ᠤᠳᠤᠬᠢᠴᠢᠯᠠᠯᠳᠠ ᠵᠢᠨ ᠵᠢᠯᠤᠭᠤ ᠰᠤᠩᠭᠠᠭᠰᠠᠨ ᠮᠠᠯ ᠠᠵᠤ ᠠᠬᠤᠢ᠎ᠲᠠᠷᠢᠶᠠᠯᠠᠩ
2021-11-21 11:26:51
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠮᠠᠯᠴᠢᠳ ᠬᠡᠷ ᠲᠠᠬᠡᠨ ᠰᠠᠭᠤᠭᠠᠳ《ᠳᠤᠬᠢᠭᠤᠷ ᠳᠤᠯᠤᠭᠠᠨ ᠤᠳᠤ》ᠠᠶᠠᠯᠠᠯ ᠵᠠᠯᠠᠬᠤ ᠳᠠᠭᠠᠭᠤᠯᠢ ᠤᠳᠤᠨ᠎ᠤ ᠮᠠᠯᠵᠢᠯ ᠎ᠦᠨ ᠰᠢᠰᠲᠧᠮ ᠵᠢᠡᠷ ᠲᠠᠮᠵᠢᠨ ᠮᠠᠯ ᠰᠦᠷᠦᠭ ᠎ᠦᠨ ᠵᠢᠡᠨ ᠤᠷᠤᠨ ᠪᠠᠢᠷᠢ ᠵᠢ ᠴᠠᠭ ᠳᠤᠬᠠᠢ ᠳ᠋ᠤᠨᠢ ᠬᠠᠷᠠᠴᠢᠬᠠᠨ᠎ᠡ ; ᠲᠠᠷᠢᠶᠠᠴᠢᠳ ᠳᠠᠭᠠᠭᠤᠯᠢ ᠤᠳᠤᠨ᠎ᠦ ᠠᠯᠤᠰ ᠰᠡᠷᠡᠯ᠎ᠦᠨ ᠮᠡᠷᠭᠡᠵᠢᠯ᠎ᠢ ᠠᠰᠢᠬᠯᠠᠨ ᠳᠠᠷᠢᠶᠠᠨ᠎ᠦ ᠤᠷᠭᠤᠴᠠ ᠪᠠᠨ ᠰᠢᠨᠵᠢᠵᠤ᠂ ᠤᠰᠤᠯᠠᠬᠤ ᠪᠠ ᠪᠤᠷᠳᠤᠭᠤᠷ ᠤᠷᠤᠭᠤᠯᠬᠤ ᠵᠡᠷᠭᠡ ᠦᠢᠯᠡᠳᠪᠦᠷᠢᠯᠡᠯ᠎ᠦᠨ ᠬᠦᠢᠴᠡᠳᠭᠡᠯ ᠳᠤᠭ᠎ᠠ ᠵᠢᠨ ᠪᠠᠢᠳᠠᠯ᠎ᠢ ᠴᠦᠮ ᠭᠠᠷ ᠤᠳᠠᠰᠤ ᠡᠴᠡ ᠪᠠᠨ ᠮᠡᠳᠡᠴᠢᠬᠡᠨ᠎ᠡ ; ᠬᠡᠷᠡᠭᠯᠡᠭᠴᠢᠳ ᠮᠡᠷᠭᠡᠨ ᠴᠤᠬᠤᠷ᠎ᠢ ᠰᠢᠷᠪᠢᠪᠡᠯ ᠦᠪᠤᠷ ᠮᠤᠩᠭᠤᠯ ᠎ᠤᠨ ᠪᠤᠬᠢᠷᠳᠤᠯ ᠦᠭᠡᠢ ᠮᠠᠯ ᠎ᠦᠨ ᠠᠰᠢᠭ ᠰᠢᠮ᠎ᠡ ᠳᠠᠷᠢᠶᠠᠯᠠᠩ᠎ᠦᠨ ᠪᠦᠳᠦᠭᠡᠭᠳᠡᠭᠦᠨ ᠎ᠦ ᠨᠠᠷᠢᠨ ᠪᠠᠢᠳᠠᠯ ᠎ᠢ ᠨᠢ ᠮᠦᠷᠳᠡᠴᠢᠭᠡᠨ᠎ᠡ ᠁

ᠵᠢᠯᠤᠭᠤᠴᠢ ᠦᠭᠡᠢ ᠨᠢᠰᠭᠡᠯ ᠨᠢᠰᠭᠡᠨ᠂ ᠳᠤᠯᠠᠭᠠᠨ ᠪᠠ ᠴᠢᠭᠢᠭ ᠎ᠦᠨ ᠪᠠᠢᠳᠠᠯ ᠎ᠤᠨ ᠰᠡᠷᠡᠯ ᠳᠠᠮᠵᠢᠭᠤᠯᠤᠭᠴᠢ ᠵᠢ ᠤᠭᠰᠠᠷᠠᠵᠤ᠂ ᠭᠠᠷ ᠤᠳᠠᠰᠤ ᠪᠠᠨ ᠠᠳᠬᠤᠨ APP ᠪᠡᠷ ᠠᠵᠢᠯᠯᠠᠭᠤᠯᠬᠤ ᠪᠤᠯ ᠦᠨᠤᠳᠤᠷ ᠎ᠦᠨ ᠦᠪᠦᠷ ᠮᠤᠩᠭᠤᠯ ᠎ᠦᠨ ᠮᠠᠯ ᠠᠵᠤ ᠠᠬᠤᠢ ᠳᠠᠷᠢᠶᠠᠯᠠᠩ᠎ᠦᠨ ᠤᠳᠤᠬᠢᠴᠢᠯᠠᠭᠰᠠᠨ ᠬᠦᠭᠵᠢᠯᠳᠡ ᠵᠢᠨ ᠰᠢᠨ᠎ᠡ ᠵᠢᠷᠤᠭᠯᠠᠯ ᠪᠤᠯᠬᠤ ᠶᠤᠮ ᠃

