ᠪᠦᠬᠦ᠌ ᠨᠠᠮ ᠤᠨ ᠶᠡᠬᠡ ᠰᠤᠷᠤᠯᠴᠠᠯᠭ᠎ᠠ ᠪᠠᠢᠬᠤ ᠦᠭᠡᠢ ᠪᠣᠯ ᠠᠵᠢᠯ ᠦᠢᠯᠡᠰ᠎ᠦᠨ ᠶᠡᠬᠡ ᠬᠥᠭ᠌ᠵᠢᠯᠲᠡ ᠪᠠᠢᠵᠤ ᠴᠢᠳᠠᠬᠤ ᠦᠭᠡᠢ᠃ ᠶᠡᠷᠦᠩᠬᠡᠢ ᠱᠦᠵᠢ ᠰᠢ᠎ᠶ᠋ᠢᠨ ᠫᠢᠩ᠄ 《ᠰᠤᠷᠤᠯᠴᠠᠯᠭ᠎ᠠ᠎ᠶ᠋ᠢ ᠴᠢᠬᠤᠯᠠᠴᠢᠯᠠᠬᠤ ᠪᠣᠯ ᠮᠠᠨ᠎ᠤ ᠨᠠᠮ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠤᠭ᠍ᠰᠠᠨ ᠠᠮᠵᠢᠯᠲᠠ᠎ᠲᠠᠢ ᠲᠤᠷᠱᠢᠯᠭ᠎ᠠ ᠮᠥᠨ》ᠬᠡᠵᠦ ᠵᠢᠭᠠᠵᠦ ᠭᠠᠷᠭᠠᠵᠠᠢ᠃ ᠰᠤᠷᠤᠯᠴᠠᠯᠭ᠎ᠠ ᠪᠣᠯ ᠮᠠᠨ᠎ᠤ ᠨᠠᠮ ᠮᠠᠷᠺᠰ᠎ᠤᠨ ᠦᠵᠡᠯ᠎ᠦᠨ ᠵᠣᠭ᠍ᠰᠣᠯᠲᠠ ᠦᠵᠡᠯᠲᠡ ᠠᠷᠭ᠎ᠠ ᠪᠠᠷ ᠬᠤᠪᠢᠰᠭᠠᠯ᠂ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ ᠶ᠋ᠢᠨ ᠵᠢᠮ᠎ᠡ ᠶᠣᠰᠣ᠎ᠶ᠋ᠢ ᠲᠠᠨᠢᠵᠤ ᠡᠵᠡᠮᠱᠢᠬᠦ᠌ ᠶᠠᠪᠤᠴᠠ ᠮᠥᠨ᠂ ᠨᠠᠮ ᠤᠨ ᠴᠢᠭ᠌ᠯᠡᠯᠲᠡ ᠲᠦᠷᠦ᠍ ᠶ᠋ᠢᠨ ᠪᠤᠳᠤᠯᠭ᠎ᠠ ᠶ᠋ᠢ ᠲᠣᠭ᠍ᠲᠠᠭᠠᠬᠤ᠂ ᠲᠡᠭᠦᠯᠳᠡᠷᠵᠢᠭᠦᠯᠬᠦ᠌ ᠪᠠ ᠬᠡᠷᠡᠭ᠌ᠵᠢᠭᠦᠯᠬᠦ᠌ ᠶᠠᠪᠤᠴᠠ ᠮᠥᠨ᠂ ᠬᠦᠰᠡᠯᠡᠩ ᠢᠲᠡᠭᠡᠯ ᠪᠢᠱᠢᠷᠡᠯ ᠵᠣᠷᠢᠯᠲᠠ ᠪᠠᠨ ᠲᠠᠰᠤᠷᠠᠯᠲᠠ ᠦᠭᠡᠢ ᠪᠠᠲᠤᠳᠭᠠᠬᠤ ᠶᠠᠪᠤᠴᠠ ᠮᠥᠨ᠂ ᠮᠠᠨ᠎ᠤ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠶ᠋ᠢ ᠲᠠᠰᠤᠷᠠᠯᠲᠠ ᠦᠭᠡᠢ ᠠᠬᠢᠭᠤᠯᠬᠤ ᠶᠠᠪᠤᠴᠠ ᠮᠥᠨ ᠭᠡᠳᠡᠭ ᠢ ᠲᠡᠦᠬᠡ ᠪᠠ ᠦᠢᠯᠡᠳᠦᠯᠭᠡ ᠭᠦᠢᠴᠡᠳ ᠭᠡᠷᠡᠴᠢᠯᠡᠭ᠌ᠰᠡᠨ ᠪᠠᠢᠨ᠎ᠠ᠃
ᠠᠯᠢ ᠡᠷᠲᠡ1924 ᠣᠨ᠎ᠤ 12 ᠰᠠᠷ᠎ᠠ᠎ᠳᠤ᠂ ᠮᠠᠨ ᠤ ᠨᠠᠮ ᠳᠠᠷᠤᠢ ᠠᠨ ᠶᠤᠸᠠᠨ᠎ᠤ ᠨᠠᠮ᠎ᠤᠨ ᠰᠤᠷᠭᠠᠭᠤᠯᠢ᠎ᠶ᠋ᠢ ᠡᠭᠦᠰᠭᠡᠨ ᠪᠠᠢᠭᠤᠯᠪᠠ᠃ ᠰᠣᠪᠢᠶᠠᠳ ᠣᠷᠣᠨ ᠤ ᠦᠶ᠎ᠡ᠎ᠳᠦ᠂ ᠨᠠᠮ ᠤᠨ ᠲᠥᠪ ᠬᠣᠷᠢᠶ᠎ᠠ ᠡᠴᠡ 