ᠵᠢᠷᠢᠯᠵᠠᠨ ᠥᠩᠭᠡᠷᠡᠬᠦ᠌ᠮᠠᠰᠢᠨ ᠲᠡᠷᠭᠡᠨᠤᠬᠦᠳ ᠵᠠᠮ ᠬᠠᠷᠢᠯᠴᠠᠭᠠᠨ ᠤ ᠬᠦᠭᠵᠢᠯᠳᠡ ᠳᠡᠪᠰᠢᠯᠳᠠ
ᠵᠢ ᠭᠠᠢᠬᠠᠭᠤᠯᠵᠤ ᠪᠠᠢᠭ᠎ᠠ ᠭᠡᠮᠡᠷ ᠬᠤᠷᠳᠤ ᠰᠢᠯᠭᠠᠨ ᠳᠡᠪᠬᠢᠯᠳᠤᠨᠠ᠃ 《ᠭᠡᠷ ᠦᠨ ᠡᠭᠦᠳᠡᠨ ᠳ᠋ᠤ ᠬᠦᠷᠲᠡᠯ᠎ᠡ ᠵᠠᠰᠠᠮᠠᠯ ᠵᠠᠮ ᠲᠡᠪᠢᠰᠦᠭᠳᠡᠭᠰᠡᠨ
ᠡᠴᠡ ᠠᠮᠢᠳᠤᠷᠠᠯ ᠶᠠᠪᠤᠬᠤ ᠲᠤᠳᠤᠮ ᠰᠠᠢᠵᠢᠷᠠᠵᠤ᠂ ᠦᠬᠡᠷ ᠬᠤᠨᠢ ᠪᠠᠨ ᠬᠤᠳᠠᠯᠳᠤᠭ᠍ᠤ ᠳ᠋ᠤ ᠴᠦ᠍ ᠴᠠᠭ ᠬᠦᠴᠦ᠍
ᠵᠢ ᠶᠡᠬᠡ ᠪᠡᠷ ᠠᠷᠪᠢᠯᠠᠬᠤ ᠪᠤᠯᠤᠭᠰᠠᠨ ᠰᠢᠤ !》ᠭᠡᠵᠦ᠍ ᠬᠠᠩᠭᠢᠨ ᠬᠣᠱᠢᠭᠤᠨ ᠤ ᠳᠤᠭᠤᠢᠳᠠᠯ᠎ᠠ ᠪᠠᠯᠭᠠᠰᠤ ᠵᠢᠨ ᠱᠢᠷᠠ ᠵᠣᠣ ᠭᠠᠴᠠᠭᠠᠨ ᠤ
ᠮᠠᠯᠴᠢᠨ ᠮᠥᠩᠬᠡᠪᠠᠶᠠᠷ ᠰᠡᠳᠬᠢᠯ ᠬᠠᠨᠤᠮᠵᠢᠲᠠᠢ ᠶᠠᠷᠢᠨ᠎ᠠ᠃ ᠲᠡᠷᠡ ᠦᠬᠡᠷ ᠬᠤᠨᠢ ᠪᠠᠨ ᠬᠤᠳᠠᠯᠳᠤᠬᠤ ᠬᠡᠪᠡᠯ
ᠵᠢᠷᠬᠢᠶ᠎ᠡ ᠶ᠋ᠢᠨ ᠨᠠᠢᠵᠠᠶ᠋ᠢᠨ ᠲᠣᠭᠣᠷᠢᠭ ᠲᠠᠭᠠᠨ ᠵᠠᠷ
ᠲᠠᠯᠪᠢᠭᠰᠠᠭᠠᠷ ᠮᠠᠯ ᠤᠨ ᠮᠠᠢᠮᠠᠢᠴᠢᠳ ᠮᠠᠰᠢᠨ ᠲᠡᠷᠭᠡ ᠪᠡᠷ ᠵᠢᠡᠨ ᠲᠠᠪᠬᠢᠭᠤᠯᠵᠤ ᠢᠷᠡᠭᠡᠳ ᠠᠪᠤᠭᠠᠳ ᠶᠠᠪᠤᠴᠢᠬᠠᠳᠠᠭ
ᠪᠤᠯᠵᠠᠢ᠃
ᠰᠠᠭᠤᠷᠢ ᠲᠦᠬᠦᠬᠡᠷᠦᠮᠵᠢ ᠵᠢᠨ ᠪᠦᠳᠦᠬᠡᠨ ᠪᠠᠢᠭᠤᠯᠤᠯᠳᠠ ᠪᠤᠯ ᠬᠦᠭᠵᠢᠯᠳᠡ ᠵᠢᠨ ᠪᠠᠳᠤᠯᠠᠭ᠎ᠠ᠂ ᠤᠳᠤᠬᠢᠴᠢᠯᠠᠯᠳᠠ ᠵᠢᠨ ᠤᠷᠢᠳᠠᠯ ᠪᠤᠯᠬᠤ ᠶᠤᠮ᠃ ᠲᠠᠬᠡᠬᠦ ᠳ᠋ᠤ ᠨᠤᠳᠤᠭ ᠤᠰᠤᠨᠤ ᠬᠡᠪᠴᠢᠶ᠎ᠡ᠂ ᠭᠠᠵᠠᠷ ᠵᠦᠢ
ᠵᠢᠨ ᠪᠠᠢᠷᠢᠰᠢᠯ ᠵᠡᠷᠬᠡ ᠤᠯᠠᠨ ᠲᠠᠯ᠎ᠠ ᠵᠢᠨ ᠰᠢᠯᠳᠠᠭᠠᠨ ᠡᠴᠡ ᠪᠤᠯᠵᠤ᠂ ᠵᠠᠮ ᠬᠠᠷᠢᠯᠴᠠᠭ᠎ᠠ ᠪᠡᠷ ᠲᠦᠯᠦᠬᠡᠯᠡᠬᠦᠯᠦᠭᠰᠡᠨ
ᠰᠠᠭᠤᠷᠢ ᠲᠦᠬᠦᠬᠡᠷᠦᠮᠵᠢ ᠨᠢ ᠮᠠᠨ ᠤ ᠤᠷᠤᠨ ᠤ ᠬᠠᠮᠤᠭ ᠤᠨ ᠶᠡᠬᠡ ᠲᠤᠳᠠᠭᠤᠳᠠᠯ ᠪᠤᠯᠵᠤ ᠪᠠᠢᠵᠠᠢ᠃ ᠦᠪᠡᠷᠳᠡᠭᠡᠨ
