ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠤᠳᠠᠭ᠎ᠠ ᠶ᠋ᠢᠨ ᠨᠠᠮ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠨᠠᠭᠠᠱᠢᠬᠢ 5 ᠵᠢᠯ ᠪᠣᠯ ᠶᠡᠷᠦ᠍ ᠪᠤᠰᠤ᠎ᠶ᠋ᠢᠨ ᠪᠠᠢᠬᠤ ᠨᠢ ᠵᠠᠢᠯᠠᠰᠢ ᠦᠭᠡᠢ!
5 ᠵᠢᠯ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠵᠤ᠂ ᠪᠢᠳᠡ ᠠᠵᠤ ᠠᠬᠤᠶ᠎ᠶ᠋ᠢᠨ ᠪᠠᠢᠳᠠᠯᠤᠨᠡᠳᠦᠷᠢᠷᠡᠬᠦᠶᠡᠪᠤᠳᠤᠯᠢᠶᠠᠨᠲᠠᠶᠪᠣᠯᠵᠣᠪᠠᠢᠭᠠ ᠬᠠᠲᠠᠭᠤ ᠴᠢᠩᠭ᠎ᠠ ᠥᠷᠢᠰᠥᠯᠳᠦᠭᠡᠨ ᠪᠠᠬᠢᠵᠢᠭᠦᠨᠪᠠᠢᠳᠠᠯᠤᠨᠲᠠᠭᠠᠷᠢᠯᠲᠠᠶ᠋ᠢ ᠥᠩᠭᠡᠷᠡᠭᠦᠯᠵᠦ᠂ ᠪᠠᠰᠠ ᠰᠢᠷᠭᠠᠭᠤ ᠬᠠᠲᠠᠭᠤᠵᠢᠯᠲᠠᠶ ᠲᠡᠮᠡᠴᠡᠯ᠎ᠦᠨ ᠳᠤᠮᠳᠠ ᠰᠡᠳᠭᠢᠯ ᠳᠣᠭ᠍ᠳᠣᠯᠵᠦ ᠪᠠᠶᠠᠰᠴᠤ ᠶᠠᠪᠤᠵᠠᠢ᠃
5 ᠵᠢᠯ᠎ᠦᠨ ᠠᠮᠢᠳᠤᠯᠢᠭ ᠦᠢᠯᠡᠳᠦᠯᠭᠡ᠂ ᠠᠵᠠ ᠲᠣᠬᠢᠶᠠᠯ ᠪᠣᠯᠤᠨ ᠥᠷᠢᠰᠥᠯᠳᠦᠭᠡᠨ᠎ᠦ ᠴᠠᠭ ᠦᠶ᠎ᠡ᠎ᠶ᠋ᠢᠨ ᠱᠢᠯᠭᠠᠯᠲᠠ ᠨᠢ ᠬᠥᠮᠦᠰ᠎ᠢ ᠭᠦᠨ ᠪᠣᠳᠣᠯᠭᠠᠱᠢᠷᠠᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠴᠠᠭ ᠦᠶ᠎ᠡ᠎ᠶ᠋ᠢᠨ ᠬᠦᠴᠦᠷᠬᠡᠭ ᠲᠠᠭᠤᠨ ᠰᠦᠷ ᠳᠠᠯᠠᠢᠴᠠᠲᠠᠢ ᠬᠠᠩᠭᠢᠨᠠᠨ᠎ᠠ᠃
5 ᠵᠢᠯ ᠡᠷᠡᠮᠡᠬᠡᠢᠯᠡᠨ ᠤᠷᠤᠭ᠍ᠰᠢᠯᠠᠵᠤ᠂ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶᠠᠨ ᠡᠴᠡ ᠮᠠᠨ᠎ᠤ ᠣᠷᠣᠨ᠎ᠳᠤ ᠲᠣᠭ᠍ᠲᠠᠭᠠᠵᠦ ᠦᠭᠬᠦᠭᠰᠡᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠵᠠᠮ ᠨᠡᠭᠡᠭᠡᠨ ᠤᠷᠤᠭ᠍ᠰᠢᠯᠠᠵᠤ᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠴᠢᠬᠤᠯᠠ ᠶᠡᠬᠡ ᠠᠬᠢᠴᠠ᠎ᠲᠠᠶ ᠪᠣᠯᠬᠤ᠎ᠶ᠋ᠢ ᠠᠬᠢᠭᠤᠯᠵᠤ᠂ ᠴᠢᠨᠡᠭᠡᠯᠢᠭ ᠨᠡᠢᠭᠡᠮ᠎ᠢ ᠪᠥᠬᠥ᠌ ᠲᠠᠯ᠎ᠠ᠎ᠪᠠᠷ ᠪᠡᠶᠡᠯᠡᠭᠦᠯᠬᠦ᠌ ᠱᠢᠶ᠋ᠳᠪᠦᠷᠢᠲᠦ ᠢᠯᠠᠯᠲᠠ᠎ᠶ᠋ᠢ ᠤᠯᠬᠤ ᠲᠠᠯ᠎ᠠ ᠪᠠᠷ ᠱᠢᠶ᠋ᠳᠪᠦᠷᠢᠲᠦ ᠴᠢᠨᠠᠷᠲᠠᠶ ᠠᠮᠵᠢᠯᠲᠠ ᠣᠯᠵᠤ᠂ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠴᠡᠶ᠃
5 ᠵᠢᠯ᠎ᠢ ᠡᠷᠭᠢᠴᠡᠭᠦᠯᠬᠦᠶ᠎ᠡ᠂ ᠠᠮᠵᠢᠯᠲᠠ ᠪᠦᠲᠦᠮᠵᠢ᠎ᠶ᠋ᠢ ᠬᠢᠯᠪᠠᠷᠬᠠᠨ ᠣᠯᠤᠭ᠍ᠰᠠᠨ ᠪᠢᠰᠢ᠂ ᠲᠤᠷᠱᠢᠯᠭ᠎ᠠ ᠮᠠᠰᠢ ᠡᠷᠬᠢᠮ ᠨᠠᠨᠳᠢᠨ ᠶᠤᠮ᠃ ᠡᠨᠡ ᠡᠳᠦᠷ᠎ᠡᠴᠡ ᠡᠬᠢᠯᠡᠨ᠂ ᠲᠤᠰ ᠰᠣᠨᠢᠨ《ᠪᠠᠢᠯᠳᠤᠬᠤ ᠪᠤᠳᠤᠯᠭ᠎ᠠ ᠶ᠋ᠢᠨ ᠪᠠᠢᠷᠢ ᠲᠣᠭ᠍ᠲᠠᠭᠠᠯᠲᠠ ᠶ᠋ᠢ ᠡᠵᠡᠮᠳᠡᠵᠦ᠍ ᠠᠵᠢᠯᠯᠠᠭᠠᠨ᠎ᠤ ᠬᠥᠲᠥᠯᠪᠦᠷᠢ᠎ᠶ᠋ᠢ ᠵᠢᠷᠤᠮᠯᠠᠵᠤ ᠰᠠᠢ᠌ᠨ ᠰᠠᠢᠬᠠᠨ ᠢᠷᠡᠭᠡᠳᠦᠢ᠎ᠶ᠋ᠢ ᠨᠡᠭᠡᠭᠡᠰᠦᠭᠡᠢ — ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠪᠠᠶᠠᠷᠯᠡᠨ ᠤᠭᠲᠤᠶ᠎ᠠ· ᠲᠠᠪᠤᠨ ᠵᠢᠯ᠎ᠦᠨ ᠬᠥᠭ᠌ᠵᠢᠯᠲᠡ᠎ᠶ᠋ᠢᠨ ᠮᠡᠳᠡᠭᠦᠯᠦᠯᠲᠡ》 ᠬᠡᠮᠡᠬᠦ ᠲᠤᠰᠭᠠᠢ ᠪᠤᠯᠤᠩ ᠨᠡᠭᠡᠭᠡᠵᠦ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ 18 ᠭᠣᠣᠯ ᠰᠡᠳᠦᠪ᠎ᠦᠨ ᠲᠣᠭᠣᠷᠢᠨ᠎ᠳᠤ 18 ᠣᠨᠴᠠ ᠡᠬᠡ ᠪᠢᠴᠢᠭ ᠨᠡᠢᠲᠡᠯᠡᠵᠦ᠂ 5 ᠵᠢᠯ᠎ᠦᠨ ᠠᠮᠵᠢᠯᠲᠠ᠎ᠪᠠᠨ ᠳ᠋ᠦᠩᠨᠡᠵᠦ᠍᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ ᠵᠢᠡᠨ ᠤᠷᠮᠠᠰᠢᠭᠤᠯᠦᠨ ᠵᠤᠷᠢᠬᠵᠢᠭᠤᠯᠵᠦ᠂ ᠬᠥᠭ᠌ᠵᠢᠯᠲᠡ᠎ᠶ᠋ᠢ ᠠᠬᠢᠭᠤᠯᠬᠤ ᠠᠤᠭ᠎ᠠ ᠶᠡᠬᠡ ᠬᠦᠴᠦᠨ᠎ᠢ ᠨᠢᠭ᠍ᠲᠠᠷᠠᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠠᠭᠠᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠰᠦᠬᠡᠢ!