ᠰᠢᠨ᠎ᠡ ᠡᠵᠡᠩᠨᠡᠯᠳᠡ ᠵᠢᠨ ᠬᠡᠯᠪᠡᠷᠢ ᠪᠡᠷ ᠤᠨᠴᠠᠯᠠᠭᠳᠠᠭᠰᠠᠨ ᠤᠳᠤ ᠦᠶ᠎ᠡ ᠵᠢᠨ ᠦᠢᠯᠡᠴᠢᠯᠡᠬᠡᠨ᠎ᠤ ᠦᠢᠯᠡᠰ
2021-11-22 09:38:43
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠦᠷᠯᠦᠬᠡ ᠪᠤᠰᠤᠭᠠᠳ ᠴᠠᠢ ᠬᠤᠭᠤᠯᠠ ᠪᠠᠨ ᠪᠡᠯᠡᠳᠬᠡᠵᠤ ᠠᠮᠵᠢᠬᠤ ᠦᠬᠡᠢ ᠪᠤᠯ ᠭᠠᠷ ᠤᠲᠠᠰᠤ ᠪᠡᠨ ᠲᠤᠶᠢᠭᠰᠠᠭᠠᠷ ᠪᠡᠯᠡᠡ ᠬᠣᠭᠣᠯᠠ ᠬᠦᠷᠬᠡᠬᠡᠳ ᠢᠷᠡᠴᠢᠬᠡᠨ᠎ᠡ;  ᠵᠠᠮ᠎ᠤᠨ ᠬᠠᠵᠠᠭᠤ ᠳ᠋ᠤ ᠡᠩᠨᠡᠷᠡᠬᠦᠯᠤᠨ ᠲᠠᠯᠪᠢᠭᠰᠠᠨ ᠬᠠᠮᠲᠤ ᠪᠠᠷ ᠡᠳ᠋ᠯᠡᠬᠦ᠌ ᠳᠤᠭᠤᠶ ᠵᠢ ᠤᠨᠤᠭᠠᠳ ᠠᠵᠢᠯ ᠳ᠋ᠠᠭᠠᠨ ᠭᠠᠷᠴᠢᠬᠠᠨ᠎ᠠ; ᠬᠦᠳᠡᠯᠬᠡᠬᠦ ᠬᠦᠴᠦᠳᠤ ᠭᠠᠯᠳᠤ ᠲᠡᠷᠬᠡᠨ᠎ᠳ᠋ᠤ ᠰᠠᠭᠤᠪᠠᠯ ᠬᠤᠶᠠᠷ ᠴᠠᠭ ᠭᠠᠷᠤᠢ᠎ᠶᠢᠨ ᠲᠤᠳᠤᠷ᠎ᠠ ᠨᠠᠢᠰᠯᠡᠯ ᠪᠡᠭᠡᠵᠢᠩ ᠳ᠋ᠤ ᠬᠦᠷᠴᠢᠬᠡᠨ᠎ᠠ ; ᠬᠡᠷ ᠲᠠᠬᠡᠨ ᠰᠠᠭᠤᠭᠠᠳ ᠰᠦᠯᠵᠢᠶᠡᠨ ᠲᠡᠭᠡᠷ᠎ᠠ ᠡᠴᠡ ᠲᠤᠷᠠᠳᠠᠢ ᠶᠠᠭᠤᠮ᠎ᠠ ᠪᠡᠨ ᠠᠪᠴᠢᠬᠠᠨ᠎ᠠ ᠂ ᠲᠡᠷᠡ ᠮᠦᠷᠳᠡᠬᠡᠨ ᠪᠤᠢᠳᠠ ᠪᠦᠭᠯᠡᠬᠦᠤ ᠬᠦᠳᠡᠭᠡ ᠲᠤᠰᠬᠤᠨ ᠳ᠋ᠤ ᠴᠦ᠍ ᠲᠦᠷᠭᠡᠨ ᠬᠦᠷᠬᠡᠯᠳᠡ ᠨᠡᠪᠳᠡᠷᠡᠭᠰᠡᠨ ᠡᠴᠡ ᠠᠷᠤ ᠬᠡᠷ ᠠᠬ᠎ᠠ ᠲᠡᠬᠦᠤ ᠰᠠᠳᠤᠨ ᠳ᠋ᠠᠭᠠᠨ ᠲᠤᠭᠤᠵᠤ ᠪᠠᠬᠠᠷᠬᠠᠭᠰᠠᠨ ᠵᠦᠢᠯᠡᠰ᠎ᠵᠢᠡᠨ ᠶᠠᠪᠤᠭᠤᠯᠴᠢᠬᠠᠨ᠎ᠠ ᠁ ᠡᠨᠡ ᠪᠤᠯ ᠮᠠᠨ᠎ᠤ ᠤᠷᠤᠨ ᠎ᠤ ᠤᠢᠯᠡᠴᠢᠯᠡᠬᠡᠨ ᠎ᠤ ᠤᠢᠯᠡᠰ ᠎ᠤᠨ ᠦᠷᠨᠢᠬᠦᠨ ᠬᠦᠭᠵᠢᠯᠳᠡ ᠵᠢᠨ ᠬᠡᠰᠡᠭ ᠵᠢᠷᠤᠭᠯᠠᠯ ᠪᠤᠯᠤᠨ᠎ᠠ᠃ ᠦᠨᠦᠳᠤᠷ ᠤᠢᠯᠡᠴᠢᠯᠡᠬᠡᠨ᠎ᠤ ᠤᠢᠯᠡᠰ ᠨᠢ ᠠᠷᠠᠳ᠎ᠤᠨ ᠠᠮᠢᠳᠤᠷᠠᠯ᠂ ᠠᠵᠢᠯ ᠰᠤᠷᠤᠯᠭ᠎ᠠ᠂ ᠵᠤᠭ᠎ᠠ ᠴᠡᠩᠬᠡᠯ᠎ᠬᠡᠬᠦᠴᠢᠯᠡᠨ ᠠᠯᠢᠪᠠ ᠪᠦᠬᠦᠨ ᠳ᠋ᠤ ᠲᠦᠬᠦᠮ ᠦᠵᠡᠬᠦᠯᠵᠤ᠂ ᠦᠷᠬᠡᠨ ᠤᠯᠠᠨ ᠵᠢᠡᠷ ᠵᠢᠡᠨ ᠤᠢᠯᠡᠴᠢᠯᠡᠬᠡᠨ᠎ᠤ ᠤᠢᠯᠡᠰ᠎ᠤᠨ ᠬᠦᠭᠵᠢᠯᠳᠡ ᠎ᠶᠢᠨ ᠠᠰᠢᠬ ᠲᠤᠰᠠ᠎ᠶᠢ ᠬᠠᠮᠳᠤ ᠪᠠᠷ ᠡᠳ᠋ᠯᠡᠵᠤ ᠶᠠᠪᠤᠨ᠎ᠠ ᠃

ᠦᠪᠡᠷᠳᠡᠬᠡᠨ ᠵᠠᠰᠠᠬᠤ ᠤᠷᠤᠨ᠎ᠤ ᠠᠷᠪᠠᠳᠤᠭᠠᠷ ᠤᠳᠠᠭ᠎ᠠ ᠵᠢᠨ ᠨᠠᠮ ᠎ᠤᠨ ᠲᠦᠯᠦᠬᠡᠯᠡᠭᠴᠢᠳ᠎ᠤ᠋ᠨ ᠶᠡᠬᠡ ᠬᠤᠷᠠᠯ ᠡᠴᠡ ᠨᠠᠭᠠᠰᠢ᠂ ᠮᠠᠨ ᠎ᠤ ᠤᠷᠤᠨ ᠤᠳᠤ ᠦᠶ᠎ᠠ ᠵᠢᠨ ᠤᠢᠯᠡᠴᠢᠯᠡᠬᠡᠨ᠎ᠤ ᠤᠢᠯᠡᠰ ᠎ᠤᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠵᠤ᠂ ᠤᠯᠠᠨ ᠤᠯᠤᠰ᠎ᠤᠨ ᠪᠠᠷᠢᠮᠵᠢᠶ᠎ᠠ ᠪᠡᠷ ᠬᠠᠷᠠᠯᠳᠡ ᠪᠤᠯᠭᠠᠨ ᠬᠢᠷᠢ ᠲᠦᠪᠰᠢᠨ ᠵᠢᠡᠨ ᠬᠦᠴᠦᠯᠡᠨ ᠲᠡᠭᠡᠭᠰᠢᠯᠡᠬᠦᠯᠵᠠᠢ ᠃ ᠤᠳᠤ ᠦᠶ᠎ᠡ ᠵᠢᠨ ᠦᠢᠯᠡᠴᠢᠯᠡᠬᠡᠨ ᠎ᠤ ᠦᠢᠯᠡᠰ ᠨᠢ ᠪᠦᠬᠦ ᠤᠷᠤᠨ ᠎ᠤ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠬᠦᠯᠬᠦ ᠂ ᠰᠢᠨ᠎ᠡ ᠬᠠᠭᠤᠴᠢᠨ ᠬᠥᠳᠡᠯᠭᠡᠬᠦ᠌ ᠡᠨ᠋ᠸᠷᠬᠢ ᠵᠢᠨ ᠰᠤᠯᠢᠭᠳᠠᠯ᠎ᠢ᠎ᠠᠬᠢᠭᠤᠯᠬᠤ᠂ ᠬᠡᠷᠡᠭ᠌ᠯᠡᠭᠡ᠎ᠶ᠋ᠢ ᠥᠷᠭᠡᠳᠭᠡᠬᠦ᠌᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠍ ᠂ ᠤᠯᠤᠰ ᠠᠷᠠᠳ᠎ᠤᠨ ᠠᠵᠤ ᠠᠬᠤᠶ ᠵᠢᠨ ᠨᠡᠮᠡᠭ᠌ᠳᠡᠯ᠎ᠢ ᠳᠠᠢᠴᠢᠯᠠᠬᠤ ᠭᠤᠤᠯ ᠬᠦᠳᠡᠯᠬᠡᠬᠦ᠌ ᠬᠦᠴᠦᠨ ᠪᠠ ᠱᠢᠨ᠎ᠡ ᠬᠥᠳᠡᠯᠭᠡᠭᠦᠷ ᠪᠤᠯᠪᠠ᠃

— 2020 ᠤᠨ ᠳ᠋ᠤ ᠪᠥᠬᠥ᠌ ᠤᠷᠤᠨ ᠤ᠋ ᠮᠥᠩᠭᠥᠨ ᠭᠦᠶ᠋ᠯᠭᠡᠭᠡᠨ᠎ᠦ ᠦᠶ᠋ᠯᠡᠰ ᠎ᠤᠨ ᠨᠡᠮᠡᠭᠳᠡᠯ ᠦᠷᠳᠡᠭ 888.9 ᠳ᠋ᠦᠩᠱᠢᠭᠤᠷ ᠲᠥᠭᠥᠷᠢᠭ ᠲᠦ᠍ ᠬᠦᠷᠴᠦ᠂ GDP ᠵᠢᠨ 5.12% ᠎ᠢ᠋ ᠡᠵᠡᠯᠡᠪᠡ ᠃ ᠨᠢᠳᠤᠨᠤᠨ ᠤ᠋ ᠪᠥᠬᠥ᠌ ᠣᠷᠣᠨ ᠎ᠤ ᠰᠲ᠋ᠣᠺ᠂  ᠵᠢᠭᠡᠯᠡᠯᠭᠡ ᠵᠢᠨ ᠲᠡᠮᠳᠡᠭ᠌ᠲᠦ ᠵᠢᠨ ᠪᠠᠯᠠ ᠬᠤᠷᠠᠮᠳᠤᠭᠤᠯᠭ᠎ᠠ 2643.5 ᠳ᠋ᠦᠩᠱᠢᠭᠤᠷ ᠲᠥᠭᠥᠷᠢᠭ ᠪᠠᠢᠵᠤ᠂ 2016 ᠣᠨ᠎ᠤ  2.06 ᠳᠠᠬᠢᠨ ᠲᠠᠢ ᠲᠡᠩᠴᠡᠪᠡ ᠃

— 2020 ᠣᠨ ᠳ᠋ᠤ ᠪᠥᠬᠥ᠌ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠱᠢᠸ᠋ᠳᠠᠨ᠎ᠤ ᠦᠶ᠋ᠯᠡᠰ ᠎ᠤᠨ ᠨᠡᠮᠡᠭᠳᠡᠯ ᠦᠷᠳᠡᠭ 1163.1 ᠳ᠋ᠦᠩᠱᠢᠭᠤᠷ ᠲᠥᠭᠥᠷᠢᠭ ᠲᠦ᠍ ᠬᠦᠷᠴᠦ᠂ GDP ᠵᠢᠨ 6.7%  ᠵᠢ ᠡᠵᠡᠯᠡᠪᠡ ᠃ ᠤᠳᠤ ᠪᠥᠬᠥ᠌ ᠣᠷᠣᠨ ᠳ᠋ᠤ ᠤᠯᠤᠰ ᠎ᠤᠨ A ᠲᠠᠰ ᠎ᠤᠨ ᠡᠳ᠋ ᠪᠠᠷᠠᠭᠠᠨ ᠎ᠤ ᠭᠦᠶ᠋ᠯᠭᠡᠭᠡ ᠵᠢᠨ ᠠᠵᠤ ᠠᠬᠤᠢᠯᠠᠯ ᠵᠢᠡᠷ ᠦᠨᠡᠯᠡᠭ᠌ᠳᠡᠭ᠌ᠰᠡᠨ 47 ᠠᠵᠤ ᠠᠬᠤᠢ᠌ᠯᠠᠯ ᠪᠤᠢ᠃ ᠤᠯᠠᠭᠠᠨᠴᠠᠪ —  ᠡᠷᠢᠶᠡᠨ ᠬᠣᠲᠠ ᠵᠢᠨ ᠡᠬᠡ ᠬᠠᠭᠤᠷᠠᠶ ᠎ᠶ᠋ᠢᠨ ᠭᠠᠷᠠᠮ ᠎ᠤᠨ ᠬᠡᠯᠪᠡᠷᠢ ᠎ᠶ᠋ᠢᠨ ᠤᠯᠤᠰ ᠎ᠤᠨ ᠡᠳ᠋ ᠪᠠᠷᠠᠭᠠᠨ ᠎ᠤ ᠭᠦᠶ᠋ᠯᠭᠡᠭᠡ ᠎ᠵᠢᠨ ᠬᠦᠶ᠋ᠰᠦ ᠨᠢ ᠲᠦᠷᠦᠭᠦᠦ ᠪᠦᠯᠦᠭ ᠎ᠦᠨ ᠤᠯᠤᠰ ᠎ᠤᠨ ᠡᠳ᠋ ᠪᠠᠷᠠᠭᠠᠨ ᠎ᠤ ᠭᠦᠶ᠋ᠯᠭᠡᠭᠡ  ᠵᠢᠨ 127 ᠬᠦᠶ᠋ᠰᠦ ᠬᠣᠲᠠ  ᠵᠢᠨ ᠨᠢᠭᠡ ᠪᠣᠯᠵᠣ ᠂ ᠪᠠᠶᠠᠨᠨᠠᠭᠤᠷ ᠬᠤᠳᠠ ᠤᠯᠤᠰ ᠎ᠤᠨ ᠲᠦᠷᠦᠭᠦᠦ ᠪᠦᠯᠦᠭ ᠎ᠦᠨ ᠬᠦᠶ᠋ᠲᠡᠨ ᠵᠢᠡᠷ ᠬᠦᠷᠬᠡᠬᠦ᠌ ᠡᠳ᠋ ᠪᠠᠷᠠᠭᠠᠨ ᠎ᠤ ᠭᠦᠶ᠋ᠯᠭᠡᠭᠡ ᠵᠢᠨ 17 ᠭᠤᠤᠯᠯᠠᠭ᠍ᠴᠢ ᠰᠠᠭᠤᠷᠢᠨ᠎ᠤ ᠪᠥᠲᠥᠭᠡᠨ ᠪᠠᠢᠭᠤᠯᠤᠯᠲᠠ ᠵᠢᠨ ᠨᠡᠷᠡᠰ ᠲᠦ᠍ ᠤᠷᠤᠵᠤ᠂ ᠤᠯᠠᠭᠠᠨᠬᠠᠳᠠ ᠬᠤᠳᠠ ᠵᠢᠨ ᠬᠤᠩᠱᠠᠨ ᠡᠳ᠋ ᠪᠠᠷᠠᠭᠠᠨ ᠎ᠤ ᠭᠦᠶ᠋ᠯᠭᠡᠭᠡ ᠵᠢᠨ ᠬᠦᠷᠢᠶᠡᠯᠡᠩ ᠲᠣᠭᠣᠷᠢᠭ᠂ ᠵᠢᠨᠢᠩ᠎ᠦᠨ ᠣᠲᠣ ᠦᠶ᠎ᠡ ᠵᠢᠨ ᠡᠳ᠋ ᠪᠠᠷᠠᠭᠠᠨ ᠎ᠤ ᠭᠦᠶ᠋ᠯᠭᠡᠭᠡ ᠵᠢᠨ ᠬᠦᠷᠢᠶᠡᠯᠡᠩ ᠲᠣᠭᠣᠷᠢᠭ ᠨᠢ ᠤᠯᠤᠰ᠎ᠤᠨ ᠲᠠᠰ᠎ᠤᠨ ᠵᠢᠱ᠌ᠢᠶ᠎ᠡ ᠦᠵᠡᠭᠦᠯᠬᠦ᠌ ᠡᠳ᠋ ᠪᠠᠷᠠᠭᠠᠨ ᠎ᠤ ᠭᠦᠶ᠋ᠯᠭᠡᠭᠡ ᠵᠢᠨ ᠬᠦᠷᠢᠶᠡᠯᠡᠩ ᠲᠣᠭᠣᠷᠢᠭ ᠪᠤᠯᠤᠭᠰᠠᠨ ᠪᠠᠢᠨ᠎ᠠ ᠃

— ᠳ᠋ᠦᠨᠬᠤᠸᠠᠡᠭ᠂ ᠲᠢᠶᠠᠨ ᠮᠤᠤ ᠵᠡᠷᠭᠡ ᠨᠢᠭᠡ ᠪᠦᠯᠦᠭ ᠲᠣᠮᠣ ᠬᠡᠯᠪᠡᠷᠢ ᠵᠢᠨ ᠡᠯᠧᠺᠲ᠋ᠷᠣᠨ ᠬᠤᠳᠠᠯᠳᠤᠭᠠᠨ᠎ᠤ ᠠᠵᠤ ᠠᠬᠤᠢᠯᠠᠯ ᠮᠠᠨ ᠎ᠤ ᠣᠷᠣᠨ ᠎ᠳᠤ ᠨᠤᠳᠤᠭ᠍ᠰᠢᠨ ᠬᠥᠭ᠌ᠵᠢᠵᠦ᠍᠂ ᠪᠦᠬᠦ ᠤᠷᠤᠨ ᠳ᠋ᠤ ᠱᠢᠨ᠎ᠠ ᠪᠡᠷ ᠤᠯᠤᠰ ᠎ᠤᠨ ᠲᠡᠰ ᠎ᠤᠨ ᠡᠯᠧᠺᠲ᠋ᠷᠣᠨ ᠬᠤᠳᠠᠯᠳᠤᠭᠠᠨ ᠎ᠤ 4 ᠵᠢᠱ᠌ᠢᠶ᠎ᠡ ᠦᠵᠡᠭᠦᠯᠬᠦ᠌ ᠰᠠᠭᠤᠷᠢᠨ ᠪᠤᠯᠤᠨ ᠤᠯᠤᠰ ᠎ᠤᠨ ᠲᠡᠰ ᠎ᠤᠨ ᠡᠯᠧᠺᠲ᠋ᠷᠣᠨ ᠬᠤᠳᠠᠯᠳᠤᠭᠠᠨ ᠎ᠤ 3 ᠵᠢᠱ᠌ᠢᠶ᠎ᠡ ᠦᠵᠡᠭᠦᠯᠬᠦ᠌ ᠠᠵᠤ ᠠᠬᠤᠢᠯᠠᠯ ᠨᠡᠮᠡᠭ᠌ᠳᠡᠵᠤ᠂ ᠡᠯᠧᠺᠲᠷᠤᠨ ᠬᠤᠳᠠᠯᠳᠤᠭ᠎ᠠ᠂ ᠰᠦᠯᠵᠢᠶᠠᠨ ᠎ᠤ ᠮᠤᠳ᠋ ᠠᠵᠤ ᠠᠬᠤᠢ ᠵᠡᠷᠭᠡ ᠰᠢᠨ᠎ᠠ ᠡᠵᠡᠩᠨᠡᠯᠳᠡ ᠎ᠶᠢᠨ ᠬᠡᠯᠪᠡᠷᠢ ᠲᠦᠷᠭᠡᠨ ᠬᠦᠭᠵᠢᠪᠡ᠃ ᠨᠢᠳᠤᠨᠤᠨ ᠪᠥᠬᠥ᠌ ᠣᠷᠣᠨ ᠎ᠤ ᠪᠤᠳᠠᠳᠤ ᠲᠠᠸᠠᠷ ᠎ᠤᠨ ᠰᠦᠯᠵᠢᠶ᠎ᠡ ᠪᠡᠷ ᠵᠢᠵᠢᠭ᠌ᠯᠡᠨ ᠪᠤᠷᠤᠯᠠᠭᠤᠯᠤᠭ᠍ᠰᠠᠨ ᠬᠡᠮᠵᠢᠶ᠎ᠡ 267 ᠳ᠋ᠦᠩᠱᠢᠭᠤᠷ ᠲᠥᠭᠥᠷᠢᠭ ᠲᠦ᠍ ᠬᠦᠷᠴᠦ᠂ ᠨᠡᠢᠬᠡᠮ᠎ᠤᠨ ᠬᠡᠷᠡᠭᠯᠡᠬᠡᠨ ᠎ᠤ ᠲᠠᠸᠠᠷ ᠎ᠤᠨ ᠪᠦᠬᠦ ᠪᠤᠷᠤᠯᠠᠭᠤᠯᠭ᠎ᠠ ᠵᠢᠨ 5.6% ᠵᠢ ᠡᠵᠡᠯᠡᠪᠡ ᠃ ᠡᠨᠡ ᠵᠢᠯ᠎ᠤᠨ ᠲᠦᠷᠦᠭᠦᠦ ᠭᠤᠷᠪᠠᠨ ᠤᠯᠠᠷᠢᠯ ᠎ᠳᠤ ᠪᠦᠬᠦ ᠤᠷᠤᠨ ᠎ᠤ ᠪᠤᠳᠠᠳᠤ ᠲᠠᠸᠠᠷ ᠎ᠤᠨ ᠰᠦᠯᠵᠢᠶ᠎ᠠ ᠪᠡᠷ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠠ 216.2 ᠳ᠋ᠦᠩᠰᠢᠭᠤᠷ ᠲᠦᠭᠦᠷᠢᠭ ᠲᠦ᠍ ᠬᠦᠷᠴᠤ᠂ ᠨᠢᠳᠤᠨᠤᠨ ᠎ᠤ ᠠᠳᠠᠯᠢ ᠬᠤᠭᠤᠴᠠᠭᠠᠨ ᠎ᠤ ᠬᠢ ᠡᠴᠡ 23.9% ᠪᠡᠷ ᠨᠡᠮᠡᠭᠳᠡᠪᠡ᠃

— ᠰᠣᠶᠣᠯ ᠵᠢᠭᠤᠯᠴᠢᠯᠠᠯ᠎ᠤᠨ ᠬᠡᠷᠡᠭ᠌ᠯᠡᠭᠡ ᠵᠢ ᠲᠡᠰ᠎ᠲᠡᠪᠰᠢᠬᠦᠯᠵᠤ᠂《ᠦᠵᠡᠰᠭᠦᠯᠡᠩᠲᠦ ᠰᠠᠢᠬᠠᠨ ᠥᠪᠥᠷ ᠮᠣᠩᠭᠣᠯ》ᠨᠢᠭᠡᠨᠲᠡ ᠮᠠᠨ ᠎ᠤ ᠤᠷᠤᠨ ᠎ᠤ ᠰᠣᠶᠣᠯ ᠵᠢᠭᠤᠯᠴᠢᠯᠠᠯ ᠎ᠤᠨ ᠠᠵᠤ ᠦᠢᠯᠡᠰ᠎ᠦᠨ ᠬᠢᠯᠠᠯᠵᠠᠭ᠍ᠰᠠᠨ ᠨᠡᠷ᠎ᠡ ᠵᠢᠨ ᠬᠠᠭᠤᠳᠠᠰᠤ ᠪᠣᠯᠵᠠᠢ ᠃ ᠤᠳᠤ ᠪᠥᠬᠥ᠌ ᠣᠷᠣᠨ ᠳ᠋ᠤ ᠤᠯᠤᠰ ᠎ᠤᠨ 4A ᠲᠠᠰ ᠡᠴᠡ ᠳᠡᠭᠡᠭ᠌ᠰᠢᠬᠢ 139 ᠵᠢᠭᠤᠯᠴᠢᠯᠠᠯ᠎ᠤᠨ ᠦᠵᠡᠮᠵᠢ ᠵᠢᠨ ᠣᠷᠣᠨ᠎ᠲᠠᠢ ᠪᠤᠯᠵᠤ᠂ ᠨᠢᠳᠤᠨᠤᠨ ᠬᠦᠨᠳᠤ ᠬᠡᠴᠡᠬᠦᠤ ᠬᠢᠵᠢᠭ ᠎ᠤᠨ ᠪᠠᠢᠳᠠᠯ ᠳ᠋ᠤ ᠨᠦᠯᠦᠬᠡᠯᠡᠭᠳᠡᠭᠰᠡᠨ ᠪᠤᠯᠪᠠᠴᠦ ᠤᠯᠤᠰ ᠎ᠤᠨ ᠳᠣᠲᠣᠭᠠᠳᠤ  ᠵᠢᠨ ᠵᠢᠭᠤᠯᠴᠢᠯᠠᠯ ᠎ᠤᠨ ᠣᠷᠣᠯᠭ᠎ᠠ ᠮᠦᠨ ᠬᠦ᠌ 2400 ᠳ᠋ᠦᠩᠱᠢᠭᠤᠷ ᠲᠥᠭᠥᠷᠢᠭ ᠎ᠢ ᠲᠠᠪᠠᠭᠰᠠᠨ ᠠᠵᠢ ᠃

