2007 ᠤᠨᠤ10 ᠰᠠᠷ᠎ᠠ ᠶᠢᠨ15 ᠤ᠋ ᠡᠳᠦᠷ ᠡᠴᠡ 21ᠤ᠋ ᠡᠳᠦᠷ ᠪᠤᠯᠲᠠᠯ᠎ᠠ ᠂ ᠳᠤᠮᠳᠠᠳᠦ ᠤᠯᠤᠰᠤᠨ ᠡᠪ ᠬᠠᠮᠳᠦ ᠨᠠᠮ ᠤᠨ ᠠᠷᠪᠠᠨ ᠲᠤᠯᠤᠳᠤᠭᠠᠷ ᠤᠳᠠᠭ᠎ᠠ ᠶᠢᠨ ᠪᠦᠬᠦ ᠤᠯᠤᠰᠤᠨ ᠲᠦᠯᠦᠭᠡᠯᠡᠭᠴᠢᠳᠤᠨ ᠶᠡᠬᠡ ᠬᠤᠷᠠᠯ ᠪᠡᠭᠡᠵᠢᠩ ᠳᠤ ᠬᠤᠷᠠᠯᠳᠤᠪᠠ᠃ ᠶᠡᠬᠡ ᠬᠤᠷᠠᠯᠤᠨ ᠵᠢᠩᠬᠢᠨᠢ ᠲᠦᠯᠦᠭᠡᠯᠡᠭᠴᠢ 2213 ᠬᠦᠮᠦᠨ᠂ ᠤᠨᠴᠠ ᠤᠷᠢᠬᠰᠠᠨ ᠲᠦᠯᠦᠭᠡᠯᠡᠭᠴᠢ 57 ᠬᠦᠮᠦᠨ ᠪᠠᠢᠵᠦ᠂ ᠪᠦᠬᠦ ᠤᠯᠤᠰᠤᠨ 7300 ᠭᠠᠷᠤᠢ ᠲᠦᠮᠡᠨ ᠨᠠᠮᠤᠨ ᠬᠡᠰᠢᠬᠦᠨᠢ ᠲᠦᠯᠦᠭᠡᠯᠡᠭᠰᠡᠨ ᠪᠠᠢᠨ᠎ᠠ᠃ ᠬ᠍ᠤ ᠵᠢᠨ ᠲᠤᠤ ᠠᠷᠪᠠᠨ ᠵᠢᠷᠭᠤᠳᠤᠭᠠᠷ ᠬᠤᠭᠤᠴᠠᠭᠠᠨ ᠤ ᠲᠦᠪ ᠬᠤᠷᠢᠶᠠᠨᠤ ᠡᠮᠦᠨ᠎ᠡ ᠡᠴᠡ 《ᠳᠤᠮᠳᠠᠳᠦ ᠤᠯᠤᠰ ᠤᠨ ᠤᠨᠴᠠᠯᠢᠭ ᠲᠠᠢ ᠨᠡᠢᠬᠡᠮ ᠵᠢᠷᠦᠮ ᠤᠨ ᠠᠭᠤᠤ ᠶᠡᠬᠡ ᠲᠤᠭᠢ ᠦᠨᠳᠦᠷ ᠮᠠᠨᠳᠤᠭᠤᠯᠵᠦ᠂ ᠴᠢᠨᠡᠭᠡᠯᠢᠭ ᠨᠡᠢᠬᠡᠮᠢ ᠪᠦᠬᠦ ᠲᠠᠯ᠎ᠠ ᠪᠡᠷ ᠪᠦᠲᠦᠭᠡᠨ ᠪᠠᠢᠭᠤᠯᠬᠤ ᠰᠢᠨ᠎ᠡ ᠢᠯᠠᠯᠲᠠ ᠶᠢ ᠲᠡᠮᠡᠴᠡᠨ ᠤᠯᠬᠤᠶᠢᠨ ᠲᠦᠯᠦᠭᠡ ᠲᠡᠮᠡᠴᠡᠰᠦᠭᠡᠢ》 ᠬᠡᠰᠡᠨ ᠰᠡᠳᠦᠪ ᠢᠶᠡᠷ ᠢᠯᠡᠳᠭᠡᠯ ᠬᠢᠪᠡ᠃ ᠶᠡᠬᠡ ᠬᠤᠷᠠᠯ ᠡᠴᠡ ᠢᠯᠡᠳᠭᠡᠯ ᠪᠤᠯᠤᠨ《ᠳᠤᠮᠳᠠᠳᠦ ᠤᠯᠤᠰᠤᠨ ᠡᠪ ᠬᠠᠮᠳᠦ ᠨᠠᠮ ᠤᠨ ᠲᠦᠷᠢᠮ(ᠵᠠᠰᠠᠪᠤᠷᠢ ᠤᠷᠤᠭᠤᠯᠬᠤ ᠲᠦᠰᠦᠯ)》 ᠢ ᠬᠢᠨᠠᠨ ᠵᠦᠪᠯᠡᠵᠦ ᠪᠠᠲᠤᠯᠠᠨ᠂ ᠲᠦᠪᠤᠨ ᠰᠠᠬᠢᠯᠭ᠎ᠠ ᠪᠠᠲᠦ ᠪᠠᠢᠴᠠᠭᠠᠬᠤ ᠬᠤᠷᠢᠶᠠᠨᠤ ᠠᠵᠢᠯ ᠤᠨ ᠮᠡᠳᠡᠬᠦᠯᠦᠯᠲᠡᠶᠢ ᠵᠦᠪᠰᠢᠶᠡᠷᠡᠵᠦ᠂ ᠰᠢᠨ᠎ᠡ ᠨᠢᠭᠡ ᠬᠤᠭᠤᠴᠠᠭᠠᠨᠤ ᠲᠦᠪ ᠬᠤᠷᠢᠶ᠎ᠠ ᠪᠤᠯᠤᠨ ᠲᠦᠪᠤᠨ ᠰᠠᠬᠢᠯᠭ᠎ᠠ ᠪᠠᠲᠦ ᠪᠠᠢᠴᠠᠭᠠᠬᠤ ᠬᠤᠷᠢᠶ᠎ᠠ ᠶᠢ ᠰᠤᠩᠭᠤᠨ ᠭᠠᠷᠭᠠᠪᠠ᠃
ᠨᠠᠮᠤᠨ ᠠᠷᠪᠠᠨ ᠲᠤᠯᠤᠳᠤᠭᠠᠷ ᠶᠡᠬᠡ ᠬᠤᠷᠠᠯᠤᠨ ᠭᠤᠤᠯ ᠰᠡᠳᠦᠪ ᠪᠤᠯ᠄ ᠳᠤᠮᠳᠠᠳᠦ ᠤᠯᠤᠰᠤᠨ ᠤᠨᠴᠠᠯᠢᠭ ᠲᠠᠢ ᠨᠡᠢᠬᠡᠮ ᠵᠢᠷᠦᠮ ᠤᠨ ᠠᠭᠤᠤ ᠶᠡᠬᠡ ᠲᠤᠭᠢ ᠦᠨᠳᠦᠷ ᠮᠠᠨᠳᠤᠭᠤᠯᠤᠨ᠂ ᠳ᠋ᠸᠩ ᠰᠢᠶᠤᠤ ᠫᠢᠩ ᠤᠨ ᠤᠨᠤᠯ ᠪᠤᠯᠤᠨ 《ᠭᠤᠷᠪᠠ ᠶᠢ ᠲᠦᠯᠦᠭᠡᠯᠡᠬᠦ》 ᠴᠢᠬᠤᠯᠠ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠦ᠂ ᠰᠢᠨᠵᠢᠯᠡᠬᠦ ᠤᠬᠠᠭᠠᠨᠴᠢ ᠬᠦᠭᠵᠢᠯᠲᠡᠶᠢᠨ ᠦᠵᠡᠯᠲᠡ ᠶᠢ ᠬᠦᠨᠵᠡᠬᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠦ᠂ ᠦᠵᠡᠯ ᠰᠠᠨᠠᠭ᠎ᠠ ᠪᠠᠨ ᠦᠷᠬᠦᠯᠵᠢᠯᠡᠨ ᠴᠢᠯᠦᠭᠡᠯᠡᠵᠦ᠂ ᠦᠭᠡᠷᠡᠴᠢᠯᠡᠯᠲᠡ ᠨᠡᠭᠡᠭᠡᠯᠲᠡ ᠶᠢ ᠪᠠᠷᠢᠮᠳᠠᠯᠠᠨ᠂ ᠰᠢᠨᠵᠢᠯᠡᠬᠦ ᠤᠬᠠᠭᠠᠨᠴᠢᠬᠦᠭᠵᠢᠯᠲᠡᠶᠢᠠᠬᠢᠭᠤᠯᠵᠦ᠂ᠨᠡᠢᠬᠡᠮᠤᠨᠡᠶᠡᠵᠤᠬᠢᠴᠠᠯᠢ ᠠᠬᠢᠭᠤᠯᠤᠨ᠂ ᠴᠢᠨᠡᠭᠡᠯᠢᠭ ᠨᠡᠢᠬᠡᠮ ᠢ ᠪᠦᠬᠦ ᠲᠠᠯ᠎ᠠ ᠪᠡᠷ ᠪᠦᠲᠦᠭᠡᠨ ᠪᠠᠢᠭᠤᠯᠬᠤ ᠰᠢᠨ᠎ᠡ ᠢᠯᠠᠯᠲᠠᠶᠢ ᠲᠡᠮᠡᠴᠡᠨ ᠤᠯᠬᠤ ᠶᠢᠨ ᠲᠦᠯᠦᠭᠡ ᠲᠡᠮᠡᠴᠡᠨ᠎ᠡ᠃
ᠨᠠᠮ ᠤᠨ ᠠᠷᠪᠠᠨ ᠳᠤᠯᠤᠳᠤᠭᠠᠷ ᠶᠡᠬᠡ ᠬᠤᠷᠠᠯ ᠡᠴᠡ 204 ᠭᠡᠰᠢᠬᠦᠨ᠂ 167 ᠤᠷᠤᠯᠠᠬᠴᠢ ᠬᠡᠰᠢᠬᠦᠨ ᠢᠶᠡᠷ ᠪᠦᠷᠢᠯᠳᠦᠭᠰᠡᠨ ᠲᠦᠪ ᠬᠤᠷᠢᠶ᠎ᠠ ᠪᠠ 127 ᠬᠡᠰᠢᠬᠦᠨ ᠢᠶᠡᠷ ᠪᠦᠷᠢᠯᠳᠦᠭᠰᠡᠨ ᠲᠦᠪ ᠤᠨ ᠰᠠᠬᠢᠯᠭ᠎ᠠ ᠪᠠᠲᠦ ᠪᠠᠢᠴᠠᠭᠠᠬᠤ ᠬᠤᠷᠢᠶᠠᠶᠢ ᠰᠤᠩᠭᠤᠨ ᠭᠠᠷᠭᠠᠪᠠ᠃10 ᠰᠠᠷ᠎ᠠ ᠶᠢᠨ 22 ᠤ᠋ᠨ ᠡᠳᠦᠷ᠂ ᠠᠷᠪᠠᠨ ᠲᠤᠯᠤᠳᠤᠭᠠᠷ ᠬᠤᠭᠤᠴᠠᠭᠠᠨᠤ ᠲᠦᠪ ᠬᠤᠷᠢᠶᠠᠨᠤ ᠠᠩᠬᠠᠳᠤᠭᠠᠷ ᠪᠦᠬᠦᠳᠡ ᠬᠤᠷᠠᠯ ᠡᠴᠡ ᠰᠢᠨ᠎ᠡ ᠨᠢᠭᠡ ᠬᠤᠭᠤᠴᠠᠭᠠᠨᠤ ᠲᠦᠪ ᠬᠤᠷᠢᠶᠠᠨᠤ ᠤᠯᠤᠰ ᠲᠦᠷᠦ ᠶᠢᠨ ᠲᠤᠪᠴᠢᠶ᠎ᠡ ᠪᠤᠯᠤᠨ ᠲᠦᠪ ᠬᠤᠷᠢᠶᠠᠨᠤ ᠱᠦᠵᠢ ᠨᠠᠷᠤᠨ ᠭᠠᠵᠠᠷᠢ ᠰᠤᠩᠭᠤᠨ ᠭᠠᠷᠭᠠᠪᠠ᠃ ᠲᠦᠪ ᠬᠤᠷᠢᠶᠠᠨᠤ ᠤᠯᠤᠰ ᠲᠦᠷᠦ ᠶᠢᠨ ᠲᠤᠪᠴᠢᠶᠠᠨᠤ 25 ᠬᠡᠰᠢᠬᠦᠨ ᠢ ᠰᠤᠩᠭᠤᠨ ᠭᠠᠷᠭᠠᠪᠠ ; ᠬ᠍ᠤ ᠵᠢᠨ ᠲᠤᠤ ᠶᠢ ᠲᠦᠪ ᠬᠤᠷᠢᠶᠠᠨ ᠤ ᠶᠡᠷᠦᠩᠬᠡᠢ ᠱᠦᠵᠢ ᠪᠡᠷ ᠰᠤᠩᠭᠤᠪᠠ ; ᠬ᠍ᠤ ᠵᠢᠨ ᠲᠤᠤ ᠶᠢ ᠲᠦᠪ ᠤᠨ ᠴᠡᠷᠢᠭ ᠤᠨ ᠶᠠᠪᠤᠳᠠᠯᠤᠨ ᠬᠤᠷᠢᠶᠠᠨ ᠤ ᠲᠡᠷᠢᠬᠦᠯᠡᠭᠴᠢ ᠪᠡᠷ ᠲᠤᠬᠲᠠᠭᠠᠪᠠ; ᠡᠾᠸ ᠬᠦᠸᠸ ᠴᠢᠶᠠᠩᠢ ᠲᠦᠪᠤᠨ ᠰᠠᠬᠢᠯᠭ᠎ᠠ ᠪᠠᠲᠦ ᠪᠠᠢᠴᠠᠭᠠᠬᠤ ᠬᠤᠷᠢᠶᠠᠨ ᠤ ᠱᠦᠵᠢ ᠪᠡᠷ ᠵᠦᠪᠰᠢᠶᠡᠷᠡᠪᠡ᠃
ᠨᠠᠮᠤᠨ ᠠᠷᠪᠠᠨ ᠲᠤᠯᠤᠳᠤᠭᠠᠷ ᠶᠡᠬᠡ ᠬᠤᠷᠠᠯ ᠲᠡᠥᠬᠡ ᠶᠢᠨ ᠰᠢᠨ᠎ᠡ ᠭᠠᠷᠤᠭ᠎ᠠ ᠳᠡᠭᠡᠷ᠎ᠡ᠂ ᠴᠢᠨᠡᠭᠡᠯᠢᠭ ᠨᠡᠢᠬᠡᠮ ᠢ ᠪᠦᠬᠦ ᠲᠠᠯ᠎ᠠ ᠪᠡᠷ ᠪᠦᠲᠦᠭᠡᠨ ᠪᠠᠢᠭᠤᠯᠬᠤ ᠲᠡᠮᠡᠴᠡᠯ ᠤᠨ ᠬᠠᠷᠠᠯᠲᠠ ᠶᠢ ᠪᠡᠶᠡᠯᠡᠬᠦᠯᠬᠦ ᠰᠢᠨ᠎ᠡ ᠱᠠᠭᠠᠷᠳᠠᠯᠭ᠎ᠠ ᠶᠢ ᠳᠤᠷᠠᠳᠤᠨ ᠭᠠᠷᠭᠠᠵᠦ ᠂ ᠦᠵᠡᠯ ᠰᠠᠨᠠᠭ᠎ᠠ᠂ ᠤᠯᠤᠰ ᠲᠦᠷᠦ᠂ ᠵᠤᠬᠢᠶᠠᠨ ᠪᠠᠢᠭᠤᠯᠤᠯᠲᠠ ᠶᠢᠨ ᠲᠠᠯ᠎ᠠ ᠪᠡᠷ ᠴᠢᠨᠡᠭᠡᠯᠢᠭ ᠨᠡᠢᠬᠡᠮ ᠢ ᠪᠦᠬᠦ ᠲᠠᠯ᠎ᠠ ᠪᠡᠷ ᠪᠦᠲᠦᠭᠡᠨ ᠪᠠᠢᠭᠤᠯᠬᠤ ᠰᠢᠨ᠎ᠡ ᠢᠯᠠᠯᠲᠠᠶᠢ ᠲᠡᠮᠡᠴᠡᠨ ᠤᠯᠬᠤ᠂ ᠳᠤᠮᠳᠠᠳᠦ ᠤᠯᠤᠰᠤᠨ ᠤᠨᠴᠠᠯᠢᠭ ᠲᠠᠢ ᠨᠡᠢᠬᠡᠮ ᠵᠢᠷᠦᠮᠤᠨ ᠦᠢᠯᠡᠰᠤᠨ ᠰᠢᠨ᠎ᠠ ᠪᠠᠢᠳᠠᠯᠢ ᠲᠠᠰᠤᠷᠠᠯᠲᠠ ᠦᠬᠡᠢ ᠨᠡᠭᠡᠭᠡᠨ ᠡᠬᠦᠳᠬᠦ ᠳᠤ ᠦᠨᠳᠦᠰᠦᠨ ᠪᠠᠲᠤᠯᠠᠭ᠎ᠠ ᠬᠠᠩᠭᠠᠬᠰᠠᠨ ᠪᠠᠢᠨ᠎ᠠ᠃
ᠨᠠᠮᠤᠨ ᠠᠷᠪᠠᠨ ᠲᠤᠯᠤᠳᠤᠭᠠᠷ ᠶᠡᠬᠡ ᠬᠤᠷᠠᠯ ᠡᠴᠡ ᠳᠤᠷᠠᠳᠤᠨ ᠭᠠᠷᠭᠠᠬᠰᠠᠨ ᠴᠢᠬᠤᠯᠠ ᠶᠡᠬᠡ ᠰᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠂ ᠤᠯᠤᠬᠰᠠᠨ ᠴᠢᠬᠤᠯᠠ ᠦᠷ᠎ᠡ ᠪᠦᠲᠦᠭᠡᠯ ᠨᠢ ᠳᠤᠮᠳᠠᠳᠦ ᠤᠤᠯᠰ ᠤᠨ ᠤᠨᠴᠠᠯᠢᠭ ᠲᠠᠢ ᠨᠡᠢᠬᠡᠮ ᠵᠢᠷᠦᠮ ᠤᠨ ᠠᠭᠤᠤ ᠶᠡᠬᠡ ᠦᠢᠯᠡᠰ ᠪᠠ ᠨᠠᠮ ᠤᠨ ᠪᠠᠢᠭᠤᠯᠤᠯᠲᠠ ᠶᠢᠨ ᠠᠭᠤᠤ ᠶᠡᠬᠡ ᠰᠢᠨ᠎ᠡ ᠢᠨᠵᠸᠨ᠋ᠸᠷᠢᠩ ᠢ ᠪᠦᠬᠦ ᠲᠠᠯ᠎ᠠ ᠪᠡᠷ ᠠᠬᠢᠭᠤᠯᠬᠤ ᠳᠤ ᠲᠤᠢᠯ ᠤᠨ ᠴᠢᠬᠤᠯᠠ ᠵᠢᠯᠤᠭᠤᠳᠬᠤ ᠦᠢᠯᠡᠳᠦᠯ ᠪᠠ ᠴᠢᠬᠤᠯᠠ ᠶᠡᠬᠡ ᠪᠠᠢᠯᠳᠤᠬᠤ ᠪᠤᠳᠤᠯᠭ᠎ᠠ ᠶᠢᠨ ᠠᠴᠢ ᠬᠤᠯᠪᠤᠬᠳᠠᠯ ᠲᠠᠢ ᠶᠤᠮ᠃
(《ᠰᠤᠷᠤᠯᠴᠠᠯᠭ᠎ᠠ ᠶᠢᠨ ᠬᠦᠴᠦᠷᠭᠡᠭ ᠤᠯᠤᠰ》 ᠰᠢᠯᠵᠢᠶ᠎ᠡ ᠡᠴᠡ ᠰᠠᠴᠤᠷᠠᠯ ᠤᠷᠴᠢᠭᠤᠯᠪᠠ)