ᠵᠠᠰᠠᠬᠤ ᠤᠷᠤᠨᠤ ᠠᠷᠪᠠᠳᠤᠭᠠᠷ ᠤᠳᠠᠭ᠎ᠠ ᠵᠢᠨ ᠨᠠᠮ ᠤᠨ ᠲᠦᠯᠤᠭᠡᠯᠡᠭᠴᠢᠳᠤᠨ ᠶᠡᠭᠡ ᠬᠤᠷᠠᠯ ᠡᠴᠡ ᠨᠠᠭᠠᠰᠢ᠂ ᠤᠷᠤᠨ ᠲᠠᠶᠠᠭᠠᠷ ᠵᠢᠡᠨ ᠰᠢᠨ᠎ᠡ ᠬᠦᠭᠵᠢᠯᠳᠡ ᠵᠢᠨ ᠤᠢᠯᠠᠭᠠᠬᠳᠠᠬᠤᠨ ᠢ ᠪᠠᠳᠤ ᠴᠤᠭᠴᠠᠯᠠᠨ ᠦᠢᠯᠡᠳᠦᠯᠬᠡᠵᠢᠬᠦᠯᠵᠤ᠂ ᠰᠠᠭᠤᠷᠢ ᠲᠦᠬᠦᠬᠡᠷᠦᠮᠵᠢ ᠵᠢᠨ ᠪᠦᠳᠦᠬᠡᠨ ᠪᠠᠢᠭᠤᠯᠤᠯᠳᠠ ᠵᠢ ᠴᠢᠬᠤᠯᠠ ᠶᠡᠬᠡ ᠠᠷᠠᠳ ᠤᠨ ᠠᠮᠢᠳᠤᠷᠠᠯᠤᠨ
ᠢᠨᠵᠸᠨ᠋ᠸᠷᠢᠩ ᠪᠤᠯᠭᠠᠨ ᠴᠢᠩᠭ᠎ᠠ ᠬᠦᠴᠦᠳᠠᠢ ᠠᠬᠢᠭᠤᠯᠵᠤ᠂ ᠤᠳᠤ ᠦᠶ᠎ᠡ ᠵᠢᠨ ᠰᠠᠭᠤᠷᠢ ᠲᠦᠬᠦᠬᠡᠷᠦᠮᠵᠢ ᠵᠢᠨ
ᠲᠤᠤᠷᠵᠢᠯᠢ ᠠᠯᠬᠤᠮ ᠠᠯᠬᠤᠮ ᠵᠢᠡᠷ ᠲᠠᠬᠦᠯᠳᠡᠷᠵᠢᠬᠦᠯᠵᠠᠢ ᠃
《ᠮᠠᠨ ᠤ ᠬᠤᠰᠢᠭᠤ ᠨᠢᠭᠡᠨᠲᠡ〈ᠳᠥᠷᠪᠡᠨ ᠭᠤᠯᠳᠤ ᠲᠠᠪᠤᠨ ᠬᠥᠨᠳᠡᠯᠡᠨ〉ᠤ᠋ ᠡᠯᠡᠰᠦᠨ ᠴᠥᠯ ᠦᠨ ᠵᠠᠰᠠᠮᠠᠯ ᠵᠠᠮ ᠤᠨ ᠲᠤᠤᠷᠵᠢᠯ ᠢ ᠪᠦᠷᠢᠯᠳᠦᠭᠦᠯᠪᠠ》ᠭᠡᠵᠤ ᠬᠠᠩᠭᠢᠨ ᠬᠣᠱᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠵᠢᠨ
ᠲᠣᠪᠴᠢᠶᠠᠨ ᠤ ᠳᠡᠳ᠋ ᠳᠠᠷᠤᠭ᠎ᠠ ᠳ᠋ᠤᠸᠠᠨ ᠱᠢᠤᠸᠠᠢ ᠹᠸᠩ ᠲᠠᠨᠢᠯᠴᠠᠭᠤᠯᠵᠤ ᠪᠠᠢᠯ᠎ᠠ ᠃ ᠤᠳᠤ ᠬᠠᠩᠭᠢᠨ ᠬᠣᠱᠢᠭᠤᠨ
ᠤ ᠵᠠᠰᠠᠮᠠᠯ ᠵᠠᠮ ᠤᠨ ᠪᠥᠬᠥ᠌ ᠣᠷᠳᠣ 5165 ᠺᠢᠯᠣᠮᠧᠲ᠋ᠷ ᠲᠦ᠍ ᠬᠦᠷᠴᠦ ᠂ ᠡᠭᠦᠨ ᠳ᠋ᠤ ᠡᠯᠡᠰᠦ ᠵᠢ ᠳᠤᠭᠤᠯᠤᠭ᠍ᠰᠠᠨ
ᠵᠠᠰᠠᠮᠠᠯ ᠵᠠᠮᠤᠨ ᠣᠷᠳᠣ 930 ᠺᠢᠯᠣᠮᠧᠲ᠋ᠷ ᠲᠦ᠍ ᠬᠦᠷᠴᠡᠶ ᠃ 《ᠡᠯᠡᠰᠦ ᠵᠢ ᠲᠤᠭᠤᠯᠤᠭᠰᠠᠨ ᠵᠠᠰᠠᠮᠠᠯ ᠵᠠᠮ》ᠬᠡᠮᠡᠭ᠌ᠳᠡᠭ᠌ᠰᠡᠨ 215 ᠮᠤᠵᠢ ᠵᠢᠨ ᠲᠡᠰ ᠤᠨ ᠵᠠᠰᠠᠮᠠᠯ ᠵᠠᠮ ᠬᠥᠪᠴᠢ ᠵᠢᠨ ᠡᠯᠡᠰᠦᠨ ᠳ᠋ᠤ
ᠳᠤᠳᠤ ᠡᠴᠡ ᠳᠤᠳᠤ ᠵᠤᠷᠠᠢᠵᠤ ᠬᠠᠷᠠᠭᠳᠠᠨ᠎ᠠ ᠃ ᠡᠨᠡ ᠬᠦ᠌ ᠮᠤᠵᠢ ᠵᠢᠨ ᠲᠡᠰ ᠤᠨ ᠵᠠᠰᠠᠮᠠᠯ ᠵᠠᠮ ᠵᠢᠡᠷ ᠭᠤᠤᠯᠯᠠᠭᠤᠯᠤᠭᠰᠠᠨ
ᠡᠯᠡᠰᠦ ᠵᠢ ᠳᠤᠭᠤᠯᠤᠭ᠍ᠰᠠᠨ ᠵᠠᠰᠠᠮᠠᠯ ᠵᠠᠮ ᠲᠡᠷᠭᠡ ᠨᠡᠪᠲᠡᠷᠡᠭᠰᠡᠨ ᠡᠴᠡ ᠬᠦᠪᠴᠢ ᠵᠢᠨ ᠡᠯᠡᠰᠤᠨ ᠤ ᠬᠦᠨ ᠳ᠋ᠤ
