ᠠᠵᠤ ᠠᠬᠤᠶ᠎ᠶ᠋ᠢᠨ ᠬᠢᠯᠠᠯᠵᠠᠬᠰᠠᠨ ᠦᠷ᠎ᠡ ᠪᠦᠳᠦᠮᠵᠢ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ
2021-11-22 09:58:39
ᠵᠣᠬᠢᠶᠠᠭ᠍ᠴᠢ᠄
​ ᠯᠢ ᠵᠦᠸᠸ
ᠣᠩᠱᠢᠭ᠍ᠰᠠᠨ ᠣᠳᠠᠭ᠎ᠠ᠄
★★★☆☆

ᠴᠠᠭ ᠮᠦᠴᠡ ᠤᠨ᠎ᠤ ᠬᠦᠷᠳᠦ᠍᠎ᠶ᠋ᠢ ᠲᠠᠮᠠᠭᠠᠯᠠᠵᠤ᠂ ᠤᠨ ᠵᠢᠯ ᠴᠠᠭ ᠦᠶ᠎ᠡ᠎ᠶ᠋ᠢᠨ ᠢᠷᠠᠭᠤ ᠬᠠᠭᠤᠳᠠᠰᠤ᠎ᠶ᠋ᠢ ᠪᠢᠴᠢᠭ᠌ᠯᠡᠨᠠᠮ᠃

ᠥᠩᠭᠡᠷᠡᠭ᠌ᠰᠡᠨ ᠲᠠᠪᠤᠨ ᠵᠢᠯ ᠎ᠦᠨ ᠡᠷᠡᠯᠬᠡᠭ᠌ᠯᠡᠨ ᠤᠷᠤᠭ᠍ᠰᠢᠯᠠᠭ᠍ᠰᠠᠨ ᠵᠠᠮ᠎ᠢ ᠡᠷᠭᠢᠴᠡᠭᠦᠯᠬᠦᠶ᠎ᠡ᠂ ᠥᠪᠥᠷ ᠮᠣᠩᠭᠣᠯ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠨᠠᠷᠢᠨ ᠬᠢᠨᠠᠮᠠᠭᠠᠶ᠎ᠲᠤᠭᠤᠱᠢᠯᠠᠭᠤᠯᠵᠤ᠂᠎ᠬᠥᠭ᠌ᠵᠢᠯᠲᠡ᠎ᠶ᠋ᠢᠨ᠎ᠠᠷᠭ᠎ᠠ᠎ᠬᠡᠯᠪᠡᠷᠢ᠎ᠪᠡᠨ ᠬᠦᠴᠦᠯᠡᠨ ᠬᠤᠪᠢᠷᠠᠭᠤᠯᠵᠤ᠂ ᠠᠮᠢ᠎ᠠᠬᠤᠶ᠎ᠶ᠋ᠢ᠎ᠤᠷᠢᠳ᠎ᠢᠶᠠᠷ ᠪᠣᠳᠣᠯᠬᠢᠯᠠᠬᠤ᠂᠎ᠪᠣᠬᠢᠷᠲᠤᠯ ᠥᠬᠡᠶ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢ ᠢᠳᠡᠪᠬᠢᠲᠡᠶ ᠰᠦᠪᠡᠭ᠌ᠴᠢᠯᠡᠵᠠᠢ᠃

《ᠠᠷᠪᠠᠨ᠎ᠭᠤᠷᠪᠠᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠰᠠᠭᠤᠷᠢ ᠨᠡᠩ ᠪᠡᠬᠢᠵᠢᠪᠡ᠃ ᠭᠠᠵᠠᠷ ᠣᠷᠣᠨ᠎ᠤ ᠦᠢᠯᠡᠳᠪᠦᠷᠢᠯᠡᠯ᠎ᠦᠨ᠎ᠶᠡᠷᠦᠩᠬᠡᠢ᠎ᠥᠷᠳᠡᠭ᠎ᠵᠢᠯ ᠪᠦᠷᠢ ᠳᠤᠮᠳᠠᠴᠢ᠎ᠪᠠᠷ 4.3%᠎ᠪᠡᠷ ᠨᠡᠮᠡᠭ᠌ᠳᠡᠵᠦ᠍᠂ ᠬᠥᠮᠦᠨ ᠪᠦᠷᠢ᠎ᠶ᠋ᠢᠨ ᠳᠤᠮᠳᠠᠴᠢ ᠣᠷᠣᠨ᠎ᠨᠤᠳᠤᠭ᠎ᠤᠨ᠎ᠦᠢᠯᠡᠳᠪᠦᠷᠢᠯᠡᠯ᠎ᠦᠨ ᠶᠡᠷᠦᠩᠬᠡᠢ ᠥᠷᠳᠡᠭ 1 ᠲᠦᠮᠡᠨ ᠳ᠋ᠣᠯᠯᠠᠷ᠎ᠢ ᠳᠠᠪᠠᠵᠤ᠂ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠣᠲᠠ ᠪᠠᠯᠭᠠᠰᠤᠵᠢᠯᠲᠠ᠎ᠶ᠋ᠢᠨ ᠨᠣᠷᠮ᠎ᠠ 64.1%᠎ᠳ᠋ᠤ ᠬᠥᠷᠪᠡ᠃ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠤ᠋ ᠶᠠᠰᠤ ᠴᠢᠨᠠᠷ ᠳᠡᠭᠡᠭᠰᠢᠯᠡᠵᠤ᠂ ᠨᠡᠭᠦᠷᠡᠰᠦᠨ᠎ᠦ ᠦᠶ᠋ᠯᠡᠳᠪᠦᠷᠢᠯᠡᠬᠦ᠌ ᠴᠢᠳᠠᠪᠤᠷᠢ᠂ ᠭᠠᠳᠠᠭ᠍ᠰᠢ ᠲᠡᠭᠡᠭᠡᠪᠦᠷᠢᠯᠡᠬᠦ᠌ ᠬᠡᠮᠵᠢᠶ᠎ᠡ᠂ ᠴᠠᠬᠢᠯᠭᠠᠨ ᠭᠠᠷᠭᠠᠬᠤ ᠬᠡᠮᠵᠢᠶ᠎ᠡ ᠪᠠ ᠭᠠᠳᠠᠭ᠍ᠰᠢ ᠬᠦᠷᠭᠡᠬᠦ᠌ ᠴᠠᠬᠢᠯᠭᠠᠨ᠎ᠤ ᠬᠡᠮᠵᠢᠶ᠎ᠡ ᠴᠥᠮ ᠪᠥᠬᠥ᠌ ᠤᠯᠤᠰ᠎ᠤᠨ ᠲᠦᠷᠦᠭᠦᠨ᠎ᠳᠦ ᠣᠷᠣᠵᠤ᠂ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠡᠵᠡᠯᠡᠬᠦ᠌ ᠬᠠᠷᠢᠴᠠᠯ 36.1% ᠎ᠳ᠋ᠤ ᠬᠦᠷᠴᠦ᠍᠂ ᠬᠣᠪᠣᠷ ᠱᠢᠷᠣᠶ᠎ᠶ᠋ᠢᠨ ᠲᠦᠭᠦᠬᠡᠶ ᠮᠠᠲ᠋ᠧᠷᠢᠶᠠᠯ᠎ᠢ ᠲᠤᠬᠠᠶ᠎ᠶ᠋ᠢᠨ ᠭᠠᠵᠠᠷ᠎ᠲᠤᠨᠢ ᠤᠨᠳᠤᠤᠰᠢᠭᠤᠯᠬᠤ ᠨᠣᠷᠮ᠎ᠠ 