《ᠲᠥᠯᠥᠪᠯᠡᠭᠡ᠎ᠲᠡᠶ᠂ ᠵᠣᠷᠢᠯᠭ᠎ᠠ᠎ᠲᠠᠶ ᠪᠠᠷ ᠦᠯᠡᠮᠵᠢᠬᠡᠨ ᠺᠠᠳ᠋ᠷ᠎ᠤᠨ ᠪᠣᠯᠪᠠᠰᠤᠷᠠᠯ᠎ᠢ ᠬᠢᠬᠦ᠌ ᠬᠡᠷᠡᠭ᠌ᠲᠡᠶ》ᠭᠡᠰᠡᠨ ᠤᠷᠢᠶᠠᠯᠠᠭ᠎ᠠ᠎ᠶ᠋ᠢ ᠳᠤᠷᠠᠳᠴᠤ᠌᠂ ᠡᠯ᠎ᠡ ᠰᠣᠪᠢᠶᠠᠳ ᠣᠷᠣᠨ ᠤᠷᠢᠳ ᠬᠣᠵᠢᠳ ᠨᠠᠮ ᠤᠨ ᠰᠤᠷᠭᠠᠭᠤᠯᠢ ᠪᠠᠢᠭᠤᠯᠵᠠᠶ᠃ ᠶᠠᠨ ᠠᠨ ᠤ ᠦᠶ᠎ᠡ ᠳ᠋ᠤ ᠮᠠᠤ ᠽᠸ ᠳ᠋ᠦᠩ ᠨᠥᠬᠥᠷ 《ᠰᠤᠷᠦᠯᠴᠡᠯᠭᠠᠪᠠᠨᠥᠭᠡᠷᠡᠴᠢᠯᠡᠶᠡ》ᠭᠡᠬᠦ᠌ ᠵᠡᠷᠭᠡ ᠵᠣᠬᠢᠶᠠᠯᠳᠠᠭᠠᠨᠨᠠᠮᠤᠨ ᠳᠣᠲᠣᠭᠠᠳᠤ ᠶ᠋ᠢᠨ ᠰᠤᠷᠦᠯᠴᠡᠯᠭ᠎ᠠ ᠶ᠋ᠢ ᠴᠢᠩᠭᠠᠳᠭᠠᠨ ᠰᠠᠢᠵᠢᠷᠠᠭᠤᠯᠬᠤ ᠲᠤᠬᠠᠢ ᠨᠡᠡᠭ ᠥᠨᠳᠥᠷ ᠱᠠᠭᠠᠷᠳᠠᠯᠭ᠎ᠠ ᠳᠤᠷᠠᠳᠤᠭ᠍ᠰᠠᠨ ᠶᠤᠮ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠬᠤ ᠡᠴᠡ ᠡᠮᠦᠨᠡᠬᠡᠨ ᠬᠤᠷᠠᠯᠳᠤᠭ᠍ᠰᠠᠨ ᠨᠠᠮ ᠤ᠋ᠨ ᠳᠣᠯᠣᠳᠤᠭᠠᠷ ᠬᠤᠭᠤᠴᠠᠭᠠᠨ ᠤ ᠲᠥᠪ ᠬᠣᠷᠢᠶᠠᠨ᠎ᠤ ᠬᠣᠶᠠᠳᠤᠭᠠᠷ ᠪᠦᠬᠦᠳᠠ ᠬᠤᠷᠠᠯ ᠳᠡᠭᠡᠷ᠎ᠡ ᠮᠠᠤ ᠽᠸ ᠳ᠋ᠦᠩ ᠨᠥᠬᠥᠷ ᠡᠴᠡ ᠬᠠᠭᠤᠴᠢᠨ ᠶᠢᠷᠲᠢᠨᠴᠦ᠍᠎ᠶ᠋ᠢ ᠡᠪᠳᠡᠬᠦ᠌᠎ᠳᠡᠭᠡᠨ ᠴᠢᠳᠠᠮᠠᠭᠠᠢ ᠪᠠᠢᠭ᠍ᠰᠠᠨ᠎ᠡᠴᠡ᠎ᠪᠠᠨ ᠱᠢᠨ᠎ᠡ ᠶᠢᠷᠲᠢᠨᠴᠦ᠍᠎ᠶ᠋ᠢ ᠪᠠᠢᠭᠤᠯᠬᠤ᠎ᠳᠠᠭᠠᠨ ᠴᠢᠳᠠᠮᠠᠭᠠᠢ ᠪᠠᠢᠬᠤ ᠬᠡᠷᠡᠭ᠌ᠲᠡᠢ ᠭᠡᠵᠦ᠍ ᠪᠦᠬᠦ᠌ ᠨᠠᠮ᠎ᠳᠤ ᠱᠠᠭᠠᠷᠳᠠᠭ᠍ᠰᠠᠨ ᠪᠢᠯᠠ᠃ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠲᠡᠷᠡᠭ᠎ᠠ ᠂ ᠳ᠋ᠧᠩ ᠱᠢᠶᠦᠦ ᠫᠢᠩ ᠨᠥᠬᠥᠷ᠄ 《 ᠪᠢᠳᠠ ᠤᠳᠦ ᠳᠤᠮᠳᠠᠳᠤ ᠤᠯᠤᠰ᠎ᠤᠨ ᠣᠨᠴᠠᠯᠢᠭ ᠳᠠᠢ ᠨᠡᠢᠭᠡᠮ ᠵᠢᠷᠤᠮ᠎ᠢ ᠪᠦᠳᠦᠭᠡᠠ ᠪᠠᠢᠭᠤᠯᠵᠤ ᠪᠠᠢᠨ᠎ᠠ᠂ ᠴᠠᠭ ᠦᠶ᠎ᠡ ᠪᠠ ᠡᠭᠦᠷᠭᠡ ᠠᠳᠠᠯᠢ ᠤᠢ᠍ᠭᠡᠢ ᠪᠣᠯᠵᠠᠢ᠂ ᠰᠤᠷᠦᠯᠴᠡᠬᠤ ᠬᠡᠷᠡᠭ᠌ᠲᠡᠢ ᠱᠢᠨ᠎ᠡ ᠮᠡᠳᠡᠯᠭᠡ ᠦᠨᠡᠬᠡᠷ ᠠᠷᠪᠢᠨ ᠪᠠᠢᠨ᠎ᠠ᠂ ᠡᠨᠡ ᠨᠢ ᠪᠢᠳᠡᠠ ᠦ ᠱᠢᠨ᠎ᠡ ᠪᠠᠢᠳᠠᠯ ᠳᠤ ᠴᠢᠭ᠌ᠯᠡᠭᠦᠯᠦᠨ ᠮᠠᠷᠺᠰ ᠤᠨ ᠦᠵᠡᠯ᠎ᠦᠨ ᠦᠨᠳᠦᠰᠦᠨ ᠤᠨᠦᠯ ᠢ ᠴᠢᠷᠮᠠᠢᠨ ᠡᠵᠡᠮᠱᠢᠵᠦ᠍ ᠠᠪᠬᠤ ᠶ᠋ᠢ ᠨᠡᠡᠭ ᠱᠠᠭᠠᠷᠳᠠᠵᠤ ᠪᠠᠢᠨ᠎ᠠ》ᠬᠡᠪᠠ᠃ ᠥᠭᠡᠷᠡᠴᠢᠯᠡᠯᠲᠡ ᠨᠡᠭᠡᠭᠡᠯᠳᠡ ᠬᠢᠭ᠌ᠰᠡᠨ ᠡᠴᠡ ᠨᠠᠭᠠᠰᠢ ᠂ ᠪᠢᠳᠡ ᠤᠷᠢᠳ ᠬᠣᠵᠢᠳ ᠨᠠᠮ ᠢ ᠴᠡᠭ᠌ᠴᠡᠯᠡᠬᠦ᠌ ᠂ 《ᠭᠤᠷᠪᠠ ᠶ᠋ᠢ ᠡᠷᠬᠢᠮᠯᠡᠬᠦ᠌》 ᠬᠥᠮᠦᠵᠢᠯ᠂ ᠲᠡᠷᠢᠭᠦᠨ᠎ᠦ ᠴᠢᠨᠠᠷ᠎ᠤᠨ ᠬᠥᠮᠦᠵᠢᠯ᠂ ᠱᠢᠨᠵᠢᠯᠡᠬᠦ᠌ ᠤᠬᠠᠭᠠᠨᠴᠢ ᠬᠥᠭ᠌ᠵᠢᠯᠲᠡ ᠶ᠋ᠢᠨ ᠦᠵᠡᠯᠲᠡ᠎ᠶ᠋ᠢ ᠰᠤᠷᠤᠯᠴᠠᠨ ᠦᠢᠯᠡᠳᠦᠯᠭᠡᠵᠢᠭᠦᠯᠬᠦ᠌ ᠠᠵᠢᠯᠯᠠᠭ᠎ᠠ ᠵᠡᠷᠭᠡ ᠶ᠋ᠢ ᠥᠷᠨᠢᠭᠦᠯᠵᠠᠢ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠠ ᠨᠠᠭᠠᠰᠢ᠂ ᠰᠢ᠎ᠶ᠋ᠢᠨ ᠫᠢᠩ ᠨᠥᠬᠥᠷ ᠢᠶᠡᠷ ᠭᠤᠤᠯ ᠪᠤᠯᠭᠠᠬᠰᠠᠨ ᠨᠠᠮ ᠤᠨ ᠲᠥᠪ ᠬᠣᠷᠢᠶ᠎ᠠ ᠨᠠᠮ᠎ᠤᠨ ᠳᠣᠲᠣᠭᠠᠳᠤᠶ᠋ᠢᠨᠰᠤᠷᠤᠯᠴᠠᠯᠭᠠᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠤᠷᠢᠳ ᠬᠣᠵᠢᠳ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠶ᠋ᠯᠡᠳᠦᠯᠭᠡ ᠶ᠋ᠢᠨ ᠠᠵᠢᠯᠯᠠᠭ᠎ᠠ᠂ 《ᠭᠤᠷᠪᠠᠨ ᠴᠢᠩᠭ᠎ᠠ ᠭᠤᠷᠪᠠᠨ ᠪᠣᠳᠠᠲᠠᠶ》 ᠲᠤᠰᠭᠠᠶ ᠰᠡᠳᠦᠪᠲᠦ ᠬᠥᠮᠦᠵᠢᠯ᠂ 《ᠬᠣᠶᠠᠷ᠎ᠢ ᠰᠤᠷᠤᠯᠴᠠᠵᠤ ᠬᠢᠷᠢ ᠲᠡᠩᠴᠡᠭ᠌ᠰᠡᠨ ᠨᠠᠮ ᠤᠨ ᠭᠡᠱᠢᠭᠦᠨ ᠪᠣᠯᠬᠤ》 ᠰᠤᠷᠤᠯᠴᠠᠯᠭ᠎ᠠ ᠬᠥᠮᠦᠵᠢᠯ ᠂ 《ᠣᠭ ᠰᠠᠨᠠᠭ᠎ᠠ ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠭᠤᠤᠯ ᠰᠡᠳᠦᠪᠲᠦ ᠬᠥᠮᠦᠵᠢᠯ ᠢ ᠥᠷᠨᠢᠭᠦᠯᠪᠡ᠃ ᠡᠨᠡ ᠵᠢᠯ᠂ ᠪᠢᠳᠡ ᠨᠠᠮ ᠤᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ᠂ 《ᠲᠦᠷᠪᠡᠨ ᠲᠡᠦᠬᠡ》 ᠵᠢᠨ ᠤᠬᠠᠭᠤᠯᠭ᠎ᠠ ᠬᠥᠮᠦᠵᠢᠯ᠎ᠢ ᠥᠷᠨᠢᠭᠦᠯᠪᠡ᠃ ᠰᠤᠷᠤᠯᠴᠠᠯᠭ᠎ᠠ ᠬᠥᠮᠦᠵᠢᠯ ᠢᠶᠡᠷ ᠳᠠᠮᠵᠢᠭᠤᠯᠤᠨ᠂ ᠪᠦᠬᠦ᠌ ᠨᠠᠮ ᠤᠨ ᠰᠤᠷᠤᠯᠴᠠᠬᠤ ᠬᠠᠯᠠᠭᠤᠨ ᠰᠡᠳᠭᠢᠯᠭᠡ ᠂ ᠭᠦᠨᠴᠡ ᠪᠠ ᠥᠷᠭᠡᠴᠡ ᠶᠡᠬᠡ ᠪᠡᠷ ᠨᠡᠮᠡᠭ᠌ᠳᠡᠵᠦ᠍ ᠂ ᠨᠠᠮ ᠤᠨ ᠪᠦᠲᠦᠭᠡᠯᠴᠢ ᠬᠦᠴᠦᠨ᠂ ᠨᠢᠭ᠍ᠲᠠᠷᠠᠯ ᠤᠨ ᠬᠦᠴᠦᠨ᠂ ᠳᠠᠢ᠌ᠴᠢᠨ ᠬᠦᠴᠦᠨ ᠢᠯᠡᠳᠲᠡ ᠳᠡᠭᠡᠭ᠌ᠰᠢᠯᠡᠡ᠂ ᠨᠠᠮ᠎ᠤᠨ ᠥᠪᠡᠷ᠎ᠢ ᠪᠡᠨ ᠴᠡᠪᠡᠷᠱᠢᠭᠦᠯᠬᠦ᠌᠂ ᠥᠪᠡᠷ᠎ᠢ ᠪᠡᠨ ᠲᠡᠭᠦᠯᠳᠡᠷᠵᠢᠭᠦᠯᠬᠦ᠌ ᠂ ᠥᠪᠡᠷ ᠢ ᠪᠡᠨ ᠱᠢᠨᠡᠴᠢᠯᠡᠬᠦ᠌᠂ ᠥᠪᠡᠷ ᠢ᠎ᠪᠡᠨ ᠳᠡᠭᠡᠭ᠌ᠰᠢᠯᠡᠭᠦᠯᠬᠦ᠌ ᠴᠢᠳᠠᠪᠤᠷᠢ ᠲᠠᠰᠤᠷᠠᠯᠲᠠ ᠦᠭᠡᠢ ᠴᠢᠩᠭᠠᠷᠠᠪᠠ᠃
ᠵᠠᠭᠤᠨ ᠵᠢᠯ ᠦᠨ ᠲᠤᠷᠰᠢ ᠂ ᠮᠠᠨ ᠤ ᠨᠠᠮ ᠰᠤᠷᠤᠯᠴᠠᠯᠭ᠎ᠠ ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠬᠦ᠌ ᠠᠰᠠᠭᠤᠳᠠᠯ ᠳᠡᠭᠡᠷ᠎ᠡ ᠡᠯᠪᠡᠭ ᠪᠠᠶᠠᠯᠢᠭ ᠲᠤᠷᠱᠢᠯᠭ᠎ᠠ ᠬᠤᠷᠠᠮᠳᠤᠭᠤᠯᠪᠠ᠄ ᠰᠤᠷᠤᠯᠴᠠᠬᠤ ᠴᠢᠭ᠌ᠯᠡᠯ ᠢ ᠵᠥᠪ ᠡᠵᠡᠮᠳᠡᠵᠦ᠍᠂ ᠮᠠᠷᠺᠰ ᠤᠨ ᠦᠵᠡᠯ ᠢᠶᠡᠷ ᠵᠢᠯᠤᠭᠤᠳᠤᠯᠭ᠎ᠠ ᠪᠣᠯᠭᠠᠬᠤ ᠶ᠋ᠢ ᠪᠠᠷᠢᠮᠲᠠᠯᠠᠪᠠ; ᠰᠤᠷᠤᠯᠴᠠᠯᠭ᠎ᠠ ᠶ᠋ᠢ ᠪᠤᠰᠤᠳᠴᠢ ᠶᠢᠷᠲᠢᠨᠴᠦ᠍ ᠶ᠋ᠢ ᠥᠭᠡᠷᠡᠴᠢᠯᠡᠬᠦ᠌ ᠪᠠ ᠪᠡᠶᠡᠴᠢ ᠶᠢᠷᠲᠢᠨᠴᠦ᠍ ᠶ᠋ᠢ ᠥᠭᠡᠷᠡᠴᠢᠯᠡᠬᠦ᠌ ᠶ᠋ᠢᠨ ᠬᠣᠯᠪᠣᠭᠠᠰᠤ ᠪᠣᠯᠭᠠᠵᠤ ᠂ ᠤᠨᠤᠯ ᠢ ᠪᠣᠳᠠᠲᠠᠢ ᠲᠠᠶ ᠤᠶᠠᠯᠳᠤᠭᠤᠯᠵᠤ᠂ ᠰᠤᠷᠤᠭ᠍ᠰᠠᠨ᠎ᠢᠶᠠᠨ ᠬᠡᠷᠡᠭ᠌ᠯᠡᠬᠦ᠌ ᠰᠤᠷᠤᠯᠴᠠᠬᠤ ᠰᠤᠷᠲᠠᠯ᠎ᠢ ᠪᠠᠳᠠᠷᠠᠭᠤᠯᠵᠠᠢ; ᠤᠨᠦᠯ ᠰᠤᠷᠦᠯᠴᠡᠬᠤ ᠪᠠ ᠲᠡᠦᠬᠡᠨ ᠲᠤᠷᠱᠢᠯᠭ᠎ᠠ ᠶ᠋ᠢ ᠳ᠋ᠦᠩᠨᠡᠬᠦ᠌ ᠶ᠋ᠢ ᠤᠶᠠᠯᠳᠤᠭᠤᠯᠬᠤ᠎ᠶ᠋ᠢ ᠴᠢᠬᠤᠯᠠᠴᠢᠯᠠᠵᠤ᠂ ᠮᠠᠷᠺᠰ᠎ᠤᠨ ᠦᠵᠡᠯ ᠦᠨ ᠭᠣᠣᠯ ᠴᠢᠮᠥᠭᠡ ᠪᠠ ᠨᠠᠮ ᠤᠨ ᠦᠢᠯᠡᠰ ᠦᠨ ᠬᠥᠭ᠌ᠵᠢᠯᠲᠡ᠎ᠶ᠋ᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠪᠠᠨ ᠲᠡᠰᠦᠷᠡᠯᠳᠠ ᠤᠢ᠍ᠭᠡᠢ ᠭᠦᠨᠵᠡᠭᠡᠢᠷᠡᠭᠦᠯᠵᠦ᠍᠂ ᠪᠤᠷᠤᠭᠤ ᠬᠡᠯᠪᠡᠷᠢᠯ᠎ᠢ ᠵᠠᠯᠠᠷᠠᠭᠤᠯᠵᠠᠢ ; ᠨᠠᠮ᠎ᠤᠨ ᠭᠣᠣᠯ ᠡᠭᠦᠷᠭᠡ ᠪᠠ ᠨᠠᠮ ᠤᠨ ᠭᠡᠱᠢᠭᠦᠨ ᠺᠠᠳ᠋ᠷᠴᠤᠳ᠎ᠤᠨ ᠦᠵᠡᠯᠰᠠᠨᠠᠭᠠᠨᠤ ᠪᠠᠢᠳᠠᠯ ᠤᠨ ᠬᠤᠪᠢᠷᠠᠯᠲᠠ᠎ᠲᠠᠶ ᠨᠢᠭ᠍ᠲᠠ ᠤᠶᠠᠯᠳᠤᠭᠤᠯᠤᠨ᠂ ᠴᠠᠭ ᠦᠶ᠎ᠡ ᠲᠡᠶ ᠵᠡᠷᠭᠡ ᠪᠡᠷ ᠤᠷᠤᠭ᠍ᠰᠢᠯᠠᠨ ᠰᠤᠷᠤᠯᠴᠠᠬᠤ ᠱᠢᠨ᠎ᠡ ᠱᠠᠭᠠᠷᠳᠠᠯᠭ᠎ᠠ᠎ᠶ᠋ᠢ ᠳᠤᠷᠠᠳᠤᠨ ᠭᠠᠷᠭᠠᠵᠤ᠂ ᠰᠤᠷᠤᠯᠴᠠᠯᠭ᠎ᠠ᠎ᠶ᠋ᠢ ᠭᠦᠨᠵᠡᠭᠡᠢᠷᠡᠭᠦᠯᠵᠠᠢ; ᠨᠠᠮ᠎ᠤᠨ ᠦᠨᠳᠦᠰᠦᠨ ᠤᠨᠤᠯ᠎ᠢ ᠰᠤᠷᠤᠯᠴᠠᠬᠤ ᠶ᠋ᠢ ᠲᠤᠰᠭᠠᠢ ᠮᠡᠷᠭᠡᠵᠢᠯ ᠦᠨ ᠮᠡᠳᠡᠯᠭᠡ ᠰᠤᠷᠤᠯᠴᠠᠬᠤ᠎ᠲᠠᠶ ᠤᠶᠠᠯᠳᠤᠭᠤᠯᠵᠤ᠂ ᠡᠮᠦᠨᠡᠬᠢᠨᠢᠬᠣᠢᠨᠠᠬᠢᠪᠠᠨᠤᠳᠤᠷᠢᠳᠬᠤ᠂ᠰᠤᠷᠤᠯᠴᠠᠬᠤᠰᠡᠳᠭᠢᠬᠦ᠌ᠬᠡᠷᠡᠭ᠌ᠯᠡᠬᠦ᠌ᠶ᠋ᠢ ᠤᠶᠠᠯᠳᠤᠭᠤᠯᠬᠤ᠂ ᠮᠡᠳᠡᠬᠦᠢ ᠢᠲᠡᠭᠡᠬᠦᠢ ᠬᠢᠬᠦᠢ ᠶ᠋ᠢ ᠨᠢᠭᠡᠳᠭᠡᠬᠦ᠌ ᠶ᠋ᠢ ᠪᠠᠷᠢᠮᠲᠠᠯᠠᠠ᠂ ᠰᠤᠷᠤᠯᠴᠠᠯᠭ᠎ᠠ ᠶ᠋ᠢᠨ ᠦᠷ᠎ᠡ ᠪᠦᠲᠦᠮᠵᠢ᠎ᠶ᠋ᠢ ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭᠠᠳᠭᠠᠬᠤᠳᠡᠭᠡᠷᠡ ᠨᠠᠢᠳᠠᠪᠤᠷᠢᠵᠢᠭᠤᠯᠪᠠ; ᠡᠯ᠎ᠡ ᠱᠠᠲᠤᠨ ᠤ ᠵᠣᠬᠢᠶᠠᠨ ᠪᠠᠢᠭᠤᠯᠤᠯᠲᠠ᠎ᠶ᠋ᠢᠨ ᠰᠤᠷᠤᠯᠴᠠᠯᠭ᠎ᠠ᠎ᠶ᠋ᠢ ᠵᠢᠯᠣᠭᠣᠳᠭᠤ ᠪᠠ ᠬᠢᠨᠠᠨ ᠱᠢᠯᠭᠠᠬᠤ ᠶ᠋ᠢ ᠴᠢᠩᠭᠠᠳᠭᠠᠵᠤ ᠂ ᠤᠬᠠᠮᠰᠠᠷ ᠢᠶᠠᠨ ᠳᠡᠭᠡᠭ᠌ᠰᠢᠯᠡᠭᠦᠯᠬᠦ᠌ ᠂ ᠠᠵᠢᠯ᠎ᠢᠶᠠᠨ ᠰᠠᠢᠲᠤᠷ ᠬᠢᠬᠦ᠌ ᠶ᠋ᠢᠨ ᠪᠣᠳᠠᠲᠠᠶ ᠢᠯᠡᠷᠡᠯ ᠢᠶᠡᠷ ᠰᠤᠷᠤᠯᠴᠠᠯᠭ᠎ᠠ ᠶ᠋ᠢᠨ ᠦᠷ᠎ᠡ ᠪᠦᠲᠦᠮᠵᠢ ᠶ᠋ᠢ ᠱᠢᠯᠭᠠᠨ ᠪᠠᠢᠴᠠᠭᠠᠵᠠᠢ᠃
