ᠮᠠᠵᠢᠭ ᠨᠠᠰᠤᠲᠠᠨ᠎ᠤ ᠵᠢᠷᠭᠠᠯᠳᠦ ᠠᠮᠢᠳᠤᠷᠠᠯ
2021-11-21 11:35:32
ᠵᠣᠬᠢᠶᠠᠭ᠍ᠴᠢ᠄
ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

ᠡᠪᠦᠯ ᠪᠣᠯᠬᠤ ᠪᠦᠷᠢ᠂ ᠮᠠᠵᠢᠭ ᠨᠠᠰᠤᠲᠠᠨ ᠱᠢᠯᠢᠩᠬᠣᠲᠠ᠎ᠶ᠋ᠢᠨ ᠠᠴᠢᠯᠠᠯ ᠮᠠᠯᠴᠢᠳ᠎ᠤᠨ ᠨᠠᠰᠤᠲᠠᠨ᠎ᠢ ᠠᠰᠠᠷᠠᠬᠤ ᠬᠦᠷᠢᠶᠡᠯᠡᠩ᠎ᠳᠦ ᠢᠷᠡᠵᠦ᠍ ᠡᠪᠦᠯᠵᠢᠨ᠎ᠠ᠂ ᠬᠠᠯᠠᠭᠤᠨ ᠳᠤᠯᠠᠭᠠᠬᠠᠨ ᠪᠦᠭᠡᠳ ᠡᠮ ᠡᠮᠨᠡᠯᠭᠡ᠎ᠶ᠋ᠢᠨ ᠨᠥᠬᠥᠴᠡᠯ ᠨᠢ ᠴᠦ᠍ ᠰᠠᠢᠨ ᠪᠠᠢᠳᠠᠭ᠃ ᠵᠤᠨ ᠪᠣᠯᠤᠭ᠍ᠰᠠᠭᠠᠷ᠂ ᠨᠠᠰᠤᠲᠠᠨ ᠬᠦᠳᠡᠭᠡ ᠨᠤᠲᠤᠭ ᠲᠠᠭᠠᠨ ᠬᠠᠷᠢᠨ᠎ᠠ᠂ ᠠᠭᠤᠷ ᠠᠮᠢᠰᠭᠤᠯ ᠰᠠᠢᠨ᠂ ᠰᠡᠳᠭᠢᠯ ᠰᠠᠨᠠᠭ᠎ᠠ ᠨᠢ ᠠᠭᠤᠵᠢᠭᠤ ᠲᠠᠭᠠᠯᠠᠮᠵᠢᠳᠠᠢ ᠪᠤᠯᠳᠠᠭ᠃

《ᠴᠠᠬᠢᠯᠭᠠᠨ ᠨᠡᠪᠲᠡᠷᠡᠵᠤ᠂ ᠵᠠᠮ ᠢ᠋ ᠴᠤ᠌ ᠪᠠᠰᠠ ᠭᠡᠷ᠎ᠦᠨ ᠡᠭᠦᠳᠡᠨ᠎ᠳᠦ ᠬᠦᠷᠲᠡᠯ᠎ᠡ ᠵᠠᠰᠠᠯ᠎ᠠ᠂ ᠦᠢᠯᠡᠳᠪᠦᠷᠢᠯᠡᠯ ᠠᠮᠢᠳᠤᠷᠠᠯ᠎ᠤᠨ ᠨᠥᠬᠥᠴᠡᠯ ᠨᠡᠩ ᠰᠠᠢ᠌ᠨ ᠪᠣᠯᠵᠠᠢ᠃ ᠣᠳᠣ᠎ᠶ᠋ᠢᠨ ᠬᠦᠳᠡᠭᠡ ᠨᠤᠲᠤᠭ ᠤ᠋ᠨ ᠠᠮᠢᠳᠤᠷᠠᠯ ᠬᠣᠲᠠ ᠵᠢᠨ ᠬᠢ᠎ᠲᠠᠶ ᠳᠡᠮᠡᠶ ᠶᠡᠬᠡ ᠢᠯᠭᠠᠭ᠎ᠠ ᠦᠭᠡᠢ ᠪᠤᠯᠵᠠᠢ᠂ ᠡᠭᠦᠳᠡ ᠡᠴᠡ ᠪᠠᠨ ᠭᠠᠷᠤᠮᠠᠭᠴᠠ ᠪᠠᠨ ᠮᠠᠰᠢᠨ ᠲᠡᠷᠭᠡ ᠪᠡᠷ ᠬᠦᠳᠡᠭᠡ ᠳ᠋ᠡᠭᠡᠨ ᠤᠴᠢᠴᠢᠬᠠᠨ᠎ᠠ᠃ ᠭᠡᠷ᠎ᠲᠦ ᠴᠠᠬᠢᠯᠭᠠᠨ ᠨᠡᠪᠲᠡᠷᠡᠵᠦ᠍᠂ ᠬᠥᠯᠳᠡᠭᠡᠭᠦᠷ᠂ ᠬᠤᠪᠴᠠᠰᠤ ᠤᠬᠢᠶᠠᠬᠤ ᠮᠠᠱᠢᠨ ᠪᠦᠷ ᠪᠠᠢᠨ᠎ᠠ᠃ ᠡᠨᠡ ᠠᠮᠢᠳᠤᠷᠠᠯ ᠦᠨᠡᠬᠡᠷ ᠲᠠᠭᠠᠲᠠᠶ ᠪᠠᠢᠨ᠎ᠠ》ᠭᠡᠵᠤ ᠮᠠᠵᠢᠭ ᠨᠠᠰᠤᠳᠠᠨ ᠤ᠋ ᠬᠦᠦ  ᠭᠠᠩᠱᠦᠭᠠᠷ᠎ᠠ  ᠶᠠᠷᠢᠨ᠎ᠠ᠃

ᠬᠡᠳᠦᠨ ᠵᠢᠯ᠎ᠦᠨ ᠡᠮᠦᠨ᠎ᠡ᠂ ᠮᠠᠵᠢᠭ ᠨᠠᠰᠤᠲᠠᠨ᠎ᠤ ᠬᠦᠳᠡᠭᠡ ᠪᠠᠢᠭ᠎ᠠ ᠠᠢᠯ᠎ᠳᠤ 220 ᠲᠡᠭ᠌ᠰᠢ ᠳᠥᠷᠪᠡᠯᠵᠢᠨ ᠮᠧᠲᠷ᠎ᠤᠨ ᠳᠤᠯᠠᠭᠠᠨ ᠰᠠᠷᠠᠪᠴᠢ᠂ 150 ᠲᠡᠭ᠌ᠰᠢ ᠳᠥᠷᠪᠡᠯᠵᠢᠨ ᠮᠧᠲᠷ᠎ᠤᠨ ᠡᠪᠡᠰᠦ ᠬᠠᠳᠠᠭᠠᠯᠠᠬᠤ ᠰᠠᠷᠠᠪᠴᠢ ᠪᠠ 180 ᠲᠡᠭ᠌ᠰᠢ ᠳᠥᠷᠪᠡᠯᠵᠢᠨ ᠮᠧᠲᠷ᠎ᠤᠨ ᠬᠣᠨᠢᠨ ᠬᠠᠱᠢᠶ᠎ᠠ ᠪᠠᠢᠭᠤᠯᠪᠠ᠃ ᠭᠠᠩᠱᠦᠭᠠᠷ᠎ᠠ ᠰᠤᠷᠪᠤᠯᠵᠢᠯᠠᠭ᠍ᠴᠢ᠎ᠳᠤ ᠬᠡᠯᠡᠬᠦ᠌᠎ᠳᠡᠭᠡᠨ᠂ ᠡᠲᠡᠭᠡᠷ ᠬᠠᠱᠢᠶ᠎ᠠ ᠰᠠᠷᠠᠪᠴᠢ᠎ᠶ᠋ᠢ ᠴᠥᠮ ᠤᠯᠤᠰ᠎ᠤᠨ ᠮᠠᠯᠴᠢᠳ᠎ᠲᠤ ᠠᠱᠢᠭ ᠬᠦᠷᠲᠡᠭᠡᠬᠦ᠌ ᠲᠦᠷᠦ ᠵᠢᠨ ᠪᠤᠳᠤᠯᠭ᠎ᠠ ᠳ᠋ᠤ ᠲᠦᠰᠢᠭᠯᠡᠨ ᠪᠠᠢᠭᠤᠯᠤᠭ᠍ᠰᠠᠨ ᠶᠤᠮ᠂ ᠮᠠᠯᠴᠢᠳ ᠵᠥᠪᠬᠡᠨ 30% ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠠᠯᠠ ᠮᠥᠩᠭᠥ᠎ᠶ᠋ᠢ ᠡᠭᠦᠷᠭᠡᠯᠡᠭ᠌ᠰᠡᠨ ᠪᠠᠢᠨ᠎ᠠ ᠭᠡᠵᠡᠶ᠃

