ᠤᠯᠠᠨ ᠲᠠᠯ᠎ᠠ ᠪᠡᠷ ᠮᠠᠩᠯᠠᠢᠯᠠᠭᠰᠠᠨ ᠤᠳᠤ ᠦᠶ᠎ᠡ ᠵᠢᠨ ᠡᠨ᠋ᠸᠷᠬᠢ ᠵᠢᠨ ᠰᠠᠭᠤᠷᠢᠨ
2021-11-21 11:14:30
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠵᠢᠯ ᠳ᠋ᠤ 360 ᠲᠦᠮᠡᠨ ᠲᠣᠨ ᠮᠧᠲ᠋ᠢᠯ ᠠᠯᠺᠣᠣᠯ᠂ 137 ᠲᠦᠮᠡᠨ ᠲᠣᠨ ᠪᠦᠭᠡᠭᠡᠨᠡᠷᠡᠯ ᠠᠯᠺᠸᠨ᠎ᠤ ᠪᠦᠲᠦᠭᠡᠭ᠌ᠳᠡᠬᠦᠨ ᠦᠢᠯᠡᠳᠪᠦᠷᠢᠯᠡᠬᠦ᠌ ᠴᠢᠳᠠᠪᠤᠷᠢ ᠲᠠᠢ ᠣᠳᠣᠬᠢᠴᠢᠯᠠᠭ᠍ᠰᠠᠨ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠠᠵᠤ ᠠᠬᠤᠢᠯᠠᠯ — ᠵᠦᠩ ᠲᠢᠶᠠᠨ ᠾᠧ ᠴᠤᠸᠠᠩ ᠡᠨᠧᠷᠭᠢ ᠵᠢᠨ ᠬᠢᠵᠠᠭᠠᠷᠲᠤ ᠺᠣᠮᠫᠠᠨᠢ 2016 ᠣᠨ ᠳ᠋ᠤ ᠤᠷᠳᠤᠰ ᠬᠤᠳᠠ᠎ᠶᠢᠨ ᠦᠦᠱᠢᠨ ᠬᠣᠱᠢᠭᠤᠨ᠎ᠤ ᠲᠤᠬ ᠪᠠᠯᠭᠠᠰᠤᠨ ᠳ᠋ᠤ ᠪᠠᠢᠭᠤᠯᠤᠭᠳᠠᠪᠠ᠃ 5 ᠵᠢᠯ᠎ᠤᠨ ᠲᠤᠷᠰᠢ᠂ ᠲᠤᠰ ᠺᠤᠮᠫᠠᠨᠢ ᠨᠡᠢ᠌ᠳᠡ 148.42 ᠲᠦᠮᠡᠨ ᠲᠣᠨ ᠪᠥᠭᠡᠭᠡᠨᠡᠷᠡᠯ ᠠᠯᠺᠸᠨ᠎ᠤ ᠪᠦᠲᠦᠭᠡᠭ᠌ᠳᠡᠬᠦᠨ ᠪᠤᠯᠤᠨ 44.23 ᠲᠦᠮᠡᠨ ᠲᠣᠨ ᠪᠤᠰᠤᠳ ᠬᠢᠮᠢ ᠵᠢᠨ ᠠᠵᠤ ᠦᠢᠯᠡᠳᠪᠦᠷᠢ ᠵᠢᠨ ᠪᠦᠲᠦᠭᠡᠭ᠌ᠳᠡᠬᠦᠨ ᠦᠢᠯᠡᠳᠪᠦᠷᠢᠯᠡᠵᠦ᠍᠂ ᠨᠡᠢᠳᠡ 11.79 ᠳ᠋ᠦᠩᠱᠢᠭᠤᠷ ᠲᠥᠭᠥᠷᠢᠭ᠎ᠦᠨ ᠭᠠᠢᠯᠢ ᠲᠤᠱᠢᠶᠠᠨ᠂ ᠤᠯᠤᠰ ᠪᠠ ᠣᠷᠣᠨ ᠨᠤᠲᠤᠭ᠎ᠤᠨ ᠠᠵᠤ ᠠᠬᠤᠢ ᠵᠢᠨ ᠬᠥᠭ᠌ᠵᠢᠯᠲᠡ ᠳ᠋ᠤ ᠲᠤᠪᠤᠢ᠌ᠮ᠎ᠠ ᠬᠤᠪᠢ ᠨᠡᠮᠡᠷᠢ ᠦᠵᠡᠭᠦᠯᠵᠡᠢ᠃

ᠵᠦᠩ ᠲᠢᠶᠠᠨ ᠾᠧ ᠴᠤᠸᠠᠩ ᠺᠣᠮᠫᠠᠨᠢ ᠵᠢᠨ ᠲᠠᠪᠤᠨ ᠵᠢᠯ᠎ᠤᠨ ᠬᠦᠭᠵᠢᠯᠳᠡ ᠪᠤᠯ ᠮᠠᠨ᠎ᠤ ᠤᠷᠤᠨ ᠎ᠤ ᠤᠳᠤ ᠦᠶ᠎ᠡ ᠵᠢᠨ ᠡᠨ᠋ᠸᠷᠬᠢ ᠵᠢᠨ ᠠᠵᠤ ᠠᠬᠤᠢ ᠵᠢᠨ ᠬᠦᠭᠵᠢᠯᠳᠡ ᠵᠢᠨ ᠨᠢᠬᠡᠨ ᠴᠤᠮᠬᠠᠳᠬᠠᠯ ᠪᠤᠯᠬᠤ ᠶᠤᠮ᠃ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠤᠳᠠᠭ᠎ᠠ ᠵᠢᠨ ᠨᠠᠮ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ ᠡᠴᠡ ᠨᠠᠭᠠᠰᠢ᠂ ᠮᠠᠨ ᠎ᠤ ᠤᠷᠤᠨ ᠡᠨ᠋ᠸᠷᠬᠢ ᠵᠢᠨ ᠪᠦᠳᠦᠴᠡ ᠵᠢ ᠲᠤᠬᠢᠷᠠᠭᠤᠯᠬᠤ ᠂ ᠪᠠᠢᠷᠢᠰᠢᠭᠤᠯᠤᠯᠳᠠ ᠵᠢ ᠰᠢᠯᠢᠳᠡᠭᠵᠢᠬᠦᠯᠬᠦ᠂ ᠰᠢᠨ᠎ᠠ ᠵᠢ ᠡᠬᠦᠳᠬᠦ ᠭᠤᠷᠪᠠᠨ ᠲᠠᠯ᠎ᠠ ᠪᠡᠷ ᠵᠡᠷᠬᠡ ᠪᠡᠷ ᠬᠦᠴᠦᠯᠡᠵᠤ᠂ ᠤᠯᠤᠰ ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠎ᠤ ᠪᠦᠳᠦᠬᠡᠨ ᠪᠠᠢᠭᠤᠯᠤᠯᠳᠠ ᠳ᠋ᠤ ᠲᠦᠷᠬᠡᠨ ᠠᠬᠢᠯᠳᠠ ᠵᠢ ᠪᠡᠶᠡᠯᠡᠭᠦᠯᠪᠡ᠃

— ᠪᠠᠢᠯᠳᠤᠬᠤ ᠪᠤᠳᠤᠯᠭ᠎ᠠ ᠪᠠᠷ ᠬᠦᠳᠦᠯᠦᠨ ᠳᠠᠭᠠᠭᠤᠯᠬᠤ ᠵᠢ ᠪᠠᠷᠢᠮᠲᠠᠯᠠᠵᠤ᠂ ᠤᠳᠤ ᠦᠶ᠎ᠡ᠎ᠶ᠋ᠢᠨ ᠡᠨᠧᠷᠭᠢ ᠶ᠋ᠢᠨ ᠠᠵᠤ ᠠᠬᠤᠢ᠎ᠶ᠋ᠢᠨ ᠬᠥᠭ᠌ᠵᠢᠯᠲᠡ ᠳ᠋ᠤ ᠪᠠᠳᠤᠯᠠᠭ᠎ᠠ ᠬᠠᠩᠭᠠᠪᠠ᠃ ᠦᠪᠡᠷᠳᠡᠬᠡᠨ ᠵᠠᠰᠠᠬᠤ ᠤᠷᠤᠨ ᠡᠴᠡ ᠥᠪᠥᠷ ᠮᠣᠩᠭᠣᠯ᠎ᠤᠨ ᠣᠲᠣ ᠦᠶ᠎ᠡ ᠵᠢᠨ ᠡᠨᠧᠷᠭᠢ ᠵᠢᠨ ᠠᠵᠤ ᠠᠬᠤᠶ ᠵᠢᠨ ᠰᠤᠳᠤᠯᠭᠠᠨ ᠎ᠤ ᠬᠦᠷᠢᠶᠡᠯᠡᠩ᠎ᠢ ᠪᠠᠢᠭᠤᠯᠤᠨ ᠤᠶᠤᠨᠲᠤ ᠴᠠᠬᠢᠯᠭᠠᠨ ᠲᠤᠤᠷ᠂ ᠨᠥᠭᠡᠴᠡ ᠡᠨᠧᠷᠭᠢ᠂ ᠴᠥᠮ᠎ᠡ ᠵᠢᠨ ᠡᠨᠧᠷᠭᠢ ᠵᠡᠷᠭᠡ ᠠᠯᠢ ᠣᠯᠠᠨ ᠲᠥᠯᠥᠪᠵᠢᠭᠦᠯᠭᠡ ᠪᠠ ᠲᠥᠷᠥ ᠵᠢᠨ ᠪᠣᠳᠣᠯᠭ᠎ᠠ ᠵᠢᠨ ᠰᠤᠳᠤᠯᠭᠠᠨ ᠥᠷᠨᠢᠭᠦᠯᠵᠦ᠍᠂ ᠣᠲᠣ ᠦᠶ᠎ᠡ ᠵᠢᠨ ᠡᠨᠧᠷᠭᠢ ᠵᠢᠨ ᠠᠵᠤ ᠠᠬᠤᠶ ᠵᠢᠨ ᠬᠥᠭ᠌ᠵᠢᠯᠲᠡ ᠳ᠋ᠤ ᠴᠢᠬᠤᠯᠠ ᠣᠶᠤᠨ᠎ᠤ ᠲᠤᠯᠭᠠᠭᠤᠷᠢᠯᠠᠯ ᠬᠠᠩᠭᠠᠵᠠᠢ᠃ ᠪᠠᠰᠠ《ᠣᠲᠣ ᠦᠶ᠎ᠡ ᠵᠢᠨ ᠡᠨᠧᠷᠭᠢ ᠵᠢᠨ ᠠᠵᠤ ᠠᠬᠤᠶ ᠵᠢ ᠪᠥᠲᠥᠭᠡᠨ ᠪᠠᠢᠭᠤᠯᠵᠤ ᠡᠨᠧᠷᠭᠢ ᠵᠢᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠲᠤᠬᠠᠢ ᠬᠡᠷᠡᠭ᠌ᠵᠢᠭᠦᠯᠬᠦ᠌ ᠲᠥᠰᠦᠯ》ᠵᠡᠷᠭᠡ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭᠠᠵᠤ᠂《ᠨᠡᠭᠦᠷᠡᠰᠦᠨ᠎ᠦ ᠠᠵᠤ ᠦᠶ᠋ᠯᠡᠳᠪᠦᠷᠢ ᠵᠢᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠲᠤᠬᠠᠶ ᠰᠠᠨᠠᠯ》᠂《ᠨᠡᠭᠦᠷᠡᠰᠦ ᠴᠠᠬᠢᠯᠭᠠᠨ ᠎ᠢ ᠬᠣᠯᠪᠣᠭᠠᠯᠠᠨ ᠡᠵᠡᠩᠨᠡᠬᠦ ᠵᠢ ᠤᠯᠠᠮ ᠨᠢᠭᠡ ᠠᠯᠬᠤᠮ ᠠᠬᠢᠭᠤᠯᠬᠤ ᠲᠤᠬᠠᠢ ᠠᠵᠢᠯ᠎ᠤᠨ ᠲᠥᠰᠦᠯ》ᠵᠡᠷᠭᠡ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠭ᠍ᠲᠠᠭᠠᠨ ᠬᠡᠷᠡᠭᠵᠢᠬᠦᠯᠵᠤ᠂ ᠣᠲᠣ ᠦᠶ᠎ᠡ ᠵᠢᠨ ᠡᠨᠧᠷᠭᠢ ᠵᠢᠨ ᠠᠵᠤ ᠠᠬᠤᠶ ᠵᠢᠨ ᠬᠥᠭ᠌ᠵᠢᠯᠲᠡ ᠳ᠋ᠤ ᠲᠥᠷᠥ ᠵᠢᠨ ᠪᠣᠳᠣᠯᠭ᠎ᠠ ᠵᠢᠨ ᠬᠦᠴᠦᠳᠤ ᠪᠠᠲᠤᠯᠠᠭ᠎ᠠ ᠬᠠᠩᠭᠠᠵᠠᠢ᠃

