2016 ᠤᠨ ᠤ 9 ᠰᠠᠷᠠᠳᠤ᠂ ᠦᠪᠦᠷ
ᠮᠤᠩᠭᠤᠯ ᠤᠨ ᠴᠢᠩ ᠱᠠᠨ ᠮᠠᠰᠢᠨ ᠲᠡᠷᠭᠡᠨᠤ ᠺᠤᠮᠫᠠᠨᠢ ᠬᠠᠮᠤᠭᠤᠨ ᠠᠩᠬᠠᠨᠤ ᠰᠢᠨ᠎ᠠ ᠡᠨᠧᠷᠬᠢ ᠵᠢᠨ ᠠᠶᠠᠨᠴᠢᠨᠤ
ᠮᠠᠰᠢᠨ ᠲᠡᠷᠭᠡ ᠵᠢ ᠦᠢᠯᠡᠳᠪᠤᠷᠢᠯᠡᠨ ᠭᠠᠷᠭᠠᠵᠦ ᠮᠠᠨᠤ ᠤᠷᠤᠨᠤ ᠬᠤᠯᠪᠤᠭᠳᠠᠯ ᠪᠦᠬᠦᠢ ᠬᠦᠷᠢᠶᠡᠨᠤ ᠬᠤᠭᠤᠰᠤᠨᠢ ᠨᠦᠬᠦᠪᠤᠷᠢᠯᠡᠵᠠᠢ ᠃
2018 ᠤᠨ ᠤ ᠡᠬᠢᠨᠳᠤ᠂ ᠳᠡᠯᠡᠬᠡᠢ
ᠵᠢᠨ ᠠᠩᠬᠠᠳᠠᠭᠴᠢ ᠬᠤᠪᠤᠷ ᠰᠢᠷᠤᠢ ᠵᠢᠨ ᠬᠦᠬᠦᠷᠳᠦ ᠨᠢᠭᠡᠳᠪᠤᠷᠢ ᠵᠢᠨ ᠪᠤᠬᠢᠷᠳᠦᠯ ᠦᠭᠡᠢ ᠪᠤᠳᠤᠭᠤᠨ ᠠᠵᠤ ᠦᠢᠯᠡᠰ
ᠤᠨ ᠲᠦᠷᠦᠯ ᠵᠦᠢᠯ ᠪᠤᠭᠤᠳᠤ ᠬᠤᠳᠠ ᠳ᠋ᠤ ᠨᠤᠳᠤᠭᠰᠢᠵᠤ᠂ ᠮᠠᠨᠤ ᠤᠯᠤᠰ ᠤᠨ ᠪᠤᠬᠢᠷᠳᠦᠯ ᠦᠭᠡᠢ ᠪᠤᠳᠤᠭᠤᠨ
ᠮᠠᠲᠧᠷᠢᠶᠠᠯ ᠢ ᠭᠠᠳᠠᠭᠠᠳᠦ ᠡᠴᠡ ᠤᠷᠤᠭᠤᠯᠵᠤ ᠪᠠᠢᠭᠰᠠᠨ ᠲᠡᠦᠬᠡ ᠵᠢ ᠡᠴᠤᠰᠯᠡᠭᠦᠯᠪᠡ ᠃
2020 ᠤᠨ ᠤ 7 ᠰᠠᠷ᠎ᠠ ᠳ᠋ᠤ ᠂ ᠵᠢᠯ
ᠤᠨ 30 ᠲᠦᠮᠡᠨ ᠢᠵᠢ ᠳᠡᠭᠡᠳᠦ ᠳᠡᠰᠤᠨ ᠡᠯᠧᠺᠲᠷᠤᠨ ᠲᠤᠨᠤᠭᠯᠠᠯ
ᠦᠢᠯᠡᠳᠪᠤᠷᠢᠯᠡᠬᠦ ᠴᠢᠳᠠᠪᠤᠷᠢ ᠲᠠᠢ ᠲᠦᠩ ᠹᠠᠩ ᠤᠶᠤᠨᠳᠤ ᠦᠢᠯᠡᠳᠬᠦ ᠦᠢᠯᠡᠰᠤᠨ ᠰᠠᠭᠤᠷᠢᠨ ᠤᠯᠠᠭᠠᠨᠴᠠᠪ ᠬᠤᠳᠠ
ᠳ᠋ᠤ ᠠᠰᠢᠡᠡᠯᠠᠯᠳᠠᠳᠤ ᠤᠷᠤᠵᠠᠢ᠃
2020 ᠤᠨᠤ 10 ᠰᠠᠷᠠᠳᠤ᠂ ᠦᠪᠦᠷ
ᠮᠤᠩᠭᠤᠯ ᠦᠨ ᠵᠦᠩ ᠺᠧ ᠨᠡᠢᠯᠡᠯᠭᠡ ᠲᠤᠰᠤᠨᠤ ᠬᠢᠵᠠᠭᠠᠷᠳᠤ ᠺᠤᠮᠫᠠᠨᠢ ᠵᠢᠨ F - T ᠬᠦᠨᠳᠤ ᠲᠤᠰᠤ ᠵᠢ ᠰᠢᠩᠭᠡᠨᠵᠢᠭᠦᠯᠤᠨ ᠬᠠᠯᠠᠭᠠᠵᠤ ᠵᠠᠳᠠᠷᠠᠭᠤᠯᠬᠤ ᠵᠢᠴᠢ ᠬᠠᠭᠠᠷᠠᠭᠤᠯᠬᠤ ᠵᠠᠪᠰᠠᠷ
ᠤᠨ ᠲᠤᠷᠰᠢᠯᠳᠠ ᠠᠮᠵᠢᠯᠳᠠ ᠤᠯᠵᠤ᠂ ᠬᠢᠷᠢ ᠲᠡᠩᠴᠡᠭᠰᠡᠨ ᠴᠢᠶᠢᠤ ᠵᠢ ᠦᠢᠯᠡᠳᠪᠤᠷᠢᠯᠡᠵᠦ ᠭᠠᠷᠭᠠᠨ᠂ ᠨᠡᠭᠦᠷᠡᠰᠦ ᠪᠡᠷ ᠰᠢᠳᠠᠮᠠᠬᠠᠢ ᠲᠤᠰᠤ ᠦᠢᠯᠡᠳᠪᠤᠷᠢᠯᠡᠬᠦ ᠶᠠᠪᠤᠴᠠ
ᠵᠢᠨ ᠳᠠᠭᠠᠯᠳᠠ ᠪᠦᠲᠦᠭᠡᠭᠳᠡᠭᠦᠨᠢ ᠠᠰᠢᠡᠡᠯᠠᠯᠳᠠ ᠳ᠋ᠤ ᠤᠷᠤᠭᠤᠯᠵᠤ᠂ ᠮᠠᠨᠤ ᠤᠯᠤᠰᠤᠨ ᠨᠡᠭᠦᠷᠡᠰᠦ ᠵᠢ