《ᠮᠠᠯ ᠠᠵᠤ ᠠᠬᠤᠢ ᠲᠠᠷᠢᠶᠠᠯᠠᠩ ᠎ᠢ ᠰᠠᠢᠳᠤᠷ ᠬᠦᠭᠵᠢᠬᠦᠯᠵᠤ᠂ ᠮᠠᠯ ᠠᠵᠤ ᠠᠬᠤᠢ ᠲᠠᠷᠢᠶᠠᠯᠠᠩ ᠎ᠤᠨ ᠤᠳᠤᠬᠢᠴᠢᠯᠠᠯᠳᠠ ᠵᠢ ᠲᠦᠷᠬᠡᠳᠬᠡᠬᠦ ᠬᠡᠷᠡᠭᠳᠠᠢ》᠂《ᠠᠮᠤ ᠪᠤᠳᠠᠭᠠᠨ᠎ᠤ ᠶᠡᠷᠦᠩᠬᠡᠢᠯᠡᠭᠰᠡᠨ ᠦᠢᠯᠡᠳᠪᠤᠷᠢᠯᠡᠯ ᠎ᠤᠨ ᠴᠢᠳᠠᠪᠤᠷᠢ ᠵᠢ ᠲᠠᠬᠡᠭᠰᠢᠯᠡᠬᠦᠯᠵᠤ ᠂ ᠤᠯᠤᠰ ᠎ᠤᠨ ᠠᠮᠤ ᠪᠤᠳᠠᠭᠠᠨ ᠎ᠤ ᠠᠮᠤᠷ ᠲᠦᠪᠰᠢᠨ᠎ᠢ ᠪᠠᠳᠤᠯᠠᠬᠤ ᠳ᠋ᠤ ᠢᠯᠡᠬᠦᠬᠡᠨ ᠬᠤᠪᠢ ᠨᠠᠮᠡᠷᠢ ᠦᠵᠡᠬᠦᠯᠬᠦ ᠬᠡᠷᠡᠭᠳᠠᠢ》᠂《ᠥᠪᠥᠷ ᠮᠣᠩᠭᠣᠯ ᠎ᠦᠨ ᠣᠯᠠᠩᠬᠢ ᠮᠠᠯᠵᠢᠬᠤ ᠲᠠᠷᠢᠶᠠᠯᠠᠬᠤ ᠣᠷᠣᠨ ᠎ᠦ ᠤᠰᠤ ᠨᠢ ᠳᠤᠩᠭᠠᠯᠠᠭ᠂ ᠬᠦᠷᠦᠰᠤ ᠨᠢ ᠠᠷᠢᠭᠤᠨ ᠪᠠᠢᠳᠠᠭ᠂ ᠡᠨᠡ ᠪᠣᠯ ᠳᠠᠷᠤᠢ ᠦᠢᠯᠡᠳᠪᠦᠷᠢᠯᠡᠯ᠎ᠦᠨ ᠬᠦᠴᠦᠨ ᠮᠥᠨ᠂ ᠪᠠᠰᠠ ᠴᠦ᠍ ᠥᠷᠢᠰᠦᠯᠳᠦᠬᠦ ᠬᠦᠴᠦᠨ ᠮᠥᠨ》᠁ ᠥᠪᠡᠷᠲᠡᠭᠡᠨ ᠵᠠᠰᠠᠬᠤ ᠣᠷᠣᠨ ᠎ᠤ ᠠᠷᠪᠠᠳᠤᠭᠠᠷ ᠤᠳᠠᠭ᠎ᠠ ᠵᠢᠨ ᠨᠠᠮ ᠎ᠤᠨ ᠲᠥᠯᠥᠭᠡᠯᠡᠭ᠌ᠴᠢᠳ ᠎ᠤᠨ ᠶᠡᠬᠡ ᠬᠤᠷᠠᠯ ᠡᠴᠡ ᠨᠠᠭᠠᠰᠢ᠂ ᠣᠷᠣᠨ ᠳᠠᠶᠠᠭᠠᠷ ᠵᠢᠡᠨ ᠶᠡᠷᠦᠩᠬᠡᠢ ᠱᠦᠵᠢ ᠱ᠋ᠢ ᠵᠢᠨ ᠫᠢᠩ᠎ᠦᠨ ᠥᠪᠥᠷ ᠮᠣᠩᠭᠣᠯ᠎ᠦᠨ ᠪᠤᠳᠠᠳᠤ ᠪᠠᠢᠳᠠᠯ᠎ᠳ᠋ᠤ ᠲᠣᠬᠢᠷᠠᠭᠤᠯᠤᠨ ᠲᠣᠭᠲᠠᠭᠠᠭᠰᠠᠨ ᠪᠠᠢᠯᠳᠤᠬᠤ ᠪᠣᠳᠣᠯᠭ᠎ᠠ ᠵᠢᠨ ᠪᠠᠢᠷᠢ ᠲᠣᠭᠲᠠᠭᠠᠯᠲᠠ ᠵᠢ ᠡᠷᠡᠰ ᠲᠤᠭᠤᠰᠢᠯᠠᠭᠤᠯᠵᠤ ᠂ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠥᠬᠡᠢ ᠬᠦᠭᠵᠢᠭᠦᠯᠬᠦ ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ ᠵᠢᠨ ᠱᠢᠨ᠎ᠡ ᠵᠠᠮ ᠵᠢᠡᠷ ᠭᠤᠢᠪᠢᠱᠢ ᠥᠬᠡᠢ ᠵᠠᠮᠨᠠᠵᠤ᠂ ᠮᠠᠯ ᠠᠵᠤ ᠠᠬᠤᠢ᠎ᠲᠠᠷᠢᠶᠠᠯᠠᠩ ᠎ᠦᠨ ᠣᠳᠣᠬᠢᠴᠢᠯᠠᠯᠲᠠ ᠵᠢ ᠬᠦᠨᠵᠡᠭᠡᠢᠷᠡᠭᠦᠯᠤᠨ᠂ ᠤᠯᠤᠰ᠎ᠦᠨ᠎ᠮᠠᠯ᠎ᠦᠨ᠎ᠠᠱᠢᠭ ᠱᠢᠮ᠎ᠡ ᠲᠠᠷᠢᠶᠠᠯᠠᠩ᠎ᠦᠨ ᠪᠦᠲᠦᠭᠡᠭᠳᠡᠬᠦᠨ ᠦ᠌ ᠦᠢᠯᠡᠳᠪᠦᠷᠢᠯᠡᠯ ᠎ᠦᠨ ᠴᠢᠬᠤᠯᠠ ᠰᠠᠭᠤᠷᠢᠨ ᠎ᠦ ᠪᠦᠲᠦᠭᠡᠨ ᠪᠠᠢᠭᠤᠯᠤᠯᠲᠠ ᠵᠢ ᠢᠳᠡᠪᠬᠢᠲᠡᠢ ᠠᠬᠢᠭᠤᠯᠵᠤ᠂ ᠤᠯᠤᠰ ᠎ᠦᠨ ᠠᠮᠤ ᠪᠤᠳᠠᠭᠠᠨ ᠎ᠦ ᠠᠮᠤᠷ ᠲᠦᠪᠱᠢᠨ ᠪᠤᠯᠤᠨ ᠴᠢᠬᠤᠯᠠ ᠮᠠᠯ ᠎ᠦᠨ ᠠᠱᠢᠭ ᠱᠢᠮ᠎ᠡ ᠳᠠᠷᠢᠶᠠᠯᠠᠩ ᠎ᠦᠨ ᠪᠦᠳᠦᠭᠡᠭᠳᠡᠭᠦᠨ ᠎ᠦ ᠬᠠᠩᠭᠠᠯᠭ᠎ᠠ ᠵᠢ ᠪᠠᠲᠤᠯᠠᠬᠤ ᠳ᠋ᠤ ᠱᠢᠨ᠎ᠡ ᠬᠤᠪᠢ ᠨᠡᠮᠡᠷᠢ ᠦᠵᠡᠭᠦᠯᠦᠭᠰᠡᠨ ᠪᠢᠯᠡ ᠃

