​ᠨᠠᠮ ᠎ᠤᠨ ᠪᠠᠢᠭᠤᠯᠤᠯᠲᠠ ᠎ᠶ᠋ᠢᠨ ᠲᠤᠷᠱᠢᠯᠭ᠎ᠠ ᠪᠠ ᠰᠡᠩᠭᠡᠷᠡᠬᠦᠯᠦᠯ
2021-11-22 09:15:47
ᠵᠣᠬᠢᠶᠠᠭ᠍ᠴᠢ᠄
ᠸᠠᠩ ᡁᠢ ᠮᠢᠨ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ᠎ᠶ᠋ᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ ᠎ᠦᠨ ᠤᠢ ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠳᠤ᠄ 《ᠮᠠᠨ᠎ᠤ ᠨᠠᠮ ᠤᠳᠤ ᠳᠠᠪᠲᠠᠭ᠍ᠳᠠᠨ ᠪᠣᠯᠪᠠᠰᠤᠷᠠᠭᠠᠳ ᠴᠤᠭ ᠪᠠᠳᠠᠷᠠᠩᠭᠤᠢ ᠪᠠᠢᠬᠤ᠎ᠶᠢᠨ ᠨᠢᠭᠡᠨ ᠮᠠᠰᠢ ᠴᠢᠬᠤᠯᠠ ᠱᠢᠯᠲᠠᠭᠠᠨ ᠪᠣᠯ ᠳᠠᠷᠤᠢ ᠪᠢᠳᠠ ᠨᠠᠮ ᠨᠢ ᠨᠠᠮ ᠎ᠢᠶᠠᠨ ᠬᠠᠮᠢᠶᠠᠷᠬᠤ᠂ ᠨᠠᠮ ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠎ᠶᠢ ᠢᠮᠠᠬᠲᠠ ᠪᠠᠷᠢᠮᠳᠠᠯᠠᠵᠦ ᠂ ᠲᠤᠰ ᠪᠡᠶ᠎ᠡ᠎ᠶ᠋ᠢᠨ ᠡᠯ᠎ᠡ ᠲᠡᠦᠬᠡᠨ ᠴᠠᠭ ᠦᠶ᠎ᠡ᠎ᠳᠦ ᠲᠤᠯᠭᠠᠷᠠᠵᠤ ᠪᠠᠢᠭ᠎ᠠ ᠠᠶᠤᠯ ᠲᠦᠭ᠌ᠰᠢᠭᠦᠷᠢ ᠪᠠ ᠱᠢᠯᠭᠠᠯᠲᠠ᠎ᠶ᠋ᠢ ᠲᠠᠰᠤᠷᠠᠯᠲᠠ ᠦᠭᠡᠢ ᠰᠠᠢᠲᠤᠷ ᠠᠷᠭᠠᠴᠠᠭᠠᠵᠦ ᠂ ᠮᠠᠨ ᠎ᠤ ᠨᠠᠮ᠎ᠤᠨ ᠳᠡᠯᠡᠬᠡᠶ ᠶ᠋ᠢᠨ ᠪᠠᠢᠳᠠᠯ ᠎ᠤᠨ ᠭᠦᠨᠵᠡᠭᠡᠶ ᠬᠤᠪᠢᠷᠠᠯᠲᠠ ᠎ᠶ᠋ᠢᠨ ᠲᠡᠦᠬᠡᠨ ᠠᠬᠢᠴᠠ ᠳᠤᠮᠳᠠ ᠢᠮᠠᠭ᠍ᠲᠠ ᠴᠠᠭ ᠦᠶ᠎ᠡ ᠎ᠶ᠋ᠢᠨ ᠡᠮᠦᠨ᠎ᠡ ᠡᠩᠨᠡᠭᠡᠨ ᠎ᠳᠦ ᠶᠠᠪᠤᠬᠤ᠎ᠶ᠋ᠢ ᠦᠨᠡᠨ ᠬᠦ᠌ ᠪᠠᠲᠤᠯᠠᠵᠦ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ ᠲᠡᠦᠬᠡᠨ ᠶᠠᠪᠤᠴᠠ᠎ᠳᠤ ᠢᠮᠠᠭ᠍ᠲᠠ ᠪᠦᠬᠦ᠌ ᠤᠯᠤᠰ᠎ᠤᠨ ᠠᠷᠠᠳ ᠲᠦᠮᠡᠨ᠎ᠦ ᠲᠦᠱᠢᠭ ᠲᠤᠯᠭᠠᠭᠤᠷᠢ ᠪᠣᠯᠤᠭ᠍ᠰᠠᠭᠠᠷ ᠢᠷᠡᠭᠰᠡᠨ᠎ᠳᠤ ᠤᠷᠤᠰᠢᠨ᠎ᠠ!》ᠭᠡᠵᠦ ᠵᠢᠭᠠᠵᠦ ᠭᠠᠷᠭᠠᠪᠠ᠃ ᠱᠢᠨ᠎ᠡ ᠠᠷᠠᠳᠴᠢᠯᠠᠭ᠍ᠰᠠᠨ ᠬᠤᠪᠢᠰᠭᠠᠯ ᠎ᠤᠨ ᠦᠶ᠎ᠡ᠎ᠳᠦ ᠳᠤᠮᠳᠠᠳᠤ ᠤᠯᠤᠰ ᠎ᠤᠨ ᠡᠪ ᠬᠠᠮᠲᠤ ᠨᠠᠮ ᠨᠠᠮ᠎ᠤᠨ ᠪᠠᠢᠭᠤᠯᠤᠯᠲᠠ᠎ᠶ᠋ᠢ 《ᠠᠭᠤᠤ ᠶᠡᠬᠡ᠎ᠢᠨᠵᠧᠨᠧᠷᠢᠩ》ᠭᠡᠵᠦ᠍ ᠪᠦᠲᠦᠭᠡᠯᠴᠢ᠎ᠪᠡᠷ ᠨᠡᠷᠡᠢᠳᠦᠭ᠌ᠰᠡᠨ ᠶᠤᠮ᠃ ᠥᠭᠡᠷᠡᠴᠢᠯᠡᠯᠲᠡ ᠨᠡᠭᠡᠭᠡᠯᠲᠡ ᠎ᠶ᠋ᠢᠨ ᠱᠢᠨ᠎ᠡ ᠴᠠᠭ ᠦᠶ᠎ᠡ ᠎ᠳᠦ ᠂ ᠨᠠᠮ ᠡᠴᠡ ᠲᠤᠰ ᠪᠡᠶ᠎ᠡ ᠎ᠶ᠋ᠢᠨ ᠪᠠᠢᠭᠤᠯᠤᠯᠲᠠ᠎ᠪᠠᠨ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠨᠠᠮ ᠎ᠤᠨ ᠪᠠᠢᠭᠤᠯᠤᠯᠲᠠ ᠎ᠶ᠋ᠢ ᠱᠢᠨ᠎ᠡ ᠠᠭᠤᠤ ᠶᠡᠬᠡ ᠢᠨᠵᠧᠨᠧᠷᠢᠩ ᠎ᠦᠨ ᠳᠡᠭᠡᠳᠦ ᠬᠡᠮᠵᠢᠶᠡᠨ᠎ᠳᠦ ᠬᠦᠷᠲᠡᠯ᠎ᠡ ᠳᠡᠭᠡᠭ᠌ᠰᠢᠯᠡᠭᠦᠯᠪᠡ᠃ ᠨᠠᠮ ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ ᠂ ᠰᠢ᠎ᠶ᠋ᠢᠨ ᠫᠢᠩ ᠨᠥᠬᠥᠷ ᠎ᠢᠶᠡᠷ ᠭᠣᠣᠯ ᠪᠣᠯᠭᠠᠭ᠍ᠰᠠᠨ ᠨᠠᠮ ᠎ᠤᠨ ᠲᠥᠪ ᠬᠣᠷᠢᠢ᠎ᠠ ᠱᠢᠨ᠎ᠡ ᠴᠠᠭ ᠦᠶ᠎ᠡ ᠎ᠶ᠋ᠢᠨ ᠨᠠᠮ᠎ᠤᠨ᠎ᠪᠠᠢᠭᠤᠯᠤᠯᠲᠠ᠎ᠶ᠋ᠢᠨ᠎ᠱᠢᠨ᠎ᠡ᠎ᠠᠭᠤᠤ ᠶᠡᠬᠡ᠎ᠢᠨᠵᠧᠨᠧᠷᠢᠩ᠎ᠢ᠎ᠦᠷᠭᠦᠯᠵᠢᠯᠡᠨ ᠠᠬᠢᠭᠤᠯᠪᠠ᠃