— ᠨᠡᠭᠦᠷᠡᠰᠦ ᠂ ᠴᠢᠯᠠᠭᠤᠨ ᠲᠣᠰᠣ ᠂ ᠰᠢᠳᠠᠮᠬᠠᠢ ᠬᠡᠢ ᠪᠤᠯᠤᠨ ᠴᠠᠬᠢᠯᠭᠠᠨ ᠎ᠢ ᠵᠡᠷᠭᠡ ᠪᠡᠷ ᠬᠥᠭ᠌ᠵᠢᠭᠦᠯᠬᠦ ᠵᠢ ᠪᠠᠷᠢᠮᠲᠠᠯᠠᠵᠤ᠂ ᠬᠠᠩᠭᠠᠯᠭ᠎ᠠ ᠪᠠᠲᠤᠯᠠᠭ᠎ᠠ᠎ᠶ᠋ᠢᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠳᠤ ᠱᠢᠨ᠎ᠡ ᠱᠢᠪᠲᠤᠯᠤᠯᠲᠠ ᠭᠠᠷᠭᠠᠪᠠ᠃ ᠨᠡᠭᠦᠷᠡᠰᠦᠨ᠎ᠦ ᠬᠠᠩᠭᠠᠯᠭ᠎ᠠ ᠪᠠ ᠪᠠᠲᠤᠯᠠᠭ᠎ᠠ ᠵᠢ ᠲᠡᠰ ᠳᠡᠪᠱᠢᠭᠦᠯᠤᠨ ᠬᠠᠩᠭᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠡᠷᠴᠢᠮ ᠲᠠᠢ ᠶᠠᠪᠤᠭᠤᠯᠵᠤ᠂ ᠪᠦᠬᠦ ᠤᠷᠤᠨ ᠎ᠤ ᠨᠡᠭᠦᠷᠡᠰᠦᠨ ᠎ᠤ ᠭᠠᠷᠤᠯᠳᠠ 2016 ᠤᠨ ᠎ᠤ 8.45᠎ᠳ᠋ᠥᠡᠭᠰᠢᠭᠤᠷ ᠭᠠᠷᠤᠢ ᠲᠤᠨ ᠪᠠᠢᠭᠰᠠᠨ ᠡᠴᠡ ᠪᠠᠨ 2020 ᠤᠨ᠎ᠤ 10.25 ᠳ᠋ᠥᠡᠭᠰᠢᠭᠤᠷ ᠭᠠᠷᠤᠢ ᠲᠤᠨ ᠪᠤᠯᠵᠤ ᠨᠡᠮᠡᠭᠳᠡᠨ᠂ ᠪᠦᠬᠦ᠌ ᠤᠯᠤᠰ ᠎ᠤᠨ 1/4 ᠵᠢ᠎ᠡᠵᠡᠯᠡᠵᠦ᠍᠂ ᠮᠢᠩᠭᠠᠨ ᠲᠦᠮᠡᠨ ᠲᠣᠨ᠎ᠤ ᠲᠡᠰ᠎ᠤᠨ ᠨᠡᠭᠦᠷᠡᠰᠦᠨ ᠠᠭᠤᠷᠬᠠᠢ ᠵᠢᠨ ᠦᠢᠯᠡᠳᠪᠦᠷᠢᠯᠡᠯ ᠎ᠦᠨ ᠴᠢᠳᠠᠪᠤᠷᠢ 40% ᠎ᠶ᠋ᠢ ᠳᠠᠪᠠᠵᠤ᠂ ᠪᠦᠬᠦ᠌ ᠤᠯᠤᠰ ᠎ᠤᠨ ᠨᠡᠭᠦᠷᠡᠰᠦᠨ ᠎ᠦ ᠬᠠᠩᠭᠠᠯᠭ᠎ᠠ ᠪᠠᠲᠤᠯᠠᠭ᠎ᠠ ᠵᠢᠨ ᠴᠢᠬᠤᠯᠠ ᠰᠠᠭᠤᠷᠢᠨ ᠪᠤᠯᠵᠠᠢ᠃ ᠡᠨᠡ ᠵᠢᠯ ᠎ᠤᠨ ᠲᠦᠷᠦᠭᠦᠦ ᠭᠤᠷᠪᠠᠨ ᠤᠯᠠᠷᠢᠯ ᠳ᠋ᠤ ᠪᠥᠬᠥ᠌ ᠣᠷᠣᠨ᠎ᠤ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠵᠢᠨ ᠠᠵᠤ ᠠᠬᠤᠢᠯᠠᠯ᠎ᠤᠨ ᠨᠡᠭᠦᠷᠡᠰᠦᠨ᠎ᠦ ᠭᠠᠷᠤᠯᠲᠠ 7.33 ᠳ᠋ᠦᠩᠱᠢᠭᠤᠷ ᠲᠣᠨ ᠳ᠋ᠤ ᠬᠦᠷᠴᠦ᠍᠂ ᠪᠥᠬᠥ᠌ ᠤᠯᠤᠰ᠎ᠤᠨ ᠡᠯ᠎ᠡ ᠮᠤᠵᠢ ᠬᠤᠳᠠ ᠪᠠ ᠦᠪᠡᠷᠳᠡᠬᠡᠨ ᠵᠠᠰᠠᠬᠤ ᠣᠷᠣᠨ ᠳ᠋ᠤ ᠲᠡᠳ᠋ᠯᠡᠪᠡ᠃ ᠪᠦᠬᠦ ᠤᠷᠤᠨ᠎ᠤ ᠴᠠᠬᠢᠯᠭᠠᠨ ᠬᠦᠴᠦᠨ᠎ᠤ ᠶᠡᠷᠦᠩᠬᠡᠢ ᠮᠠᠱᠢᠨ ᠴᠣᠭ᠍ᠴᠠᠯᠠᠪᠤᠷᠢ 2016 ᠤᠨ ᠎ᠤ 1.1 ᠳ᠋ᠥᠡᠭᠰᠢᠭᠤᠷ ᠭᠠᠷᠤᠢ ᠺᠢᠯᠦᠸᠠᠲ ᠪᠠᠢᠭᠰᠠᠨ ᠡᠴᠡ ᠪᠠᠨ 2020 ᠤᠨ᠎ᠤ 1.44 ᠳ᠋ᠦᠩᠱᠢᠭᠤᠷ ᠺᠢᠯᠦᠸᠠᠲ᠎ᠲᠤ ᠬᠦᠷᠴᠦ᠍ ᠂ ᠪᠦᠬᠦ᠌ ᠤᠯᠤᠰ ᠲᠦ᠍ ᠲᠦᠷᠦᠬᠦᠯᠡᠪᠡ᠃ ᠡᠨᠡ ᠵᠢᠯ᠎ᠤᠨ ᠲᠦᠷᠤᠬᠦᠤ ᠭᠤᠷᠪᠠᠨ ᠤᠯᠠᠷᠢᠯ ᠳ᠋ᠤ ᠪᠥᠬᠥ᠌ ᠣᠷᠣᠨ᠎ᠤ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠴᠠᠬᠢᠯᠭᠠᠨ ᠭᠠᠷᠭᠠᠭ᠍ᠰᠠᠨ ᠬᠡᠮᠵᠢᠶ᠎ᠡ 4398.9 ᠳ᠋ᠦᠩᠱᠢᠭᠤᠷ ᠺᠢᠯᠦᠸᠠᠲ ᠴᠠᠭ᠎ᠲᠤ ᠬᠥᠷᠴᠠᠢ᠃ ᠡᠭᠦᠨ ᠳ᠋ᠤ ᠂ ᠵᠡᠭᠦᠨ ᠬᠡᠰᠡᠭ ᠎ᠦᠨ ᠭᠠᠵᠠᠷ ᠣᠷᠣᠨ ᠎ᠤ ᠎ᠴᠠᠬᠢᠯᠭᠠᠨ ᠎ᠭᠠᠷᠭᠠᠭ᠍ᠰᠠᠨ ᠎ᠬᠡᠮᠵᠢᠶ᠎ᠡ ᠎ᠨᠢᠳᠤᠨᠤᠨ ᠎ᠤ ᠎ᠠᠳᠠᠯᠢ ᠬᠤᠭᠤᠴᠠᠭᠠᠨ᠎ᠤ᠎ᠬᠢ᠎ᠡᠴᠡ 11.3% ᠪᠡᠷ ᠨᠡᠮᠡᠭ᠌ᠳᠡᠵᠦ᠍᠂ ᠵᠡᠭᠦᠨ ᠬᠣᠢᠲᠤ ᠣᠷᠣᠨ ᠎ᠤ ᠴᠠᠬᠢᠯᠭᠠᠨ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ ᠵᠢ ᠪᠦᠲᠦᠮᠵᠢᠲᠡᠶ ᠲᠤᠯᠭᠠᠭᠤᠷᠢᠯᠠᠵᠤ᠂ ᠤᠯᠤᠰ ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠤ ᠦᠢᠯᠡᠳᠦᠯ ᠵᠢᠡᠨ ᠭᠦᠢᠴᠡᠳ ᠪᠠᠳᠠᠷᠠᠭᠤᠯᠤᠭᠰᠠᠨ ᠪᠠᠢᠨ᠎ᠠ᠃ ᠤᠢᠷ᠎ᠠ ᠵᠢᠨ ᠵᠢᠯ ᠳ᠋ᠤ ᠮᠠᠨ᠎ᠤ ᠤᠷᠤᠨ ᠪᠠᠰᠠ 5 ᠵᠤᠷᠪᠤᠰ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠬᠡᠬᠦ ᠱᠤᠭᠤᠮ᠂ 11 ᠵᠤᠷᠪᠤᠰ ᠬᠡᠳᠦ ᠬᠦᠴᠦᠳᠡᠯᠲᠦ ᠴᠠᠬᠢᠯᠭᠠᠨ ᠬᠦᠷᠬᠡᠬᠦ ᠱᠤᠭᠤᠮ᠎ᠢ ᠪᠠᠢᠭᠤᠯᠤᠨ᠂ ᠭᠠᠳᠠᠭᠰᠢ ᠴᠠᠬᠢᠯᠭᠠᠨ ᠬᠦᠷᠬᠡᠬᠦ ᠴᠢᠳᠠᠪᠤᠷᠢ 7000 ᠲᠦᠮᠡᠨ ᠺᠢᠯᠦᠸᠠᠲ᠎ᠲᠤ ᠬᠦᠷᠴᠦ᠍᠂ ᠪᠦᠬᠦ᠌ ᠤᠯᠤᠰ᠎ᠤᠨ ᠬᠠᠮᠤᠭ᠎ᠤᠨ ᠶᠡᠬᠡ ᠴᠠᠬᠢᠯᠭᠠᠨ ᠬᠦᠴᠦᠨ ᠎ᠦ ᠪᠠᠲᠤᠯᠠᠭ᠎ᠠ ᠵᠢᠨ ᠰᠠᠭᠤᠷᠢᠨ ᠪᠤᠯᠵᠠᠢ᠃ ᠴᠢᠯᠠᠭᠤᠨ ᠲᠣᠰᠣ ᠪᠠ ᠰᠢᠳᠠᠮᠠᠬᠠᠢ ᠬᠡᠢ ᠵᠢᠨ ᠤᠯᠠᠨ ᠡᠰᠢᠴᠢᠯᠡᠭᠰᠡᠨ ᠬᠠᠩᠭᠠᠯᠭ᠎ᠠ ᠵᠢ ᠠᠬᠢᠭᠤᠯᠵᠤ᠂ ᠴᠢᠯᠠᠭᠤᠨ ᠲᠣᠰᠣ ᠪᠠ ᠪᠠᠢᠭᠠᠯᠢ ᠵᠢᠨ ᠱᠢᠲᠠᠮᠠᠬᠠᠢ ᠬᠡᠢ ᠵᠢᠨ ᠭᠠᠷᠤᠯᠲᠠ ᠵᠢ ᠲᠤᠰᠪᠤᠷᠢ 100 ᠲᠦᠮᠡᠨ ᠲᠣᠨ ᠪᠠ 250 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲᠷ ᠡᠴᠡ ᠳᠡᠭᠡᠭ᠌ᠰᠢ ᠲᠣᠭ᠍ᠲᠠᠪᠤᠷᠢᠵᠢᠭᠤᠯᠵᠤ᠂ ᠨᠡᠭᠦᠷᠡᠰᠦ ᠪᠡᠷ ᠴᠢᠯᠠᠭᠤᠨ ᠲᠣᠰᠣ ᠪᠠ ᠰᠢᠳᠠᠮᠠᠬᠠᠢ ᠬᠡᠢ ᠦᠢᠯᠡᠳᠬᠦ᠌ ᠦᠢᠯᠡᠳᠪᠦᠷᠢᠯᠡᠯ᠎ᠦᠨ ᠴᠢᠳᠠᠪᠤᠷᠢ ᠵᠢ ᠲᠤᠰᠪᠤᠷᠢ 124 ᠲᠦᠮᠡᠨ ᠲᠣᠨ ᠪᠠ17.3 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲᠷ᠎ᠲᠤ ᠲᠣᠭ᠍ᠲᠠᠪᠤᠷᠢᠵᠢᠭᠤᠯᠵᠤ᠂ ᠴᠢᠯᠠᠭᠤᠨ ᠲᠣᠰᠣ ᠪᠠ ᠰᠢᠳᠠᠮᠠᠬᠠᠢ ᠬᠡᠢ ᠵᠢᠨ ᠪᠠᠲᠤᠯᠠᠭ᠎ᠠ ᠵᠢᠨ ᠴᠢᠳᠠᠪᠤᠷᠢ ᠤᠯᠠᠮ ᠴᠢᠩᠭᠠᠷᠠᠪᠠ᠃

— ᠡᠨᠧᠷᠭᠢ ᠵᠢᠨ ᠨᠡᠭᠡᠭᠡᠯᠲᠡ ᠬᠢᠭᠡᠳ ᠠᠮᠢ ᠠᠬᠤᠶ᠎ᠶ᠋ᠢ ᠠᠭᠤᠰᠤᠯᠴᠠᠭᠤᠯᠤᠨ ᠬᠥᠭ᠌ᠵᠢᠭᠦᠯᠵᠤ᠂ ᠪᠤᠬᠢᠷᠳᠤᠯ ᠦᠬᠡᠢ ᠬᠦᠭᠵᠢᠯᠳᠡ ᠵᠢᠨ ᠰᠢᠨ᠎ᠡ ᠬᠠᠭᠤᠳᠠᠰᠤ ᠵᠢ ᠪᠢᠴᠢᠭᠯᠡᠪᠡ᠃ ᠮᠠᠨ᠎ᠤ ᠤᠷᠤᠨ ᠦᠶ᠋ᠯᠡᠳᠪᠦᠷᠢᠯᠡᠯ ᠎ᠦᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠤᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠳ᠋ᠡᠬᠢ ᠨᠡᠭᠦᠷᠡᠰᠦᠨ ᠠᠭᠤᠷᠬᠠᠶ ᠵᠢ ᠪᠦᠬᠦᠨ᠎ᠢ ᠬᠠᠭᠠᠵᠤ᠂ ᠨᠤᠲᠤᠭ ᠪᠡᠯᠴᠢᠭᠡᠷ᠎ᠦᠨ ᠭᠤᠤᠯ ᠣᠷᠣᠨ ᠳ᠋ᠡᠬᠢ ᠨᠡᠭᠦᠷᠡᠰᠦᠨ ᠠᠭᠤᠷᠬᠠᠶ᠂ ᠰᠠᠯᠬᠢᠨ ᠬᠦᠴᠦ ᠪᠠ ᠬᠡᠷᠡᠯᠴᠢ ᠴᠡᠨᠡᠭ ᠵᠢᠡᠷ ᠴᠠᠬᠢᠯᠭᠠᠨ ᠭᠠᠷᠭᠠᠬᠤ ᠲᠠᠯᠠᠪᠠᠢ ᠵᠢᠨ ᠬᠤᠭᠤᠴᠠᠭ᠎ᠠ᠎ᠨᠢ ᠲᠤᠯᠪᠠᠯ ᠪᠤᠴᠠᠭᠠᠨ ᠭᠠᠷᠭᠠᠵᠤ ᠡᠬᠢᠯᠡᠪᠡ᠃ ᠰᠠᠯᠬᠢᠨ ᠬᠦᠴᠦᠨ ᠤ᠋ ᠴᠠᠬᠢᠯᠭᠠᠨ ᠪᠤᠯᠤᠨ ᠭᠡᠷᠡᠯᠴᠢ ᠴᠡᠨᠡᠭ ᠎ᠤᠨ ᠴᠠᠬᠢᠯᠭᠠᠨ ᠦᠷᠲᠡᠭᠡ ᠵᠢ ᠡᠯᠡᠰᠦ ᠮᠠᠩᠬ᠎ᠠ᠂ ᠵᠠᠳᠠᠭᠠᠢ ᠠᠭᠤᠷᠬᠠᠢ᠎ᠶ᠋ᠢᠨ ᠱᠢᠷᠣᠢ ᠭᠠᠳᠠᠭ᠍ᠰᠢᠯᠠᠭᠤᠯᠬᠤ ᠲᠠᠯᠠᠪᠠᠢ ᠵᠢᠴᠢ ᠲᠡᠭᠦᠨ᠎ᠤ ᠬᠦᠪᠡᠭᠡ ᠲᠠᠭᠠᠤ ᠤᠷᠤᠨ ᠵᠢᠡᠷ ᠪᠠᠢᠷᠢᠯᠡᠭᠤᠯᠪᠠ ᠃ ᠡᠬᠦᠨ ᠎ᠤ ᠬᠠᠮᠳᠤ ᠡᠨᠧᠷᠭᠢ ᠵᠢᠨ ᠪᠦᠲᠦᠴᠡ ᠵᠢᠨ ᠲᠣᠬᠢᠷᠠᠭᠤᠯᠤᠯᠲᠠ ᠵᠢ ᠠᠬᠢᠭᠤᠯᠵᠤ ᠂ ᠱᠢᠨ᠎ᠡ ᠡᠨᠧᠷᠭᠢ ᠵᠢ ᠬᠥᠭ᠌ᠵᠢᠭᠦᠯᠦᠨ ᠪᠤᠵᠠᠭᠠᠢᠷᠠᠭᠤᠯᠬᠤ ᠵᠢ ᠣᠲᠣ ᠦᠶ᠎ᠡ ᠵᠢᠨ ᠡᠨᠧᠷᠭᠢ᠎ᠶ᠋ᠢᠨ ᠠᠵᠤ ᠠᠬᠤᠶ ᠵᠢ ᠰᠠᠢᠳᠤᠷ ᠬᠦᠭᠵᠢᠭᠦᠯᠬᠦ ᠭᠤᠤᠯᠳᠠᠯᠭ᠎ᠠ ᠵᠢᠨ ᠳᠤᠲᠤᠷᠠᠬᠢ ᠭᠤᠤᠯᠳᠠᠯᠭ᠎ᠠ ᠪᠤᠯᠭᠠᠭᠰᠠᠨ ᠡᠴᠡ ᠰᠢᠨ᠎ᠡ ᠡᠨ᠋ᠸᠷᠬᠢ ᠵᠢᠨ ᠠᠵᠤ ᠦᠢᠯᠡᠰ ᠬᠦᠭᠵᠢᠯᠳᠡ ᠵᠢᠨ ᠲᠦᠷᠬᠡᠨ ᠵᠠᠮ ᠳ᠋ᠠᠭᠠᠨ ᠤᠷᠤᠪᠠ᠃ ᠤᠳᠤ ᠮᠠᠨ ᠎ᠤ ᠤᠷᠤᠨ ᠎ᠤ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ 5000 ᠲᠦᠮᠡᠨ ᠺᠢᠯᠦᠸᠠᠲ ᠎ᠢ᠋ ᠲᠠᠪᠠᠨ᠂ ᠪᠦᠬᠦ ᠣᠷᠣᠨ᠎ᠤ1/3 ᠡᠴᠡ ᠳᠡᠭᠡᠭ᠌ᠰᠢᠬᠢ ᠴᠠᠬᠢᠯᠭᠠᠨ ᠬᠦᠴᠦᠨ᠎ᠦ ᠮᠠᠱᠢᠨ ᠴᠣᠭ᠍ᠴᠠᠯᠠᠪᠤᠷᠢ ᠪᠤᠯᠤᠨ ᠪᠥᠬᠥ᠌ ᠨᠡᠢᠭᠡᠮ᠎ᠦᠨ ᠬᠡᠷᠡᠭᠯᠡᠬᠦ ᠴᠠᠬᠢᠯᠭᠠᠨ ᠬᠡᠮᠵᠢᠶ᠎ᠡ᠎ᠵᠢᠨ 1/5 ᠎ᠡᠴᠡ ᠲᠠᠬᠡᠭᠰᠢᠬᠢ ᠨᠢ ᠴᠦᠮ ᠱᠢᠨ᠎ᠡ ᠡᠨᠧᠷᠭᠢ᠎ᠡᠴᠡ ᠢᠷᠠᠯᠳᠡ ᠲᠠᠢ ᠪᠠᠢᠵᠤ᠂ ᠮᠠᠨ ᠎ᠤ ᠤᠷᠤᠨ ᠨᠢᠬᠡᠨᠳᠡ ᠪᠥᠬᠥ᠌ ᠤᠯᠤᠰ ᠎ᠤᠨ ᠬᠠᠮᠤᠭ ᠎ᠤᠨ ᠶᠡᠬᠡ ᠱᠢᠨ᠎ᠡ ᠡᠨᠧᠷᠭᠢ ᠵᠢᠨ ᠰᠠᠭᠤᠷᠢᠨ ᠪᠤᠯᠵᠠᠢ ᠃

ᠲᠠᠯᠠᠳ ᠬᠤᠰᠢᠭᠤᠨ ᠳ᠋ᠤ ᠪᠦᠳᠦᠬᠡᠨ ᠪᠠᠢᠭᠤᠯᠵᠤ ᠪᠠᠢᠭ᠎ᠠ ᠦᠪᠦᠷ ᠮᠤᠩᠭᠤᠯ ᠎ᠤᠨ ᠮᠦᠸᠸ ᠷᠦᠢ ᠡᠨᠧᠷᠭᠢ ᠵᠢᠨ ᠮᠠᠲ᠋ᠧᠷᠢᠶᠠᠯ ᠎ᠤᠨ ᠬᠢᠵᠠᠭᠠᠷᠲᠤ ᠺᠣᠮᠫᠠᠨᠢ ᠵᠢᠨ ᠵᠢᠯ᠎ᠤᠨ 18.8 ᠲᠦᠮᠡᠨ ᠲᠣᠨ᠎ᠤ ᠳᠡᠭᠡᠳᠦ ᠲᠡᠰ᠎ᠤᠨ ᠬᠢᠮᠢ ᠵᠢᠴᠢ ᠡᠨᠧᠷᠭᠢ ᠵᠢᠨ ᠮᠠᠲ᠋ᠧᠷᠢᠶᠠᠯ ᠦᠢᠯᠡᠳᠪᠤᠷᠢᠯᠡᠬᠦ᠌ ᠲᠦᠷᠦᠯ ᠵᠦᠢᠯ᠎ᠤᠨ ᠲᠡᠮᠦᠷᠯᠢᠭ ᠨᠠᠲ᠋ᠷᠢ᠂ ᠴᠥᠮ᠎ᠡ ᠵᠢᠨ ᠲᠠᠰ᠎ᠤᠨ ᠨᠠᠲ᠋ᠷᠢ᠂ ᠨᠠᠲ᠋ᠷᠢ ᠵᠢᠨ ᠬᠡᠲᠦ ᠢᠰᠦᠯ ᠵᠢᠴᠢ ᠨᠡᠢᠲᠡ ᠵᠢᠨ ᠬᠡᠷᠡᠭ᠌ᠯᠡᠭᠡᠨ ᠎ᠤ ᠢᠨᠵᠧᠨᠧᠷᠢᠩ ᠨᠢᠬᠡᠨᠳᠡ ᠲᠤᠷᠱᠢᠨ ᠬᠡᠷᠡᠭ᠌ᠯᠡᠬᠦ᠌ ᠨᠥᠬᠥᠴᠡᠯ᠎ᠢ ᠪᠦᠷᠢᠯᠳᠦᠭᠦᠯᠪᠠ᠃《ᠪᠢᠳᠡ ᠳᠡᠯᠡᠬᠡᠶ ᠵᠢᠨ ᠲᠡᠷᠢᠭᠦᠨ᠎ᠦ ᠮᠡᠷᠭᠡᠵᠢᠯ᠎ᠤᠨ ᠳᠠᠪᠠᠭᠤᠯᠢᠭ᠎ᠲᠠᠭᠠᠨ ᠲᠦᠱᠢᠭ᠌ᠯᠡᠨ ᠤᠯᠤᠰ ᠎ᠤᠨ ᠪᠠᠢᠯᠳᠤᠬᠤ ᠪᠣᠳᠣᠯᠭ᠎ᠠ ᠵᠢᠨ ᠪᠠᠢᠷᠢᠯᠠᠭᠤᠯᠤᠯᠲᠠ ᠵᠢᠨ ᠬᠠᠮᠢᠶ᠎ᠠ ᠪᠦᠬᠦᠢ ᠵᠢᠱ᠌ᠢᠶ᠎ᠡ ᠦᠵᠡᠭᠦᠯᠬᠦ᠌ ᠲᠦᠷᠦᠯ ᠵᠤᠢ᠌ᠯ ᠎ᠤᠨ ᠬᠠᠩᠭᠠᠯᠭ᠎ᠠ ᠵᠢᠨ ᠠᠷᠠᠯᠵᠢᠶᠡᠴᠢᠨ ᠎ᠤ ᠳᠠᠭᠠᠭᠠᠴᠢᠯᠠᠯᠲᠠ ᠵᠢ ᠣᠯᠵᠤ᠂ ᠤᠤᠯ ᠎ᠤᠨ ᠭᠠᠳᠠᠭᠠᠳᠤ ᠡᠴᠡ ᠣᠷᠣᠭᠤᠯᠵᠤ ᠪᠠᠢ᠌ᠭ᠍ᠰᠠᠨ ᠦᠢᠯᠡᠳᠬᠦᠨ᠎ᠢ ᠣᠷᠣᠯᠠᠭᠤᠯᠬᠤ ᠪᠤᠯᠤᠨ᠎ᠠ》ᠭᠡᠵᠦ᠍ ᠺᠣᠮᠫᠠᠨᠢ ᠵᠢᠨ ᠶᠡᠷᠦᠩᠬᠡᠢ ᠢᠨᠵᠧᠨ᠋ᠸᠷ ᠬᠤᠤ ᠵᠢᠶᠠᠨ ᠭᠠᠩ ᠲᠠᠨᠢᠯᠴᠠᠭᠤᠯᠤᠨ᠎ᠠ᠃ ᠤᠢᠯᠠᠭᠠᠭᠰᠠᠨ ᠵᠢᠡᠷ᠂ ᠲᠣᠰ ᠲᠥᠷᠥᠯ ᠵᠦᠶ᠋ᠯ ᠪᠥᠬᠥ᠌ ᠲᠠᠯ᠎ᠠ ᠪᠠᠷ ᠠᠱᠢᠭ᠍ᠯᠠᠯᠲᠠ ᠳ᠋ᠤ ᠤᠷᠤᠭ᠍ᠰᠠᠨ ᠎ᠤ ᠲᠠᠷᠠᠭ᠎ᠠ ᠵᠢᠯ ᠎ᠦᠨ ᠦᠶ᠋ᠯᠡᠳᠬᠦᠨ ᠎ᠦ ᠥᠷᠲᠡᠭ ᠨᠢ 45 ᠳ᠋ᠦᠩᠱᠢᠭᠤᠷ ᠲᠥᠭᠥᠷᠢᠭ ᠲᠦ᠍ ᠬᠦᠷᠴᠦ᠍᠂ ᠱᠢᠨ᠎ᠡ ᠡᠨᠧᠷᠭᠢ ᠵᠢᠨ ᠮᠠᠲ᠋ᠧᠷᠢᠶᠠᠯ᠂ ᠥᠨᠳᠦᠷ ᠨᠡᠮᠡᠯᠳᠡ ᠥᠷᠲᠡᠭ ᠲᠠᠢ ᠪᠦᠳᠦᠬᠡᠭ᠌ᠳᠡᠬᠦᠨ᠎ᠤ ᠪᠣᠬᠢᠷᠲᠤᠯ ᠥᠬᠡᠶ ᠡᠷᠬᠢᠯᠳᠡᠳᠦ ᠠᠵᠤ ᠦᠶ᠋ᠯᠡᠰ᠎ᠦᠨ ᠱᠢᠰᠲ᠋ᠧᠮ᠎ᠢ ᠪᠦᠷᠢᠯᠳᠦᠬᠦᠯᠵᠤ ᠂ ᠮᠠᠨ ᠎ᠤ ᠤᠷᠤᠨ ᠎ᠤ ᠤᠳᠤ ᠦᠶ᠎ᠠ ᠵᠢᠨ ᠡᠨ᠋ᠸᠷᠬᠢ ᠵᠢᠨ ᠠᠵᠤ ᠦᠢᠯᠡᠰ ᠎ᠤᠨ ᠪᠠᠰᠠ ᠨᠢᠬᠡᠨ ᠬᠢᠯᠡᠰ ᠴᠡᠭ ᠪᠤᠯᠵᠤ ᠲᠤᠳᠤᠷᠠᠬᠤ ᠨᠢ ᠶᠠᠷᠢᠶᠡᠨ ᠦᠬᠡᠢ᠃

ᠤᠳᠤ ᠦᠶ᠎ᠠ ᠵᠢᠨ ᠡᠨ᠋ᠸᠷᠬᠢ ᠵᠢᠨ ᠠᠵᠤ ᠦᠢᠯᠡᠰ ᠎ᠤᠨ ᠬᠢᠯᠠᠰ ᠴᠡᠭ ᠨᠢᠭᠡᠪᠤᠷᠢ ᠳ᠋ᠤ ᠴᠦᠮ ᠤᠯᠤᠰ᠎ᠤᠨ ᠴᠢᠬᠤᠯᠠ ᠡᠨ᠋ᠸᠷᠬᠢ ᠪᠠ ᠪᠠᠢᠯᠳᠤᠬᠤ ᠪᠤᠳᠤᠯᠭ᠎ᠠ ᠵᠢᠨ ᠡᠬᠢ ᠪᠠᠶᠠᠯᠢᠭ ᠎ᠤᠨ ᠰᠠᠭᠤᠷᠢᠨ᠎ᠢ ᠪᠦᠲᠦᠭᠡᠨ ᠪᠠᠢᠭᠤᠯᠬᠤ ᠵᠢᠳᠬᠦᠯ ᠴᠢᠷᠮᠠᠢᠯᠭ᠎ᠠ ᠰᠢᠩᠬᠡᠵᠤ ᠪᠤᠢ᠃ ᠲᠠᠩ ᠭᠠᠭᠴᠠ ᠨᠡᠭᠦᠷᠡᠰᠦ ᠮᠠᠯᠲᠠᠵᠤ ᠨᠡᠭᠦᠷᠡᠰᠦ ᠪᠠᠨ ᠬᠤᠳᠠᠯᠳᠤᠵᠤ ᠪᠠᠢᠭᠰᠠᠨ ᠡᠴᠡ ᠪᠠᠨ ᠡᠨᠧᠷᠭᠢ ᠵᠢᠨ ᠬᠤᠪᠢᠰᠭᠠᠯ ᠬᠦᠷᠲᠡᠯ᠎ᠡ᠂ ᠮᠠᠨ ᠎ᠤ ᠤᠷᠤᠨ ᠱᠢᠨ᠎ᠡ ᠵᠢ ᠡᠭᠦᠳᠬᠦ᠌ ᠪᠡᠷ ᠬᠥᠳᠡᠯᠭᠡᠭᠦᠷ ᠪᠤᠯᠭᠠᠨ ᠠᠵᠤ ᠦᠢᠯᠡᠰ᠎ᠤᠨ ᠬᠡᠯᠬᠢᠶ᠎ᠡ ᠵᠢ ᠬᠦᠴᠦᠯᠡᠨ ᠰᠢᠯᠢᠳᠡᠭᠵᠢᠬᠦᠯᠵᠤ᠂ ᠤᠳᠤ ᠦᠶ᠎ᠠ ᠵᠢᠨ ᠡᠨᠧᠷᠭᠢ ᠵᠢᠨ ᠠᠵᠤ ᠠᠬᠤᠢ ᠵᠢ ᠬᠥᠭ᠌ᠵᠢᠭᠦᠯᠬᠦ᠌ ᠠᠶᠠᠨ ᠳ᠋ᠤ ᠵᠢᠪᠬᠤᠭ᠎ᠠ ᠲᠡᠭᠦᠯᠳᠡᠷ ᠤᠷᠤᠬ᠍ᠰᠢᠯᠠᠬ᠍ᠰᠠᠭᠠᠷ ᠢᠷᠡᠵᠡᠢ᠃ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠤᠳᠠᠭ᠎ᠠ ᠵᠢᠨ ᠨᠠᠮ ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ ᠡᠴᠡ ᠨᠠᠭᠠᠰᠢ᠂ ᠮᠠᠨ᠎ᠤ ᠤᠷᠤᠨ ᠠᠵᠤ ᠦᠢᠯᠡᠰ ᠎ᠤᠨ ᠬᠡᠯᠬᠢᠶ᠎ᠠ ᠵᠢ ᠤᠷᠲᠤᠳᠬᠠᠬᠤ ᠠᠵᠤ ᠦᠢᠯᠡᠰ ᠎ᠤᠨ ᠬᠡᠯᠬᠢᠶ᠎ᠡ ᠵᠢ ᠨᠦᠬᠦᠪᠦᠷᠢᠯᠡᠬᠦ ᠠᠵᠤ ᠦᠢᠯᠡᠰ ᠎ᠤᠨ ᠎ᠬᠡᠯᠬᠢᠶ᠎ᠡ ᠎ᠵᠢ ᠬᠦᠴᠦᠷᠬᠡᠭᠵᠢᠬᠦᠯᠬᠦ ᠵᠢ ᠵᠡᠷᠭᠡ ᠳ᠋ᠤᠨᠢ ᠠᠬᠢᠭᠤᠯᠵᠤ᠂ ᠤᠳᠤ ᠵᠢᠯ ᠳ᠋ᠤ ᠳ᠋ᠦᠩᠱᠢᠭᠤᠷ ᠭᠠᠷᠤᠶ ᠲᠣᠨ ᠨᠡᠭᠦᠷᠡᠰᠦ ᠵᠢ ᠲᠤᠬᠠᠢ ᠵᠢᠨ ᠭᠠᠵᠠᠷ ᠲᠠᠭᠠᠨ ᠣᠨᠳᠣᠸ᠋ᠱᠢᠭᠤᠯᠤᠨ᠂ ᠨᠡᠭᠦᠷᠡᠰᠦ ᠪᠡᠷ ᠴᠢᠯᠠᠭᠤᠨ ᠲᠣᠰᠣ᠂ ᠰᠢᠳᠠᠮᠠᠬᠠᠢ ᠬᠡᠶ᠂ ᠠᠯᠺᠧᠨ᠂ ᠡᠲ᠋ᠢᠯ ᠬᠣᠶᠠᠷᠴᠢ ᠠᠯᠺᠣᠣᠯ᠂ ᠨᠠᠷᠢᠯᠢᠭ ᠬᠢᠮᠢ ᠵᠢᠨ ᠦᠶ᠋ᠯᠡᠳᠬᠦᠨ ᠦᠢᠯᠡᠳᠬᠦ ᠵᠡᠷᠭᠡ ᠪᠡᠷ ᠭᠤᠤᠯ ᠪᠣᠯᠭᠠᠭ᠍ᠰᠠᠨ ᠪᠦᠬᠦ ᠤᠯᠤᠰ᠎ᠤᠨ ᠬᠡᠪᠴᠢᠶ᠎ᠡ ᠪᠡᠷ ᠬᠠᠮᠤᠭ᠎ᠤᠨ ᠶᠡᠬᠡ᠂ ᠲᠥᠷᠥᠯ ᠵᠦᠶ᠋ᠯ ᠵᠢᠡᠷ ᠬᠠᠮᠤᠭ ᠎ᠤᠨ ᠪᠦᠷᠢᠨ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠶ᠋ᠯᠡᠳᠪᠦᠷᠢ ᠵᠢᠨ ᠦᠶ᠋ᠯᠡᠳᠪᠦᠷᠢᠯᠡᠯ᠎ᠤᠨ ᠰᠠᠭᠤᠷᠢᠨ᠎ᠢ ᠪᠠᠢᠭᠤᠯᠪᠠ᠃ ᠡᠨᠧᠷᠭᠢ᠎ᠶ᠋ᠢᠨ ᠰᠠᠭᠤᠷᠢᠨ ᠎ᠤ ᠦᠪᠡᠷᠮᠢᠴᠡ ᠳᠠᠪᠠᠭᠤᠯᠢᠭ᠎ᠲᠠᠭᠠᠨ ᠲᠦᠱᠢᠭ᠌ᠯᠡᠨ ᠱᠢᠨ᠎ᠡ ᠬᠡᠯᠪᠡᠷᠢ ᠵᠢᠨ ᠮᠠᠲ᠋ᠧᠷᠢᠶᠠᠯ ᠪᠠ ᠲᠣᠨᠣᠭᠯᠠᠯ ᠦᠢᠯᠡᠳᠬᠦ᠌ ᠮᠡᠳᠤ ᠵᠢᠨ ᠱᠢᠨ᠎ᠡ ᠪᠡᠷ ᠮᠠᠨᠳᠤᠭᠰᠠᠨ ᠠᠵᠤ ᠦᠢᠯᠡᠰ᠎ᠢ ᠬᠦᠴᠦᠯᠡᠨ ᠪᠣᠢᠵᠢᠭᠤᠯᠵᠤ᠂ ᠤᠳᠤ ᠳᠠᠩ ᠲᠠᠯᠠᠰᠲᠤ ᠴᠠᠬᠢᠭᠤᠷ ᠪᠤᠯᠤᠨ ᠣᠯᠠᠨ ᠲᠠᠯᠠᠰᠲᠤ ᠴᠠᠬᠢᠭᠤᠷ᠎ᠤᠨ ᠦᠢᠯᠡᠳᠪᠦᠷᠢᠯᠡᠯ ᠎ᠤᠨ ᠴᠢᠳᠠᠪᠤᠷᠢ ᠴᠥᠮ ᠪᠦᠬᠦ᠌ ᠲᠠᠯᠡᠬᠡᠢ ᠵᠢᠨ 1/3 ᠡᠴᠡ ᠳᠡᠭᠡᠭ᠌ᠰᠢᠬᠢ ᠵᠢ᠎ᠡᠵᠡᠯᠡᠵᠦ᠂ ᠪᠦᠬᠦ᠌ ᠲᠠᠯᠠᠬᠡᠢ ᠵᠢᠨ ᠬᠠᠮᠤᠭ᠎ᠤᠨ ᠶᠡᠬᠡ ᠲᠠᠯᠠᠰᠲᠤ ᠴᠠᠬᠢᠭᠤᠷ᠎ᠤᠨ ᠦᠢᠯᠡᠳᠪᠦᠷᠢᠯᠡᠯ ᠎ᠤᠨ ᠰᠠᠭᠤᠷᠢᠨ ᠪᠤᠯᠤᠭᠰᠠᠨ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号