ᠦᠢᠯᠡᠳᠪᠦᠷᠢᠯᠡᠯ᠎ᠠᠮᠢᠳᠤᠷᠠᠯ᠎ᠤᠨ᠎ᠰᠠᠭᠤᠷᠢ᠎ᠲᠥᠬᠥᠭᠡᠷᠦᠮᠵᠢ᠎ᠠᠭᠠᠵᠢᠮ᠎ᠢᠶᠠᠷ ᠰᠠᠢᠵᠢᠷᠠᠵᠤ᠂ ᠭᠠᠩᠱᠦᠭᠠᠷ᠎ᠠ ᠮᠠᠯ ᠠᠵᠤ ᠠᠬᠤᠢ᠎ᠶ᠋ᠢ ᠴᠥᠭᠡᠨ ᠨᠠᠷᠢᠯᠢᠭ ᠠᠷᠠᠴᠢᠯᠠᠬᠤ ᠵᠠᠮ᠎ᠢ ᠰᠦᠪᠡᠭ᠌ᠴᠢᠯᠡᠵᠦ᠍᠂ ᠠᠮᠢ ᠠᠬᠤᠢ᠎ᠶ᠋ᠢ ᠬᠠᠮᠠᠭᠠᠯᠠᠬᠤ᠎ᠶ᠋ᠢᠨ ᠬᠠᠮᠲᠤ ᠠᠱᠢᠭ ᠣᠷᠣᠯᠭ᠎ᠠ᠎ᠶ᠋ᠢ ᠬᠠᠮᠤᠭ᠎ᠤᠨ ᠶᠡᠬᠡ ᠪᠣᠯᠭᠠᠵᠤ᠂ ᠥᠪᠡᠷ᠎ᠦᠨ ᠠᠮᠢᠳᠤᠷᠠᠯ᠎ᠢᠶᠠᠨ ᠶᠠᠪᠤᠬᠤ ᠲᠤᠳᠤᠮ ᠰᠠᠢᠵᠢᠷᠠᠭᠤᠯᠵᠠᠢ᠃

ᠮᠠᠵᠢᠭ ᠡᠵᠢ ᠡᠨᠡ ᠵᠢᠯ 88 ᠨᠠᠰᠤᠲᠠᠶ ᠪᠤᠯᠤᠭᠰᠠᠨ ᠪᠤᠯᠪᠠᠴᠤ ᠪᠡᠶ᠎ᠠ ᠲᠡᠩᠭᠡᠯᠡᠭᠦᠨ ᠤᠬᠠᠭᠠᠨ ᠰᠠᠷᠠᠭᠤᠯ ᠪᠠᠢᠵᠤ᠂ ᠣᠷᠣᠶ ᠪᠣᠯᠭᠠᠨ ᠰᠣᠨᠢᠨ ᠮᠡᠳᠡᠭᠡ ᠦᠵᠡᠳᠡᠭ ᠵᠠᠩ ᠳᠠᠳᠭᠠᠯ᠎ᠢᠶᠠᠨ ᠬᠠᠳᠠᠭᠠᠯᠠᠭ᠍ᠰᠠᠭᠠᠷ ᠪᠠᠢᠨ᠎ᠠ᠃ 7 ᠵᠢᠯ᠎ᠦᠨ ᠡᠮᠦᠨ᠎ᠡ᠂ ᠨᠠᠰᠤᠲᠠᠨ ᠪᠠᠰᠠ ᠲᠥᠪ ᠲᠧᠯᠸᠢᠰ᠎ᠦᠨ《ᠰᠣᠨᠢᠨ ᠮᠡᠳᠡᠭᠡᠨ᠎ᠦ ᠨᠡᠪᠲᠡᠷᠡᠭᠦᠯᠭᠡ》 ᠳ᠋ᠤ ᠨᠡᠪᠳᠡᠷᠡᠭᠦᠯᠦᠭᠳᠡᠭᠰᠡᠨ ᠪᠠᠢᠵᠠᠢ᠃

2014 ᠣᠨ᠎ᠤ 1 ᠰᠠᠷ᠎ᠠ᠎ᠶ᠋ᠢᠨ 27 ᠎ᠤ᠋ ᠡᠳᠦᠷ᠂ ᠱᠢᠯᠢ᠎ᠶ᠋ᠢᠨ ᠭᠣᠣᠯ ᠠᠢᠮᠠᠭ᠎ᠲᠤ ᠠᠵᠢᠯ ᠪᠠᠢᠴᠠᠭᠠᠵᠤ᠎ᠪᠠᠢᠭ᠍ᠰᠠᠨ ᠶᠡᠷᠦᠩᠬᠡᠢ ᠱᠦᠵᠢ ᠰᠢ᠎ᠶ᠋ᠢᠨ ᠫᠢᠩ ᠱᠢᠯᠢᠩᠬᠣᠲᠠ᠎ᠶ᠋ᠢᠨ ᠪᠤᠯᠠᠭᠠᠨ ᠰᠤᠮᠤ᠎ᠶ᠋ᠢᠨ ᠪᠠᠶᠠᠨᠨᠠᠭᠤᠷ ᠭᠠᠴᠠᠭᠠᠨ᠎ᠤ ᠮᠠᠯᠴᠢᠨ ᠮᠠᠵᠢᠭ᠎ᠤᠨ ᠬᠢᠨ ᠳ᠋ᠦ ᠰᠠᠭᠠᠳᠠᠵᠤ᠂ ᠮᠣᠩᠭᠣᠯ ᠭᠡᠷ᠎ᠲᠦ ᠮᠠᠵᠢᠭ᠎ᠨᠠᠰᠤᠳᠠᠨ᠎ᠤ ᠨᠢᠭᠡ ᠭᠡᠷ᠎ᠦᠨ ᠬᠢᠨ᠎ᠲᠡᠶ ᠲᠣᠭᠣᠷᠢᠨ ᠰᠠᠭᠤᠯᠴᠠᠵᠤ ᠵᠣᠭᠣᠭ᠍ᠳᠠᠪᠠ᠃