ᠳᠠᠮ ᠵᠢᠡᠷ ᠰᠢᠩᠭᠡᠨᠵᠢᠭᠦᠯᠬᠦ ᠮᠡᠷᠭᠡᠵᠢᠯ ᠰᠢᠨ᠎ᠠ ᠰᠢᠪᠳᠤᠯᠤᠯᠳᠠ ᠲᠠᠢ ᠪᠤᠯᠤᠭᠰᠠᠨ ᠢ ᠲᠤᠩᠬᠠᠭᠯᠠᠪᠠ ᠃
᠁
ᠰᠢᠨ᠎ᠠ ᠡᠨᠧᠷᠬᠢ᠂ ᠰᠢᠨ᠎ᠠ ᠮᠠᠲᠧᠷᠢᠶᠠᠯ᠂ ᠲᠠᠷᠢᠬᠦᠨᠤ ᠲᠤᠨᠤᠭᠯᠠᠯ᠂ ᠡᠬᠦᠯᠡᠨ ᠪᠤᠳᠤᠯᠳᠠ᠂ ᠲᠤᠮᠤ ᠳ᠋ᠠᠢᠲ᠋ᠠ᠂ ᠠᠮᠢᠳᠤ ᠪᠤᠳᠠᠰ ᠤᠨ ᠠᠵᠤ ᠦᠢᠯᠡᠰ
ᠵᠡᠷᠬᠡ ᠬᠦᠷᠢᠶᠡᠨ ᠳ᠋ᠡᠬᠢ ᠠᠯᠢ ᠤᠯᠠᠨ ᠲᠦᠷᠦᠯ ᠵᠦᠢᠯᠤᠨ ᠪᠦᠲᠦᠭᠡᠨ ᠪᠠᠢᠭᠤᠯᠤᠯᠳᠠ ᠬᠦᠷ ᠬᠦᠭᠵᠢᠶᠡᠨ ᠲᠠᠢ
ᠶᠠᠪᠤᠭᠳᠠᠵᠤ᠂ ᠮᠠᠨ ᠤ ᠤᠷᠤᠨᠤ ᠦᠢᠯᠡᠳᠬᠦ ᠦᠢᠯᠡᠰ᠂ ᠢᠯᠠᠩᠭᠤᠶ᠎ᠠ ᠤᠳᠤ ᠦᠶ᠎ᠠ ᠵᠢᠨ ᠦᠢᠯᠡᠳᠬᠦ ᠦᠢᠯᠡᠰ
ᠦᠷᠨᠢᠭᠦᠨ ᠬᠦᠭᠵᠢᠯᠳᠡ ᠵᠢᠨ ᠰᠢᠨ᠎ᠠ ᠴᠠᠭ ᠦᠶ᠎ᠠ ᠳ᠋ᠤ ᠤᠷᠤᠭᠰᠠᠨ ᠪᠢᠯᠡ᠃
ᠦᠢᠯᠡᠳᠬᠦ ᠦᠢᠯᠡᠰ ᠪᠤᠯ ᠤᠯᠤᠰ ᠠᠷᠠᠳ
ᠤᠨ ᠠᠵᠤ ᠠᠬᠤᠢ ᠵᠢᠨ ᠭᠤᠤᠯ ᠴᠤᠭᠴᠠ᠂ ᠮᠠᠨ ᠤ ᠤᠷᠤᠨᠤ ᠠᠵᠤ ᠠᠬᠤᠢ ᠨᠡᠢᠬᠡᠮ ᠤᠨ ᠬᠦᠭᠵᠢᠯᠳᠡ ᠵᠢ ᠲᠤᠯᠭᠠᠭᠤᠷᠢᠯᠠᠬᠤ
ᠭᠤᠤᠯᠯᠠᠭᠴᠢ ᠬᠦᠴᠦᠨ ᠮᠦᠨ᠃ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠵᠢᠨ ᠨᠠᠮ ᠤᠨ ᠲᠦᠯᠤᠭᠡᠯᠡᠭᠴᠢᠳ
ᠤᠨ ᠶᠡᠭᠡ ᠬᠤᠷᠠᠯ ᠡᠴᠡ ᠨᠠᠭᠠᠰᠢ᠂ ᠮᠠᠨ ᠤ ᠤᠷᠤᠨ ᠠᠵᠤ ᠦᠢᠯᠡᠳᠪᠤᠷᠢ ᠵᠢᠨ ᠬᠠᠩᠭᠠᠯᠭ᠎ᠠ ᠵᠢᠨ ᠲᠠᠯ᠎ᠠ ᠵᠢᠨ
ᠪᠦᠳᠦᠴᠡ ᠵᠢᠨ ᠴᠢᠨᠠᠷᠳᠠᠢ ᠦᠬᠡᠷᠡᠴᠢᠯᠡᠯᠳᠡ ᠵᠢ ᠴᠢᠩᠭ᠎ᠠ ᠡᠷᠴᠢᠮ ᠲᠠᠢ ᠠᠬᠢᠭᠤᠯᠵᠤ ᠂ ᠦᠢᠯᠡᠳᠬᠦ ᠦᠢᠯᠡᠰ ᠤᠨ
ᠬᠡᠯᠪᠡᠷᠢ ᠵᠢ ᠬᠤᠪᠢᠷᠠᠭᠤᠯᠤᠨ ᠲᠡᠰ ᠲᠡᠪᠰᠢᠬᠦᠯᠬᠦ᠂ ᠰᠢᠨ᠎ᠡ ᠵᠢ ᠡᠬᠦᠳᠤᠨ ᠬᠦᠭᠵᠢᠬᠦᠯᠬᠦ ᠵᠢ ᠲᠦᠷᠬᠡᠳᠬᠡᠨ᠂
ᠦᠢᠯᠡᠳᠬᠦ ᠦᠢᠯᠡᠰ ᠤᠨ ᠶᠠᠰᠤ ᠴᠢᠨᠠᠷ ᠦᠷ᠎ᠡ ᠠᠰᠢᠭ ᠢ ᠪᠦᠬᠦ ᠲᠠᠯ᠎ᠠ ᠪᠡᠷ ᠲᠠᠬᠡᠭᠰᠢᠯᠡᠬᠦᠯᠵᠠᠢ ᠃ ᠦᠪᠡᠷᠳᠡᠬᠡᠨ