—  ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠎ᠢ ᠶᠡᠬᠡ ᠪᠡᠷ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ᠎ᠦᠨ《ᠳᠥᠷᠪᠡ ᠵᠢ ᠡᠵᠡᠮᠳᠡᠬᠦ》ᠠᠵᠢᠯᠯᠠᠭ᠎ᠠ ᠵᠢ ᠬᠡᠷᠡᠭᠵᠢᠭᠦᠯᠦᠨ᠂ ᠪᠣᠬᠢᠷᠲᠤᠯ᠎ᠥᠬᠡᠢ ᠢᠳᠡᠭᠡᠨ᠎ᠦ᠌ ᠲᠦᠭᠦᠬᠡᠢ ᠮᠠᠲ᠋ᠧᠷᠢᠶᠠᠯ᠎ᠦᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ᠎ᠦᠨ ᠰᠠᠭᠤᠷᠢᠨ ᠎ᠢ 1520 ᠭᠠᠷᠤᠢ ᠲᠦᠮᠡᠨ ᠮᠥ᠍ ᠡᠭᠦᠳᠦᠨ ᠪᠠᠢᠭᠤᠯᠵᠤ᠂ ᠵᠢᠯ᠎ᠤᠨ ᠪᠣᠬᠢᠷᠲᠤᠯ ᠥᠬᠡᠢ᠂ ᠣᠷᠭᠠᠨᠢᠭ ᠂ ᠭᠠᠵᠠᠷ ᠵᠦᠢ ᠵᠢᠨ ᠢᠯᠡᠷᠭᠡᠢᠯᠡᠯᠳᠤ ᠮᠠᠯ ᠎ᠦᠨ ᠠᠰᠢᠭ ᠰᠢᠮ᠎ᠡ ᠲᠠᠷᠢᠶᠠᠯᠠᠩ ᠎ᠦᠨ ᠪᠦᠲᠦᠭᠡᠭᠳᠡᠬᠦᠨ ᠎ᠤ ᠭᠠᠷᠤᠯᠳᠠ 900 ᠲᠦᠮᠡᠨ ᠲᠤᠨ᠎ᠢ ᠲᠠᠪᠠᠨ ᠪᠦᠬᠦ ᠤᠯᠤᠰ᠎ᠦᠨ ᠡᠮᠦᠨ᠎ᠡ ᠡᠩᠨᠡᠭᠡᠨ᠎ᠳ᠋ᠦ᠍ ᠣᠷᠣᠵᠤ᠂ ᠪᠣᠬᠢᠷᠲᠤᠯ ᠥᠬᠡᠢ ᠮᠠᠯ ᠠᠵᠤ ᠠᠬᠤᠢ ᠳᠠᠷᠢᠶᠠᠯᠠᠩ᠎ᠤᠨ ᠦᠪᠡᠷᠮᠢᠴᠡ ᠳᠠᠪᠠᠭᠤᠯᠢᠭ ᠵᠢᠡᠨ ᠬᠦᠢᠴᠡᠳ ᠪᠠᠳᠠᠷᠠᠭᠤᠯᠵᠤ ᠪᠠᠢᠨ᠎ᠠ ᠃ ᠬᠢᠮᠢ ᠵᠢᠨ ᠪᠣᠷᠳᠣᠭᠤᠷ᠂ ᠲᠠᠷᠢᠶᠠᠨ ᠡᠮ ᠎ᠦᠨ ᠬᠡᠷᠡᠭᠯᠡᠯᠲᠡ ᠵᠢᠨ ᠬᠡᠮᠵᠢᠶ᠎ᠡ 3 ᠵᠢᠯ ᠳᠠᠷᠠᠭᠠᠯᠠᠨ ᠰᠥᠭᠡᠷᠭᠦ ᠨᠡᠮᠡᠭᠳᠡᠯ ᠎ᠢ ᠪᠠᠲᠤᠯᠠᠵᠤ᠂ ᠰᠦᠯᠢᠶᠤᠤ ᠪᠦᠷᠬᠦᠪᠴᠢ ᠂ ᠡᠱᠢ ᠰᠦᠷᠡᠯ ᠵᠡᠷᠭᠡ ᠮᠠᠯ ᠠᠵᠤ ᠠᠬᠤᠢ ᠲᠠᠷᠢᠶᠠᠯᠠᠩ ᠎ᠦᠨ ᠎ᠦᠢᠯᠡᠳᠪᠦᠷᠢᠯᠡᠯ ᠎ᠦᠨ ᠎ᠬᠠᠶᠠᠭᠳᠠᠮᠠᠯ ᠪᠣᠳᠠᠰ᠎ᠢ ᠪᠦᠲᠦᠮᠵᠢᠲᠡᠢ ᠱᠢᠢᠳᠪᠦᠷᠢᠯᠡᠪᠡ᠃ ᠪᠦᠬᠦ ᠣᠷᠣᠨ ᠎ᠦ ᠮᠠᠯ ᠎ᠦᠨ ᠠᠱᠢᠭ ᠱᠢᠮ᠎ᠡ ᠲᠠᠷᠢᠶᠠᠯᠠᠩ᠎ᠦᠨ ᠪᠦᠲᠦᠭᠡᠭᠳᠡᠬᠦᠨ᠎ᠦ᠌ ᠶᠠᠰᠤ ᠴᠢᠨᠠᠷ ᠎ᠦᠨ ᠠᠮᠤᠷ ᠲᠦᠪᠱᠢᠨ᠎ᠦ᠌ ᠬᠢᠨᠠᠨ ᠬᠡᠮᠵᠢᠯᠲᠡ ᠳ᠋ᠤ ᠬᠢᠷᠢ ᠲᠡᠩᠴᠡᠭᠰᠡᠨ ᠨᠣᠷᠮ᠎ᠠ 5 ᠵᠢᠯ ᠳᠠᠷᠠᠭᠠᠯᠠᠨ 97% ᠡᠴᠡ ᠳᠡᠭᠡᠭᠱᠢ ᠪᠠᠢᠬᠤ ᠵᠢ ᠪᠠᠲᠤᠯᠠᠵᠤ᠂ ᠪᠦᠬᠦ ᠤᠯᠤᠰ ᠎ᠦᠨ ᠳᠤᠮᠳᠠᠴᠢ ᠲᠦᠪᠱᠢᠨ᠎ᠡᠴᠡ ᠲᠠᠪᠠᠭᠰᠠᠨ ᠪᠠᠢᠨ᠎ᠠ ᠃

— 《ᠦᠢᠯᠡᠳᠪᠦᠷᠢᠯᠡᠯ + ᠡᠳ᠋ᠱᠢᠭᠦᠯᠤᠯᠳᠠ + ᠱᠢᠨᠵᠢᠯᠡᠬᠦ ᠤᠬᠠᠭᠠᠨ ᠲᠧᠭᠨᠢᠭ ᠮᠡᠷᠭᠡᠵᠢᠯ》᠎ᠢ᠋ ᠨᠢᠭᠡ ᠴᠤᠬᠴᠠᠵᠢᠭᠤᠯᠤᠨ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ ᠣᠳᠣ ᠦᠶ᠎ᠡ ᠵᠢᠨ ᠮᠠᠯ ᠠᠵᠤ ᠠᠬᠤᠢ ᠲᠠᠷᠢᠶᠠᠯᠠᠩ ᠎ᠦᠨ ᠠᠵᠤ ᠦᠢᠯᠡᠰ ᠎ᠦᠨ ᠬᠦᠷᠢᠶᠡᠯᠡᠩ ᠎ᠦᠨ ᠪᠦᠲᠦᠭᠡᠨ ᠪᠠᠢᠭᠤᠯᠤᠯᠲᠠ ᠵᠢ ᠠᠬᠢᠭᠤᠯᠵᠤ ᠂ ᠭᠣᠣᠯᠯᠠᠬᠤ ᠠᠵᠤ ᠦᠢᠯᠡᠰ ᠎ᠢ ᠪᠤᠵᠠᠭᠠᠢᠷᠠᠭᠤᠯᠤᠨ᠂ ᠠᠵᠤ ᠦᠢᠯᠡᠰ ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠪᠠ᠃ ᠣᠳᠣᠬᠠᠨ ᠪᠣᠯᠲᠠᠯ᠎ᠠ ᠂ ᠪᠦᠬᠦ ᠣᠷᠣᠨ ᠳ᠋ᠤ ᠨᠡᠢᠲᠡ 1.4 ᠳ᠋ᠦᠩᠱᠢᠭᠤᠷ ᠲᠥᠭᠥᠷᠢᠭ ᠎ᠦᠨ ᠱᠠᠩᠨᠠᠯ ᠪᠠ ᠨᠥᠬᠥᠪᠥᠷᠢ ᠵᠢᠨ ᠪᠡᠯᠡ ᠮᠥᠩᠭᠥ ᠪᠠᠭᠤᠯᠭᠠᠨ ᠥᠪᠡᠷᠲᠡᠭᠡᠨ ᠵᠠᠰᠠᠬᠤ ᠣᠷᠣᠨ ᠎ᠦ ᠳᠡᠰ ᠎ᠦᠨ ᠣᠳᠣ ᠦᠶ᠎ᠡ ᠵᠢᠨ ᠮᠠᠯ ᠠᠵᠤ ᠠᠬᠤᠢ ᠳᠠᠷᠢᠶᠠᠯᠠᠩ ᠎ᠦᠨ 14 ᠠᠵᠤ ᠦᠢᠯᠡᠰ ᠎ᠦᠨ ᠬᠦᠷᠢᠶᠡᠯᠡᠩ᠎ᠢ᠎ᠡᠭᠦᠳᠦᠨ ᠪᠠᠢᠭᠤᠯᠬᠤ ᠵᠢ ᠳᠡᠮᠵᠢᠬᠦ ᠵᠢᠨ ᠬᠠᠮᠲᠤ᠂ ᠡᠯ᠎ᠡ ᠭᠠᠵᠠᠷ ᠎ᠢ ᠳᠠᠢᠴᠢᠯᠠᠨ ᠠᠢᠮᠠᠭ ᠬᠣᠲᠠ ᠵᠢᠨ ᠳᠡᠰ ᠎ᠦᠨ 23 ᠠᠵᠤ ᠦᠢᠯᠡᠰ᠎ᠦᠨ ᠬᠦᠷᠢᠶᠡᠯᠡᠩ ᠎ᠢ ᠡᠭᠦᠳᠦᠨ ᠪᠠᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠢᠮᠠᠭ ᠬᠣᠲᠠ ᠬᠠᠮᠲᠤ ᠪᠠᠷ ᠠᠬᠢᠭᠤᠯᠤᠭᠰᠠᠨ ᠰᠠᠢᠨ ᠰᠠᠢᠬᠠᠨ ᠪᠠᠢᠳᠠᠯ᠎ᠢ ᠦᠨᠳᠦᠰᠦᠨ᠎ᠳ᠋ᠡᠭᠡᠨ ᠪᠣᠢ ᠪᠣᠯᠭᠠᠵᠤ ᠂ ᠠᠵᠤ ᠦᠢᠯᠡᠰ ᠎ᠦᠨ ᠣᠨᠴᠠᠯᠢᠭ ᠵᠢᠡᠷ ᠢᠯᠡ ᠲᠣᠳᠣ᠂ ᠬᠦᠴᠦᠨ ᠵᠦᠢᠯ ᠳᠡᠭᠡᠳᠦ ᠬᠡᠮᠵᠢᠶ᠎ᠡ ᠪᠡᠷ ᠲᠥᠪᠯᠡᠷᠡᠭᠰᠡᠨ᠂ ᠦᠢᠯᠡᠳᠪᠦᠷᠢᠯᠡᠯ᠎ᠦᠨ ᠠᠷᠭ᠎ᠠ ᠬᠡᠯᠪᠡᠷᠢ ᠪᠣᠬᠢᠷᠲᠤᠯ ᠥᠬᠡᠢ᠂ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ ᠭᠦᠨᠵᠡᠭᠡᠢ ᠠᠭᠤᠰᠤᠯᠴᠠᠭᠰᠠᠨ ᠣᠳᠣ ᠦᠶ᠎ᠡ ᠵᠢᠨ ᠮᠠᠯ ᠠᠵᠤ ᠠᠬᠤᠢ ᠳᠠᠷᠢᠶᠠᠯᠠᠩ ᠎ᠦᠨ ᠠᠵᠤ ᠦᠢᠯᠡᠰ᠎ᠦᠨ ᠨᠢᠭᠡ ᠪᠦᠯᠦᠭ ᠱᠢᠨ᠎ᠡ ᠥᠨᠳᠥᠷᠯᠢᠭ ᠎ᠢ ᠴᠤᠭᠴᠠᠯᠠᠪᠠ ᠃

ᠵᠢᠯ ᠪᠦᠷᠢ ᠵᠢᠨ 8 ᠰᠠᠷ᠎ᠠ ᠳ᠋ᠤ ᠂ ᠪᠠᠶᠠᠨᠨᠠᠭᠤᠷ ᠬᠣᠲᠠ ᠵᠢᠨ ᠬᠠᠩᠭᠢᠨ ᠬᠣᠢᠲᠤ ᠬᠤᠱᠢᠭᠤᠨ ᠎ᠦ ᠲᠤᠸᠠᠨ ᠵᠢᠶᠧ ᠪᠠᠯᠭᠠᠰᠤ ᠵᠢᠨ ᠨᠠᠷᠠᠨ ᠬᠤᠸᠠᠷ ᠎ᠤᠨ ᠳᠠᠷᠢᠮᠠᠯ ᠎ᠦᠨ ᠬᠦᠷᠢᠶᠡᠯᠡᠩ ᠳ᠋ᠤ 10 ᠲᠦᠮᠡᠨ ᠮᠥ᠍ ᠨᠠᠷᠠᠨ ᠬᠤᠸᠠᠷ ᠨᠢᠬᠡ ᠯᠡ ᠲᠠᠬᠡᠷ᠎ᠡ ᠴᠡᠴᠡᠭᠯᠡᠨ ᠠᠯᠲᠠᠨ ᠱᠢᠷᠭᠠᠯ ᠦᠨᠭᠭᠡ ᠰᠠᠴᠤᠷᠠᠭᠤᠯᠵᠤ᠂ ᠬᠤᠯᠠ ᠤᠢᠷ᠎ᠠ ᠵᠢᠨ ᠬᠦᠮᠦᠰ ᠎ᠤᠨ ᠰᠣᠨᠢᠷᠬᠠᠯ ᠎ᠢ ᠲᠠᠲᠠᠨ ᠲᠦᠷᠪᠡᠨ ᠵᠦᠭ ᠨᠠᠢ᠍ᠮᠠᠨ ᠵᠤᠪᠬᠢᠰ ᠤ᠋ᠨ ᠵᠢᠭᠤᠯᠴᠢᠯᠠᠭᠰᠠᠳ ᠢ᠋ ᠲᠠᠳᠠᠳᠠᠭ ᠃ ᠡᠨᠳᠡᠬᠢ ᠪᠤᠯ ᠪᠣᠷᠣᠲᠣᠬᠣᠶ ᠣᠷᠣᠨ ᠎ᠦ ᠲᠠᠯᠠᠪᠠᠢ ᠪᠠᠷ ᠬᠠᠮᠤᠭ ᠎ᠦᠨ ᠶᠡᠬᠡ ᠨᠠᠷᠠᠨ ᠬᠤᠸᠠᠷ ᠎ᠦᠨ ᠲᠥᠪᠯᠡᠷᠡᠨ ᠵᠠᠯᠭᠠᠯᠳᠤᠭᠰᠠᠨ ᠲᠠᠷᠢᠮᠠᠯ᠎ᠦᠨ ᠰᠠᠭᠤᠷᠢᠨ ᠪᠤᠯᠬᠤ ᠶᠤᠮ ᠃ ᠪᠠᠶᠠᠨᠨᠠᠭᠤᠷ ᠬᠣᠲᠠ ᠨᠠᠷᠠᠨ ᠬᠤᠸᠠᠷ ᠲᠠᠷᠢᠬᠤ ᠱᠢᠵᠢᠷ ᠠᠯᠲᠠᠨ ᠥᠷᠭᠡᠷᠢᠭ᠎ᠲᠦ᠍ ᠪᠠᠢᠷᠢᠯᠠᠨ᠂ ᠵᠢᠯ ᠪᠦᠷᠢ 400 ᠲᠦᠮᠡ ᠭᠠᠷᠤᠢ ᠮᠦ᠍ ᠨᠠᠷᠠᠨ ᠬᠤᠸᠠᠷ ᠲᠠᠷᠢᠵᠤ᠂ ᠪᠦᠬᠦ ᠤᠯᠤᠰ ᠎ᠦᠨ ᠲᠠᠷᠢᠭᠰᠠᠨ ᠨᠠᠷᠠᠨ ᠬᠤᠸᠠᠷ ᠎ᠤᠨ ᠶᠡᠷᠦᠩᠬᠡᠢ ᠲᠠᠯᠠᠪᠠᠢ ᠵᠢᠨ 25% ᠵᠢ ᠡᠵᠡᠯᠡᠨ᠂ ᠥᠪᠥᠷ ᠮᠣᠩᠭᠣᠯ ᠎ᠦᠨ ᠲᠠᠷᠢᠭᠰᠠᠨ ᠨᠠᠷᠠᠨ ᠬᠤᠸᠠᠷ ᠎ᠤᠨ ᠪᠦᠬᠦ ᠲᠠᠯᠠᠪᠠᠢ ᠵᠢᠨ 50% ᠡᠴᠡ ᠳᠡᠭᠡᠭᠱᠢᠬᠢ ᠵᠢ ᠡᠵᠡᠯᠡᠵᠦ ᠪᠤᠢ ᠃ ᠪᠠᠶᠠᠨᠨᠠᠭᠤᠷ ᠬᠤᠳᠠ ᠵᠢᠨ ᠨᠠᠷᠠᠨ ᠬᠤᠸᠠᠷ ᠤᠯᠤᠰ᠎ᠦᠨ ᠭᠠᠵᠠᠷ ᠵᠦᠢ ᠵᠢᠨ ᠢᠯᠡᠷᠭᠡᠢᠯᠡᠯᠳᠤ ᠳᠠᠷᠢᠶᠠᠯᠠᠩ᠎ᠦᠨ ᠪᠦᠲᠦᠭᠡᠭᠳᠡᠬᠦᠨ ᠵᠢᠡᠷ ᠬᠡᠷᠡᠴᠢᠯᠡᠭᠳᠡᠵᠤ᠂ ᠦᠷᠬᠡᠨ ᠤᠯᠠᠨ ᠬᠡᠷᠡᠭᠯᠡᠭᠴᠢ ᠵᠢᠨ ᠲᠠᠭᠠᠰᠢᠶᠠᠯ᠎ᠢ ᠬᠦᠷᠳᠡᠭᠰᠡᠨ ᠪᠦᠬᠡᠳ《ᠳᠡᠭᠷᠢ ᠵᠢᠨ ᠬᠡᠰᠢᠭᠳᠤ ᠪᠣᠷᠣᠲᠣᠬᠣᠢ》ᠤᠷᠤᠨ ᠪᠦᠰᠡ ᠵᠢᠨ ᠤᠯᠠᠨ ᠨᠡᠢᠳᠡ ᠵᠢᠨ ᠬᠡᠷᠡᠭᠯᠡᠬᠡᠨ ᠎ᠤ ᠲᠥᠷᠥᠯ ᠲᠡᠮᠳᠡᠭ ᠎ᠦᠨ ᠠᠯᠳᠠᠷᠱᠢᠯ ᠪᠠ ᠲᠠᠢᠴᠢᠯᠠᠯ ᠲᠤᠤᠷ᠎ᠠ ᠨᠠᠷᠠᠨ ᠬᠤᠸᠠᠷ ᠎ᠦᠨ ᠪᠦᠲᠦᠭᠡᠭᠳᠡᠬᠦᠨ ᠨᠢ ᠪᠦᠬᠦ ᠤᠯᠤᠰ ᠎ᠤᠨ ᠵᠠᠬ᠎ᠠ ᠲᠠᠯᠬᠡᠬᠦᠷ ᠲᠦ᠍ ᠦᠷᠬᠡᠨ ᠵᠢᠡᠷ ᠪᠤᠷᠤᠭᠤᠯᠤᠭᠳᠠᠵᠤ ᠪᠤᠢ᠃

ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠤᠳᠠᠭ᠎ᠠ ᠵᠢᠨ ᠨᠠᠮ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ ᠡᠴᠡ ᠨᠠᠭᠠᠰᠢ᠂ ᠦᠪᠡᠷᠳᠡᠬᠡᠨ ᠵᠠᠰᠠᠬᠤ ᠤᠷᠤᠨ ᠡᠴᠡ ᠲᠦᠷᠦᠯ ᠲᠡᠮᠳᠡᠭ ᠵᠢᠡᠷ ᠮᠠᠯ ᠠᠵᠤ ᠠᠬᠤᠢ ᠲᠠᠷᠢᠶᠠᠯᠠᠩ ᠎ᠢ ᠬᠦᠴᠦᠷᠬᠡᠭᠵᠢᠭᠦᠯᠬᠦ ᠪᠠᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠤ᠂ ᠨᠡᠩ ᠤᠯᠠᠨ《ᠦᠪᠦᠷ ᠮᠤᠩᠭᠤᠯ ᠨᠡᠷᠡᠮᠵᠢᠳᠤ》ᠦᠢᠯᠡᠳᠭᠦᠨ᠎ᠢ ᠪᠦᠬᠦ ᠤᠯᠤᠰ᠂ ᠴᠢᠨᠠᠭᠰᠢᠯᠠᠨ ᠳᠠᠯᠡᠬᠡᠢ ᠳ᠋ᠠᠬᠢᠨ᠎ᠦ ᠬᠠᠷᠠᠭᠠᠨ ᠳ᠋ᠦ ᠳᠤᠳᠤᠷᠠᠭᠤᠯᠪᠠ᠃ ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠮᠠᠯ ᠎ᠦᠨ ᠠᠱᠢᠭ ᠱᠢᠮ᠎ᠡ ᠲᠠᠷᠢᠶᠠᠯᠠᠩ ᠎ᠦᠨ ᠪᠦᠲᠦᠭᠡᠭᠳᠡᠬᠦᠨ᠎ᠦ᠌ 15 ᠠᠵᠤ ᠦᠢᠯᠡᠰ ᠎ᠦᠨ ᠪᠦᠰᠡ ᠵᠢ ᠪᠠᠢᠭᠤᠯᠤᠨ᠂ ᠰᠦ ᠵᠢᠨ ᠦᠢᠯᠡᠰ ᠪᠠ ᠡᠷᠳᠡᠨᠢ ᠱᠢᠱᠢ ᠵᠢᠨ ᠮᠢᠩᠭᠠᠨ ᠳ᠋ᠦᠩᠱᠢᠭᠤᠷ ᠳᠡᠰ᠎ᠦᠨ 2 ᠠᠵᠤ ᠦᠢᠯᠡᠰ᠎ᠦᠨ ᠰᠦᠷᠦᠭᠵᠢᠯ ᠵᠢᠴᠢ ᠮᠢᠬᠠᠨ ᠎ᠦ ᠦᠬᠡᠷ᠂ ᠮᠢᠬᠠᠨ ᠎ᠦ ᠬᠣᠨᠢ᠂ ᠲᠥᠮᠥᠰᠥ᠂ ᠪᠤᠭᠤᠳᠠᠢ᠂ ᠨᠠᠷᠠᠨ ᠬᠤᠸᠠᠷ ᠵᠡᠷᠭᠡ ᠵᠠᠭᠤᠨ ᠳ᠋ᠦᠩᠱᠢᠭᠤᠷ ᠳᠡᠰ ᠎ᠦᠨ 10 ᠠᠵᠤ ᠦᠢᠯᠡᠰ ᠎ᠦᠨ ᠰᠦᠷᠦᠭᠵᠢᠯ ᠎ᠢ ᠪᠣᠢ ᠪᠣᠯᠭᠠᠵᠤ ᠂ ᠪᠡᠯᠴᠢᠬᠡᠷ ᠎ᠤᠨ ᠬᠣᠨᠢ ᠂ ᠪᠣᠷᠣᠲᠣᠬᠣᠶ ᠵᠢᠨ ᠨᠠᠷᠠᠨ ᠬᠤᠸᠠᠷ ᠂ ᠬᠣᠷᠴᠢᠨ ᠮᠢᠬᠠᠨ ᠎ᠦ ᠦᠬᠡᠷ᠂ ᠶᠡᠬᠡ ᠬᠢᠩᠭᠠᠨ ᠳᠠᠪᠠᠭ᠎ᠠ ᠵᠢᠨ ᠱᠢᠷ᠎ᠠ ᠪᠤᠷᠴᠠᠭ ᠵᠡᠷᠭᠡ ᠤᠯᠤᠰ᠎ᠦᠨ ᠳᠡᠰ ᠎ᠦᠨ 4 ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠠᠵᠤ ᠦᠢᠯᠡᠰ ᠎ᠦᠨ ᠰᠦᠷᠦᠭᠵᠢᠯ᠎ᠢ ᠡᠭᠦᠳᠦᠨ ᠪᠠᠢᠭᠤᠯᠵᠤ᠂ ᠮᠠᠯ ᠠᠵᠤ ᠠᠬᠤᠢ ᠲᠠᠷᠢᠶᠠᠯᠠᠩ᠎ᠦᠨ ᠠᠵᠤ ᠦᠢᠯᠡᠰᠵᠢᠯᠲᠡ ᠵᠢᠨ ᠲᠦᠪᠰᠢᠨ᠎ᠢ ᠪᠦᠲᠦᠮᠵᠢᠲᠡᠢ ᠳᠡᠭᠡᠭᠱᠢᠯᠡᠭᠦᠯᠵᠠᠢ᠃ ᠪᠦᠬᠦ ᠤᠷᠤᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ ᠎ᠦᠨ ᠪᠦᠲᠦᠭᠡᠭᠳᠡᠬᠦᠨ ᠎ᠦ᠌ ᠣᠷᠣᠨ ᠪᠦᠰᠡ ᠵᠢᠨ ᠤᠯᠠᠨ ᠨᠡᠢᠲᠡ ᠵᠢᠨ ᠬᠡᠷᠡᠭᠯᠡᠭᠡᠨ ᠎ᠦ᠌ 14 ᠲᠥᠷᠥᠯ ᠲᠡᠮᠳᠡᠭ ᠨᠢ《ᠳᠤᠮᠳᠠᠳᠤ ᠤᠯᠤᠰ ᠎ᠦᠨ ᠬᠦᠳᠡᠭᠡ ᠠᠵᠤ ᠠᠬᠤᠢ ᠵᠢᠨ ᠲᠥᠷᠥᠯ ᠲᠡᠮᠳᠡᠭ ᠎ᠦᠨ ᠭᠠᠷᠴᠠᠭ》ᠲᠤ᠌ ᠰᠣᠩᠭᠣᠭᠳᠠᠨ ᠤᠷᠤᠵᠤ ᠂ 《ᠳᠡᠭᠷᠢ ᠵᠢᠨ ᠬᠡᠰᠢᠭᠳᠤ ᠪᠣᠷᠣᠲᠣᠬᠣᠢ》ᠵᠢᠨ ᠲᠥᠷᠥᠯ ᠲᠡᠮᠳᠡᠭ ᠎ᠦᠨ ᠨᠥᠯᠥᠭᠡᠯᠡᠬᠦ ᠬᠦᠴᠦᠨ ᠎ᠦ᠌ ᠵᠢᠭᠠᠯᠲᠠ ᠲᠣᠭ᠎ᠠ ᠨᠢ ᠳᠤᠮᠳᠠᠳᠤ ᠤᠯᠤᠰ ᠎ᠦᠨ ᠣᠷᠣᠨ ᠪᠦᠰᠡ ᠵᠢᠨ ᠬᠦᠳᠡᠭᠡ ᠠᠵᠤ ᠠᠬᠤᠢ ᠵᠢᠨ ᠲᠦᠷᠦᠯ ᠳᠡᠮᠳᠡᠭ ᠎ᠦᠨ ᠨᠢᠭᠡᠳᠦᠭᠡᠷ ᠲᠦ᠍ ᠵᠢᠭᠰᠠᠵᠤ ᠪᠤᠢ ᠃