75% ᠎ᠳ᠋ᠤ ᠬᠦᠷᠴᠦ᠍᠂ ᠬᠣᠪᠣᠷ ᠱᠢᠷᠣᠶ ᠎ᠶ᠋ᠢᠨ ᠴᠢᠳᠠᠮᠵᠢᠲᠤ ᠮᠠᠲ᠋ᠧᠷᠢᠶᠠᠯ ᠵᠢᠴᠢ ᠦᠵᠦᠭᠦᠷᠯᠢᠭ ᠤ᠋ᠨ ᠬᠡᠷᠡᠭ᠌ᠯᠡᠭᠡᠨ᠎ᠦ ᠦᠶ᠋ᠯᠡᠳᠬᠦᠨ᠎ᠦ ᠡᠵᠡᠯᠡᠬᠦ᠌ ᠬᠠᠷᠢᠴᠠᠯ 53.6% ᠎ᠳ᠋ᠤ ᠬᠥᠷᠪᠡ᠃ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠦᠢᠯᠡᠳᠪᠦᠷᠢᠯᠡᠯ᠎ᠦᠨ ᠰᠠᠭᠤᠷᠢᠨ ᠨᠡᠩ ᠪᠡᠬᠢᠵᠢᠵᠤ᠂ ᠠᠮᠤ ᠪᠤᠳᠠᠭ᠎ᠠ ᠪᠣᠯᠤᠨ ᠮᠠᠯ ᠠᠵᠤ ᠠᠬᠤᠶ᠎ᠶ᠋ᠢᠨ ᠦᠢᠯᠡᠳᠪᠦᠷᠢᠯᠡᠯ ᠵᠢᠯ ᠳᠠᠷᠠᠭᠠᠯᠠᠨ ᠲᠤᠭᠳᠠᠭᠤᠨ ᠵᠢᠡᠷ ᠡᠯᠪᠡᠭ ᠬᠤᠷᠢᠶᠠᠯᠳᠠ ᠤᠯᠵᠤ᠂ ᠲᠠᠷᠢᠶᠠᠯᠠᠩ ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢ ᠡᠳ᠋ᠱᠢᠭᠦᠯᠦᠨ ᠤᠨᠳᠤᠤᠰᠢᠭᠤᠯᠬᠤ ᠨᠣᠷᠮ᠎ᠠ 65% ᠳ᠋ᠤ ᠬᠦᠷᠴᠤ᠂ ᠮᠢᠩᠭᠠᠨ ᠳ᠋ᠦᠩᠱᠢᠭᠤᠷ᠎ᠤᠨ ᠲᠠᠰ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠭᠣᠣᠯᠯᠠᠬᠤ ᠠᠵᠤ ᠦᠢᠯᠡᠰ 2᠂ ᠵᠠᠭᠤᠨ ᠳ᠋ᠦᠩᠱᠢᠭᠤᠷ᠎ᠤᠨ ᠲᠠᠰ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠭᠣᠣᠯᠯᠠᠬᠤ ᠠᠵᠤ ᠦᠢᠯᠡᠰ 9 ᠪᠠᠢᠨ᠎ᠠ᠃ ᠲᠣᠭᠠᠴᠢᠯᠠᠭ᠍ᠰᠠᠨ ᠠᠵᠤ ᠠᠬᠤᠢ᠂ ᠬᠤᠷᠠᠯ ᠦᠵᠡᠰᠭᠦᠯᠡᠩ᠎ᠦᠨ ᠠᠵᠤ ᠠᠬᠤᠢ᠂  ᠬᠤᠳᠠᠯᠳᠤᠭ᠎ᠠ ᠠᠷᠠᠯᠵᠢᠶ᠎ᠠ ᠵᠢᠨ ᠪᠠᠷᠠᠭᠠᠨ᠎ᠤ ᠭᠦᠢᠯᠭᠡᠭᠡ᠂ ᠤᠳᠤ ᠦᠶ᠎ᠡ᠎ᠶ᠋ᠢᠨ ᠮᠥᠩᠭᠥᠨ ᠭᠦᠢᠯᠭᠡᠭᠡ ᠵᠡᠷᠭᠡ᠎ᠲᠦᠢᠷᠭᠡᠨ ᠬᠥᠭ᠌ᠵᠢᠪᠡ᠃