ᠵᠠᠰᠠᠬᠤ ᠤᠷᠤᠨ ᠤ ᠵᠠᠰᠠᠭ ᠤᠨ ᠤᠷᠳᠤᠨ 2017 ᠤᠨ ᠤ 2 ᠰᠠᠷ᠎ᠡ ᠳ᠋ᠤ 《ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ〈ᠲᠤᠮᠳᠠᠳᠤ ᠤᠯᠤᠰ ᠤᠨ ᠦᠢᠯᠡᠳᠬᠡᠯ 2025〉ᠵᠢ ᠨᠡᠢᠳᠠᠪᠤᠷᠢᠵᠢᠭᠤᠯᠬᠤ ᠠᠵᠢᠯᠯᠠᠭᠠᠨ ᠤ ᠬᠦᠳᠦᠯᠪᠤᠷᠢ》ᠵᠢ ᠲᠠᠷᠤᠮᠠᠯᠯᠠᠨ ᠲᠠᠷᠬᠠᠭᠠᠵᠤ ᠂ ᠰᠢᠨ᠎ᠡ ᠨᠢᠬᠡ ᠦᠶ᠎ᠡ ᠵᠢᠨ ᠮᠡᠳᠡᠬᠡ
ᠵᠠᠩᠬᠢ ᠵᠢᠨ ᠮᠡᠷᠬᠡᠵᠢᠯ ᠬᠢᠬᠡᠳ ᠦᠢᠯᠡᠳᠬᠦ ᠦᠢᠯᠡᠰ ᠤᠨ ᠬᠦᠨᠵᠡᠬᠡᠢ ᠠᠭᠤᠰᠤᠯᠴᠠᠯ ᠵᠢᠡᠷ ᠭᠤᠤᠯ ᠱᠤᠭᠤᠮ ᠪᠤᠯᠭᠠᠨ
ᠤᠶᠤᠨᠴᠢᠯᠠᠯᠳᠠ ᠂ ᠪᠤᠬᠢᠷᠳᠤᠯ ᠦᠬᠡᠢ ᠬᠦᠭᠵᠢᠯᠳᠡ ᠪᠠ ᠤᠳᠤ ᠦᠶ᠎ᠡ ᠵᠢᠨ ᠦᠢᠯᠡᠴᠢᠯᠡᠬᠡ ᠪᠡᠷ ᠤᠳᠤᠷᠢᠳᠤᠮᠵᠢ ᠪᠤᠯᠭᠠᠵᠤ᠂ ᠬᠦᠭᠵᠢᠯᠳᠡ ᠵᠢᠨ ᠠᠷᠭ᠎ᠠ ᠬᠡᠯᠪᠡᠷᠢ ᠵᠢ ᠬᠦᠴᠦᠯᠡᠨ ᠬᠤᠪᠢᠷᠠᠭᠤᠯᠵᠤ ᠬᠦᠭᠵᠢᠯᠳᠡ ᠵᠢᠨ ᠬᠦᠳᠡᠯᠬᠡᠬᠦ ᠡᠨ᠋ᠸᠷᠬᠢ
ᠵᠢᠨ ᠰᠤᠯᠢᠭᠳᠠᠯ ᠢ ᠠᠬᠢᠭᠤᠯᠤᠨ᠂ ᠲᠡᠷᠢᠬᠦᠨ ᠤ ᠬᠢ ᠵᠢ ᠬᠦᠭᠡᠭᠡᠵᠦ ᠬᠦᠢᠴᠡᠬᠦ ᠪᠡᠷ ᠤᠳᠤ ᠦᠶ᠎ᠡ ᠵᠢᠨ ᠦᠢᠯᠡᠳᠬᠦ
ᠦᠢᠯᠡᠰᠢ ᠬᠦᠭᠵᠢᠬᠦᠯᠦᠬᠡᠳ ᠤᠯᠠᠨ ᠤ ᠠᠩᠬᠠᠷᠤᠯᠢ ᠲᠠᠲᠠᠭ᠍ᠰᠠᠨ ᠠᠮᠵᠢᠯᠲᠠ ᠣᠯᠵᠠᠢ᠃ ᠪᠦᠷᠢᠳᠬᠡᠯ ᠵᠢᠡᠷ
᠂ 2016 ᠤᠨ ᠡᠴᠡ ᠨᠠᠭᠠᠰᠢ᠂ ᠮᠠᠨᠤ ᠤᠷᠤᠨᠤ ᠦᠶ᠋ᠯᠡᠳᠬᠦ᠌ ᠦᠶ᠋ᠯᠡᠰᠦᠨ ᠨᠡᠮᠡᠭ᠌ᠳᠡᠯ ᠥᠷᠲᠡᠭ ᠵᠢᠯ ᠳᠤᠮᠳᠠᠴᠢ
ᠪᠠᠷ 8% ᠣᠷᠴᠢᠮ ᠵᠢᠡᠷ ᠨᠡᠮᠡᠭ᠌ᠳᠡᠵᠠᠢ ᠃
— ᠠᠵᠤ ᠦᠢᠯᠡᠰᠤᠨ ᠬᠡᠯᠪᠡᠷᠢ ᠪᠡᠨ ᠬᠤᠪᠢᠷᠠᠭᠤᠯᠤᠨ ᠳᠡᠰ ᠳᠡᠪᠰᠢᠬᠦ
ᠵᠢ ᠲᠦᠷᠭᠡᠳᠭᠡᠪᠡ᠃ ᠬᠦᠬᠡᠬᠤᠳᠠ᠂ ᠪᠤᠭᠤᠳᠤ ᠬᠤᠳᠠ ᠂
ᠤᠷᠳᠤᠰ ᠬᠤᠳᠠ ᠪᠡᠷ ᠭᠤᠤᠯ ᠪᠤᠯᠭᠠᠭᠰᠠᠨ ᠲᠡᠷᠢᠭᠦᠨᠤ ᠦᠢᠯᠡᠳᠬᠦ ᠦᠢᠯᠡᠰ ᠪᠠ ᠳᠡᠭᠡᠳᠦ ᠳᠡᠰ ᠤ᠋ᠨ ᠦᠢᠯᠡᠳᠬᠦ ᠦᠢᠯᠡᠰᠤᠨ ᠪᠦᠯᠦᠭᠵᠢᠯ᠂ ᠤᠷᠳᠤᠰ ᠬᠤᠳᠠ ᠪᠠ
ᠪᠤᠭᠤᠳᠤ ᠬᠤᠳᠠ ᠪᠡᠷ ᠭᠤᠤᠯ ᠪᠤᠯᠭᠠᠭᠰᠠᠨ ᠤᠳᠤ ᠦᠶ᠎ᠠ ᠵᠢᠨ ᠨᠡᠭᠦᠷᠡᠰᠦ ᠬᠢᠮᠢ ᠵᠢᠨ ᠠᠵᠤ ᠦᠢᠯᠡᠳᠪᠤᠷᠢ ᠵᠢᠨ