ᠰᠤᠷᠤᠯᠴᠠᠬᠤ᠎ᠳᠠᠭᠠᠨ ᠴᠢᠳᠠᠮᠠᠭᠠᠶ ᠪᠣᠯ ᠰᠠᠶᠢ ᠲᠠᠰᠤᠷᠠᠯᠲᠠ ᠦᠭᠡᠢ ᠳᠠᠪᠱᠢᠵᠤ ᠴᠢᠳᠠᠨ᠎ᠠ᠃ ᠶᠡᠷᠦᠩᠬᠡᠢ ᠱᠦᠵᠢ ᠰᠢ᠎ᠶ᠋ᠢᠨ ᠫᠢᠩ ᠄ 《ᠳᠤᠮᠳᠠᠳᠤ ᠤᠯᠤᠰ ᠤᠨ ᠡᠪ ᠬᠠᠮᠲᠤᠴᠤᠳ ᠰᠤᠷᠤᠯᠴᠠᠯᠭ᠎ᠠ ᠳᠤ ᠲᠦᠱᠢᠭ᠌ᠯᠡᠨ ᠥᠨᠥᠳᠦᠷ᠎ᠲᠦ ᠬᠦᠷᠴᠦ᠍ ᠢᠷᠡᠭ᠌ᠰᠡᠨ ᠪᠥᠭᠡᠳ ᠰᠤᠷᠤᠯᠴᠠᠯᠭ᠎ᠠ᠎ᠳᠤ ᠲᠦᠱᠢᠭ᠌ᠯᠡᠨ ᠢᠷᠡᠭᠡᠳᠦᠢ ᠲᠡᠢᠰᠢ ᠤᠷᠤᠭ᠍ᠰᠢᠯᠠᠬᠤ ᠨᠢ ᠵᠠᠢᠯᠠᠰᠢ ᠦᠭᠡᠢ ᠶᠤᠮ》 ᠬᠡᠵᠠᠢ᠃ ᠳᠡᠯᠡᠬᠡᠢ ᠳ᠋ᠠᠬᠢᠨ᠎ᠤ ᠵᠠᠭᠤᠨ ᠵᠢᠯ ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢᠨ ᠡᠮᠦᠨ᠎ᠡ᠂ ᠠᠭᠤᠤ ᠶᠡᠬᠡ ᠲᠡᠮᠡᠴᠡᠯ ᠬᠢᠬᠦ᠌᠂ ᠠᠭᠤᠤ ᠶᠡᠬᠡ ᠢᠨᠵᠧᠨᠧᠷᠢᠩ᠎ᠢ ᠪᠦᠲᠦᠭᠡᠨ ᠪᠠᠢᠭᠤᠯᠬᠤ᠂ ᠠᠭᠤᠤ ᠶᠡᠬᠡ ᠦᠢᠯᠡᠰ᠎ᠢ ᠠᠬᠢᠭᠤᠯᠬᠤ᠂ ᠠᠭᠤᠤ ᠶᠡᠬᠡ ᠬᠦᠰᠡᠯ ᠵᠡᠭᠦᠳᠦ᠍᠎ᠶ᠋ᠢ ᠪᠡᠶᠡᠯᠡᠭᠦᠯᠬᠦ᠌ ᠰᠦᠷ ᠳᠠᠯᠠᠢᠴᠠᠲᠠᠢ ᠦᠢᠯᠡᠳᠦᠯᠭᠡ ᠶ᠋ᠢᠨ ᠡᠮᠦᠨ᠎ᠡ᠂ ᠥᠩᠭᠡᠷᠡᠭ᠌ᠰᠡᠨ᠎ᠲᠡᠶ ᠬᠠᠷᠢᠴᠠᠭᠤᠯᠪᠠᠯ᠂ ᠪᠢᠳᠡᠨ ᠦ ᠥᠨᠥᠳᠦᠷ᠎ᠦᠨ ᠰᠤᠷᠤᠯᠴᠠᠯᠭ᠎ᠠ᠎ᠶ᠋ᠢᠨ ᠡᠭᠦᠷᠭᠡ ᠬᠥᠩᠭᠡᠷᠡᠭ᠌ᠰᠡᠨ ᠪᠢᠰᠢ᠂ ᠬᠠᠷᠢᠨ ᠨᠡᠩ ᠬᠦᠨᠳᠦᠷᠡᠭ᠌ᠰᠡᠨ ᠪᠠᠢᠨ᠎ᠠ᠃ ᠪᠦᠬᠦ᠌ ᠨᠠᠮ᠎ᠤᠨ ᠨᠥᠬᠥᠳ ᠢᠯᠠᠩᠭᠤᠶ᠎ᠠ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ ᠴᠥᠮ ᠰᠤᠷᠤᠯᠴᠠᠯᠭ᠎ᠠ ᠪᠠᠨ ᠴᠢᠩᠭᠠᠳᠭᠠᠬᠤ ᠲᠤᠯᠭᠠᠮ ᠰᠡᠳᠭᠢᠯᠭᠡ ᠲᠡᠶ ᠪᠠᠢᠵᠤ᠂ ᠰᠤᠷᠤᠯᠴᠠᠯᠭ᠎ᠠ ᠶ᠋ᠢ ᠨᠡᠩ ᠡᠷᠬᠢᠮᠯᠡᠨ᠂ ᠰᠤᠷᠤᠯᠴᠠᠯᠭ᠎ᠠ ᠪᠠᠨ ᠢᠳᠡᠪᠬᠢᠲᠡᠢ ᠥᠭᠡᠷᠡᠴᠢᠯᠡᠵᠦ᠍᠂ ᠰᠤᠷᠤᠯᠴᠠᠯᠭ᠎ᠠ ᠪᠠᠨ ᠦᠷᠭᠦᠯᠵᠢᠯᠡᠨ ᠭᠦᠨᠵᠡᠭᠡᠢᠷᠡᠭᠦᠯᠬᠦ᠌ ᠬᠡᠷᠡᠭ᠌ᠲᠡᠢ᠃ 《ᠡᠷᠳᠡᠮᠲᠡᠨ ᠬᠡᠮᠡᠭ᠌ᠴᠢ ᠵᠠᠪᠠᠯ ᠨᠣᠶᠠᠨ ᠰᠠᠭᠤᠬᠤ ᠪᠤᠰᠤ᠂ ᠬᠠᠷᠢᠨ ᠨᠣᠶᠠᠨ ᠰᠠᠭᠤᠭ᠍ᠴᠢ ᠵᠠᠪᠠᠯ ᠰᠤᠷᠬᠤ ᠬᠡᠷᠡᠭᠲᠠᠢ》 ᠭᠡᠳᠡᠭ ᠶᠣᠰᠣ᠎ᠶ᠋ᠢ ᠲᠣᠳᠣᠷᠬᠠᠢ ᠮᠡᠳᠡᠵᠦ᠍᠂ ᠬᠢᠨᠠᠮᠠᠭᠠᠢ ᠣᠪᠣᠷ ᠢᠶᠠᠷ ᠰᠤᠷᠤᠯᠴᠠᠯᠭ᠎ᠠ ᠳᠤ ᠬᠠᠨᠳᠤᠵᠤ᠂ ᠰᠤᠷᠤᠯᠴᠠᠯᠭ᠎ᠠ ᠶ᠋ᠢ ᠦᠨᠡᠨ ᠬᠦ᠌ ᠨᠢᠭᠡ ᠵᠦᠢᠯ᠎ᠦᠨ ᠬᠥᠭᠡᠭᠡᠴᠡᠯᠳᠦᠯ᠂ ᠨᠢᠭᠡ ᠵᠦᠢᠯ ᠦᠨ ᠳᠤᠷ᠎ᠠ ᠪᠠᠬ᠎ᠠ᠂ ᠨᠢᠭᠡ ᠵᠦᠢᠯ ᠦᠨ ᠡᠷᠡᠭᠦᠯ ᠠᠮᠢᠳᠤᠷᠠᠯ ᠤᠨ ᠠᠷᠭ᠎ᠠ ᠮᠠᠶᠢᠭ ᠪᠣᠯᠭᠠᠵᠤ᠂ ᠡᠷᠬᠢᠮ ᠳᠡᠭᠡᠳᠦ ᠡᠭᠦᠷᠭᠡᠲᠦ ᠰᠡᠳᠭᠢᠯᠭᠡ ᠬᠠᠷᠢᠭᠤᠴᠠᠯᠭᠠᠲᠤ ᠰᠡᠳᠭᠢᠯᠭᠡ᠎ᠶ᠋ᠢ ᠰᠤᠷᠤᠯᠴᠠᠯᠭ᠎ᠠ ᠶ᠋ᠢᠨ ᠥᠨᠢᠳᠡ ᠶ᠋ᠢᠨ ᠬᠥᠳᠡᠯᠭᠡᠭ᠌ᠴᠢ ᠬᠦᠴᠦᠨ ᠪᠣᠯᠭᠠᠵᠤ᠂ ᠤᠬᠠᠮᠰᠠᠷ ᠡᠴᠡ᠎ᠪᠠᠨ ᠰᠤᠷᠤᠯᠴᠠᠬᠤ᠂ ᠰᠠᠨᠠᠭᠠᠴᠢᠯᠠᠭ᠎ᠠ ᠡᠴᠡ ᠪᠠᠨ ᠰᠤᠷᠤᠯᠴᠠᠬᠤ᠂ ᠨᠠᠰᠤᠨ ᠲᠤᠷᠱᠢᠳᠠ ᠰᠤᠷᠤᠯᠴᠠᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃ ᠨᠠᠮ᠎ᠤᠨ ᠳᠣᠲᠣᠭᠠᠳᠤ᠎ᠶ᠋ᠢᠨ ᠰᠤᠷᠤᠯᠴᠠᠯᠭ᠎ᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠵᠣᠬᠢᠶᠠᠨ ᠪᠠᠢᠭᠤᠯᠤᠯᠲᠠ᠎ᠶ᠋ᠢᠨ ᠱᠠᠭᠠᠷᠳᠠᠯᠭ᠎ᠠ᠂ ᠠᠵᠢᠯ᠎ᠤᠨ ᠪᠠᠢᠷᠢ ᠶ᠋ᠢᠨ ᠬᠡᠷᠡᠭ᠌ᠴᠡᠭᠡ ᠪᠠ ᠨᠠᠮ ᠤᠨ ᠭᠡᠱᠢᠭᠦᠨ ᠺᠠᠳ᠋ᠷᠴᠤᠳ᠎ᠤᠨ ᠰᠤᠷᠤᠯᠴᠠᠯᠭ᠎ᠠ ᠶ᠋ᠢᠨ ᠰᠠᠨᠠᠭᠠᠴᠢᠯᠠᠭᠠᠲᠤ ᠴᠢᠨᠠᠷ ᠢ ᠣᠷᠭᠠᠨᠢᠭ ᠢᠶᠠᠷ ᠤᠶᠠᠯᠳᠤᠭᠤᠯᠵᠤ ᠂ ᠨᠠᠮ ᠤᠨ ᠳᠣᠲᠣᠭᠠᠳᠤ ᠶ᠋ᠢᠨ ᠰᠤᠷᠤᠯᠴᠠᠯᠭ᠎ᠠ ᠶ᠋ᠢᠨ ᠲᠥᠯᠥᠪᠯᠡᠭᠡᠲᠦ ᠴᠢᠨᠠᠷ᠂ ᠵᠣᠬᠢᠶᠠᠨ ᠪᠠᠢᠭᠤᠯᠤᠯᠳᠠ᠎ᠲᠤ ᠴᠢᠨᠠᠷ᠂ ᠬᠠᠨᠳᠤᠯᠭᠠᠲᠤ ᠴᠢᠨᠠᠷ᠎ᠢ ᠴᠢᠨᠠᠭᠰᠢᠲᠠ ᠳᠡᠭᠡᠭ᠌ᠰᠢᠯᠡᠭᠦᠯᠵᠦ᠍᠂ ᠰᠤᠷᠤᠯᠴᠠᠯᠭ᠎ᠠ ᠶ᠋ᠢᠨ ᠴᠢᠨᠠᠷ ᠴᠢᠨᠰᠠᠭ᠎ᠠ ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ᠃ ᠰᠢ᠎ᠶ᠋ᠢᠨ ᠫᠢᠩ ᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠯᠭ᠎ᠠ᠎ᠶ᠋ᠢᠨ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠭᠠᠵᠤ᠂ ᠰᠤᠷᠤᠯᠴᠠᠨ ᠣᠢᠯᠠᠭᠠᠵᠤ ᠨᠡᠪᠲᠡᠷᠡᠲᠡᠯ᠎ᠡ ᠡᠵᠡᠮᠱᠢᠵᠦ᠍ ᠪᠣᠳᠠᠲᠠᠢᠵᠢᠭᠤᠯᠬᠤ ᠳᠡᠭᠡᠷ᠎ᠡ ᠬᠦᠴᠦ᠍ ᠣᠷᠣᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠬᠦ᠌ ᠳᠤᠮᠳᠠ ᠦᠵᠡᠯ ᠰᠠᠨᠠᠭ᠎ᠠ ᠪᠠᠨ ᠨᠢᠭᠡᠳᠭᠡᠵᠦ᠍᠂ ᠲᠠᠨᠢᠯᠲᠠ ᠪᠠᠨ ᠭᠦᠨᠵᠡᠭᠡᠢᠷᠡᠭᠦᠯᠬᠦ᠌ ᠳᠤᠮᠳᠠ ᠲᠠᠨᠢᠯᠲᠠ ᠪᠠᠨ ᠳᠡᠭᠡᠭ᠌ᠰᠢᠯᠡᠭᠦᠯᠬᠦ᠌ ᠬᠡᠷᠡᠭ᠌ᠲᠡᠢ᠃ ᠰᠤᠷᠴᠤ᠌ ᠡᠵᠡᠮᠱᠢᠭ᠌ᠰᠡᠨ ᠡᠷᠳᠡᠮ ᠴᠢᠳᠠᠪᠤᠷᠢ ᠪᠠᠨ ᠪᠣᠳᠠᠲᠠᠢ ᠠᠵᠢᠯ ᠤᠨ ᠳᠤᠮᠳᠠ ᠬᠡᠷᠡᠭ᠌ᠯᠡᠵᠦ᠍᠂ ᠠᠰᠠᠭᠤᠳᠠᠯ᠎ᠳᠤ ᠴᠢᠭ᠌ᠯᠡᠭᠦᠯᠦᠨ ᠰᠤᠷᠤᠯᠴᠠᠵᠤ᠂ ᠠᠷᠠᠳ ᠲᠦᠮᠡᠨ ᠢᠶᠡᠷ ᠪᠠᠭ᠍ᠰᠢ ᠪᠠᠷᠢᠵᠤ᠂ ᠬᠢᠬᠦ᠌ ᠳᠤᠮᠳᠠ᠎ᠪᠠᠨ ᠰᠤᠷᠴᠤ᠌᠂ ᠰᠤᠷᠬᠤ ᠳᠤᠮᠳᠠ ᠪᠠᠨ ᠬᠢᠵᠦ᠍᠂ ᠰᠤᠷᠤᠭ᠍ᠰᠠᠨ ᠢᠶᠠᠨ ᠬᠡᠷᠡᠭ᠌ᠯᠡᠵᠦ᠍᠂ ᠬᠡᠷᠡᠭ᠌ᠯᠡᠬᠦ᠌᠎ᠪᠡᠷ ᠰᠤᠷᠤᠯᠴᠠᠯᠭ᠎ᠠ ᠪᠠᠨ ᠠᠬᠢᠭᠤᠯᠵᠤ᠂ ᠰᠤᠷᠴᠤ᠌ ᠬᠡᠷᠡᠭ᠌ᠯᠡᠬᠦ᠌᠎ᠶ᠋ᠢ ᠵᠡᠷᠭᠡ ᠪᠡᠷ ᠳᠡᠭᠡᠭ᠌ᠰᠢᠯᠡᠭᠦᠯᠬᠦ᠌ ᠬᠡᠷᠡᠭ᠌ᠲᠡᠢ᠃ (《ᠠᠷᠠᠳ ᠤ᠋ᠨ ᠡᠲᠦᠷ ᠤ᠋ᠨ ᠰᠤᠨᠢᠨ》 ᠡᠴᠠ ᠪᠤᠤ ᠢᠤᠢ ᠶᠢᠡᠭ ᠤᠷᠴᠢᠭᠤᠯᠪᠠ)