ᠵᠠᠭᠤᠨ ᠵᠢᠯ ᠎ᠦᠨ ᠲᠤᠷᠱᠢᠬᠢ ᠨᠠᠮ ᠎ᠤᠨ ᠪᠠᠢᠭᠤᠯᠤᠯᠲᠠ ᠎ᠶ᠋ᠢᠨ ᠲᠡᠦᠬᠡᠨ ᠲᠤᠷᠱᠢᠯᠭ᠎ᠠ ᠶ᠋ᠢ ᠡᠷᠭᠢᠴᠡᠭᠦᠯᠦᠨ ᠳ᠋ᠦᠩᠨᠡᠬᠦ᠌ ᠨᠢ ᠪᠢᠳᠡᠨ᠎ᠦ ᠡᠪ ᠬᠠᠮᠲᠤ ᠨᠠᠮ᠎ᠤᠨ ᠲᠦᠷᠦ᠍ ᠪᠠᠷᠢᠬᠤ ᠵᠢᠮ᠎ᠡ ᠶᠣᠰᠣᠨ᠎ᠤ ᠲᠤᠬᠠᠢ ᠲᠠᠨᠢᠯᠲᠠ᠎ᠪᠠᠨ ᠴᠢᠨᠠᠭ᠍ᠰᠢᠳᠠ ᠭᠦᠨᠵᠡᠭᠡᠢᠷᠡᠭᠦᠯᠵᠦ᠍᠂ ᠱᠢᠨ᠎ᠡ ᠠᠶᠠᠨ ᠵᠠᠮ ᠎ᠳᠤ ᠪᠦᠬᠦ᠌ ᠲᠠᠯ᠎ᠠ᠎ᠪᠠᠷ ᠨᠠᠮ ᠎ᠢ ᠴᠢᠩᠭ᠎ᠠ ᠵᠠᠰᠠᠬᠤ ᠎ᠶ᠋ᠢ ᠭᠦᠨᠵᠡᠭᠡᠢᠷᠡᠬᠦᠯᠦᠨ ᠠᠬᠢᠭᠤᠯᠵᠤ ᠂ ᠨᠠᠮ ᠎ᠤᠨ ᠪᠦᠲᠦᠭᠡᠯᠴᠢ ᠬᠦᠴᠦᠨ ᠨᠢᠭ᠍ᠲᠠᠷᠠᠯ᠎ᠤᠨ ᠬᠦᠴᠦᠨ ᠲᠠᠢ᠌ᠴᠢᠨ ᠬᠦᠴᠦᠨ᠎ᠢ ᠳᠡᠭᠡᠭ᠌ᠰᠢᠯᠡᠭᠦᠯᠵᠦ᠍᠂ ᠮᠠᠷᠺᠰ᠎ᠤᠨ ᠦᠵᠡᠯ ᠎ᠦᠨ ᠲᠦᠷᠦ᠍ ᠪᠠᠷᠢᠭ᠍ᠴᠢ ᠨᠠᠮ ᠎ᠤᠨ ᠪᠠᠢᠭᠤᠯᠤᠯᠲᠠ ᠎ᠶ᠋ᠢᠨ ᠱᠢᠨ᠎ᠡ ᠠᠬᠤᠢ ᠪᠠᠢᠳᠠᠯ᠎ᠢ ᠲᠠᠰᠤᠷᠠᠯᠳᠠ ᠦᠭᠡᠢ ᠨᠡᠭᠡᠭᠡᠬᠦ᠌᠎ᠳᠦ ᠲᠤᠯᠢ ᠪᠣᠯᠭᠠᠬᠤ ᠪᠠ ᠰᠡᠩᠬᠡᠷᠡᠭᠦᠯᠦᠯ ᠬᠠᠩᠭᠠᠬᠤ᠎ᠳᠤ ᠠᠱᠢᠭ᠍ᠲᠠᠢ ᠶᠤᠮ᠃

ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠎ᠶ᠋ᠢ ᠳᠤᠮᠳᠠᠳᠤ ᠤᠯᠤᠰ᠎ᠤᠨ ᠪᠣᠳᠠᠲᠤ ᠪᠠᠢᠳᠠᠯ ᠪᠣᠯᠤᠨ ᠴᠠᠭ ᠦᠶ᠎ᠡ᠎ᠶ᠋ᠢᠨ ᠣᠨᠴᠠᠯᠢᠭ᠎ᠲᠠᠶ ᠤᠶᠠᠯᠳᠤᠭᠤᠯᠬᠤ᠎ᠶ᠋ᠢ ᠪᠠᠷᠢᠮᠲᠠᠯᠠᠬᠤ ᠬᠡᠷᠡᠭᠲᠡᠢ

ᠮᠠᠷᠺᠰ᠎ᠤᠨ ᠦᠵᠡᠯ ᠎ᠢᠶᠡᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠦᠢᠯᠡᠳᠦᠯᠭᠡ ᠶ᠋ᠢᠨ ᠰᠠᠭᠤᠷᠢᠨ ᠳᠡᠭᠡᠷᠡᠬᠢ ᠤᠨᠤᠯ᠎ᠤᠨ ᠱᠢᠨ᠎ᠡ ᠡᠭᠦᠳᠦᠯᠲᠡ᠎ᠶ᠋ᠢ ᠲᠠᠰᠤᠷᠠᠯᠳᠡ ᠦᠭᠡᠢ ᠠᠬᠢᠭᠤᠯᠵᠤ᠂ ᠨᠠᠮ ᠎ᠤᠨ ᠤᠨᠤᠯ ᠎ᠤᠨ ᠱᠢᠨ᠎ᠡ ᠡᠭᠦᠳᠦᠯᠲᠡ ᠎ᠶ᠋ᠢᠨ ᠦᠷ᠎ᠡ ᠪᠦᠲᠦᠭᠡᠯ᠎ᠢᠶᠡᠷ ᠪᠦᠬᠦ᠌ ᠨᠠᠮ᠎ᠢ ᠵᠡᠪᠰᠡᠭ᠌ᠯᠡᠬᠦ᠌ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠎ᠤᠨ ᠲᠤᠰ ᠪᠡᠶ᠎ᠡ ᠎ᠶ᠋ᠢᠨ ᠪᠠᠢᠭᠤᠯᠤᠯᠲᠠ᠎ᠪᠠᠨ ᠴᠢᠩᠭᠠᠳᠭᠠᠬᠤ ᠴᠢᠬᠤᠯᠠ ᠳᠠᠪᠠᠭᠤᠯᠢᠭ ᠪᠣᠯᠤᠨ᠎ᠠ᠃ ᠵᠠᠭᠤᠨ ᠵᠢᠯ ᠎ᠦᠨ ᠲᠤᠷᠰᠢ᠂ ᠮᠠᠨ ᠎ᠤ ᠨᠠᠮ ᠮᠠᠷᠺᠰ ᠎ᠤᠨ ᠦᠵᠡᠯ ᠎ᠦᠨ ᠦᠨᠳᠦᠰᠦᠨ ᠤᠭ ᠶᠣᠰᠣ ᠎ᠶ᠋ᠢ ᠳᠤᠮᠳᠠᠳᠤ ᠤᠯᠤᠰ ᠎ᠤᠨ ᠪᠣᠳᠠᠲᠤ ᠪᠠᠢᠳᠠᠯ ᠪᠣᠯᠤᠨ ᠴᠠᠭ ᠦᠶ᠎ᠡ ᠎ᠶ᠋ᠢᠨ ᠣᠨᠴᠠᠯᠢᠭ᠎ᠲᠠᠶ ᠤᠶᠠᠯᠳᠤᠭᠤᠯᠬᠤ ᠎ᠶ᠋ᠢ ᠪᠠᠷᠢᠮᠲᠠᠯᠠᠵᠤ᠂ ᠮᠠᠷᠺᠰ ᠎ᠤᠨ ᠦᠵᠡᠯ ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌ ᠎ᠶ᠋ᠢ ᠲᠠᠰᠤᠷᠠᠯᠲᠠ ᠦᠭᠡᠢ ᠠᠬᠢᠭᠤᠯᠵᠤ᠂ ᠨᠠᠮ ᠎ᠤᠨ ᠪᠠᠢᠭᠤᠯᠤᠯᠲᠠ ᠎ᠶ᠋ᠢ ᠠᠬᠢᠭᠤᠯᠬᠤ᠎ᠳᠤ ᠬᠦᠴᠦᠷᠬᠡᠭ ᠶᠡᠬᠡ ᠦᠵᠡᠯ ᠰᠠᠨᠠᠭᠠᠨ ᠎ᠤ ᠵᠡᠪᠰᠡᠭ ᠬᠠᠩᠭᠠᠪᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ ᠂ ᠰᠢ᠎ᠶ᠋ᠢᠨ ᠫᠢᠩ ᠨᠥᠬᠥᠷ ᠎ᠢᠶᠡᠷ ᠭᠣᠣᠯ ᠪᠣᠯᠭᠠᠭ᠍ᠰᠠᠨ ᠨᠠᠮ ᠎ᠤᠨ ᠲᠥᠪ ᠬᠣᠷᠢᠶ᠎ᠠ ᠱᠢᠨ᠎ᠡ ᠴᠠᠭ ᠦᠶ᠎ᠡ ᠎ᠳᠦ ᠶᠠᠮᠠᠷ ᠶᠠᠩᠵᠤ᠎ᠶ᠋ᠢᠨ ᠳᠤᠮᠳᠠᠳᠤ ᠤᠯᠤᠰ ᠎ᠤᠨ ᠣᠨᠴᠠᠯᠢᠭ ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌᠂ ᠳᠤᠮᠳᠠᠳᠤ ᠤᠯᠤᠰ ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠬᠡᠷᠬᠢᠨ ᠪᠠᠷᠢᠮᠲᠠᠯᠠᠨ ᠬᠥᠭ᠌ᠵᠢᠭᠦᠯᠬᠦ᠌ ᠡᠨᠡ ᠬᠦ᠌ ᠴᠢᠬᠤᠯᠠ ᠶᠡᠬᠡ ᠴᠠᠭ ᠦᠶ᠎ᠡ ᠶ᠋ᠢᠨ ᠰᠡᠳᠦᠪ᠎ᠲᠦ ᠱᠢᠰᠲ᠋ᠧᠮ᠎ᠲᠡᠶ ᠬᠠᠷᠢᠭᠤᠯᠲᠠ ᠥᠭ᠌ᠴᠦ᠂ ᠰᠢ᠎ᠶ᠋ᠢᠨ ᠫᠢᠩ ᠎ᠦᠨ ᠱᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ ᠎ᠤᠨ ᠣᠨᠴᠠᠯᠢᠭ᠎ᠲᠠᠶ ᠨᠡᠢᠭᠡᠮ ᠵᠢᠷᠤᠮ ᠎ᠤᠨ ᠦᠵᠡᠯ ᠰᠠᠨᠠᠭ᠎ᠠ᠎ᠶ᠋ᠢ ᠪᠦᠷᠢᠯᠳᠦᠭᠦᠯᠵᠦ᠍᠂ ᠳᠤᠮᠳᠠᠳᠤ ᠎ᠶ᠋ᠢᠨ ᠦᠨᠳᠦᠰᠦᠲᠡᠨ ᠎ᠦ ᠠᠭᠤᠤ ᠶᠡᠬᠡ ᠰᠡᠷᠭᠦᠨ ᠮᠠᠨᠳᠤᠯᠲᠠ ᠎ᠶ᠋ᠢ ᠪᠡᠶᠡᠯᠡᠭᠦᠯᠬᠦ᠌ ᠎ᠳᠦ ᠠᠵᠢᠯᠯᠠᠭᠠᠨ ᠎ᠤ ᠵᠦᠭ᠌ᠯᠡᠭᠦᠷ ᠬᠠᠩᠭᠠᠪᠠ᠃ ᠪᠢᠳᠡ ᠡᠷᠬᠡᠪᠰᠢ ᠰᠢ᠎ᠶ᠋ᠢᠨ ᠫᠢᠩ ᠎ᠦᠨ ᠱᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ ᠎ᠤᠨ ᠣᠨᠴᠠᠯᠢᠭ ᠲᠠᠢ ᠨᠡᠢᠭᠡᠮ ᠵᠢᠷᠤᠮ ᠎ᠤᠨ ᠦᠵᠡᠯ ᠰᠠᠨᠠᠭ᠎ᠠ ᠭᠡᠬᠦ᠌ ᠡᠨᠡ ᠬᠦ᠌ ᠤᠳᠤ ᠦᠶ᠎ᠡ ᠎ᠶ᠋ᠢᠨ ᠳᠤᠮᠳᠠᠳᠤ ᠤᠯᠤᠰ ᠎ᠤᠨ ᠮᠠᠷᠺᠰ᠎ᠤᠨ ᠦᠵᠡᠯ᠂ ᠬᠣᠷᠢᠨ ᠨᠢᠭᠡᠳᠦᠭᠡᠷ ᠵᠠᠭᠤᠨ ᠎ᠤ ᠮᠠᠷᠺᠰ᠎ᠤᠨ ᠦᠵᠡᠯ ᠎ᠢᠶᠡᠷ ᠪᠦᠬᠦ᠌ ᠨᠠᠮ᠎ᠢ ᠵᠡᠪᠰᠡᠭ᠌ᠯᠡᠬᠦ᠌᠎ᠶ᠋ᠢ ᠪᠠᠷᠢᠮᠲᠠᠯᠠᠵᠤ᠂ ᠪᠦᠬᠦ᠌ ᠨᠠᠮ ᠎ᠢ ᠬᠥᠮᠦᠵᠢᠭᠦᠯᠦᠨ ᠰᠢ᠎ᠶ᠋ᠢᠨ ᠫᠢᠩ ᠎ᠦᠨ ᠱᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ ᠎ᠤᠨ ᠦᠵᠡᠯ ᠰᠠᠨᠠᠭ᠎ᠠ᠎ᠪᠠᠷ ᠨᠡᠢᠭᠡᠮ ᠎ᠢ ᠠᠵᠢᠭ᠍ᠯᠠᠵᠤ᠂ ᠪᠣᠳᠠᠲᠤ ᠪᠠᠢᠳᠠᠯ ᠎ᠢ ᠡᠵᠡᠮᠳᠡᠨ᠂ ᠠᠰᠠᠭᠤᠳᠠᠯ ᠎ᠢ ᠱᠢᠢᠳᠪᠦᠷᠢᠯᠡᠬᠦ᠌ ᠬᠡᠷᠡᠭ᠌ᠲᠡᠢ᠃

ᠨᠠᠮ᠎ᠤᠨ ᠠᠳᠠᠯᠢ ᠪᠤᠰᠤ ᠱᠠᠲᠤᠨ ᠎ᠤ ᠭᠣᠣᠯ ᠡᠭᠦᠷᠭᠡ ᠲᠡᠶ ᠨᠢᠭ᠍ᠲᠠ ᠤᠶᠠᠯᠳᠤᠭᠤᠯᠵᠤ᠂ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠨ ᠰᠠᠢᠵᠢᠷᠠᠭᠤᠯᠬᠤ ᠬᠡᠷᠡᠭᠲᠡᠢ

ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ ᠎ᠶ᠋ᠢ ᠪᠡᠶᠡᠯᠡᠭᠦᠯᠬᠦ᠌ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ᠎ᠤᠭ᠎ᠰᠠᠨᠠᠭ᠎ᠠ᠎ᠪᠠ ᠡᠭᠦᠷᠭᠡ ᠬᠠᠷᠢᠭᠤᠴᠠᠯᠭ᠎ᠠ ᠮᠥᠨ᠃ ᠨᠠᠮ ᠪᠠᠢᠭᠤᠯᠤᠭ᠍ᠳᠠᠭ᠍ᠰᠠᠨ ᠡᠳᠦᠷ᠎ᠡᠴᠡ᠎ᠪᠡᠨ ᠡᠬᠢᠯᠡᠨ ᠥᠪᠡᠷ ᠎ᠦᠨ ᠲᠡᠦᠬᠡᠲᠦ ᠡᠭᠦᠷᠭᠡ ᠎ᠶ᠋ᠢᠨ ᠎ᠢᠶᠡᠨ ᠲᠣᠭᠣᠷᠢᠨ᠎ᠳᠤ ᠨᠠᠮ᠎ᠤᠨ ᠪᠠᠢᠭᠤᠯᠤᠯᠲᠠ᠎ᠶ᠋ᠢ ᠲᠠᠰᠤᠷᠠᠯᠳᠠ ᠦᠭᠡᠢ ᠴᠢᠩᠭᠠᠳᠭᠠᠪᠠ᠃ ᠨᠠᠮ ᠎ᠤᠨ ᠪᠠᠢᠭᠤᠯᠤᠯᠲᠠ ᠎ᠶ᠋ᠢᠨ ᠠᠭᠤᠤ ᠶᠡᠬᠡ ᠢᠨᠵᠧᠨᠧᠷᠢᠩ ᠨᠢ ᠨᠠᠮ᠎ᠤᠨ ᠤᠳᠤᠷᠢᠳᠤᠭ᠍ᠰᠠᠨ ᠠᠭᠤᠤ ᠶᠡᠬᠡ ᠦᠢᠯᠡᠰ᠎ᠲᠡᠶ ᠨᠢᠭ᠍ᠲᠠ ᠬᠣᠯᠪᠣᠭ᠍ᠳᠠᠵᠤ᠂ ᠬᠠᠷᠢᠯᠴᠠᠨ ᠠᠬᠢᠭᠤᠯᠳᠠᠭ᠃ ᠵᠠᠭᠤᠨ ᠵᠢᠯ ᠎ᠦᠨ ᠲᠤᠷᠰᠢ᠂ ᠨᠠᠮ ᠡᠴᠡ ᠠᠳᠠᠯᠢ ᠪᠤᠰᠤ ᠲᠡᠦᠬᠡᠨ ᠱᠠᠳᠤ ᠦᠶ᠎ᠡ᠎ᠳᠡᠬᠢ ᠳᠤᠮᠳᠠᠳᠤ ᠤᠯᠤᠰ ᠎ᠤᠨ ᠨᠡᠢᠭᠡᠮ ᠎ᠦᠨ ᠬᠥᠭ᠌ᠵᠢᠯᠲᠡ ᠎ᠶ᠋ᠢᠨ ᠭᠣᠣᠯ ᠵᠥᠷᠢᠴᠡᠯ ᠎ᠢ ᠦᠨᠳᠦᠰᠦᠯᠡᠨ ᠨᠠᠮ ᠎ᠤᠨ ᠭᠣᠣᠯ ᠡᠭᠦᠷᠭᠡ ᠪᠠ ᠤᠯᠤᠰ ᠲᠦᠷᠦ᠍ ᠎ᠶ᠋ᠢᠨ ᠱᠤᠭᠤᠮ ᠎ᠢ ᠲᠣᠭ᠍ᠲᠠᠭᠠᠵᠤ᠂ ᠨᠠᠮ ᠎ᠤᠨ ᠡᠯ᠎ᠡ ᠲᠡᠦᠬᠡᠨ ᠴᠠᠭ ᠦᠶ᠎ᠡ ᠎ᠶ᠋ᠢᠨ ᠭᠣᠣᠯ ᠡᠭᠦᠷᠭᠡ᠎ᠲᠡᠶ ᠨᠢᠭ᠍ᠲᠠ ᠤᠶᠠᠯᠳᠤᠭᠤᠯᠤᠨ ᠨᠠᠮ ᠎ᠤᠨ ᠪᠠᠢᠭᠤᠯᠤᠯᠲᠠ ᠎ᠶ᠋ᠢ ᠴᠢᠩᠭᠠᠳᠭᠠᠵᠤ ᠂ ᠵᠥᠪ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢᠶᠠᠷ ᠤᠯᠤᠰ ᠲᠦᠷᠦ᠍᠎ᠶ᠋ᠢᠨ ᠵᠥᠪ ᠱᠤᠭᠤᠮ᠎ᠢ ᠪᠠᠲᠤᠯᠠᠬᠤ᠎ᠳᠤ ᠦᠢᠯᠡᠴᠢᠯᠡᠨ᠂ ᠨᠠᠮ ᠎ᠤᠨ ᠢᠮᠠᠭ᠍ᠲᠠ ᠪᠠᠲᠤ ᠴᠢᠩᠭ᠎ᠠ ᠤᠳᠤᠷᠢᠳᠭᠤ ᠭᠣᠣᠯᠯᠠᠭ᠍ᠴᠢ ᠪᠣᠯᠬᠤ᠎ᠶ᠋ᠢ ᠪᠠᠲᠤᠯᠠᠬᠤ ᠬᠡᠷᠡᠭ᠌ᠲᠡᠢ ᠭᠡᠵᠦ᠍ ᠢᠮᠠᠭ᠍ᠲᠠ ᠴᠢᠬᠤᠯᠠᠴᠢᠯᠠᠭ᠍ᠰᠠᠭᠠᠷ ᠢᠷᠡᠵᠠᠢ᠃ ᠨᠠᠮ ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ᠎ᠶ᠋ᠢᠨ ᠫᠢᠩ ᠨᠥᠬᠥᠷ ᠎ᠢᠶᠡᠷ ᠭᠣᠣᠯ ᠪᠣᠯᠭᠠᠭ᠍ᠰᠠᠨ ᠨᠠᠮ ᠎ᠤᠨ ᠲᠥᠪ ᠬᠣᠷᠢᠶ᠎ᠠ ᠨᠠᠮ ᠎ᠤᠨ ᠪᠠᠢᠭᠤᠯᠤᠯᠲᠠ ᠎ᠶᠢ ᠳᠤᠮᠳᠠᠳᠤ ᠤᠯᠤᠰ ᠎ᠤᠨ ᠣᠨᠴᠠᠯᠢᠭ᠎ᠲᠠᠶ ᠨᠡᠢᠭᠡᠮ ᠵᠢᠷᠤᠮ ᠱᠢᠨ᠎ᠡ ᠴᠠᠭ ᠦᠶ᠎ᠡ ᠎ᠳᠦ ᠣᠷᠣᠬᠰᠠᠨ᠂ ᠳᠤᠮᠳᠠᠳᠤ ᠤᠯᠤᠰ᠎ᠤᠨ ᠨᠡᠢᠭᠡᠮ ᠎ᠦᠨ ᠭᠣᠣᠯ ᠵᠥᠷᠢᠴᠡᠯ᠎ᠳᠦ ᠬᠤᠪᠢᠷᠠᠯᠲᠠ ᠭᠠᠷᠤᠭ᠍ᠰᠠᠨ ᠱᠢᠨ᠎ᠡ ᠪᠠᠢᠳᠠᠯ ᠎ᠳᠤ ᠵᠣᠬᠢᠴᠠᠭᠤᠯᠬᠤ᠎ᠶ᠋ᠢ ᠪᠠᠷᠢᠮᠲᠠᠯᠠᠵᠤ᠂ ᠠᠭᠤᠤ ᠶᠡᠬᠡ ᠢᠨᠵᠧᠨᠧᠷᠢᠩ ᠎ᠦᠨ ᠱᠢᠢᠳᠪᠦᠷᠢᠯᠡᠭ᠌ᠴᠢ ᠴᠢᠨᠠᠷᠲᠠᠢ ᠦᠢᠯᠡᠳᠦᠯ ᠎ᠢ ᠭᠦᠢᠴᠡᠳ ᠪᠠᠳᠠᠷᠠᠭᠤᠯᠪᠠ᠃ ᠨᠠᠮ ᠎ᠤᠨ ᠪᠦᠬᠦ᠌ ᠲᠠᠯ᠎ᠠ ᠎ᠶ᠋ᠢᠨ ᠤᠳᠤᠷᠢᠳᠤᠯᠭ᠎ᠠ ᠎ᠶ᠋ᠢ ᠴᠢᠩᠭᠠᠳᠭᠠᠬᠤ᠂ ᠨᠠᠮ ᠎ᠤᠨ ᠵᠣᠬᠢᠶᠠᠨ ᠪᠠᠢᠭᠤᠯᠤᠯᠲᠠ ᠎ᠶ᠋ᠢᠨ ᠱᠢᠰᠲ᠋ᠧᠮ ᠎ᠢ ᠪᠦᠷᠢᠨᠱᠢᠬᠦᠯᠬᠦ᠌᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠪᠠᠷᠢᠮᠵᠢᠶ᠎ᠠ ᠪᠠ ᠠᠵᠢᠯ᠎ᠤᠨ ᠲᠣᠭ᠍ᠲᠠᠴᠠ ᠎ᠶ᠋ᠢ ᠲᠡᠭᠦᠯᠳᠡᠷᠵᠢᠭᠦᠯᠬᠦ᠌᠂ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ ᠪᠠ ᠵᠣᠬᠢᠶᠠᠨ ᠪᠠᠢᠭᠤᠯᠤᠯᠲᠠ ᠎ᠶ᠋ᠢᠨ ᠠᠮᠢᠳᠤᠷᠠᠯ ᠎ᠤᠨ ᠲᠦᠷᠢᠮ ᠎ᠢ ᠪᠦᠷᠢᠨᠱᠢᠬᠦᠯᠬᠦ᠌ ᠵᠡᠷᠭᠡ ᠲᠠᠯ᠎ᠠ᠎ᠪᠠᠷ ᠠᠯᠢ ᠤᠯᠠᠨ ᠴᠢᠬᠤᠯᠠ ᠶᠡᠬᠡ ᠠᠷᠭ᠎ᠠ ᠬᠡᠮᠵᠢᠶ᠎ᠡ ᠠᠪᠴᠤ᠌᠂ ᠨᠠᠮ᠎ᠤᠨ ᠤᠨᠤᠯ ᠎ᠢᠶᠠᠷ ᠵᠡᠪᠰᠡᠭ᠌ᠯᠡᠬᠦ᠌ ᠶ᠋ᠢ ᠴᠢᠩᠭᠠᠳᠭᠠᠬᠤ᠂ ᠨᠠᠮ᠎ᠤᠨ ᠰᠤᠷᠲᠠᠯ ᠎ᠤᠨ ᠪᠠᠢᠭᠤᠯᠤᠯᠲᠠ ᠎ᠶ᠋ᠢ ᠴᠢᠩᠭᠠᠳᠭᠠᠬᠤ᠂ ᠨᠠᠮ ᠎ᠤᠨ ᠰᠠᠬᠢᠯᠭ᠎ᠠ ᠪᠠᠲᠤ ᠎ᠶ᠋ᠢ ᠴᠢᠩᠳᠠᠯᠠᠬᠤ᠂ ᠢᠯᠵᠠᠷᠠᠯ ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢ ᠥᠷᠨᠢᠭᠦᠯᠬᠦ᠌ ᠵᠡᠷᠭᠡ᠎ᠲᠡᠶ ᠬᠠᠷᠢᠯᠴᠠᠨ ᠵᠣᠬᠢᠴᠠᠭᠤᠯᠵᠤ᠂ ᠨᠠᠮ᠎ᠤᠨ ᠪᠠᠢᠭᠤᠯᠤᠯᠲᠠ ᠎ᠶ᠋ᠢᠨ ᠴᠢᠬᠤᠯᠠ ᠶᠡᠬᠡ ᠠᠮᠵᠢᠯᠲᠠ ᠤᠯᠬᠤ ᠎ᠶ᠋ᠢ ᠠᠬᠢᠭᠤᠯᠵᠤ᠂ ᠨᠠᠮ ᠪᠠ ᠤᠯᠤᠰ ᠎ᠤᠨ ᠡᠯ᠎ᠡ ᠵᠦᠢᠯ ᠎ᠦᠨ ᠦᠢᠯᠡᠰ ᠎ᠦᠨ ᠬᠥᠭ᠌ᠵᠢᠯᠲᠡ ᠎ᠳᠦ ᠪᠠᠲᠤ ᠴᠢᠩᠭ᠎ᠠ ᠤᠯᠤᠰ ᠲᠦᠷᠦ᠍ ᠎ᠶ᠋ᠢᠨ ᠪᠠᠲᠤᠯᠠᠭ᠎ᠠ ᠬᠠᠩᠭᠠᠪᠠ᠃

ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠨᠠᠮ ᠪᠣᠯᠤᠨ ᠠᠷᠠᠳ ᠤᠯᠠᠨ ᠎ᠤ ᠴᠢᠰᠤ ᠮᠢᠬᠠᠨ᠎ᠤ ᠪᠠᠷᠢᠯᠳᠤᠯᠭ᠎ᠠ᠎ᠶ᠋ᠢ ᠢᠮᠠᠭ᠍ᠲᠠ ᠪᠠᠷᠢᠮᠲᠠᠯᠠᠬᠤ ᠬᠡᠷᠡᠭᠲᠡᠢ

ᠳᠤᠮᠳᠠᠳᠤ ᠤᠯᠤᠰ ᠎ᠤᠨ ᠡᠪ ᠬᠠᠮᠲᠤ ᠨᠠᠮ ᠎ᠤᠨ ᠬᠠᠮᠤᠭ᠎ᠤᠨ ᠶᠡᠬᠡ ᠤᠯᠤᠰ ᠲᠦᠷᠦ᠍᠎ᠶ᠋ᠢᠨ ᠳᠠᠪᠠᠭᠤᠯᠢᠭ ᠪᠣᠯ ᠤᠯᠠᠨ ᠲᠦᠮᠡᠨ᠎ᠲᠡᠶ ᠨᠢᠭ᠍ᠲᠠ ᠬᠠᠷᠢᠯᠴᠠᠬᠤ ᠶᠠᠪᠤᠳᠠᠯ ᠪᠣᠯᠤᠨ᠎ᠠ ᠂ ᠨᠠᠮ ᠲᠦᠷᠦ᠍ ᠪᠠᠷᠢᠭ᠍ᠰᠠᠨ᠎ᠤ ᠳᠠᠷᠠᠭᠠᠬᠢ ᠬᠠᠮᠤᠭ᠎ᠤᠨ ᠶᠡᠬᠡ ᠠᠶᠤᠯ ᠲᠦᠭ᠌ᠰᠢᠭᠦᠷᠢ ᠪᠣᠯ ᠤᠯᠠᠨ ᠲᠦᠮᠡᠨ᠎ᠡᠴᠡ ᠬᠥᠨᠳᠡᠢᠷᠡᠬᠦ᠌ ᠶᠠᠪᠤᠳᠠᠯ ᠪᠣᠯᠤᠨ᠎ᠠ᠃ ᠵᠠᠭᠤᠨ ᠵᠢᠯ ᠎ᠦᠨ ᠲᠤᠷᠰᠢ᠂ ᠮᠠᠨ ᠎ᠤ ᠨᠠᠮ᠎ᠤᠨ ᠠᠷᠠᠳ ᠲᠦᠮᠡᠨ ᠎ᠢ ᠳᠡᠭᠡᠳᠦᠯᠡᠬᠦ᠌ ᠦᠨᠳᠦᠰᠦᠨ ᠤᠯᠤᠰ ᠲᠦᠷᠦ᠍ ᠎ᠶ᠋ᠢᠨ ᠵᠣᠭ᠍ᠰᠣᠯᠲᠠ ᠢᠮᠠᠭ᠍ᠲᠠ ᠬᠤᠪᠢᠷᠠᠭ᠎ᠠ ᠦᠭᠡᠢ᠂ ᠪᠦᠬᠦ᠌ ᠰᠡᠳᠭᠢᠯ ᠪᠦᠬᠦ᠌ ᠵᠣᠷᠢᠭ ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ ᠢᠮᠠᠭ᠍ᠲᠠ ᠬᠤᠪᠢᠷᠠᠭ᠎ᠠ ᠦᠭᠡᠢ᠃ ᠬᠤᠪᠢᠰᠭᠠᠯᠲᠤ ᠲᠠᠢ᠌ᠨ᠎ᠦ ᠵᠢᠯ ᠎ᠦᠳ ᠎ᠲᠦ᠂ ᠨᠠᠮ ᠪᠣᠳᠠᠲᠤ ᠠᠵᠢᠯᠯᠠᠭ᠎ᠠ᠎ᠪᠠᠷ ᠎ᠢᠶᠠᠨ ᠠᠷᠠᠳ ᠲᠦᠮᠡᠨ ᠎ᠦ ᠠᠱᠢᠭ ᠲᠤᠰᠠ ᠎ᠶ᠋ᠢᠨ ᠲᠥᠯᠥᠭᠡ ᠲᠡᠮᠡᠴᠡᠵᠦ᠍ ᠪᠠᠢᠬᠤ᠎ᠪᠠᠨ ᠭᠡᠷᠡᠴᠢᠯᠡᠵᠦ᠍᠂ ᠠᠷᠠᠳ ᠤᠯᠠᠨ ᠎ᠤ ᠴᠢᠩ ᠰᠡᠳᠭᠢᠯ ᠎ᠦᠨ ᠬᠦᠷᠢᠶᠡᠯᠡᠯ ᠎ᠢ ᠣᠯᠵᠤ ᠂ ᠱᠢᠨ᠎ᠡ ᠠᠷᠠᠳᠴᠢᠯᠠᠭ᠍ᠰᠠᠨ ᠬᠤᠪᠢᠰᠭᠠᠯ ᠎ᠤᠨ ᠢᠯᠠᠯᠲᠠ ᠶ᠋ᠢ ᠣᠯᠤᠭ᠍ᠰᠠᠨ ᠶᠤᠮ᠃ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ ᠎ᠶ᠋ᠢᠨ ᠴᠠᠭ ᠦᠶ᠎ᠡ ᠎ᠳᠦ᠂ ᠨᠠᠮ ᠢᠮᠠᠭ᠍ᠲᠠ ᠠᠷᠠᠳ ᠤᠯᠠᠨ᠎ᠲᠠᠶ ᠰᠡᠳᠭᠢᠯ ᠰᠠᠨᠠᠭ᠎ᠠ ᠎ᠪᠠᠨ ᠨᠢᠭᠡᠳᠭᠡᠨ᠂ ᠬᠤᠪᠢ ᠵᠠᠶᠠᠭ᠎ᠠ᠎ᠪᠠᠨ ᠬᠠᠮᠲᠤᠳᠭᠠᠵᠤ ᠂ ᠰᠡᠳᠭᠢᠯ ᠵᠢᠷᠦᠬᠡ ᠎ᠪᠡᠨ ᠬᠣᠯᠪᠣᠨ᠂ ᠤᠯᠠᠨ ᠲᠦᠮᠡᠨ ᠎ᠦ ᠬᠦᠷᠢᠶᠡᠯᠡᠬᠦ᠌ ᠡᠰᠡᠬᠦ᠌᠂ ᠵᠥᠪᠱᠢᠶᠡᠷᠡᠬᠦ᠌ ᠡᠰᠡᠬᠦ᠌᠂ ᠪᠠᠶᠠᠷᠯᠠᠬᠤ ᠡᠰᠡᠬᠦ᠌᠂ ᠬᠦᠯᠢᠶᠡᠬᠦ᠌ ᠡᠰᠡᠬᠦ᠌ ᠎ᠪᠡᠷ ᠨᠠᠮ ᠎ᠤᠨ ᠪᠠᠢᠭᠤᠯᠤᠯᠲᠠ᠎ᠶ᠋ᠢᠨ ᠦᠷ᠎ᠡ ᠪᠦᠲᠦᠮᠵᠢ ᠎ᠶ᠋ᠢ ᠱᠢᠯᠭᠠᠬᠤ ᠪᠠᠷᠢᠮᠵᠢᠶ᠎ᠠ ᠪᠣᠯᠭᠠᠪᠠ᠃ ᠨᠠᠮ ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ᠎ᠶ᠋ᠢᠨ ᠫᠢᠩ ᠨᠥᠬᠥᠷ ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠠᠷᠠᠳ ᠲᠦᠮᠡᠨ ᠎ᠢᠶᠡᠷ ᠭᠣᠣᠯ ᠪᠣᠯᠭᠠᠬᠤ ᠬᠥᠭ᠌ᠵᠢᠯᠲᠡ ᠶ᠋ᠢᠨ ᠦᠵᠡᠯ ᠰᠠᠨᠠᠭ᠎ᠠ ᠎ᠶ᠋ᠢ ᠪᠠᠷᠢᠮᠲᠠᠯᠠᠵᠤ᠂ ᠤᠯᠠᠨ ᠲᠦᠮᠡᠨ ᠎ᠦ ᠬᠠᠮᠤᠭ ᠡᠴᠡ ᠠᠩᠬᠠᠷᠴᠤ᠌ ᠪᠠᠢᠭ᠎ᠠ ᠬᠠᠮᠤᠭ ᠎ᠤᠨ ᠱᠢᠭᠤᠳ ᠬᠠᠮᠤᠭ ᠎ᠤᠨ ᠪᠣᠳᠠᠲᠠᠢ ᠠᠱᠢᠭ ᠲᠤᠰᠠ ᠎ᠶ᠋ᠢᠨ ᠠᠰᠠᠭᠤᠳᠠᠯ ᠎ᠢ ᠬᠦᠴᠦᠯᠡᠨ ᠱᠢᠢᠳᠪᠦᠷᠢᠯᠡᠵᠦ᠍᠂ ᠠᠷᠠᠳ ᠲᠦᠮᠡᠨ ᠎ᠢ ᠨᠡᠩ ᠤᠯᠠᠨ ᠨᠡᠩ ᠱᠢᠭᠤᠳ ᠨᠡᠩ ᠪᠣᠳᠠᠲᠠᠢ ᠬᠦᠷᠲᠡᠮᠵᠢ ᠎ᠶ᠋ᠢᠨ ᠲᠦᠷᠦᠭ᠌ᠳᠡᠯ ᠵᠢᠷᠭᠠᠯᠲᠤ ᠲᠦᠷᠦᠭ᠌ᠳᠡᠯ ᠠᠮᠤᠷ ᠲᠦᠪᠱᠢᠨ ᠎ᠦ ᠲᠦᠷᠦᠭ᠌ᠳᠡᠯ ᠎ᠲᠡᠶ ᠪᠣᠯᠭᠠᠪᠠ᠃ ᠱᠢᠨ᠎ᠡ ᠠᠶᠠᠨ ᠵᠠᠮ᠎ᠳᠤ᠂ ᠡᠷᠬᠡᠪᠰᠢ ᠠᠷᠠᠳ ᠲᠦᠮᠡᠨ ᠎ᠢ ᠢᠮᠠᠭ᠍ᠲᠠ ᠰᠡᠳᠭᠢᠯ ᠵᠢᠷᠦᠬᠡᠨ᠎ᠦ᠎ᠪᠡᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ ᠎ᠶ᠋ᠢ ᠰᠠᠢᠲᠤᠷ ᠪᠡᠶᠡᠯᠡᠭᠦᠯᠬᠦ᠌ ᠂ ᠰᠠᠢᠲᠤᠷ ᠬᠠᠮᠠᠭᠠᠯᠠᠬᠤ ᠂ ᠰᠠᠢᠲᠤᠷ ᠬᠥᠭ᠌ᠵᠢᠭᠦᠯᠬᠦ᠌ ᠶᠠᠪᠤᠳᠠᠯ ᠎ᠢ ᠨᠠᠮ ᠎ᠤᠨ ᠪᠠᠢᠭᠤᠯᠤᠯᠲᠠ ᠎ᠶ᠋ᠢᠨ ᠭᠠᠷᠳᠠᠴᠠ ᠪᠠ ᠲᠤᠰᠤᠯᠲᠠ ᠪᠣᠯᠭᠠᠵᠤ᠂ ᠠᠷᠠᠳ ᠤᠯᠠᠨ ᠎ᠢ ᠨᠢᠬᠲᠠ ᠲᠦᠰᠢᠭᠯᠡᠨ ᠢᠮᠠᠭ᠍ᠲᠠ ᠡᠷᠡᠰ ᠭᠤᠢᠪᠢᠰᠢ ᠦᠭᠡᠢ ᠎ᠪᠡᠷ ᠳᠤᠮᠳᠠᠳᠤ ᠤᠯᠤᠰ ᠎ᠤᠨ ᠠᠷᠠᠳ ᠲᠦᠮᠡᠨ  ᠪᠠ ᠳᠤᠮᠳᠠᠳᠤ ᠎ᠶ᠋ᠢᠨ ᠦᠨᠳᠦᠰᠦᠲᠡᠨ ᠎ᠦ ᠦᠨᠳᠦᠰᠦᠨ ᠠᠱᠢᠭ ᠲᠤᠰᠠ ᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠬᠦ᠌ ᠬᠡᠷᠡᠭ᠌ᠲᠡᠢ᠃

ᠠᠷᠠᠳᠴᠢᠯᠠᠯ ᠲᠥᠪᠯᠡᠷᠡᠯ᠎ᠦᠨ ᠶᠣᠰᠣ ᠎ᠶ᠋ᠢ ᠪᠠᠷᠢᠮᠲᠠᠯᠠᠨ ᠲᠡᠭᠦᠯᠳᠡᠷᠵᠢᠭᠦᠯᠵᠦ᠍᠂ ᠨᠠᠮ᠎ᠤᠨ ᠥᠷᠨᠢᠭᠦᠨ ᠪᠠᠳᠠᠷᠠᠩᠭᠤᠢ ᠠᠮᠢᠳᠤᠯᠢᠭ ᠬᠦᠴᠦᠨ ᠪᠠ ᠪᠦᠯᠬᠦᠮᠳᠡᠯ ᠨᠢᠭᠡᠳᠦᠯ ᠎ᠢ ᠴᠢᠩᠭᠠᠳᠬᠠᠬᠤ ᠬᠡᠷᠡᠭᠲᠡᠢ