ᠪᠦᠯᠦᠭᠵᠢᠯ ᠂ ᠰᠢᠯᠢ ᠵᠢᠨ ᠭᠤᠤᠯ ᠠᠢᠮᠠᠭ ᠪᠠ ᠤᠯᠠᠭᠠᠨᠬᠠᠳᠠ ᠬᠤᠳᠠ ᠪᠡᠷ ᠭᠤᠤᠯ ᠪᠤᠯᠭᠠᠭᠰᠠᠨ ᠰᠢᠨ᠎ᠠ ᠡᠨᠧᠷᠬᠢ
ᠵᠢᠨ ᠠᠵᠤ ᠦᠢᠯᠡᠰᠤᠨ ᠪᠦᠯᠦᠭᠵᠢᠯ ᠂ ᠬᠤᠷᠢᠨᠭᠡᠷ ᠰᠢᠨ᠎ᠡ ᠲᠤᠭᠤᠷᠢᠭ ᠪᠠ ᠤᠯᠠᠭᠠᠨᠴᠠᠪ ᠬᠤᠳᠠ ᠪᠡᠷ ᠭᠤᠤᠯ ᠪᠤᠯᠭᠠᠭᠰᠠᠨ
ᠡᠯᠧᠺᠲ᠋ᠷᠤᠨ ᠮᠡᠳᠡᠭᠡ ᠵᠠᠩᠬᠢ ᠵᠢᠨ ᠦᠢᠯᠡᠰ ᠤᠨ ᠪᠦᠯᠦᠭᠵᠢᠯ ᠵᠡᠷᠭᠡ ᠨᠢ ᠮᠠᠨ ᠤ ᠤᠷᠤᠨ ᠤ ᠦᠢᠯᠡᠳᠬᠦ ᠦᠢᠯᠡᠰ
ᠤᠨ ᠠᠵᠤ ᠦᠢᠯᠡᠰ ᠤᠨ ᠬᠡᠯᠬᠢᠶ᠎ᠠ ᠬᠢᠬᠡᠳ ᠬᠠᠩᠭᠠᠯᠭ᠎ᠠ ᠵᠢᠨ ᠬᠡᠯᠬᠢᠶ᠎ᠡ ᠵᠢ ᠨᠢᠭᠳᠠ ᠵᠤᠯᠭᠠᠭᠤᠯᠤᠨ᠂ ᠠᠵᠤ
ᠠᠬᠤᠢᠯᠠᠯᠤᠨ ᠬᠡᠪᠴᠢᠶᠡᠵᠢᠭᠰᠡᠨ ᠡᠷᠴᠢᠮᠵᠢᠭᠰᠡᠨ ᠤᠳᠤᠬᠢᠴᠢᠯᠠᠭᠰᠠᠨ ᠬᠦᠭᠵᠢᠯᠳᠡ ᠵᠢ ᠠᠬᠢᠭᠤᠯᠵᠤ᠂ ᠮᠠᠨ ᠤ ᠤᠷᠤᠨ ᠤ ᠠᠵᠤ ᠠᠬᠤᠢ ᠵᠢᠨ ᠨᠡᠮᠡᠭᠳᠡᠯ ᠢ ᠳᠠᠢᠴᠢᠯᠠᠬᠤ
ᠭᠤᠤᠯ ᠬᠦᠴᠦᠨ ᠪᠤᠯᠵᠠᠢ᠃
—
ᠦᠯᠡᠬᠦᠳᠡᠭᠰᠡᠨ ᠦᠢᠯᠡᠳᠪᠤᠷᠢᠯᠡᠯ ᠤᠨ ᠴᠢᠳᠠᠪᠤᠷᠢ ᠵᠢ ᠪᠠᠭᠠᠰᠬᠠᠬᠤ
ᠡᠭᠦᠷᠭᠡ ᠵᠢ ᠳᠠᠪᠠᠭᠤᠯᠤᠨ ᠪᠡᠶᠡᠯᠡᠭᠦᠯᠪᠡ᠃ ᠨᠡᠭᠦᠷᠡᠰᠦᠨ ᠦ ᠦᠢᠯᠡᠰᠤᠨ 4639 ᠲᠦᠮᠡᠨ ᠲᠣᠨ ᠤ ᠦᠯᠡᠭᠦᠳᠡᠭ᠌ᠰᠡᠨ ᠦᠢᠯᠡᠳᠪᠦᠷᠢᠯᠡᠯᠤᠨ ᠴᠢᠳᠠᠪᠤᠷᠢ᠂ ᠪᠣᠯᠣᠳ ᠲᠡᠮᠦᠷ ᠦᠨ ᠦᠢᠯᠡᠰ ᠤᠨ 346 ᠲᠦᠮᠡᠨ ᠲᠣᠨᠤ ᠦᠯᠡᠭᠦᠳᠡᠭ᠌ᠰᠡᠨ ᠦᠢᠯᠡᠳᠪᠦᠷᠢᠯᠡᠯ ᠤᠨ ᠴᠢᠳᠠᠪᠤᠷᠢ
ᠵᠢᠨ ᠠᠰᠠᠭᠤᠳᠠᠯᠢ ᠰᠢᠢᠳᠪᠤᠷᠢᠯᠡᠵᠦ᠂ 243 ᠲᠦᠮᠡᠨ ᠲᠣᠨᠤ《ᠪᠦᠳᠦᠭᠦᠯᠢᠭ ᠪᠣᠯᠣᠳ》 ᠤ᠋ᠨ ᠦᠢᠯᠡᠳᠪᠤᠷᠢᠯᠡᠯ ᠢ᠋ ᠵᠤᠭᠰᠤᠭᠠᠨ᠂ 1070 ᠲᠦᠮᠡᠨ ᠲᠣᠨ ᠤ ᠱᠦᠢᠨᠢ ᠵᠢᠨ ᠢᠳᠡᠭᠡᠱᠢᠭ᠌ᠰᠡᠨ
ᠮᠠᠲ᠋ᠧᠷᠢᠶᠠᠯᠤᠨ ᠦᠢᠯᠡᠳᠪᠤᠷᠢᠯᠡᠯ ᠢ ᠵᠤᠭᠰᠤᠭᠠᠪᠠ᠃
—
ᠪᠣᠬᠢᠷᠲᠤᠯ ᠦᠭᠡᠢ ᠬᠥᠭ᠌ᠵᠢᠯᠲᠡ ᠱᠢᠨ᠎ᠡ ᠦᠷ᠎ᠡ ᠪᠦᠲᠦᠮᠵᠢ ᠣᠯᠪᠠ᠃
ᠨᠡᠭᠦᠷᠡᠰᠦ᠂ ᠱᠦᠢᠨᠢ᠂ ᠴᠠᠬᠢᠭᠤᠷᠲᠤ ᠲᠡᠮᠦᠷ ᠂ ᠢᠳᠡᠮᠡᠬᠡᠶ ᠬᠤᠵᠢᠷ ᠵᠡᠷᠭᠡ ᠵᠢᠨ ᠲᠤᠨ ᠪᠦᠷᠢ ᠵᠢᠨ ᠡᠨᠧᠷᠭᠢ
ᠵᠢᠨ ᠬᠤᠷᠤᠭᠳᠠᠭᠤᠯᠤᠯ ᠢ᠋ ᠲᠤᠰ ᠲᠤᠰ 3.6 ᠂ 79.4 ᠂ 1763.6 ᠂ 381.7 ᠺᠢᠯᠣᠭ᠌ᠷᠠᠮ ᠪᠠᠷᠢᠮᠵᠢᠶᠠᠲᠤ
ᠨᠡᠭᠦᠷᠡᠰᠦ ᠪᠤᠯᠭᠠᠨ ᠪᠠᠭᠤᠷᠠᠭᠤᠯᠵᠤ ᠂ ᠪᠦᠬᠦᠨᠢ ᠤᠯᠤᠰ ᠤᠨ ᠡᠨᠧᠷᠭᠢ ᠵᠢᠨ ᠬᠤᠷᠤᠭᠳᠠᠭᠤᠯᠤᠯ ᠤᠨ ᠬᠢᠵᠠᠭᠠᠷ
ᠬᠡᠮᠵᠢᠶ᠎ᠡ ᠡᠴᠡ ᠳᠣᠣᠷ᠎ᠠ ᠪᠤᠯᠭᠠᠪᠠ ᠃ ᠪᠠᠰᠠ 102 ᠪᠣᠬᠢᠷᠲᠤᠯ ᠥᠬᠡᠶ ᠦᠶ᠋ᠯᠡᠳᠪᠦᠷᠢ ᠂ 31 ᠪᠣᠬᠢᠷᠲᠤᠯ ᠥᠬᠡᠶ
ᠦᠢᠯᠡᠳᠭᠦᠨ᠂ 4 ᠪᠣᠬᠢᠷᠲᠤᠯ ᠥᠬᠡᠶ ᠬᠠᠩᠭᠠᠯᠭ᠎ᠠ ᠵᠢᠨ ᠬᠡᠯᠬᠢᠶ᠎ᠡ᠂ 15 ᠪᠣᠬᠢᠷᠲᠤᠯ ᠥᠬᠡᠶ ᠬᠦᠷᠢᠶᠡᠯᠡᠩ ᠲᠣᠭᠣᠷᠢᠭ
ᠢ ᠪᠠᠢᠭᠤᠯᠪᠠ ᠃
—
ᠮᠡᠳᠡᠭᠡ ᠵᠠᠩᠭᠢᠴᠢᠯᠠᠯᠳᠠᠶ᠋ᠢᠨ ᠲᠦᠪᠱᠢᠨ ᠤᠯᠠᠮ ᠨᠢᠭᠡ ᠠᠯᠬᠤᠮ ᠳᠡᠭᠡᠭ᠌ᠰᠢᠯᠡᠪᠡ᠃ ᠬᠥᠬᠡᠬᠣᠲᠠ ᠵᠢᠨ ᠤᠯᠤᠰ ᠤᠨ ᠲᠠᠰ ᠤᠨ ᠢᠨᠲ᠋ᠧᠷ ᠰᠦᠯᠵᠢᠶᠡᠨ ᠦ ᠱᠢᠭᠤᠳ ᠨᠡᠪᠳᠡᠷᠡᠬᠦ ᠭᠤᠤᠯᠯᠠᠭ᠍ᠴᠢ ᠴᠡᠭ᠂ ᠳᠤᠮᠳᠠᠳᠤ ᠮᠣᠩᠭᠣᠯ ᠣᠷᠣᠰ ᠤᠨ ᠣᠯᠠᠨ ᠤᠯᠤᠰ ᠤᠨ ᠭᠡᠷᠡᠯᠯᠢᠭ ᠤᠳᠠᠰᠤ ᠪᠤᠯᠤᠨ ᠤᠯᠠᠭᠠᠨᠴᠠᠪ ᠡᠴᠡ ᠪᠡᠭᠡᠵᠢᠩ
ᠳᠤ ᠱᠢᠭᠤᠳ ᠨᠡᠪᠲᠡᠷᠡᠬᠦ᠌ ᠭᠡᠷᠡᠯᠯᠢᠭ ᠤᠳᠠᠰᠤᠶᠢ ᠤᠬᠰᠠᠷᠠᠪᠡ᠃ ᠤᠳᠤ 5G ᠢ᠋ᠢᠨ ᠰᠠᠭᠤᠷᠢ ᠥᠷᠲᠡᠭᠡ 1.8 ᠲᠦᠮᠡ ᠵᠢ ᠳᠠᠪᠠᠵᠦ᠂ 120 ᠲᠦᠮᠡ ᠭᠠᠷᠤᠢ ᠦᠢᠯᠡᠴᠢᠯᠡᠭᠦᠷ ᠤᠨ
ᠮᠠᠱᠢᠨ ᠴᠣᠭ᠍ᠴᠠᠯᠠᠪᠤᠷᠢ ᠲᠠᠢ ᠪᠤᠯᠵᠠᠢ᠃ 《ᠢᠨᠲ᠋ᠧᠷ ᠰᠦᠯᠵᠢᠶ᠎ᠡ
+ ᠲᠡᠷᠢᠭᠦᠨ ᠦ ᠦᠶ᠋ᠯᠡᠳᠬᠦ᠌ ᠦᠶ᠋ᠯᠡᠰ》 ᠢ᠋ ᠯᠠᠪᠳᠠᠭᠤᠨ ᠵᠢᠡᠷ ᠠᠬᠢᠭᠤᠯᠵᠤ᠂ ᠠᠵᠤᠦᠶ᠋ᠯᠡᠳᠪᠦᠷᠢᠵᠢᠯᠲᠡ ᠬᠢᠬᠡᠳ
ᠮᠡᠳᠡᠭᠡ ᠵᠠᠩᠬᠢᠵᠢᠯᠳᠠ ᠵᠢᠨ ᠠᠭᠤᠰᠤᠯᠴᠠᠯᠤᠨ ᠲᠦᠪᠰᠢᠨᠤ ᠵᠢᠭᠠᠯᠲᠠ ᠲᠣᠭ᠎ᠠ 50.3 ᠳ᠋ᠤ ᠬᠦᠷᠴᠦ᠍ ᠂ ᠬᠡᠪᠴᠢᠶᠡᠵᠢᠯ
ᠡᠴᠡ ᠳᠡᠭᠡᠭ᠌ᠰᠢᠬᠢ ᠠᠵᠤ ᠦᠶ᠋ᠯᠡᠳᠪᠦᠷᠢ ᠵᠢᠨ ᠠᠵᠤ ᠠᠬᠤᠢᠯᠠᠯ ᠢ ᠪᠦᠬᠦᠨ ᠢ ᠪᠠᠷᠢᠮᠵᠢᠶ᠎ᠠ ᠳᠤ ᠬᠦᠷᠭᠡᠪᠡ
᠃
—
ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭ ᠤᠨ ᠳᠠᠭᠠᠭᠠᠴᠠ
ᠴᠢᠩᠭᠠᠷᠠᠪᠠ᠃ ᠠᠵᠤᠦᠢᠯᠡᠳᠪᠦᠷᠢᠶ᠋ᠢᠨ ᠬᠦᠷᠢᠶᠡᠯᠡᠩ ᠲᠣᠭᠣᠷᠢᠭ ᠤᠨ ᠵᠢᠯᠤᠨ ᠦᠢᠯᠡᠳᠬᠦᠨᠦ ᠶᠡᠷᠦᠩᠬᠡᠶ
ᠦᠷᠳᠡᠭ 1.2 ᠲᠦᠮᠡᠨ ᠳ᠋ᠦᠩᠱᠢᠭᠤᠷ ᠲᠥᠭᠥᠷᠢᠭ ᠲᠦ ᠣᠢᠷᠠᠳᠴᠤ᠌ ᠂ ᠵᠢᠯ ᠤᠨ ᠦᠢᠯᠡᠳᠬᠦᠨ ᠦ ᠦᠷᠳᠡᠭ ᠵᠠᠭᠤᠨ
ᠳ᠋ᠦᠩᠱᠢᠭᠤᠷ ᠲᠦᠬᠦᠷᠢᠭ ᠢ ᠳᠠᠪᠠᠭ᠍ᠰᠠᠨ 38 ᠬᠦᠷᠢᠶᠡᠯᠡᠩ ᠲᠣᠭᠣᠷᠢᠭ᠂ 500 ᠳ᠋ᠦᠩᠱᠢᠭᠤᠷ ᠲᠥᠭᠥᠷᠢᠭ ᠢ ᠳᠠᠪᠠᠭ᠍ᠰᠠᠨ 6 ᠬᠦᠷᠢᠶᠡᠯᠡᠩ ᠲᠣᠭᠣᠷᠢᠭ
ᠲᠠᠢ ᠪᠤᠯᠵᠠᠢ᠃ ᠰᠠᠭᠤᠷᠢ ᠲᠦᠬᠦᠭᠡᠷᠦᠮᠵᠢ ᠤᠯᠠᠮ ᠨᠢᠭᠡ ᠠᠯᠬᠤᠮ ᠲᠡᠭᠦᠯᠳᠡᠷᠵᠢᠵᠦ᠍᠂ ᠥᠪᠡᠷᠲᠡᠭᠡᠨ ᠵᠠᠰᠠᠬᠤ
ᠣᠷᠣᠨᠤ ᠱᠠᠲᠤᠨ ᠡᠴᠡ ᠳᠡᠭᠡᠭ᠌ᠰᠢᠬᠢ ᠠᠵᠤ ᠦᠶ᠋ᠯᠡᠳᠪᠦᠷᠢᠵᠢᠨ ᠬᠦᠷᠢᠶᠡᠯᠡᠩ ᠲᠣᠭᠣᠷᠢᠭᠲᠦ᠍ ᠪᠣᠬᠢᠷ ᠤᠰᠤ ᠱᠢᠶ᠋ᠳᠪᠦᠷᠢᠯᠡᠬᠦ᠌ ᠂ ᠲᠥᠪᠯᠡᠷᠡᠭᠦᠯᠦᠨ ᠢᠯᠴᠢ
ᠬᠠᠩᠭᠠᠬᠤ᠂ ᠱᠢᠭᠠᠷᠤ ᠶ᠋ᠢᠨ ᠲᠠᠯᠠᠪᠠᠶ ᠶᠢᠨ ᠲᠦᠬᠦᠭᠡᠷᠦᠮᠵᠢ ᠶᠢ ᠪᠦᠬᠦᠨ ᠢ ᠢᠵᠢ ᠪᠦᠷᠢᠳᠦᠭᠦᠯᠦᠭᠰᠡᠨ
ᠪᠠᠢᠨ᠎ᠠ ᠃
ᠨᠢᠳᠤᠨᠤᠨ ᠬᠦᠨᠳᠤ ᠬᠡᠴᠡᠬᠦᠤ ᠬᠢᠵᠢᠭ
ᠤᠨ ᠪᠠᠢᠳᠠᠯ ᠳ᠋ᠤ ᠶᠡᠬᠡ ᠪᠡᠷ ᠨᠦᠯᠦᠬᠡᠯᠡᠭᠳᠡᠭᠰᠡᠨ ᠪᠤᠯᠪᠠᠴᠤ ᠪᠦᠬᠦ ᠤᠷᠤᠨ ᠤ ᠠᠵᠤ ᠦᠢᠯᠡᠳᠪᠤᠷᠢ ᠵᠢᠨ
38 ᠶᠡᠬᠡ ᠲᠦᠷᠦᠯ ᠤᠨ ᠲᠤᠳᠤᠷ᠎ᠠ ᠡᠴᠡ 31 ᠲᠦᠷᠦᠯᠨᠢ ᠨᠡᠮᠡᠭᠳᠡᠯ ᠵᠢᠡᠨ ᠪᠠᠳᠤᠯᠠᠪᠠ᠂ 2019 ᠤᠨ ᠤ ᠬᠢ
ᠲᠠᠢ ᠬᠠᠷᠢᠴᠠᠭᠤᠯᠪᠠᠯ ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦ ᠦᠢᠯᠡᠰᠤᠨ ᠠᠰᠢᠭ ᠤᠯᠵᠠᠪᠤᠷᠢ
150% ᠪᠡᠷ ᠨᠡᠮᠡᠭᠳᠡᠨ᠂ ᠲᠦᠬᠦᠭᠡᠢ ᠮᠠᠲ᠋ᠧᠷᠢᠶᠠᠯ ᠦᠢᠯᠡᠳᠬᠦ ᠦᠢᠯᠡᠰ ᠤᠨ ᠠᠰᠢᠭ ᠤᠯᠵᠠᠪᠤᠷᠢ 3% ᠪᠡᠷ ᠨᠡᠮᠡᠭᠳᠡᠵᠤ