ᠮᠠᠨ ᠎ᠦ ᠤᠷᠤᠨ ᠎ᠦ ᠠᠮᠤ ᠪᠤᠳᠠᠭ᠎ᠠ ᠵᠢᠨ ᠶᠡᠷᠦᠩᠬᠡᠢ ᠤᠨᠠᠯᠲᠠ 2016 ᠣᠨ ᠳ᠋ᠦ 2780.3 ᠲᠦᠮᠡᠨ ᠲᠤᠨ ᠪᠠᠢᠭᠰᠠᠨ ᠡᠴᠡ ᠪᠠᠨ 2020 ᠣᠨ ᠳ᠋ᠤ 3664.1 ᠲᠦᠮᠡᠨ ᠲᠤᠨ ᠳ᠋ᠤ ᠬᠦᠷᠴᠦ᠂ ᠲᠦᠷᠪᠡᠨ ᠵᠢᠯ ᠎ᠤᠨ ᠬᠤᠭᠤᠷᠤᠨᠳᠤ 884 ᠲᠦᠮᠡ ᠰᠢᠬᠠᠮ ᠲᠤᠨ ᠨᠡᠮᠡᠭᠳᠡᠨ᠂ ᠠᠮᠤ ᠪᠤᠳᠠᠭᠠᠨ ᠎ᠦ ᠦᠢᠯᠡᠳᠪᠦᠷᠢᠯᠡᠯ《ᠠᠷᠪᠠᠨ ᠳᠣᠯᠣᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠤᠭᠰᠠᠨ》 ᠂ ᠮᠠᠯ ᠠᠵᠤ ᠠᠬᠤᠢ《ᠠᠷᠪᠠᠨ ᠵᠢᠷᠭᠤᠭᠠᠨ ᠵᠢᠯ ᠳᠠᠷᠠᠭᠠᠯᠠᠨ ᠲᠣᠭᠲᠠᠭᠤᠨ ᠪᠠᠢᠬᠤ》ᠵᠢ ᠪᠡᠶᠡᠯᠡᠭᠦᠯᠪᠡ᠃ ᠦᠨᠢᠶᠡᠨ ᠰᠦ ᠂ ᠦᠭᠡᠷ ᠎ᠦᠨ ᠮᠢᠬ᠎ᠠ᠂ ᠬᠤᠨᠢᠨ ᠮᠢᠬ᠎ᠠ᠂ ᠨᠤᠤᠰᠤ ᠨᠤᠤᠯᠤᠭᠤᠤᠷ ᠎ᠦᠨ ᠭᠠᠷᠤᠯᠳᠠ ᠪᠤᠯᠤᠨ ᠡᠪᠡᠰᠤᠨ ᠎ᠦ ᠦᠢᠯᠡᠰ ᠴᠦᠮ ᠪᠦᠬᠦ ᠤᠯᠤᠰ᠎ᠦᠨ ᠳᠡᠷᠢᠭᠦᠨ ᠳ᠋ᠤ ᠤᠷᠤᠵᠤ᠂ ᠵᠢᠯ ᠪᠦᠷᠢ 500 ᠲᠦᠮᠡᠨ ᠳᠤᠨ ᠦᠨᠢᠶᠡᠨ ᠰᠦ᠂ 150 ᠲᠦᠮᠡᠨ ᠳᠤᠨ ᠮᠢᠬᠠᠨ᠎ᠦ ᠵᠦᠢᠯ ᠎ᠢ ᠭᠠᠳᠠᠭᠰᠢ ᠰᠢᠯᠵᠢᠭᠦᠯᠦᠨ ᠭᠠᠷᠭᠠᠬᠤ ᠴᠢᠳᠠᠪᠤᠷᠢ ᠳᠠᠢ ᠪᠤᠯᠵᠠᠢ᠃ ᠡᠨᠡ ᠵᠢᠯ ᠎ᠦᠨ ᠨᠠᠮᠤᠷ᠎ᠦᠨ ᠬᠤᠷᠢᠶᠠᠯᠳᠠ ᠵᠢᠨ ᠠᠵᠢᠯ ᠨᠢᠬᠡᠨᠳᠡ ᠳᠠᠭᠤᠰᠴᠦ᠂ ᠵᠢᠱ᠌ᠢᠯᠳᠠ ᠪᠡᠷ ᠪᠦᠬᠦ ᠤᠷᠤᠨ ᠎ᠤ ᠠᠮᠤ ᠪᠤᠳᠠᠭ᠎ᠠ ᠵᠢᠨ ᠶᠠᠷᠤᠩᠬᠡᠢ ᠤᠨᠠᠯᠳᠠ 3750 ᠲᠦᠮᠡᠨ ᠳᠤᠨ ᠳ᠋ᠤ ᠬᠦᠷᠬᠦ ᠪᠤᠯᠤᠨ᠎ᠠ᠃ ᠡᠨᠡ ᠵᠢᠯ ᠎ᠦᠨ ᠲᠦᠷᠦᠭᠦᠦ ᠭᠤᠷᠪᠠᠨ ᠤᠯᠠᠷᠢᠯ ᠳ᠋ᠤ᠂ ᠪᠦᠬᠦ ᠤᠷᠤᠨ᠎ᠦ ᠦᠭᠡᠷ ᠎ᠦᠨ ᠮᠢᠬᠠᠨ ᠎ᠦ ᠭᠠᠷᠤᠯᠳᠠ 38.3 ᠲᠦᠮᠡᠨ ᠳᠤᠨ᠂ ᠬᠤᠨᠢᠨ ᠮᠢᠬᠠᠨ᠎ᠦ ᠭᠠᠷᠤᠯᠳᠠ 71.4 ᠲᠦᠮᠡᠨ ᠳᠤᠨ ᠪᠠᠢᠵᠤ ᠂ ᠦᠨᠢᠶᠡᠨ ᠰᠦ ᠵᠢᠨ ᠭᠠᠷᠤᠯᠳᠠ 388.1 ᠲᠦᠮᠡᠨ ᠳᠤᠨ ᠳ᠋ᠤ ᠬᠦᠷᠴᠤ᠂ ᠴᠦᠮ ᠨᠢᠳᠤᠨᠤᠨ᠎ᠤ ᠠᠳᠠᠯᠢ ᠬᠤᠭᠤᠴᠠᠭ᠎ᠠ ᠵᠢᠨ ᠬᠢ ᠡᠴᠡ ᠠᠳᠠᠯᠢ ᠪᠤᠰᠤ ᠬᠡᠮᠵᠢᠶ᠎ᠡ ᠪᠡᠷ ᠨᠡᠮᠡᠭᠳᠡᠪᠡ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号