ᠪᠠᠢᠷᠢᠯᠠᠭ᠎ᠠ ᠬᠠᠩᠭᠢᠨ ᠬᠣᠱᠢᠭᠤ ᠪᠡᠭᠡᠵᠢᠩ ᠡᠴᠡ ᠦᠷᠦᠮᠴᠢ᠂ ᠪᠡᠭᠡᠵᠢᠩ ᠡᠴᠡ ᠯᠾᠠᠰᠠ ᠬᠦᠷᠬᠦ ᠲᠦᠷᠭᠡᠨ ᠦ ᠵᠠᠮ ᠲᠠᠶ ᠬᠣᠯᠪᠣᠯᠳᠤᠨ ᠨᠡᠪᠲᠡᠷᠡᠵᠤ᠂ ᠬᠥᠭ᠌ᠵᠢᠯᠲᠡ ᠵᠢᠨ ᠰᠠᠷᠠᠭᠤᠯ
ᠠᠶᠠᠨ ᠵᠢᠡᠨ ᠡᠯᠭᠦᠪᠡ ᠃
ᠬᠠᠩᠬᠢᠨ ᠬᠤᠰᠢᠭᠤᠨ ᠤ ᠵᠠᠰᠠᠮᠠᠯ ᠵᠠᠮ ᠤᠨ ᠪᠦᠳᠦᠬᠡᠨ ᠪᠠᠢᠭᠤᠯᠤᠯᠳᠠ ᠪᠤᠯ ᠮᠠᠨ ᠤ ᠤᠷᠤᠨ
ᠤ ᠵᠠᠮ ᠬᠠᠷᠢᠯᠴᠠᠭᠠᠨ ᠤ ᠰᠠᠭᠤᠷᠢ ᠲᠦᠬᠦᠬᠡᠷᠦᠮᠵᠢ ᠵᠢᠨ ᠪᠦᠳᠦᠬᠡᠨ ᠪᠠᠢᠭᠤᠯᠤᠯᠳᠠ ᠵᠢᠨ ᠲᠤᠳᠤᠷᠠᠬᠢ ᠨᠢᠬᠡᠨ
ᠬᠢᠯᠡᠰ ᠴᠡᠭ ᠪᠤᠯᠬᠤ ᠶᠤᠮ ᠃《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠤ ᠪᠦᠬᠦ᠌ ᠣᠷᠣᠨᠤ 12 ᠠᠢᠮᠠᠭ ᠬᠣᠲᠠ ᠳ᠋ᠦ ᠴᠥᠮ ᠲᠦᠷᠭᠡᠨ ᠤ᠋ ᠵᠠᠮ
ᠨᠡᠪᠲᠡᠷᠡᠨ ᠂ ᠪᠦᠬᠦ᠌ ᠣᠷᠣᠨ ᠤ 103 ᠬᠣᠱᠢᠭᠤ ᠱᠢᠶᠠᠨ(ᠬᠣᠲᠠ᠂ ᠲᠣᠭᠣᠷᠢᠭ)ᠪᠦᠬᠦᠨ ᠳ᠋ᠤ ᠨᠢᠭᠡᠳᠦᠭᠡᠷ ᠳᠡᠰ ᠡᠴᠡ ᠳᠡᠭᠡᠭ᠌ᠰᠢᠬᠢ ᠵᠠᠰᠠᠮᠠᠯ ᠵᠠᠮ
ᠨᠡᠪᠲᠡᠷᠡᠵᠦ᠍ ᠂ ᠦᠪᠡᠷᠳᠡᠬᠡᠨ ᠵᠠᠰᠠᠬᠤ ᠣᠷᠣᠨ ᠡᠴᠡ ᠭᠠᠳᠠᠭᠰᠢ ᠭᠠᠷᠬᠤ 21 ᠵᠤᠷᠪᠤᠰ ᠲᠦᠷᠭᠡᠨᠤ ᠵᠠᠮ ᠪᠤᠯᠤᠨ 23 ᠵᠤᠷᠪᠤᠰ ᠨᠢᠭᠡᠳᠦᠭᠡᠷ ᠳᠡᠰ ᠡᠴᠡ ᠲᠠᠬᠡᠭᠰᠢᠬᠢ
ᠵᠠᠰᠠᠮᠠᠯ ᠵᠠᠮ ᠪᠦᠬᠦᠨ ᠵᠢᠡᠷ ᠵᠢᠡᠨ ᠲᠡᠷᠬᠡ ᠨᠡᠪᠳᠡᠷᠡᠪᠡ᠃ ᠨᠢᠳᠤᠨᠤᠨ ᠤ ᠵᠢᠯ ᠤᠨ ᠰᠡᠬᠦᠯᠴᠢ ᠪᠣᠯᠬᠤ ᠳ᠋ᠤ
ᠪᠥᠬᠥ᠌ ᠣᠷᠣᠨ ᠤ ᠲᠡᠷᠬᠡ ᠨᠡᠪᠳᠡᠷᠡᠭᠰᠡᠨ ᠵᠠᠰᠠᠮᠠᠯ ᠵᠠᠮ ᠤᠨ ᠶᠡᠷᠦᠩᠬᠡᠶ ᠣᠷᠳᠣ 21 ᠲᠦᠮᠡᠨ ᠺᠢᠯᠣᠮᠧᠲ᠋ᠷ
ᠲᠦ᠍ ᠬᠦᠷᠴᠦ᠍᠂ 2015 ᠣᠨ ᠤ ᠰᠡᠭᠦᠯᠴᠢ ᠡᠴᠡ 3.5 ᠲᠦᠮᠡᠨ ᠺᠢᠯᠣᠮᠧᠲ᠋ᠷ ᠨᠡᠮᠡᠭ᠌ᠳᠡᠨ᠂ ᠵᠠᠰᠠᠮᠠᠯ ᠵᠠᠮ ᠤᠨ
ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠵᠢᠨ ᠲᠤᠤᠷᠵᠢᠯᠳᠡ ᠲᠦᠷᠬᠡᠳᠦᠭᠰᠡᠨ ᠪᠦᠭᠡᠳ ᠲᠦᠷᠭᠡᠨ ᠦ ᠵᠠᠮ ᠤᠨ ᠲᠣᠣᠷᠵᠢᠯ ᠴᠦ᠍ ᠲᠠᠰᠤᠷᠠᠯᠲᠠ ᠦᠭᠡᠢ ᠲᠡᠭᠦᠯᠳᠡᠷᠵᠢᠵᠦ᠍᠂ ᠲᠡᠷᠭᠡ ᠨᠡᠪᠲᠡᠷᠡᠭ᠌ᠰᠡᠨ ᠲᠦᠷᠭᠡᠨ ᠦ ᠵᠠᠰᠠᠮᠠᠯ ᠵᠠᠮ ᠤᠨ ᠶᠡᠷᠦᠩᠬᠡᠢ ᠤᠷᠳᠤ 6985 ᠺᠢᠯᠣᠮᠧᠲ᠋ᠷ ᠲᠦ᠍
ᠬᠦᠷᠴᠠᠢ ᠃ ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠢᠭᠤᠯᠤᠯᠲᠠ
ᠱᠢᠨ᠎ᠡ ᠱᠢᠪᠲᠤᠯᠤᠯᠲᠠ ᠲᠠᠶ ᠪᠣᠯᠵᠤ ᠂ ᠨᠢᠳᠤᠨᠤᠨ ᠤ ᠵᠢᠯ ᠤᠨ ᠰᠡᠬᠦᠯᠴᠢ ᠪᠣᠯᠬᠤ ᠳ᠋ᠤ ᠪᠦᠬᠦ᠌ ᠣᠷᠣᠨ ᠤ
ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠶᠡᠷᠦᠩᠬᠡᠶ ᠤᠷᠲᠤ 16.9 ᠲᠦᠮᠡᠨ ᠺᠢᠯᠣᠮᠧᠲᠷ ᠲᠦ᠍
ᠬᠦᠷᠴᠦ᠍ ᠂ ᠡᠭᠦᠨ ᠳ᠋ᠤ ᠰᠢᠶᠠᠨ ᠤ ᠲᠡᠰ ᠤᠨ ᠵᠠᠰᠠᠮᠠᠯ ᠵᠠᠮ 4 ᠲᠦᠮᠡᠨ ᠺᠢᠯᠣᠮᠧᠲᠷ᠂ ᠰᠤᠮᠤ ᠱᠢᠶᠠᠩ ᠪᠠᠯᠭᠠᠰᠤ
ᠵᠢᠨ ᠵᠠᠰᠠᠮᠠᠯ ᠵᠠᠮ 4 ᠲᠦᠮᠡᠨ ᠺᠢᠯᠣᠮᠧᠲᠷ᠂ ᠭᠠᠴᠠᠭ᠎ᠠ ᠲᠣᠰᠭᠣᠨ ᠤ ᠵᠠᠰᠠᠮᠠᠯ ᠵᠠᠮ 8.9 ᠲᠦᠮᠡᠨ ᠺᠢᠯᠣᠮᠧᠲᠷ
ᠲᠦ᠍ ᠬᠦᠷᠴᠦ᠂ ᠪᠤᠶ ᠪᠦᠬᠦᠢ ᠰᠤᠮᠤ ᠱᠢᠶᠠᠩ ᠪᠠᠯᠭᠠᠰᠤ ᠪᠣᠯᠤᠨ ᠨᠥᠬᠥᠴᠡᠯ ᠪᠦᠷᠢᠯᠳᠦᠭ᠌ᠰᠡᠨ ᠭᠠᠴᠠᠭ᠎ᠠ ᠲᠣᠰᠭᠣᠨ
ᠳ᠋ᠤ ᠴᠥᠮ ᠬᠠᠲᠠᠭᠤᠷᠠᠭᠤᠯᠤᠭ᠍ᠰᠠᠨ ᠵᠠᠮ ᠨᠡᠪᠲᠡᠷᠡᠭᠦᠯᠵᠦ᠍ ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ
ᠲᠡᠭᠡᠭᠡᠪᠦᠷᠢ ᠵᠢᠨ ᠣᠷᠴᠢᠨ ᠨᠦᠬᠦᠴᠡᠯ ᠳ᠋ᠤ ᠲᠡᠦᠬᠡᠲᠦ ᠴᠢᠨᠠᠷᠲᠠᠶ ᠬᠤᠪᠢᠷᠠᠯᠲᠠ ᠭᠠᠷᠴᠠᠢ᠃
2017 ᠤᠨ ᠤ 8 ᠰᠠᠷ᠎ᠠ ᠵᠢᠨ 3 ᠤ᠋ ᠡᠳᠤᠷ᠂ ᠮᠠᠨ ᠤ ᠤᠷᠤᠨ ᠤ ᠠᠩᠬᠠᠳᠠᠭᠴᠢ ᠲᠦᠷᠬᠡᠨ
ᠤ ᠲᠡᠮᠤᠷ ᠵᠠᠮ ᠪᠤᠯᠬᠤ ᠬᠦᠬᠡᠬᠤᠳᠠ ᠡᠴᠡ ᠴᠢᠭᠤᠯᠤᠯᠳᠤ ᠬᠠᠭᠠᠯᠭ᠎ᠠ ᠬᠦᠷᠬᠦ ᠲᠦᠷᠬᠡᠨ ᠤ ᠲᠡᠮᠤᠷ ᠵᠠᠮ ᠤᠨ
ᠤᠯᠠᠭᠠᠨᠴᠠᠪ ᠡᠴᠡ ᠬᠦᠬᠡᠬᠤᠳᠠ ᠵᠢᠨ ᠵᠡᠬᠦᠨ ᠦᠷᠳᠡᠬᠡ ᠬᠦᠷᠬᠦ ᠬᠡᠰᠡᠭ ᠡᠵᠡᠩᠨᠡᠯᠳᠡ ᠪᠠᠨ ᠡᠬᠢᠯᠡᠬᠦᠯᠵᠠᠢ ; 2019 ᠣᠨ ᠤ 12 ᠰᠠᠷ᠎ᠠ ᠵᠢᠨ 30ᠤ᠋
ᠡᠳᠦᠷ᠂ ᠬᠦᠬᠡᠬᠤᠳᠠ ᠬᠢᠬᠡᠳ ᠴᠢᠭᠤᠯᠤᠯᠲᠤ ᠬᠠᠭᠠᠯᠭ᠎ᠠ ᠵᠢᠨ ᠬᠣᠭᠣᠷᠣᠨᠳᠣᠬᠢ ᠲᠦᠷᠭᠡᠨ ᠤ ᠲᠡᠮᠦᠷ ᠵᠠᠮ ᠪᠦᠬᠦ᠌
ᠱᠤᠭᠤᠮ ᠵᠢᠡᠷ ᠠᠱᠢᠭ᠍ᠯᠠᠯᠲᠠ ᠳ᠋ᠤ ᠤᠷᠤᠵᠤ ᠂ ᠲᠤᠰ ᠡᠳᠦᠷ ᠪᠡᠭᠡᠵᠢᠩ ᠡᠴᠡ ᠴᠢᠭᠤᠯᠤᠯᠲᠤ ᠬᠠᠭᠠᠯᠭ᠎ᠠ ᠬᠦᠷᠬᠦ
ᠲᠦᠷᠭᠡᠨ ᠦ ᠲᠡᠮᠦᠷ ᠵᠠᠮ ᠴᠦ᠍ ᠨᠡᠪᠳᠡᠷᠡᠭᠰᠡᠨ ᠪᠤᠯᠬᠤᠷ ᠬᠦᠬᠡᠬᠤᠳᠠ ᠡᠴᠡ ᠲᠦᠷᠬᠡᠨ ᠤ ᠭᠠᠯᠳᠤ ᠲᠡᠷᠬᠡᠨ ᠳ᠋ᠤ
ᠰᠠᠭᠤᠪᠠᠯ 2 ᠴᠠᠭ 10 ᠮᠢᠨᠦ᠋ᠲ ᠤᠨ ᠲᠤᠳᠤᠷ᠎ᠠ ᠨᠡᠢᠰᠯᠡᠯ ᠪᠡᠬᠡᠵᠢᠩ ᠳ᠋ᠤ ᠬᠦᠷᠴᠢᠬᠡᠳᠡᠭ ᠪᠤᠯᠵᠠᠢ ; 2020 ᠣᠨ ᠤ 7 ᠰᠠᠷ᠎ᠠ ᠵᠢᠨ 1 ᠤ᠋ ᠡᠳᠦᠷ᠂ ᠤᠯᠠᠭᠠᠨᠬᠠᠳᠠ ᠡᠴᠡ ᠮᠦᠭᠳᠡᠨ ᠬᠦᠷᠬᠦ ᠲᠦᠷᠭᠡᠨᠦ
ᠲᠡᠮᠦᠷ ᠵᠠᠮ ᠨᠡᠪᠲᠡᠷᠡᠪᠡ;
2021 ᠤᠨ ᠤ 2 ᠰᠠᠷ᠎ᠠ ᠵᠢᠨ 27 ᠤ᠋
ᠦᠳᠡ ᠵᠢᠨ ᠡᠮᠦᠨ᠎ᠡ ᠂ ᠬᠥᠬᠡᠬᠣᠲᠠ ᠡᠴᠡ ᠵᠢᠨᠠᠨ ᠬᠦᠷᠬᠦ ᠬᠥᠳᠡᠯᠭᠡᠭᠦ ᠬᠦᠴᠤᠨᠳᠤ ᠭᠠᠯᠳᠤ ᠲᠡᠷᠭᠡ ᠨᠡᠪᠲᠡᠷᠡᠪᠡ᠂ ᠡᠨᠡ ᠪᠤᠯ ᠥᠪᠥᠷ ᠮᠣᠩᠭᠣᠯᠤᠨ ᠠᠩᠬᠠᠳᠠᠭ᠍ᠴᠢ ᠮᠠᠨ ᠤ ᠤᠯᠤᠰ ᠤᠨ ᠳᠣᠷᠣᠨᠠᠲᠤ ᠣᠷᠣᠨᠳᠤ ᠬᠥᠷᠬᠥ᠌ ᠬᠥᠳᠡᠯᠭᠡᠭᠦ
ᠬᠦᠴᠤᠨᠳᠤ ᠭᠠᠯᠳᠤ ᠲᠡᠷᠭᠡ ᠪᠠᠢᠵᠤ᠂ ᠮᠠᠨ ᠤ ᠤᠷᠤᠨ ᠬᠢᠭᠡᠳ ᠲᠡᠯᠡᠶ ᠳᠠᠭᠠᠤ ᠵᠢᠨ ᠠᠵᠤ ᠠᠬᠤᠶ ᠬᠥᠭ᠌ᠵᠢᠭ᠌ᠰᠡᠨ
ᠭᠠᠵᠠᠷ ᠣᠷᠣᠨ ᠤ ᠵᠠᠮ ᠬᠠᠷᠢᠯᠴᠠᠭ᠎ᠠ ᠵᠢ ᠤᠯᠠᠮ ᠨᠢᠭ᠍ᠲᠠᠷᠠᠭᠤᠯᠤᠭᠰᠠᠨ ᠪᠠᠢᠨ᠎ᠠ ᠁
ᠮᠠᠨ ᠤ ᠤᠷᠤᠨ ᠤ ᠲᠦᠷᠬᠡᠨ ᠤ ᠲᠡᠮᠤᠷ ᠵᠠᠮ ᠤᠨ ᠪᠦᠳᠦᠬᠡᠨ ᠪᠠᠢᠭᠤᠯᠤᠯᠳᠠ ᠳ᠋ᠤ ᠰᠢᠪᠳᠤᠯᠤᠯᠳᠠ
ᠵᠢᠨ ᠴᠢᠨᠠᠷᠳᠠᠢ ᠠᠬᠢᠯᠳᠠ ᠭᠠᠷᠴᠦ ᠂ ᠬᠦᠬᠡᠬᠤᠳᠠ ᠪᠤᠯᠤᠨ ᠤᠯᠠᠭᠠᠨᠴᠠᠪ ᠡᠴᠡ ᠪᠡᠬᠡᠵᠢᠩ ᠬᠦᠷᠬᠦ ᠳ᠋ᠤ ᠲᠤᠰ ᠲᠤᠰ
10 ᠴᠠᠭ ᠪᠠ 9 ᠴᠠᠭ ᠬᠡᠷᠡᠭᠰᠡᠳᠡᠭ ᠪᠠᠢᠭᠰᠠᠨ ᠢ ᠲᠤᠰ ᠪᠦᠷᠢ 2 ᠴᠠᠭ 10 ᠮᠢᠨᠦ᠋ᠲ ᠪᠠ 1 ᠴᠠᠭ 40 ᠮᠢᠨᠦ᠋ᠲ
ᠪᠤᠯᠭᠠᠨ ᠪᠤᠭᠤᠨᠢᠰᠬᠠᠪᠠ ;
ᠬᠦᠬᠡᠬᠤᠳᠠ᠂ ᠪᠤᠭᠤᠳᠤ᠂ ᠤᠷᠳᠤᠰ ᠭᠤᠷᠪᠠᠨ ᠬᠤᠳᠠ ᠵᠢᠨ ᠬᠤᠭᠤᠷᠤᠨᠳᠤ
ᠬᠦᠳᠡᠯᠬᠡᠬᠦ ᠬᠦᠴᠦᠨᠳᠤ ᠭᠠᠯᠳᠤ ᠲᠠᠷᠬᠡ ᠨᠠᠭᠠᠰᠢ ᠴᠠᠭᠠᠰᠢ ᠵᠢᠷᠢᠯᠵᠡᠬᠦ ᠪᠤᠯᠵᠠᠢ ; ᠲᠦᠩᠯᠢᠶᠤᠤ ᠪᠤᠯᠤᠨ ᠤᠯᠠᠭᠠᠨᠬᠠᠳᠠ ᠡᠴᠡ ᠮᠦᠭᠳᠡᠨ ᠬᠦᠷᠬᠦ ᠳ᠋ᠤ ᠲᠤᠰ
ᠲᠤᠰ 5 ᠴᠠᠭ ᠪᠠ 11 ᠴᠠᠭ ᠬᠡᠷᠡᠭᠰᠡᠳᠡᠭ ᠪᠠᠢᠭᠰᠠᠨᠢ ᠲᠤᠰ ᠪᠦᠷᠢ 1 ᠴᠠᠭ 18 ᠮᠢᠨᠦ᠋ᠲ ᠪᠠ 2 ᠴᠠᠭ ᠪᠤᠯᠭᠠᠨ
ᠪᠤᠭᠤᠨᠢᠰᠬᠠᠪᠠ ᠃ ᠤᠳᠤ ᠮᠠᠨ ᠤ ᠤᠷᠤᠨ ᠤ ᠲᠡᠮᠤᠷ ᠵᠠᠮ ᠤᠨ ᠡᠵᠡᠩᠨᠡᠯᠳᠡ ᠵᠢᠨ ᠤᠷᠳᠤ 1.48 ᠺᠢᠯᠦᠮᠸᠲ᠋ᠷ
ᠢ ᠲᠠᠪᠠᠵᠤ ᠂ ᠡᠬᠦᠨ ᠳ᠋ᠤ ᠲᠦᠷᠭᠡᠨ ᠤ ᠲᠡᠮᠦᠷ ᠵᠠᠮ ᠤᠨ ᠡᠵᠡᠩᠨᠡᠯᠲᠡ ᠵᠢᠨ ᠣᠷᠳᠣ 405 ᠺᠢᠯᠣᠮᠧᠲ᠋ᠷ ᠲᠦ᠍
ᠬᠦᠷᠴᠠᠢ ᠃
《ᠠᠷᠪᠠᠨ ᠭᠤᠷᠪᠠᠳᠤᠭᠠᠷ ᠲᠠᠪᠤᠨ ᠵᠢᠯ》ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ ᠡᠴᠡ《ᠨᠡᠢᠲᠡ ᠵᠢᠨ ᠬᠡᠷᠡᠭ᠌ᠯᠡᠭᠡᠨ ᠦ ᠠᠭᠠᠷᠤᠨ ᠠᠶᠠᠯᠠᠯ ᠤᠨ ᠠᠵᠤ ᠦᠶ᠋ᠯᠡᠰᠦᠨ
ᠴᠢᠨᠠᠷ ᠰᠠᠢᠲᠠᠶ ᠬᠥᠭ᠌ᠵᠢᠯᠲᠡ ᠵᠢᠨ ᠠᠵᠢᠯᠯᠠᠭᠠᠨᠤ ᠲᠥᠰᠦᠯ》 ᠂ 《ᠨᠡᠢᠲᠡ ᠵᠢᠨ ᠬᠡᠷᠡᠭ᠌ᠯᠡᠭᠡᠨ ᠦ ᠨᠢᠰᠭᠡᠯ ᠦᠨ ᠪᠠᠭᠤᠳᠠᠯ ᠤᠨ ᠪᠥᠲᠥᠭᠡᠨ
ᠪᠠᠢᠭᠤᠯᠤᠯᠲᠠ ᠵᠢᠨ ᠭᠤᠷᠪᠠᠨ ᠵᠢᠯ ᠦᠨ ᠠᠵᠢᠯᠯᠠᠭᠠᠨ ᠤ ᠲᠥᠰᠦᠯ(2020 — 2022 ᠤᠨ)》᠂ 《ᠨᠡᠢᠳᠡ ᠵᠢᠨ ᠬᠡᠷᠡᠭ᠌ᠯᠡᠭᠡᠨᠦ ᠠᠭᠠᠷ ᠤᠨ ᠠᠶᠠᠯᠠᠯ ᠤᠨ ᠠᠵᠤ ᠦᠶ᠋ᠯᠡᠰᠦᠨ ᠬᠥᠭ᠌ᠵᠢᠬᠦᠯᠦᠯᠳᠡ ᠵᠢᠨ ᠠᠵᠢᠯᠤᠨ ᠲᠢᠩᠬᠢᠮᠦᠨ ᠬᠣᠭᠣᠷᠣᠨᠳᠣᠬᠢ
ᠬᠠᠮᠲᠤᠷᠠᠭ᠍ᠰᠠᠨ ᠬᠤᠷᠠᠯᠤᠨ ᠲᠦᠷᠢᠮ》ᠵᠡᠷᠬᠡ ᠵᠢ ᠲᠤᠭᠳᠠᠭᠠᠨ
ᠬᠡᠷᠡᠭᠵᠢᠬᠦᠯᠵᠤ᠂ ᠠᠭᠠᠷ ᠤᠨ ᠠᠶᠠᠯᠠᠯ ᠤᠨ ᠠᠵᠤ ᠦᠶ᠋ᠯᠡᠰ ᠢ ᠨᠢᠭᠡᠳᠦᠯᠲᠡᠶ ᠲᠥᠯᠥᠪᠵᠢᠭᠦᠯᠦᠨ ᠪᠦᠬᠦ ᠬᠦᠴᠦᠨ
ᠵᠢᠡᠷ ᠬᠦᠭᠵᠢᠬᠦᠯᠵᠠᠢ᠃ ᠤᠳᠤ ᠮᠠᠨ ᠤ ᠤᠷᠤᠨ ᠳ᠋ᠤ ᠠᠷᠠᠳᠤᠨ ᠬᠡᠷᠡᠭ᠌ᠯᠡᠭᠡᠨ ᠦ 40 ᠨᠢᠰᠭᠡᠯᠦᠨ ᠪᠠᠭᠤᠳᠠᠯ
ᠲᠠᠢ ᠪᠤᠯᠤᠭᠠᠳ 12 ᠠᠢᠮᠠᠭ ᠬᠣᠲᠠ ᠵᠢ ᠪᠦᠬᠦᠨ ᠢ ᠬᠠᠮᠤᠷᠴᠦ᠂ A1 ᠲᠠᠰᠤᠨ ᠨᠡᠢᠳᠡᠮᠤᠨ ᠬᠡᠷᠡᠭ᠌ᠯᠡᠭᠡᠨᠦ ᠨᠢᠰᠭᠡᠯᠦᠨ ᠪᠠᠭᠤᠳᠠᠯᠤᠨ ᠪᠥᠲᠥᠭᠡᠨ ᠪᠠᠢᠭᠤᠯᠤᠯᠲᠠ ᠪᠤᠯᠤᠨ ᠨᠡᠢᠳᠡᠮ ᠤᠨ ᠬᠡᠷᠡᠭ᠌ᠯᠡᠭᠡᠨ ᠦ ᠠᠭᠠᠷ ᠤᠨ ᠠᠶᠠᠯᠠᠯ ᠤᠨ ᠣᠢᠷ᠎ᠠ
ᠵᠠᠮᠤᠨ ᠲᠡᠭᠡᠭᠡᠪᠦᠷᠢ ᠴᠦᠮ ᠪᠥᠬᠥ᠌ ᠤᠯᠤᠰ ᠤᠨ ᠡᠮᠦᠨ᠎ᠡ ᠡᠩᠨᠡᠭᠡᠨ ᠳ᠋ᠤ ᠤᠷᠤᠪᠠ ᠃
ᠵᠠᠮ ᠬᠠᠷᠢᠯᠴᠠᠭ᠎ᠠ ᠵᠢᠨ ᠪᠦᠳᠦᠬᠡᠨ ᠪᠠᠢᠭᠤᠯᠤᠯᠳᠠ ᠲᠠᠢ ᠵᠤᠤᠵᠠᠢ ᠬᠤᠯᠪᠤᠨ ᠪᠤᠰᠤᠳ ᠴᠢᠬᠤᠯᠠ
ᠶᠡᠬᠡ ᠰᠠᠭᠤᠷᠢ ᠲᠦᠬᠦᠬᠡᠷᠦᠮᠵᠢ ᠵᠢᠨ ᠪᠦᠳᠦᠬᠡᠨ ᠪᠠᠢᠭᠤᠯᠤᠯᠳᠠ ᠴᠦ᠍ ᠲᠤᠮᠤ ᠠᠯᠬᠤᠮ ᠵᠢᠡᠷ ᠤᠷᠤᠭᠰᠢ ᠠᠬᠢᠵᠤ
ᠪᠤᠢ ᠃ ᠬᠠᠲᠤᠨ ᠭᠤᠤᠯ ᠤᠨ ᠥᠪᠥᠷ ᠮᠣᠩᠭᠣᠯᠳᠠᠬᠢ ᠬᠡᠰᠡᠭ ᠦᠨ ᠦᠶᠡᠷ ᠢ ᠰᠡᠷᠭᠡᠢᠯᠡᠬᠦ᠌ ᠬᠣᠶᠠᠳᠤᠭᠠᠷ ᠬᠤᠭᠤᠴᠠᠭᠠᠨ
ᠤ ᠪᠠᠷᠢᠯᠭ᠎ᠠ ᠂ ᠴᠣᠣᠯ ᠭᠤᠤᠯ ᠤᠨ ᠤᠰᠤ ᠵᠢ ᠯᠢᠶᠣᠤ ᠾᠧ ᠭᠤᠤᠯᠳᠤ ᠲᠠᠲᠠᠬᠤ ᠂ ᠳ᠋ᠦᠩᠲᠡᠶ ᠽᠢ ᠤᠰᠤᠨ ᠴᠥᠭᠥᠷᠥᠮ
ᠵᠡᠷᠭᠡ ᠴᠢᠬᠤᠯᠠ ᠶᠡᠬᠡ ᠤᠰᠤᠨ ᠠᠱᠢᠭ᠍ᠯᠠᠯᠲᠠ ᠵᠢᠨ ᠪᠠᠷᠢᠯᠭ᠎ᠠ ᠵᠢᠨ ᠪᠥᠲᠥᠭᠡᠨ ᠪᠠᠢᠭᠤᠯᠤᠯᠲᠠ ᠶᠠᠭ ᠡᠷᠴᠢᠮᠲᠠᠢ
ᠶᠠᠪᠤᠭ᠍ᠳᠠᠵᠤ ᠪᠠᠢᠨ᠎ᠠ ; ᠪᠦᠬᠦ ᠤᠷᠤᠨ ᠤ 5G ᠢ᠋ᠢᠨ ᠰᠠᠭᠤᠷᠢ ᠦᠷᠳᠡᠭᠡ 1.8 ᠲᠦᠮᠡ ᠵᠢ ᠲᠠᠪᠠᠨ ᠭᠡᠷᠡᠯᠯᠢᠭ ᠤᠳᠠᠰᠤᠨ