ᠲᠣᠮᠣ ᠳ᠋ᠠᠢᠲ᠋ᠠ ᠎ᠶ᠋ᠢᠨ ᠠᠵᠤ ᠦᠶ᠋ᠯᠡᠰ ᠎ᠤᠨ ᠲᠥᠪᠯᠡᠷᠡᠨ ᠬᠥᠭ᠌ᠵᠢᠬᠦ᠌ ᠬᠠᠨᠳᠤᠰᠢ ᠢᠯᠡᠷᠬᠡᠶ ᠪᠣᠯᠵᠤ᠂ ᠠᠮᠢᠳᠤᠷᠠᠯ᠎ᠤᠨ ᠴᠢᠨᠠᠷᠲᠠᠶ ᠦᠶ᠋ᠯᠡᠴᠢᠯᠡᠭᠡᠨ᠎ᠦ ᠦᠶ᠋ᠯᠡᠰ᠎ᠦᠨ ᠬᠠᠩᠭᠠᠯᠭ᠎ᠠ᠎ᠶ᠋ᠢᠨ ᠴᠢᠳᠠᠪᠤᠷᠢ ᠬᠢᠭᠡᠳ ᠬᠠᠩᠭᠠᠯᠭ᠎ᠠ ᠎ᠶ᠋ᠢᠨ ᠶᠠᠰᠤ ᠴᠢᠨᠠᠷ ᠦᠷᠭᠦᠯᠵᠢᠯᠡᠨ ᠳᠡᠭᠡᠭ᠌ᠰᠢᠯᠡᠵᠦ᠍ ᠂ ᠮᠡᠳᠡᠭᠡ ᠵᠠᠩᠭᠢ᠎ᠶ᠋ᠢᠨ ᠮᠡᠷᠭᠡᠵᠢᠯ ᠬᠢᠭᠡᠳ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠎ᠤ ᠭᠦᠶ᠋ᠯᠭᠡᠭᠡ ᠵᠢᠨ ᠠᠵᠤ ᠦᠶ᠋ᠯᠡᠰ ᠲᠠᠰᠤᠷᠠᠯᠲᠠ ᠥᠬᠡᠶ ᠠᠭᠤᠰᠤᠯᠴᠠᠨ᠂ ᠬᠣᠨᠣᠭ ᠪᠠᠭᠤᠳᠠᠯ ᠢᠳᠡᠭᠡᠨ ᠤᠮᠳᠠᠭᠠᠨ᠂ ᠪᠥᠭᠡᠮ ᠵᠢᠡᠷ ᠬᠤᠳᠠᠯᠳᠤᠬᠤ ᠪᠠ ᠵᠢᠵᠢᠭ᠌ᠯᠡᠨ ᠪᠤᠷᠤᠯᠠᠭᠤᠯᠬᠤ ᠵᠡᠷᠭᠡ ᠦᠶ᠋ᠯᠡᠴᠢᠯᠡᠭᠡᠨ᠎ᠦ ᠦᠶ᠋ᠯᠡᠰ᠎ᠦᠨ ᠬᠡᠯᠪᠡᠷᠢ ᠪᠡᠨ ᠬᠤᠪᠢᠷᠠᠭᠤᠯᠵᠤ ᠬᠥᠭ᠌ᠵᠢᠬᠦ᠌ ᠲᠠᠯ᠎ᠠ ᠪᠡᠷ ᠪᠣᠳᠠᠲᠤ ᠦᠷ᠎ᠡ ᠪᠦᠲᠦᠮᠵᠢ ᠤᠯᠪᠠ ᠃

ᠦᠢᠯᠡᠴᠢᠯᠡᠭᠡᠨ ᠎ᠦ ᠦᠢᠯᠡᠰ ᠎ᠦᠨ ᠬᠥᠭ᠌ᠵᠢᠯᠲᠡ  ᠵᠢᠨ ᠲᠦᠪᠱᠢᠨ ᠪᠣᠯ ᠨᠢᠭᠡ ᠭᠠᠵᠠᠷ ᠣᠷᠣᠨ ᠎ᠤ ᠠᠵᠤ ᠠᠬᠤᠢ ᠨᠡᠢᠭᠡᠮ ᠎ᠦᠨ ᠬᠥᠭ᠌ᠵᠢᠯᠲᠡ  ᠵᠢᠨ ᠴᠢᠬᠤᠯᠠ ᠪᠡᠯᠭᠡ ᠲᠡᠮᠳᠡᠭ ᠪᠤᠯᠬᠤ ᠶᠤᠮ᠃ ᠦᠪᠡᠷᠳᠡᠬᠡᠨ ᠵᠠᠰᠠᠬᠤ ᠤᠷᠤᠨ᠎ᠤ ᠠᠷᠪᠠᠳᠤᠭᠠᠷ ᠤᠳᠠᠭ᠎ᠠ ᠵᠢᠨ ᠨᠠᠮ᠎ᠤᠨ ᠲᠦᠯᠦᠬᠡᠯᠡᠭᠴᠢᠳ ᠎ᠤ᠋ᠨ ᠶᠡᠬᠡ ᠬᠤᠷᠠᠯ ᠡᠴᠡ ᠨᠠᠭᠠᠰᠢ ᠂ ᠮᠠᠨ ᠎ᠤ ᠤᠷᠤᠨ ᠎ᠤ ᠦᠢᠯᠡᠴᠢᠯᠡᠭᠡᠨ ᠎ᠦ ᠦᠢᠯᠡᠰ ᠲᠠᠪᠠᠯᠳᠠᠳᠤ ᠬᠥᠭ᠌ᠵᠢᠯᠲᠡ ᠵᠢ ᠪᠡᠶᠡᠯᠡᠬᠦᠯᠵᠤ ᠂ ᠨᠢᠬᠡᠨᠳᠡ ᠤᠯᠤᠰ ᠠᠷᠠᠳ ᠎ᠤᠨ ᠠᠵᠤ ᠠᠬᠤᠢ ᠵᠢᠨ ᠭᠤᠤᠯ ᠬᠦᠴᠦᠨ ᠴᠡᠷᠢᠭ ᠪᠤᠯᠵᠤ ᠲᠤᠮᠤᠷᠠᠪᠠ ᠃ ᠲᠤᠭ᠎ᠠ ᠪᠠᠷᠢᠮᠳᠠ ᠲᠠᠩ ᠴᠤᠯᠭᠤᠢ ᠪᠤᠯᠪᠠᠴᠦ ᠬᠠᠮᠤᠭ ᠎ᠤᠨ ᠢᠳᠡᠬᠡᠬᠦᠯᠬᠦ ᠬᠦᠴᠦᠨ ᠲᠠᠢ ᠶᠤᠮ ᠂ ᠪᠦᠬᠦ ᠤᠷᠤᠨ ᠎ᠤ  GDP ᠳ᠋ᠡᠬᠢ ᠦᠶ᠋ᠯᠡᠴᠢᠯᠡᠭᠡᠨ᠎ᠦ ᠦᠶ᠋ᠯᠡᠰ᠎ᠦᠨ ᠨᠡᠮᠡᠭ᠌ᠳᠡᠯ ᠥᠷᠲᠡᠭ᠎ᠦᠨ ᠬᠠᠷᠢᠴᠠᠯ 2016 ᠤᠨ ᠳ᠋ᠤ 42.5% ᠪᠠᠢᠭ᠍ᠰᠠᠨ ᠡᠴᠡ ᠪᠠᠨ 2020 ᠤᠨ ᠳ᠋ᠤ 48.8% ᠪᠤᠯᠵᠤ ᠂ ᠵᠠᠭᠤᠨ ᠎ᠤ ᠬᠠᠷᠢᠴᠠᠯ ᠵᠢᠡᠷ 6.3 ᠬᠤᠪᠢ ᠲᠠᠬᠡᠭᠰᠢᠯᠡᠵᠠᠢ ;  ᠨᠢᠬᠡᠳᠤᠬᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠎ᠤᠨ ᠬᠠᠷᠢᠴᠠᠯ 2016 ᠤᠨ ᠳ᠋ᠤ 12.0᠄ 40.5᠄ 47.5 ᠪᠠᠢᠭ᠍ᠰᠠᠨ ᠡᠴᠡ ᠪᠠᠨ 2020 ᠤᠨ ᠳ᠋ᠤ 11.7᠄ 39.6᠄ 48.8 ᠪᠣᠯᠵᠣ ᠂ ᠠᠵᠤ ᠦᠶ᠋ᠯᠡᠰ᠎ᠦᠨ ᠪᠦᠲᠦᠴᠡ ᠴᠢᠨᠠᠭᠰᠢᠳᠠ ᠱᠢᠯᠢᠳᠡᠭ᠌ᠵᠢᠪᠠ ᠃ ᠡᠨᠡ ᠵᠢᠯ ᠎ᠤᠨ ᠲᠦᠷᠦᠬᠦᠦ ᠭᠤᠷᠪᠠᠨ ᠤᠯᠠᠷᠢᠯ ᠳ᠋ᠤ ᠪᠦᠬᠦ ᠤᠷᠤᠨ᠎ᠤ ᠬᠡᠪᠴᠢᠶᠡᠵᠢᠯ ᠡᠴᠡ ᠲᠡᠭᠡᠭᠰᠢᠬᠢ ᠤᠢᠯᠡᠴᠢᠯᠡᠬᠡᠨ ᠎ᠤ ᠤᠢᠯᠡᠰ᠎ᠤᠨ ᠡᠵᠡᠩᠨᠡᠯᠳᠡ ᠵᠢᠨ ᠤᠷᠤᠯᠭ᠎ᠠ ᠨᠢᠳᠤᠨᠤᠨ ᠎ᠤ ᠠᠳᠠᠯᠢ ᠬᠤᠭᠤᠴᠠᠭᠠᠨ ᠎ᠤ ᠬᠢ ᠡᠴᠡ 6.9% ᠪᠡᠷ ᠨᠡᠮᠡᠭᠳᠡᠵᠤ᠂ ᠠᠵᠤ ᠠᠬᠤᠢᠯᠡᠯ ᠎ᠤᠨ ᠦᠷ᠎ᠠ ᠠᠰᠢᠬ ᠵᠤᠬᠢᠬᠤ ᠬᠡᠮᠵᠢᠶ᠎ᠠ ᠪᠡᠷ ᠰᠠᠢᠵᠢᠷᠠᠨ᠂ ᠲᠡᠭᠡᠳᠤ ᠰᠢᠨ᠎ᠡ ᠮᠡᠷᠭᠡᠵᠢᠯ᠎ᠤᠨ ᠤᠢᠯᠡᠴᠢᠯᠡᠬᠡᠨ ᠎ᠤ ᠤᠢᠯᠡᠰ ᠦᠷᠬᠦᠯᠵᠢᠯᠡᠨ ᠲᠤᠭᠳᠠᠭᠤᠨ ᠵᠢᠡᠷ ᠬᠦᠭᠵᠢᠵᠦ᠂ ᠡᠷᠡᠬᠦᠯ ᠮᠡᠨᠳᠤ ᠎ᠶᠢᠨ ᠤᠢᠯᠡᠴᠢᠯᠡᠬᠡᠨ᠎ᠤ ᠤᠢᠯᠡᠰ ᠶᠡᠬᠡᠪᠡᠷ ᠲᠦᠷᠭᠡᠨ ᠬᠦᠭᠵᠢᠭᠰᠡᠨ ᠪᠠᠢᠨ᠎ᠠ ᠃

ᠦᠬᠠᠢ ᠬᠤᠳᠠ ᠵᠢᠨ ᠵᠢᠤᠢ ᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ᠤᠨ ᠬᠢᠵᠠᠭᠠᠷᠳᠤ ᠺᠤᠮᠫᠠᠨᠢ ᠳ᠋ᠤ ᠠᠵᠢᠯᠳᠠᠳ ᠶᠠᠭ ᠰᠢᠨ᠎ᠠ ᠵᠠᠭᠤᠴᠢᠯᠠᠭᠤᠷ ᠎ᠤᠨ ᠲᠠᠪᠴᠠᠩ ᠵᠢᠡᠷ ᠰᠦᠯᠵᠢᠶᠡᠨ ᠠᠨᠳᠠ ᠨᠠᠷ᠎ᠲᠤ ᠦᠢᠯᠡᠴᠢᠯᠡᠬᠡ ᠬᠠᠩᠭᠠᠵᠤ ᠶᠠᠭᠠᠷᠠᠯᠳᠤᠨ᠎ᠠ᠃ ᠲᠤᠬᠠᠢ ᠵᠢᠨ ᠭᠠᠵᠠᠷ᠎ᠤᠨ ᠬᠠᠮᠢᠶ᠎ᠠ ᠪᠦᠬᠦᠢ ᠰᠠᠯᠠᠭ᠎ᠠ ᠮᠦᠴᠢᠷ ᠎ᠤᠨ ᠬᠢᠨ ᠡᠨᠡ ᠬᠦ᠌ ᠲᠠᠪᠴᠠᠩ ᠵᠢᠡᠷ ᠲᠠᠮᠵᠢᠨ ᠪᠦᠬᠦ ᠬᠤᠳᠠ ᠵᠢᠨ ᠤᠢᠯᠡᠳᠬᠦ ᠤᠢᠯᠡᠰ ᠪᠤᠯᠤᠨ ᠬᠤᠪᠢ ᠎ᠶᠢᠨ ᠤᠢᠯᠡᠳᠪᠤᠷᠢ ᠬᠤᠳᠠᠯᠳᠤᠭᠠᠨ᠎ᠤ ᠡᠷᠤᠬᠡ ᠎ᠳᠤ ᠠᠮᠢᠳᠤᠷᠠᠯ ᠎ᠤᠨ ᠴᠢᠨᠠᠷᠳᠠᠢ ᠤᠢᠯᠡᠴᠢᠯᠡᠬᠡ ᠬᠠᠩᠭᠠᠵᠤ ᠪᠤᠢ ᠃ ᠵᠢᠯ ᠎ᠤᠨ ᠡᠬᠢᠨ ᠡᠴᠡ ᠨᠠᠭᠠᠰᠢ ᠤᠳᠤᠬᠠᠨ ᠪᠤᠯᠳᠠᠯ᠎ᠠ᠂ ᠦᠬᠠᠢ ᠬᠤᠳᠠ ᠵᠢᠨ ᠠᠮᠢᠳᠤᠷᠠᠯ᠎ᠤᠨ ᠴᠢᠨᠠᠷᠳᠠᠢ ᠤᠢᠯᠡᠴᠢᠯᠡᠬᠡ᠂ ᠤᠢᠯᠡᠳᠪᠤᠷᠢᠯᠡᠯ ᠎ᠤᠨ ᠴᠢᠨᠠᠷᠳᠠᠢ ᠤᠢᠯᠡᠴᠢᠯᠡᠬᠡ᠂ ᠰᠦᠯᠵᠢᠶᠡᠨ ᠲᠡᠭᠡᠷᠡᠬᠢ ᠬᠤᠳᠠᠯᠳᠤᠭᠠᠨ᠎ᠤ ᠤᠢᠯᠡᠴᠢᠯᠡᠬᠡ ᠨᠢᠬᠡᠨᠳᠡ 300 ᠭᠠᠷᠤᠢ ᠲᠦᠮᠡᠨ ᠲᠦᠬᠦᠷᠢᠭ ᠎ᠤᠨ ᠠᠰᠢᠬ ᠤᠷᠤᠯᠭ᠎ᠠ ᠡᠬᠦᠳᠪᠠ᠃ ᠡᠨᠡ ᠪᠤᠯ ᠮᠠᠨ ᠎ᠤ ᠤᠷᠤᠨ ᠎ᠤ ᠣᠲᠣ ᠦᠶ᠎ᠡ ᠵᠢᠨ ᠦᠶ᠋ᠯᠡᠴᠢᠯᠡᠭᠡᠨ᠎ᠦ ᠦᠶ᠋ᠯᠡᠰ ᠴᠠᠭ ᠦᠶ᠎ᠠ ᠵᠢᠨ ᠠᠢᠵᠠᠮ᠎ᠢ ᠲᠠᠭᠠᠨ ᠲᠦᠷᠬᠡᠨ ᠬᠤᠷᠳᠤᠴᠠ ᠪᠠᠷ ᠬᠥᠭ᠌ᠵᠢᠵᠦ᠍ ᠪᠠᠢᠬᠤ ᠵᠢᠨ ᠨᠢᠬᠡᠨ ᠵᠢᠱ᠌ᠢᠶ᠎ᠠ ᠪᠤᠯᠬᠤ ᠶᠤᠮ ᠃

ᠣᠢᠷ᠎ᠠ ᠵᠢᠨ ᠵᠢᠯ ᠡᠴᠡ ᠨᠠᠭᠠᠰᠢ ᠂ ᠮᠠᠨ ᠎ᠤ ᠣᠷᠣᠨ《ᠢᠨᠲ᠋ᠧᠷ ᠰᠦᠯᠵᠢᠶ᠎ᠡ +》ᠪᠡᠷ ᠲᠠᠮᠵᠢᠨ ᠠᠭᠤᠰᠤᠯᠴᠠᠯ ᠎ᠢ ᠬᠦᠨᠵᠡᠬᠡᠢ᠌ᠷᠡᠬᠦᠯᠤᠨ ᠱᠢᠨ᠎ᠡ ᠵᠢ ᠡᠭᠦᠳᠴᠤ᠌᠂ ᠱᠢᠨ᠎ᠡ ᠡᠵᠡᠩᠨᠡᠯᠲᠡ ᠵᠢᠨ ᠬᠡᠯᠪᠡᠷᠢ ᠱᠢᠨ᠎ᠡ ᠦᠶ᠋ᠯᠡᠴᠢᠯᠡᠭᠡᠨ ᠎ᠤ ᠵᠠᠭᠪᠤᠷ ᠎ᠤᠨ ᠦᠷᠨᠢᠨ ᠬᠥᠭ᠌ᠵᠢᠬᠦ᠌᠎ᠶ᠋ᠢ ᠪᠡᠶᠡᠯᠡᠭᠦᠯᠪᠡ᠃ ᠨᠢᠳᠤᠨᠤᠨ ᠬᠢᠵᠢᠭ ᠎ᠤᠨ ᠪᠠᠢᠳᠠᠯ ᠳ᠋ᠤ ᠨᠦᠯᠦᠬᠡᠯᠡᠭ᠌ᠳᠡᠨ ᠪᠥᠬᠥ᠌ ᠣᠷᠣᠨ ᠎ᠤ ᠦᠶ᠋ᠯᠡᠴᠢᠯᠡᠭᠡᠨ᠎ᠦ ᠦᠶ᠋ᠯᠡᠰ ᠎ᠦᠨ ᠨᠡᠮᠡᠭ᠌ᠳᠡᠯ ᠥᠷᠲᠡᠭ ᠬᠡᠳᠦᠢᠪᠡᠷ 2019 ᠤᠨ ᠎ᠤ᠎ᠬᠢ ᠡᠴᠡ 0.9% ᠪᠠᠷ ᠪᠠᠭᠤᠷᠠᠭ᠍ᠰᠠᠨ ᠪᠣᠯᠪᠠᠴᠤ᠌ ᠱᠢᠨ᠎ᠡ ᠮᠡᠷᠭᠡᠵᠢᠯ ᠵᠢᠡᠷ ᠬᠥᠲᠥᠯᠦᠨ ᠳᠠᠭᠠᠭᠤᠯᠤᠭ᠍ᠰᠠᠨ ᠣᠲᠣ ᠦᠶ᠎ᠡ ᠵᠢᠨ ᠦᠶ᠋ᠯᠡᠴᠢᠯᠡᠭᠡᠨ ᠎ᠦ ᠦᠶ᠋ᠯᠡᠰ ᠎ᠦᠨ ᠢᠯᠡᠷᠡᠯ ᠲᠣᠪᠣᠢᠮ᠎ᠠ ᠪᠠᠢᠵᠤ᠂ ᠪᠥᠬᠥ᠌ ᠣᠷᠣᠨ ᠎ᠤ ᠬᠡᠯᠬᠢᠶᠡᠵᠢᠭ᠌ᠰᠡᠨ ᠡᠵᠡᠩᠨᠡᠯᠲᠡ᠂ ᠬᠣᠲᠠ ᠵᠢᠨ ᠬᠤᠳᠠᠯᠳᠤᠭᠠᠨ ᠎ᠤ ᠶᠡᠷᠦᠩᠬᠡᠢᠯᠡᠭ᠌ᠰᠡᠨ ᠴᠣᠭ᠍ᠴᠠ ᠵᠡᠷᠭᠡ ᠱᠢᠨ᠎ᠡ ᠡᠵᠡᠩᠨᠡᠯᠲᠡ ᠎ᠶ᠋ᠢᠨ ᠬᠡᠯᠪᠡᠷᠢ ᠪᠤᠯᠤᠨ ᠰᠦᠯᠵᠢᠶᠡᠨ ᠳᠡᠭᠡᠷ᠎ᠡ ᠡᠴᠡ ᠪᠠᠷᠠᠭ᠎ᠠ ᠲᠠᠸᠠᠷ ᠬᠤᠳᠠᠯᠳᠤᠨ ᠠᠪᠬᠤ ᠂ ᠰᠦᠯᠵᠢᠶᠡᠨ ᠳᠡᠭᠡᠷ᠎ᠡ ᠢᠳᠡᠭᠡᠨ ᠤᠮᠳᠠᠭᠠᠨ ᠵᠠᠬᠢᠶᠠᠯᠠᠬᠤ ᠵᠡᠷᠬᠡ ᠱᠢᠨ᠎ᠡ ᠬᠡᠯᠪᠡᠷᠢ᠎ᠵᠢᠨ᠎ᠡᠵᠡᠩᠨᠡᠨ ᠪᠣᠷᠣᠯᠠᠭᠤᠯᠬᠤ ᠵᠠᠭ᠍ᠪᠤᠷ ᠠᠯᠬᠤᠮ ᠠᠯᠬᠤᠮ ᠵᠢᠡᠷ ᠬᠥᠭ᠌ᠵᠢᠨ ᠪᠤᠵᠠᠭᠠᠢᠷᠠᠵᠤ ᠂ ᠪᠥᠬᠥ᠌ ᠣᠷᠣᠨ ᠎ᠤ ᠦᠶ᠋ᠯᠡᠴᠢᠯᠡᠭᠡᠨ ᠎ᠦ ᠦᠶ᠋ᠯᠡᠰ ᠎ᠦᠨ ᠬᠥᠭ᠌ᠵᠢᠯᠲᠡ ᠳ᠋ᠤ ᠱᠢᠨ᠎ᠡ ᠠᠮᠢᠵᠢᠷᠠᠯ᠎ᠤᠨ ᠬᠦᠴᠦᠨ ᠤᠯᠭᠤᠪᠠ᠃ ᠡᠨᠡ ᠵᠢᠯ ᠎ᠤᠨ ᠲᠦᠷᠦᠬᠦᠤ 9 ᠰᠠᠷ᠎ᠠ ᠳ᠋ᠤ ᠂ ᠪᠦᠬᠦ ᠤᠷᠤᠨ ᠵᠢᠡᠷ ᠵᠢᠡᠨ ᠲᠤᠤ ᠪᠤᠤ ᠵᠢᠨ ᠰᠢᠭᠤᠳ ᠨᠡᠪᠳᠡᠷᠡᠭᠦᠯᠭᠡ ᠬᠢᠭᠰᠡᠨ ᠬᠡᠮᠵᠢᠶ᠎ᠠ 5.3 ᠲᠦᠮᠡᠨ ᠤᠳᠠᠭ᠎ᠠ ᠳ᠋ᠤ ᠬᠦᠷᠴᠤ᠂ ᠬᠡᠷᠡᠭᠯᠡᠭᠴᠢ ᠵᠢ 1.44 ᠳ᠋ᠦᠩᠰᠢᠭᠤᠷ ᠤᠳᠠᠭ᠎ᠠ ᠳᠠᠳᠠᠵᠤ ᠰᠢᠭᠤᠳ ᠨᠡᠪᠳᠡᠷᠡᠭᠦᠯᠭᠡ ᠦᠵᠡᠭᠦᠯᠦᠭᠰᠡᠨ ᠪᠠᠢᠨ᠎ᠠ ; ᠬᠤᠷᠢᠨᠭᠡᠷ ᠰᠢᠨ᠎ᠠ ᠲᠤᠭᠤᠷᠢᠭ᠎ᠤᠨ ᠬᠢᠯᠢ ᠠᠯᠤᠰᠯᠠᠭᠰᠠᠨ᠎ᠡᠯᠧᠺᠲᠷᠤᠨ ᠬᠤᠳᠠᠯᠳᠤᠭᠠᠨ᠎ᠤ《ᠬᠤᠶᠠᠷ᠎ᠳᠠᠪᠴᠠᠩ᠎ᠵᠢᠷᠭᠤᠭᠠᠨ ᠰᠢᠰᠲ᠋ᠧᠮ》 ᠤ᠋ᠨ ᠦᠢᠯᠡᠴᠢᠯᠡᠭᠡᠨ᠎ᠤ ᠴᠢᠳᠠᠪᠬᠢ ᠲᠠᠰᠤᠷᠠᠯᠳᠠ ᠦᠭᠡᠢ ᠰᠠᠢᠵᠢᠷᠠᠨ ᠨᠡᠢᠳᠡ 88.9 ᠲᠦᠮᠡᠨ ᠬᠤᠪᠢ ᠬᠢᠯᠢ ᠠᠯᠤᠰᠯᠠᠭᠰᠠᠨ ᠡᠯᠧᠺᠲᠷᠤᠨ ᠠᠷᠠᠯᠵᠢᠶ᠎ᠠ ᠬᠤᠳᠠᠯᠳᠤᠭᠠᠨ ᠎ᠤ ᠵᠠᠬᠢᠶᠠᠯᠠᠭ᠎ᠠ ᠵᠢᠨ ᠬᠠᠭᠤᠳᠠᠰᠤ ᠵᠢ ᠪᠡᠶᠡᠯᠡᠭᠦᠯᠵᠦ᠂ ᠠᠷᠠᠯᠵᠢᠶᠠᠨ ᠎ᠤ ᠬᠡᠮᠵᠢᠶ᠎ᠠ1.1 ᠳ᠋ᠦᠩᠰᠢᠭᠤᠷ ᠲᠦᠭᠦᠷᠢᠭ ᠲᠦ᠍ ᠬᠦᠷᠴᠤ ᠂ ᠪᠦᠬᠦ ᠤᠷᠤᠨ ᠎ᠤ ᠬᠢᠯᠢ ᠠᠯᠤᠰᠯᠠᠭᠰᠠᠨ ᠡᠯᠧᠺᠲᠷᠤᠨ ᠠᠷᠠᠯᠵᠢᠶ᠎ᠠ ᠬᠤᠳᠠᠯᠳᠤᠭ᠎ᠠ ᠵᠢᠨ ᠶᠡᠷᠦᠩᠬᠡᠢ ᠬᠡᠮᠵᠢᠶᠠᠨ ᠎ᠤ 95% ᠵᠢ ᠡᠵᠡᠯᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号