《ᠤᠯᠠᠨ ᠲᠦᠮᠡᠨ᠎ᠦ ᠵᠣᠯ ᠵᠢᠷᠭᠠᠯᠲᠤ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠡᠶᠡᠯᠡᠭ᠌ᠳᠡᠭᠡᠳᠦᠢ ᠯᠡ ᠶᠤᠮ ᠪᠣᠯ᠂ ᠪᠢᠳᠡ ᠴᠥᠮ ᠥᠴᠦᠬᠡᠨ ᠴᠦ᠍ ᠴᠠᠯᠠᠭᠠᠢᠷᠠᠬᠤ ᠦᠭᠡᠢ᠎ᠪᠡᠷ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠠᠮᠲᠤ᠎ᠪᠠᠷ ᠲᠡᠮᠡᠴᠡᠬᠦ᠌ ᠬᠡᠷᠡᠭ᠌ᠲᠡᠢ》᠃ 7 ᠵᠢᠯ᠎ᠦᠨ ᠲᠤᠷᠰᠢ᠂ ᠱᠢᠯᠢ᠎ᠶ᠋ᠢᠨ ᠭᠤᠤᠯ ᠠᠢᠮᠠᠭ ᠶᠡᠷᠦᠩᠬᠡᠶ ᠱᠦᠵᠢ ᠰᠢ᠎ᠶ᠋ᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠦᠨᠡᠨ ᠪᠣᠳᠠᠲᠠᠶ ᠠᠵᠢᠯᠯᠠᠭ᠎ᠠ᠎ᠪᠠᠷ᠎ᠢᠶᠠᠨ ᠦᠨᠳᠦᠰᠦᠨ ᠱᠠᠲᠤᠨ᠎ᠤ ᠣᠯᠠᠨ ᠲᠦᠮᠡᠨ᠎ᠳᠦ ᠴᠢᠨᠡᠭᠡᠯᠢᠭ ᠠᠮᠢᠳᠤᠷᠠᠯ᠎ᠢ ᠡᠳ᠋ᠯᠡᠬᠦ ᠵᠣᠯ ᠵᠢᠷᠭᠠᠯᠲᠤ ᠵᠠᠮ᠎ᠢ ᠳᠡᠪᠢᠰᠴᠦ᠍ ᠥᠭ᠌ᠴᠡᠶ᠃

ᠣᠢᠷ᠎ᠠ᠎ᠶ᠋ᠢᠨ ᠵᠢᠯ᠎ᠦᠳ᠎ᠲᠦ᠂ ᠱᠢᠯᠢ᠎ᠶ᠋ᠢᠨ ᠭᠤᠤᠯ ᠠᠢᠮᠠᠭ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠬᠢᠯᠠᠰ ᠴᠡᠭ ᠵᠠᠯᠭᠠᠭ᠎ᠠ᠎ᠪᠠᠷ ᠢᠯᠡᠷᠡᠵᠦ᠍᠂ ᠨᠠᠩ ᠣᠯᠠᠨ ᠮᠠᠯᠴᠢᠨ ᠲᠠᠷᠢᠶᠠᠴᠢᠨ᠎ᠳᠤ ᠴᠢᠨᠡᠭᠡᠯᠢᠭ ᠨᠡᠢᠭᠡᠮ᠎ᠦᠨ ᠪᠤᠶᠠᠨ ᠵᠢᠷᠭᠠᠯ᠎ᠢ ᠡᠳ᠋ᠯᠡᠭᠦᠯᠪᠡ᠃ ᠪᠣᠳᠠᠲᠤ ᠪᠠᠢᠳᠠᠯ᠎ᠳᠤ ᠰᠠᠭᠤᠷᠢᠯᠠᠨ᠂ ᠮᠠᠯᠵᠢᠬᠤ ᠣᠷᠣᠨ᠎ᠤ ᠨᠠᠰᠤᠲᠠᠢᠴᠤᠳ᠎ᠤᠨ ᠨᠡᠢᠭᠡᠮᠴᠢᠯᠡᠭ᠌ᠰᠡᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠬᠡᠷᠡᠭ᠌ᠴᠡᠭᠡ ᠱᠠᠭᠠᠷᠳᠠᠯᠭ᠎ᠠ᠎ᠳᠤ ᠵᠣᠬᠢᠴᠠᠭᠤᠯᠵᠤ᠂ ᠪᠥᠬᠥ᠌ ᠤᠯᠤᠰ᠎ᠲᠤ 《ᠲᠥᠪᠯᠡᠷᠡᠨ ᠰᠠᠭᠤᠷᠢᠰᠢᠬᠤ᠂ ᠨᠠᠰᠤᠲᠠᠨ᠎ᠢᠶᠠᠨ ᠠᠰᠠᠷᠠᠵᠤ ᠨᠢᠯᠬᠠᠰ᠎ᠢᠶᠠᠨ ᠬᠥᠮᠦᠵᠢᠭᠦᠯᠬᠦ᠌᠂ ᠵᠠᠰᠠᠭ᠎ᠤᠨ ᠣᠷᠳᠣᠨ᠎ᠠᠴᠠ ᠲᠡᠳᠬᠦᠨ ᠳᠡᠮᠵᠢᠬᠦ᠌᠂ ᠣᠯᠠᠨ ᠡᠱᠢᠵᠢᠬᠦᠯᠦᠨ ᠡᠵᠡᠩᠨᠡᠬᠦ᠌》 ᠥᠪᠡᠷᠮᠢᠴᠡ ᠣᠨᠴᠠᠯᠢᠭ᠎ᠲᠠᠶ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠵᠠᠭ᠍ᠪᠤᠷ᠎ᠢ ᠠᠨᠭᠬ᠎ᠠ ᠡᠭᠦᠳᠴᠦ᠍᠂ ᠮᠠᠵᠢᠭ ᠡᠵᠢ ᠱᠢᠭ ᠨᠠᠩ ᠣᠯᠠᠨ ᠨᠠᠰᠤᠲᠠᠢᠴᠤᠳ᠎ᠤᠨ ᠥᠲᠡᠯᠦᠭᠡ ᠨᠠᠰᠤ ᠵᠢ ᠨᠢ ᠠᠮᠤᠷ ᠵᠢᠷᠭᠠᠯ᠎ᠲᠠᠶ ᠥᠩᠭᠡᠷᠡᠭᠦᠯᠵᠦ᠍᠂ ᠦᠲᠡᠯᠬᠦ᠎ᠵᠢᠨ ᠦᠵᠦᠭᠦᠷ ᠲᠤᠨᠢ ᠵᠢᠷᠭᠠᠭᠤᠯᠪᠠ᠃

ᠣᠲᠣ ᠱᠢᠯᠢ᠎ᠶ᠋ᠢᠨ ᠭᠤᠤᠯ ᠠᠢᠮᠠᠭ᠎ᠤᠨ ᠡᠯ᠎ᠡ ᠲᠥᠷᠥᠯ᠎ᠦᠨ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ ᠪᠠ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠠᠯᠠᠪᠤᠷ ᠭᠠᠵᠠᠷ 117 ᠪᠠᠢᠵᠤ᠂ 2015 ᠣᠨ᠎ᠤ ᠬᠢ᠎ᠡᠴᠡ 17 ᠨᠡᠮᠡᠭ᠌ᠳᠡᠨ᠂ 17% ᠪᠡᠷ ᠨᠡᠮᠡᠭ᠌ᠳᠡᠵᠡᠶ᠃ ᠡᠭᠦᠨ᠎ᠳᠦ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠪᠠᠢᠭᠤᠯᠤᠮᠵᠢ 26᠂ ᠮᠠᠯᠵᠢᠬᠤ ᠣᠷᠣᠨ᠎ᠤ ᠨᠠᠰᠤᠵᠢᠯ᠎ᠤᠨ ᠠᠰᠠᠷᠠᠮᠵᠢ᠎ᠶ᠋ᠢᠨ ᠬᠦᠷᠢᠶᠡᠯᠡᠩ ᠲᠣᠭᠣᠷᠢᠭ 5᠂ ᠨᠡᠢᠭᠡᠮ ᠲᠣᠭᠣᠷᠢᠭ᠎ᠤᠨ ᠡᠳᠦᠷ᠎ᠦᠨ ᠠᠰᠠᠷᠠᠨ ᠬᠠᠷᠠᠭᠠᠯᠵᠠᠬᠤ ᠲᠥᠪ 40᠂ ᠮᠠᠯᠵᠢᠬᠤ ᠲᠠᠷᠢᠶᠠᠯᠠᠬᠤ ᠣᠷᠣᠨ᠎ᠤ ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠠᠰᠠᠷᠠᠮᠵᠢ᠎ᠶ᠋ᠢᠨ ᠬᠦᠷᠢᠶᠡᠯᠡᠩ 32᠂ 12349 ᠠᠷᠠᠳ᠎ᠲᠤ ᠲᠥᠬᠥᠮ ᠦᠵᠡᠭᠦᠯᠬᠦ᠌ ᠨᠠᠰᠤᠲᠠᠢᠴᠤᠳ᠎ᠤᠨ ᠦᠶ᠋ᠯᠡᠴᠢᠯᠡᠭᠡᠨ᠎ᠦ ᠲᠥᠪ 14 ᠪᠣᠶ᠃ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠣᠷᠣ 8310 ᠲᠤᠯᠵᠤ᠂ 2015 ᠣᠨ᠎ᠤ ᠬᠢ᠎ᠡᠴᠡ 1000 ᠨᠡᠮᠡᠭ᠌ᠳᠡᠨ᠂ 14% ᠪᠡᠷ ᠨᠡᠮᠡᠭ᠌ᠳᠡᠵᠦ᠍᠂ 1000 ᠨᠠᠰᠤᠲᠠᠨ ᠪᠦᠷᠢ᠎ᠳᠦ 49 ᠣᠷᠣ᠎ᠲᠠᠶ ᠪᠣᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号