ᠤ ᠤᠷᠳᠤ ᠵᠢᠨ ᠬᠡᠮᠵᠢᠶ᠎ᠠ 175.4 ᠲᠦᠮᠡᠨ ᠺᠢᠯᠤᠮᠧᠲᠷ ᠲᠦ᠍ ᠬᠦᠷᠴᠤ᠂ ᠰᠦᠯᠵᠢᠶᠠᠨ ᠤ ᠰᠠᠭᠤᠷᠢ ᠲᠦᠬᠦᠭᠡᠷᠦᠮᠵᠢ ᠵᠢᠨ ᠪᠦᠲᠦᠭᠡᠨ ᠪᠠᠢᠭᠤᠯᠤᠯᠳᠠ
ᠦᠷᠭᠦᠯᠵᠢᠯᠡᠨ ᠲᠡᠭᠦᠯᠳᠡᠷᠵᠢᠭᠰᠡᠬᠡᠷ; 5 ᠵᠤᠷᠪᠤᠰ ᠣᠨᠴᠠ ᠥᠨᠳᠥᠷ
ᠬᠦᠴᠦᠳᠡᠯᠲᠦ ᠴᠠᠬᠢᠯᠭᠠᠨ ᠬᠦᠷᠭᠡᠬᠦ᠌ ᠱᠤᠭᠤᠮᠢ ᠪᠠᠢᠭᠤᠯᠤᠨ ᠳᠠᠭᠤᠰᠭᠠᠵᠤ ᠂ ᠥᠪᠥᠷ ᠮᠣᠩᠭᠣᠯ ᠤᠨ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠪᠤᠯᠤᠨ ᠭᠠᠳᠠᠭ᠍ᠰᠢ ᠬᠦᠷᠬᠡᠬᠦ
ᠴᠠᠬᠢᠯᠭᠠᠨ ᠤ ᠬᠡᠮᠵᠢᠶ᠎ᠡ ᠴᠦᠮ ᠪᠦᠬᠦ᠌ ᠤᠯᠤᠰᠤᠨ ᠲᠡᠷᠢᠭᠦᠨᠳᠦ ᠣᠷᠣᠪᠠ ; ᠬᠡᠱᠢᠭ᠌ᠲᠡᠨᠡᠴᠡ ᠪᠡᠭᠡᠵᠢᠩ ᠬᠦᠷᠬᠦ᠌ ᠰᠢᠳᠠᠮᠠᠬᠠᠢ ᠬᠡᠢᠶ᠋ᠢᠨ ᠬᠣᠭᠣᠯᠠᠢ
ᠠᠱᠢᠭ᠍ᠯᠠᠯᠲᠠ ᠳ᠋ᠤ ᠣᠷᠣᠵᠤ ᠂ ᠦᠪᠤᠷ ᠮᠤᠩᠭᠤᠯ ᠤᠨ ᠵᠡᠬᠦᠨ ᠪᠠᠶ᠎ᠡ ᠵᠢᠨ ᠰᠢᠳᠠᠮᠠᠬᠠᠢ ᠬᠡᠢ ᠵᠢ ᠰᠢᠭᠤᠳ ᠨᠠᠢᠰᠯᠡᠯ
ᠪᠡᠬᠡᠵᠢᠩ ᠳ᠋ᠤ ᠬᠦᠷᠬᠡᠬᠦ ᠪᠤᠯᠵᠠᠢ ᠁᠃ ᠤᠳᠤ ᠮᠠᠨ ᠤ ᠤᠷᠤᠨ ᠳ᠋ᠤ ᠰᠠᠭᠠᠳ ᠥᠬᠡᠶ ᠨᠡᠪᠲᠡᠷᠡᠭᠰᠡᠨ᠂ ᠳᠥᠭᠥᠮ
ᠳᠥᠲᠡ ᠂ ᠲᠦᠷᠭᠡᠨ ᠬᠤᠷᠳᠤᠴᠠ ᠲᠠᠢ ᠪᠤᠰᠤᠭ᠎ᠠ ᠴᠤᠭᠴᠠᠳᠤ ᠶᠡᠷᠦᠩᠬᠡᠢᠯᠡᠭ᠌ᠰᠡᠨ ᠵᠠᠮ ᠬᠠᠷᠢᠯᠴᠠᠭᠠᠨ ᠤ ᠲᠤᠤᠷ
ᠠᠩᠬ᠎ᠠ ᠠᠯᠬᠤᠮ ᠪᠦᠷᠢᠯᠳᠦᠭᠰᠡᠨ ᠵᠢᠡᠷ ᠪᠠᠷᠠᠬᠤ ᠦᠬᠡᠢ ᠤᠰᠤ ᠴᠠᠬᠢᠯᠭᠠᠨ ᠂ ᠪᠤᠳᠠᠰ ᠤᠨ ᠬᠦᠢᠯᠬᠡᠬᠡ᠂ ᠮᠡᠳᠡᠬᠡ
ᠵᠠᠩᠬᠢ ᠴᠢᠮᠡᠬᠡ ᠬᠤᠯᠪᠤᠭ᠎ᠠ ᠵᠡᠷᠬᠡ ᠰᠠᠭᠤᠷᠢ ᠲᠦᠬᠦᠬᠡᠷᠦᠮᠵᠢ ᠵᠢᠨ ᠲᠤᠤᠷ ᠴᠦ᠍ ᠡᠳᠤᠷ ᠢᠷᠡᠬᠦᠶ᠎ᠡ ᠲᠠᠬᠦᠯᠳᠡᠷᠵᠢᠵᠤ᠂ ᠠᠵᠤ ᠠᠬᠤᠶ ᠨᠡᠢᠭᠡᠮ ᠦᠨ ᠴᠢᠨᠠᠷ ᠰᠠᠢᠲᠠᠶ ᠬᠥᠭ᠌ᠵᠢᠯᠲᠡ ᠳ᠋ᠤ ᠪᠠᠲᠤ ᠰᠠᠭᠤᠷᠢ ᠵᠢ ᠲᠠᠯᠪᠢᠭᠰᠠᠨ ᠪᠠᠢᠨ᠎ᠠ
᠃