ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠎ᠶ᠋ᠢ ᠰᠠᠢᠲᠤᠷ ᠰᠤᠷᠤᠯᠴᠠᠶ᠎ᠠ
2021-11-22 10:39:43
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

                ᠨᠢᠭᠡ

ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠶᠡᠬᠡ ᠳᠡᠭᠡᠳᠦ ᠰᠤᠷᠭᠠᠭᠤᠯᠢ᠎ᠶ᠋ᠢᠨ ᠰᠤᠷᠭᠠᠭᠤᠯᠢ ᠡᠷᠬᠢᠯᠡᠵᠤ ᠬᠥᠮᠦᠨ ᠬᠥᠮᠦᠵᠢᠭᠦᠯᠬᠦ᠌ ᠪᠦᠬᠦ᠌ ᠶᠠᠪᠤᠴᠠ᠎ᠳᠤ ᠲᠤᠭᠤᠰᠢᠯᠠᠭᠤᠯᠵᠦ᠂ ᠡᠬᠡ ᠣᠷᠣᠨᠴᠢ ᠦᠵᠡᠯ᠎ᠢᠶᠡᠷ ᠭᠣᠣᠯᠯᠠᠭᠤᠯᠤᠭ᠍ᠰᠠᠨ ᠦᠨᠳᠦᠰᠦᠲᠡᠨ᠎ᠦ ᠵᠣᠷᠢᠭ ᠰᠠᠨᠠᠭ᠎ᠠ ᠪᠠ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠭᠣᠣᠯᠯᠠᠭᠤᠯᠤᠭ᠍ᠰᠠᠨ ᠴᠠᠭ ᠦᠶ᠎ᠡ᠎ᠶ᠋ᠢᠨ ᠵᠣᠷᠢᠭ ᠰᠠᠨᠠᠭ᠎ᠠ᠎ᠶ᠋ᠢ ᠪᠠᠳᠠᠷᠠᠭᠤᠯᠵᠦ᠂ ᠨᠡᠢᠭᠡᠮ ᠵᠢᠷᠤᠮ᠎ᠤᠨ ᠭᠣᠣᠯᠯᠠᠬᠴᠢ ᠥᠷᠲᠡᠭ᠎ᠦᠨ ᠦᠵᠡᠯᠲᠡ᠎ᠪᠡᠷ ᠮᠡᠳᠡᠯᠭᠡ᠎ᠶ᠋ᠢᠨ ᠬᠥᠮᠦᠵᠢᠯ᠎ᠢ ᠬᠥᠲᠥᠯᠥᠨ ᠵᠢᠯᠣᠭᠣᠳᠭᠤ᠎ᠶ᠋ᠢ ᠪᠠᠷᠢᠮᠲᠠᠯᠠᠵᠦ᠂ ᠪᠠᠭ᠍ᠰᠢ᠎ᠶ᠋ᠢᠨ ᠶᠣᠰᠣ ᠮᠣᠷᠠᠯ᠎ᠤᠨ ᠪᠠᠢᠭᠤᠯᠤᠯᠲᠠ᠎ᠶ᠋ᠢ ᠬᠥᠲᠥᠯᠥᠨ ᠳᠠᠭᠠᠭᠤᠯᠵᠦ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠪᠠ ᠬᠤᠪᠢᠰᠭᠠᠯᠲᠤ ᠰᠣᠶᠣᠯ᠂ ᠨᠡᠢᠭᠡᠮ ᠵᠢᠷᠤᠮ᠎ᠤᠨ᠎ᠲᠡᠷᠢᠭᠦᠨ᠎ᠦ᠎ᠰᠣᠶᠣᠯ᠎ᠤᠨ ᠬᠥᠮᠦᠵᠢᠯ᠎ᠢ ᠴᠢᠩᠭᠠᠳᠭᠠᠵᠦ᠂ ᠨᠠᠮ᠎ᠤᠨ ᠲᠡᠦᠬᠡ᠂ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠎ᠶ᠋ᠢᠨ ᠬᠥᠮᠦᠵᠢᠯ᠎ᠢ ᠴᠢᠩᠭᠠᠳᠭᠠᠵᠦ᠂ ᠤᠯᠤᠰ ᠣᠷᠣᠨ᠎ᠤ ᠤᠬᠠᠮᠰᠠᠷ᠂ ᠬᠠᠤᠯᠢ᠎ᠪᠠᠷ ᠵᠠᠰᠠᠬᠤ ᠤᠬᠠᠮᠰᠠᠷ᠂ ᠨᠡᠢᠭᠡᠮ᠎ᠦᠨ ᠬᠠᠷᠢᠭᠤᠴᠠᠯᠭᠠᠲᠤ ᠤᠬᠠᠮᠰᠠᠷ᠎ᠤᠨ ᠬᠥᠮᠦᠵᠢᠯ ᠪᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠂ ᠤᠯᠤᠰ᠎ᠤᠨ ᠠᠮᠤᠷ ᠲᠦᠪᠱᠢᠨ᠎ᠦ ᠬᠥᠮᠦᠵᠢᠯ᠂ ᠱᠢᠨᠵᠢᠯᠡᠬᠦ᠌ ᠤᠬᠠᠭᠠᠨᠴᠢ ᠵᠣᠷᠢᠭ ᠰᠠᠨᠠᠭᠠᠨ᠎ᠤ ᠬᠥᠮᠦᠵᠢᠯ᠎ᠢ ᠴᠢᠡᠭᠭᠠᠳᠬᠠᠬᠤ ᠬᠡᠷᠡᠭᠳᠡᠢ᠃

(ᠰᠢ ᠵᠢᠨ ᠫᠢᠡᠭ᠎ᠤᠨ 2016 ᠣᠨ᠎ᠤ 12 ᠰᠠᠷ᠎ᠠ᠎ᠶ᠋ᠢᠨ 7 ᠎ᠤ ᠡᠳᠦᠷ

ᠪᠦᠬᠦ᠌ ᠤᠯᠤᠰ᠎ᠤᠨ ᠶᠡᠬᠡ ᠳᠡᠭᠡᠳᠦ ᠰᠤᠷᠭᠠᠭᠤᠯᠢ ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠠᠵᠢᠯ᠎ᠤᠨ ᠬᠤᠷᠠᠯ ᠳᠡᠭᠡᠷ᠎ᠡ ᠶᠠᠷᠢᠭ᠍ᠰᠠᠨ ᠶᠠᠷᠢᠶ᠎ᠠ)  

                ᠬᠤᠶᠠᠷ

ᠱᠠᠩᠬᠠᠶ ᠪᠣᠯ ᠮᠠᠨ᠎ᠤ ᠨᠠᠮ᠎ᠤᠨ ᠮᠡᠨᠳᠦᠯᠡᠭ᠌ᠰᠡᠨ ᠭᠠᠵᠠᠷ ᠮᠥᠨ᠂ ᠨᠠᠮ ᠪᠠᠢᠭᠤᠯᠤᠭ᠍ᠳᠠᠭ᠍ᠰᠠᠨ ᠎ᠤ ᠳᠠᠷᠠᠭ᠎ᠠ ᠎ᠨᠠᠮ ᠎ᠤᠨ ᠎ᠲᠥᠪ ᠎ᠬᠣᠷᠢᠶᠠᠨ ᠎ᠤ ᠎ᠪᠠᠢᠭᠤᠯᠭ᠎ᠠ ᠎ᠣᠷᠳᠣ ᠬᠤᠭᠤᠴᠠᠭ᠎ᠠ᠎ᠪᠠᠷ ᠱᠠᠩᠬᠠᠶ᠎ᠳᠤ ᠰᠠᠭᠤᠪᠡ᠃ ᠪᠢ ᠨᠠᠮ᠎ᠤᠨ ᠠᠩᠬᠠᠳᠤᠭᠠᠷ ᠶᠡᠬᠡ ᠬᠤᠷᠠᠯ᠎ᠤᠨ ᠬᠤᠷᠠᠯᠳᠤᠭ᠍ᠰᠠᠨ ᠭᠠᠵᠠᠷ ᠎ᠢ ᠣᠯᠠᠨᠲᠠ ᠪᠠᠷᠠᠯᠬᠠᠰᠠᠨ᠂ ᠤᠳᠠᠭ᠎ᠠ ᠪᠣᠯᠭᠠᠨ ᠮᠠᠰᠢ ᠭᠦᠨ ᠲᠥᠷᠥᠭ᠌ᠳᠡᠯ᠎ᠲᠡᠶ᠃ ᠱᠠᠩᠬᠠᠢ᠎ᠶ᠋ᠢᠨ ᠬᠢᠨ ᠡᠳᠡᠭᠡᠷ ᠡᠯᠪᠡᠭ ᠪᠠᠶᠠᠯᠢᠭ ᠬᠤᠪᠢᠰᠭᠠᠯ᠎ᠤᠨ ᠡᠬᠢ ᠪᠠᠶᠠᠯᠢᠭ᠎ᠢᠶᠠᠷ ᠭᠣᠣᠯ ᠰᠡᠳᠦᠪᠲᠦ ᠬᠥᠮᠦᠵᠢᠯ᠎ᠦᠨ ᠠᠮᠢᠳᠤᠯᠢᠭ ᠵᠢᠭᠠᠬᠤ ᠮᠠᠲ᠋ᠧᠷᠢᠶᠠᠯ ᠪᠣᠯᠭᠠᠵᠤ᠂ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷᠴᠤᠳ᠎ᠤᠨ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠳᠠ᠎ᠶ᠋ᠢᠨ ᠲᠡᠦᠬᠡ᠎ᠶ᠋ᠢ ᠭᠦᠨᠵᠡᠭᠡᠢ ᠰᠤᠷᠤᠯᠴᠠᠬᠤ᠎ᠶ᠋ᠢ ᠬᠦᠳᠦᠯᠦᠨ ᠵᠢᠯᠣᠭᠣᠳᠴᠤ᠌᠂ ᠤᠬ᠎ᠰᠠᠨᠠᠭ᠎ᠠ᠎ᠪᠠᠨ ᠤᠯᠠᠮᠵᠢᠯᠠᠨ ᠵᠠᠯᠭᠠᠮᠵᠢᠯᠠᠵᠤ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂《ᠬᠣᠣᠰ ᠵᠠᠭᠤᠨ ᠵᠢᠯ》᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌ ᠠᠬᠢᠴᠠ ᠳᠤᠮᠳᠠ ᠦᠨᠡᠨ ᠬᠦ᠌ ᠲᠡᠷᠢᠭᠦᠨ᠎ᠳᠦ ᠬᠣᠱᠢᠭᠤᠷᠠᠵᠤ᠂ ᠡᠮᠦᠨ᠎ᠡ ᠡᠩᠨᠡᠭᠡᠨ᠎ᠳᠦ ᠶᠠᠪᠤᠬᠤ ᠬᠡᠷᠡᠭ᠌ᠲᠡᠢ᠃

(ᠰᠢ ᠵᠢᠨ ᠫᠢᠡᠭ᠎ᠤᠨ 2019 ᠣᠨ᠎ᠤ 11 ᠰᠠᠷ᠎ᠠ᠎ᠶ᠋ᠢᠨ 3 ᠎ᠤ ᠡᠳᠦᠷ 

ᠱᠠᠩᠬᠠᠢ᠎ᠳᠤ ᠠᠵᠢᠯ ᠪᠠᠢᠴᠠᠭᠠᠵᠤ ᠳᠠᠭᠤᠰᠭᠤ ᠦᠶ᠎ᠡ᠎ᠳᠦ ᠶᠠᠷᠢᠭ᠍ᠰᠠᠨ ᠶᠠᠷᠢᠶ᠎ᠠ)

                ᠭᠤᠷᠪᠠ

ᠤᠨᠤᠯ᠎ᠤᠨ ᠱᠢᠨ᠎ᠡ ᠡᠭᠦᠳᠦᠯᠲᠡ ᠨᠢᠭᠡ ᠠᠯᠬᠤᠮ ᠤᠷᠤᠭ᠍ᠰᠢᠯᠠᠬᠤ ᠪᠦᠷᠢ ᠤᠨᠤᠯ᠎ᠤᠨ ᠵᠡᠪᠰᠡᠭ᠌ᠯᠡᠯ ᠴᠦ᠍ ᠨᠢᠭᠡ ᠠᠯᠬᠤᠮ ᠳᠠᠭᠠᠨ ᠤᠷᠤᠭ᠍ᠰᠢᠯᠠᠬᠤ ᠬᠡᠷᠡᠭ᠌ᠲᠡᠢ᠃ ᠨᠠᠮ᠎ᠤᠨ ᠤᠳᠠᠭ᠎ᠠ ᠪᠦᠷᠢ᠎ᠶ᠋ᠢᠨ ᠲᠥᠪᠯᠡᠷᠡᠩᠭᠦᠢ ᠬᠥᠮᠦᠵᠢᠯ᠎ᠦᠨ ᠠᠵᠢᠯᠯᠠᠭ᠎ᠠ᠎ᠶ᠋ᠢ ᠴᠥᠮ ᠦᠵᠡᠯ ᠰᠠᠨᠠᠭᠠᠨ᠎ᠤ ᠬᠥᠮᠦᠵᠢᠯ᠎ᠢᠶᠡᠷ ᠡᠬᠢᠯᠡᠭᠦᠯᠵᠦ᠍᠂ ᠰᠤᠷᠤᠯᠴᠠᠯᠭ᠎ᠠ ᠭᠦᠨᠵᠡᠭᠡᠢ ᠪᠤᠰᠤ᠂ ᠦᠵᠡᠯ ᠰᠠᠨᠠᠭ᠎ᠠ ᠨᠢᠭᠡᠳᠦᠯ ᠦᠭᠡᠢ᠂ ᠦᠢᠯᠡ ᠠᠵᠢᠯᠯᠠᠭ᠎ᠠ ᠳᠠᠭᠠᠵᠤ ᠠᠮᠵᠢᠬᠤ ᠦᠭᠡᠢ ᠪᠠᠢᠬᠤ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠦᠷᠭᠦᠯᠵᠢᠯᠡᠨ ᠬᠦᠴᠦᠯᠡᠬᠦ᠌ ᠮᠥᠷᠲᠡᠭᠡᠨ ᠪᠠᠰᠠ ᠲᠥᠪᠯᠡᠷᠡᠭᠦᠯᠦᠨ ᠬᠦᠴᠦᠯᠡᠵᠦ᠍᠂ ᠪᠦᠬᠦ᠌ ᠨᠠᠮ᠎ᠤᠨ ᠦᠵᠡᠯ ᠰᠠᠨᠠᠭᠠᠨ᠎ᠤ ᠲᠠᠯ᠎ᠠ᠎ᠪᠠᠷ ᠨᠢᠭᠡᠳᠦᠯᠲᠡᠢ᠂ ᠤᠯᠤᠰ ᠲᠦᠷᠦ᠍᠎ᠶ᠋ᠢᠨ ᠲᠠᠯ᠎ᠠ᠎ᠪᠠᠷ ᠪᠦᠯᠬᠦᠮᠳᠡᠯ᠎ᠲᠡᠶ᠂ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠨᠢᠭᠡᠳᠦᠯᠲᠡᠢ ᠪᠠᠢᠬᠤ᠎ᠶ᠋ᠢ ᠠᠬᠢᠭᠤᠯᠪᠠ᠃ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠢ ᠰᠤᠷᠤᠯᠴᠠᠨ ᠲᠤᠭᠤᠱᠢᠯᠠᠭᠤᠯᠬᠤ᠎ᠶ᠋ᠢ ᠦᠵᠡᠯ ᠰᠠᠨᠠᠭ᠎ᠠ᠎ᠪᠠᠨ ᠵᠡᠪᠰᠡᠭ᠌ᠯᠡᠬᠦ᠌᠎ᠶ᠋ᠢᠨ ᠴᠢᠬᠤᠯᠠ᠎ᠠᠴᠠ ᠴᠢᠬᠤᠯᠠ ᠵᠦᠢᠯ ᠪᠣᠯᠭᠠᠵᠤ᠂ ᠮᠠᠷᠺᠰ᠎ᠤᠨ᠎ᠦᠵᠡᠯ᠎ᠦᠨ ᠦᠨᠳᠦᠰᠦᠨ ᠤᠭ ᠶᠣᠰᠣ᠎ᠶ᠋ᠢ ᠰᠤᠷᠤᠯᠴᠠᠬᠤ᠎ᠲᠠᠶ ᠤᠶᠠᠯᠳᠤᠭᠤᠯᠵᠤ ᠂ ᠨᠠᠮ᠎ᠤᠨ ᠲᠡᠦᠬᠡ ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠎ᠶ᠋ᠢ ᠰᠤᠷᠤᠯᠴᠠᠬᠤ᠎ᠲᠠᠶ ᠤᠶᠠᠯᠳᠤᠭᠤᠯᠵᠤ᠂ ᠱᠢᠨ᠎ᠡ ᠴᠠᠭ ᠦᠶ᠎ᠡ᠎ᠶ᠋ᠢᠨ ᠪᠢᠳᠡᠨ᠎ᠦ ᠠᠭᠤᠤ ᠶᠡᠬᠡ ᠲᠡᠮᠡᠴᠡᠯ ᠬᠢᠬᠦ᠌᠂ ᠠᠭᠤᠤ ᠶᠡᠬᠡ ᠢᠨᠵᠧᠨᠧᠷᠢᠩ᠎ᠢ ᠪᠦᠲᠦᠭᠡᠨ ᠪᠠᠢᠭᠤᠯᠬᠤ᠂ ᠠᠭᠤᠤ ᠶᠡᠬᠡ ᠦᠢᠯᠡᠰ᠎ᠢ ᠠᠬᠢᠭᠤᠯᠬᠤ᠂ ᠠᠭᠤᠤ ᠶᠡᠬᠡ ᠬᠦᠰᠡᠯ ᠵᠡᠭᠦᠳᠦ᠍᠎ᠶ᠋ᠢ ᠪᠡᠶᠡᠯᠡᠭᠦᠯᠬᠦ᠌ ᠡᠯᠪᠡᠭ ᠪᠠᠶᠠᠯᠢᠭ ᠦᠢᠯᠡᠳᠦᠯᠭᠡ᠎ᠲᠡᠶ ᠤᠶᠠᠯᠳᠤᠭᠤᠯᠵᠤ᠂ ᠰᠤᠷᠤᠯᠴᠠᠨ ᠣᠢᠯᠠᠭᠠᠵᠤ ᠨᠡᠪᠲᠡᠷᠡᠲᠡᠯ᠎ᠡ ᠣᠢᠯᠠᠭᠠᠵᠤ ᠪᠣᠳᠠᠲᠠᠢᠵᠢᠭᠤᠯᠬᠤ ᠳᠡᠭᠡᠷ᠎ᠡ ᠬᠦᠴᠦ᠍ ᠣᠷᠣᠭᠤᠯᠵᠤ᠂ ᠦᠵᠡᠯ ᠰᠠᠨᠠᠭ᠎ᠠ᠎ᠪᠠᠨ ᠴᠢᠯᠥᠭᠡᠯᠡᠬᠦ᠌ ᠳᠤᠮᠳᠠ ᠦᠵᠡᠯ ᠰᠠᠨᠠᠭ᠎ᠠ᠎ᠪᠠᠨ ᠨᠢᠭᠡᠳᠭᠡᠵᠦ᠍᠂ ᠲᠠᠨᠢᠯᠲᠠ᠎ᠪᠠᠨ ᠭᠦᠨᠵᠡᠭᠡᠢᠷᠡᠭᠦᠯᠬᠦ᠌ ᠎ᠳᠤᠮᠳᠠ ᠎ᠲᠠᠨᠢᠯᠲᠠ ᠎ᠪᠠᠨ ᠎ᠳᠡᠭᠡᠭ᠌ᠰᠢᠯᠡᠭᠦᠯᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠦᠨᠡᠨ ᠬᠦ᠌ ᠴᠢᠩᠭᠠᠳᠭᠠᠬᠤ ᠬᠡᠷᠡᠭ᠌ᠲᠡᠢ᠃