《ᠠᠷᠪᠠᠨ᠎ᠳᠥᠷᠪᠡᠳᠦᠭᠡᠷ᠎ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ ᠤ᠋ᠨ ᠬᠢᠨ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠣᠷᠣᠨ ᠪᠦᠰᠡ ᠪᠦᠷᠢ᠂ ᠬᠦᠷᠢᠶ᠎ᠡ ᠴᠠᠷᠠᠭ᠎ᠠ ᠪᠦᠷᠢ᠂ ᠠᠵᠤ ᠦᠶ᠋ᠯᠡᠰ ᠪᠦᠷᠢ᠂ ᠠᠵᠢᠯ ᠲᠥᠷᠥᠯ ᠪᠦᠷᠢ᠎ᠳᠦ ᠲᠤᠭᠤᠱᠢᠯᠠᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ ᠬᠡᠯᠪᠡᠷᠢ᠎ᠪᠡᠨ ᠬᠤᠪᠢᠷᠠᠭᠤᠯᠬᠤ᠎ᠶ᠋ᠢ ᠠᠵᠤ ᠦᠶ᠋ᠯᠡᠰ᠎ᠦᠨ ᠪᠦᠲᠦᠴᠡ᠎ᠶ᠋ᠢ ᠳᠣᠭᠢᠷᠠᠭᠤᠯᠤᠨ ᠱᠢᠯᠢᠳᠡᠭ᠌ᠵᠢᠭᠦᠯᠬᠦ᠌᠂ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠬᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠦᠭᠵᠢᠯᠳᠡ᠂ ᠡᠨᠧᠷᠭᠢ ᠠᠷᠪᠢᠯᠠᠨ ᠪᠣᠬᠢᠷᠲᠤᠯ ᠤ᠋ᠨ ᠭᠠᠳᠠᠭᠰᠢᠯᠠᠭᠤᠯᠤᠯᠳᠠ ᠵᠢ ᠪᠠᠭᠠᠰᠭᠠᠬᠤ᠂ ᠥᠭᠡᠷᠡᠴᠢᠯᠡᠯᠲᠡ ᠨᠡᠭᠡᠭᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠲᠡᠶ ᠤᠶᠠᠯᠳᠤᠭᠤᠯᠬᠤ᠎ᠶ᠋ᠢ ᠠᠬᠢᠭᠤᠯᠵᠤ᠂ ᠶᠠᠰᠤ ᠴᠢᠨᠠᠷ᠎ᠤᠨ ᠬᠤᠪᠢᠰᠤᠯᠲᠠ᠂ ᠦᠷ᠎ᠡ ᠪᠦᠲᠦᠮᠵᠢ᠎ᠶ᠋ᠢᠨ ᠬᠤᠪᠢᠰᠤᠯᠲᠠ᠂ ᠬᠥᠳᠡᠯᠭᠡᠬᠦ᠌ ᠬᠦᠴᠦᠨ᠎ᠦ ᠬᠤᠪᠢᠰᠤᠯᠲᠠ᠎ᠶ᠋ᠢ ᠲᠦᠷᠭᠡᠳᠭᠡᠵᠦ᠍᠂ ᠨᠠᠩ ᠴᠢᠨᠠᠷ ᠰᠠᠢᠲᠠᠶ᠂ ᠨᠠᠩ ᠦᠷ᠎ᠡ ᠪᠦᠲᠦᠮᠵᠢᠲᠡᠶ᠂ ᠨᠠᠩ ᠲᠥᠪ ᠭᠤᠤᠯᠴᠢ᠂ ᠨᠠᠩ ᠦᠷᠭᠦᠯᠵᠢᠯᠡᠬᠦᠢᠴᠡ᠂ ᠨᠡᠩ ᠠᠮᠤᠷ ᠲᠦᠪᠰᠢᠨ ᠬᠦᠭᠵᠢᠯᠳᠡ ᠵᠢ ᠪᠡᠶᠡᠯᠡᠭᠦᠯᠦᠨ᠎ᠠ ᠃