ᠠᠷᠠᠳᠴᠢᠯᠠᠯ ᠲᠥᠪᠯᠡᠷᠡᠯ᠎ᠦᠨ ᠶᠣᠰᠣ ᠪᠣᠯ ᠨᠠᠮ ᠪᠠ ᠲᠦᠷᠦ᠎ᠶ᠋ᠢᠨ ᠦᠨᠳᠦᠰᠦᠨ ᠵᠣᠬᠢᠶᠠᠨ ᠪᠠᠢᠭᠤᠯᠤᠯᠲᠠ᠎ᠶ᠋ᠢᠨ ᠲᠦᠷᠢᠮ ᠪᠠ ᠤᠳᠤᠷᠢᠳᠭᠤ ᠲᠦᠷᠢᠮ ᠮᠥᠨ᠂ ᠪᠠᠰᠠ ᠴᠤ᠌ ᠬᠠᠮᠤᠭ᠎ᠤᠨ ᠴᠢᠬᠤᠯᠠ ᠤᠯᠤᠰ ᠲᠦᠷᠦ᠎ᠶ᠋ᠢᠨ ᠰᠠᠬᠢᠯᠭ᠎ᠠ ᠪᠠᠲᠤ ᠪᠠ ᠵᠣᠬᠢᠶᠠᠨ ᠪᠠᠢᠭᠤᠯᠤᠯᠲᠠ ᠎ᠶ᠋ᠢᠨ ᠰᠠᠬᠢᠯᠭ᠎ᠠ ᠪᠠᠲᠤ ᠮᠥᠨ᠃ ᠠᠷᠠᠳ ᠤᠯᠡᠠ᠎ᠤ ᠲᠡᠦᠬᠡᠨ ᠰᠠᠨᠠᠭᠠᠴᠢᠯᠠᠭᠠᠲᠤ ᠵᠣᠷᠢᠭ ᠰᠠᠨᠠᠭ᠎ᠠ ᠪᠣᠯᠤᠨ ᠠᠭᠤᠤ ᠶᠡᠬᠡ ᠪᠦᠲᠦᠭᠡᠯᠴᠢ ᠴᠢᠳᠠᠪᠤᠷᠢ ᠎ᠶ᠋ᠢ ᠭᠦᠢᠴᠡᠳ ᠪᠠᠳᠠᠷᠠᠭᠤᠯᠵᠤ᠂ ᠨᠠᠮ᠎ᠤᠨ ᠤᠳᠤᠷᠢᠳᠭᠤ ᠬᠠᠮᠲᠤ ᠪᠠ ᠤᠳᠤᠷᠢᠳᠭᠤ ᠭᠣᠣᠯᠯᠠᠭ᠍ᠴᠢ ᠎ᠶ᠋ᠢᠨ ᠡᠷᠬᠡ ᠰᠦᠷ ᠪᠣᠯᠤᠨ ᠦᠢᠯᠡᠳᠦᠯ ᠎ᠢ ᠡᠷᠡᠰ ᠬᠠᠮᠠᠭᠠᠯᠠᠬᠤ ᠶᠠᠪᠤᠳᠠᠯ ᠪᠣᠯ ᠨᠢᠭᠡᠨ ᠪᠣᠯᠪᠠᠰᠤᠷᠠᠩᠭᠤᠢ ᠮᠠᠷᠺᠰ᠎ᠤᠨ ᠦᠵᠡᠯ᠎ᠦᠨ ᠲᠦᠷᠦ ᠎ᠶ᠋ᠢᠨ ᠨᠠᠮ ᠎ᠤᠨ ᠴᠢᠬᠤᠯᠠ ᠱᠢᠨᠵᠢ ᠲᠡᠮᠳᠡᠭ ᠮᠥᠨ᠃ 《ᠬᠣᠶᠠᠷ᠎ᠢ ᠬᠠᠮᠠᠭᠠᠯᠠᠬᠤ》 ᠪᠣᠯ ᠱᠢᠨ᠎ᠡ ᠴᠠᠭ ᠦᠶ᠎ᠡ ᠎ᠶ᠋ᠢᠨ ᠠᠷᠠᠳᠴᠢᠯᠠᠯ ᠲᠥᠪᠯᠡᠷᠡᠯ᠎ᠦᠨ ᠶᠣᠰᠣᠨ᠎ᠤ ᠪᠦᠲᠦᠭᠡᠯᠴᠢ ᠴᠢᠨᠠᠷᠲᠠᠶ ᠬᠡᠷᠡᠭ᠌ᠯᠡᠯᠲᠡ ᠮᠥᠨ᠂ 《ᠬᠣᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠬᠦ᠌ ᠪᠣᠯ ᠠᠷᠠᠳᠴᠢᠯᠠᠯ ᠲᠥᠪᠯᠡᠷᠡᠯ ᠎ᠦᠨ ᠶᠣᠰᠣᠨ ᠎ᠤ ᠪᠠᠢᠪᠠᠰᠤ ᠵᠣᠬᠢᠬᠤ ᠠᠭᠤᠯᠭ᠎ᠠ ᠮᠥᠨ᠃ ᠵᠠᠭᠤᠨ ᠵᠢᠯ ᠎ᠦᠨ ᠲᠤᠷᠰᠢ ᠂ ᠳᠤᠮᠳᠠᠳᠤ ᠤᠯᠤᠰ ᠎ᠤᠨ ᠡᠪ ᠬᠠᠮᠲᠤ ᠨᠠᠮ ᠠᠷᠠᠳᠴᠢᠯᠠᠯ ᠲᠥᠪᠯᠡᠷᠡᠯ᠎ᠦᠨ ᠶᠣᠰᠣᠨ᠎ᠤ ᠵᠠᠷᠴᠢᠮ᠎ᠢ ᠬᠡᠷᠡᠭ᠌ᠯᠡᠨ᠂ ᠨᠠᠮ ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠵᠢᠷᠤᠮᠵᠢᠭᠤᠯᠬᠤ᠂ ᠨᠠᠮ ᠎ᠤᠨ ᠳᠣᠲᠣᠭᠠᠳᠤ᠎ᠶ᠋ᠢᠨ ᠬᠠᠷᠢᠴᠠᠭ᠎ᠠ᠎ᠶ᠋ᠢ ᠱᠢᠢᠳᠪᠦᠷᠢᠯᠡᠬᠦ᠌ ᠦᠨᠳᠦᠰᠦᠨ ᠪᠠᠷᠢᠮᠵᠢᠶ᠎ᠠ ᠪᠠ ᠪᠣᠳᠠᠲᠠᠢ ᠲᠦᠷᠢᠮ᠎ᠢ ᠲᠣᠭ᠍ᠲᠠᠭᠠᠵᠤ᠂ ᠨᠠᠮ᠎ᠤᠨ ᠵᠣᠬᠢᠶᠠᠨ ᠪᠠᠢᠭᠤᠯᠤᠯᠲᠠ ᠎ᠶ᠋ᠢᠨ  ᠴᠤᠬᠴᠠᠯᠠᠯᠲᠠ ᠎ᠶᠢᠨ ᠲᠠᠯ᠎ᠠ᠎ᠪᠠᠷ ᠬᠢ ᠢᠯᠡ ᠲᠣᠳᠣ ᠣᠨᠴᠠᠯᠢᠭ᠎ᠢ ᠪᠦᠷᠢᠯᠳᠦᠭᠦᠯᠵᠦ᠍᠂ ᠪᠣᠯᠪᠠᠰᠤᠷᠠᠩᠭᠤᠢ ᠲᠥᠪ ᠬᠣᠷᠢᠶᠠᠨ᠎ᠤ ᠤᠳᠤᠷᠢᠳᠭᠤ ᠬᠠᠮᠲᠤ᠎ᠶ᠋ᠢ ᠪᠦᠷᠢᠯᠳᠦᠭᠦᠯᠬᠦ᠌ ᠪᠠ ᠤᠳᠤᠷᠢᠳᠭᠤ ᠭᠣᠣᠯᠯᠠᠭ᠍ᠴᠢ ᠎ᠶ᠋ᠢ ᠲᠣᠭ᠍ᠲᠠᠭᠠᠬᠤ ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠬᠥ᠋ ᠲᠢᠶᠠᠨ᠎ᠤ ᠬᠤᠷᠠᠯ ᠨᠢ ᠳᠠᠩ ᠴᠤᠯᠭᠤᠢ ᠴᠡᠷᠢᠭ ᠎ᠦᠨ ᠶᠠᠪᠤᠳᠠᠯ᠎ᠤᠨ ᠦᠵᠡᠯᠲᠡ᠂ ᠬᠡᠳᠦ ᠠᠷᠠᠳᠴᠢᠯᠠᠯ᠂ ᠵᠣᠬᠢᠶᠠᠨ ᠪᠠᠢᠭᠤᠯᠤᠯᠲᠠ ᠎ᠶ᠋ᠢᠨ ᠪᠤᠰᠤ ᠦᠵᠡᠯᠲᠡ ᠵᠡᠷᠭᠡ ᠪᠤᠷᠤᠭᠤ ᠦᠵᠡᠯ ᠰᠠᠨᠠᠭ᠎ᠠ᠎ᠶ᠋ᠢ ᠵᠠᠯᠠᠷᠠᠭᠤᠯᠵᠤ᠂ ᠲᠥᠪᠯᠡᠷᠡᠩᠬᠦᠢ ᠵᠢᠯᠤᠭᠤᠳᠤᠯᠭ᠎ᠠ ᠳᠣᠣᠷᠠᠬᠢ ᠠᠷᠠᠳᠴᠢᠯᠠᠯ᠎ᠤᠨ ᠠᠮᠢᠳᠤᠷᠠᠯ᠎ᠢ ᠴᠢᠩᠭ᠎ᠠ ᠬᠡᠷᠡᠭ᠌ᠵᠢᠭᠦᠯᠬᠦ᠌᠎ᠶ᠋ᠢ ᠴᠢᠬᠤᠯᠠᠴᠢᠯᠠᠵᠤ᠂ ᠨᠠᠮ᠎ᠤᠨ ᠳᠠᠢ᠌ᠴᠢᠨ ᠬᠦᠴᠦᠨ᠎ᠢ ᠳᠡᠭᠡᠭ᠌ᠰᠢᠯᠡᠭᠦᠯᠬᠦ᠌᠂ ᠬᠤᠪᠢᠰᠭᠠᠯ ᠎ᠤᠨ ᠦᠢᠯᠡᠰ᠎ᠦᠨ ᠬᠥᠭ᠌ᠵᠢᠯᠲᠡ ᠎ᠶ᠋ᠢ ᠠᠬᠢᠭᠤᠯᠬᠤ ᠎ᠳᠤ ᠴᠢᠬᠤᠯᠠ ᠦᠢᠯᠡᠳᠦᠯ ᠦᠵᠡᠭᠦᠯᠪᠡ᠃ ᠨᠠᠮ ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠶ᠋ᠢᠨ ᠫᠢᠩ ᠨᠥᠬᠥᠷ ᠎ᠢᠶᠡᠷ ᠭᠣᠣᠯᠯᠠᠭᠤᠯᠤᠭ᠍ᠰᠠᠨ ᠨᠠᠮ ᠎ᠤᠨ ᠲᠥᠪ ᠬᠣᠷᠢᠶ᠎ᠠ ᠨᠠᠮ ᠎ᠤᠨ ᠤᠳᠤᠷᠢᠳᠭᠤ ᠲᠦᠷᠢᠮ ᠎ᠦᠨ ᠱᠢᠰᠲ᠋ᠧᠮ ᠎ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠍ ᠂ ᠵᠠᠷᠢᠮ ᠬᠦᠷᠢᠶ᠎ᠠ ᠴᠠᠷᠠᠭᠠᠨ᠎ᠳᠡᠬᠢ ᠨᠠᠮ ᠎ᠤᠨ ᠤᠳᠤᠷᠢᠳᠤᠯᠭ᠎ᠠ ᠰᠤᠯᠠᠷᠠᠬᠤ᠂ ᠨᠠᠮ ᠎ᠤᠨ ᠪᠠᠢᠭᠤᠯᠤᠯᠲᠠ ᠳᠤᠲᠠᠭ᠍ᠳᠠᠬᠤ᠂ ᠨᠠᠮ ᠎ᠢ ᠬᠠᠮᠢᠶᠠᠷᠴᠤ᠌ ᠨᠠᠮ ᠎ᠢ ᠵᠠᠰᠠᠬᠤ ᠡᠷᠴᠢᠮ ᠰᠤᠯᠠ ᠪᠠᠢᠬᠤ ᠪᠠᠢᠳᠠᠯ᠎ᠢ ᠡᠷᠡᠰ ᠬᠤᠪᠢᠷᠠᠭᠤᠯᠵᠤ᠂ ᠨᠠᠮ ᠎ᠤᠨ ᠪᠦᠬᠦ᠌ ᠲᠠᠯ᠎ᠠ ᠎ᠶ᠋ᠢ ᠶᠡᠷᠦᠩᠬᠡᠢᠯᠡᠨ ᠡᠵᠡᠮᠳᠡᠬᠦ᠌᠂ ᠡᠯ᠎ᠡ ᠲᠠᠯ᠎ᠠ᠎ᠶ᠋ᠢ ᠵᠣᠬᠢᠴᠠᠭᠤᠯᠬᠤ ᠤᠳᠤᠷᠢᠳᠭᠤ ᠭᠣᠣᠯᠯᠠᠭ᠍ᠴᠢ ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠪᠠ᠃ ᠶᠡᠷᠦᠩᠬᠡᠢ ᠱᠦᠵᠢ ᠰᠢ᠎ᠶ᠋ᠢᠨ ᠫᠢᠩ᠎ᠦᠨ ᠨᠠᠮ ᠎ᠤᠨ ᠲᠥᠪ ᠬᠣᠷᠢᠶᠠᠨ ᠎ᠤ ᠭᠣᠣᠯᠯᠠᠭ᠍ᠴᠢ ᠂ ᠪᠦᠬᠦ᠌ ᠨᠠᠮ ᠎ᠤᠨ ᠭᠣᠣᠯᠯᠠᠭ᠍ᠴᠢ ᠎ᠶ᠋ᠢᠨ ᠪᠠᠢᠷᠢ ᠰᠠᠭᠤᠷᠢ ᠎ᠶ᠋ᠢ ᠬᠠᠮᠠᠭᠠᠯᠠᠵᠤ ᠂ ᠨᠠᠮ ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠎ᠶ᠋ᠢ ᠬᠠᠮᠠᠭᠠᠯᠠᠬᠤ ᠪᠣᠯ ᠪᠦᠬᠦ᠌ ᠲᠠᠯ᠎ᠠ᠎ᠪᠠᠷ ᠨᠠᠮ ᠎ᠢ ᠴᠢᠩᠭ᠎ᠠ ᠵᠠᠰᠠᠬᠤ ᠎ᠶ᠋ᠢᠨ ᠴᠢᠬᠤᠯᠠ ᠶᠡᠬᠡ ᠤᠯᠤᠰ ᠲᠦᠷᠦ᠍ ᠎ᠶ᠋ᠢᠨ ᠦᠷ᠎ᠡ ᠪᠦᠲᠦᠭᠡᠯ ᠪᠠ ᠡᠷᠬᠢᠮ ᠨᠠᠨᠳᠢᠨ ᠲᠤᠷᠱᠢᠯᠭ᠎ᠠ ᠮᠥᠨ᠃

ᠥᠭᠡᠷᠡᠴᠢᠯᠡᠯᠲᠡ ᠬᠢᠵᠦ᠍ ᠱᠢᠨ᠎ᠡ ᠎ᠶ᠋ᠢ ᠡᠭᠦᠳᠬᠦ᠌ ᠵᠣᠷᠢᠭ ᠰᠠᠨᠠᠭ᠎ᠠ ᠎ᠪᠠᠷ ᠨᠠᠮ ᠎ᠤᠨ ᠪᠠᠢᠭᠤᠯᠤᠯᠲᠠ ᠎ᠶ᠋ᠢ ᠎ᠠᠬᠢᠭᠤᠯᠵᠦ᠂ ᠨᠠᠮ ᠎ᠤᠨ ᠎ᠪᠦᠲᠦᠭᠡᠯᠴᠢ ᠎ᠬᠦᠴᠦᠨ ᠎ᠨᠢᠭ᠍ᠲᠠᠷᠠᠯ ᠎ᠤᠨ ᠬᠦᠴᠦᠨ ᠲᠠᠢ᠌ᠴᠢᠨ ᠬᠦᠴᠦᠨ ᠎ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ

ᠴᠠᠭ ᠦᠶ᠎ᠡ ᠎ᠶ᠋ᠢᠨ ᠬᠥᠭ᠌ᠵᠢᠯᠲᠡ᠎ᠶ᠋ᠢᠨ ᠱᠠᠭᠠᠷᠳᠠᠯᠭ᠎ᠠ᠎ᠪᠠᠷ ᠥᠪᠡᠷ ᠎ᠢ ᠎ᠪᠡᠨ ᠬᠢᠨᠠᠨ ᠦᠵᠡᠵᠦ᠍᠂ ᠥᠭᠡᠷᠡᠴᠢᠯᠡᠯᠲᠡ ᠬᠢᠵᠦ᠍ ᠱᠢᠨ᠎ᠡ ᠎ᠶ᠋ᠢ ᠡᠭᠦᠳᠬᠦ᠌ ᠵᠣᠷᠢᠭ ᠰᠠᠨᠠᠭ᠎ᠠ ᠎ᠪᠠᠷ ᠥᠪᠡᠷ ᠎ᠢ ᠎ᠪᠡᠨ ᠳᠠᠪᠲᠠᠨ ᠪᠤᠯᠪᠠᠰᠤᠷᠠᠭᠤᠯᠬᠤ ᠎ᠶ᠋ᠢ ᠪᠠᠷᠢᠮᠲᠠᠯᠠᠬᠤ ᠪᠣᠯ ᠳᠤᠮᠳᠠᠳᠤ ᠤᠯᠤᠰ ᠎ᠤᠨ ᠡᠪ ᠬᠠᠮᠲᠤ ᠨᠠᠮ ᠎ᠤᠨ ᠢᠮᠠᠭ᠍ᠲᠠ ᠴᠤᠭ ᠪᠠᠳᠠᠷᠠᠩᠭᠤᠢ ᠴᠤᠭ ᠵᠢᠪᠬᠤᠭ᠎ᠠ ᠪᠠ ᠠᠮᠢᠵᠢᠷᠠᠯ᠎ᠤᠨ ᠬᠦᠴᠦᠨ ᠎ᠢᠶᠡᠨ ᠪᠠᠲᠤᠯᠠᠭ᠍ᠰᠠᠨ ᠴᠢᠬᠤᠯᠠ ᠱᠢᠯᠲᠠᠭᠠᠨ ᠮᠥᠨ᠃ ᠵᠠᠭᠤᠨ ᠵᠢᠯ ᠎ᠦᠨ ᠲᠤᠷᠰᠢ᠂ ᠨᠠᠮ ᠡᠴᠡ ᠱᠢᠨ᠎ᠡ ᠪᠠᠢᠳᠠᠯ ᠱᠢᠨ᠎ᠡ ᠡᠭᠦᠷᠭᠡ ᠎ᠶ᠋ᠢᠨ ᠬᠡᠷᠡᠭ᠌ᠴᠡᠭᠡ ᠎ᠶ᠋ᠢ ᠦᠨᠳᠦᠰᠦᠯᠡᠨ᠂ ᠨᠠᠮ ᠎ᠤᠨ ᠪᠠᠢᠭᠤᠯᠤᠯᠲᠠ ᠎ᠶ᠋ᠢᠨ ᠪᠠᠢᠯᠳᠤᠬᠤ ᠪᠤᠳᠤᠯᠭ᠎ᠠ ᠎ᠶ᠋ᠢᠨ ᠡᠭᠦᠷᠭᠡ ᠪᠠ ᠪᠣᠳᠠᠲᠤ ᠱᠠᠭᠠᠷᠳᠠᠯᠭ᠎ᠠ ᠎ᠶ᠋ᠢ ᠪᠦᠬᠦᠯᠢ ᠴᠣᠭ᠍ᠴᠠ ᠎ᠶ᠋ᠢᠨ ᠲᠠᠯ᠎ᠠ ᠡᠴᠡ ᠡᠵᠡᠮᠳᠡᠵᠦ᠍᠂ ᠨᠠᠮ ᠎ᠤᠨ ᠪᠠᠢᠭᠤᠯᠤᠯᠲᠠ ᠎ᠶ᠋ᠢᠨ ᠶᠡᠷᠦᠩᠬᠡᠢ ᠪᠠᠢᠷᠢᠯᠠᠭᠤᠯᠤᠯᠲᠠ ᠎ᠶ᠋ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠨᠠᠮ ᠎ᠤᠨ ᠪᠠᠢᠭᠤᠯᠤᠯᠲᠠ ᠎ᠶ᠋ᠢ ᠪᠦᠬᠦ᠌ ᠲᠠᠯ᠎ᠠ᠎ᠪᠠᠷ ᠴᠢᠩᠭᠠᠳᠭᠠᠪᠠ᠃ ᠳᠤᠮᠳᠠᠳᠤ ᠤᠯᠤᠰ ᠎ᠤᠨ ᠪᠣᠳᠠᠲᠤ ᠪᠠᠢᠳᠠᠯ ᠎ᠳᠤ ᠰᠠᠭᠤᠷᠢᠯᠠᠨ ᠂ ᠮᠠᠨ ᠎ᠤ ᠨᠠᠮ ᠪᠠᠢᠭᠤᠯᠤᠭ᠍ᠳᠠᠭ᠍ᠰᠠᠨ ᠎ᠤ ᠳᠠᠷᠠᠭᠠᠬᠢ ᠮᠠᠰᠢ ᠤᠷᠲᠤ ᠬᠤᠭᠤᠴᠠᠭᠠᠨ᠎ᠳᠤ ᠦᠵᠡᠯ ᠰᠠᠨᠠᠭᠠᠨ ᠎ᠤ ᠪᠠᠢᠭᠤᠯᠤᠯᠲᠠ᠂ ᠵᠣᠬᠢᠶᠠᠨ ᠪᠠᠢᠭᠤᠯᠤᠯᠲᠠ᠎ᠶ᠋ᠢᠨ ᠴᠤᠬᠴᠠᠯᠠᠯᠲᠠ ᠪᠠ ᠰᠤᠷᠲᠠᠯ᠎ᠤᠨ ᠪᠠᠢᠭᠤᠯᠤᠯᠲᠠ ᠶ᠋ᠢ ᠲᠤᠪᠦ᠋ᠢᠯᠭᠠᠠ ᠴᠢᠬᠤᠯᠠᠴᠢᠯᠠᠭ᠍ᠰᠠᠭᠠᠷ ᠢᠷᠡᠵᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠨᠠᠮ ᠎ᠤᠨ ᠳᠣᠲᠣᠭᠠᠳᠤ ᠎ᠳᠤ ᠢᠯᠡᠷᠡᠭ᠌ᠰᠡᠨ ᠲᠤᠪᠤᠢ᠌ᠮ᠎ᠠ ᠠᠰᠠᠭᠤᠳᠠᠯ ᠎ᠤᠨ ᠡᠮᠦᠨ᠎ᠡ᠂ ᠨᠠᠮ᠎ᠢ ᠪᠦᠬᠦ᠌ ᠲᠠᠯ᠎ᠠ ᠎ᠪᠠᠷ ᠴᠢᠩᠭ᠎ᠠ ᠬᠠᠮᠢᠶᠠᠷᠴᠤ᠌ ᠴᠢᠩᠭ᠎ᠠ ᠵᠠᠰᠠᠬᠤ᠎ᠶ᠋ᠢ ᠴᠢᠬᠤᠯᠠᠴᠢᠯᠠᠵᠤ᠂ ᠨᠠᠮ ᠎ᠢ ᠬᠠᠮᠢᠶᠠᠷᠴᠤ᠌ ᠨᠠᠮ ᠎ᠢ ᠵᠠᠰᠠᠬᠤ ᠠᠯᠢ ᠤᠯᠠᠨ ᠱᠢᠨ᠎ᠡ ᠎ᠶ᠋ᠢ ᠡᠭᠦᠳᠬᠦ᠌ ᠠᠷᠭ᠎ᠠ ᠬᠡᠮᠵᠢᠶ᠎ᠡ ᠎ᠶ᠋ᠢ ᠲᠣᠭ᠍ᠲᠠᠭᠠᠵᠤ᠂ ᠮᠠᠭᠤ ᠎ᠶ᠋ᠢ ᠨᠢ ᠮᠠᠭᠤᠱᠢᠶᠠᠵᠤ ᠰᠠᠢ᠌ᠨ᠎ᠢ ᠨᠢ ᠰᠠᠢᠱᠢᠶᠠᠵᠤ᠂ ᠦᠨᠳᠦᠰᠦ ᠰᠠᠭᠤᠷᠢ᠎ᠶ᠋ᠢ ᠪᠡᠬᠢᠵᠢᠭᠦᠯᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠲᠠᠰᠤᠷᠠᠯᠳᠠ ᠦᠭᠡᠢ ᠭᠦᠨᠵᠡᠭᠡᠢᠷᠡᠭᠦᠯᠪᠡ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠡᠴᠡ ᠨᠠᠮ᠎ᠤᠨ ᠪᠠᠢᠭᠤᠯᠤᠯᠲᠠ ᠎ᠶ᠋ᠢᠨ ᠲᠡᠦᠬᠡᠨ ᠲᠤᠷᠱᠢᠯᠭ᠎ᠠ ᠪᠣᠯᠤᠨ ᠱᠢᠨ᠎ᠡ ᠰᠣᠷᠭᠣᠭ ᠲᠤᠷᠱᠢᠯᠭ᠎ᠠ᠎ᠶ᠋ᠢ ᠱᠢᠰᠲ᠋ᠧᠮ᠎ᠲᠡᠶ ᠳ᠋ᠦᠩᠨᠡᠵᠦ᠍ ᠂ 《ᠨᠠᠮ ᠎ᠤᠨ ᠤᠯᠤᠰ ᠲᠦᠷᠦ᠍ ᠎ᠶ᠋ᠢᠨ ᠪᠠᠢᠭᠤᠯᠤᠯᠲᠠ ᠪᠣᠯ ᠨᠠᠮ ᠎ᠤᠨ ᠦᠨᠳᠦᠰᠦᠨ ᠴᠢᠨᠠᠷᠲᠠᠢ ᠪᠠᠢᠭᠤᠯᠤᠯᠲᠠ ᠮᠥᠨ》 ᠭᠡᠵᠦ᠍ ᠴᠢᠬᠤᠯᠠᠴᠢᠯᠠᠵᠤ ᠂ ᠱᠢᠨ᠎ᠡ ᠴᠠᠭ ᠦᠶ᠎ᠡ᠎ᠶ᠋ᠢᠨ ᠨᠠᠮ ᠎ᠤᠨ ᠪᠠᠢᠭᠤᠯᠤᠯᠲᠠ ᠎ᠶ᠋ᠢᠨ ᠶᠡᠷᠦᠩᠬᠡᠢ ᠱᠠᠭᠠᠷᠳᠠᠯᠭ᠎ᠠ ᠎ᠶ᠋ᠢ ᠳᠤᠷᠠᠳᠴᠤ᠌ ᠂ ᠱᠢᠨ᠎ᠡ ᠴᠠᠭ ᠦᠶ᠎ᠡ᠎ᠶ᠋ᠢᠨ ᠨᠠᠮ ᠎ᠤᠨ ᠪᠠᠢᠭᠤᠯᠤᠯᠲᠠ᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠦᠢᠯᠡᠳᠦᠯᠭᠡ ᠭᠡᠷᠡᠴᠢᠯᠡᠭ᠌ᠰᠡᠨ᠎ᠨᠢ᠂ ᠨᠠᠮ᠎ᠤᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠦ᠂ ᠡᠷᠬᠡᠪᠰᠢ ᠴᠠᠭ ᠦᠶ᠎ᠡ ᠎ᠶ᠋ᠢᠨ ᠬᠥᠭ᠌ᠵᠢᠯᠲᠡ ᠎ᠶ᠋ᠢᠨ ᠱᠠᠭᠠᠷᠳᠠᠯᠭ᠎ᠠ ᠎ᠳᠤ ᠵᠣᠬᠢᠴᠠᠵᠤ ᠂ ᠨᠠᠮ ᠎ᠤᠨ ᠪᠠᠢᠭᠤᠯᠤᠯᠲᠠ ᠎ᠶ᠋ᠢᠨ ᠭᠣᠣᠯ ᠱᠢᠵᠢᠮ ᠪᠣᠯᠤᠨ ᠪᠠᠢᠷᠢᠱᠢᠭᠤᠯᠤᠯᠲᠠ ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠨᠠᠮ ᠎ᠤᠨ ᠪᠠᠢᠭᠤᠯᠤᠯᠲᠠ ᠎ᠶ᠋ᠢᠨ ᠠᠭᠤᠯᠭ᠎ᠠ ᠎ᠶ᠋ᠢ ᠨᠡᠩ ᠪᠦᠬᠦ᠌ ᠲᠠᠯ᠎ᠠ᠎ᠪᠠᠷ ᠂ ᠪᠦᠲᠦᠴᠡ᠎ᠶ᠋ᠢ ᠨᠡᠩ ᠲᠥᠪ ᠴᠢᠩᠭ᠎ᠠ᠂ ᠬᠡᠷᠡᠭ᠌ᠵᠢᠭᠦᠯᠵᠦ᠍ ᠪᠣᠯᠬᠤᠢᠴᠠ ᠴᠢᠨᠠᠷ᠎ᠢ ᠨᠡᠩ ᠴᠢᠩᠭ᠎ᠠ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠥᠪᠡᠷ᠎ᠦᠨ ᠪᠡᠶ᠎ᠡ ᠎ᠳᠡᠭᠡᠨ ᠬᠤᠪᠢᠰᠭᠠᠯ ᠬᠢᠬᠦ᠌ ᠎ᠶ᠋ᠢ ᠭᠦᠨᠵᠡᠭᠡᠢ ᠠᠬᠢᠭᠤᠯᠵᠤ᠂ ᠨᠠᠮ ᠎ᠤᠨ ᠥᠪᠡᠷ ᠎ᠢ ᠎ᠪᠡᠨ ᠴᠡᠪᠡᠷᠱᠢᠭᠦᠯᠬᠦ᠌᠂ ᠥᠪᠡᠷ᠎ᠢ᠎ᠪᠡᠨ ᠲᠡᠭᠦᠯᠳᠡᠷᠵᠢᠭᠦᠯᠬᠦ᠌᠂ ᠥᠪᠡᠷ᠎ᠢ ᠎ᠪᠡᠨ ᠱᠢᠨᠡᠴᠢᠯᠡᠬᠦ᠌᠂ ᠥᠪᠡᠷ᠎ᠢ ᠪᠡᠨ ᠳᠡᠭᠡᠭ᠌ᠰᠢᠯᠡᠭᠦᠯᠬᠦ᠌ ᠴᠢᠳᠠᠪᠤᠷᠢ ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠨᠠᠮ ᠎ᠤᠨ ᠲᠡᠷᠢᠭᠦᠨ ᠎ᠦ ᠴᠢᠨᠠᠷ ᠪᠣᠯᠤᠨ ᠴᠡᠪᠡᠷ ᠠᠷᠢᠭᠤᠨ ᠴᠢᠨᠠᠷ᠎ᠢ ᠡᠭᠦᠷᠢᠳᠡ ᠪᠠᠲᠤᠯᠠᠵᠤ᠂ ᠨᠠᠮ ᠎ᠢ ᠡᠭᠦᠷᠢᠳᠡ ᠢᠯᠠᠭ᠍ᠳᠠᠰᠢ ᠦᠭᠡᠢ ᠪᠠᠢᠷᠢᠨ᠎ᠳᠤ ᠪᠠᠢᠯᠭᠠᠬᠤ ᠬᠡᠷᠡᠭ᠌ᠲᠡᠢ᠃ (《ᠰᠤᠷᠤᠯᠴᠠᠯᠭ᠎ᠠ ᠢ᠋ᠢᠨ ᠬᠦᠴᠦᠷᠭᠡᠭ ᠤᠯᠤᠰ》 ᠰᠢᠯᠵᠢᠶ᠎ᠠ ᠡᠴᠡ ᠰᠠᠴᠤᠷᠠᠯ ᠤᠷᠴᠢᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号