᠂ ᠬᠡᠪᠴᠢᠶᠠᠵᠢᠯ ᠡᠴᠡ ᠳᠡᠭᠡᠭᠰᠢᠬᠢ ᠲᠤᠨᠤᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ 38.1% ᠪᠡᠷ ᠨᠡᠮᠡᠭᠳᠡᠭᠰᠡᠨ
ᠠᠵᠢ ᠃ ᠡᠨᠡ ᠵᠢᠯ ᠦᠨ ᠲᠦᠷᠦᠭᠦᠦ ᠭᠤᠷᠪᠠᠨ ᠤᠯᠠᠷᠢᠯ ᠳ᠋ᠤ ᠂ ᠪᠥᠬᠥ᠌ ᠣᠷᠣᠨ ᠤ ᠦᠶ᠋ᠯᠡᠳᠬᠦ᠌ ᠦᠶ᠋ᠯᠡᠰ ᠦᠨ
ᠨᠡᠮᠡᠭ᠌ᠳᠡᠯ ᠥᠷᠲᠡᠭ ᠨᠢᠳᠤᠨᠤᠨᠤ ᠠᠳᠠᠯᠢ ᠬᠤᠭᠤᠴᠠᠭᠠᠨ ᠤᠬᠢᠡᠴᠡ 14.1% ᠪᠠᠷ ᠨᠡᠮᠡᠭ᠌ᠳᠡᠵᠦ᠍᠂ ᠦᠶ᠋ᠯᠡᠳᠬᠦ᠌
ᠦᠶ᠋ᠯᠡᠰ ᠦᠨ ᠨᠡᠮᠡᠭ᠌ᠳᠡᠯ ᠥᠷᠲᠡᠭ ᠨᠢ ᠪᠥᠬᠥ᠌ ᠣᠷᠣᠨ ᠤ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ
ᠵᠢᠨ ᠨᠡᠮᠡᠭᠳᠡᠯ ᠦᠷᠳᠡᠭ ᠤᠨ 35% ᠡᠴᠡ ᠳᠡᠭᠡᠭᠰᠢ ᠡᠵᠡᠯᠡᠬᠦ ᠵᠢ ᠪᠠᠳᠤᠯᠠᠭᠰᠠᠭᠠᠷ ᠢᠷᠡᠵᠦ ᠂ ᠬᠡᠪᠴᠢᠶᠡᠵᠢᠯ
ᠡᠴᠡ ᠳᠡᠭᠡᠭ᠌ᠰᠢᠬᠢ ᠠᠵᠤ ᠦᠶ᠋ᠯᠡᠳᠪᠦᠷᠢ ᠶ᠋ᠢᠨ ᠨᠡᠮᠡᠭ᠌ᠳᠡᠯ ᠥᠷᠲᠡᠭᠦᠨ ᠨᠡᠮᠡᠭ᠌ᠳᠡᠯ ᠦᠨ ᠬᠤᠷᠳᠤᠴᠠ ᠶ᠋ᠢ
ᠵᠠᠭᠤᠨ ᠤ ᠬᠠᠷᠢᠴᠠᠯ ᠢᠶᠡᠷ 5.4 ᠬᠤᠪᠢ ᠳᠡᠭᠡᠭᠰᠢ ᠳᠠᠳᠠᠨ
᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 73.3% ᠳ᠋ᠤ ᠬᠦᠷᠴᠤ᠂ ᠦᠶ᠋ᠯᠡᠳᠬᠦ᠌ ᠦᠶ᠋ᠯᠡᠰ ᠪᠥᠬᠥ᠌ ᠣᠷᠣᠨ ᠤ ᠠᠵᠤ ᠦᠶ᠋ᠯᠡᠳᠪᠦᠷᠢ ᠵᠢᠨ ᠠᠵᠤ ᠠᠬᠤᠶ ᠵᠢᠨ
ᠲᠣᠭ᠍ᠲᠠᠭᠤᠨ ᠡᠷᠬᠢᠯᠳᠡ ᠵᠢ ᠲᠤᠯᠭᠠᠭᠤᠷᠢᠯᠠᠬᠤ ᠴᠢᠬᠤᠯᠠ ᠬᠦᠴᠦᠨ ᠪᠣᠯᠤᠭᠰᠠᠨ ᠪᠢᠯᠡ ᠃
ᠡᠨᠡ ᠵᠢᠯ ᠤᠨ 10 ᠰᠠᠷ᠎ᠠ ᠵᠢᠨ 13 ᠤ᠋ ᠡᠳᠦᠷ ᠂ ᠳᠡᠯᠡᠬᠡᠢ ᠵᠢᠨ ᠠᠩᠬᠠᠳᠠᠭ᠍ᠴᠢ
ᠵᠢᠯ ᠤᠨ ᠲᠦᠮᠡᠨ ᠰᠠᠭᠤᠷᠢ ᠮᠠᠰᠢᠨ ᠲᠡᠷᠭᠡ ᠦᠢᠯᠡᠳᠪᠤᠷᠢᠯᠡᠬᠦ ᠴᠢᠳᠠᠪᠤᠷᠢ ᠪᠦᠬᠦᠢ ᠤᠰᠤᠲᠥ᠋ᠷᠥᠭ᠌ᠴᠢ ᠡᠨᠧᠷᠭᠢ
ᠶ᠋ᠢᠨ ᠬᠦᠨᠳᠦ ᠠᠴᠢᠶᠠᠨ ᠤ ᠮᠠᠰᠢᠨ ᠤ ᠠᠵᠤ ᠦᠶ᠋ᠯᠡᠰ ᠦᠨ ᠬᠡᠯᠬᠢᠶ᠎ᠡ ᠵᠢᠨ ᠲᠥᠷᠥᠯ ᠵᠦᠶ᠋ᠯ ᠤᠨ ᠪᠦᠲᠦᠭᠡᠨ
