᠭᠳᠠᠭᠠᠨ ᠬᠡᠷᠡᠭᠵᠢᠭᠦᠯᠵᠦ᠂ ᠠᠵᠤ ᠦᠢᠯᠡᠰ᠎ᠤᠨ  ᠰᠠᠭᠤᠷᠢᠨ ᠎ᠤ ᠪᠠᠢᠷᠢᠰᠢᠭᠤᠯᠤᠯᠳᠠ ᠪᠡᠨ ᠳᠤᠬᠢᠷᠠᠭᠤᠯᠤᠨ ᠰᠢᠯᠢᠳᠡᠭᠵᠢᠭᠦᠯᠵᠠᠢ᠃  ᠵᠡᠭᠦᠨ ᠪᠡᠶ᠎ᠠ ᠎ᠶᠢᠨ ᠠᠢᠮᠠᠭ ᠬᠤᠳᠠ ᠎ᠶᠢᠨ ᠪᠤᠬᠢᠷᠳᠦᠯ ᠦᠭᠡᠢ ᠠᠮᠢ ᠠᠬᠤᠢ ᠎ᠶᠢᠨ  ᠳᠠᠪᠠᠭᠤᠯᠢᠭ ᠎ᠢ ᠦᠷᠭᠡᠳᠭᠡᠨ ᠪᠠᠳᠠᠷᠠᠭᠤᠯᠵᠤ ᠂ ᠮᠠᠯ ᠎ᠤᠨ ᠠᠰᠢᠭ ᠰᠢᠮ᠎ᠠ ᠲᠠᠷᠢᠶᠠᠯᠠᠩ ᠎ᠤᠨ ᠪᠦᠲᠦᠭᠡᠭᠳᠡᠭᠦᠨ ᠎ᠤ ᠦᠢᠯᠡᠳᠪᠤᠷᠢᠯᠡᠯ ᠎ᠤᠨ ᠰᠠᠭᠤᠷᠢᠨ ᠎ᠢ ᠴᠢᠨᠠᠷ ᠰᠠᠢᠳᠠᠢ ᠪᠡᠷ ᠪᠦᠲᠦᠭᠡᠨ ᠪᠠᠢᠭᠤᠯᠤᠨ᠂ ᠠᠮᠢ ᠠᠬᠤᠢ ᠎ᠶᠢᠨ ᠮᠠᠯ ᠠᠵᠤ ᠠᠬᠤᠢ ᠲᠠᠷᠢᠶᠠᠯᠠᠩ ᠪᠠ ᠵᠢᠭᠤᠯᠴᠢᠯᠠᠯ ᠎ᠤᠨ ᠦᠢᠯᠡᠰ ᠎ᠢᠶᠡᠷ  ᠲᠤᠯᠭᠠᠭᠤᠷᠢ ᠪᠤᠯᠭᠠᠨ ᠪᠤᠬᠢᠷᠳᠦᠯ ᠦᠭᠡᠢ ᠠᠵᠤ ᠦᠢᠯᠡᠰ ᠎ᠤᠨ ᠰᠢᠰᠲ᠋ᠧᠮ ᠎ᠢ ᠪᠦᠷᠢᠯᠳᠦᠭᠦᠯᠵᠦ᠂ ᠭᠤᠤᠯᠳᠠᠯᠭ᠎ᠠ ᠲᠠᠢ ᠬᠢᠯᠢ  ᠵᠢᠨ ᠪᠤᠭᠤᠮᠳᠠ ᠪᠡᠷ ᠲᠤᠯᠭᠠᠭᠤᠷᠢᠯᠠᠨ ᠪᠤᠭᠤᠮᠳᠠ᠎ᠶᠢᠨ ᠠᠵᠤ ᠠᠬᠤᠢ ᠎ᠶᠢ ᠦᠷᠭᠡᠨ ᠳᠡᠯᠭᠡᠷ ᠬᠦᠭᠵᠢᠭᠦᠯᠦᠨ ᠂ ᠡᠨᠧᠷᠬᠢ ᠎ᠶᠢᠨ ᠬᠡᠯᠪᠡᠷᠢ ᠪᠠ ᠡᠬᠢ ᠪᠠᠶᠠᠯᠢᠭ ᠎ᠤᠨ ᠬᠡᠯᠪᠡᠷᠢ ᠎ᠶᠢᠨ ᠠᠵᠤ ᠦᠢᠯᠡᠰ ᠎ᠤᠨ ᠲᠦᠷᠦᠯ ᠵᠦᠢᠯ ᠎ᠢ ᠰᠢᠨ᠎ᠠ ᠪᠡᠷ ᠪᠦᠳᠦᠬᠡᠨ ᠪᠠᠢᠭᠤᠯᠬᠤ ᠎ᠶᠢ ᠴᠢᠩᠭ᠎ᠠ ᠬᠢᠵᠠᠭᠠᠷᠯᠠᠵᠤ ᠂  ᠪᠤᠬᠢᠷᠳᠦᠯ ᠦᠭᠡᠢ ᠨᠡᠭᠡᠭᠡᠯᠳᠡᠳᠦ ᠠᠵᠤ ᠠᠬᠤᠢ ᠎ᠶᠢᠨ ᠬᠦᠭᠵᠢᠯᠳᠡ ᠎ᠶᠢᠨ ᠦᠪᠡᠷᠮᠢᠴᠡ ᠳᠠᠪᠠᠭᠤᠯᠢᠭ ᠎ᠢ ᠪᠦᠷᠢᠯᠳᠦᠬᠦᠯᠬᠦ ᠎ᠶᠢ ᠠᠬᠢᠭᠤᠯᠪᠠ ᠃ ᠳᠤᠮᠳᠠ ᠪᠡᠶ᠎ᠠ ᠎ᠶᠢᠨ ᠠᠢᠮᠠᠭ ᠬᠤᠳᠠ ᠎ᠶᠢᠨ ᠤᠷᠴᠢᠨ ᠲᠤᠭᠤᠷᠢᠨ ᠎ᠤ ᠪᠠᠭᠳᠠᠭᠠᠮᠵᠢ᠎ᠪᠤᠯᠤᠨ ᠠᠮᠢ ᠠᠬᠤᠢ ᠎ᠶᠢᠨ ᠤᠷᠤᠨ ᠵᠠᠢ ᠵᠢ ᠦᠷᠭᠡᠳᠭᠡᠨ ᠂ ᠠᠵᠤ ᠦᠢᠯᠡᠰ ᠎ᠤᠨ ᠰᠠᠭᠤᠷᠢ ᠪᠠ ᠠᠵᠤ ᠦᠢᠯᠡᠰ ᠎ᠤᠨ  ᠪᠦᠯᠦᠭᠵᠢᠯ ᠎ᠤᠨ ᠳᠠᠪᠠᠭᠤᠯᠢᠭ ᠲᠠᠭᠠᠨ ᠰᠠᠭᠤᠷᠢᠯᠠᠵᠤ ᠂  ᠠᠵᠤ ᠦᠢᠯᠡᠰ ᠎ᠤᠨ ᠳᠡᠰ ᠳᠠᠪᠬᠤᠷᠭ᠎ᠠ ᠪᠤᠯᠤᠨ ᠬᠦᠭᠵᠢᠯᠳᠡ ᠎ᠶᠢᠨ ᠴᠢᠳᠠᠪᠤᠷᠢ ᠵᠢ ᠳᠡᠭᠡᠭᠰᠢᠯᠡᠭᠦᠯᠦᠨ ᠂ ᠬᠦᠬᠡᠬᠤᠳᠠ ᠪᠡᠷ ᠳᠠᠭᠠᠭᠤᠯᠤᠭᠴᠢ ᠪᠤᠯᠭᠠᠨ ᠤᠳᠤ ᠦᠶ᠎ᠠ ᠎ᠶᠢᠨ ᠦᠢᠯᠡᠴᠢᠯᠡᠭᠡᠨ ᠎ᠤ ᠬᠡᠯᠪᠡᠷᠢ ᠎ᠶᠢᠨ ᠠᠵᠤ ᠠᠬᠤᠢ ᠵᠢ ᠬᠦᠭᠵᠢᠭᠦᠯᠵᠦ ᠂ ᠪᠤᠭᠤᠳᠤ ᠤᠷᠳᠤᠰ ᠵᠢᠡᠷ ᠭᠤᠤᠯᠳᠠᠯᠭ᠎ᠠ ᠪᠤᠯᠭᠠᠨ ᠡᠨᠧᠷᠬᠢ ᠪᠤᠯᠤᠨ ᠪᠠᠢᠯᠳᠤᠬᠤ ᠪᠤᠳᠤᠯᠭ᠎ᠠ ᠎ᠶᠢᠨ ᠡᠬᠢ ᠪᠠᠶᠠᠯᠢᠭ ᠎ᠤᠨ ᠰᠠᠭᠤᠷᠢᠨ ᠎ᠢ ᠪᠠᠢᠭᠤᠯᠤᠨ ᠂ ᠤᠯᠠᠭᠠᠨᠴᠠᠪ ᠵᠢᠡᠷ ᠲᠤᠯᠭᠠᠭᠤᠷᠢᠯᠠᠨ ᠡᠳ᠋ ᠪᠠᠷᠠᠭᠠᠨ ᠎ᠤ ᠭᠦᠢᠯᠭᠡᠭᠡ ᠵᠢᠨ ᠭᠦᠢᠰᠦ ᠪᠤᠯᠤᠨ ᠪᠤᠭᠤᠮᠳᠠ ᠵᠢᠨ ᠲᠤᠳᠤᠷ᠎ᠠ ᠭᠠᠵᠠᠷ ᠎ᠢ ᠴᠤᠭᠴᠠᠯᠠᠵᠤ ᠂  ᠠᠵᠤ ᠠᠬᠤᠢ ᠵᠢᠨ ᠨᠡᠮᠡᠭᠳᠡᠯ ᠎ᠢ ᠳᠠᠢᠴᠢᠯᠠᠬᠤ ᠴᠢᠩᠭ᠎ᠠ ᠡᠷᠴᠢᠮᠳᠠᠢ ᠲᠤᠢᠯ ᠎ᠢ ᠪᠦᠷᠢᠯᠳᠦᠬᠦᠯᠬᠦ ᠎ᠶᠢ ᠠᠬᠢᠭᠤᠯᠵᠠᠢ ᠃  ᠪᠠᠷᠠᠭᠤᠨ ᠪᠡᠶ᠎ᠠ ᠎ᠶᠢᠨ ᠠᠢᠮᠠᠭ ᠬᠤᠳᠠ ᠵᠢᠨ ᠬᠠᠳᠤᠨ ᠭᠤᠤᠯ ᠎ᠤᠨ ᠰᠠᠪᠠ ᠭᠠᠵᠠᠷ ᠎ᠤᠨ ᠠᠮᠢ ᠠᠬᠤᠢ ᠎ᠶᠢᠨ ᠬᠠᠮᠠᠭᠠᠯᠠᠯᠳᠠ ᠪᠤᠯᠤᠨ ᠡᠯᠡᠰᠦᠷᠭᠡᠭᠵᠢᠯ ᠎ᠢ ᠰᠡᠷᠭᠡᠢᠯᠠᠨ ᠡᠯᠡᠰᠤ ᠵᠢ ᠵᠠᠰᠠᠬᠤ ᠎ᠶᠢ ᠴᠢᠩᠭᠠᠳᠬᠠᠬᠤ ᠎ᠶᠢ ᠲᠡᠷᠢᠭᠦᠨ ᠎ᠳᠤ ᠲᠠᠯᠪᠢᠨ᠂ ᠠᠮᠢ ᠠᠬᠤᠢ ᠲᠤᠢᠯ ᠎ᠤᠨ ᠬᠡᠪᠡᠷᠡᠭ ᠤᠷᠤᠨ ᠳ᠋ᠤ ᠨᠡᠭᠡᠭᠡᠯᠳᠡ ᠬᠢᠬᠦ ᠵᠢ ᠴᠢᠩᠭ᠎ᠠ ᠬᠢᠵᠠᠭᠠᠷᠯᠠᠬᠤ ᠲᠦᠷᠦ ᠵᠢᠨ ᠪᠤᠳᠤᠯᠭ᠎ᠠ ᠵᠢ ᠲᠤᠭᠳᠠᠭᠠᠨ ᠬᠡᠷᠡᠭᠵᠢᠬᠦᠯᠵᠤ᠂ ᠠᠭᠠᠷ ᠮᠠᠨᠳᠠᠯ ᠎ᠤᠨ ᠪᠤᠬᠢᠷᠳᠦᠯ ᠎ᠢ ᠰᠡᠷᠭᠡᠢᠯᠡᠨ ᠵᠠᠰᠠᠬᠤ ᠎ᠶᠢ ᠴᠢᠩᠭᠠᠳᠬᠠᠨ᠂ ᠪᠤᠷᠤᠳᠤᠬᠤᠢ ᠢ᠋ᠢᠨ ᠤᠰᠤᠯᠠᠯᠳᠠ ᠵᠢᠨ ᠤᠷᠤᠨ᠎ᠤ ᠤᠳᠤᠬᠢᠴᠢᠯᠠᠭᠰᠠᠨ ᠦᠭᠡᠷᠡᠴᠢᠯᠡᠯᠳᠡ ᠎ᠶᠢ ᠠᠬᠢᠭᠤᠯᠵᠤ᠂ ᠡᠨᠧᠷᠬᠢ  ᠢ᠋ᠢᠨ ᠬᠤᠷᠤᠭᠳᠠᠭᠤᠯᠤᠯ ᠵᠢᠡᠷ ᠪᠠᠭ᠎ᠠ᠂ ᠪᠤᠬᠢᠷᠳᠤᠯ᠎ᠤᠨ ᠭᠠᠳᠠᠭᠰᠢᠯᠠᠭᠤᠯᠤᠯᠳᠠ ᠪᠡᠷ ᠪᠠᠭ᠎ᠠ ᠂ ᠶᠠᠰᠤ ᠴᠢᠨᠠᠷ ᠦᠷ᠎ᠠ ᠠᠰᠢᠭ ᠵᠢᠡᠷ ᠦᠨᠳᠦᠷ ᠰᠢᠨ᠎ᠠ ᠪᠡᠷ ᠮᠠᠨᠳᠤᠭᠰᠠᠨ ᠠᠵᠤ ᠦᠢᠯᠡᠰ ᠎ᠢ ᠢᠳᠡᠪᠬᠢᠳᠠᠢ ᠪᠤᠢᠵᠢᠭᠤᠯᠬᠤ᠎ᠶᠢ ᠠᠬᠢᠭᠤᠯᠵᠠᠢ ᠃

ᠢᠩᠬᠢᠵᠤ ᠭᠤᠤᠯ ᠴᠢᠳᠠᠮᠵᠢᠳᠤ ᠤᠷᠤᠨ ᠎ᠤ ᠪᠠᠢᠷᠢ ᠲᠤᠭᠳᠠᠭᠠᠯᠳᠠ ᠵᠢ ᠦᠨᠳᠤᠰᠤᠯᠡᠨ ᠤᠷᠤᠨ ᠪᠦᠰᠡ ᠵᠢᠨ ᠵᠦᠷᠢᠶᠡᠴᠢᠯᠡᠭᠰᠡᠨ ᠵᠤᠬᠢᠴᠠᠩᠭᠤᠢ ᠬᠦᠭᠵᠢᠯᠳᠡ ᠵᠢ ᠨᠢᠬᠡᠳᠤᠯᠳᠠᠢ ᠲᠦᠯᠦᠪᠵᠢᠬᠦᠯᠦᠭᠰᠡᠨ ᠡᠴᠡ ᠮᠠᠨ ᠎ᠤ ᠤᠷᠤᠨ ᠎ᠤ ᠤᠷᠤᠨ ᠪᠦᠰᠡ ᠨᠢᠬᠡᠪᠤᠷᠢ ᠵᠢᠨ ᠬᠦᠭᠵᠢᠯᠳᠡ ᠯᠠᠪᠳᠠᠭᠤᠨ ᠵᠢᠡᠷ ᠠᠬᠢᠵᠤ᠂ 2020 ᠤᠨ ᠳ᠋ᠤ ᠬᠦᠬᠡᠬᠤᠳᠠ ᠪᠤᠭᠤᠳᠤ ᠤᠷᠳᠤᠰ ᠤᠯᠠᠭᠠᠨᠴᠠᠪ ᠎ᠤᠨ ᠤᠷᠤᠨ ᠨᠤᠳᠤᠭ ᠎ᠤᠨ ᠦᠢᠯᠡᠳᠪᠤᠷᠢᠯᠡᠯ ᠎ᠤᠨ ᠶᠡᠷᠦᠩᠬᠡᠢ ᠦᠷᠳᠡᠭ  9948.6  ᠳ᠋ᠦᠩᠰᠢᠭᠤᠷ ᠲᠦᠭᠦᠷᠢᠭ ᠲᠦ᠍ ᠬᠦᠷᠴᠤ᠂ ᠵᠡᠭᠦᠨ ᠪᠡᠶ᠎ᠠ᠎ᠶᠢᠨ ᠲᠠᠪᠤᠨ ᠠᠢᠮᠠᠭ ᠬᠤᠳᠠ ᠎ᠶᠢᠨ ᠤᠷᠤᠨ ᠨᠤᠳᠤᠭ ᠎ᠤᠨ ᠦᠢᠯᠡᠳᠪᠤᠷᠢᠯᠡᠯ ᠎ᠤᠨ ᠶᠡᠷᠦᠩᠬᠡᠢ ᠦᠷᠳᠡᠭ  5600.2  ᠳ᠋ᠦᠩᠰᠢᠭᠤᠷ ᠲᠦᠭᠦᠷᠢᠭ ᠲᠦ᠍ ᠬᠦᠷᠴᠤ᠂ ᠪᠤᠰᠤᠳ ᠭᠤᠷᠪᠠᠨ ᠠᠢᠮᠠᠭ ᠬᠤᠳᠠ᠎ᠶᠢᠨ ᠤᠷᠤᠨ ᠨᠤᠳᠤᠭ ᠎ᠤᠨ ᠦᠢᠯᠡᠳᠪᠤᠷᠢᠯᠡᠯ ᠎ᠤᠨ ᠶᠡᠷᠦᠩᠬᠡᠢ ᠦᠷᠳᠡᠭ  1741.9  ᠳ᠋ᠦᠩᠰᠢᠭᠤᠷ ᠲᠦᠭᠦᠷᠢᠭ ᠲᠦ᠍ ᠬᠦᠷᠴᠤ ᠂ ᠬᠦᠬᠡᠬᠤᠳᠠ ᠪᠤᠭᠤᠳᠤ ᠤᠷᠳᠤᠰ ᠎ᠤᠨ ᠬᠤᠳᠠ ᠎ᠶᠢᠨ ᠪᠦᠯᠦᠭᠵᠢᠯ ᠎ᠤᠨ ᠶᠡᠷᠦᠩᠬᠡᠢ ᠦᠷᠢᠰᠦᠯᠳᠦᠬᠦ ᠬᠦᠴᠦᠨ ᠪᠤᠯᠤᠨ ᠨᠦᠯᠦᠭᠡᠯᠡᠬᠦ ᠬᠦᠴᠦᠨ ᠢᠯᠡᠳᠳᠡ  ᠴᠢᠩᠭᠠᠷᠠᠭᠤᠯᠪᠠ᠃

《ᠬᠤᠶᠠᠷ ᠰᠠᠭᠤᠷᠢᠨ》 ᠢ᠋ ᠪᠦᠲᠦᠭᠡᠨ ᠪᠠᠢᠭᠤᠯᠬᠤ ᠪᠡᠷ ᠭᠤᠤᠯᠳᠠᠯᠭ᠎ᠠ ᠪᠤᠯᠭᠠᠨ ᠪᠤᠬᠢᠷᠳᠦᠯ ᠦᠭᠡᠢ᠂ ᠦᠪᠡᠷᠮᠢᠴᠡ ᠤᠨᠴᠠᠯᠢᠭ ᠲᠠᠢ᠂ ᠳᠠᠪᠠᠭᠤᠯᠢᠭᠳᠤ ᠤᠳᠤ ᠦᠶ᠎ᠠ ᠵᠢᠨ ᠠᠵᠤ ᠦᠢᠯᠡᠰ᠎ᠤᠨ ᠰᠢᠰᠲᠧᠮ ᠎ᠢ ᠪᠠᠢᠭᠤᠯᠬᠤ《ᠭᠤᠤᠯ ᠬᠦᠭ ᠠᠶᠠᠰ》 ᠢ᠋ ᠴᠢᠪᠬᠠᠳᠠᠪᠠ ᠃ ᠮᠠᠨ ᠎ᠤ ᠤᠷᠤᠨ ᠤᠯᠤᠰ ᠎ᠤᠨ ᠴᠢᠬᠤᠯᠠ ᠡᠨᠧᠷᠬᠢ ᠪᠠ ᠪᠠᠢᠯᠳᠤᠬᠤ ᠪᠤᠳᠤᠯᠭ᠎ᠠ ᠎ᠶᠢᠨ ᠡᠬᠢ ᠪᠠᠶᠠᠯᠢᠭ ᠎ᠤᠨ ᠰᠠᠭᠤᠷᠢᠨ ᠎ᠢ ᠪᠦᠲᠦᠭᠡᠨ ᠪᠠᠢᠭᠤᠯᠬᠤ ᠵᠢ ᠯᠠᠪᠳᠠᠭᠤᠨ ᠪᠠᠳᠤᠳᠠᠢ ᠠᠬᠢᠭᠤᠯᠵᠤ ᠂ ᠤᠳᠤ ᠦᠶ᠎ᠠ ᠵᠢᠨ ᠡᠨᠧᠷᠬᠢ ᠵᠢᠨ ᠠᠵᠤ ᠠᠬᠤᠢ ᠵᠢᠨ ᠬᠦᠭᠵᠢᠯᠳᠡ ᠵᠢᠨ ᠪᠠᠢᠯᠳᠤᠬᠤ ᠪᠤᠳᠤᠯᠭ᠎ᠠ ᠎ᠶᠢᠨ ᠲᠦᠯᠦᠪᠵᠢᠭᠦᠯᠭᠡ ᠵᠢᠨ ᠬᠦᠲᠦᠯᠪᠤᠷᠢ ᠵᠢ ᠨᠠᠢᠷᠠᠭᠤᠯᠤᠨ ᠳᠤᠭᠳᠠᠭᠠᠵᠤ᠂ ᠡᠬᠢ ᠪᠠᠶᠠᠯᠢᠭ ᠎ᠢ ᠲᠤᠬᠠᠢ ᠵᠢᠨ ᠭᠠᠵᠠᠷ ᠲᠠᠭᠠᠨ ᠤᠨᠳᠤᠤᠰᠢᠭᠤᠯᠬᠤ ᠨᠤᠷᠮ᠎ᠠ ᠪᠠ ᠨᠠᠷᠢᠯᠢᠭ ᠡᠳ᠋ᠰᠢᠭᠦᠯᠬᠦ ᠬᠡᠮᠵᠢᠶ᠎ᠠ ᠵᠢ ᠶᠡᠬᠡ ᠪᠡᠷ ᠳᠡᠭᠡᠭᠰᠢᠯᠡᠭᠦᠯᠦᠨ᠂ ᠠᠭᠤᠷᠬᠠᠢ ᠎ᠶᠢᠨ ᠭᠠᠷᠤᠯᠳᠠ ᠪᠠ ᠭᠠᠳᠠᠭᠰᠢ ᠵᠦᠭᠡᠭᠡᠪᠤᠷᠢᠯᠡᠬᠦ ᠬᠡᠮᠵᠢᠶ᠎ᠠ᠂ ᠴᠠᠬᠢᠯᠭᠠᠨ ᠭᠠᠷᠭᠠᠬᠤ ᠬᠡᠮᠵᠢᠶ᠎ᠠ ᠪᠠ ᠴᠠᠬᠢᠯᠭᠠᠨ ᠎ᠢ ᠭᠠᠳᠠᠭᠰᠢ ᠬᠦᠷᠭᠡᠬᠦ ᠬᠡᠮᠵᠢᠶ᠎ᠠ ᠪᠦᠷ ᠪᠦᠬᠦ ᠤᠯᠤᠰ ᠎ᠤᠨ ᠲᠡᠷᠢᠭᠦᠨ ᠎ᠳᠤ ᠵᠢᠭᠰᠠᠵᠤ ᠂ ᠡᠨ᠋ᠸᠷᠬᠢ ᠵᠢᠨ ᠪᠦᠬᠦ ᠮᠠᠰᠢᠨ ᠴᠤᠭᠴᠠᠯᠠᠪᠤᠷᠢ ᠳ᠋ᠡᠬᠢ ᠳᠠᠬᠢᠯᠳᠠ ᠡᠨᠧᠷᠬᠢ ᠎ᠶᠢᠨ ᠮᠠᠰᠢᠨ ᠴᠤᠭᠴᠠᠯᠠᠪᠤᠷᠢ ᠵᠢᠨ ᠡᠵᠡᠯᠡᠬᠦ ᠬᠠᠷᠢᠴᠠᠯ 36% ᠳ᠋ᠤ ᠬᠦᠷᠴᠦ ᠂ ᠬᠤᠪᠤᠷ ᠰᠢᠷᠤᠢ ᠎ᠶᠢᠨ ᠲᠦᠬᠦᠬᠡᠢ ᠮᠠᠲ᠋ᠧᠷᠢᠶᠠᠯ ᠎ᠢ ᠲᠤᠬᠠᠢ ᠎ᠶᠢᠨ ᠭᠠᠵᠠᠷ ᠲᠠᠭᠠᠨ ᠤᠨᠳᠤᠤᠰᠢᠭᠤᠯᠬᠤ ᠨᠤᠷᠮ᠎ᠠ 70%᠎ᠳᠤ ᠬᠦᠷᠴᠤ ᠂ ᠬᠤᠪᠤᠷ ᠰᠢᠷᠤᠢ᠎ᠶᠢᠨ ᠴᠢᠳᠠᠪᠬᠢᠳᠦ ᠮᠠᠲ᠋ᠧᠷᠢᠶᠠᠯ ᠵᠢᠴᠢ ᠦᠵᠦᠭᠦᠷᠯᠢᠭ᠎ᠤᠨ ᠬᠡᠷᠡᠭᠯᠡᠭᠡᠨ᠎ᠤ ᠦᠢᠯᠡᠳᠭᠦᠨ 40% ᠵᠢ ᠡᠵᠡᠯᠡᠬᠦ ᠪᠤᠯᠪᠠ ᠃ ᠤᠯᠤᠰ ᠎ᠦᠨ ᠮᠠᠯ ᠎ᠦᠨ ᠠᠱᠢᠭ ᠱᠢᠮ᠎ᠡ ᠲᠠᠷᠢᠶᠠᠯᠠᠩ ᠎ᠦᠨ ᠪᠦᠲᠦᠭᠡᠭᠳᠡᠬᠦᠨ ᠎ᠦ᠌ ᠦᠢᠯᠡᠳᠪᠦᠷᠢᠯᠡᠯ ᠎ᠦᠨ ᠴᠢᠬᠤᠯᠠ ᠰᠠᠭᠤᠷᠢᠨ ᠎ᠤ ᠪᠦᠲᠦᠭᠡᠨ ᠪᠠᠢᠭᠤᠯᠤᠯᠳᠠ ᠵᠢ ᠯᠠᠪᠳᠠᠭᠤᠨ ᠪᠠᠳᠤᠳᠠᠢ ᠠᠬᠢᠭᠤᠯᠵᠤ ᠂ ᠪᠤᠬᠢᠷᠳᠦᠯ ᠦᠭᠡᠢ ᠮᠠᠯ ᠠᠵᠤ ᠠᠬᠤᠢ ᠲᠠᠷᠢᠶᠠᠯᠠᠩ ᠎ᠢ ᠬᠦᠭᠵᠢᠭᠦᠯᠦᠨ ᠮᠠᠨᠳᠤᠭᠤᠯᠬᠤ ᠎ᠶᠢ ᠪᠠᠷᠢᠮᠳᠠᠯᠠᠨ᠂ ᠠᠮᠤ ᠪᠤᠳᠠᠭᠠᠨ ᠎ᠤ᠋  ᠵᠢᠯ ᠎ᠤᠨ ᠤᠨᠠᠯᠳᠠ 730  ᠳ᠋ᠦᠩᠰᠢᠭᠤᠷ ᠵᠢᠩ ᠎ᠢ ᠳᠠᠪᠠᠵᠤ᠂  ᠬᠤᠨᠢᠨ᠎ᠮᠢᠬᠠᠨ ᠎ᠤ ᠭᠠᠷᠤᠯᠳᠠ ᠪᠦᠬᠦ ᠤᠯᠤᠰ ᠎ᠤᠨ  1/4 ᠤᠷᠴᠢᠮ ᠎ᠢ ᠡᠵᠡᠯᠡᠨ᠂ ᠦᠭᠡᠷ᠎ᠤᠨ ᠮᠢᠬᠠᠨ ᠎ᠤ ᠭᠠᠷᠤᠯᠳᠠ ᠪᠦᠬᠦ ᠤᠯᠤᠰ ᠎ᠤᠨ 1/10  ᠢ᠋ᠢ ᠡᠵᠡᠯᠡᠵᠦ ᠂ ᠦᠨᠢᠶᠠᠨ ᠰᠦ ᠎ᠶᠢᠨ ᠭᠠᠷᠤᠯᠳᠠ ᠪᠦᠬᠦ ᠤᠯᠤᠰ ᠎ᠤᠨ 1/5 ᠤᠷᠴᠢᠮ ᠎ᠢ ᠡᠵᠡᠯᠡᠨ᠂ ᠦᠪᠤᠷ ᠮᠤᠩᠭᠤᠯ᠎ᠤᠨ ᠲᠠᠯ᠎ᠠ ᠨᠤᠳᠤᠭ ᠨᠡᠷ᠎ᠡ ᠨᠢᠳᠡᠷ ᠳᠡᠭᠡᠨ ᠨᠡᠢᠴᠡᠭᠰᠡᠨ《ᠰᠦ ᠵᠢᠨ ᠬᠦᠨᠦᠭ》᠂《ᠮᠢᠬᠠᠨ ᠎ᠦ ᠬᠦᠮᠦᠷᠭᠡ》ᠪᠤᠯᠵᠠᠢ ᠃ ᠮᠠᠯ ᠎ᠤᠨ ᠠᠰᠢᠭ ᠰᠢᠮ᠎ᠠ ᠲᠠᠷᠢᠶᠠᠯᠠᠩ ᠎ᠤᠨ ᠪᠦᠲᠦᠭᠡᠭᠳᠡᠭᠦᠨ ᠎ᠢ ᠡᠳ᠋ᠰᠢᠭᠦᠯᠦᠨ ᠪᠤᠯᠪᠠᠰᠤᠷᠠᠭᠤᠯᠵᠤ ᠤᠨᠳᠤᠤᠰᠢᠭᠤᠯᠬᠤ ᠨᠤᠷᠮ᠎ᠠ 64% ᠎ᠳ᠋ᠤ ᠬᠦᠷᠴᠤ᠂ ᠮᠠᠯ ᠠᠵᠤ ᠠᠬᠤᠢ ᠲᠠᠷᠢᠶᠠᠯᠠᠩ ᠳ᠋ᠡᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠳᠠᠪᠰᠢᠯᠳᠠ ᠵᠢᠨ ᠬᠤᠪᠢ ᠨᠡᠮᠡᠷᠢ ᠵᠢᠨ ᠨᠤᠷᠮ᠎ᠠ 55%᠎ᠶᠢ ᠳᠠᠪᠠᠪᠠ᠃

ᠦᠪᠡᠷᠳᠡᠭᠡᠨ ᠵᠠᠰᠠᠬᠤ ᠤᠷᠤᠨ᠎ᠤ ᠠᠷᠪᠠᠳᠤᠭᠠᠷ ᠤᠳᠠᠭ᠎ᠠ ᠵᠢᠨ ᠨᠠᠮ ᠎ᠤᠨ ᠲᠦᠯᠦᠭᠡᠯᠡᠭᠴᠢᠳ᠎ᠤᠨ ᠶᠡᠬᠡ ᠬᠤᠷᠠᠯ ᠡᠴᠡ ᠨᠠᠭᠠᠰᠢ ᠂ ᠮᠠᠨ ᠎ᠤ ᠤᠷᠤᠨ ᠪᠠᠰᠠ ᠤᠯᠤᠰ ᠎ᠤᠨ ᠨᠤᠳᠤᠭ ᠳᠡᠪᠢᠰᠭᠡᠷ ᠎ᠤᠨ ᠨᠡᠭᠡᠭᠡᠯᠳᠡ ᠬᠠᠮᠠᠭᠠᠯᠠᠯᠳᠠ ᠵᠢᠨ《ᠭᠤᠷᠪᠠᠨ ᠤᠷᠤᠨ ᠭᠤᠷᠪᠠᠨ ᠱᠤᠭᠤᠮ》ᠳ᠋ᠤ ᠴᠢᠭᠯᠡᠬᠦᠯᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ᠤᠨ ᠰᠢᠨ᠎ᠠ ᠵᠢ ᠡᠭᠦᠳᠬᠦ ᠂ ᠪᠤᠬᠢᠷᠳᠦᠯ ᠦᠭᠡᠢ ᠦᠢᠯᠡᠳᠭᠡᠯ᠂ ᠠᠵᠤ ᠦᠢᠯᠡᠳᠪᠤᠷᠢ ᠵᠢᠨ ᠬᠦᠷᠢᠶᠡᠯᠡᠩ ᠲᠤᠭᠤᠷᠢᠭ ᠎ᠢ ᠬᠦᠭᠵᠢᠭᠦᠯᠦᠨ ᠮᠠᠨᠳᠤᠭᠤᠯᠬᠤ᠂《ᠲᠤᠰᠬᠠᠢᠵᠢᠭᠰᠠᠨ ᠨᠠᠷᠢᠯᠢᠭᠵᠢᠭᠰᠠᠨ ᠤᠨᠴᠠᠯᠢᠭᠳᠦ ᠰᠢᠨ᠎ᠠ》ᠳᠤᠮᠳᠠ ᠪᠠᠭ᠎ᠠ ᠠᠵᠤ ᠠᠬᠤᠢᠯᠠᠯ  ᠢ᠋ ᠪᠤᠢᠵᠢᠭᠤᠯᠬᠤ ᠵᠡᠷᠭᠡ ᠢᠨᠵᠧᠨᠧᠷᠢᠩ ᠎ᠢ ᠬᠡᠷᠡᠭᠵᠢᠭᠦᠯᠦᠨ᠂ ᠠᠵᠤ ᠦᠢᠯᠡᠰ ᠎ᠤᠨ ᠬᠡᠯᠬᠢᠶ᠎ᠠ ᠵᠢ ᠤᠷᠳᠤᠳᠬᠠᠵᠤ ᠠᠵᠤ ᠦᠢᠯᠡᠰ ᠎ᠤᠨ ᠬᠡᠯᠬᠢᠶ᠎ᠠ ᠵᠢ ᠨᠦᠬᠦᠪᠤᠷᠢᠯᠡᠬᠦ ᠂ ᠲᠤᠭᠠᠴᠢᠯᠠᠭᠰᠠᠨ ᠦᠭᠡᠷᠡᠴᠢᠯᠡᠯᠳᠡ᠂ ᠬᠢᠯᠢ ᠪᠡᠷ ᠤᠷᠤᠭᠤᠯᠵᠤ ᠢᠷᠡᠭᠰᠡᠨ ᠡᠬᠢ ᠪᠠᠶᠠᠯᠢᠭ  ᠢ᠋ ᠲᠤᠬᠠᠢ ᠎ᠶᠢᠨ ᠭᠠᠵᠠᠷ ᠲᠤᠨᠢ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠲᠤᠰᠬᠠᠢ ᠠᠵᠢᠯᠯᠠᠭ᠎ᠠ ᠦᠷᠨᠢᠭᠦᠯᠵᠤ ᠂ ᠲᠤᠭᠠᠴᠢᠯᠠᠭᠰᠠᠨ ᠠᠵᠤ ᠠᠬᠤᠢ ᠂ ᠦᠵᠡᠰᠭᠦᠯᠡᠩ ᠎ᠤᠨ ᠠᠵᠤ ᠠᠬᠤᠢ ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠎ᠤ ᠭᠦᠢᠯᠭᠡᠭᠡ ᠂ ᠤᠳᠤ ᠦᠶ᠎ᠠ ᠵᠢᠨ ᠮᠦᠩᠭᠦᠨ ᠭᠦᠢᠯᠭᠡᠭᠡᠨ ᠵᠡᠷᠭᠡ ᠦᠢᠯᠡᠰ ᠪᠦᠷ ᠮᠠᠰᠢ ᠲᠦᠷᠭᠡᠨ ᠬᠦᠭᠵᠢᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号