QQ截图20211122100105.jpg


① 《ᠲᠦᠷᠭᠡᠨ᠎ᠦ ᠲᠡᠮᠦᠷ ᠵᠠᠮ᠎ᠤᠨ ᠴᠠᠭ ᠦᠶ᠎ᠡ》 ᠎ᠳ᠋ᠤ ᠣᠷᠣᠪᠠ᠃ 

ᠢᠦᠢ ᠲᠤᠤ   ᠰᠡᠭᠦᠳᠡᠷᠯᠡᠪᠡ


QQ截图20211122100201.jpg


② ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠪᠣᠭᠣᠮᠲᠠ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠲᠠᠢ᠌ᠴᠢᠯᠠᠪᠠ᠃       

ᠬᠤᠢ᠌ᠳᠤᠠᠤᠯᠤᠰ  ᠰᠡᠭᠦᠳᠡᠷᠯᠡᠪᠡ


QQ截图20211122100226.jpg


③  ᠪᠤᠭᠤᠲᠤ᠎ᠶ᠋ᠢᠨ ᠪᠣᠯᠣᠳ ᠲᠡᠮᠦᠷ᠎ᠦᠨ ᠬᠦᠴᠦᠨ᠃    

ᠶᠠᠨ ᠴᠧᠨ ᠭᠤᠸᠠᠩ  ᠰᠡᠭᠦᠳᠡᠷᠯᠡᠪᠡ


QQ截图20211122100254.jpg


④ ᠥᠪᠥᠷ ᠮᠣᠩᠭᠣᠯ᠎ᠤᠨ ᠤᠮᠠᠷᠠᠲᠤ᠎ᠶ᠋ᠢᠨ ᠬᠦᠨᠳᠦ ᠬᠡᠯᠪᠡᠷᠢ᠎ᠶ᠋ᠢᠨ ᠮᠠᠱᠢᠨ ᠲᠡᠷᠭᠡᠨ᠎ᠦ ᠬᠤᠪᠢᠴᠠᠭᠠᠲᠤ᠎ᠬᠢᠵᠠᠭᠠᠷᠲᠤ᠎ᠺᠣᠮᠫᠠᠨᠢ᠎ᠶ᠋ᠢᠨ᠎ᠦᠶ᠋ᠯᠡᠳᠪᠦᠷᠢᠯᠡᠭ᠌ᠰᠡᠨ ᠵᠢᠯᠤᠭᠤᠴᠢ ᠥᠬᠡᠶ ᠠᠭᠤᠷᠬᠠᠶ᠎ᠶ᠋ᠢᠨ ᠲᠡᠷᠭᠡ᠃        

 ᠸᠠᠩ ᠫᠸᠩ    ᠰᠡᠭᠦᠳᠡᠷᠯᠡᠪᠡ


QQ截图20211122100332.jpg


⑤ ᠢᠯᠢ ᠺᠤᠮᠫᠠᠨᠢ ᠵᠢᠨ ᠴᠡᠯᠡᠭᠡᠷ ᠲᠠᠯ᠎ᠠ ᠰᠢᠯᠢᠳᠡᠭ ᠰᠦ᠎ᠦᠢᠯᠡᠳᠬᠦ ᠰᠠᠭᠤᠷᠢᠨ᠃ 

 ᠮᠥᠩᠬᠡᠴᠢᠯᠠᠭᠤ  ᠰᠡᠭᠦᠳᠡᠷᠯᠡᠪᠡ


QQ截图20211122100400.jpg


⑥ᠥᠪᠥᠷ ᠮᠣᠩᠭᠣᠯ᠎ᠤᠨ 5G ᠵᠢᠨ ᠠᠵᠤ ᠦᠶ᠋ᠯᠡᠰ ᠱᠢᠨ᠎ᠡ᠎ᠶ᠋ᠢ ᠡᠭᠦᠳᠦᠨ ᠬᠦᠭᠵᠢᠪᠡ᠃                      

ᠸᠠᠩ ᠯᠸᠢ  ᠰᠡᠭᠦᠳᠡᠷᠯᠡᠪᠡ


QQ截图20211122100425.jpg


⑦ ᠰᠠᠯᠬᠢᠨ ᠬᠦᠴᠦ᠍᠎ᠪᠡᠷ ᠴᠠᠬᠢᠯᠭᠠᠨ ᠭᠠᠷᠭᠠᠬᠤ ᠲᠥᠬᠥᠭᠡᠷᠦᠮᠵᠢ ᠦᠢᠯᠡᠳᠴᠦ ᠪᠠᠢᠭ᠎ᠠ ᠨᠢ᠃

 ᠶᠠᠨ ᠴᠧᠨ ᠭᠤᠸᠠᠩ ᠰᠡᠭᠦᠳᠡᠷᠯᠡᠪᠡ


QQ截图20211122100446.jpg


⑧ ᠲᠦᠷᠭᠡᠨ ᠬᠦᠷᠭᠡᠯᠲᠡ᠎ᠶ᠋ᠢᠨ ᠦᠶ᠋ᠯᠡᠰ ᠦᠳᠲᠡᠷ ᠲᠦᠷᠭᠡᠨ ᠬᠥᠭ᠌ᠵᠢᠪᠡ᠃             ᠬᠤᠢ᠌ᠳᠤᠠᠤᠯᠤᠰ ᠰᠡᠭᠦᠳᠡᠷᠯᠡᠪᠡ


QQ截图20211122100456.jpg


⑨ ᠡᠯᠪᠡᠭ ᠬᠤᠷᠢᠶᠠᠯᠲᠠ᠎ᠶ᠋ᠢᠨ ᠪᠠᠶᠠᠷ ᠪᠠᠬᠠᠳᠤᠯ᠃            

ᠯᠢ ᠹᠦ᠋   ᠰᠡᠭᠦᠳᠡᠷᠯᠡᠪᠡ


QQ截图20211122100530.jpg


⑩  ᠳ᠋ᠠ ᠯᠦ᠍ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠰᠠᠭᠤᠷᠢᠨ᠃ 

ᠦ᠋ ᠹᠸᠢ  ᠰᠡᠭᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号