(ᠰᠢ ᠵᠢᠨ ᠫᠢᠡᠭ᠎ᠤᠨ 2020 ᠣᠨ᠎ᠤ 1 ᠰᠠᠷ᠎ᠠ᠎ᠶ᠋ᠢᠨ 8 ᠎ᠤ ᠡᠳᠦᠷ

《ᠤᠬ ᠰᠠᠨᠠᠭ᠎ᠠ᠎ᠪᠠᠨ ᠦᠯᠦ᠍ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》ᠭᠣᠣᠯ ᠰᠡᠳᠦᠪᠲᠦ ᠬᠥᠮᠦᠵᠢᠯ᠎ᠦᠨ ᠳ᠋ᠦᠩᠨᠡᠯᠲᠡ᠎ᠶ᠋ᠢᠨ ᠶᠡᠬᠡ ᠬᠤᠷᠠᠯ ᠳᠡᠭᠡᠷ᠎ᠡ ᠶᠠᠷᠢᠬᠰᠠᠨ ᠶᠠᠷᠢᠶ᠎ᠠ)

 

ᠢᠷᠡᠯᠳᠡ᠄《ᠲᠤᠮᠳᠠᠳᠦ ᠤᠯᠤᠰ᠎ᠤᠨ ᠡᠪ ᠬᠠᠮᠳᠦ ᠨᠠᠮ᠎ᠤᠨ ᠲᠡᠤᠬᠡ ᠵᠢ ᠦᠬᠦᠯᠡᠬᠰᠡᠨ ᠨᠢ》

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号