ᠪᠠᠢᠭᠤᠯᠤᠯᠳᠠ ᠤᠷᠳᠤᠰ ᠲᠦ᠍ ᠡᠬᠢᠯᠡᠪᠡ ᠃
ᠡᠨᠡ ᠵᠢᠯ ᠤᠨ 10ᠰᠠᠷ᠎ᠠ ᠵᠢᠨ 20 ᠤ᠋ ᠡᠳᠦᠷ᠂ ᠪᠥᠬᠥ᠌ ᠤᠯᠤᠰ ᠤᠨ ᠠᠩᠬᠠᠳᠠᠭ᠍ᠴᠢ
ᠤᠤᠯ ᠤᠨ ᠢᠯᠴᠢ ᠵᠢᠨ ᠴᠠᠬᠢᠯᠭᠠᠨ ᠢ ᠬᠦᠷᠭᠡᠬᠦ ᠱᠤᠭᠤᠮ ᠢᠶᠡᠷ ᠢᠯᠴᠢ ᠶᠢᠨ ᠴᠠᠬᠢᠯᠭᠠᠨ᠂ ᠰᠠᠯᠬᠢᠨ ᠬᠦᠴᠦᠨ
ᠤ ᠴᠠᠬᠢᠯᠭᠠᠨ ᠪᠠ ᠭᠡᠷᠡᠯᠴᠢ ᠴᠡᠨᠡᠭᠤᠨ ᠴᠠᠬᠢᠯᠭᠠᠨᠢ ᠨᠡᠢᠯᠡᠭᠦᠯᠦᠨ ᠭᠠᠳᠠᠭᠰᠢ ᠬᠦᠷᠭᠡᠬᠦ ᠲᠦᠷᠦᠯ ᠵᠦᠢᠯ
ᠪᠤᠯᠬᠤ ᠦᠪᠦᠷ ᠮᠤᠩᠭᠤᠯ ᠤᠨ ᠲᠣᠭ᠍ᠲᠠᠬᠤ ᠵᠢᠨ 200 ᠲᠦᠮᠡᠨ ᠺᠢᠯᠦᠸᠠᠲᠤᠨ ᠴᠠᠬᠢᠯᠭᠠᠨᠢ ᠭᠠᠳᠠᠭ᠍ᠰᠢ ᠬᠦᠷᠭᠡᠬᠦ᠌
ᠲᠥᠷᠥᠯ ᠵᠦᠶ᠋ᠯ ᠤᠨ ᠪᠦᠲᠦᠭᠡᠨ ᠪᠠᠢᠭᠤᠯᠤᠯᠳᠠ ᠡᠬᠢᠯᠡᠪᠡ ᠃
ᠪᠦᠬᠦ ᠤᠯᠤᠰ ᠤᠨ ᠬᠠᠮᠤᠭ ᠤᠨ ᠲᠤᠮᠤ
ᠶᠡᠷᠦᠩᠬᠡᠢᠯᠡᠭᠰᠡᠨ ᠴᠢᠨᠠᠷᠳᠠᠢ ᠳᠤᠤᠷ᠎ᠠ ᠳᠤᠯᠠᠭᠠᠨ ᠳ᠋ᠡᠬᠢ ᠦᠢᠯᠡᠳᠪᠤᠷᠢᠯᠡᠯ ᠤᠨ ᠲᠤᠭᠤᠷᠢᠭᠤᠨ ᠲᠦᠷᠦᠯ ᠵᠦᠢᠯ
ᠪᠤᠯᠬᠤ ᠮᠧᠩ ᠨᠢᠤ ᠵᠢᠨ 5G ᠲᠤᠭᠠᠴᠢᠯᠠᠭᠰᠠᠨ ᠦᠢᠯᠡᠳᠪᠤᠷᠢ
ᠵᠢᠨ ᠳᠤᠤᠷ᠎ᠠ ᠳᠤᠯᠠᠭᠠᠨ ᠳ᠋ᠡᠬᠢ ᠲᠤᠮᠤ ᠦᠢᠯᠡᠳᠪᠤᠷᠢ ᠵᠢᠨ ᠲᠠᠰᠤᠭ ᠤᠨ ᠲᠦᠷᠦᠯ ᠵᠦᠢᠯ ᠤᠨ ᠪᠦᠲᠦᠭᠡᠨ ᠪᠠᠢᠭᠤᠯᠤᠯᠳᠠ
ᠲᠦᠯᠦᠪᠯᠡᠭᠡ ᠶᠤᠰᠤᠭᠠᠷ ᠲᠦᠷᠭᠡᠨ ᠠᠬᠢᠵᠤ᠂《ᠳᠠᠬᠢᠭᠠᠳ ᠨᠢᠭᠡ ᠰᠢᠨ᠎ᠠ〈ᠮᠧᠩ ᠨᠢᠤ〉ᠵᠢ ᠪᠦᠳᠦᠬᠡᠨ ᠪᠠᠢᠭᠤᠯᠬᠤ》ᠠᠶᠠᠨ ᠢᠯᠭᠤᠮ ᠤᠷᠤᠭᠰᠢᠳᠠᠢ
ᠶᠠᠪᠤᠭᠳᠠᠵᠤ ᠪᠠᠢᠨ᠎ᠠ ᠃
᠁
ᠮᠠᠨ ᠤ ᠤᠷᠤᠨ ᠤ ᠤᠳᠤ ᠦᠶ᠎ᠡ ᠵᠢᠨ
ᠦᠢᠯᠡᠳᠬᠦ ᠦᠢᠯᠡᠰ ᠰᠢᠨ᠎ᠡ ᠵᠢ ᠡᠬᠦᠳᠬᠦ ᠬᠦᠭᠵᠢᠯᠳᠡ᠂ ᠪᠤᠬᠢᠷᠳᠤᠯ ᠦᠬᠡᠢ ᠬᠦᠭᠵᠢᠯᠳᠡ ᠂ ᠠᠵᠤ ᠦᠶ᠋ᠯᠡᠳᠪᠦᠷᠢᠵᠢᠯᠲᠡ
ᠬᠢᠬᠡᠳ ᠮᠡᠳᠡᠭᠡ ᠵᠠᠩᠬᠢᠵᠢᠯᠳᠠ ᠵᠢ ᠠᠭᠤᠰᠤᠯᠴᠠᠭᠤᠯᠬᠤ ᠬᠦᠭᠵᠢᠯᠳᠡ ᠵᠢᠨ ᠵᠠᠮ ᠵᠢᠡᠷ ᠡᠢᠨ ᠬᠦ᠌ ᠲᠡᠷᠢᠬᠦᠨ ᠤ
ᠬᠢ ᠵᠢ ᠨᠡᠬᠡᠨ ᠬᠦᠢᠴᠡᠬᠦ ᠪᠡᠷ ᠤᠷᠤᠭᠰᠢ ᠲᠡᠮᠡᠤᠯᠦᠭᠰᠡᠬᠡᠷ᠁